ᠵᠠᠯᠠᠭᠤ ᠮᠠᠯᠴᠢᠨ ᠤ ᠵᠦᠪ ᠤᠬᠠᠭᠠᠨ
ᠨᠡᠶᠢᠲᠡᠯᠡᠭᠰᠡᠨ ᠴᠠᠭ᠄
2018-03-30
      ᠠᠮᠢ ᠠᠬᠤᠢ ᠪᠠᠨ ᠬᠠᠮᠠᠭᠠᠯᠠᠬᠤ᠂ ᠰᠠᠭᠤᠷᠢ ᠲᠦᠬᠦᠬᠡᠷᠥᠮᠵᠢ ᠪᠠᠨ ᠲᠡᠬᠦᠯᠳᠡᠷᠵᠢᠬᠦᠯᠬᠦ᠂ ᠰᠦᠷᠥᠭ ᠤᠨ ᠪᠦᠳᠥᠴᠡ ᠪᠠᠨ ᠰᠢᠯᠢᠳᠡᠭᠵᠢᠬᠦᠯᠬᠦ᠂ ᠮᠠᠯᠵᠢᠯ ᠤᠨ ᠪᠤᠰᠦ ᠤᠷᠤᠯᠭ᠎ᠠ ᠡᠬᠦᠳᠬᠦ ᠪᠣᠯ ᠤᠬᠠᠭ᠎ᠠ ᠬᠦᠳᠡᠯᠮᠥᠷᠢ ᠲᠡᠩᠴᠡᠭᠰᠡᠨ ᠮᠠᠯᠴᠢᠨ ᠬᠦᠮᠥᠨ ᠤ ᠴᠢᠨᠡᠬᠡᠯᠢᠭ ᠠᠮᠢᠳᠤᠷᠠᠯ ᠢᠶᠠᠨ ᠴᠤᠭᠴᠠᠯᠠᠬᠤ ᠶᠢᠨ ᠵᠦᠪ ᠤᠬᠠᠭᠠᠨ ᠬᠡᠯᠳᠡᠢ᠃      ᠲᠡᠶᠢᠮᠤ ᠪᠠᠶᠢᠬᠤ ᠳᠠᠭᠠᠨ ᠲᠠᠭᠠᠷᠠᠨ᠎ᠠ᠃ ᠤᠷᠴᠢᠮᠬᠠᠨ ᠪᠢᠳᠡ ᠡᠨᠡᠬᠦ ᠠᠰᠠᠭᠤᠯᠳᠠ ᠳᠤ ᠴᠢᠭᠯᠡᠬᠦᠯᠵᠦ᠂ ︽ᠲᠠᠷᠠ ᠴᠦ ᠮᠦᠨ ᠬᠦᠰᠡᠯ ᠵᠤᠷᠢᠭ᠂ ᠬᠦᠴᠦ ᠴᠢᠳᠠᠯ ᠬᠤᠤᠰᠯᠠᠭᠰᠠᠨ ᠡᠷ᠎ᠡ ᠪᠠᠶᠢᠬᠤ ᠤᠤ︾ ᠬᠡᠰᠡᠨ ᠠᠮᠠ ᠲᠠᠮᠵᠢᠭᠰᠠᠨ ᠬᠦᠮᠥᠨ ᠤᠯᠠᠨ ᠤ ᠬᠡᠯᠡᠯᠴᠡᠭᠡ ᠶᠠᠷᠢᠶ᠎ᠠ ᠳᠤ ᠬᠦᠳᠥᠯᠥᠭᠳᠡᠭᠰᠡᠬᠡᠷ ︽ᠠᠨᠠᠩ︾ ᠤᠨ ᠠᠭᠤᠯᠠ ᠶᠢᠨ ᠢᠶᠠᠨ ᠡᠩᠬᠡᠷ ᠪᠡᠯ ᠳᠤ ᠰᠠᠭᠤᠷᠢᠰᠢᠯ ᠲᠠᠢ ᠰᠢᠯᠤᠭᠤᠨ ᠬᠦᠪᠡᠬᠡᠳᠦ ᠴᠠᠭᠠᠨ ᠬᠤᠰᠢᠭᠤᠨ ᠤ ᠮᠢᠩᠭᠠᠨᠳᠦ ᠪᠠᠯᠭᠠᠰᠤᠨ ᠤ ᠪᠠᠶᠠᠨᠪᠤᠯᠠᠭ ᠭᠠᠴᠠᠭᠠᠨ ᠤ ᠪᠠᠳᠤᠮᠦ᠋ᠡᠭᠬᠡ ᠶᠢᠨ ᠬᠢᠨ ᠢ ᠰᠤᠷᠪᠤᠯᠵᠢᠯᠠᠵᠦ ᠪᠢᠯᠡ᠃     ᠠᠩᠬ᠎ᠠ ᠲᠤᠮᠳᠠᠳᠦ ᠪᠠᠨ ᠲᠡᠬᠦᠰᠥᠮᠡᠭᠴᠡ ᠠᠬᠢᠭᠠᠳ ᠴᠠᠰᠢ ᠰᠤᠷᠭᠠᠭᠤᠯᠢ ᠳᠤ ᠰᠠᠭᠤᠭᠰᠠᠨ ᠦᠬᠡᠢ᠂ ᠠᠪᠤ ᠡᠵᠢ ᠳᠡᠭᠡᠨ ᠬᠠᠪᠰᠤᠷᠤᠨ ᠠᠶᠢᠯ ᠬᠡᠷ ᠲᠡᠭᠡᠨ ᠲᠤᠰᠠ ᠲᠡᠮ ᠪᠤᠯᠵᠦ᠂ ᠠᠵᠢᠯ ᠬᠢᠳᠡᠯ ᠳᠤ ᠱᠠᠯᠠᠮᠠᠭᠠᠶᠢᠯᠠᠨ ᠬᠦᠳᠡᠯᠮᠥᠷᠢ ᠶᠢᠨ ᠬᠦᠨᠳᠦ ᠶᠢ ᠡᠬᠦᠷᠬᠡᠯᠡᠵᠦ ᠶᠠᠪᠤᠬᠤ ᠳᠠᠭᠠᠨ ᠤᠢ ᠤᠬᠠᠭᠠᠨ ᠬᠦᠳᠡᠯᠮᠥᠷᠢ ᠴᠢᠷᠮᠠᠶᠢᠯᠭ᠎ᠠ᠂ ᠠᠵᠢᠯᠴᠢ ᠬᠤᠶᠠᠷ ᠭᠠᠷ ᠲᠠᠭᠠᠨ ᠲᠦᠰᠢᠳᠡᠭ ᠶᠤᠮ ᠪᠣᠯ ᠶᠠᠭᠤ ᠬᠢᠭᠰᠡᠨ ᠴᠦ ᠪᠤᠰᠤᠳ ᠠᠴᠠ ᠲᠤᠤᠷᠠᠳᠠᠬᠤ ᠦᠬᠡᠢ ᠬᠡᠵᠦ ᠵᠦᠪ ᠰᠠᠨᠠᠵᠦ ᠪᠤᠳᠤᠵᠦ᠂ ᠮᠠᠯ ᠤᠨᠤᠭ᠎ᠠ ᠴᠦᠬᠡᠨ ᠬᠡᠳ ᠠᠮᠢᠳᠤᠷᠠᠯ ᠳᠤ ᠢᠳᠡᠬᠡᠯ ᠠᠯᠳᠠᠵᠦ ᠵᠤᠷᠢᠭ ᠮᠤᠬᠤᠭᠰᠠᠨ ᠦᠬᠡᠢ᠂ ᠬᠠᠷᠢᠨ ᠬᠤᠯᠠ ᠶᠢ ᠬᠠᠷᠠᠵᠦ᠂ ᠢᠪᠴᠤᠤ ᠭᠠᠨᠭ᠍ᠳᠠᠮᠠᠯ ᠨᠤᠳᠤᠭ ᠤᠷᠤᠨ ᠳᠠᠭᠠᠨ ᠬᠡᠷᠬᠢᠨ ᠵᠤᠬᠢᠴᠠᠭᠤᠯᠵᠦ᠂ ᠶᠠᠮᠠᠷ ᠠᠷᠭ᠎ᠠ ᠪᠠᠷ ᠮᠠᠯ ᠠᠵᠦ ᠠᠬᠤᠢ ᠪᠠᠨ ᠬᠦᠭᠵᠢᠬᠦᠯᠬᠦ ᠲᠤᠬᠠᠢ ᠬᠦᠨᠳᠦ ᠪᠤᠳᠤᠯ ᠡᠪᠤᠷᠯᠡᠵᠡᠢ᠃ ᠲᠡᠬᠡᠬᠡᠳ ᠨᠤᠳᠤᠭ ᠪᠡᠯᠴᠢᠬᠡᠷ ᠲᠠᠴᠢᠷᠰᠢᠵᠦ᠂ ᠠᠮᠢᠳᠤᠷᠠᠯ ᠦᠢᠯᠡᠳᠪᠤᠷᠢᠯᠡᠯ ᠢ ᠬᠦᠨᠳᠦ ᠨᠤᠴᠢᠳᠠᠢ ᠨᠦᠯᠥᠬᠡᠯᠡᠵᠦ ᠢᠷᠡᠬᠦ ᠳᠤ ᠲᠡᠷᠡ 2003 ᠤᠨ ᠠᠴᠠ ᠡᠬᠢᠯᠡᠨ ᠵᠢᠯ ᠪᠤᠯᠭᠠᠨ ᠵᠤᠬᠢᠬᠤ ᠬᠡᠮᠵᠢᠶᠡᠨ ᠤ ᠪᠡᠯᠡ ᠤᠷᠤᠭᠤᠯᠵᠦ᠂ ᠨᠤᠳᠤᠭ ᠢᠶᠠᠨ ᠬᠡᠰᠡᠭ ᠪᠦᠯᠥᠭ ᠢᠶᠠᠷ ᠪᠢᠳᠡᠬᠦᠮᠵᠢᠯᠡᠨ ᠮᠤᠳᠤ ᠪᠤᠷᠭᠠᠰᠦ᠂ ᠨᠤᠭᠤᠭᠠᠨ ᠢᠶᠠᠷ ᠲᠠᠷᠤᠰᠢᠭᠤᠯᠬᠤ ᠡᠷᠳᠡᠨᠢ ᠰᠢᠰᠢ ᠲᠠᠷᠢᠵᠠᠢ᠃ ᠮᠠᠯ ᠠᠵᠦ ᠠᠬᠤᠢ ᠪᠠᠨ ᠲᠤᠭᠳᠠᠭᠤᠨ ᠬᠦᠭᠵᠢᠬᠦᠯᠬᠦ ᠶᠢᠨ ᠬᠠᠮᠤᠭ ᠤᠨ ᠦᠨᠳᠥᠰᠥᠨ ᠪᠠᠳᠤᠯᠠᠭ᠎ᠠ ᠪᠣᠯ ᠡᠪᠡᠰᠦ ᠪᠡᠯᠴᠢᠬᠡᠷ ᠪᠠ ᠦᠢᠯᠡᠳᠪᠤᠷᠢᠯᠡᠯ ᠤᠨ ᠨᠦᠬᠦᠴᠡᠯ ᠢᠶᠠᠨ ᠰᠠᠶᠢᠵᠢᠷᠠᠭᠤᠯᠬᠤ ᠳᠤ ᠪᠠᠶᠢᠬᠤ ᠶᠢ ᠡᠷᠳᠡ ᠠᠴᠠ ᠲᠠᠨᠢᠵᠦ ᠡᠨᠡᠬᠦ ᠠᠰᠠᠭᠤᠳᠠᠯ ᠢ ᠰᠢᠢᠳᠪᠤᠷᠢᠯᠡᠬᠦ ᠶᠢ ᠭᠤᠤᠯᠳᠠᠯᠭ᠎ᠠ ᠪᠤᠯᠭᠠᠨ ᠠᠳᠬᠤᠵᠦ᠂ ᠦᠨᠳᠤᠰᠤᠨ ᠪᠠᠶᠢᠭᠤᠯᠤᠯᠳᠠ ᠶᠢ ᠰᠠᠶᠢᠨ ᠬᠢᠵᠦ ᠦᠢᠯᠡᠳᠪᠤᠷᠢᠯᠡᠯ ᠤᠨ ᠪᠡᠯᠡᠳᠬᠡᠯ ᠲᠦᠬᠦᠬᠡᠷᠤᠮᠵᠢ ᠶᠢ ᠬᠦᠢᠴᠡᠳ ᠪᠦᠷᠢᠯᠳᠥᠬᠦᠯᠵᠦ᠂ ᠪᠡᠯᠡ ᠮᠦᠡᠭᠬᠦ ᠶᠢᠨ ᠵᠠᠷᠤᠴᠠᠭᠤᠯᠤᠯᠳᠠ ᠶᠢ ᠵᠢᠯ ᠠᠴᠠ ᠵᠢᠯ ᠨᠡᠮᠡᠭᠳᠡᠬᠦᠯᠵᠦ᠂ ᠡᠪᠡᠰᠥᠨ ᠬᠦᠷᠢᠶ᠎ᠡ᠂ ᠮᠡᠯ ᠤᠨ ᠲᠤᠯᠠᠭᠠᠨ ᠫᠸᠡᠭ ᠰᠠᠷᠠᠪᠴᠢ᠂ ᠬᠦᠷᠢᠶ᠎ᠡ ᠬᠠᠰᠢᠶ᠎ᠠ ᠵᠡᠷᠬᠡ ᠶᠢ ᠪᠦᠳᠥᠬᠡᠨ ᠪᠠᠶᠢᠭᠤᠯᠵᠦ ᠡᠪᠤᠯᠵᠢᠬᠦᠯᠵᠦ ᠬᠠᠪᠤᠷᠵᠢᠭᠤᠯᠬᠤ ᠮᠠᠯ ᠳᠠᠭᠠᠨ ᠥᠯᠡᠮᠵᠢ ᠬᠦᠷᠥᠯᠴᠡᠬᠡᠳᠠᠢ ᠡᠪᠡᠰᠦ ᠪᠤᠷᠳᠤᠭ᠎ᠠ ᠪᠡᠯᠡᠳᠬᠡᠳᠡᠭ ᠪᠦᠬᠡᠳ ᠮᠠᠯ ᠠᠵᠦ ᠠᠬᠤᠢ ᠶᠢᠨ ᠦᠢᠯᠡᠳᠪᠤᠷᠢᠯᠡᠯ ᠤᠨ ᠮᠠᠰᠢᠨᠴᠢᠯᠠᠯᠳᠠ ᠶᠢ ᠪᠦᠷᠢᠨᠰᠢᠬᠦᠯᠪᠡ᠃      ︽ᠪᠡᠯᠡᠳᠬᠡᠯ ᠲᠠᠢ ᠪᠣᠯ ᠪᠡᠷᠬᠡᠳᠡᠬᠦ ᠦᠬᠡᠢ︾ ᠬᠡᠳᠡᠭ ᠨᠢ ᠤᠳᠤ ᠦᠶ᠎ᠡ ᠶᠢᠨ ᠵᠢᠱᠢᠶᠡᠴᠢ ᠮᠠᠯᠴᠢᠳ ᠤᠨ ᠨᠡᠶᠢᠳᠡ ᠶᠢᠨ ᠤᠨᠴᠠᠯᠢᠭ ᠬᠡᠯᠳᠡᠢ᠃ ᠤᠨ ᠵᠢᠯ ᠤᠨ ᠠᠮᠢᠳᠤᠷᠠᠯ ᠤᠨ ᠵᠠᠮ ᠳᠤ ᠪᠡᠳᠦᠮᠦ᠋ᠡᠭᠬᠡ ᠶᠢᠨ ᠬᠢᠨ ᠶᠡᠷᠤᠳᠡ ᠶᠢᠨ ᠪᠠ ᠬᠡᠨᠡᠳᠳᠡ ᠶᠢᠨ ᠤᠴᠠᠷᠠᠭᠰᠠᠨ ᠭᠠᠮᠰᠢᠭ ᠵᠤᠳ ᠢ ᠠᠵᠢᠭ ᠦᠬᠡᠢ ᠲᠤᠭᠤᠯᠵᠦ᠂ ᠮᠠᠯ ᠰᠦᠷᠥᠭ ᠢᠶᠠᠨ ᠮᠡᠨᠳᠦ ᠤᠨᠳᠤᠷᠤᠭᠤᠯᠵᠦ ᠢᠷᠡᠭᠰᠡᠨ ᠪᠦᠬᠡᠳ ᠤᠳᠤ ᠮᠠᠯ ᠢᠶᠠᠨ 200 ᠲᠤᠯᠤᠭᠠᠢ ᠳᠤ ᠲᠤᠭᠳᠠᠪᠤᠷᠢᠵᠢᠭᠤᠯᠵᠦ᠂ ᠵᠢᠯ ᠪᠦᠷᠢ 100 ᠭᠠᠷᠤᠢ ᠲᠦᠯ ᠲᠤᠰᠴᠦ᠂ ᠲᠦᠯ ᠤᠨ ᠬᠠᠷᠢᠴᠠᠯ ᠢᠶᠠᠷ ᠮᠠᠯ ᠢᠶᠠᠨ ᠵᠠᠷᠤᠴᠠᠭᠤᠯᠵᠦ᠂ ᠮᠠᠯ ᠪᠡᠯᠴᠢᠬᠡᠷ ᠤᠨ ᠲᠡᠩᠴᠡᠬᠦᠷᠢ ᠶᠢ ᠰᠠᠶᠢᠳᠤᠷ ᠪᠠᠳᠤᠯᠠᠵᠦ ᠢᠷᠡᠵᠡᠢ᠃ ᠬᠡᠳᠡᠯ᠎ᠡ ᠨᠤᠳᠤᠭ ᠪᠡᠯᠴᠢᠬᠡᠷ ᠤᠨ ᠡᠪᠳᠡᠭᠳᠡᠯ ᠲᠠᠴᠢᠷᠰᠢᠯ᠂ ᠪᠠᠶᠢᠭᠠᠯᠢ ᠶᠢᠨ ᠭᠠᠨᠭ᠌ ᠭᠠᠮᠰᠢᠭ ᠤᠯᠠᠰᠢᠷᠠᠭᠰᠠᠨ ᠠᠴᠠ ᠮᠠᠯ ᠤᠨ ᠦᠨ᠎ᠡ ᠬᠠᠨᠭ᠍ᠰᠢ ᠲᠤᠤᠷ᠎ᠠ ᠪᠠᠶᠢᠳᠠᠯ ᠳᠤ ᠵᠤᠬᠢᠴᠠᠭᠤᠯᠤᠨ᠂ ᠮᠠᠯ ᠢᠶᠠᠨ ᠡᠳ᠋ᠰᠢᠬᠦᠯᠵᠦ ᠪᠤᠷᠤᠯᠠᠭᠤᠯᠬᠤ ᠠᠵᠢᠯ ᠳᠤ ᠤᠯᠠᠨ ᠵᠢᠯ ᠤᠬᠠᠭ᠎ᠠ ᠬᠦᠳᠡᠯᠮᠥᠷᠢ ᠰᠢᠪᠬᠠᠵᠦ᠂ ᠬᠤᠷ᠎ᠠ ᠪᠤᠷᠤᠭᠠᠨ ᠪᠠᠭ᠎ᠠ᠂ ᠡᠪᠡᠰᠦ ᠪᠡᠯᠴᠢᠬᠡᠷ ᠮᠠᠭᠤ ᠠᠴᠠ ᠮᠠᠯ ᠤᠨ ᠲᠠᠷᠭᠤ ᠬᠦᠴᠦ ᠪᠠᠷᠤᠭᠳᠠᠢ᠂ ᠮᠠᠯ ᠤᠨ ᠵᠠᠬ᠎ᠠ ᠲᠡᠯᠬᠡᠬᠦᠷ ᠤᠨ ᠪᠤᠷᠤᠯᠠᠭᠤᠯᠤᠯᠳᠠ ᠶᠢᠨ ᠦᠨ᠎ᠡ ᠬᠠᠨᠭ᠍ᠰᠢ ᠲᠤᠤᠷ᠎ᠠ ᠪᠠᠶᠢᠳᠠᠯ ᠳᠤ ᠴᠢᠭᠯᠡᠬᠦᠯᠥᠨ ᠵᠢᠯ ᠪᠦᠷᠢ 2 — 3 ᠦᠬᠡᠷ ᠢᠶᠠᠨ ᠦᠪᠡᠷ ᠢᠶᠠᠨ ᠠᠯᠠᠵᠦ ᠬᠤᠳᠠᠯᠳᠤᠭᠠᠳ᠂ ᠬᠤᠨᠢ ᠬᠤᠷᠠᠭ᠎ᠠ 40 — 60 ᠶᠢ ᠬᠤᠷᠢᠵᠦ ᠲᠡᠵᠢᠬᠡᠵᠦ ᠬᠤᠳᠠᠯᠳᠤᠭᠠᠳ ᠦᠨ᠎ᠡ ᠬᠦᠷᠬᠡᠳᠡᠭ᠃ ᠡᠳᠡᠨᠡᠶᠢᠬᠢᠨ ᠮᠠᠯ ᠤᠨᠤᠭ᠎ᠠ ᠪᠠᠨ ᠠᠷᠠᠴᠢᠯᠠᠨ᠂ ᠡᠪᠡᠰᠦ ᠬᠠᠳᠤᠯᠠᠩ ᠢᠶᠠᠨ ᠬᠠᠳᠤᠵᠦ ᠬᠤᠷᠢᠶᠠᠬᠤ ᠮᠠᠯᠵᠢᠬᠤ ᠦᠢᠯᠡᠳᠪᠤᠷᠢᠯᠡᠯ ᠠᠴᠠ ᠭᠠᠳᠠᠨ᠎ᠠ ᠪᠠᠰᠠ ᠮᠠᠯᠵᠢᠯ ᠤᠨ ᠰᠤᠯᠠ ᠰᠡᠯᠡᠬᠦᠦ ᠴᠠᠭ ᠢᠶᠠᠷ ᠢᠶᠠᠨ ᠠᠷᠠᠰᠦ ᠨᠤᠤᠰᠦ ᠠᠷᠠᠯᠵᠢᠶᠠᠯᠠᠬᠤ᠂ ᠬᠤᠨᠢ ᠦᠬᠡᠷ ᠨᠢᠳᠥᠯᠵᠦ ᠵᠠᠷᠤᠬᠤ᠂ ᠨᠠᠮᠤᠷ ᠲᠠᠭᠠᠨ ᠪᠤᠰᠤᠳ ᠲᠤ ᠡᠪᠡᠰᠦ ᠬᠠᠳᠤᠵᠦ ᠲᠡᠬᠡᠬᠡᠬᠦ ᠵᠡᠷᠬᠡ ᠠᠵᠢᠯ ᠤᠳ ᠢ ᠴᠦ ᠠᠮᠵᠢᠭᠤᠯᠤᠨ ᠬᠢᠳᠡᠭ ᠠᠴᠠ ᠡᠨᠡ ᠬᠡᠳᠥᠨ ᠵᠢᠯ ᠰᠤᠯᠠ ᠠᠵᠢᠯ ᠬᠢᠬᠡᠳ ᠵᠢᠯ ᠳᠡᠭᠡᠨ 2 — 3 ᠲᠦᠮᠡᠨ ᠲᠦᠬᠦᠷᠢᠭ ᠭᠠᠷᠳᠠᠳᠠᠭ ᠪᠤᠯᠵᠦ ᠠᠶᠢᠯ ᠬᠡᠷ ᠤᠨ ᠪᠦᠬᠦ ᠵᠢᠯ ᠤᠨ ᠶᠡᠷᠥᠩᠬᠡᠢ ᠤᠷᠤᠯᠭ᠎ᠠ ᠨᠢ ᠴᠦ 8 ᠲᠦᠮᠡᠨ ᠲᠦᠬᠦᠷᠢᠭ ᠲᠤ ᠬᠦᠷᠥᠭᠰᠡᠨ ᠪᠠᠶᠢᠨ᠎ᠠ᠃       ︽ᠦᠨᠡᠨ ᠳᠡᠭᠡᠨ ᠶᠠᠭᠤᠮ᠎ᠠ ᠬᠢᠵᠦ ᠪᠦᠳᠥᠬᠡᠶ᠎ᠡ ᠬᠡᠰᠡᠨ ᠡᠷᠢᠯ ᠬᠦᠰᠡᠯ᠂ ᠡᠷ᠎ᠡ ᠵᠤᠷᠢᠭ᠂ ᠡᠷᠴᠢᠳᠦ ᠬᠦᠳᠡᠯᠮᠥᠷᠢ ᠪᠠᠶᠢᠳᠠᠭ ᠯᠠ ᠶᠤᠮ ᠪᠣᠯ ᠬᠠᠮᠢᠭ᠎ᠠ ᠴᠦ ᠠᠳᠠᠯᠢᠬᠠᠨ᠃ ᠬᠦᠳᠡᠭᠡ ᠨᠤᠳᠤᠭ ᠢᠶᠠᠨ ᠪᠦᠳᠥᠬᠡᠨ ᠪᠠᠶᠢᠭᠤᠯᠵᠦ ᠂ ᠨᠤᠳᠤᠭ ᠤᠷᠤᠨ ᠤ ᠪᠠᠨ ᠪᠤᠳᠠᠳᠦ ᠪᠠᠶᠢᠳᠠᠯ ᠳᠤ ᠵᠤᠬᠢᠴᠠᠭᠤᠯᠵᠦ᠂ ᠮᠠᠯ ᠠᠵᠦ ᠠᠬᠤᠢ ᠶᠢᠨ ᠦᠢᠯᠡᠰ ᠢᠶᠠᠨ ᠡᠷᠬᠢᠯᠡᠵᠦ᠂ ᠦᠪᠡᠷ ᠤᠨ ᠤᠬᠠᠭᠠᠨ ᠴᠢᠳᠠᠯ ᠳᠠᠭᠠᠨ ᠲᠦᠰᠢᠵᠦ᠂ ᠠᠮᠢᠳᠤᠷᠠᠯ ᠢᠶᠠᠨ ᠥᠬᠡᠳᠡ ᠲᠠᠢ ᠥᠡᠭᠬᠡ ᠲᠠᠢ ᠠᠪᠴᠦ ᠶᠠᠪᠤᠬᠤ ᠨᠢ ᠨᠠᠳᠠ ᠳᠤ ᠶᠠᠭᠤ ᠪᠦᠬᠦᠨ ᠠᠴᠠ ᠢᠯᠡᠬᠦᠦ ᠪᠠᠶᠠᠷ ᠵᠢᠷᠭᠠᠯ ᠲᠠᠢ ᠰᠠᠨᠠᠭᠳᠠᠨ᠎ᠠ ᠁︾ ᠬᠡᠰᠡᠨ ᠪᠠᠳᠦᠮᠦ᠋ᠡᠭᠬᠡ ᠶᠢᠨ ᠶᠠᠷᠢᠶ᠎ᠠ ᠶᠢ ᠰᠤᠨᠤᠰᠴᠦ ᠰᠠᠭᠤᠬᠤ ᠳᠤ ᠲᠡᠬᠦᠨ ᠤ ᠰᠠᠷᠠᠭᠤᠯ ᠮᠠᠷᠭᠠᠰᠢ ᠶᠢᠨ ᠬᠢᠨᠢ ᠲᠦᠰᠥᠪ ᠲᠤᠳᠤᠷᠠᠵᠦ᠂ ᠤᠬᠠᠭ᠎ᠠ ᠲᠠᠮᠢᠷᠯᠢᠭ ᠡᠷᠴᠢᠳᠦ ᠬᠦᠳᠡᠯᠮᠥᠷᠢ ᠠᠴᠠ ᠨᠢ ᠠᠮᠢᠳᠤᠷᠠᠯ ᠦᠢᠯᠡᠰ ᠤᠨ ᠬᠢᠨᠢ ᠵᠦᠪ ᠤᠬᠠᠭᠠᠨ ᠤ ᠢᠷᠠᠭᠤ ᠲᠠᠭᠤᠤ ᠬᠠᠨᠭ᠍ᠬᠢᠨᠠᠬᠤ ᠰᠢᠭ ᠰᠠᠨᠠᠭᠳᠠᠵᠦ ᠪᠢᠯᠡ᠃  
 
ᠢᠷᠡᠯᠲᠡ᠄ ᠤᠯᠠᠭᠠᠨᠴᠠᠪ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2