ᠲᠦᠷᠪᠡᠤᠨ ᠬᠤᠰᠢᠭᠤᠨ ᠤ ᠬᠤᠨᠭ᠍ᠭᠤᠷ ᠮᠤᠩᠭᠤᠯ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2018-04-10
  ᠲᠦᠷᠪᠡᠤᠨ ᠬᠤᠰᠢᠭᠤᠨ ᠤ ᠬᠤᠨᠭ᠍ᠭᠤᠷ ᠮᠤᠩᠭᠤᠯ ᠪᠠᠭ᠎ᠠ ᠰᠤᠷᠭᠠᠭᠤᠯᠢ ᠨᠢ ᠲᠦᠷᠪᠡᠤᠨ ᠬᠤᠰᠢᠭᠤᠨ ᠤ ᠳᠤᠮᠳᠠ ᠬᠤᠶᠢᠲᠤ ᠭᠡᠰᠡᠭ ᠲᠤ ᠪᠠᠶᠢᠷᠢᠰᠢᠵᠤ᠂ ᠬᠤᠰᠢᠭᠤ ᠵᠠᠰᠠᠭ ᠤᠨ ᠤᠷᠳᠤᠨ ᠤ ᠪᠠᠶᠢᠭ᠎ᠠ ᠤᠯᠠᠭᠠᠨᠬᠤᠸᠠ ᠪᠠᠯᠭᠠᠰᠤᠨ ᠠᠴᠠ 64 ᠺᠢᠯᠦᠮᠧᠲᠷ ᠵᠠᠶᠢᠲᠠᠢ ᠬᠤᠨᠭ᠍ᠭᠤᠷ ᠰᠤᠮᠤᠨ ᠳᠤ ᠪᠠᠶᠢᠨ᠎ᠠ᠃ ᠬᠤᠨᠭ᠍ᠭᠤᠷ ᠮᠤᠩᠭᠤᠯ ᠰᠤᠷᠭᠠᠭᠤᠯᠢ ᠨᠢ 1951 ᠤᠨ  ᠳᠤ ᠪᠠᠶᠢᠭᠤᠯᠤᠭᠳᠠᠵᠤ᠂ ᠮᠠᠨ ᠤ ᠬᠤᠰᠢᠭᠤᠨ ᠤ ᠬᠠᠮᠤᠭ ᠡᠷᠲᠡ ᠪᠠᠶᠢᠭᠤᠯᠤᠭᠳᠠᠭᠰᠠᠨ ᠮᠤᠩᠭᠤᠯ ᠦᠨᠳᠦᠰᠦᠲᠡᠨ ᠤ ᠰᠤᠷᠭᠠᠭᠤᠯᠢ ᠪᠠᠶᠢᠵᠤ᠂ ᠮᠠᠯᠵᠢᠬᠤ ᠤᠷᠤᠨ ᠤ ᠦᠯᠡᠳᠡᠵᠦ ᠪᠠᠶᠢᠭ᠎ᠠ ᠴᠤᠷ ᠤᠨ ᠭᠠᠭᠴᠠ ᠮᠤᠩᠭᠤᠯ ᠪᠠᠭ᠎ᠠ ᠰᠤᠷᠭᠠᠭᠤᠯᠢ ᠮᠦᠷᠲᠡᠭᠡᠨ ᠤᠯᠠᠭᠠᠨᠴᠠᠪ ᠬᠤᠲᠠ ᠶᠢᠨ ᠮᠤᠩᠭᠤᠯ ᠪᠠᠷ ᠬᠢᠴᠢᠶᠡᠯᠯᠡᠬᠦ ᠵᠢᠷᠭᠤᠭᠠᠨ ᠵᠢᠯ ᠤᠨ ᠦᠪᠡᠷᠲᠡᠭᠡᠨ ᠪᠠᠶᠢᠷᠢ ᠲᠠᠢ ᠰᠤᠷᠭᠠᠭᠤᠯᠢ ᠪᠤᠯᠤᠨ᠎ᠠ᠃ ᠲᠤᠰ ᠰᠤᠷᠭᠠᠭᠤᠯᠢ ᠨᠢ ᠮᠠᠨ ᠤ ᠬᠤᠰᠢᠭᠤᠨ ᠤ ᠲᠠᠪᠤᠨ ᠰᠤᠮᠤᠨ ᠤ ᠨᠡᠶᠢᠭᠡᠮ  ᠤᠨ ᠳᠤᠤᠷ᠎ᠠ ᠪᠠᠲᠤᠯᠠᠭ᠎ᠠ ᠲᠠᠢ ᠡᠷᠦᠬᠡ ᠶᠢᠨ ᠦᠷ᠎ᠡ ᠬᠡᠤᠬᠡᠤᠨ ᠤᠨ ᠦᠨᠳᠦᠰᠦᠨ ᠰᠠᠭᠤᠷᠢ ᠶᠢ ᠬᠦᠮᠦᠵᠢᠭᠦᠯᠬᠦ ᠡᠭᠦᠷᠭᠡ ᠬᠠᠷᠢᠭᠤᠴᠠᠯᠭ᠎ᠠ ᠲᠠᠢ᠃ ᠰᠤᠷᠭᠠᠭᠤᠯᠢ ᠶᠢᠨ ᠪᠦᠬᠦ ᠲᠠᠯᠠᠪᠠᠢ ᠨᠢ 21700 ᠭᠠᠷᠤᠢ ᠲᠡᠭᠰᠢ ᠲᠦᠷᠪᠡᠯᠵᠢᠨ ᠮᠧᠲᠷ ᠪᠠᠶᠢᠵᠤ᠂ ᠰᠤᠷᠭᠠᠭᠤᠯᠢ  ᠶᠢᠨ ᠪᠠᠶᠢᠷᠢ ᠶᠢᠨ ᠪᠠᠶᠢᠭᠤᠯᠤᠭᠰᠠᠨ ᠲᠠᠯᠠᠪᠠᠢ ᠨᠢ 1298 ᠲᠡᠭᠰᠢ ᠲᠦᠷᠪᠡᠯᠵᠢᠨ ᠮᠧᠲᠷ ᠪᠠᠶᠢᠨ᠎ᠠ᠃ ᠬᠠᠤᠯᠢ ᠶᠢᠨ ᠲᠦᠯᠦᠭᠡᠯᠡᠭᠴᠢ ᠨᠢ ᠶᠦᠨ ᠸᠧᠨ ᠺᠦᠢ᠂ ᠰᠤᠷᠭᠠᠭᠤᠯᠢ ᠨᠢ 32 ᠪᠠᠭᠰᠢ ᠠᠵᠢᠯᠲᠠᠨ ᠲᠠᠢ ᠪᠠᠶᠢᠵᠤ᠂ 96 ᠰᠤᠷᠤᠭᠴᠢ ᠂ 7 ᠬᠢᠴᠢᠶᠡᠯ ᠤᠨ ᠭᠡᠷ ᠲᠠᠢ᠃
 
ᠢᠷᠡᠯᠲᠡ᠄ 《ᠲᠦᠷᠪᠡᠤᠨ ᠤᠨ ᠰᠤᠶᠤᠯ ᠲᠡᠤᠬᠡ ᠶᠢᠨ ᠬᠡᠯᠬᠢᠶᠡᠰᠦ》 ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2