ᠲᠦᠷᠪᠡᠤᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ 2018 ᠤᠨ ᠤ ᠪᠦᠬᠦ ᠬᠤᠰᠢᠭᠤᠨ ᠤ ᠭᠠᠯ | ᠰᠡᠷᠭᠡᠶᠢᠯᠡᠬᠦ᠂ ᠬᠤᠤᠷ ᠴᠠᠭᠠᠵᠢᠯᠠᠬᠤ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ | ᠲᠡᠷᠢᠭᠦᠨ ᠤ ᠪᠠᠶᠢᠭᠤᠯᠭ᠎ᠠ ᠪᠠ ᠲᠡᠷᠢᠭᠦᠨ ᠤ ᠬᠤᠪᠢ ᠬᠦᠮᠦᠨ ᠢ ᠬᠦᠬᠢᠭᠦᠯᠬᠦ ᠲᠤᠬᠠᠢ ᠰᠢᠢᠤᠨᠪᠦᠷᠢ | | ᠲᠦᠷᠪᠡᠤᠨ ᠵᠠᠰᠠᠭ ᠲᠠᠷᠬᠠᠭᠠᠭᠰᠠᠨ〔2018〕11 ᠳ᠋ᠤᠭᠠᠷ | ᠲᠤᠭᠠᠲᠤ | | ᠡᠯ᠎ᠡ ᠰᠤᠮᠤ ᠰᠢᠶᠠᠩ ᠪᠠᠯᠭᠠᠰᠤᠨ ᠤ ᠠᠷᠠᠤᠨ ᠤᠨ ᠵᠠᠰᠠᠭ ᠤᠨ ᠤᠷᠳᠤᠨ᠂ ᠬᠤᠰᠢᠭᠤᠨ ᠤ ᠰᠢᠭᠤᠤᠤᠨ ᠬᠠᠷᠢᠶ᠎ᠠ | ᠪᠠᠶᠢᠭᠤᠯᠭ᠎ᠠ᠄ | 2017 ᠤᠨ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪ ᠤᠳᠤᠷᠢᠳᠤᠯᠭ᠎ᠠ | ᠳᠤᠤᠷ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠭᠠᠯ ᠰᠡᠷᠭᠡᠶᠢᠯᠡᠬᠦ᠂ ᠬᠤᠤᠷ ᠴᠠᠭᠠᠵᠢᠯᠠᠬᠤ᠂ ᠵᠠᠮ ᠬᠠᠷᠢᠯᠴᠠᠭᠠᠨ | ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠯ᠎ᠡ ᠠᠵᠢᠯ ᠢ ᠪᠦᠬᠦ ᠲᠠᠯ᠎ᠠ ᠪᠠᠷ ᠬᠠᠷᠢᠭᠤᠴᠠᠵᠤ᠂ ᠲᠤᠰᠬᠠᠢ ᠵᠤᠶᠢᠯ ᠤᠨ | ᠦᠭᠡᠷᠡᠴᠢᠯᠡᠨ ᠵᠠᠰᠠᠬᠤ ᠠᠵᠢᠯ ᠢ ᠦᠷᠬᠦᠯᠵᠢᠯᠡᠨ ᠦᠷᠨᠢᠭᠦᠯᠵᠦ᠂ ᠡᠯ᠎ᠡ ᠲᠦᠷᠦᠯ ᠤᠨ ᠠᠵᠢᠯ ᠢ ᠲᠡᠭᠦᠯᠳᠡᠷ | ᠪᠡᠶᠡᠯᠡᠭᠦᠯᠦᠨ᠂ ᠪᠦᠬᠦ ᠬᠤᠰᠢᠭᠤᠨ ᠤ ᠭᠠᠯ ᠰᠡᠷᠭᠡᠶᠢᠯᠡᠬᠦ᠂ ᠬᠤᠤᠷ ᠴᠠᠭᠠᠵᠢᠯᠠᠬᠤ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠤᠭᠲᠠᠭᠤᠨ ᠪᠠᠶᠢᠳᠠᠯ ᠢ ᠪᠠᠲᠤᠯᠠᠵᠤ᠂ ᠲᠦᠷᠪᠡᠤᠨ ᠬᠤᠰᠢᠭᠤᠨ ᠤ | ᠠᠵᠤ ᠠᠬᠤᠢ ᠨᠡᠶᠢᠭᠡᠮ ᠤᠨ ᠬᠦᠭᠵᠢᠯᠲᠡ᠂ ᠠᠷᠠᠤᠨ ᠲᠦᠮᠡᠨ ᠤ ᠠᠮᠤᠷ ᠲᠤᠭᠲᠠᠭᠤᠨ ᠠᠵᠤ ᠠᠮᠢᠳᠤᠷᠠᠯ ᠳᠤ | ᠰᠢᠯᠢᠳᠡᠭ ᠰᠠᠶᠢᠨ ᠤᠷᠴᠢᠨ ᠲᠤᠭᠤᠷᠢᠨ ᠢ ᠪᠤᠢ ᠪᠤᠯᠭᠠᠵᠠᠢ᠃ ᠦᠷ᠎ᠡ ᠪᠦᠲᠦᠮᠵᠢ ᠶᠢ ᠪᠠᠲᠤᠤᠨᠬᠠᠵᠤ᠂ ᠲᠡᠷᠢᠭᠦᠨ ᠢ | ᠱᠠᠩᠨᠠᠬᠤ ᠶᠢᠨ ᠲᠦᠯᠦᠭᠡ᠂ ᠡᠯ᠎ᠡ ᠭᠠᠵᠠᠷ᠂ ᠡᠯ᠎ᠡ ᠬᠠᠮᠢᠭ᠎ᠠ ᠪᠦᠬᠦᠢ ᠪᠠᠶᠢᠭᠤᠯᠭ᠎ᠠ ᠶᠢᠨ ᠡᠩ ᠤᠨ ᠴᠠᠭ ᠤᠨ ᠬᠢᠷᠢ | ᠪᠦᠲᠦᠮᠵᠢ ᠪᠤᠯᠤᠨ ᠵᠢᠯ ᠤᠨ ᠡᠴᠦᠰ ᠤᠨ ᠬᠢᠨᠠᠨ ᠰᠢᠯᠭᠠᠯᠲᠠ ᠶᠢᠨ ᠦᠷ᠎ᠡ ᠳ᠋ᠦᠡᠭ ᠢ ᠦᠨᠳᠦᠰᠦᠯᠡᠨ᠂ ᠬᠤᠰᠢᠭᠤᠨ ᠤ | ᠠᠷᠠᠤᠨ ᠤᠨ ᠵᠠᠰᠠᠭ ᠤᠨ ᠤᠷᠳᠤᠨ 2017 ᠤᠨ ᠤ ᠠᠵᠢᠯ ᠤᠨ ᠬᠢᠷᠢ ᠪᠦᠲᠦᠮᠵᠢ ᠳᠤᠪᠤᠶᠢᠮ᠎ᠡ ᠲᠡᠷᠢᠭᠦᠨ ᠤ | ᠪᠠᠶᠢᠭᠤᠯᠭ᠎ᠠ ᠪᠠ ᠲᠡᠷᠢᠭᠦᠨ ᠤ ᠬᠤᠪᠢ ᠬᠦᠮᠦᠨ ᠢ ᠬᠦᠬᠢᠭᠦᠯᠬᠦ ᠪᠠᠷ ᠰᠢᠢᠤᠨᠪᠡ᠃ | ᠬᠦᠰᠡᠬᠦ ᠨᠢ᠂ ᠬᠦᠬᠢᠭᠦᠯᠦᠭᠳᠡᠭᠰᠡᠨ ᠪᠠᠶᠢᠭᠤᠯᠭ᠎ᠠ ᠪᠤᠯᠤᠨ ᠬᠤᠪᠢ ᠬᠦᠮᠦᠨ ᠡᠨᠡᠬᠦ ᠢᠷᠡᠭᠤ ᠠᠯᠳᠠᠷ ᠢᠶᠠᠨ | ᠨᠠᠨᠳᠢᠩᠨᠠᠵᠤ᠂ ᠦᠷᠭᠦᠯᠵᠢᠯᠡᠨ ᠴᠢᠷᠮᠠᠶᠢᠵᠤ᠂ ᠤᠯᠠᠮ ᠰᠠᠶᠢᠨ ᠬᠢᠷᠢ ᠤᠯᠬᠤ ᠪᠠᠷ ᠴᠢᠷᠮᠠᠶᠢᠬᠤ ᠬᠡᠷᠡᠭᠲᠠᠢ᠃ ᠡᠭᠦᠨ ᠤ | ᠬᠠᠮᠲᠤ᠂ ᠡᠯ᠎ᠡ ᠪᠠᠶᠢᠭᠤᠯᠭ᠎ᠠ ᠬᠦᠬᠢᠬᠦᠯᠦᠭᠳᠡᠭᠰᠡᠨ ᠪᠠᠶᠢᠭᠤᠯᠭ᠎ᠠ ᠪᠤᠯᠤᠨ ᠬᠤᠪᠢ ᠬᠦᠮᠦᠨ ᠠᠴᠠ ᠬᠢᠨᠠᠮᠠᠭᠠᠢ | ᠰᠤᠷᠤᠯᠴᠠᠵᠤ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠠᠵᠤ ᠠᠬᠤᠢ | ᠨᠡᠶᠢᠭᠡᠮ ᠤᠨ ᠬᠦᠭᠵᠢᠯᠲᠡ ᠪᠤᠯᠤᠨ ᠶᠡᠭᠡ ᠲᠠᠯ᠎ᠠ ᠶᠢᠨ ᠲᠤᠭᠲᠠᠭᠤᠨ ᠪᠠᠶᠢᠳᠠᠯ ᠳᠤ ᠬᠤᠪᠢ ᠨᠡᠮᠡᠷᠢ ᠪᠠᠨ ᠦᠵᠡᠭᠦᠯᠦᠶ᠎ᠡ᠃ | | | | ᠲᠦᠷᠪᠡᠤᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ | 2018 ᠤᠨ ᠤ 3 ᠰᠠᠷ᠎ᠠ ᠶᠢᠨ 13 ᠤ ᠡᠳᠦᠷ |