ᠲᠦᠷᠪᠡᠤᠨ ᠬᠤᠰᠢᠭᠤ ᠨᠢ ᠦᠪᠡᠷᠲᠡᠭᠡᠨ ᠵᠠᠰᠠᠬᠤ ᠤᠷᠤᠨ ᠤ 33 ᠴᠤᠯᠤ ᠮᠠᠯᠵᠢᠬᠤ ᠬᠤᠰᠢᠭᠤᠨ ᠤ ᠨᠢᠭᠡ | ᠪᠠᠶᠢᠵᠤ᠂ ᠪᠦᠬᠦ ᠤᠷᠤᠨ ᠤ 19 ᠴᠦᠭᠡᠨ ᠲᠤᠭᠠᠲᠤ ᠦᠨᠳᠦᠰᠦᠲᠡᠨ ᠤ ᠬᠢᠯᠢ ᠬᠢᠵᠠᠭᠠᠷ ᠤᠨ ᠬᠤᠰᠢᠭᠤ ᠰᠢᠶᠠᠨ ᠤ | ᠨᠢᠭᠡ ᠶᠤᠮ᠃ ᠤᠯᠤᠰ ᠤᠨ ᠳᠡᠰ ᠤᠨ ᠶᠠᠳᠠᠭᠤ ᠬᠦᠴᠢᠷᠳᠡᠯᠲᠠᠢ ᠬᠤᠰᠢᠭᠤ ᠳᠤ ᠬᠠᠷᠢᠶᠠᠯᠠᠭᠳᠠᠵᠤ᠂ ᠬᠢᠯᠢ ᠬᠢᠵᠠᠭᠠᠷ | ᠤᠨ ᠱᠤᠭᠤᠮ ᠤᠨ ᠤᠷᠲᠦ ᠨᠢ 104 ᠺᠢᠯᠦᠮᠧᠲᠷ᠃ | ᠪᠦᠬᠦ ᠬᠤᠰᠢᠭᠤᠨ ᠤ ᠶᠡᠷᠦᠩᠭᠢ ᠲᠠᠯᠠᠪᠠᠢ ᠨᠢ 25513 ᠬᠠᠪᠲᠠᠭᠠᠢ ᠲᠦᠷᠪᠡᠯᠵᠢᠨ ᠺᠢᠯᠦᠮᠧᠲᠷ ᠪᠠᠶᠢᠵᠤ᠂ | ᠪᠦᠬᠦ ᠬᠤᠲᠠ ᠶᠢᠨ ᠶᠡᠷᠥᠩᠭᠡᠢ ᠲᠠᠯᠠᠪᠠᠢ ᠶᠢᠨ 46% ᠶᠢ ᠡᠵᠡᠯᠡᠨ᠎ᠡ᠃ ᠵᠠᠰᠠᠭ ᠵᠠᠬᠢᠷᠭᠠᠨ ᠤ ᠬᠤᠪᠢᠶᠠᠷᠠᠯᠲᠠ ᠨᠢ 5 | ᠰᠤᠮᠤ᠂ 5 ᠪᠠᠯᠭᠠᠰᠤ᠂ 3 ᠰᠢᠶᠠᠩ᠂ 1 ᠮᠠᠯᠵᠢᠯ ᠤᠨ ᠲᠠᠯᠠᠪᠠᠢ ᠪᠠᠭᠲᠠᠨ᠎ᠠ᠃ ᠪᠦᠬᠦ ᠬᠤᠰᠢᠭᠤ ᠨᠢ 21.26 | ᠲᠦᠮᠡᠨ ᠬᠦᠮᠦᠨ ᠠᠮᠠ ᠲᠠᠢ᠂ ᠡᠭᠦᠨ ᠳᠤ ᠮᠤᠩᠭᠤᠯ᠂ ᠬᠢᠲᠠᠤᠨ᠂ ᠬᠤᠲᠤᠩ᠂ ᠮᠠᠨᠵᠤ ᠵᠡᠷᠭᠡ 11 ᠦᠨᠳᠦᠰᠦᠲᠡᠨ | ᠪᠤᠢ᠃ | ᠪᠦᠬᠦ ᠬᠤᠰᠢᠭᠤᠨ ᠤ ᠪᠠᠶᠢᠭᠠᠯᠢ ᠶᠢᠨ ᠪᠡᠯᠴᠢᠭᠡᠷ ᠤᠨ ᠲᠠᠯᠠᠪᠠᠢ ᠨᠢ 3214 ᠲᠦᠮᠡᠨ ᠮᠦ᠂ ᠤᠯᠤᠰ ᠤᠨ | ᠤᠮᠠᠷᠠᠲᠤ ᠬᠡᠰᠡᠭ ᠤᠨ ᠬᠢᠯᠢ ᠶᠢᠨ ᠴᠢᠬᠤᠯᠠ ᠠᠮᠢ ᠠᠬᠤᠢ ᠶᠢᠨ ᠬᠠᠮᠠᠭᠠᠯᠠᠯᠲᠠ ᠶᠢᠨ ᠱᠤᠭᠤᠮ ᠪᠤᠯᠤᠨ᠎ᠠ᠃ ᠲᠤᠰ | ᠬᠤᠰᠢᠭᠤᠨ ᠤ ᠬᠢᠵᠠᠭᠠᠷ ᠲᠤ ᠪᠠᠶᠢᠭᠠᠯᠢ ᠶᠢᠨ ᠡᠬᠢ ᠪᠠᠶᠠᠯᠢᠭ ᠨᠡᠯᠢᠶᠡᠤᠨ ᠡᠯᠪᠡᠭ ᠪᠠᠶᠢᠳᠠᠭ᠃ ᠤᠳᠤᠬᠠᠨ ᠳᠤ ᠵᠡᠰ᠂ | ᠠᠯᠲᠠ᠂ ᠬᠠᠶᠢᠯᠤᠷ ᠵᠦᠡᠭᠰᠢ᠂ ᠮᠠᠩᠰᠢᠶᠤᠤ᠂ ᠸᠤᠯᠹᠷᠠᠮ ᠵᠡᠷᠭᠡ 40 ᠭᠠᠷᠤᠢ ᠵᠤᠶᠢᠯ ᠤᠨ ᠠᠭᠤᠷᠬᠠᠢ ᠶᠢᠨ ᠡᠬᠢ | ᠪᠠᠶᠠᠯᠢᠭ ᠲᠠᠢ᠃ ᠴᠢᠨᠠᠷ ᠰᠠᠶᠢᠲᠠᠢ ᠨᠠᠷᠠ ᠰᠠᠯᠬᠢᠨ ᠤ ᠡᠨᠧᠷᠬᠢ ᠶᠢᠨ ᠡᠬᠢ ᠪᠠᠶᠠᠯᠢᠭ ᠬᠡᠪᠴᠢᠶᠡᠵᠢᠨ ᠬᠦᠭᠵᠢᠵᠦ᠂ | ᠵᠢᠭᠤᠯᠴᠢᠯᠠᠯ᠂ ᠮᠠᠯ ᠲᠠᠷᠢᠶᠠᠯᠠᠩ ᠤᠨ ᠪᠠᠶᠢᠭᠠᠯᠢᠯᠢᠭ ᠪᠦᠲᠦᠭᠡᠭᠲᠡᠭᠦᠨ ᠢᠶᠠᠷ ᠤᠨᠴᠠᠯᠢᠭᠳᠠᠨ᠂ ᠬᠦᠭᠵᠢᠯᠲᠡ ᠶᠢᠨ | ᠬᠠᠨᠳᠤᠰᠢ ᠦᠷᠭᠡᠵᠢᠵᠦ ᠪᠠᠶᠢᠭ᠎ᠠ ᠶᠤᠮ᠂ ᠬᠤᠰᠢᠭᠤᠨ ᠤ ᠬᠢᠵᠠᠭᠠᠷ ᠲᠤ ᠲᠡᠯᠡᠬᠡᠢ ᠨᠡᠶᠢᠲᠡ ᠳᠤ ᠠᠯᠳᠠᠷᠰᠢᠭᠰᠠᠨ | 《ᠬᠤᠪᠢᠯᠭᠠᠨ ᠵᠠᠪᠢ》 ᠶᠢᠨ ᠪᠠᠭᠤᠬᠤ ᠲᠠᠯᠠᠪᠤᠷ ᠪᠠ ᠵᠢᠷᠦᠬᠡ ᠴᠡᠷᠢᠭ ᠤᠨ ᠶᠠᠪᠤᠳᠠᠯ ᠤᠨ ᠰᠤᠷᠢᠯᠲᠠ ᠶᠢᠨ | ᠰᠠᠭᠤᠷᠢᠨ ᠭᠠᠵᠠᠷ ᠪᠠᠶᠢᠵᠤ᠂ ᠬᠢᠯᠢ ᠬᠢᠵᠠᠭᠠᠷ ᠢᠶᠠᠨ ᠬᠠᠮᠭᠠᠯᠠᠨ᠂ ᠠᠮᠤᠷ ᠲᠤᠭᠲᠠᠭᠤᠨ ᠢ ᠪᠠᠲᠤᠯᠠᠵᠤ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠶᠢ | ᠭᠦᠢᠴᠡᠤᠨᠬᠡᠭᠰᠡᠨ ᠪᠠᠶᠢᠨ᠎ᠠ᠃ |