ᠮᠠᠯᠴᠢᠨ ᠲᠦᠮᠡᠨ ᠢᠶᠠᠨ ᠴᠢᠨᠡᠭᠡᠯᠢᠭᠵᠢᠬᠦᠯᠬᠦ ᠪᠠᠷ ᠮᠠᠬᠠᠷᠠᠨ ᠵᠢᠳᠬᠦᠵᠦ ᠶᠠᠪᠤᠭ᠎ᠠ ᠵᠠᠯᠠᠭᠤ ᠱᠦᠵᠢ
ᠨᠡᠶᠢᠲᠡᠯᠡᠭᠰᠡᠨ ᠴᠠᠭ᠄
2018-11-16
    ᠵᠠᠯᠠᠭᠤ ᠨᠠᠰᠤᠨ ᠤ ᠴᠤᠭ ᠵᠢᠪᠬᠤᠭ᠎ᠠ ᠪᠠᠨ ᠬᠢᠯᠠᠯᠵᠠᠭᠤᠯᠵᠦ᠂ ᠮᠠᠯᠴᠢᠨ ᠲᠦᠮᠡᠨ ᠢᠶᠠᠨ ᠶᠠᠳᠠᠭᠤ ᠠᠴᠠ ᠠᠩᠭᠢᠵᠢᠷᠠᠭᠤᠯᠬᠤ ᠳᠤ ᠬᠦᠴᠦᠨ ᠨᠠᠮᠠᠷᠢᠯᠠᠵᠦ᠂ ᠠᠮᠢᠳᠤᠷᠠᠯ ᠤᠨ ᠬᠢᠷᠢ ᠲᠦᠪᠰᠢᠨ ᠢ ᠨᠢ ᠲᠡᠭᠡᠭᠰᠢᠯᠡᠬᠦᠯᠬᠦ ᠪᠠᠷ ᠠᠷᠭ᠎ᠠ ᠤᠬᠠᠭᠠᠨ ᠰᠤᠪᠢᠵᠦ᠂ ᠨᠢᠬᠡᠨ ᠦᠵᠦᠭᠦᠷᠳᠦ ᠰᠡᠳᠬᠢᠯ ᠢᠶᠠᠷ ᠵᠢᠳᠬᠦᠵᠦ ᠶᠠᠪᠤᠭ᠎ᠠ ᠬᠠᠰᠪᠠᠭᠠᠳᠤᠷ ᠪᠤᠯ ᠲᠦᠷᠪᠡᠳ ᠬᠤᠰᠢᠭᠤᠨ ᠤ ᠬᠤᠩᠭᠤᠷ ᠰᠤᠮᠤᠨ ᠤ ᠦᠪᠦᠷ ᠤᠨ ᠤᠰᠦ ᠭᠠᠴᠠᠭᠠᠨ ᠤ ᠨᠢᠬᠡᠳᠦᠭᠡᠷ ᠱᠦᠵᠢ ᠶᠤᠮ᠃     ᠬᠠᠰᠪᠠᠭᠠᠳᠦᠷ 1989 ᠤᠨ ᠳᠤ ᠲᠦᠷᠪᠡᠳ ᠬᠤᠰᠢᠭᠤᠨ ᠤ ᠬᠤᠩᠭᠤᠷ ᠰᠤᠮᠤᠨ ᠤ ᠦᠪᠦᠷ ᠤᠨ ᠤᠰᠦ ᠭᠠᠴᠠᠭᠠᠨ ᠤ ᠡᠬᠡᠯ ᠵᠢᠷ ᠤᠨ ᠮᠠᠯᠴᠢᠨ ᠠᠶᠢᠯ ᠳᠤ ᠵᠠᠶᠠᠭᠠᠭᠰᠠᠨ ᠪᠢᠯᠠ᠃ ᠲᠡᠷᠡ 2012 ᠤᠨ ᠤ 7 ᠰᠠᠷ᠎ᠠ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠤᠭᠰᠠᠭᠠᠳᠠᠨ ᠵᠦᠢ ᠶᠢᠨ ᠮᠡᠷᠬᠡᠵᠢᠯ ᠠᠴᠠ ᠲᠡᠭᠦᠰᠴᠦ᠂ 2012 ᠤᠨ ᠳᠤ ︽ᠶᠡᠭᠡ ᠰᠤᠷᠭᠠᠭᠤᠯᠢ ᠶᠢᠨ ᠤᠶᠤᠳᠠᠨ ᠰᠠᠶᠢᠨ ᠲᠤᠷ᠎ᠠ ᠠᠴᠠ ᠪᠠᠨ ᠪᠠᠷᠠᠭᠤᠨ ᠤᠷᠤᠨ ᠢ ᠬᠦᠭᠵᠢᠬᠦᠯᠬᠦ ᠲᠦᠯᠦᠪᠯᠡᠭᠡ ᠳᠤ ᠦᠢᠯᠡᠴᠢᠯᠡᠬᠦ︾ ᠠᠵᠢᠯ ᠤᠨ ᠲᠤᠬᠢᠷᠠᠭᠤᠯᠤᠯᠳᠠ ᠪᠠᠷ ᠪᠤᠭᠤᠳᠦ ᠬᠤᠳᠠ ᠶᠢᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠠᠨᠳᠤᠯ ᠪᠠᠯᠭᠠᠰᠤᠨ ᠤ ᠵᠠᠰᠠᠭ ᠤᠨ ᠤᠷᠳᠤᠨ ᠳᠤ ᠠᠵᠢᠯ ᠤᠨ ᠭᠠᠷᠤᠭ᠎ᠠ ᠪᠠᠨ ᠠᠪᠴᠠᠢ᠃ ᠬᠠᠰᠪᠠᠭᠠᠳᠦᠷ 2013 ᠤᠨ ᠳᠤ ᠲᠦᠷᠪᠡᠳ ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶᠠᠨ ᠳᠤ ᠠᠵᠢᠯᠯᠠᠵᠦ᠂ 2015 ᠤᠨ ᠳᠤ ᠬᠤᠩᠭᠤᠷ ᠰᠤᠮᠤᠨ ᠤ ᠦᠪᠦᠷ ᠤᠨ ᠤᠰᠦ ᠭᠠᠴᠠᠭᠠᠨ  ᠤ ᠨᠢᠬᠡᠳᠦᠬᠡᠷ ᠱᠦᠵᠢ ᠶᠢᠨ ᠲᠤᠰᠢᠶᠠᠯ ᠢ ᠬᠠᠷᠢᠭᠤᠴᠠᠭᠰᠠᠨ ᠪᠠᠶᠢᠨ᠎ᠠ᠃ ᠬᠠᠰᠪᠠᠭᠠᠳᠦᠷ ᠭᠠᠴᠠᠭᠠᠨ ᠤ ᠨᠢᠬᠡᠳᠦᠬᠡᠷ ᠱᠦᠵᠢ ᠶᠢᠨ ᠠᠵᠢᠯ ᠢ ᠭᠠᠷᠳᠠᠵᠦ ᠬᠢᠭᠰᠡᠨ ᠡᠳᠦᠷ ᠠᠴᠠ ᠪᠠᠨ ᠡᠨᠡᠬᠦ ᠠᠵᠢᠯ ᠤᠨ ᠬᠦᠨᠳᠦ ᠬᠠᠷᠢᠭᠤᠴᠠᠯᠭ᠎ᠠ ᠪᠠᠨ ᠲᠤᠳᠦ ᠤᠬᠠᠮᠰᠠᠷᠯᠠᠵᠦ᠂ ᠤᠨᠳᠠᠬᠤ ᠨᠤᠶᠢᠷ ᠠᠮᠠᠷᠠᠬᠤ ᠴᠠᠭ ᠢᠶᠠᠨ ᠤᠮᠠᠷᠳᠠᠨ᠂ ᠶᠠᠳᠠᠷᠠᠯ ᠵᠦᠳᠡᠷᠡᠯ ᠢᠶᠠᠨ ᠬᠠᠶᠢᠬᠤᠷᠤᠯ ᠦᠭᠡᠢ᠂ ᠮᠠᠯᠴᠢᠨ ᠲᠦᠮᠡᠨ ᠤ ᠪᠠᠨ ᠲᠤᠮᠳᠠ ᠦᠷᠬᠦᠯᠵᠢ ᠬᠦᠨᠵᠡᠭᠡᠶᠢᠷᠡᠵᠦ᠂ ᠬᠦᠴᠢᠷ ᠲᠠᠢ ᠡᠷᠦᠬᠡ ᠶᠢᠨ ᠬᠦᠴᠢᠷᠳᠠᠯ᠂ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ᠂ ᠴᠢᠳᠠᠯ ᠤᠨ ᠬᠢᠷᠢ ᠪᠠᠷ ᠰᠢᠢᠳᠪᠦᠷᠢᠯᠡᠭᠰᠡᠭᠡᠷ ᠢᠷᠡᠵᠠᠢ᠃     ᠦᠪᠦᠷ ᠤᠨ ᠤᠰᠦ ᠭᠠᠴᠠᠭ᠎ᠠ ᠬᠤᠰᠢᠭᠤᠨ ᠲᠦᠪ ᠤᠯᠠᠭᠠᠨᠬᠤᠸᠠ ᠠᠴᠠ ᠵᠢᠷᠠ ᠭᠠᠷᠤᠢ ᠺᠢᠯᠤᠮᠧᠲᠷ ᠵᠠᠢ ᠲᠠᠢ ᠪᠠᠶᠢᠷᠢᠯᠠᠵᠦ᠂ 4 ᠲᠦᠮᠡ 5000 ᠮᠤ᠋ ᠨᠤᠳᠤᠭ ᠪᠠᠯᠴᠢᠬᠡᠷ᠂ 180 ᠮᠤ᠋ ᠲᠠᠷᠢᠶᠠᠨ ᠭᠠᠵᠠᠷ ᠲᠠᠢ᠂ 143 ᠡᠷᠦᠬᠡ᠂ 376 ᠬᠦᠮᠦᠨ ᠠᠮᠠ ᠲᠠᠢ ᠪᠦᠬᠡᠳ ᠡᠬᠦᠨ ᠤ ᠲᠤᠳᠤᠷ᠎ᠠ ᠪᠠᠶᠢᠩᠭᠤ ᠰᠠᠭᠤᠷᠢᠰᠢᠵᠦ ᠪᠠᠶᠢᠭ᠎ᠠ ᠨᠢ 73 ᠡᠷᠦᠬᠡ᠂ 165 ᠬᠦᠮᠦᠨ ᠪᠠᠶᠢᠵᠦ᠂ ᠬᠠᠰᠪᠠᠭᠠᠳᠦᠷ ᠨᠢᠬᠡᠳᠦᠬᠡᠷ ᠱᠦᠵᠢ ᠶᠢᠨ ᠲᠤᠰᠢᠶᠠᠯ ᠢ ᠡᠬᠦᠷᠬᠡᠯᠡᠬᠦ ᠳᠤ 24 ᠬᠦᠴᠢᠷᠳᠠᠯ  ᠲᠠᠢ ᠡᠷᠦᠬᠡ ᠲᠠᠢ ᠪᠠᠶᠢᠵᠠᠢ᠃ ᠬᠦᠳᠡᠯᠦᠩᠭᠦᠢ ᠬᠠᠮᠢᠶᠠᠷᠤᠯᠳᠠ ᠪᠤᠯᠤᠨ ᠬᠦᠢᠴᠷᠳᠠᠯᠳᠦ ᠡᠷᠦᠬᠡ ᠶᠢᠨ ᠴᠡᠭᠴᠡᠯᠡᠯᠳᠠ ᠪᠠᠷ ᠲᠠᠮᠵᠢᠨ 19 ᠡᠷᠦᠬᠡ ᠨᠢᠬᠡᠨᠳᠠ ᠶᠠᠳᠠᠭᠤ ᠠᠴᠠ ᠠᠩᠭᠢᠵᠢᠷᠠᠵᠦ᠂ ᠤᠳᠤᠬᠠᠨ ᠳᠤ ᠲᠠᠪᠤᠨ ᠡᠷᠦᠬᠡ ᠶᠠᠳᠠᠭᠤ ᠠᠴᠠ ᠠᠩᠭᠢᠵᠢᠷᠠᠵᠦ ᠲᠠᠶᠢᠯᠦᠬᠡ ᠦᠭᠡᠢ ᠪᠠᠶᠢᠵᠦ᠂ ᠡᠳᠡᠬᠡᠷ ᠡᠷᠦᠬᠡ ᠨᠢ ᠪᠦᠷ ᠡᠪᠡᠳᠴᠢᠨ ᠤ ᠰᠢᠯᠳᠠᠭᠠᠨ ᠠᠴᠠ ᠪᠤᠯᠵᠦ ᠶᠠᠳᠠᠭᠤᠷᠠᠭᠰᠠᠨ ᠪᠠᠶᠢᠨ᠎ᠠ᠃ ᠦᠪᠦᠷ ᠤᠨ ᠤᠰᠦ ᠭᠠᠴᠠᠭᠠᠨ ᠤ ᠮᠠᠯᠴᠢᠳ ᠲᠠᠷᠬᠠᠢ ᠪᠤᠳᠠᠷᠬᠠᠢ ᠰᠠᠭᠤᠷᠢᠰᠢᠵᠦ᠂ ᠤᠳᠦ ᠪᠤᠯᠳᠠᠯ᠎ᠠ ᠨᠢᠬᠡ ᠪᠦᠯᠦᠭ ᠡᠷᠦᠬᠡ ᠴᠠᠬᠢᠯᠭᠠᠨ ᠨᠠᠪᠳᠠᠷᠡᠬᠡᠳᠦᠢ ᠪᠠᠶᠢᠵᠦ᠂ ᠮᠠᠯᠴᠢᠳ ᠤᠨ ᠠᠮᠢᠳᠤᠷᠠᠯ ᠦᠢᠯᠡᠳᠪᠦᠷᠢᠯᠡᠯ ᠳᠤ ᠶᠡᠬᠡᠬᠡᠨ ᠬᠦᠴᠢᠷᠳᠠᠯ ᠤᠴᠠᠷᠠᠭᠤᠯᠤᠭᠰᠠᠨ ᠪᠠᠶᠢᠨ᠎ᠠ᠃ ᠡᠨᠡᠬᠦ ᠪᠠᠶᠢᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠴᠠᠬᠢᠯᠭᠠᠨ ᠦᠭᠡᠢ ᠲᠡᠤᠬᠡ ᠶᠢ ᠡᠴᠤᠰᠯᠡᠬᠦᠯᠬᠦ ᠶᠢᠨ ᠲᠦᠯᠦᠬᠡ ᠬᠠᠰᠪᠠᠭᠠᠳᠦᠷ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠪᠠᠨ ᠲᠠᠭᠠᠭᠤᠯᠤᠨ᠂ ᠭᠠᠴᠠᠭᠠᠨ ᠤ ᠤᠳᠤᠷᠢᠳᠤᠯᠭ᠎ᠠ ᠲᠠᠢ ᠬᠠᠮᠵᠢᠯᠴᠢᠨ᠂ ᠴᠠᠬᠢᠯᠭᠠᠨ ᠤᠳᠠᠰᠦ ᠲᠠᠳᠠᠬᠤ ᠠᠵᠢᠯ ᠢ ᠦᠨᠳᠦᠰᠦᠨ ᠳᠤ ᠨᠢ ᠰᠢᠢᠳᠪᠦᠷᠢᠯᠠᠨ᠂ ᠤᠳᠦ ᠶᠠᠭ ᠴᠠᠬᠢᠯᠭᠠᠨ ᠬᠠᠩᠭᠠᠬᠤ ᠱᠠᠳᠤᠨ ᠳᠠᠭᠠᠨ ᠤᠷᠤᠭᠠᠳ ᠪᠠᠶᠢᠨ᠎ᠠ᠃     ᠬᠠᠰᠪᠠᠭᠠᠳᠦᠷ ᠰᠠᠶ᠋ᠢᠬᠠᠨ ᠠᠵᠢᠯ ᠳᠤ ᠭᠠᠷᠴᠦ ᠪᠠᠶᠢᠭ᠎ᠠ ᠺᠠᠳ᠋ᠷ ᠤᠨ ᠬᠤᠪᠢ ᠳᠤ᠂ ᠦᠷᠬᠦᠯᠵᠢ ᠭᠠᠴᠠᠭᠠᠨ ᠤ  ᠪᠠᠨ ᠤᠳᠤᠷᠢᠳᠤᠯᠭ᠎ᠠ ᠲᠠᠢ ᠬᠠᠮᠳᠦ ᠰᠠᠨᠠᠯ ᠢᠶᠠᠨ ᠰᠤᠯᠢᠯᠴᠠᠨ᠂ ᠮᠠᠯᠴᠢᠳ ᠤᠨ ᠬᠡᠷ ᠲᠤ ᠬᠦᠨᠵᠡᠭᠡᠶᠢᠷᠡᠵᠦ᠂ ᠮᠠᠯᠴᠢᠳ  ᠤᠨ ᠠᠮᠢᠳᠤᠷᠠᠯ ᠳᠤ ᠦᠨᠡᠨᠬᠦ ᠤᠷᠤᠰᠢᠵᠦ ᠪᠠᠶᠢᠭ᠎ᠠ ᠬᠦᠴᠢᠷᠳᠠᠯᠳᠠᠢ ᠠᠰᠠᠭᠤᠳᠠᠯ ᠢ ᠰᠢᠢᠳᠪᠦᠷᠢᠯᠡᠨ᠂ ᠮᠠᠯᠴᠢᠨ ᠲᠦᠮᠡᠨ  ᠢᠶᠠᠨ ᠡᠷᠳᠡ ᠨᠢᠬᠡ ᠡᠳᠦᠷ ᠴᠢᠨᠡᠭᠡᠯᠢᠭᠵᠢᠬᠦᠯᠬᠦ ᠪᠠᠷ ᠴᠢᠷᠮᠠᠶᠢᠵᠦ ᠶᠠᠪᠤᠨ᠎ᠠ᠃ ᠵᠠᠯᠠᠭᠤ ᠨᠢᠬᠡ ᠦᠶ᠎ᠠ ᠶᠢᠨ ᠭᠠᠪᠰᠢᠭᠠᠶᠢᠯᠠᠭᠴᠢ ᠪᠤᠯᠵᠦ ᠶᠤᠪᠤᠭ᠎ᠠ ᠬᠠᠰᠪᠠᠭᠠᠳᠦᠷ ᠲᠠᠭᠠᠨ ᠬᠤᠶᠢᠰᠢᠳᠠ ᠶᠢᠨ ᠠᠵᠢᠯ  ᠤᠨ ᠦᠨᠳᠦᠷ ᠠᠮᠵᠢᠯᠳᠠ ᠶᠢ ᠬᠦᠰᠡᠶ᠎ᠠ᠃
 
ᠢᠷᠡᠯᠲᠡ᠄ ᠤᠯᠠᠭᠠᠨᠴᠠᠪ ᠤᠨ ᠮᠤᠩᠭᠤᠯ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2