— 2018 ᠤᠨ ᠤ ᠠᠷᠠᠤᠨ ᠤᠨ ᠵᠠᠰᠠᠭ ᠤᠨ ᠤᠷᠳᠤᠨ ᠤ ᠠᠵᠢᠯ ᠤᠨ ᠢᠯᠡᠤᠨᠬᠡᠯ
ᠨᠡᠶᠢᠲᠡᠯᠡᠭᠰᠡᠨ ᠴᠠᠭ᠄
2018-04-11
—— 2018 ᠤᠨ ᠤ 2 ᠰᠠᠷ᠎ᠠ 27 ᠤ ᠡᠳᠦᠷ ᠤᠨ ᠲᠦᠷᠪᠡᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ                                                               ᠵᠤᠤ ᠯᠢ ᠭᠥᠸᠧᠡᠯ᠎ᠡ ᠲᠦᠯᠦᠭᠡᠯᠡᠭᠴᠢᠳ ᠡ᠄ ᠤᠳᠦ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠳᠠ ᠬᠢᠶ᠎ᠠ᠂ ᠬᠢᠨᠠᠨ ᠵᠦᠪᠯᠡᠬᠦ ᠪᠤᠯᠪᠠᠤ᠂ ᠲᠠᠷᠡᠴᠢᠯᠠᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠠᠨ ᠨᠦᠬᠦᠳ ᠤᠳ ᠰᠠᠨᠠᠯ ᠢᠶᠠᠨ ᠲᠤᠷᠠᠳᠬᠤ ᠪᠤᠯᠪᠠᠤ᠃ᠨᠢᠭᠡ᠂ 2017 ᠤᠨ ᠤ ᠠᠵᠢᠯ ᠤᠨ ᠡᠷᠬᠢᠴᠡᠬᠦᠯᠦᠯᠵᠢᠯ ᠲᠤᠷᠰᠢ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ᠂ ᠬᠤᠰᠢᠭᠤᠨ ᠤ ᠨᠠᠮ ᠤᠨ ᠬᠤᠷᠢᠶᠠᠨ ᠤ ᠪᠠᠳᠦ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠲᠡᠮᠵᠢᠯᠬᠡ ᠲᠤᠤᠷ᠎ᠠ᠂ ᠬᠤᠰᠢᠭᠤᠨ ᠤ ᠵᠠᠰᠠᠭ ᠤᠨ ᠤᠷᠳᠤᠨ ᠰᠢ ᠶᠢᠨ ᠫᠢᠩ ᠶᠡᠷᠦᠩᠭᠡᠢ ᠱᠦᠵᠢ ᠶᠢᠨ ᠠᠯᠢ ᠤᠯᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠲᠦᠷᠦ ᠵᠠᠰᠠᠭ  ᠢ ᠴᠡᠭᠴᠡᠯᠡᠬᠦ ᠰᠢᠨ᠎ᠠ ᠤᠶᠢᠯᠠᠭᠠᠭᠳᠠᠬᠤᠨ᠂ ᠰᠢᠨ᠎ᠠ ᠰᠡᠳᠬᠢᠴᠡ᠂ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠭᠡᠢ ᠬᠦᠭ ᠢ ᠪᠠᠷᠢᠮᠳᠠᠯᠠᠨ ᠂ ︽ᠲᠠᠪᠤᠨ ᠶᠡᠭᠡ ᠬᠦᠭᠵᠢᠯᠳᠠ︾ ᠶᠢᠨ ᠤᠶᠢᠯᠠᠭᠠᠭᠳᠠᠬᠤᠨ ᠢ ᠬᠢᠨᠠᠮᠠᠭᠠᠢ ᠦᠢᠯᠡᠳᠦᠯᠭᠡᠵᠢᠬᠦᠯᠵᠦ᠂ ︽ᠲᠠᠪᠤ ᠶᠢ ᠨᠢᠬᠡ ᠴᠤᠭᠴᠠᠵᠢᠭᠤᠯᠬᠤ︾ ᠶᠡᠷᠦᠩᠭᠡᠢ ᠪᠠᠶᠢᠷᠢᠯᠠᠭᠤᠯᠤᠯᠳᠠ ᠪᠠ ︽ᠲᠦᠷᠪᠡᠨ ᠪᠦᠬᠦ ᠲᠠᠯ᠎ᠠ︾ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠪᠠᠳᠦᠳᠠᠢ ᠠᠬᠢᠭᠤᠯᠵᠦ᠂ ᠠᠮᠢ ᠠᠬᠤᠢ᠂ ᠮᠠᠯ ᠲᠠᠷᠢᠶᠠᠯᠠᠩ᠂ ᠠᠵᠦ ᠦᠢᠯᠡᠳᠪᠦᠷᠢ᠂ ᠰᠤᠶᠤᠯ ᠵᠢᠭᠤᠯᠴᠢᠯᠠᠯ᠂ ᠠᠷᠠᠯᠵᠢᠶ᠎ᠠ ᠲᠠᠸᠠᠷ ᠵᠠᠷᠭᠡᠪᠠᠷ ᠴᠡᠴᠡᠭᠯᠡᠨ ᠬᠦᠭᠵᠢᠭᠰᠡᠨ ᠲᠠᠪᠤᠨ ᠶᠡᠭᠡ ᠬᠦᠭᠵᠢᠯᠳᠠ ᠶᠢᠨ ᠰᠡᠳᠭᠢᠴᠡ  ᠶᠢᠨ ᠲᠤᠭᠤᠷᠢᠨ ᠳᠤ᠂ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯ ᠲᠡᠭᠡᠷ᠎ᠡ ᠲᠤᠭᠳᠠᠭᠰᠠᠨ ᠬᠠᠷᠠᠯᠳᠠ ᠡᠬᠦᠷᠬᠡ ᠶᠢ ᠲᠡᠭᠦᠰ ᠠᠮᠵᠢᠯᠳᠠ ᠲᠠᠢ ᠪᠠᠶᠠᠯᠡᠬᠦᠯᠪᠠ᠃ ᠲᠦᠪ᠂ ᠦᠪᠡᠷᠳᠡᠭᠡᠨ ᠵᠠᠰᠠᠬᠤ ᠤᠷᠤᠨ᠂ ᠬᠤᠳᠠ ᠶᠢᠨ ᠨᠢᠭᠡᠳᠦᠯᠳᠠᠢ ᠱᠠᠭᠠᠷᠳᠠᠯᠭ᠎ᠠ ᠶᠤᠰᠤᠭᠠᠷ ᠪᠢᠳᠠ ᠦᠨᠡᠨ ᠠᠴᠠ ᠵᠦᠪ ᠢ ᠡᠷᠢᠬᠦ ᠶᠢ ᠪᠠᠷᠢᠮᠳᠠᠯᠠᠨ᠂ ᠶᠠᠰᠦ ᠴᠢᠨᠠᠷ ᠢ ᠬᠦᠭᠵᠢᠬᠦᠯᠬᠦ ᠵᠠᠷᠴᠢᠮ ᠢ ᠴᠢᠬᠤᠯᠠᠴᠢᠯᠠᠵᠦ᠂ ᠠᠵᠦ ᠠᠬᠤᠢ ᠶᠢᠨ ᠲᠤᠭ᠎ᠠ ᠪᠠᠷᠢᠮᠳᠠ ᠶᠢᠨ ᠲᠠᠯ᠎ᠠ ᠪᠠᠷ ᠬᠢ ᠵᠠᠷᠢᠮ ᠬᠡᠢ ᠬᠤᠭᠤᠰᠤᠨ ᠢᠶᠠᠷ ᠡᠷᠬᠢᠯᠳᠤᠭᠦᠯᠦᠨ ᠨᠠᠮᠡᠭᠳᠡᠬᠦᠯᠬᠦ ᠦᠵᠡᠭᠳᠡᠯ ᠤᠳ ᠢ ᠡᠷᠡᠰ ᠲᠡᠪᠴᠢᠪᠠ᠃ 2017 ᠤᠨ ᠳᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ 53.6 ᠳ᠋ᠦᠩᠰᠢᠭᠤᠷ ᠲᠦᠭᠦᠷᠢᠭ ᠲᠤ ᠬᠦᠷᠴᠦ᠂ 4.1% ᠦᠰᠪᠠ᠃ 32.1 ᠳ᠋ᠦᠩᠰᠢᠭᠤᠷ ᠲᠦᠭᠦᠷᠢᠭ ᠤᠨ ᠲᠤᠭᠳᠠᠭᠰᠠᠨ ᠬᠦᠷᠦᠩᠭᠡ ᠶᠢᠨ ᠪᠠᠯᠠ ᠤᠷᠤᠭᠤᠯᠵᠦ᠂ 32.6% ᠪᠠᠭᠤᠷᠠᠪᠠ᠃ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 9618 ᠲᠦᠮᠡᠨ ᠲᠦᠬᠦᠷᠢᠭ ᠳ᠋ᠦᠩᠰᠢᠭᠤᠷ ᠲᠦᠭᠦᠷᠢᠭ ᠲᠤ ᠬᠦᠷᠴᠦ᠂ 2.8% ᠦᠰᠪᠠ᠃ ᠬᠤᠳᠠ ᠪᠠᠯᠭᠠᠰᠦ ᠪᠤᠯᠤᠨ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠡᠵᠡᠮᠰᠢᠵᠦ ᠪᠤᠯᠬᠤᠶᠢᠴᠠ ᠤᠷᠤᠯᠭ᠎ᠠ ᠲᠤᠰᠪᠤᠷᠢ 26833᠂ 9937 ᠲᠦᠬᠦᠷᠢᠭ ᠲᠤ ᠬᠦᠷᠴᠦ᠂ 8.4% ᠪᠠ 8.5% ᠦᠰᠪᠠ᠃ ᠭᠤᠷᠪᠠᠳᠤᠭᠠᠷ ᠠᠵᠦ ᠠᠬᠤᠢ ᠶᠢᠨ ᠪᠦᠳᠦᠴᠠ ᠶᠢᠨ ᠬᠠᠷᠢᠴᠠᠯ ᠲᠤᠰᠪᠤᠷᠢ 25.6᠄ 32.9᠄ 41.5 ᠪᠤᠯᠪᠠ᠃— ᠰᠢᠨᠵᠢᠯᠡᠬᠦ ᠤᠬᠠᠭᠠᠨᠴᠢ ᠪᠠᠷ ᠤᠳᠤᠷᠢᠳᠤᠨ ᠲᠠᠭᠠᠭᠤᠯᠬᠤ ᠶᠢ ᠪᠠᠷᠢᠮᠳᠠᠯᠠᠨ᠂ ᠤᠯᠠᠮᠵᠢᠯᠠᠯᠳᠦ ᠮᠠᠯ ᠲᠠᠷᠢᠶᠠᠯᠠᠩ  ᠤᠨ ᠦᠢᠯᠡᠰ ᠰᠢᠨ᠎ᠠ ᠠᠯᠬᠤᠮ ᠢ ᠪᠠᠶᠠᠯᠡᠬᠦᠯᠪᠠᠰᠢᠨᠵᠢᠯᠡᠬᠦ ᠤᠬᠠᠭᠠᠨᠴᠢ ᠪᠠᠷ ᠵᠠᠬ᠎ᠠ ᠲᠠᠯᠬᠡᠬᠦᠷ ᠢ ᠲᠠᠭᠠᠭᠤᠯᠵᠦ᠂ ᠵᠠᠬ᠎ᠠ ᠲᠡᠯᠭᠡᠭᠦᠷ ᠠᠴᠠ ᠦᠷ᠎ᠡ ᠠᠰᠢᠭ ᠢ ᠤᠯᠬᠤ ᠶᠢ ᠪᠠᠷᠢᠮᠳᠠᠯᠠᠨ᠂ ᠰᠠᠶᠢᠨ ᠦᠷ᠎ᠡ ᠶᠢ ᠡᠬᠦᠯᠳᠡᠷᠵᠢᠬᠦᠯᠬᠦ ᠵᠠᠷᠬᠡ ᠪᠤᠳᠠᠳᠠᠢ ᠮᠡᠷᠭᠡᠵᠢᠯ ᠢ ᠶᠡᠬᠡᠪᠡᠷ ᠲᠡᠯᠭᠡᠷᠡᠬᠦᠯᠪᠠ᠃ ᠪᠦᠷᠬᠦᠪᠴᠢ ᠶᠢᠨ ᠲᠤᠤᠷ᠎ᠠ ᠲᠤᠰᠤᠯᠭᠠᠨ ᠤᠰᠤᠯᠠᠬᠤ ᠲᠠᠷᠢᠶ᠎ᠠ 4.3 ᠲᠦᠮᠡᠨ ᠮᠤ᠋ ᠨᠠᠮᠠᠵᠦ᠂ ᠲᠦᠮᠦᠰᠦ ᠲᠠᠷᠢᠬᠤ ᠲᠠᠯᠠᠪᠠᠢ ᠶᠢ 80 ᠲᠦᠮᠡ ᠭᠠᠷᠤᠢ ᠮᠤ᠋ ᠲᠤᠳᠤᠷ᠎ᠠ ᠲᠤᠭᠳᠠᠷᠢᠵᠢᠭᠤᠯᠪᠠ᠃ ᠪᠦᠬᠦ ᠬᠤᠰᠢᠭᠤᠨ ᠤ ᠲᠦᠮᠦᠰᠦᠨ ᠤ ᠲᠠᠷᠢᠮᠠᠯ ᠢ ᠲᠠᠸᠠᠷ ᠤᠨ ᠲᠦᠮᠦᠰᠦ ᠠᠴᠠ ᠦᠷ᠎ᠡ ᠶᠢᠨ ᠲᠦᠮᠦᠰᠦ ᠪᠤᠯᠭᠠᠨ ᠬᠤᠪᠢᠷᠠᠭᠤᠯᠵᠦ᠂ ᠵᠢᠯ ᠲᠤᠳᠤᠷ᠎ᠠ ᠤᠤᠯ ᠡᠬᠦᠯᠳᠠᠷ ᠤᠨ ᠲᠦᠮᠦᠰᠦ ᠪᠠ ᠨᠢᠭᠡᠳᠦᠭᠡᠷ ᠲᠠᠰ ᠤᠨ ᠦᠷ᠎ᠡ ᠦᠷᠡᠵᠢᠬᠦᠯᠬᠦ ᠰᠠᠭᠤᠷᠢᠨ ᠭᠠᠵᠠᠷ 1.6 ᠲᠦᠮᠡᠨ ᠮᠤ᠋ ᠪᠠᠶᠢᠭᠤᠯᠵᠦ᠂ 4 ᠲᠦᠮᠡᠨ ᠮᠤ᠋ ᠴᠢᠨᠠᠷᠯᠢᠭ ᠬᠢᠷᠢ ᠲᠠᠩᠴᠡᠭᠰᠡᠨ ᠦᠷ᠎ᠡ ᠶᠢᠨ ᠲᠦᠮᠦᠰᠦ ᠦᠢᠯᠡᠳᠪᠦᠷᠢᠯᠠᠵᠦ᠂ ᠲᠦᠮᠦᠰᠦ ᠲᠠᠷᠢᠵᠦ ᠡᠭᠦᠯᠳᠡᠷᠵᠢᠬᠦᠯᠬᠦ ᠨᠤᠷᠮ᠎ᠠ ᠶᠢ 90% ᠠᠴᠠ ᠲᠡᠭᠡᠭᠰᠢ ᠬᠦᠷᠬᠡᠪᠠ᠃ 3 ᠤᠶᠤᠨᠳᠦ ᠬᠦᠮᠦᠷᠬᠡ ᠪᠠᠶᠢᠭᠤᠯᠵᠦ᠂ 8 ᠳ᠋ᠦᠩᠰᠢᠭᠤᠷ ᠵᠢᠩ ᠤᠨ ᠲᠦᠮᠦᠰᠦ ᠨᠦᠭᠡᠴᠡᠯᠡᠬᠦ ᠴᠢᠳᠠᠪᠬᠢ ᠲᠠᠢ ᠪᠤᠯᠪᠠ᠃ ᠳ᠋ᠦ᠋ ᠮᠧᠩ ᠢᠳᠡᠰᠢᠨ ᠬᠤᠨᠢᠨ ᠤ ᠰᠢᠨ᠎ᠠ ᠡᠬᠦᠯᠳᠡᠷ ᠢ ᠪᠤᠶᠢᠵᠢᠭᠤᠯᠬᠤ ᠢᠨᠵᠧᠨᠧᠷᠢᠩ ᠢ ᠰᠢᠨᠠᠴᠢᠯᠠᠨ ᠵᠢᠱᠢᠶ᠎ᠠ ᠦᠵᠡᠬᠦᠯᠬᠦ 2280 ᠡᠷᠦᠬᠡ  ᠲᠠᠢ ᠪᠤᠯᠵᠦ᠂ 30.3 ᠲᠦᠮᠡᠨ ᠳ᠋ᠦ᠋ ᠮᠧᠩ ᠢᠳᠡᠰᠢᠨ ᠬᠤᠨᠢ ᠶᠢ ᠡᠬᠦᠯᠳᠡᠷᠵᠢᠬᠦᠯᠦᠨ ᠬᠡᠬᠡᠯᠳᠦᠭᠦᠯᠪᠠ᠃ ᠳ᠋ᠦ᠋ ᠮᠧᠩ ᠢᠳᠡᠰᠢᠨ ᠬᠤᠨᠢ ᠶᠢ ᠠᠮᠢ ᠠᠬᠤᠶᠢᠴᠢᠯᠠᠨ ᠲᠠᠵᠢᠭᠡᠬᠦ ᠶᠡᠷᠦᠩᠭᠡᠢ ᠲᠦᠬᠦᠷ ᠮᠠᠷᠭᠡᠵᠢᠯ ᠢ ᠲᠦᠯᠬᠢᠨ ᠠᠬᠢᠭᠤᠯᠬᠤ ᠲᠦᠷᠦᠯ ᠵᠦᠢᠯ ᠪᠦᠬᠦ ᠬᠤᠳᠠ ᠶᠢᠨ ᠰᠢᠨᠵᠢᠯᠡᠬᠦ ᠤᠬᠠᠭᠠᠨᠴᠢ ᠲᠠᠪᠰᠢᠩᠭᠤᠢ ᠱᠠᠩᠨᠠᠯ ᠢ ᠬᠦᠷᠳᠡᠵᠦ᠂ ᠰᠠᠢ ᠨᠥᠸᠧ ᠺᠤᠮᠫᠠᠨᠢ 2017 ᠤᠨ ᠤ ᠤᠯᠠᠭᠠᠨᠴᠠᠪ ᠬᠤᠳᠠ ᠶᠢᠨ ᠬᠤᠳᠠ ᠶᠢᠨ ᠲᠠᠷᠤᠭᠠᠳᠦ ᠴᠢᠨᠠᠷ ᠴᠢᠨᠰᠠᠭ᠎ᠠ ᠶᠢᠨ ᠱᠠᠩᠨᠠᠯ ᠬᠦᠷᠳᠡᠪᠠ᠃ ᠤᠯᠠᠨ ᠵᠦᠢᠯ ᠤᠨ ᠬᠡᠯᠪᠡᠷᠢ ᠪᠠᠷ ᠬᠡᠪᠴᠢᠶᠠᠵᠢᠭᠰᠡᠨ ᠡᠵᠡᠩᠨᠡᠯᠳᠠ ᠶᠢ ᠬᠦᠬᠢᠭᠦᠯᠵᠦ᠂ ᠮᠠᠯᠵᠢᠬᠤ ᠲᠠᠷᠢᠶᠠᠯᠠᠬᠤ ᠡᠷᠦᠬᠡ ᠶᠢᠨ ᠭᠠᠵᠠᠷ ᠰᠢᠷᠤᠢ᠂ ᠨᠤᠳᠤᠭ ᠪᠡᠯᠴᠢᠭᠡᠷ ᠶᠢᠨ ᠡᠵᠡᠩᠨᠡᠯᠳᠠ ᠶᠢᠨ ᠡᠷᠬᠡ ᠪᠠᠷ ᠲᠤᠯᠤᠭᠠᠶᠢᠯᠠᠭᠴᠢ ᠠᠵᠦ ᠠᠬᠤᠶᠢᠯᠠᠯ ᠪᠤᠯᠤᠨ ᠲᠤᠰᠬᠠᠢ ᠬᠤᠷᠰᠢᠶᠠᠵᠢᠶᠠᠯ ᠳᠤ ᠤᠷᠤᠯᠴᠠᠬᠤ ᠶᠢ ᠲᠠᠮᠵᠢᠵᠦ᠂ 170 ᠡᠷᠦᠬᠡ ᠠᠮᠢ ᠠᠬᠤᠶᠢᠳᠦ ᠬᠡᠷ ᠪᠦᠯᠢ ᠶᠢᠨ ᠮᠠᠯᠵᠢᠯ ᠤᠨ ᠲᠠᠯᠠᠪᠠᠢ ᠰᠢᠨ᠎ᠠ ᠪᠠᠷ ᠪᠠᠶᠢᠭᠤᠯᠤᠭᠳᠠᠪᠠ᠃ ᠮᠠᠯ ᠲᠠᠷᠢᠶᠠᠯᠠᠩ ᠤᠨ ᠰᠢᠨᠵᠢᠯᠡᠬᠦ ᠤᠬᠠᠭᠠᠨᠴᠢ ᠡᠬᠦᠳᠦᠯᠳᠠ ᠪᠠ ᠲᠦᠯᠬᠢᠨ ᠠᠬᠢᠭᠤᠯᠬᠤ ᠲᠤᠭᠳᠠᠯᠴᠠᠭ᠎ᠠ ᠶᠢᠨ ᠰᠢᠨ᠎ᠠ ᠶᠢ ᠡᠭᠦᠳᠴᠦ᠂ ᠦᠪᠦᠷ ᠮᠤᠩᠭᠤᠯ ᠤᠨ ᠮᠠᠯᠵᠢᠬᠤ ᠲᠠᠷᠢᠶᠠᠯᠠᠬᠤ ᠦᠢᠯᠡᠰ ᠤᠨ ᠰᠢᠨᠵᠢᠯᠡᠬᠦ ᠤᠬᠠᠭᠠᠨᠴᠢ ᠬᠦᠷᠢᠶᠠᠯᠠᠩ ᠤᠨ ︽ᠬᠦᠷᠢᠶᠠᠯᠠᠩ ᠭᠠᠵᠠᠷ ᠢ ᠬᠠᠮᠳᠤᠪᠠᠷ ᠪᠠᠶᠢᠭᠤᠯᠬᠤ︾ ᠵᠢᠱᠢᠶ᠎ᠠ ᠦᠵᠡᠬᠦᠯᠬᠦ ᠬᠤᠰᠢᠭᠤᠨ ᠤ ᠬᠤᠨᠢᠨ ᠦᠢᠯᠡᠰ ᠤᠨ ᠲᠡᠪᠴᠡᠩ ᠢ ᠠᠮᠵᠢᠯᠳᠠ ᠲᠠᠢ ᠡᠷᠬᠢᠯᠡᠵᠦ᠂ ᠶᠡᠭᠡ ᠲᠤᠭ᠎ᠠ ᠪᠠᠷᠢᠮᠳᠠ ᠶᠢᠨ ᠤᠳᠤᠬᠢᠴᠢᠯᠠᠭᠰᠠᠨ ᠢᠳᠡᠰᠢᠨ ᠬᠤᠨᠢᠨ ᠤ ᠠᠵᠦ ᠦᠢᠯᠡᠰ ᠤᠨ ᠬᠦᠭᠵᠢᠯᠳᠠ ᠳᠤ ᠰᠢᠨ᠎ᠠ ᠰᠡᠳᠬᠢᠴᠡ ᠰᠢᠨ᠎ᠠ ᠠᠷᠭ᠎ᠠ ᠵᠠᠮ ᠤᠯᠭᠤᠨ ᠦᠭᠴᠠᠢ᠃ ᠮᠠᠯᠵᠢᠬᠤ ᠲᠠᠷᠢᠶᠠᠯᠠᠬᠤ ᠦᠢᠯᠡᠰ ᠤᠨ ᠪᠠᠷᠢᠮᠵᠢᠶᠠᠵᠢᠭᠰᠠᠨ ᠦᠢᠯᠡᠳᠪᠦᠷᠢᠯᠠᠯ᠂ ᠮᠠᠯ ᠲᠠᠷᠢᠶᠠᠯᠠᠩ ᠤᠨ ᠦᠢᠯᠡᠳᠬᠦᠨ ᠤ ᠭᠠᠷᠤᠯᠳᠠ  ᠶᠢᠨ ᠤᠷᠤᠨ ᠪᠠ ᠶᠠᠰᠦ ᠴᠢᠨᠠᠷ ᠤᠨ ᠠᠮᠤᠷ ᠲᠦᠪᠰᠢᠨ ᠢ ᠮᠦᠷᠳᠡᠬᠦ ᠰᠢᠰᠲ᠋ᠧᠮ ᠤᠨ ᠪᠠᠶᠢᠭᠤᠯᠤᠯᠳᠠ ᠴᠢᠬᠤᠯᠠ ᠶᠡᠭᠡ ᠰᠢᠪᠳᠤᠯᠳᠠ ᠶᠢ ᠤᠯᠪᠠ᠃ ᠮᠠᠯ ᠲᠠᠷᠢᠶᠠᠯᠠᠩ ᠤᠨ ᠪᠦᠳᠦᠭᠡᠭᠳᠡᠬᠦᠨ ᠤ ᠲᠠᠸᠠᠷ ᠤᠨ ᠲᠠᠮᠳᠡᠭ 11 ᠶᠢ ᠲᠠᠩᠰᠠᠯᠠᠵᠦ᠂ 16 ᠠᠵᠦ ᠠᠬᠤᠶᠢᠯᠠᠯ ︽ᠭᠤᠷᠪᠠᠨ ᠲᠠᠮᠳᠡᠭ ᠨᠢᠬᠡ ᠪᠠᠷᠢᠮᠵᠢᠶ᠎ᠠ︾ ᠪᠠᠷ ᠦᠨᠡᠯᠡᠭᠳᠡᠨ᠂ 7 ᠠᠵᠦ ᠠᠬᠤᠶᠢᠯᠠᠯ ᠤᠯᠠᠨ ᠤᠯᠤᠰ ᠤᠨ ᠶᠠᠰᠦ ᠴᠢᠨᠠᠷ ᠤᠨ ᠬᠠᠮᠢᠶᠠᠷᠤᠯᠳᠠ ᠶᠢᠨ ᠰᠢᠰᠲ᠋ᠧᠮ ᠢᠶᠠᠷ ᠬᠡᠷᠡᠴᠢᠯᠡᠭᠳᠡᠪᠠ᠃— ᠠᠵᠦ ᠦᠢᠯᠡᠰ ᠢ ᠬᠤᠪᠢᠷᠠᠭᠤᠯᠬᠤ ᠶᠢ ᠪᠠᠷᠢᠮᠳᠠᠯᠠᠨ᠂ ᠠᠵᠦ ᠦᠢᠯᠡᠳᠪᠦᠷᠢ ᠠᠵᠦ ᠠᠬᠤᠢ ᠦᠷᠬᠦᠯᠵᠢᠯᠠᠨ ᠭᠦᠭᠵᠢᠪᠠᠴᠠᠪᠠᠷ ᠡᠨᠧᠷᠬᠢ ᠪᠠᠷ ᠪᠤᠬᠢᠷᠳᠤᠯ ᠦᠭᠡᠢ ᠬᠦᠭᠵᠢᠯᠳᠠ ᠶᠢ ᠠᠬᠢᠭᠤᠯᠵᠦ᠂ ᠠᠵᠦ ᠦᠢᠯᠡᠰ ᠤᠨ ᠬᠤᠪᠢᠷᠠᠨ ᠲᠠᠪᠰᠢᠬᠦ ᠶᠢ ᠲᠠᠰᠤᠷᠠᠯᠳᠠ ᠦᠭᠡᠢ ᠠᠬᠢᠭᠤᠯᠪᠠ᠃ ᠬᠡᠪᠴᠢᠶᠠᠨ ᠠᠴᠠ ᠲᠡᠭᠡᠭᠰᠢᠬᠢ ᠠᠵᠦ ᠦᠢᠯᠡᠳᠪᠦᠷᠢ ᠠᠵᠦ ᠠᠬᠤᠶᠢᠯᠠᠯ 41 ᠡᠷᠦᠬᠡ ᠬᠦᠷᠴᠦ᠂ 10 ᠵᠦᠢᠯ ᠤᠨ 3000 ᠲᠦᠮᠡᠨ ᠲᠦᠬᠦᠷᠢᠭ ᠠᠴᠠ ᠲᠡᠭᠡᠭᠰᠢ ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠬᠦᠯᠦᠨ᠂ 8.6 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠪᠠ᠃ ᠵᠦᠨ ᠱᠢᠩ᠂ ᠮᠢᠩ ᠵᠢᠶᠧ ᠭᠡᠷᠡᠯ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠢ ᠲᠤᠤᠷ ᠲᠤ ᠨᠠᠶᠢᠯᠡᠭᠦᠯᠦᠨ ᠴᠠᠬᠢᠯᠭᠠᠨ ᠭᠠᠷᠭᠠᠭᠤᠯᠵᠦ᠂ ᠰᠠᠯᠬᠢ ᠭᠡᠷᠡᠯ ᠴᠠᠬᠢᠯᠭᠠᠨ ᠤ ᠶᠡᠷᠦᠩᠭᠡᠢ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ 108 ᠲᠦᠮᠡᠨ ᠺᠢᠯᠤᠸᠠᠲ ᠬᠦᠷᠪᠠ᠃  ᠨᠠᠶᠢᠳᠠ 15.6 ᠳ᠋ᠦᠩᠰᠢᠭᠤᠷ ᠲᠦᠭᠦᠷᠢᠭ ᠤᠨ ᠪᠠᠯᠠ ᠤᠷᠤᠭᠤᠯᠤᠭᠰᠠᠨ ᠶᠥᠩ ᠾᠧ ᠹᠯᠤᠷ ᠬᠢᠮᠢ ᠶᠢᠨ ᠦᠢᠯᠡᠳᠪᠦᠷᠢ ᠶᠢᠨ ᠲᠤᠤᠷᠠᠳᠦ ᠲᠠᠯ᠎ᠠ ᠶᠢᠨ ᠪᠦᠳᠦᠭᠡᠭᠳᠡᠬᠦᠨ ᠤ 4 ᠲᠦᠷᠦᠯ ᠵᠦᠢᠯ ᠢ ᠠᠰᠢᠭᠯᠠᠯᠳᠠ ᠳᠤ ᠤᠷᠤᠭᠤᠯᠵᠦ ᠡᠵᠡᠩᠨᠡᠪᠠ᠃ ᠴᠢᠯᠠᠭᠤᠨ ᠮᠠᠲ᠋ᠧᠷᠢᠶᠠᠯ ᠤᠨ ᠬᠦᠷᠢᠶᠠᠯᠠᠩ ᠵᠢᠯ ᠳᠤ 200 ᠲᠦᠮᠡᠨ ᠲᠡᠭᠰᠢ ᠲᠦᠷᠪᠡᠯᠵᠢᠨ ᠮᠧᠲᠷ ᠴᠢᠮᠡᠭᠯᠡᠯ ᠬᠠᠪᠳᠠᠰᠦ ᠦᠢᠯᠡᠳᠪᠦᠷᠢᠯᠠᠪᠠ᠃ ᠲᠦᠮᠦᠰᠦ᠂ ᠬᠠᠷᠭᠠᠨ᠎ᠠ᠂ ᠨᠠᠷᠠᠨ ᠬᠤᠸᠠᠷ ᠤᠨ ᠦᠷ᠎ᠡ᠂ ᠮᠢᠬᠠᠨ ᠤ ᠵᠦᠢᠯ ᠵᠡᠷᠬᠡ ᠮᠠᠯ ᠲᠠᠷᠢᠶᠠᠯᠠᠩ ᠤᠨ ᠪᠦᠳᠦᠭᠡᠭᠳᠡᠬᠦᠨ ᠢ ᠪᠤᠯᠪᠠᠰᠤᠷᠠᠭᠤᠯᠬᠤ ᠶᠢ ᠤᠯᠠᠮ ᠨᠠᠷᠢᠯᠢᠭᠵᠢᠭᠤᠯᠤᠨ ᠪᠠᠷᠢᠮᠵᠢᠶᠠᠵᠢᠭᠤᠯᠵᠦ᠂ ᠠᠵᠦ ᠦᠢᠯᠡᠰ ᠤᠨ ᠬᠡᠯᠬᠢᠶ᠎ᠠ ᠶᠢ ᠤᠯᠠᠮ ᠨᠢᠬᠡ ᠠᠯᠬᠤᠮ ᠦᠷᠭᠡᠳᠭᠡᠪᠠ᠃— ᠰᠢᠨ᠎ᠠ ᠶᠢ ᠡᠬᠦᠳᠦᠨ ᠲᠠᠭᠠᠭᠤᠯᠤᠨ ᠲᠠᠶᠢᠴᠢᠯᠠᠬᠤ ᠶᠢ ᠪᠠᠷᠢᠮᠳᠠᠯᠠᠨ᠂ ᠤᠳᠤᠬᠢᠴᠢᠯᠠᠭᠰᠠᠨ ᠦᠢᠯᠡᠴᠢᠯᠡᠬᠡᠨ ᠤ ᠦᠢᠯᠡᠰ ᠬᠦᠭᠵᠢᠯᠳᠠ ᠶᠢᠨ ᠰᠢᠨ᠎ᠠ ᠬᠦᠳᠡᠯᠭᠡᠬᠦ ᠬᠦᠴᠦᠨ ᠢ ᠢᠯᠡᠷᠡᠭᠦᠯᠪᠠᠪᠦᠬᠦ ᠤᠷᠤᠨ ᠬᠡᠪᠴᠢᠶᠠᠨ ᠤ ᠵᠢᠭᠤᠯᠴᠢᠯᠠᠯ ᠤᠨ ᠬᠦᠭᠵᠢᠯᠳᠠ ᠰᠢᠨ᠎ᠠ ᠠᠯᠬᠤᠮ ᠢ ᠪᠠᠶᠠᠯᠡᠬᠦᠯᠪᠠ᠃ 2017 ᠤᠨ ᠤ ᠤᠯᠤᠰ ᠤᠨ ᠲᠠᠰ ᠤᠨ ᠬᠦᠳᠡᠭᠡ ᠲᠤᠰᠬᠤᠨ ᠤ ᠶᠡᠷᠦᠩᠭᠡᠶᠢᠯᠡᠭᠰᠡᠨ ᠴᠤᠭᠴᠠᠳᠦ ᠲᠤᠷᠰᠢᠯᠳᠠ ᠶᠢᠨ ᠬᠤᠰᠢᠭᠤ ᠰᠢᠶᠠᠨ  ᠢᠶᠠᠷ ᠰᠤᠩᠭᠤᠭᠳᠠᠪᠠ᠃ ᠱᠧᠨ᠋ᠵᠸᠡ ᠤ ᠲᠤᠮᠳᠠᠳᠦ ᠪᠠᠨ ᠰᠠᠷᠠᠭᠤᠯᠵᠢᠭᠤᠯᠬᠤ ᠬᠠᠮᠢᠶᠠᠷᠤᠯᠳᠠ ᠶᠢᠨ ᠬᠡᠯᠪᠡᠷᠢ ᠶᠢ ᠲᠠᠳᠠᠨ ᠤᠷᠤᠭᠤᠯᠵᠦ᠂ ᠵᠢᠭᠤᠯᠴᠢᠯᠠᠯ ᠤᠨ ᠪᠠᠯᠠ ᠤᠷᠤᠭᠤᠯᠤᠯᠳᠠ ᠶᠢᠨ ᠺᠤᠮᠫᠠᠨᠢ ᠶᠢᠨ ᠡᠵᠡᠩᠨᠡᠯᠳᠠ ᠶᠢᠨ ᠰᠢᠰᠲ᠋ᠧᠮ ᠢ ᠨᠠᠩ ᠲᠡᠭᠦᠯᠳᠡᠷᠵᠢᠬᠦᠯᠦᠨ᠂ ᠵᠢᠭᠤᠯᠴᠢᠯᠠᠯ ᠤᠨ ᠦᠢᠯᠡᠰ ᠤᠨ ᠡᠵᠡᠩᠨᠠᠯᠳᠠ ᠨᠡᠭᠡᠭᠡᠯᠳᠠ ᠪᠠ ᠬᠠᠮᠢᠶᠠᠷᠤᠯᠳᠠ ᠶᠢ ᠨᠡᠩ ᠲᠦᠷᠢᠮᠵᠢᠬᠦᠯᠪᠠ᠃ 2.4 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠦ᠂ ᠬᠡᠬᠡᠨᠳᠠᠯ᠎ᠠ ᠵᠢᠭᠤᠯᠴᠢᠯᠠᠯ ᠤᠨ ᠤᠷᠤᠨ ᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠵᠡᠷᠬᠡ ᠲᠠᠰ ᠢ ᠦᠰᠭᠡᠪᠠ᠃ 3861 ᠲᠦᠮᠡᠨ ᠲᠦᠭᠦᠷᠢᠭ ᠤᠨ ᠪᠠᠯᠠ ᠤᠷᠤᠭᠤᠯᠤᠨ᠂ 4820 ᠮᠤ᠋ ᠲᠠᠢ ᠲᠠᠯ᠎ᠠ ᠨᠤᠳᠤᠭ ᠤᠨ ᠲᠠᠭᠤᠤ ᠬᠦᠭᠵᠢᠮ ᠤᠨ ᠨᠠᠶᠢᠷ ᠤᠨ ᠲᠠᠯᠠᠪᠠᠢ ᠪᠠᠶᠢᠭᠤᠯᠵᠦ᠂ ᠤᠯᠠᠭᠠᠨᠴᠠᠪ ᠬᠤᠳᠠ ᠶᠢᠨ ᠠᠩᠬᠠᠳᠠᠭᠴᠢ ᠬᠤᠭᠤᠴᠠᠭᠠᠨ ᠤ ︽ᠤᠯᠠᠨ ᠤᠯᠤᠰ ᠤᠨ ᠲᠠᠯ᠎ᠠ ᠨᠤᠳᠤᠭ ᠤᠨ ᠲᠠᠭᠤᠤ ᠬᠦᠭᠵᠢᠮ ᠤᠨ ᠨᠠᠶᠢᠷ︾ ᠢ ᠲᠡᠬᠦᠰ ᠠᠮᠵᠢᠯᠳᠠ ᠲᠠᠢ ᠶᠠᠪᠤᠭᠳᠠᠭᠤᠯᠪᠠ᠃ 2640 ᠲᠦᠮᠡᠨ ᠲᠦᠬᠦᠷᠢᠭ ᠤᠨ ᠪᠠᠯᠠ ᠤᠷᠤᠭᠤᠯᠵᠦ᠂ ᠤᠯᠠᠮᠵᠢᠯᠠᠯᠳᠦ ᠬᠦᠳᠡᠭᠡ ᠠᠶᠢᠯ ᠪᠤᠯᠬᠤ ᠰᠢᠷᠠᠮᠦ᠋ᠷᠡᠨ ᠰᠦᠮ᠎ᠡ ᠶᠢ ᠵᠠᠰᠠᠨ ᠬᠠᠮᠠᠭᠠᠯᠠᠪᠠ᠃ ︽ᠲᠤᠮᠳᠠᠳᠦ ᠮᠤᠩᠭᠤᠯ ᠤᠷᠤᠰ ᠤᠨ ᠲᠠᠸᠠᠷ ᠤᠨ ᠦᠵᠡᠬᠦᠯᠦᠯᠭᠡ︾᠂ ︽ᠵᠠᠭᠤᠨ ᠪᠠᠭᠰᠢ ᠶᠢᠨ ᠮᠢᠬ᠎ᠠ ᠴᠢᠨᠠᠬᠤ ᠮᠦᠷᠦᠶᠢᠴᠡᠭᠡᠨ︾ ᠵᠡᠷᠬᠡ ᠠᠯᠢ ᠤᠯᠠᠨ ᠲᠤᠮᠦ ᠬᠡᠯᠪᠡᠷᠢ ᠶᠢᠨ ᠬᠦᠳᠡᠯᠭᠡᠭᠡᠨ ᠦᠷᠨᠢᠬᠦᠯᠦᠨ᠂ ᠮᠢᠬ᠎ᠠ ᠴᠢᠨᠠᠬᠤ ᠮᠦᠷᠦᠶᠢᠴᠡᠭᠡᠨ ᠨᠢ ᠭᠢᠨᠢᠰ ᠤᠨ ᠲᠡᠮᠳᠡᠭᠯᠡᠯ ᠢ ᠡᠬᠦᠳᠴᠦ᠂ ᠤᠯᠠᠮ ᠨᠢᠬᠡ ᠠᠯᠬᠤᠮ ᠤᠯᠠᠨ ᠳᠤ ᠲᠠᠨᠢᠭᠳᠠᠪᠠ᠃ ︽ᠲᠤᠮᠳᠠᠳᠦ ᠤᠯᠤᠰ ᠤᠨ ᠵᠤᠰᠠᠯᠠᠩ ᠤᠨ ᠵᠠᠭᠤᠨ ᠨᠠᠷᠠᠳᠦ ᠰᠢᠶᠠᠨ︾ ᠢᠶᠠᠷ ᠨᠠᠷᠠᠯᠡᠭᠳᠡᠵᠦ᠂ ︽ᠵᠢᠷᠭᠠᠯᠠᠩᠳᠦ ᠲᠠᠯ᠎ᠠ ᠨᠤᠳᠤᠭ᠂ ᠬᠤᠪᠢᠯᠭᠠᠨ ᠵᠠᠪᠢ ᠶᠢᠨ ᠤᠷᠤᠨ︾ ᠬᠡᠮᠡᠬᠦ ᠵᠢᠭᠤᠯᠴᠢᠯᠠᠯ ᠤᠨ ᠨᠠᠷ᠎ᠠ ᠲᠡᠮᠳᠡᠭ ᠢ ᠨᠠᠩ ᠠᠯᠳᠠᠷᠰᠢᠭᠤᠯᠪᠠ᠃ ᠪᠦᠬᠦ ᠵᠢᠯ ᠳᠤ ᠲᠤᠳᠤᠭᠠᠳᠦ ᠭᠠᠳᠠᠭᠠᠳᠦ ᠶᠢᠨ 40 ᠢᠯᠡᠬᠦᠦ ᠲᠦᠮᠡᠨ ᠵᠢᠭᠤᠯᠴᠢᠯᠠᠭᠰᠠᠳ ᠢ ᠬᠦᠯᠢᠶᠠᠨ ᠵᠤᠴᠢᠯᠠᠵᠦ᠂ ᠵᠢᠭᠤᠯᠴᠢᠯᠠᠯ ᠤᠨ ᠶᠡᠷᠦᠩᠭᠡᠢ ᠤᠷᠤᠯᠭ᠎ᠠ 2.5 ᠳ᠋ᠦᠩᠰᠢᠭᠤᠷ ᠲᠦᠭᠦᠷᠢᠭ ᠲᠤ ᠬᠦᠷᠦᠭᠰᠡᠨ ᠪᠠᠶᠢᠨ᠎ᠠ᠃ᠠᠷᠠᠯᠵᠢᠶ᠎ᠠ ᠲᠠᠸᠠᠷ ᠪᠤᠯᠤᠨ ᠪᠤᠳᠠᠰ ᠤᠨ ᠬᠦᠢᠯᠭᠡᠭᠡ ᠡᠷᠡᠭᠦᠯ ᠢᠶᠠᠷ ᠬᠦᠭᠵᠢᠪᠠ᠃ ᠬᠦᠮᠦᠷᠭᠡ᠂ ᠬᠦᠢᠯᠭᠡᠭᠡ ᠵᠡᠷᠬᠡ ᠴᠢᠳᠠᠪᠬᠢ ᠶᠢ ᠨᠢᠭᠡ ᠴᠤᠭᠴᠠᠯᠠᠭᠰᠠᠨ ᠪᠤᠳᠠᠰ ᠤᠨ ᠬᠦᠢᠯᠭᠡᠭᠡᠨ ᠤ ᠲᠤᠭᠤᠷᠢᠭ ᠤᠨ ᠲᠦᠷᠦᠯ ᠵᠦᠢᠯ ᠠᠮᠵᠢᠯᠳᠠᠳᠢ ᠶᠠᠪᠤᠭᠳᠠᠵᠦ᠂ ᠱᠢ ᠵᠢᠩ ᠬᠤᠳᠠᠯᠳᠤᠭᠠᠨ ᠤ ᠠᠰᠠᠷ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠡᠵᠡᠩᠨᠡᠯᠳᠠ  ᠳᠤ ᠤᠷᠤᠪᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠡᠪᠴᠡᠩ᠂ ᠲᠤᠮᠦ ᠵᠢᠵᠢᠭ ᠠᠵᠦ ᠠᠬᠤᠶᠢᠯᠠᠯ ᠤᠨ ᠨᠠᠶᠢᠳᠠ ᠶᠢᠨ ᠦᠢᠯᠡᠴᠢᠯᠡᠬᠡᠨ ᠤ ᠲᠦᠪ᠂ ᠰᠢᠨ᠎ᠠ ᠶᠢ ᠡᠬᠦᠳᠦᠭᠴᠢᠳ ᠤᠨ ᠤᠷᠤᠨ ᠵᠠᠢ ᠵᠠᠷᠭᠡ ᠶᠢ ᠪᠦᠬᠦ ᠲᠠᠯ᠎ᠠ ᠪᠠᠷ ᠪᠠᠶᠢᠭᠤᠯᠪᠠ᠃ ᠲᠦᠷᠭᠡᠨ ᠬᠦᠷᠭᠡᠬᠦ ᠪᠤᠳᠠᠰ ᠤᠨ ᠬᠦᠢᠯᠭᠡᠭᠡᠨ ᠤ ᠬᠡᠪᠴᠢᠶ᠎ᠠ ᠶᠢ ᠲᠠᠰᠤᠷᠠᠯᠳᠠ ᠦᠭᠡᠢ ᠦᠷᠬᠡᠳᠬᠡᠵᠦ᠂ ᠰᠦᠯᠵᠢᠶᠠᠨ ᠲᠡᠭᠡᠷ᠎ᠡ ᠠᠴᠠ ᠵᠠᠭᠤᠰᠢ ᠵᠠᠬᠢᠶᠠᠯᠠᠬᠤ ᠬᠡᠯᠪᠡᠷᠢ ᠶᠢ ᠠᠭᠠᠵᠢᠮ ᠢᠶᠠᠷ ᠲᠦᠬᠡᠮᠡᠯᠵᠢᠬᠦᠯᠵᠦ᠂ ᠬᠦᠢᠯᠭᠡᠭᠡᠨ ᠤ ᠬᠡᠯᠪᠡᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠨᠠᠩ ᠲᠡᠬᠦᠯᠳᠡᠷᠵᠢᠬᠦᠯᠪᠠ᠃ᠮᠦᠩᠭᠦᠨ ᠬᠦᠢᠯᠭᠡᠭᠡᠨ ᠤ ᠦᠢᠯᠡᠰ ᠲᠤᠭᠳᠠᠭᠤᠨ ᠢᠶᠠᠷ ᠡᠷᠬᠢᠯᠳᠤᠪᠠ᠃ ᠬᠤᠳᠠ ᠪᠠᠯᠭᠠᠰᠤᠨ ᠤ ᠰᠠᠭᠤᠷᠢ ᠲᠦᠬᠦᠭᠡᠷᠦᠮᠵᠢ ᠶᠢ ᠪᠠᠶᠢᠭᠤᠯᠬᠤ᠂ ᠶᠠᠳᠠᠭᠤ ᠬᠦᠴᠢᠷᠳᠠᠯᠳᠠᠢ ᠭᠠᠵᠠᠷ ᠤᠷᠤᠨ ᠢᠶᠠᠷ ᠨᠢ ᠨᠡᠬᠦᠯᠭᠡᠨ ᠰᠢᠯᠵᠢᠬᠦᠯᠬᠦ ᠪᠠ ᠪᠤᠷᠦ ᠲᠤᠭᠤᠷᠢᠭ ᠢ ᠵᠠᠰᠠᠨ ᠰᠠᠶᠢᠵᠢᠷᠠᠭᠤᠯᠬᠤ ᠵᠠᠷᠬᠡ ᠭᠤᠤᠯᠳᠠᠯᠭ᠎ᠠ ᠲᠠᠢ ᠪᠦᠳᠦᠬᠡᠨ ᠪᠠᠶᠢᠭᠤᠯᠬᠤ ᠲᠦᠷᠦᠯ ᠵᠦᠢᠯ  ᠤᠨ ᠪᠠᠯᠠ ᠤᠷᠤᠭᠤᠯᠤᠯᠳᠠ ᠴᠢᠬᠤᠯᠠ ᠶᠡᠭᠡ ᠰᠢᠪᠳᠤᠯᠳᠠ ᠶᠢ ᠤᠯᠪᠠ᠃ ᠮᠦᠩᠭᠦᠨ ᠬᠦᠢᠯᠭᠡᠭᠡᠨ ᠤ ᠪᠠᠶᠢᠭᠤᠯᠤᠮᠵᠢ  ᠶᠢᠨ ᠠᠷᠠᠳ ᠤᠨ ᠵᠤᠭᠤᠰ ᠤᠨ ᠬᠠᠳᠠᠭᠠᠯᠠᠮᠵᠢ ᠶᠢᠨ ᠦᠯᠡᠬᠦᠦ ᠲᠤᠭ᠎ᠠ 60.9 ᠳ᠋ᠦᠩᠰᠢᠭᠤᠷ ᠲᠦᠬᠦᠷᠢᠭ ᠲᠤ ᠬᠦᠷᠴᠦ᠂ 4.9% ᠦᠰᠪᠠ᠃ ᠵᠢᠭᠡᠯᠡᠯᠭᠡ ᠶᠢᠨ ᠦᠯᠡᠬᠦᠦ ᠲᠤᠭ᠎ᠠ 46.7 ᠳ᠋ᠦᠩᠰᠢᠭᠤᠷ ᠲᠦᠬᠦᠷᠢᠭ ᠲᠤ ᠬᠦᠷᠴᠦ᠂ 22.7% ᠦᠰᠪᠠ᠃ ᠮᠦᠩᠭᠦᠨ ᠬᠦᠢᠯᠭᠡᠭᠡᠨ ᠤ ᠲᠦᠭᠰᠢᠬᠦᠷᠢ ᠠᠴᠠ ᠰᠡᠷᠬᠡᠶᠢᠯᠡᠬᠦ ᠠᠵᠢᠯ ᠢ ᠪᠠᠳᠤᠳᠠᠢ ᠶᠠᠪᠤᠭᠳᠠᠭᠤᠯᠪᠠ᠃— ᠠᠮᠢ ᠠᠬᠤᠢ ᠶᠢ ᠲᠡᠷᠢᠬᠦᠨ ᠳᠤ ᠲᠠᠯᠪᠢᠬᠤ ᠶᠢ ᠪᠠᠷᠢᠮᠳᠠᠯᠠᠨ᠂ ᠬᠦᠭᠵᠢᠯᠳᠠ ᠶᠢᠨ ᠲᠠᠪᠠᠭᠤᠯᠢᠭ ᠢ ᠨᠠᠩ ᠲᠤᠪᠤᠶᠢᠯᠭᠠᠪᠠ᠃ᠨᠤᠳᠤᠭ ᠪᠡᠯᠴᠢᠭᠡᠷ ᠤᠨ ᠨᠦᠬᠦᠪᠦᠷᠢᠯᠡᠯ᠂ ᠨᠤᠳᠤᠭ ᠪᠡᠯᠴᠢᠭᠡᠷ ᠤᠨ ᠡᠷᠬᠡ ᠶᠢ ᠨᠤᠳᠠᠯᠠᠨ ᠲᠤᠭᠳᠠᠭᠠᠬᠤ᠂ ᠭᠠᠵᠠᠷ ᠰᠢᠷᠤᠢ ᠶᠢᠨ ᠡᠷᠬᠡ ᠶᠢ ᠨᠤᠳᠠᠯᠠᠨ ᠲᠤᠭᠳᠠᠭᠠᠬᠤ ᠵᠡᠷᠬᠡ ᠠᠵᠢᠯ ᠤᠳ ᠢ ᠪᠤᠳᠠᠳᠠᠢ ᠠᠬᠢᠭᠤᠯᠪᠠ᠃ ᠪᠡᠬᠡᠵᠢᠩ ᠲᠢᠶᠠᠨᠵᠢᠨ ᠤ ᠡᠯᠡᠰᠦ ᠰᠢᠭᠤᠷᠭᠠᠨ ᠤ ᠢᠷᠡᠯᠳᠠ ᠶᠢ ᠵᠠᠰᠠᠬᠤ᠂ ᠠᠭᠤᠯᠠ ᠶᠢ ᠪᠢᠳᠡᠭᠦᠮᠵᠢᠯᠠᠵᠦ ᠮᠤᠳᠦ ᠤᠶᠢᠵᠢᠭᠤᠯᠬᠤ ᠵᠡᠷᠬᠡ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠪᠠᠶᠢᠭᠤᠯᠤᠯᠳᠠ ᠶᠢᠨ ᠡᠬᠦᠷᠬᠡ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠢᠯᠡᠷᠬᠡᠢ ᠠᠮᠵᠢᠯᠳᠠ  ᠶᠢ ᠤᠯᠪᠠ᠃ ᠦᠪᠡᠷᠳᠡᠭᠡᠨ ᠵᠠᠰᠠᠬᠤ ᠤᠷᠤᠨ ᠤ 2018 ᠤᠨ ᠤ ᠮᠠᠯᠵᠢᠯ ᠲᠠᠷᠢᠶᠠᠯᠠᠩ ᠤᠨ ᠰᠤᠯᠪᠢᠴᠠᠯ ᠤᠨ ᠪᠦᠰᠡ  ᠶᠢᠨ ᠨᠢᠭᠡᠨᠳᠠ ᠬᠠᠭᠠᠯᠪᠤᠷᠢᠯᠠᠭᠳᠠᠭᠰᠠᠨ ᠨᠤᠳᠤᠭ ᠪᠠᠯᠴᠢᠭᠡᠷ ᠢ ᠶᠡᠷᠦᠩᠭᠡᠶᠢᠯᠡᠨ ᠵᠠᠰᠠᠬᠤ ᠲᠦᠷᠦᠯ ᠵᠦᠢᠯ ᠢ ᠤᠯᠵᠦ᠂ ᠲᠠᠷᠢᠶᠠᠯᠠᠩ ᠤᠨ ᠦᠢᠯᠡᠰ ᠤᠨ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠡᠮᠬᠢ ᠲᠢᠭᠯᠢᠮ ᠲᠠᠢ ᠶᠠᠪᠤᠭᠳᠠᠪᠠ᠃ ᠠᠮᠢ ᠠᠬᠤᠢ ᠶᠢ ᠰᠡᠷᠭᠦᠬᠡᠨ 1.4 ᠲᠦᠮᠡᠨ ᠮᠤ᠋ ᠮᠤᠳᠦ ᠦᠢᠵᠢᠭᠤᠯᠵᠦ᠂ ᠭᠤᠤᠯᠳᠠᠯᠭ᠎ᠠ  ᠲᠠᠢ ᠭᠠᠵᠠᠷ ᠤᠷᠤᠨ ᠳᠤ 3.4 ᠲᠦᠮᠡᠨ ᠮᠤ᠋ ᠨᠤᠭᠤᠭᠠᠷᠠᠭᠤᠯᠤᠯᠳᠠ ᠬᠢᠵᠦ᠂ ᠤᠢ ᠮᠤᠳᠤᠨ ᠤ ᠬᠤᠴᠢᠯᠭ᠎ᠠ ᠶᠢᠨ ᠨᠤᠷᠮ᠎ᠠ 22.86% ᠳᠤ ᠬᠦᠷᠦᠭᠰᠡᠨ ᠪᠠᠶᠢᠨ᠎ᠠ᠃ ︽ᠦᠪᠡᠷᠳᠡᠬᠡᠨ ᠵᠠᠰᠠᠬᠤ ᠤᠷᠤᠨ ᠤ ᠴᠡᠴᠡᠷᠯᠢᠭ ᠤᠢ ᠮᠤᠳᠤᠨ ᠤ ᠬᠤᠰᠢᠭᠤ ᠰᠢᠶᠠᠨ︾ ᠢ ᠢᠳᠡᠪᠬᠢᠳᠠᠢ ᠪᠠᠶᠢᠭᠤᠯᠤᠨ᠂ 8000 ᠲᠦᠮᠡᠨ ᠲᠦᠬᠦᠷᠢᠭ ᠤᠨ ᠪᠠᠯᠠ ᠤᠷᠤᠭᠤᠯᠵᠦ᠂ ᠴᠡᠴᠡᠷᠯᠢᠭ ᠤᠢ ᠮᠤᠳᠦ ᠶᠢ ᠨᠤᠭᠤᠭᠠᠷᠠᠭᠤᠯᠬᠤ 10 ᠲᠦᠷᠦᠯ ᠤᠨ ᠭᠤᠤᠯᠳᠠᠯᠭ᠎ᠠ ᠲᠠᠢ ᠲᠦᠷᠦᠯ ᠵᠦᠢᠯ ᠢ ᠭᠡᠷᠡᠭᠵᠢᠬᠦᠯᠦᠭᠡᠳ᠂ ᠬᠤᠳᠠ ᠪᠠᠯᠭᠠᠰᠤᠨ ᠤ ᠨᠤᠭᠤᠭᠠᠷᠠᠭᠤᠯᠤᠯᠳᠠ ᠶᠢᠨ ᠨᠤᠷᠮ᠎ᠠ ᠶᠢ 30.1% ᠳᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 2.8% ᠦᠰᠪᠠ᠃ ᠲᠦᠪ᠂ ᠦᠪᠡᠷᠳᠡᠬᠡᠨ ᠵᠠᠰᠠᠬᠤ ᠤᠷᠤᠨ ᠤ ᠤᠷᠴᠢᠨ ᠲᠤᠭᠤᠷᠢᠨ ᠤ ᠪᠠᠶᠢᠴᠠᠭᠠᠨ ᠲᠤᠰᠬᠠᠵᠦ ᠬᠠᠯᠠᠨ ᠰᠠᠶᠢᠵᠢᠷᠠᠭᠤᠯᠬᠤ ᠰᠠᠨᠠᠯ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠠᠯᠭᠠᠰᠤᠨ ᠤ 12 ᠲᠦᠯᠡᠰᠢᠨ ᠵᠤᠤᠬ᠎ᠠ ᠶᠢ ᠠᠪᠴᠦ ᠬᠠᠶᠠᠭᠠᠳ᠂ ᠢᠯᠴᠢᠨ ᠦᠢᠯᠡᠳᠪᠦᠷᠢ  ᠶᠢᠨ ᠬᠦᠬᠦᠷ ᠦᠭᠡᠶᠢᠵᠢᠬᠦᠯᠦᠯᠳᠠ ᠪᠠᠷ ᠲᠤᠭᠤᠰᠦ ᠠᠷᠢᠯᠭᠠᠬᠤ ᠲᠦᠬᠦᠭᠡᠷᠦᠮᠵᠢ 3 ᠶᠢ ᠪᠠᠶᠢᠭᠤᠯᠬᠤ ᠶᠢᠨ ᠬᠠᠮᠳᠦ ᠪᠢᠳᠡᠭᠦᠮᠵᠢᠯᠡᠭᠰᠡᠨ ᠴᠢᠨᠠᠷᠳᠠᠢ ᠨᠠᠭᠦᠷᠠᠰᠦ ᠬᠠᠳᠠᠭᠠᠯᠠᠬᠤ ᠫᠧᠩ 2 ᠢ ᠰᠢᠨ᠎ᠠ ᠪᠠᠷ ᠪᠠᠶᠢᠭᠤᠯᠤᠨ᠂ ᠠᠭᠠᠷ ᠮᠠᠨᠳᠠᠯ ᠢ ᠬᠢᠨᠠᠨ ᠪᠠᠶᠢᠴᠠᠭᠠᠬᠤ ᠦᠷᠳᠡᠭᠡ ᠶᠢ ᠲᠤᠭᠳᠠᠭᠤᠨ ᠢᠶᠠᠷ ᠡᠷᠬᠢᠯᠳᠦᠭᠦᠯᠪᠠ᠃— ᠪᠠᠶᠢᠭᠤᠯᠵᠦ ᠬᠠᠮᠢᠶᠠᠷᠬᠤ ᠶᠢ ᠬᠠᠮᠳᠦ ᠪᠠᠷ ᠴᠢᠬᠤᠯᠠᠴᠢᠯᠠᠬᠤ ᠶᠢ ᠪᠠᠷᠢᠮᠳᠠᠯᠠᠨ᠂ ᠬᠤᠳᠠ ᠰᠢᠶᠠᠩ ᠤᠨ ᠰᠠᠭᠤᠷᠢ ᠲᠦᠬᠦᠬᠡᠷᠦᠮᠵᠢ ᠢᠯᠡᠷᠬᠡᠢ ᠰᠠᠶᠢᠵᠢᠷᠠᠪᠠ᠃ᠬᠤᠳᠠ ᠰᠢᠶᠠᠩ ᠤᠨ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ᠄ ᠬᠤᠳᠠ ᠰᠢᠶᠠᠩ ᠤᠨ ᠤᠶᠠᠯᠳᠤᠯ ᠬᠦᠭᠵᠢᠯᠳᠠ  ᠶᠢ ᠨᠢᠭᠡᠳᠦᠯᠵᠢᠬᠦᠯᠦᠨ᠂ ᠲᠦᠯᠦᠪᠵᠢᠬᠦᠯᠬᠡ ᠶᠢᠨ ᠰᠢᠰᠲ᠋ᠧᠮ ᠢ ᠡᠳᠦᠷ ᠢᠷᠡᠬᠦᠶ᠎ᠠ ᠲᠡᠭᠦᠯᠳᠡᠷᠵᠢᠬᠦᠯᠦᠨ᠂ ᠰᠠᠭᠤᠷᠢ ᠲᠦᠬᠦᠭᠡᠷᠦᠮᠵᠢ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠵᠦ᠂ ᠤᠯᠠᠨ ᠨᠠᠶᠢᠳᠠ ᠶᠢᠨ ᠦᠢᠯᠡᠴᠢᠯᠡᠬᠡᠨ ᠤ ᠴᠢᠳᠠᠪᠤᠷᠢ ᠶᠢ ᠪᠦᠬᠦ ᠲᠠᠯ᠎ᠠ ᠪᠠᠷ ᠰᠢᠯᠢᠳᠡᠭᠵᠢᠬᠦᠯᠪᠠ᠃ ᠪᠠᠯᠭᠠᠰᠤᠨ ᠤ ᠭᠠᠵᠠᠷ ᠲᠤᠤᠷᠠᠬᠢ ᠬᠤᠭᠤᠯᠠᠢ ᠲᠤᠤᠷ ᠢ ᠲᠦᠬᠡᠮᠡᠯᠵᠢᠬᠦᠯᠦᠨ ᠪᠠᠶᠢᠴᠠᠭᠠᠬᠤ ᠠᠵᠢᠯ ᠢ ᠠᠮᠵᠢᠯᠳᠠ ᠲᠠᠢ ᠪᠠᠶᠠᠯᠡᠬᠦᠯᠵᠦ᠂ ᠭᠠᠵᠠᠷ ᠲᠤᠤᠷᠠᠬᠢ ᠬᠤᠭᠤᠯᠠᠢ ᠲᠤᠤᠷ ᠤᠨ ᠰᠤᠷᠠᠭ ᠵᠠᠩᠭᠢᠵᠢᠯᠳᠠ ᠶᠢᠨ ᠬᠠᠮᠢᠶᠠᠷᠤᠯᠳᠠ ᠶᠢ ᠪᠠᠶᠠᠯᠡᠬᠦᠯᠪᠠ᠃ ᠬᠤᠳᠠ ᠪᠠᠯᠭᠠᠰᠤᠨ ᠤ ᠪᠤᠵᠠᠷ ᠤᠰᠦ ᠶᠢ ᠲᠦᠪᠯᠡᠷᠡᠬᠦᠯᠦᠨ ᠰᠢᠢᠳᠪᠦᠷᠢᠯᠡᠬᠦ ᠨᠤᠷᠮ᠎ᠠ ᠶᠢ 91% ᠳᠤ ᠬᠦᠷᠭᠡᠪᠠ᠃ ᠾᠧ ᠫᠢᠩ ᠵᠠᠮ᠂ ᠲᠥᠩ ᠵᠢᠶᠠᠨ ᠵᠠᠬᠦᠨ ᠵᠠᠮ ᠵᠡᠷᠬᠡ ᠡᠪᠳᠡᠷᠡᠵᠦ ᠬᠠᠭᠤᠴᠢᠷᠠᠭᠰᠠᠨ 4 ᠵᠤᠷᠪᠤᠰ ᠵᠠᠮ ᠢ ᠵᠠᠰᠠᠨ ᠰᠠᠶᠢᠵᠢᠷᠠᠭᠤᠯᠵᠦ᠂ ᠬᠤᠳᠠ ᠪᠠᠯᠭᠠᠰᠤᠨ  ᠤ ᠵᠠᠮ ᠢ ᠨᠠᠩ ᠰᠢᠯᠤᠭᠤᠳᠬᠠᠪᠠ᠃ ᠤᠯᠠᠨ ᠲᠦᠮᠡᠨ ᠤ ᠰᠠᠭᠤᠷᠢᠰᠢᠯ ᠤᠨ ᠨᠦᠬᠦᠴᠡᠯ ᠢᠯᠡᠷᠬᠡᠢ ᠰᠠᠶᠢᠵᠢᠷᠠᠵᠦ᠂ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠳᠠᠢ 2028 ᠪᠠᠶᠢᠰᠢᠩ ᠢ ᠰᠠᠯᠪᠢᠨ ᠵᠠᠰᠠᠵᠦ᠂ ᠪᠤᠷᠦ ᠲᠤᠭᠤᠷᠢᠭ  ᠤᠨ 1504 ᠡᠷᠦᠬᠡ ᠶᠢᠨ ᠭᠡᠷ ᠪᠠᠶᠢᠰᠢᠩ ᠢ ᠲᠠᠳᠠᠪᠤᠷᠢᠯᠠᠨ᠂ 370 ᠢᠵᠢ ᠨᠠᠶᠢᠳᠠ ᠶᠢᠨ ᠲᠦᠷᠢᠶᠠᠰᠦᠨ ᠬᠡᠷ ᠬᠤᠪᠢᠶᠠᠨ ᠦᠭᠪᠠ᠃ ᠬᠤᠳᠠ ᠪᠠᠯᠭᠠᠰᠤᠨ ᠤ ᠤᠷᠴᠢᠨ ᠲᠤᠭᠤᠷᠢᠨ ᠮᠡᠳᠡᠭᠳᠡᠮ᠎ᠠ ᠰᠠᠶᠢᠵᠢᠷᠠᠵᠦ᠂ ᠵᠠᠬ᠎ᠠ ᠲᠡᠯᠭᠡᠬᠦᠷ  ᠤᠨ ᠡᠵᠡᠩᠨᠠᠯᠳᠠ ᠡᠮᠬᠢ ᠲᠢᠭᠯᠢᠮ ᠲᠠᠢ ᠶᠠᠪᠤᠭᠳᠠᠨ᠂ ᠡᠷᠡᠬᠦᠯ ᠬᠠᠮᠠᠭᠠᠯᠠᠯ ᠨᠢ ᠪᠤᠵᠠᠷ ᠮᠠᠭᠤᠬᠠᠢ ᠪᠠ ᠵᠠᠮ ᠡᠵᠡᠯᠡᠨ ᠡᠵᠡᠩᠨᠡᠬᠦ ᠵᠡᠷᠬᠡ ᠬᠤᠳᠠ ᠶᠢᠨ ᠲᠦᠷᠢ ᠲᠦᠷᠬᠦ ᠶᠢ ᠨᠦᠯᠦᠭᠡᠯᠡᠭᠰᠡᠨ ᠪᠠᠶᠢᠳᠠᠯ ᠤᠳ ᠢ ᠪᠦᠳᠦᠮᠵᠢᠳᠠᠢ ᠵᠠᠰᠠᠪᠠ᠃ ᠬᠤᠳᠠ ᠪᠠᠯᠭᠠᠰᠤᠨ ᠤ ᠵᠠᠮ ᠬᠠᠷᠢᠯᠴᠠᠭ᠎ᠠ ᠶᠢ ᠤᠯᠠᠮ ᠴᠢᠨᠠᠭᠰᠢᠳᠠ ᠲᠦᠷᠢᠮᠵᠢᠬᠦᠯᠵᠦ᠂ ᠬᠠᠤᠯᠢ ᠪᠤᠰᠦ ᠪᠠᠷ ᠡᠵᠡᠩᠨᠡᠬᠦ᠂ ᠲᠡᠷᠬᠡ ᠤᠨᠤᠭ᠎ᠠ ᠶᠢ ᠲᠤᠷ᠎ᠠ ᠪᠠᠷ ᠵᠤᠭᠰᠤᠭᠠᠬᠤ ᠵᠠᠷᠬᠡ ᠠᠵᠢᠯᠯᠠᠭ᠎ᠠ ᠤᠳ ᠢ ᠪᠦᠳᠦᠮᠵᠢᠳᠠᠢ ᠵᠠᠰᠠᠨ ᠰᠢᠢᠳᠪᠦᠷᠢᠯᠡᠪᠠ᠃ᠤᠰᠤᠨ ᠠᠰᠢᠭᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ᠄ ︽ᠭᠤᠤᠯ ᠮᠦᠷᠡᠨ ᠤ ᠠᠵᠢᠯ ᠳᠤ ᠬᠠᠷᠢᠭᠤᠴᠠᠬᠤ ᠲᠠᠷᠤᠭ᠎ᠠ ᠲᠠᠢ ᠪᠠᠶᠢᠬᠤ ᠲᠦᠷᠢᠮ︾ ᠢ ᠪᠦᠬᠦ ᠲᠠᠯ᠎ᠠ ᠪᠠᠷ ᠲᠤᠤᠱᠯᠠᠭᠤᠯᠤᠨ ᠭᠡᠷᠡᠭᠵᠢᠬᠦᠯᠵᠦ᠂ ᠤᠰᠤᠨ  ᠤ ᠡᠬᠢ ᠰᠤᠷᠪᠤᠯᠵᠢ ᠶᠢ ᠬᠠᠮᠠᠭᠠᠯᠠᠬᠤ ᠪᠠ ᠪᠤᠵᠠᠷ ᠤᠰᠦ ᠶᠢ ᠰᠢᠢᠳᠪᠦᠷᠢᠯᠡᠬᠦ ᠦᠢᠯᠡᠳᠪᠦᠷᠢ ᠶᠢ ᠵᠠᠬᠢᠷᠤᠨ ᠬᠠᠮᠢᠶᠠᠷᠬᠤ ᠠᠵᠢᠯ ᠢ ᠪᠠᠳᠤᠳᠠᠢ ᠠᠬᠢᠭᠤᠯᠵᠦ᠂ ᠤᠯᠠᠨ ᠲᠦᠮᠡᠨ ᠤ ᠤᠰᠦ ᠤᠮᠳᠠ ᠶᠢᠨ ᠠᠮᠤᠷ ᠲᠦᠪᠰᠢᠨ ᠤ ᠠᠰᠠᠭᠤᠳᠠᠯ ᠳᠤ ᠪᠠᠳᠤᠯᠠᠭ᠎ᠠ ᠬᠠᠩᠭᠠᠨ ᠦᠭᠪᠠ᠃ ᠮᠠᠯᠵᠢᠬᠤ ᠲᠠᠷᠢᠶᠠᠯᠠᠬᠤ ᠤᠷᠤᠨ ᠤ ᠤᠰᠦ ᠤᠮᠳᠠ ᠶᠢᠨ ᠠᠮᠤᠷ ᠲᠦᠪᠰᠢᠨ ᠢ ᠪᠠᠬᠢᠵᠢᠬᠦᠯᠦᠨ ᠲᠡᠭᠡᠭᠰᠢᠯᠡᠬᠦᠯᠬᠦ ᠢᠨᠵᠧᠨᠧᠷᠢᠩ ᠢ ᠨᠠᠷᠢᠨ ᠬᠢᠨᠠᠮᠠᠭᠠᠢ ᠬᠡᠷᠡᠭᠵᠢᠬᠦᠯᠵᠦ᠂ 8200 ᠢᠯᠡᠬᠦᠦ ᠮᠠᠯᠴᠢᠨ ᠲᠠᠷᠢᠶᠠᠴᠢᠨ ᠡᠷᠦᠬᠡ ᠶᠢᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠠ᠃ ᠬᠤᠩᠭᠤᠷ ᠤᠰᠤᠨ ᠴᠦᠬᠦᠷᠦᠮ  ᠤᠨ ᠢᠨᠵᠧᠨᠧᠷᠢᠩ ᠢ ᠲᠤᠭᠳᠠᠭᠤᠨ ᠠᠬᠢᠭᠤᠯᠵᠦ᠂ ᠶᠡᠷᠦᠩᠭᠡᠢ ᠪᠠᠷᠢᠯᠭ᠎ᠠ ᠶᠢᠨ 65% ᠶᠢ ᠪᠠᠶᠢᠭᠤᠯᠤᠨ ᠲᠠᠭᠤᠰᠬᠠᠪᠠ᠃ᠴᠠᠬᠢᠯᠭᠠᠨ ᠬᠦᠴᠦᠨ ᠤ ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ᠄ 1.2 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠦ᠂ 35 ᠺᠢᠯᠤᠸᠤᠯᠲ ᠴᠠᠬᠢᠯᠭᠠᠨ ᠬᠤᠪᠢᠰᠬᠠᠭᠤᠷ ᠤᠨ ᠢᠨᠵᠧᠨᠧᠷᠢᠩ 2 ᠶᠢ ᠪᠤᠯᠤᠨ 10 ᠺᠢᠯᠤᠸᠤᠯᠲ  ᠠᠴᠠ ᠲᠤᠭᠤᠭᠰᠢ ᠢᠨᠵᠧᠨ᠋ᠸᠢᠷᠩ 5 ᠲᠦᠷᠦᠯ ᠬᠡᠷᠡᠭᠵᠢᠬᠦᠯᠪᠠ᠃ 1600 ᠲᠦᠮᠡᠨ ᠲᠦᠬᠦᠷᠢᠭ ᠤᠨ ᠪᠠᠯᠠ ᠤᠷᠤᠭᠤᠯᠵᠦ᠂ ᠲᠠᠷᠢᠶᠠᠯᠠᠬᠤ ᠤᠷᠤᠨ ᠤ ᠲᠤᠤᠷ ᠰᠦᠯᠵᠢᠶ᠎ᠠ ᠶᠢ ᠬᠠᠯᠠᠨ ᠰᠠᠶᠢᠵᠢᠷᠠᠭᠤᠯᠬᠤ ᠪᠤᠯᠤᠨ ᠰᠢᠨ᠎ᠠ ᠡᠨᠧᠷᠬᠢ  ᠪᠠᠷ ᠴᠠᠬᠢᠯᠭᠠᠨ ᠭᠠᠷᠭᠠᠬᠤ ᠵᠠᠷᠬᠡ ᠴᠠᠬᠢᠯᠭᠠᠨ ᠬᠤᠪᠢᠰᠬᠠᠭᠤᠷ ᠤᠨ ᠢᠨᠵᠧᠨᠧᠷᠢᠩ ᠬᠡᠷᠡᠭᠵᠢᠬᠦᠯᠵᠦ᠂ 161 ᠮᠠᠯᠴᠢᠨ ᠡᠷᠦᠬᠡ ᠳᠤ ᠠᠰᠢᠭ ᠬᠦᠷᠳᠡᠭᠡᠨ᠂ ᠴᠠᠬᠢᠯᠭᠠᠨ ᠬᠠᠩᠭᠠᠬᠤ ᠴᠢᠳᠠᠮᠵᠢ ᠶᠢ ᠮᠡᠳᠡᠭᠳᠡᠮ᠎ᠠ ᠲᠡᠭᠡᠭᠰᠢᠯᠡᠬᠦᠯᠪᠠ᠃ᠵᠠᠮ ᠬᠠᠷᠢᠯᠴᠠᠭᠠᠨ ᠤ ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ᠄ ᠬᠤᠰᠢᠭᠤᠨ ᠤ ᠰᠢᠶᠠᠩ ᠲᠤᠰᠬᠤᠨ ᠤ ᠵᠠᠰᠠᠮᠠᠯ ᠵᠠᠮ ᠤᠨ ᠲᠤᠤᠷ ᠢ ᠤᠯᠠᠮ ᠨᠢᠬᠡ ᠠᠯᠬᠤᠮ ᠲᠠᠭᠦᠯᠳᠡᠷᠵᠢᠬᠦᠯᠵᠦ᠂ ᠤᠯᠠᠭᠠᠨᠬᠤᠸᠠ ᠠᠴᠠ ᠠᠶᠢᠷᠠᠭ ᠰᠦᠮ᠎ᠠ ᠬᠦᠷᠬᠦ ᠵᠢᠭᠤᠯᠴᠢᠯᠠᠯ ᠤᠨ ᠲᠤᠰᠬᠠᠢ ᠱᠤᠭᠤᠮ ᠢ ᠡᠬᠢᠯᠠᠨ ᠪᠠᠶᠢᠭᠤᠯᠵᠦ᠂ ᠴᠠᠬᠠᠷ ᠪᠠᠷᠠᠭᠤᠨ ᠭᠠᠷᠤᠨ ᠲᠤᠮᠳᠠᠳᠦ ᠬᠤᠰᠢᠭᠤ  ᠠᠴᠠ ᠲᠦᠷᠪᠡᠳ ᠬᠤᠰᠢᠭᠤ ᠬᠦᠷᠬᠦ ᠨᠢᠬᠡᠳᠦᠭᠡᠷ ᠲᠠᠰ ᠤᠨ ᠵᠠᠰᠠᠮᠠᠯ ᠵᠠᠮ ᠢ ᠵᠠᠰᠠᠬᠤ ᠪᠠ ᠬᠦᠪ ᠠᠴᠠ ᠮᠠᠩᠬᠠᠨ ᠬᠦᠷᠬᠦ ᠬᠤᠶᠠᠳᠤᠭᠠᠷ ᠲᠠᠰ ᠤᠨ ᠵᠠᠰᠠᠮᠠᠯ ᠵᠠᠮ ᠢ ᠲᠠᠳᠠᠪᠤᠷᠢᠯᠠᠬᠤ ᠠᠵᠢᠯ ᠢ ᠤᠷᠤᠭᠰᠢᠳᠠᠢ ᠶᠠᠪᠤᠭᠳᠠᠭᠤᠯᠪᠠ᠃ 2.1 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠦ᠂ 267 ᠺᠢᠯᠤᠮᠧᠲᠷ ᠲᠤᠰᠬᠤᠨ ᠳᠤ ᠬᠦᠷᠬᠦ ᠵᠠᠰᠠᠮᠠᠯ ᠪᠠᠶᠢᠭᠤᠯᠵᠦ ᠂ ᠤᠯᠠᠨ ᠲᠦᠮᠡᠨ ᠤ ᠭᠠᠷᠴᠦ ᠤᠷᠤᠬᠤ ᠳᠤ ᠲᠦᠬᠦᠮ ᠦᠵᠡᠬᠦᠯᠪᠠ᠃— ᠵᠦᠪ ᠤᠨᠤᠪᠴᠢᠳᠠᠢ ᠪᠠᠷ ᠠᠷᠭ᠎ᠠ ᠪᠤᠳᠤᠯᠭ᠎ᠠ ᠭᠡᠷᠡᠭᠯᠡᠬᠦ ᠶᠢ ᠪᠠᠷᠢᠮᠳᠠᠯᠠᠨ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠳᠠ ᠶᠢᠨ ᠲᠠᠶᠢᠨ ᠤ ᠢᠯᠡᠳᠳᠠ ᠠᠮᠵᠢᠯᠳᠠ ᠶᠢ ᠤᠯᠪᠠ︽ᠲᠠᠪᠤᠨ ᠨᠢᠭᠡ ᠪᠦᠯᠦᠭ︾ ᠶᠠᠳᠠᠭᠤ ᠠᠴᠠ ᠠᠩᠭᠢᠵᠢᠷᠠᠭᠤᠯᠬᠤ ᠠᠷᠭ᠎ᠠ ᠪᠤᠳᠤᠯᠭ᠎ᠠ ᠶᠢ ᠬᠦᠨᠵᠡᠭᠡᠢ ᠭᠡᠷᠡᠭᠵᠢᠬᠦᠯᠦᠨ᠂ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠪᠤᠯᠤᠨ ᠲᠤᠰᠬᠤᠨ ᠳᠤ ᠰᠠᠭᠤᠭ᠎ᠠ ᠠᠵᠢᠯ ᠤᠨ ᠲᠤᠭᠤᠶᠢᠯᠠᠩ ᠠᠴᠠ ︽ᠦᠨᠡᠨ ᠰᠠᠳᠬᠢᠯ ᠠᠴᠠ ᠪᠠᠨ ᠬᠦᠳᠡᠯᠤᠯᠴᠠᠬᠦ᠂ ᠦᠨᠡᠨ ᠶᠠᠳᠠᠭᠤ ᠶᠢ ᠲᠡᠳᠬᠦᠬᠦ᠂ ᠠᠵᠢᠯ ᠤᠨ ᠰᠤᠷᠳᠠᠯ ᠢᠶᠠᠨ ᠬᠤᠪᠢᠷᠠᠭᠤᠯᠬᠤ᠂ ᠶᠠᠳᠠᠭᠤ ᠶᠢ ᠦᠨᠡᠨ ᠲᠡᠳᠬᠦᠬᠦ︾ ᠶᠢ ᠪᠠᠷᠢᠮᠳᠠᠯᠠᠨ᠂ ᠲᠤᠰᠬᠤᠨ ᠳᠤ ᠰᠠᠭᠤᠬᠤ ᠠᠵᠢᠯ ᠤᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠡᠬᠦᠳᠴᠦ᠂ ᠪᠦᠬᠦ ᠵᠢᠯ ᠳᠤ 1600 ᠡᠷᠦᠬᠡ ᠶᠢᠨ 3528 ᠬᠦᠮᠦᠨ ᠢ ᠶᠠᠳᠠᠭᠤ  ᠠᠴᠠ ᠠᠩᠭᠢᠵᠢᠷᠠᠭᠤᠯᠤᠨ᠂ ᠶᠠᠳᠠᠭᠤ ᠬᠦᠴᠢᠷᠳᠠᠯᠳᠠᠢ ᠪᠠᠶᠢᠬᠤ ᠨᠤᠷᠮ᠎ᠠ ᠶᠢ ᠵᠢᠯ ᠤᠨ ᠡᠬᠢᠨ ᠤ 6.4% ᠠᠴᠠ 5% ᠪᠤᠯᠭᠠᠨ ᠪᠠᠭᠤᠷᠠᠭᠤᠯᠵᠦ᠂ ᠶᠠᠳᠠᠭᠤ ᠬᠦᠴᠢᠷᠳᠠᠯᠳᠠᠢ ᠬᠦᠮᠦᠰ ᠤᠨ ᠬᠠᠨᠤᠮᠵᠢ ᠶᠢᠨ ᠬᠡᠮᠵᠢᠶ᠎ᠠ ᠶᠢ ᠢᠯᠡᠷᠭᠡᠢ ᠲᠡᠭᠡᠭᠰᠢᠯᠡᠬᠦᠯᠪᠠ᠃ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ᠄ ︽ᠲᠤᠪᠶᠤᠭ ᠮᠠᠳᠦ ᠶᠠᠳᠠᠭᠤ ᠶᠢ ᠲᠡᠳᠬᠦᠬᠦ︾ ᠪᠤᠯᠤᠨ ᠳ᠋ᠦ᠋ ᠮᠧᠩ ᠢᠳᠡᠰᠢᠨ ᠬᠤᠨᠢᠨ ᠤ ᠦᠢᠯᠡᠰ ᠢᠶᠠᠷ ᠶᠠᠳᠠᠭᠤ ᠶᠢ ᠲᠡᠳᠬᠦᠬᠦ ᠨᠦᠬᠦᠪᠦᠷᠢ ᠮᠦᠩᠭᠦ  ᠶᠢᠨ 1331.5 ᠲᠦᠮᠡᠨ ᠲᠦᠬᠦᠷᠢᠭ ᠢ ᠵᠠᠷᠤᠴᠠᠭᠤᠯᠵᠦ᠂ 4000 ᠢᠯᠡᠬᠦᠦ ᠶᠠᠳᠠᠭᠤ ᠬᠦᠴᠢᠷᠳᠠᠯᠳᠠᠢ ᠡᠷᠦᠬᠡ ᠳᠤ ᠠᠰᠢᠭ ᠬᠦᠷᠳᠡᠭᠡᠭᠰᠡᠨ ᠪᠠᠶᠢᠨ᠎ᠠ᠃ ᠡᠬᠦᠨ ᠤ ᠲᠠᠭᠠᠤ᠂ ᠪᠦᠬᠦ ᠤᠷᠤᠨ ᠳᠤ ︽ᠵᠠᠰᠠᠭ᠂ ᠪᠠᠩᠭᠢ ᠪᠤᠯᠤᠨ ᠠᠵᠦ ᠠᠬᠤᠶᠢᠯᠠᠯ ᠬᠠᠷᠢᠯᠴᠠᠨ ᠬᠠᠮᠳᠤᠷᠠᠯᠴᠠᠭᠰᠠᠨ︾ ᠶᠠᠳᠠᠭᠤ ᠶᠢ ᠲᠡᠳᠬᠦᠬᠦ ᠰᠢᠨ᠎ᠠ ᠠᠷᠭ᠎ᠠ ᠬᠡᠯᠪᠡᠷᠢ ᠶᠢ ᠤᠷᠢᠳᠴᠢᠯᠠᠨ ᠠᠬᠢᠭᠤᠯᠵᠦ᠂ 2000 ᠡᠷᠦᠬᠡ ᠶᠢᠨ 5152 ᠶᠠᠳᠠᠭᠤ ᠬᠦᠴᠢᠷᠳᠠᠯᠳᠠᠢ ᠬᠦᠮᠦᠨ ᠠᠮᠠ ᠶᠢ ᠬᠠᠮᠤᠷᠤᠭᠰᠠᠨ ᠪᠠᠶᠢᠨ᠎ᠠ᠃ ᠤᠷᠤᠨ ᠰᠠᠭᠤᠴᠠ ᠶᠢᠨ ᠪᠠᠳᠤᠯᠠᠭ᠎ᠠ ᠶᠢᠨ ᠲᠠᠯ᠎ᠠ ᠪᠠᠷ᠄ ᠵᠢᠵᠢᠭ ᠪᠠᠭ᠎ᠠ ᠲᠤᠰᠬᠤᠨ ᠢ ᠨᠡᠶᠢᠯᠡᠬᠦᠯᠦᠨ ᠶᠠᠳᠠᠭᠤ ᠬᠦᠴᠢᠷᠳᠠᠯᠳᠠᠢ ᠭᠠᠵᠠᠷ ᠤᠷᠤᠨ ᠠᠴᠠ ᠨᠢ ᠰᠢᠯᠵᠢᠬᠦᠯᠬᠦ ᠪᠠ ᠶᠠᠳᠠᠭᠤ ᠬᠦᠴᠢᠷᠳᠠᠯᠳᠠᠢ ᠡᠷᠦᠬᠡ ᠶᠢᠨ ᠲᠤᠬᠠᠢ ᠶᠢᠨ ᠭᠠᠵᠠᠷ ᠲᠤ ᠨᠢ ᠰᠢᠨ᠎ᠠ ᠤᠷᠤᠨ ᠰᠠᠭᠤᠴᠠ ᠪᠠᠷᠢᠬᠤ ᠲᠦᠪᠯᠡᠷᠡᠭᠰᠡᠨ ᠮᠠᠶ᠋ᠢᠭ ᠤᠨ ᠰᠢᠨ᠎ᠠ ᠲᠤᠰᠬᠤᠨ 12 ᠶᠢ ᠪᠠᠶᠢᠭᠤᠯᠵᠦ᠂ ᠶᠠᠳᠠᠭᠤ ᠬᠦᠴᠢᠷᠳᠠᠯᠳᠠᠢ 121 ᠡᠷᠦᠬᠡ ᠶᠢᠨ 289 ᠬᠦᠮᠦᠨ ᠢ ᠲᠦᠪᠬᠢᠨᠠᠭᠦᠯᠪᠠ᠃ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ᠄ 1377 ᠨᠠᠷᠠᠰ ᠶᠠᠳᠠᠭᠤ ᠬᠦᠴᠢᠷᠳᠠᠯᠳᠠᠢ ᠰᠤᠷᠤᠭᠴᠢᠳ ᠲᠤ 698.3 ᠲᠦᠮᠡᠨ ᠲᠦᠭᠦᠷᠢᠭ ᠤᠨ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠪᠠᠯᠠ ᠮᠦᠩᠭᠦ ᠲᠠᠷᠬᠠᠭᠠᠵᠦ᠂ ᠶᠠᠳᠠᠭᠤ ᠬᠦᠴᠢᠷᠳᠠᠯᠳᠠᠢ ᠰᠤᠷᠤᠭᠴᠢᠳ ᠤᠨ ᠠᠵᠢᠯ ᠰᠤᠷᠤᠯᠭ᠎ᠠ ᠪᠠᠨ ᠠᠮᠵᠢᠯᠳᠠᠢ ᠲᠡᠭᠦᠰᠭᠡᠬᠦ ᠶᠢ ᠨᠢ ᠪᠠᠳᠤᠯᠠᠪᠠ᠃ ᠡᠷᠡᠬᠦᠯ ᠴᠢᠬᠢᠷᠠᠭ ᠶᠢᠨ ᠲᠠᠯ᠎ᠠ ᠪᠠᠷ ᠶᠠᠳᠠᠭᠤ ᠶᠢ ᠲᠡᠳᠬᠦᠬᠦ ᠲᠠᠯ᠎ᠠ ᠪᠠᠷ᠄ 4192 ᠨᠠᠷᠠᠰ ᠶᠠᠳᠠᠭᠤ ᠬᠦᠴᠢᠷᠳᠠᠯᠳᠠᠢ ᠬᠦᠮᠦᠨ ᠠᠮᠠ ᠳᠤ 2057 ᠲᠦᠮᠡᠨ ᠲᠦᠬᠦᠷᠢᠭ ᠤᠨ ᠡᠮ ᠡᠮᠨᠡᠯᠬᠡ ᠶᠢᠨ ᠵᠠᠷᠤᠳᠠᠯ ᠢ ᠨᠢ ᠲᠠᠩᠰᠠᠨ ᠠᠴᠠ ᠲᠠᠶᠢᠯᠤᠨ ᠦᠭᠪᠠ᠃ ︽ᠲᠤᠭᠳᠠᠮᠠᠯ + ᠨᠡᠬᠦᠳᠠᠯ︾ ᠮᠠᠶ᠋ᠢᠭ ᠤᠨ ᠪᠠᠶ᠎ᠠ ᠶᠢᠨ ᠪᠠᠶᠢᠴᠠᠭᠠᠯᠳᠠ ᠬᠢᠬᠦ ᠠᠷᠭ᠎ᠠ ᠶᠢ ᠠᠪᠴᠦ᠂ 12154 ᠶᠠᠳᠠᠭᠤ ᠬᠦᠴᠢᠷᠳᠠᠯᠳᠠᠢ ᠬᠦᠮᠦᠰ ᠲᠤ ᠡᠷᠡᠬᠦᠯ ᠮᠠᠨᠳᠦ ᠶᠢᠨ ᠪᠠᠶᠢᠴᠠᠭᠠᠯᠳᠠ ᠬᠢᠵᠦ ᠦᠭᠪᠠ᠃ ︽ᠤᠳᠠᠭᠠᠨ ᠴᠢᠨᠠᠷᠳᠠᠢ ᠡᠪᠡᠳᠴᠢᠨ ᠳᠤ ᠡᠮ ᠬᠦᠷᠭᠡᠬᠦ᠂ ᠬᠦᠨᠳᠦ ᠡᠪᠡᠳᠴᠢᠳᠠᠳ ᠲᠤ ᠪᠠᠳᠤᠯᠭ᠎ᠠ ᠬᠠᠩᠭᠠᠬᠤ᠂ ᠨᠢᠬᠡ ᠦᠷᠳᠡᠭᠡ ᠶᠢᠨ ᠮᠠᠶ᠋ᠢᠭ ᠪᠠᠷ ᠦᠢᠯᠡᠴᠢᠯᠡᠬᠦ︾ ᠬᠡᠯᠪᠡᠷᠢ ᠶᠢ ᠪᠦᠬᠦ ᠲᠠᠯ᠎ᠠ ᠪᠠᠷ ᠠᠬᠢᠭᠤᠯᠵᠦ᠂ ᠶᠠᠳᠠᠭᠤ ᠬᠦᠴᠢᠷᠳᠠᠯᠳᠠᠢ ᠡᠪᠡᠳᠴᠢᠳᠠᠳ ᠤᠨ ᠪᠦᠬᠦ ᠵᠢᠯ ᠳᠤ ᠵᠠᠷᠤᠴᠠᠭᠤᠯᠬᠤ ᠡᠮᠨᠡᠯᠬᠡ ᠶᠢᠨ ᠵᠠᠷᠤᠳᠠᠯ ᠢ 5000 ᠲᠦᠬᠦᠷᠢᠭ ᠠᠴᠠ ᠬᠡᠳᠦᠷᠡᠬᠦᠯᠬᠦ ᠦᠭᠡᠢ ᠪᠤᠯᠭᠠᠪᠠ᠃ ᠨᠠᠶᠢᠭᠡᠮ ᠤᠨ ᠪᠠᠳᠤᠯᠭ᠎ᠠ ᠶᠢᠨ ᠲᠠᠯ᠎ᠠ ᠪᠠᠷ᠄ 3698 ᠨᠠᠷᠠᠰ ᠨᠠᠰᠦ ᠠᠬᠠᠳᠤᠭᠰᠠᠨ᠂ ᠬᠦᠳᠡᠯᠮᠦᠷᠢ ᠶᠢᠨ ᠬᠦᠴᠦ ᠪᠠᠨ ᠠᠯᠳᠠᠭᠰᠠᠨ ᠶᠠᠳᠠᠭᠤ ᠬᠦᠴᠢᠷᠳᠠᠯᠳᠠᠢ ᠤᠯᠠᠨ ᠲᠦᠮᠡᠨ ᠳᠤ ᠬᠠᠮᠤᠭ ᠨᠠᠭᠠᠳᠦ ᠵᠠᠬ᠎ᠠ  ᠶᠢᠨ ᠪᠠᠳᠤᠯᠠᠭ᠎ᠠ ᠬᠠᠩᠭᠠᠨ ᠦᠭᠴᠦ᠂ ᠨᠠᠭᠠᠳᠦ ᠵᠠᠬ᠎ᠠ ᠶᠢᠨ ᠪᠠᠳᠤᠯᠠᠭ᠎ᠠ ᠤᠯᠬᠤ ᠨᠦᠬᠦᠴᠡᠯ ᠳᠤ ᠬᠦᠷᠬᠦ ᠦᠭᠡᠢ 500 ᠨᠠᠷᠠᠰ ᠶᠠᠳᠠᠭᠤ ᠬᠦᠴᠢᠷᠳᠠᠯᠳᠠᠢ ᠬᠦᠮᠦᠰ ᠲᠤ ᠪᠠᠯᠠ ᠮᠦᠩᠭᠦ ᠨᠦᠬᠦᠪᠦᠷᠢᠯᠠᠨ ᠦᠭᠪᠠ᠃ ᠮᠦᠩᠭᠦᠨ ᠬᠦᠢᠯᠭᠡᠭᠡ  ᠪᠠᠷ ᠶᠠᠳᠠᠭᠤ ᠶᠢ ᠲᠡᠳᠬᠦᠬᠦ ᠲᠠᠯ᠎ᠠ ᠪᠠᠷ᠄ ᠮᠦᠩᠭᠦᠨ ᠬᠦᠢᠯᠭᠡᠭᠡ ᠪᠠᠷ ᠶᠠᠳᠠᠭᠤ ᠶᠢ ᠲᠡᠳᠬᠦᠬᠦ ᠵᠢᠭᠡᠯᠡᠯᠭᠡ ᠶᠢᠨ ᠮᠦᠩᠭᠦ 16 ᠳ᠋ᠦᠩᠰᠢᠭᠤᠷ ᠲᠦᠬᠦᠷᠢᠭ ᠲᠠᠯᠪᠢᠵᠦ᠂ 27808 ᠡᠷᠦᠬᠡ ᠶᠢᠨ 83352 ᠮᠠᠯᠴᠢᠨ ᠲᠠᠷᠢᠶᠠᠴᠢᠨ ᠳᠤ ᠠᠰᠢᠭ ᠤᠯᠭᠤᠪᠠ᠃ ᠡᠬᠦᠨ ᠤ ᠲᠤᠳᠤᠷ᠎ᠠ 3742 ᠡᠷᠦᠬᠡ ᠶᠢᠨ 9596 ᠬᠦᠮᠦᠨ ᠨᠢ ᠶᠠᠳᠠᠭᠤ ᠬᠦᠴᠢᠷᠳᠠᠯᠳᠠᠢ ᠬᠦᠮᠦᠰ ᠪᠤᠯᠤᠨ᠎ᠠ᠃ ᠠᠵᠢᠯ ᠤᠯᠭᠤᠯᠳᠠ ᠪᠠᠷ ᠶᠠᠳᠠᠭᠤ ᠶᠢ ᠲᠡᠳᠬᠦᠬᠦ ᠲᠠᠯ᠎ᠠ ᠪᠠᠷ᠄ 1176 ᠶᠠᠳᠠᠭᠤ ᠬᠦᠴᠢᠷᠳᠠᠯᠳᠠᠢ ᠬᠦᠮᠦᠨ ᠠᠮᠠ ᠠᠴᠠ ᠠᠮᠢ ᠠᠬᠤᠢ ᠶᠢᠨ ᠤᠢ ᠬᠠᠮᠠᠭᠠᠯᠠᠭᠴᠢᠳ ᠪᠠ ᠲᠤᠰᠬᠤᠨ ᠤ ᠴᠡᠪᠠᠷᠯᠡᠭᠴᠢ ᠡᠯᠰᠡᠵᠦ᠂ ᠡᠷᠦᠬᠡ ᠪᠤᠯᠭᠠᠨ ᠤ ᠵᠢᠯ ᠪᠦᠷᠢ ᠶᠢᠨ ᠲᠤᠮᠳᠠᠴᠢ ᠤᠷᠤᠯᠭ᠎ᠠ ᠶᠢ 5000 ᠲᠦᠬᠦᠷᠢᠭ ᠨᠡᠮᠡᠭᠳᠡᠭᠦᠯᠵᠠᠢ᠃ ᠠᠵᠢᠯ ᠦᠢᠯᠡᠰ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ᠄ ᠮᠤᠵᠢ ᠶᠢᠨ ᠲᠠᠰ ᠤᠨ ᠤᠳᠤᠷᠢᠳᠤᠯᠭ᠎ᠠ ᠠᠴᠠ ᠶᠠᠳᠠᠭᠤ ᠬᠦᠴᠢᠷᠳᠠᠯᠳᠠᠢ ᠬᠤᠰᠢᠭᠤ ᠰᠢᠶᠠᠨ ᠢ ᠬᠠᠪᠰᠤᠷᠤᠨ ᠲᠡᠳᠬᠦᠬᠦ᠂ ᠵᠡᠬᠦᠨ ᠪᠠᠷᠠᠭᠤᠨ ᠬᠡᠰᠡᠭ ᠬᠠᠷᠢᠯᠴᠠᠨ ᠬᠠᠪᠰᠤᠷᠤᠨ ᠲᠡᠳᠬᠦᠬᠦ᠂ ᠲᠦᠪ ᠤᠨ ᠠᠵᠦ ᠠᠬᠤᠶᠢᠯᠠᠯ ᠠᠴᠠ ᠲᠤᠭᠳᠠᠭᠰᠠᠨ ᠭᠠᠵᠠᠷ ᠲᠤ ᠤᠴᠢᠵᠦ ᠬᠠᠪᠰᠤᠷᠤᠨ ᠲᠡᠳᠬᠦᠬᠦ᠂ ᠰᠠᠯᠠᠭ᠎ᠠ ᠮᠦᠴᠢᠷ ᠠᠴᠠ ᠬᠠᠪᠰᠤᠷᠤᠨ ᠲᠡᠳᠬᠦᠬᠦ᠂ ᠠᠵᠦ ᠠᠬᠤᠶᠢᠯᠠᠯ ᠠᠴᠠ ᠬᠠᠪᠰᠤᠷᠤᠨ ᠲᠡᠳᠬᠦᠬᠦ ᠵᠡᠷᠬᠡ ᠠᠵᠠ ᠲᠤᠬᠢᠶᠠᠯ ᠤᠳ ᠢ ᠰᠠᠶᠢᠳᠤᠷ ᠠᠳᠬᠤᠵᠦ᠂ ᠵᠦᠪ ᠤᠨᠤᠪᠴᠢᠳᠠᠢ ᠵᠤᠯᠭᠠᠯᠳᠤᠭᠤᠯᠤᠨ᠂ ᠬᠠᠪᠰᠤᠷᠤᠨ ᠲᠡᠳᠬᠦᠬᠦ ᠲᠦᠷᠦᠯ ᠵᠦᠢᠯ ᠤᠨ 2152 ᠲᠦᠮᠡᠨ ᠲᠦᠬᠦᠷᠢᠭ ᠪᠠᠯᠠ ᠮᠦᠩᠭᠦ ᠶᠢ ᠲᠡᠮᠡᠴᠡᠨ ᠤᠯᠬᠤ ᠪᠠᠷ ᠴᠢᠷᠮᠠᠶᠢᠨ᠎ᠠ᠃— ᠬᠦᠭᠵᠢᠯᠳᠠ ᠶᠢ ᠬᠠᠮᠳᠤᠪᠠᠷ ᠡᠳ᠋ᠯᠡᠬᠦ ᠶᠢ ᠪᠠᠷᠢᠮᠳᠠᠯᠠᠨ᠂ ᠠᠷᠠᠳ ᠤᠨ ᠠᠮᠢᠳᠤᠷᠠᠯ ᠤᠨ ᠠᠵᠠ ᠪᠤᠶᠠᠨ ᠢ ᠦᠷᠭᠦᠯᠵᠢᠯᠡᠨ ᠨᠡᠮᠡᠭᠳᠡᠬᠦᠯᠪᠠᠨᠠᠶᠢᠭᠡᠮ ᠤᠨ ᠪᠠᠳᠤᠯᠠᠭ᠎ᠠ ᠶᠢᠨ ᠲᠠᠯ᠎ᠠ ᠪᠠᠷ᠄ ᠪᠦᠬᠦ ᠠᠷᠠᠳ ᠢᠶᠠᠷ ᠢᠶᠠᠨ ᠲᠠᠭᠠᠳᠬᠠᠯ ᠳᠤ ᠤᠷᠤᠯᠴᠠᠨ ᠲᠠᠩᠰᠠᠯᠠᠬᠤ ᠠᠵᠢᠯ ᠢ ᠶᠡᠬᠡᠪᠡᠷ ᠦᠷᠨᠢᠬᠦᠯᠦᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠡ ᠶᠢᠨ ᠨᠠᠰᠤᠵᠢᠯ ᠤᠨ ᠲᠠᠭᠠᠳᠬᠠᠯ ᠢ ᠪᠦᠬᠦ ᠲᠠᠯ᠎ᠠ ᠪᠠᠷ ᠡᠬᠢᠯᠡᠬᠦᠯᠵᠦ᠂ ᠬᠤᠳᠠ ᠪᠠᠯᠭᠠᠰᠤᠨ ᠤ ᠠᠵᠢᠯᠳᠠᠳ ᠤᠨ ᠨᠠᠰᠤᠵᠢᠯ ᠤᠨ ᠲᠠᠭᠠᠳᠬᠠᠯ ᠲᠤᠭᠳᠠᠪᠤᠷᠢᠳᠠᠢ ᠶᠠᠪᠤᠭᠳᠠᠨ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠢ ᠪᠦᠷᠢᠨᠰᠢᠬᠦᠯᠵᠦ᠂ ᠡᠯ᠎ᠡ ᠵᠦᠢᠯ ᠤᠨ ᠨᠠᠶᠢᠬᠡᠮ ᠤᠨ ᠲᠠᠭᠠᠳᠬᠠᠯ ᠤᠨ ᠬᠦᠯᠦᠰᠦ ᠤᠯᠭᠤᠮᠵᠢ ᠶᠢᠨ ᠬᠢᠷᠢ ᠲᠦᠪᠰᠢᠨ ᠢ ᠲᠤᠭᠳᠠᠪᠤᠷᠢᠳᠠᠢ ᠲᠡᠭᠡᠭᠰᠢᠯᠡᠬᠦᠯᠪᠠ᠃ ᠬᠤᠳᠠ ᠪᠠᠯᠭᠠᠰᠤᠨ ᠤ ᠠᠵᠢᠯᠳᠠᠳ ᠤᠨ ᠡᠮ ᠡᠮᠨᠡᠯᠭᠡ ᠶᠢᠨ ᠲᠠᠭᠠᠳᠬᠠᠯ ᠦᠪᠴᠢ ᠪᠦᠷᠬᠦᠬᠦ ᠶᠢ ᠪᠠᠶᠠᠯᠡᠬᠦᠯᠵᠦ᠂ ᠬᠤᠳᠠ ᠰᠢᠶᠠᠩ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ  ᠤᠨ ᠬᠦᠷᠢᠶ᠎ᠠ ᠬᠡᠪᠴᠢᠶ᠎ᠠ ᠶᠢ ᠲᠠᠰᠤᠷᠠᠯᠳᠠ ᠦᠭᠡᠢ ᠦᠷᠭᠡᠳᠭᠡᠨ᠂ ᠰᠠᠭᠤᠭᠠᠯᠢ ᠠᠷᠠᠳ ᠤᠨ ᠡᠮᠨᠡᠯᠬᠡ ᠶᠢᠨ ᠵᠠᠷᠤᠳᠠᠯ  ᠤᠨ ᠲᠠᠷᠤᠭᠠᠰᠦ ᠶᠢ ᠨᠢ ᠦᠨᠡᠨᠬᠦ ᠬᠦᠩᠭᠡᠯᠡᠪᠠ᠃ ᠨᠡᠶᠢᠭᠡᠮ ᠤᠨ ᠪᠠᠲᠤᠯᠠᠭ᠎ᠠ ᠪᠤᠯᠤᠨ ᠡᠮᠨᠡᠯᠭᠡ ᠶᠢᠨ  ᠳᠡᠤᠨᠬᠦᠮᠵᠢ ᠲᠠᠯ᠎ᠠ ᠪᠠᠷ ᠬᠢ ᠦᠷ᠎ᠡ ᠪᠦᠲᠦᠮᠵᠢ ᠢᠯᠠᠤᠨᠲᠠ ᠲᠤᠳᠤᠷᠬᠠᠢ᠂ ᠭᠠᠳᠠᠨ᠎ᠠ ᠭᠠᠵᠠᠷ ᠤᠨ ᠬᠦᠮᠦᠰ ᠤᠨ ᠡᠮᠨᠡᠯᠭᠡ ᠶᠢᠨ ᠰᠤᠶᠢᠤᠨᠬᠡᠯ ᠪᠤᠳᠤᠬᠤ ᠳᠤ《 ᠰᠠᠭᠠᠤᠨ ᠦᠭᠡᠢ ᠵᠠᠮ》 ᠢ ᠨᠡᠭᠡᠭᠡᠵᠦ᠂ ᠬᠦᠨᠳᠦ ᠡᠪᠡᠤᠨᠴᠢᠨ ᠤ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠦᠡᠭᠭᠦ ᠪᠠ ᠡᠷᠡᠭᠦᠯ ᠴᠢᠬᠢᠷᠠᠭ ᠢ ᠳᠡᠤᠨᠬᠦᠬᠦ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠦᠡᠭᠭᠦ ᠶᠢ ᠪᠠᠶᠢᠭᠤᠯᠤᠨ᠂ ᠤᠳᠠᠭᠠᠨ ᠴᠢᠨᠠᠷᠲᠠᠢ ᠡᠪᠡᠤᠨᠴᠢᠨ᠂ ᠬᠦᠨᠳᠦ ᠡᠪᠡᠤᠨᠴᠢᠲᠡᠨ ᠤ ᠡᠮᠨᠡᠯᠭᠡ ᠶᠢᠨ ᠰᠤᠶᠢᠤᠨᠬᠡᠯ ᠤᠨ ᠳᠠᠩᠰᠠ ᠴᠠᠶᠢᠷᠠᠭᠤᠯᠬᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠡᠪᠡᠤᠨᠴᠢᠨ ᠠᠴᠠ ᠪᠤᠯᠵᠤ ᠶᠠᠳᠠᠭᠤ ᠬᠦᠴᠢᠷᠳᠡᠯᠲᠡᠢ ᠪᠤᠯᠬᠤ ᠠᠰᠠᠭᠤᠳᠠᠯ ᠢ ᠰᠢᠢᠤᠨᠪᠦᠷᠢᠯᠡᠪᠡ᠃ ᠠᠷᠠᠤᠨ ᠤᠨ ᠶᠠᠪᠤᠳᠠᠯ ᠠᠴᠠ 5.1 ᠲᠦᠮᠡᠨ ᠬᠦᠴᠢᠷᠳᠡᠯᠲᠠᠢ ᠠᠷᠠᠤᠨ ᠢ ᠳᠡᠤᠨᠬᠦᠬᠦ ᠶᠢ ᠪᠠᠲᠤᠯᠠᠵᠤ᠂ ᠳᠡᠤᠨᠬᠦᠮᠵᠢ ᠶᠢᠨ ᠪᠠᠷᠢᠮᠵᠢᠶ᠎ᠠ ᠵᠢᠯ ᠳᠠᠷᠠᠭᠠᠯᠠᠨ ᠳᠡᠭᠡᠭᠰᠢᠯᠡᠪᠡ᠃ ᠬᠤᠲᠠ ᠪᠠᠯᠭᠠᠰᠤᠨ ᠤ ᠠᠵᠢᠯ ᠤᠯᠭᠤᠬᠤ ᠬᠡᠪᠴᠢᠶ᠎ᠡ ᠶᠢ ᠲᠠᠰᠤᠷᠠᠯᠲᠠ ᠦᠭᠡᠢ ᠦᠷᠭᠡᠤᠨᠬᠡᠵᠦ᠂ ᠠᠵᠢᠯ ᠠᠯᠳᠠᠭᠰᠠᠨ ᠨᠤᠷᠮ᠎ᠠ ᠶᠢ 3.86%  ᠶᠢᠨ ᠳᠤᠲᠤᠷ᠎ᠠ ᠬᠢᠵᠠᠭᠠᠷᠯᠠᠨ᠎ᠠ᠃ ᠰᠤᠷᠭᠠᠨ ᠬᠦᠮᠦᠵᠢᠯ ᠤᠨ ᠲᠠᠯ᠎ᠠ ᠪᠠᠷ᠄ ᠰᠤᠷᠭᠠᠨ ᠬᠦᠮᠦᠵᠢᠯ ᠤᠨ ᠭᠤᠷᠪᠠᠨ ᠲᠦᠷᠦᠯ ᠤᠨ ᠦᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠤᠨᠲᠡ᠂ ᠰᠤᠷᠭᠠᠨ ᠬᠦᠮᠦᠵᠢᠯ ᠤᠨ ᠤᠷᠴᠢᠨ ᠲᠤᠭᠤᠷᠢᠨ ᠪᠤᠯᠤᠨ ᠲᠤᠨᠤᠭ ᠲᠦᠭᠦᠭᠡᠷᠦᠮᠵᠢ ᠶᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠤᠭᠲᠠᠭᠤᠨ ᠬᠦᠭᠵᠢᠬᠦ ᠬᠢᠨᠠᠨ ᠪᠠᠶᠢᠴᠠᠭᠠᠯᠲᠠ ᠳᠤ ᠵᠦᠪᠰᠢᠶᠡᠷᠡᠭᠳᠡᠪᠡ᠃ ᠦᠨᠳᠦᠰᠦᠲᠡᠨ ᠤ ᠰᠤᠷᠭᠠᠨ ᠬᠦᠮᠦᠵᠢᠯ ᠢ ᠳᠤᠪᠤᠶᠢᠮ᠎ᠠ ᠠᠤᠨᠬᠤᠵᠤ᠂ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠭ ᠤᠨ ᠬᠢᠨᠠᠨ ᠪᠠᠶᠢᠴᠠᠭᠠᠯᠲᠠ ᠳᠤ ᠵᠦᠪᠰᠢᠶᠡᠷᠡᠭᠳᠡᠪᠡ᠃ ᠲᠤᠷᠰᠢᠯᠲᠡ ᠶᠢᠨ ᠪᠠᠭ᠎ᠠ ᠰᠤᠷᠭᠠᠭᠤᠯᠢ᠂ ᠭᠦ᠋ ᠶᠢᠩ ᠽᠢ ᠪᠤᠯᠤᠨ ᠯᠢᠦ ᠵᠢᠦᠢ ᠨᠢᠦ ᠬᠡᠤᠬᠡᠤᠨ ᠤᠨ ᠴᠡᠴᠡᠷᠯᠢᠭ ᠤᠨ ᠲᠦᠰᠦᠯ ᠤᠨ ᠭᠤᠤᠯ ᠴᠤᠭᠴᠠ ᠶᠢᠨ ᠪᠠᠶᠢᠭᠤᠯᠤᠯᠲᠠ ᠨᠢᠭᠡᠨᠲᠡ ᠳᠠᠭᠤᠰᠪᠠ᠃ ᠰᠤᠷᠭᠠᠭᠤᠯᠢ ᠶᠢᠨ ᠬᠦᠷᠢᠶᠡᠯᠡᠩ ᠤᠨ ᠬᠦᠯ ᠪᠦᠮᠪᠦᠭᠡᠨ ᠤ ᠲᠠᠮᠢᠷ ᠤᠨ ᠬᠦᠳᠡᠯᠭᠡᠭᠡᠨ ᠢ ᠳᠡᠯᠭᠡᠷᠡᠩᠭᠦᠢ ᠦᠷᠨᠢᠭᠦᠯᠵᠦ᠂《 ᠴᠢ ᠵᠠᠩ ᠬᠤᠨᠳᠤᠭᠠᠲᠤ》 ᠬᠦᠯ ᠪᠦᠮᠪᠦᠭᠡᠨ ᠤ ᠬᠤᠯᠪᠤᠭᠠᠲᠤ ᠤᠷᠤᠯᠳᠤᠭᠠᠨ ᠢ ᠢᠳᠡᠪᠬᠢᠲᠠᠢ ᠶᠠᠪᠤᠭᠳᠠᠭᠤᠯᠪᠠ᠃ᠡᠷᠡᠭᠦᠯ ᠬᠠᠮᠠᠭᠠᠯᠠᠯ ᠲᠦᠯᠦᠪᠯᠡᠯᠭᠡᠲᠦ ᠦᠷᠡᠵᠢᠯ ᠢᠳᠡᠭᠡᠨ ᠤᠮᠳᠠᠭᠠᠨ ᠤ ᠲᠠᠯ᠎ᠠ ᠪᠠᠷ᠄ ᠤᠯᠤᠰ ᠤᠨ ᠡᠮ ᠤᠨ ᠵᠤᠶᠢᠯᠡᠰ  ᠤᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠮ ᠤᠨ ᠵᠤᠶᠢᠯᠡᠰ ᠢ ᠪᠤᠷᠤᠯᠠᠭᠤᠯᠬᠤ ᠦᠨ᠎ᠡ ᠬᠠᠨᠭ᠍ᠰᠢ ᠶᠢ ᠢᠯᠡ ᠲᠤᠳᠤᠷᠬᠠᠢ ᠪᠤᠯᠭᠠᠨ᠎ᠠ᠃ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠬᠠᠮᠢᠶᠠᠷᠤᠯᠲᠠ᠂ ᠱᠠᠲᠤ ᠬᠤᠪᠢᠶᠠᠨ ᠡᠮᠴᠢᠯᠡᠬᠦ ᠮᠠᠶ᠋ᠢᠭ ᠢ ᠪᠦᠬᠦ ᠲᠠᠯ᠎ᠠ ᠪᠠᠷ ᠠᠬᠢᠭᠤᠯᠵᠤ᠂ ᠠᠯᠪᠠᠨ ᠤ ᠡᠮᠨᠡᠯᠭᠡ ᠶᠢᠨ ᠦᠭᠡᠷᠡᠴᠢᠯᠡᠯᠲᠡ ᠶᠢ ᠭᠦᠨᠵᠡᠭᠡᠶᠢᠷᠡᠬᠦᠯᠦᠨ᠎ᠡ᠃ ᠮᠤᠩᠭᠤᠯ ᠬᠢᠲᠠᠤᠨ ᠡᠮᠨᠡᠯᠭᠡ ᠶᠢᠨ ᠬᠤᠷᠢᠶᠠᠨ ᠤ ᠭᠤᠤᠯ ᠪᠦᠲᠦᠴᠡ ᠨᠢ ᠨᠢᠭᠡᠨᠲᠡ ᠪᠠᠷᠢᠵᠦ ᠳᠠᠭᠤᠰᠪᠠ᠃ ᠭᠡᠷ ᠪᠦᠯᠢ ᠶᠢᠨ ᠡᠮᠴᠢ ᠤᠨ ᠭᠡᠷ᠎ᠡ ᠲᠤᠭᠲᠠᠬᠤ ᠤᠶᠢᠯᠡᠴᠢᠯᠡᠭᠡ ᠶᠢ ᠦᠷᠨᠢᠭᠦᠯᠵᠦ᠂ ᠳᠠᠩᠰᠠ ᠡᠪᠬᠡᠮᠡᠯ ᠪᠠᠶᠢᠭᠤᠯᠤᠨ ᠺᠠᠷᠲ ᠦᠭᠬᠦ ᠤᠳᠠᠭᠠᠨ ᠴᠢᠨᠠᠷ ᠤᠨ ᠡᠪᠡᠤᠨᠴᠢᠨ ᠲᠠᠢ ᠡᠪᠡᠤᠨᠴᠢᠲᠠᠨ ᠳᠤ ᠡᠮ ᠬᠦᠷᠭᠡᠬᠦ᠂ ᠨᠡᠶᠢᠲᠡ ᠶᠢᠨ  ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠬᠢᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃ ᠬᠦᠡᠭᠭᠡᠵᠢᠬᠦ ᠳᠤ ᠰᠦᠯᠵᠢᠶᠡᠨ ᠳᠡᠭᠡᠷ᠎ᠡ ᠳᠠᠩᠰᠠᠯᠠᠬᠤ᠂ ᠦᠨᠠᠮᠯᠠᠯ ᠬᠢᠬᠦ ᠤᠶᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂《 ᠬᠤᠶᠠᠷ ᠬᠡᠤᠬᠡᠤᠨ ᠠᠪᠬᠤ》 ᠲᠦᠷᠦ ᠶᠢᠨ ᠪᠤᠳᠤᠯᠭ᠎ᠠ ᠶᠢ ᠰᠢᠰᠲ᠋ᠧᠮ ᠲᠠᠢ ᠠᠬᠢᠭᠤᠯᠤᠨ᠎ᠠ᠃ ᠪᠡᠭᠡᠵᠢᠩ ᠪᠤᠯᠤᠨ ᠦᠪᠡᠷᠲᠡᠭᠡᠨ ᠵᠠᠰᠬᠤ ᠤᠷᠤᠨ ᠤ ᠤᠯᠠᠨ ᠠᠷᠪᠢᠨ ᠨᠡᠷᠡᠲᠦ ᠡᠮᠨᠡᠯᠭᠡ ᠶᠢᠨ ᠪᠠᠶᠢᠭᠤᠯᠤᠮᠵᠢ ᠲᠠᠢ ᠡᠮᠨᠡᠯᠭᠡ ᠶᠢᠨ ᠬᠤᠯᠪᠤᠭ᠎ᠠ ᠬᠠᠮᠵᠢᠯᠴᠠᠭ᠎ᠠ ᠪᠠᠶᠢᠭᠤᠯᠬᠤ ᠶᠢ ᠴᠢᠩᠭᠠᠤᠨᠬᠠᠵᠤ᠂ ᠰᠢᠯᠢᠳᠡᠭ ᠡᠮᠨᠡᠯᠭᠡ ᠶᠢ ᠬᠠᠮᠲᠤ ᠪᠠᠷ ᠡᠳ᠋ᠯᠡᠬᠦ ᠬᠢᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃《 ᠠᠷᠢᠭᠤᠨ ᠴᠡᠪᠡᠷ ᠲᠤᠬᠢᠷᠠᠮᠵᠢᠲᠠᠢ ᠢᠳᠡᠭᠡᠨ ᠤᠮᠳᠠᠭᠠᠨ᠂ ᠡᠮ ᠡᠮᠨᠡᠯᠭᠡ》 ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠤᠨᠲᠡ ᠲᠤᠳᠤᠷᠬᠠᠢ᠂ ᠬᠤᠰᠢᠭᠤᠨ ᠤ ᠢᠳᠡᠭᠡᠨ ᠤᠮᠳᠠᠭᠠᠨ ᠢ ᠬᠢᠨᠠᠨ ᠪᠠᠶᠢᠴᠠᠭᠠᠬᠤ ᠭᠠᠵᠠᠷ ᠤᠳᠤ ᠬᠡᠷᠡᠭᠯᠡᠳᠡᠬᠦ ᠪᠠᠷ ᠪᠠᠶᠢᠨ᠎ᠠ᠃ ᠰᠤᠶᠤᠯ ᠤᠨ ᠲᠠᠯ᠎ᠠ ᠪᠠᠷ᠄ ᠰᠤᠶᠤᠯ ᠤᠨ ᠠᠵᠤ ᠤᠶᠢᠯᠡᠰ ᠦᠷᠨᠢᠭᠦᠨ ᠬᠦᠭᠵᠢᠵᠦ᠂《 ᠬᠤᠪᠢᠯᠭᠠᠨ ᠵᠠᠪᠢ — ᠠᠮᠤᠭᠤᠯᠠᠩ ᠨᠤᠲᠤᠭ》 ᠨᠢ ᠪᠦᠬᠦ ᠤᠷᠤᠨ ᠤ ᠮᠤᠩᠭᠤᠯ ᠵᠦᠴᠦᠭᠡ ᠶᠢᠨ ᠰᠢᠯᠢᠳᠡᠭ ᠵᠦᠴᠦᠭᠡ ᠶᠢᠨ ᠵᠤᠬᠢᠶᠠᠭᠴᠢ᠂ ᠰᠢᠯᠢᠳᠡᠭ ᠤᠳᠤᠷᠢᠳᠤᠭᠠᠴᠢ ᠵᠡᠷᠭᠡ ᠵᠢᠷᠭᠤᠭᠠᠨ ᠲᠦᠷᠦᠯ ᠤᠨ ᠱᠠᠩᠨᠠᠯ ᠤᠯᠵᠤ᠂ ᠪᠡᠭᠡᠵᠢᠩ ᠤᠨ ᠦᠨᠳᠦᠰᠦᠲᠡᠨ ᠤ ᠵᠦᠴᠦᠭᠡ ᠶᠢᠨ ᠲᠠᠯᠠᠪᠠᠢ᠂ ᠴᠠᠩ ᠠᠨ ᠤ ᠶᠡᠭᠡ ᠵᠦᠴᠦᠭᠡ ᠶᠢᠨ ᠬᠦᠷᠢᠶᠡᠯᠡᠩ ᠳᠤ ᠠᠮᠵᠢᠯᠲᠠ ᠲᠠᠢ ᠲᠤᠭᠯᠠᠵᠤ᠂ ᠤᠯᠠᠨ ᠤ ᠬᠦᠷᠢᠶᠡᠯᠡᠩ ᠢ ᠤᠯᠪᠠ᠃《 ᠵᠤᠯ ᠵᠢᠷᠭᠠᠯᠲᠤ ᠲᠦᠷᠪᠡᠤᠨ》 ᠭᠡᠬᠦ ᠬᠠᠮᠲᠤ ᠶᠢᠨ ᠳᠠᠭᠤᠤ ᠨᠢ ᠪᠦᠬᠦ ᠬᠤᠲᠠ ᠶᠢᠨ ᠮᠦᠰᠦ ᠴᠠᠰᠤᠨ ᠤ ᠨᠠᠭᠠᠳᠤᠮ ᠤᠨ ᠨᠢᠭᠡᠳᠦᠭᠡᠷ ᠳᠡᠰ ᠤᠨ ᠱᠠᠩᠨᠠᠯ ᠢ ᠭᠠᠷᠳᠠᠪᠠ᠃ ᠤᠯᠠᠭᠠᠨᠮᠦᠴᠢᠷ  ᠠᠴᠠ ᠰᠤᠶᠤᠯ ᠤᠨ《 ᠭᠤᠷᠪᠠ ᠶᠢ ᠬᠦᠳᠡᠭᠡ ᠪᠠᠭᠤᠯᠭᠠᠬᠤ》 ᠠᠵᠢᠯᠯᠠᠭ᠎ᠠ ᠶᠢ ᠦᠷᠨᠢᠭᠦᠯᠵᠦ᠂ ᠨᠡᠶᠢᠲᠡ ᠶᠢᠨ ᠠᠰᠠᠷᠠᠮᠵᠢ ᠶᠢᠨ ᠺᠢᠨᠤ᠋ ᠲᠠᠯᠪᠢᠬᠤ ᠵᠢᠴᠢ ᠠᠷᠠᠤᠨ ᠢ ᠲᠤᠰᠠᠯᠠᠬᠤ ᠲᠤᠭᠯᠠᠯᠲᠠ ᠨᠡᠶᠢᠲᠡ 1000 ᠢᠯᠡᠭᠦᠤ ᠤᠳᠠᠭ᠎ᠠ ᠶᠠᠪᠤᠭᠳᠠᠪᠠ᠃ — ᠶᠡᠷᠦᠩᠬᠡᠶᠢᠯᠡᠨ ᠵᠠᠰᠠᠵᠤ᠂ ᠨᠡᠶᠢᠭᠡᠮ ᠨᠡᠶᠢᠲᠡ ᠤᠯᠠᠮ ᠡᠶ᠎ᠡ ᠵᠤᠬᠢᠴᠠᠩᠭᠤᠢ ᠲᠤᠭᠲᠠᠭᠤᠨ ᠪᠠᠶᠢᠬᠤ ᠶᠢ ᠪᠠᠷᠢᠮᠲᠠᠯᠠᠨ᠎ᠠ᠃ ᠪᠦᠬᠦ ᠵᠢᠯ ᠳᠤ 5 ᠤᠳᠠᠭᠠᠨ ᠤ ᠠᠶᠤᠯᠭᠦᠢ ᠤᠶᠢᠯᠡᠤᠨᠪᠦᠷᠢᠯᠡᠯ ᠤᠨ ᠪᠠᠶᠢᠴᠠᠭᠠᠯᠲᠠ ᠶᠢ ᠦᠷᠨᠢᠭᠦᠯᠵᠦ᠂ 947 ᠬᠡᠰᠡᠭ ᠠᠶᠤᠯᠲᠠᠢ ᠭᠠᠵᠠᠷ ᠢ ᠦᠭᠡᠶᠢᠰᠬᠡᠵᠦ᠂ ᠠᠶᠤᠯᠭᠦᠢ ᠤᠶᠢᠯᠡᠤᠨᠪᠦᠷᠢᠡᠯᠬᠦ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠶᠤᠯᠭᠦᠢ ᠤᠶᠢᠯᠡᠤᠨᠪᠦᠷᠢᠯᠡᠬᠦ ᠪᠠᠶᠢᠳᠠᠯ ᠤᠨ ᠪᠦᠬᠦ ᠲᠠᠯ᠎ᠠ ᠶᠢ ᠲᠤᠭᠲᠠᠭᠤᠨ ᠪᠠᠶᠢᠯᠭᠠᠨ᠎ᠠ᠃《 ᠠᠮᠤᠷ ᠲᠦᠪᠰᠢᠨ ᠲᠦᠷᠪᠡᠤᠨ》 ᠤᠨ ᠪᠠᠶᠢᠭᠤᠯᠤᠯᠲᠠ ᠶᠢ ᠭᠦᠨᠵᠡᠭᠡᠢ ᠦᠷᠨᠢᠭᠦᠯᠵᠦ᠂ ᠠᠮᠤᠷ ᠢ ᠬᠠᠮᠠᠭᠠᠯᠠᠬᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠤᠮᠤ ᠶᠡᠭᠡ ᠬᠦᠳᠡᠯᠭᠡᠭᠡᠨ ᠤ ᠠᠮᠤᠷ ᠢ ᠬᠠᠮᠠᠭᠠᠯᠠᠬᠤ ᠠᠵᠢᠯ ᠢ ᠰᠠᠶᠢᠳᠤᠷ ᠪᠠᠶᠡᠯᠡᠭᠦᠯᠪᠡ᠃ ᠵᠠᠬᠢᠳᠠᠯ ᠰᠤᠷᠪᠤᠯᠵᠢᠯᠠᠯᠭ᠎ᠠ᠂ ᠨᠡᠶᠢᠭᠡᠮ ᠤᠨ ᠲᠤᠭᠲᠠᠭᠤᠨ ᠢ ᠬᠠᠮᠠᠭᠠᠯᠠᠬᠤ ᠠᠵᠢᠯ ᠢ ᠲᠠᠰᠤᠷᠠᠯᠲᠠ ᠦᠭᠡᠢ ᠴᠢᠩᠭᠠᠤᠨᠬᠠᠵᠤ᠂ ᠨᠡᠶᠢᠭᠡᠮ ᠤᠨ ᠵᠦᠷᠢᠴᠡᠯ ᠮᠦᠷᠭᠦᠯᠳᠦᠭᠡᠨ ᠢ ᠲᠤᠬᠢᠷᠠᠮᠵᠢᠲᠠᠢ ᠰᠢᠢᠤᠨᠪᠦᠷᠢᠡᠯᠪᠡ᠃ ᠬᠤᠰᠢᠭᠤᠨ ᠤ ᠴᠠᠭ ᠠᠭᠤᠷ ᠤᠨ ᠲᠤᠪᠴᠢᠶ᠎ᠠ ᠨᠢ ᠪᠦᠬᠦ ᠤᠯᠤᠰ ᠤᠨ ᠪᠤᠯᠪᠠᠰᠤᠨ ᠨᠢᠭᠡᠴᠡ ᠶᠢᠨ ᠬᠦᠬᠢᠭᠦᠯᠦᠯ ᠢ ᠬᠦᠷᠲᠡᠪᠡ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠪᠠ ᠤᠯᠤᠰ ᠤᠨ ᠬᠠᠮᠠᠭᠠᠯᠠᠯᠲᠠ ᠶᠢᠨ ᠠᠵᠢᠯ ᠢ ᠭᠦᠨᠵᠡᠭᠡᠢ ᠦᠷᠨᠢᠭᠦᠯᠵᠦ᠂《 ᠠᠷᠠᠤᠨ ᠢᠶᠠᠨ ᠬᠠᠶᠢᠷᠠᠯᠠᠬᠤ ᠬᠢᠯᠢ ᠪᠠᠨ ᠪᠠᠬᠢᠵᠢᠭᠦᠯᠬᠦ ᠵᠢᠱᠢᠶᠡᠴᠢ ᠬᠤᠰᠢᠭᠤ》 ᠶᠢ ᠪᠠᠶᠢᠭᠤᠯᠬᠤ ᠠᠵᠢᠯ ᠢ ᠲᠤᠭᠲᠠᠭᠤᠨ ᠪᠠᠷ ᠠᠬᠢᠭᠤᠯᠪᠠ᠃ ᠦᠨᠳᠦᠰᠦᠲᠡᠨ ᠤ ᠪᠦᠯᠬᠦᠮᠳᠡᠯ  ᠤᠨ ᠠᠵᠤ ᠤᠶᠢᠯᠡᠰ ᠰᠢᠨ᠎ᠡ ᠪᠠᠶᠢᠳᠠᠯ ᠳᠤ ᠤᠷᠤᠵᠤ᠂ ᠱᠠᠰᠢᠨ ᠰᠤᠷᠲᠠᠬᠤᠨ ᠤ ᠬᠦᠷᠢᠶ᠎ᠡ ᠬᠡᠪᠴᠢᠶ᠎ᠡ ᠡᠶ᠎ᠡ ᠵᠤᠬᠢᠴᠠᠩᠭᠤᠢ ᠲᠤᠭᠲᠠᠭᠤᠨ ᠪᠠᠶᠢᠨ᠎ᠠ᠃— ᠴᠢᠳᠠᠮᠵᠢ ᠶᠢᠨ ᠬᠤᠪᠢᠷᠠᠯᠲᠠ᠂ ᠵᠠᠰᠠᠭ ᠵᠠᠬᠢᠷᠭᠠᠨ ᠤ ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ《 ᠤᠯᠠᠨ ᠦᠨᠡᠮᠯᠡᠯ ᠢ ᠬᠠᠮᠲᠤᠤᠨᠬᠠᠬᠤ》᠂《 ᠨᠢᠭᠡ ᠰᠡᠭᠦᠳᠡᠷ ᠨᠢᠭᠡ ᠨᠤᠮᠧᠷ》 ᠵᠡᠷᠭᠡ ᠦᠭᠡᠷᠡᠴᠢᠯᠡᠯᠲᠡ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠨᠠᠨ ᠵᠦᠪᠰᠢᠶᠡᠷᠡᠭᠦ ᠤᠶᠢᠯᠡᠴᠢᠯᠡᠭᠡᠨ ᠤ《 ᠨᠢᠭᠡ ᠱᠤᠭᠤᠮ ᠤᠨ ᠪᠦᠷᠢᠨ ᠤᠶᠢᠯᠡᠴᠢᠯᠡᠭᠡ》 ᠪᠠᠷ ᠰᠢᠢᠤᠨᠪᠦᠷᠢᠯᠡᠬᠦ ᠢ ᠪᠡᠶᠡᠯᠡᠭᠦᠯᠵᠦ᠂ ᠤᠶᠢᠯᠡᠴᠢᠡᠯᠭᠡᠨ ᠤ ᠶᠠᠰᠤ ᠴᠢᠨᠠᠷ ᠪᠤᠯᠤᠨ ᠰᠢᠢᠤᠨᠪᠦᠷᠢᠯᠡᠬᠦ ᠦᠷ᠎ᠡ ᠪᠦᠲᠦᠮᠵᠢ ᠢᠯᠡᠤᠨᠲᠡ ᠳᠡᠭᠡᠭᠰᠢᠯᠡᠪᠡ᠃《 ᠬᠠᠮᠢᠶᠠᠷᠤᠯᠲᠠ ᠶᠢ ᠰᠤᠯᠠᠷᠠᠭᠤᠯᠵᠤ ᠤᠶᠢᠯᠡᠴᠢᠯᠡᠭᠡ ᠬᠠᠨᠭ᠍ᠭᠠᠬᠤ》 ᠪᠤᠯᠤᠨ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂《 ᠬᠤᠤᠰ ᠠᠴᠢᠶᠠᠯᠠᠪᠤᠷᠢᠲᠦ ᠬᠡᠷᠡᠭᠯᠡᠭᠦᠷ᠂ ᠨᠢᠭᠡ ᠶᠢ ᠢᠯᠡᠴᠢᠯᠡᠬᠦ》 ᠰᠤᠩᠭᠤᠨ ᠪᠠᠶᠢᠴᠠᠭᠠᠯᠲᠠ ᠶᠢ ᠪᠦᠬᠦ ᠲᠠᠯ᠎ᠠ ᠪᠠᠷ ᠦᠷᠨᠢᠭᠦᠯᠦᠨ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠦᠨ ᠢ ᠤᠷᠮᠠᠰᠢᠯᠠᠭᠤᠯᠤᠨ᠎ᠠ᠃ ᠡᠷᠦᠬᠡ ᠠᠮᠠ ᠲᠦᠷᠢᠮ ᠤᠨ ᠦᠭᠡᠷᠡᠴᠢᠯᠡᠯᠲᠡ ᠶᠢ ᠠᠬᠢᠭᠤᠯᠵᠤ᠂ ᠤᠷᠤᠰᠢᠨ ᠰᠠᠭᠤᠬᠤ ᠦᠨᠡᠮᠯᠡᠯ ᠤᠨ ᠲᠦᠷᠢᠮ ᠢ ᠲᠡᠭᠦᠯᠳᠡᠷᠵᠢᠭᠦᠯᠦᠨ᠎ᠡ᠃— ᠡᠭᠦᠷᠭᠡ ᠲᠤᠰᠢᠶᠠᠯ ᠢᠶᠠᠨ ᠭᠦᠢᠴᠡᠤᠨᠬᠡᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠪᠠᠷᠢᠮᠲᠠᠯᠠᠨ᠎ᠠ《 ᠬᠤᠶᠠᠷ ᠢ ᠰᠤᠷᠤᠯᠴᠠᠵᠤ ᠬᠢᠷᠢ ᠲᠠᠩᠴᠡᠭᠰᠡᠨ ᠨᠠᠮ ᠤᠨ ᠭᠡᠰᠢᠭᠦᠨ ᠪᠤᠯᠬᠤ》 ᠰᠤᠷᠤᠯᠴᠠᠯᠭ᠎ᠠ ᠬᠦᠮᠦᠵᠢᠯ ᠤᠨ ᠲᠦᠷᠢᠮᠵᠢᠲᠦ ᠴᠢᠨᠠᠷ᠂ ᠬᠡᠪᠰᠢᠮᠠᠯ ᠴᠢᠨᠠᠷ ᠢ ᠬᠢᠨᠠᠮᠠᠭᠠᠢ ᠲᠦᠷᠢᠮᠵᠢᠭᠦᠯᠵᠦ᠂《 ᠲᠦᠪ ᠤᠨ ᠨᠠᠢᠮᠠᠨ ᠵᠤᠷᠪᠤᠰ ᠵᠠᠷᠴᠢᠮ》᠂ ᠦᠪᠡᠷᠲᠡᠭᠡᠨ ᠵᠠᠰᠠᠬᠤ ᠤᠷᠨ ᠤ 28 ᠵᠤᠷᠪᠤᠰ ᠵᠠᠷᠴᠢᠮ ᠢ ᠭᠦᠨᠵᠡᠭᠡᠢ ᠲᠤᠤᠱᠯᠠᠭᠤᠯᠵᠤ᠂ ᠲᠤᠭᠤᠷᠢᠨ ᠪᠠᠶᠢᠴᠠᠭᠠᠭᠰᠠᠨ ᠬᠠᠷᠢᠭᠤ ᠲᠤᠰᠬᠠᠯ ᠤᠨ ᠦᠭᠡᠷᠡᠴᠢᠯᠡᠯᠲᠡ ᠶᠢᠨ ᠰᠠᠨᠠᠯ ᠢ ᠬᠢᠨᠠᠮᠠᠭᠠᠢ ᠨᠠᠶᠢᠳᠠᠪᠤᠷᠢᠵᠢᠭᠤᠯᠤᠨ᠂ ᠴᠢᠭᠡᠴᠢ ᠵᠠᠰᠠᠭ ᠤᠨ ᠪᠠᠶᠢᠭᠤᠯᠤᠯᠲᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠲᠦᠪ ᠴᠢᠩᠭ᠎ᠠ ᠭᠦᠢᠴᠡᠤᠨᠬᠡᠵᠦ᠂ ᠡᠯ᠎ᠡ ᠵᠤᠶᠢᠯ ᠤᠨ ᠰᠠᠬᠢᠯᠭ᠎ᠠ ᠪᠠᠲᠤ ᠵᠦᠷᠢᠴᠡᠭᠰᠡᠨ ᠬᠡᠷᠡᠭ ᠢ ᠡᠷᠡᠰ ᠴᠢᠩᠭ᠎ᠠ ᠰᠢᠢᠤᠨᠪᠦᠷᠢᠯᠡᠨ᠎ᠡ᠃ ᠵᠠᠰᠠᠭ ᠤᠨ ᠶᠠᠪᠤᠳᠠᠯ ᠤᠨ ᠢᠯᠡ ᠲᠤᠳᠤᠷᠬᠠᠢ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠤᠯᠤᠨ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠬᠦᠴᠦᠯᠡᠴᠡ ᠶᠢ ᠶᠡᠬᠡᠰᠬᠡᠵᠦ᠂ ᠲᠤᠮᠤ ᠶᠡᠭᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤ ᠬᠢᠨᠠᠨ ᠪᠤᠳᠤᠯᠲᠠ ᠶᠢ ᠭᠦᠨᠵᠡᠭᠡᠢ ᠬᠡᠷᠡᠭᠵᠢᠭᠦᠯᠦᠨ᠂ ᠦᠭᠡᠷᠡᠴᠢᠯᠡᠨ ᠵᠠᠰᠠᠬᠤ ᠠᠰᠠᠭᠤᠳᠠᠯ ᠤᠨ ᠬᠦᠴᠦᠯᠡᠴᠡ ᠶᠢ ᠪᠤᠳᠠᠳᠠᠢ ᠶᠡᠬᠡᠰᠬᠡᠨ᠎ᠡ᠃ ᠬᠠᠤᠯᠢ ᠶᠤᠰᠤᠭᠠᠷ ᠵᠠᠰᠠᠭ ᠬᠡᠷᠡᠭᠵᠢᠭᠦᠯᠬᠦ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠬᠤᠰᠢᠭᠤ ᠨᠠᠮ ᠤᠨ ᠬᠤᠷᠢᠶᠠᠨ ᠤ ᠵᠢᠯᠤᠭᠤᠳᠤᠯᠭ᠎ᠠ ᠳᠤᠤᠷ᠎ᠠ ᠡᠭᠦᠷᠭᠡ ᠬᠠᠷᠢᠭᠤᠴᠠᠯᠭ᠎ᠠ ᠪᠠᠨ ᠭᠦᠢᠴᠡᠤᠨᠬᠡᠨ᠂ ᠰᠠᠨᠠᠭᠠᠴᠢᠯᠠᠭ᠎ᠠ ᠠᠴᠠ ᠪᠠᠨ ᠬᠤᠰᠢᠭᠤᠨ ᠤ ᠠᠷᠠᠤᠨ ᠤᠨ ᠲᠦᠯᠦᠭᠡᠯᠡᠭᠴᠢᠤᠨ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠪᠤᠯᠤᠨ ᠨᠡᠶᠢᠭᠡᠮ ᠨᠡᠶᠢᠲᠡ  ᠶᠢᠨ ᠬᠢᠨᠡᠯᠲᠠ ᠲᠠᠯᠪᠢᠬᠤ ᠶᠢ ᠬᠦᠯᠢᠶᠡᠨ ᠠᠪᠴᠤ᠂ ᠠᠷᠠᠤᠨ ᠤᠨ ᠲᠦᠯᠦᠭᠡᠯᠡᠭᠴᠢᠤᠨ ᠶᠡᠭᠡ ᠬᠤᠷᠠᠯ ᠤᠨ ᠰᠠᠨᠠᠯ ᠰᠢᠭᠦᠮᠵᠢ᠂ ᠤᠯᠤᠰ ᠲᠦᠷᠦ ᠶᠢᠨ ᠵᠦᠪᠯᠡᠯᠭᠡᠨ ᠤ ᠰᠠᠨᠠᠯ ᠳᠤᠷᠠᠳᠤᠯᠭ᠎ᠠ ᠶᠢᠨ ᠬᠠᠷᠢᠭᠤᠯᠲᠠ ᠦᠭᠬᠦ ᠨᠡᠶᠢᠳᠡᠮ ᠳᠡᠭᠡᠨ 100% ᠪᠤᠯᠪᠠ᠃ ᠵᠠᠰᠠᠭ ᠤᠨ ᠤᠷᠳᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ ᠤᠨ ᠬᠠᠤᠯᠢ ᠳᠤ ᠨᠡᠶᠢᠴᠡᠬᠦ ᠲᠦᠷᠢᠮ ᠢ ᠪᠠᠶᠢᠭᠤᠯᠤᠨ᠎ᠠ᠃ ᠡᠯ᠎ᠡ ᠲᠦᠯᠦᠭᠡᠯᠡᠭᠴᠢᠤᠨ ᠡ︕ 2017 ᠤᠨ ᠢ ᠡᠷᠭᠢᠴᠡᠭᠦᠯᠪᠡᠯ᠂ ᠪᠢᠳᠡ ᠭᠦᠨᠵᠡᠭᠡᠢ ᠤᠯᠵᠤ ᠮᠡᠳᠡᠬᠦ ᠨᠢ᠂ ᠵᠠᠰᠠᠭ  ᠤᠨ ᠤᠷᠳᠤᠨ ᠤ ᠠᠵᠢᠯ ᠤᠨ ᠠᠯᠢᠪᠠ ᠲᠠᠯ᠎ᠠ ᠨᠢ ᠳᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤᠨ ᠤ ᠨᠠᠮ ᠤᠨ ᠬᠤᠷᠢᠶ᠎ᠠ ᠠᠴᠠ ᠰᠠᠯᠵᠤ ᠲᠡᠶᠢᠯᠬᠦ ᠦᠭᠡᠢ᠃ ᠲᠦᠷᠪᠡᠨ ᠶᠡᠭᠡ ᠠᠩᠭᠢ᠂ ᠬᠤᠰᠢᠭᠤᠨ ᠤ ᠳᠡᠭᠡᠷ᠎ᠡ ᠳᠤᠤᠷ᠎ᠠ ᠱᠠᠲᠤᠨ ᠤ ᠪᠠᠶᠢᠭᠤᠯᠭ᠎ᠠ᠂ ᠡᠯ᠎ᠡ ᠡᠲᠡᠭᠡᠤᠨ ᠤᠨ ᠬᠠᠮᠵᠢᠯᠴᠠᠭ᠎ᠠ ᠳᠡᠮᠵᠢᠯᠭᠡ ᠠᠴᠠ ᠰᠠᠯᠵᠤ ᠴᠢᠳᠠᠬᠤ ᠦᠭᠡᠢ᠃ ᠠᠳᠡ᠂ ᠪᠢ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠢ ᠲᠦᠯᠦᠭᠡᠯᠡᠨ᠂ ᠪᠦᠬᠦ ᠦᠨᠳᠦᠰᠦᠲᠡᠨ  ᠤ ᠠᠷᠠᠤᠨ  ᠲᠦᠮᠡᠨ ᠳᠤ᠂ ᠪᠦᠬᠦ ᠠᠷᠠᠤᠨ ᠤᠨ ᠲᠦᠯᠦᠭᠡᠯᠡᠭᠴᠢᠤᠨ ᠤᠨ ᠶᠡᠭᠡ ᠬᠤᠷᠠᠯ ᠳᠤ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠤᠨ ᠳᠤ᠂ ᠠᠯᠢᠪᠠ ᠲᠦᠷᠪᠡᠤᠨ ᠬᠤᠰᠢᠭᠤᠨ ᠤ ᠬᠦᠭᠵᠢᠯᠲᠡ ᠶᠢ ᠬᠠᠯᠠᠮᠵᠢᠯᠠᠵᠤ᠂ ᠳᠡᠤᠨᠬᠦᠵᠦ ᠪᠠᠶᠢᠭ᠎ᠠ ᠲᠠ ᠪᠦᠬᠦᠨ ᠳᠤ ᠴᠢᠩ ᠰᠡᠤᠨᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠡᠯ᠎ᠡ ᠲᠦᠯᠦᠭᠡᠯᠡᠭᠴᠢᠤᠨ ᠡ᠂ ᠪᠢᠳᠡ ᠠᠮᠵᠢᠯᠲᠠ ᠪᠠᠨ ᠲᠤᠳᠤᠷᠬᠠᠶᠢᠯᠠᠭᠰᠠᠨ ᠤ ᠰᠠᠭᠤᠷᠢᠨ ᠳᠡᠭᠡᠷ᠎ᠡ᠂ ᠲᠦᠷᠪᠡᠤᠨ ᠬᠤᠰᠢᠭᠤᠨ ᠤ ᠬᠦᠭᠵᠢᠯᠲᠡ ᠶᠢᠨ ᠳᠤᠮᠳᠠ ᠤᠯᠠᠨ ᠠᠷᠪᠢᠨ ᠠᠰᠠᠭᠤᠳᠠᠯ ᠤᠷᠤᠰᠢᠵᠦ ᠪᠠᠶᠢᠬᠤ ᠶᠢ ᠰᠡᠷᠡᠵᠦ ᠮᠡᠳᠡᠵᠦ ᠪᠤᠯᠤᠨ᠎ᠠ᠃ ᠭᠤᠤᠯ ᠨᠢ᠄ ᠤᠳᠤᠬᠢ ᠠᠵᠤ ᠠᠬᠤᠢ ᠶᠢᠨ ᠴᠤᠭᠴᠠ ᠲᠡᠭᠦᠯᠳᠡᠷ ᠪᠤᠰᠤ᠂ ᠶᠡᠭᠡ ᠲᠦᠰᠦᠯ᠂ ᠶᠡᠭᠡ ᠠᠵᠤ ᠠᠬᠤᠶᠢᠯᠠᠯ ᠪᠠᠭ᠎ᠠ᠂ ᠠᠵᠤ ᠠᠬᠤᠢ ᠶᠢᠨ ᠢᠳᠡᠪᠬᠢᠵᠢᠯ ᠤᠨ ᠬᠦᠴᠦ ᠪᠠᠭ᠎ᠠ᠂ ᠦᠷ᠎ᠡ ᠠᠰᠢᠭ ᠢ ᠳᠡᠭᠡᠭᠰᠢᠯᠡᠭᠦᠯᠬᠦ ᠴᠢᠬᠤᠯᠠ ᠲᠠᠢ᠃ ᠵᠢᠭᠤᠯᠴᠢᠯᠠᠯ ᠤᠨ ᠠᠵᠤ ᠤᠶᠢᠯᠡᠰ ᠤᠨ ᠪᠦᠬᠦᠯᠢ ᠴᠤᠭᠴᠠ ᠶᠢᠨ ᠪᠠᠶᠢᠭᠤᠯᠤᠯᠲᠠ ᠶᠢᠨ ᠬᠢᠷᠢ ᠲᠦᠪᠰᠢᠨ ᠳᠤᠤᠷ᠎ᠠ᠂ ᠵᠢᠭᠤᠯᠴᠢᠯᠠᠯ ᠤᠨ ᠪᠦᠲᠦᠭᠡᠭᠳᠡᠭᠦᠨ ᠳᠠᠩ ᠴᠤᠯᠭᠤᠢ᠂ ᠵᠠᠬ᠎ᠠ ᠳᠡᠯᠭᠡᠭᠦᠷ ᠢ ᠲᠠᠲᠠᠬᠤ ᠬᠦᠴᠦ ᠳᠤᠷᠤᠢ ᠪᠠᠭᠤᠷᠠᠢ ᠪᠠᠶᠢᠨ᠎ᠠ᠃ ᠬᠤᠲᠠ ᠬᠦᠳᠡᠭᠡ ᠶᠢᠨ ᠴᠢᠳᠠᠮᠵᠢ ᠶᠢᠨ ᠪᠠᠶᠢᠷᠯᠠᠭᠤᠯᠤᠯᠲᠠ ᠭᠦᠢᠴᠡᠤᠨ ᠪᠤᠰᠤ᠂ ᠰᠤᠶᠤᠯ ᠰᠤᠷᠭᠠᠨ ᠬᠦᠮᠦᠵᠢᠯ ᠡᠷᠡᠭᠦᠯ ᠬᠠᠮᠠᠭᠠᠯᠠᠯ ᠨᠢ ᠡᠬᠢ ᠪᠠᠶᠠᠯᠢᠭ ᠢᠶᠠᠷ ᠳᠤᠲᠠᠮᠠᠭ ᠪᠠᠶᠢᠨ᠎ᠠ᠃ ᠵᠠᠰᠠᠭ ᠤᠨ ᠤᠷᠳᠤᠨ ᠤ ᠦᠷᠢ ᠰᠢᠷᠢ ᠶᠢᠨ ᠳᠠᠷᠤᠭᠠᠰᠤ ᠶᠡᠭᠡ᠂ ᠤᠷᠤᠯᠭ᠎ᠠ ᠭᠠᠷᠤᠯᠭ᠎ᠠ ᠶᠢᠨ ᠵᠦᠷᠢᠴᠡᠯ ᠵᠡᠷᠭᠡ ᠠᠰᠠᠭᠤᠳᠠᠯ ᠪᠠᠶᠢᠨ᠎ᠠ᠃ ᠡᠭᠦᠨ ᠳᠤ᠂ ᠪᠢᠳᠡ ᠳᠡᠭᠡᠳᠦ ᠬᠡᠮᠵᠢᠶ᠎ᠡ ᠪᠠᠷ ᠬᠦᠨᠳᠦᠤᠨᠬᠡᠨ ᠦᠵᠡᠵᠦ᠂ ᠬᠢᠨᠠᠮᠠᠭᠠᠢ ᠠᠷᠭ᠎ᠠ ᠠᠪᠴᠠᠯ ᠠᠪᠴᠤ ᠰᠢᠢᠤᠨᠪᠦᠷᠢᠯᠡᠶ᠎ᠡ᠃ ᠬᠤᠶᠠᠷ᠂ 2018 ᠤᠨ ᠤ ᠠᠵᠢᠯ ᠤᠨ ᠶᠡᠷᠦᠩᠭᠢ ᠲᠤᠬᠢᠷᠠᠭᠤᠯᠤᠯᠲᠠ2018 ᠤᠨ ᠪᠤᠯ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠦᠨ᠂ ᠦᠭᠡᠷᠡᠴᠢᠯᠡᠯᠲᠡ ᠨᠡᠭᠡᠭᠡᠯᠲᠡ ᠶᠢᠨ 40 ᠵᠢᠯ᠂ ᠪᠠᠰᠠᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂《 ᠠᠷᠪᠠᠨ ᠭᠤᠷᠪᠠᠳᠤᠭᠠᠷ ᠲᠠᠪᠤᠨ ᠵᠢᠯ》 ᠤᠨ ᠲᠦᠯᠦᠪᠯᠡᠯᠭᠡ ᠶᠢ ᠬᠡᠷᠡᠭᠵᠢᠯᠡᠭᠦᠯᠬᠦ ᠵᠠᠩᠭᠢᠯᠠᠭ᠎ᠠ ᠶᠢᠨ ᠵᠢᠯ ᠮᠦᠨ᠃ ᠡᠨᠡ ᠵᠢᠯ ᠤᠨ ᠠᠵᠢᠯ ᠶᠡᠷᠦᠩᠭᠢ ᠰᠡᠤᠨᠬᠢᠬᠦᠢ ᠪᠤᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠨ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠲᠦᠷᠪᠡᠳᠦᠭᠡᠷ ᠪᠦᠬᠦᠳᠡ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠲᠦᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠪᠤᠯᠤᠨ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂《 ᠲᠠᠪᠤ ᠶᠢ ᠨᠢᠭᠡ ᠴᠤᠭᠴᠠᠵᠢᠭᠤᠯᠬᠤ》 ᠶᠡᠷᠦᠩᠭᠢ ᠪᠠᠶᠢᠷᠢᠯᠠᠭᠤᠯᠤᠯᠲᠠ ᠶᠢ ᠨᠢᠭᠡᠳᠦᠯᠲᠠᠢ ᠲᠦᠯᠦᠪᠵᠢᠭᠦᠯᠦᠨ᠂《 ᠲᠦᠷᠪᠡᠨ ᠪᠦᠬᠦ ᠲᠠᠯ᠎ᠠ》 ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠭᠤᠯᠤᠨ ᠠᠬᠢᠭᠤᠯᠵᠤ᠂《 ᠲᠠᠪᠤᠨ ᠬᠤᠰᠢᠵᠢᠭᠤᠯᠲᠠ》 ᠶᠢᠨ ᠪᠠᠶᠢᠯᠳᠤᠬᠤ ᠪᠤᠳᠤᠯᠭ᠎ᠠ ᠶᠢᠨ ᠲᠤᠭᠤᠷᠢᠨ ᠳᠤ᠂ ᠲᠤᠭᠲᠠᠭᠤᠨ ᠳᠤᠮᠳᠠ ᠠᠵᠢᠯ ᠤᠨ ᠭᠤᠤᠯᠳᠠᠯᠠᠭ᠎ᠠ ᠶᠢ ᠪᠠᠷᠢᠮᠲᠠᠯᠠᠵᠤ᠂ ᠰᠢᠨ᠎ᠡ ᠬᠦᠭᠵᠢᠯᠲᠡ ᠶᠢᠨ ᠤᠨᠤᠯ ᠢ ᠪᠦᠬᠦ ᠲᠠᠯ᠎ᠠ ᠪᠠᠷ ᠤᠶᠢᠯᠡᠳᠦᠯᠭᠡᠵᠢᠭᠦᠯᠦᠨ᠂ ᠳᠡᠭᠡᠳᠦ ᠬᠡᠮᠵᠢᠶᠡᠨ ᠤ ᠶᠠᠰᠤ ᠴᠢᠨᠠᠷ ᠲᠠᠢ ᠬᠦᠭᠵᠢᠯᠲᠡ ᠶᠢᠨ ᠱᠠᠭᠠᠷᠳᠠᠯᠭ᠎ᠠ ᠶᠤᠰᠤᠭᠠᠷ᠂ ᠡᠷᠡᠰ ᠴᠢᠩᠭ᠎ᠠ ᠢᠲᠡᠭᠡᠯ ᠵᠤᠷᠢᠭ ᠲᠠᠢ ᠪᠠᠷ᠂ ᠦᠨᠡᠨ ᠢ ᠬᠠᠶᠢᠨ᠂ ᠪᠤᠳᠠᠳᠠᠢ ᠶᠢ ᠬᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠠᠮᠵᠢᠯᠲᠠ ᠤᠯᠬᠤ ᠶᠢᠨ ᠲᠦᠯᠦᠭᠡ ᠲᠠᠰᠤᠷᠠᠯᠲᠠ ᠦᠭᠡᠢ ᠴᠢᠷᠮᠠᠶᠢᠨ᠎ᠠ᠃ ᠭᠤᠤᠯ ᠲᠡᠮᠡᠴᠡᠯ ᠤᠨ ᠬᠠᠷᠠᠯᠲᠠ ᠪᠤᠯ᠄ ᠭᠠᠵᠠᠷ ᠤᠷᠤᠨ ᠤ ᠤᠶᠢᠯᠡᠤᠨᠪᠦᠷᠢᠯᠡᠯ ᠤᠨ ᠶᠡᠷᠦᠩᠭᠢ ᠦᠷᠲᠡᠭ ᠤᠨ ᠨᠡᠮᠡᠯᠲᠡ  ᠨᠢ 7.8%᠃ ᠲᠤᠭᠲᠠᠮᠠᠯ ᠬᠦᠷᠦᠩᠭᠡ ᠶᠢᠨ ᠪᠡᠯᠡ ᠤᠷᠤᠯᠠᠭᠤᠯᠤᠯᠲᠠ ᠶᠢᠨ ᠦᠰᠦᠯᠲᠡ ᠨᠢ 9%᠃ ᠠᠵᠤ ᠤᠶᠢᠯᠡᠤᠨᠪᠦᠷᠢ ᠶᠢᠨ ᠨᠡᠮᠡᠯᠲᠡ ᠦᠷᠲᠡᠭ ᠤᠨ ᠦᠰᠦᠯᠲᠡ ᠨᠢ 9%᠃ ᠨᠡᠶᠢᠲᠡ ᠶᠢᠨ ᠡᠳ᠋ ᠤᠨ ᠵᠠᠰᠠᠭ ᠤᠨ ᠲᠦᠰᠦᠯ  ᠤᠨ ᠤᠷᠤᠯᠭ᠎ᠠ ᠶᠢᠨ ᠦᠰᠦᠯᠲᠡ ᠨᠢ 5.1%. ᠨᠡᠶᠢᠭᠡᠮ ᠤ ᠬᠡᠷᠡᠭᠯᠡᠭᠡᠨ ᠤᠨ ᠵᠤᠶᠢᠯᠡᠰ ᠤᠨ ᠪᠤᠷᠤᠯᠠᠭᠤᠯᠤᠯᠲᠠ ᠶᠢᠨ ᠦᠰᠦᠯᠳᠡ ᠨᠢ 10%᠃ ᠬᠤᠲᠠ ᠪᠠᠯᠭᠠᠰᠤᠨ ᠤ ᠰᠠᠭᠤᠭᠠᠯᠢ ᠠᠷᠠᠤᠨ ᠪᠠ ᠮᠠᠯᠴᠢᠨ ᠲᠠᠷᠢᠶᠠᠴᠢᠨ ᠤ ᠬᠦᠮᠦᠨ ᠪᠦᠷᠢ  ᠶᠢᠨ ᠤᠷᠤᠯᠭ᠎ᠠ ᠦᠰᠦᠯᠲᠠ ᠨᠢ 8% ᠪᠤᠯᠤᠨ 8.5%᠃ ᠠᠶᠤᠯᠭᠦᠢ ᠤᠶᠢᠯᠡᠤᠨᠪᠦᠷᠢᠯᠡᠬᠦ ᠪᠠ ᠡᠨᠧᠷᠬᠢ ᠠᠷᠪᠢᠯᠠᠬᠤ ᠡᠭᠦᠷᠭᠡ ᠶᠢ ᠪᠦᠬᠦ ᠲᠠᠯ᠎ᠠ ᠪᠠᠷ ᠪᠠᠶᠡᠯᠡᠭᠦᠯᠦᠨ᠎ᠡ᠃ ᠳᠡᠭᠡᠷᠡᠬᠢ ᠶᠠᠷᠢᠭᠰᠠᠨ ᠲᠠᠢ ᠤᠶᠠᠯᠳᠤᠭᠤᠯᠵᠤ᠂ ᠲᠤᠤᠷᠠᠬᠢ ᠳᠤᠯᠤᠭᠠᠨ ᠵᠤᠶᠢᠯ ᠤᠨ ᠠᠵᠢᠯ ᠢ ᠭᠤᠤᠯᠳᠠᠯᠠᠭ᠎ᠠ ᠲᠠᠢ ᠠᠤᠨᠬᠤᠨ᠎ᠠ᠃(  ᠨᠢᠭᠡ ) ᠭᠤᠷᠪᠠᠨ ᠶᠡᠭᠡ ᠪᠠᠬᠢᠯᠡᠯᠲᠡ ᠰᠢᠪᠲᠤᠯᠬᠤ ᠲᠠᠶᠢᠯᠠᠯᠳᠤᠭᠠᠨ ᠢ ᠰᠠᠶᠢᠳᠤᠷ ᠴᠤᠬᠢᠬᠤ ᠶᠢ ᠪᠠᠷᠢᠮᠲᠠᠯᠠᠵᠤ᠂ ᠠᠵᠤ ᠠᠬᠤᠢ ᠶᠢᠨ ᠬᠦᠭᠵᠢᠯᠲᠡ ᠶᠢᠨ ᠶᠠᠰᠤ ᠴᠢᠨᠠᠷ ᠢ ᠪᠤᠳᠠᠳᠠᠶᠢᠵᠢᠭᠤᠯᠤᠨ ᠳᠡᠭᠡᠭᠰᠢᠯᠡᠭᠦᠯᠦᠨ᠎ᠡ ᠬᠠᠮᠠᠭᠠᠯᠠᠯᠲᠠ ᠶᠢᠨ ᠴᠢᠨᠠᠷᠲᠠᠢ ᠲᠤᠮᠤ ᠶᠡᠭᠡ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠢ ᠰᠠᠶᠢᠳᠤᠷ ᠴᠤᠬᠢᠬᠤ ᠶᠢ ᠪᠠᠷᠢᠮᠲᠠᠯᠠᠨ᠎ᠠ᠃ ᠤᠯᠤᠰ ᠶᠢᠨ ᠦᠮᠴᠢᠯᠡᠯᠲᠦ ᠬᠦᠷᠦᠩᠭᠡ᠂ ᠤᠯᠤᠰ ᠤᠨ ᠦᠮᠴᠢᠯᠡᠯᠲᠦ ᠭᠠᠵᠠᠷ ᠰᠢᠷᠤᠢ ᠶᠢ ᠭᠠᠷᠭᠠᠬᠤ ᠤᠷᠤᠯᠭ᠎ᠠ᠂ ᠵᠠᠰᠠᠭ ᠤᠨ ᠤᠷᠳᠤᠨ ᠤ ᠪᠡᠯᠡ ᠤᠷᠤᠯᠠᠭᠤᠯᠤᠯᠲᠠ ᠶᠢᠨ ᠰᠠᠭᠤᠷᠢ ᠮᠦᠡᠭᠭᠦᠨ ᠤ ᠠᠷᠭ᠎ᠠ ᠠᠪᠴᠠᠯ᠂ ᠲᠦᠯᠦᠪᠯᠡᠯᠭᠡ᠂ ᠳᠡᠰ ᠳᠠᠷᠠᠭ᠎ᠠ ᠪᠠᠷ ᠦᠷᠢ ᠰᠢᠷᠢ ᠶᠢᠨ ᠠᠰᠠᠭᠤᠳᠠᠯ ᠢ ᠰᠢᠢᠤᠨᠪᠦᠷᠢᠯᠡᠨ᠎ᠡ᠃ ᠰᠢᠨ᠎ᠡ ᠳᠤᠷᠠᠳᠤᠭᠰᠠᠨ ᠲᠦᠰᠤᠯ ᠤᠨ ᠶᠤᠰᠤᠭᠠᠷ ᠡᠷᠬᠡᠪᠰᠢ《 ᠭᠤᠷᠪᠠᠨ ᠴᠢᠬᠤᠯᠠ ᠨᠢᠭᠡ ᠶᠡᠭᠡ》   ᠤᠨ ᠰᠢᠢᠤᠨᠪᠦᠷᠢᠲᠦ ᠪᠠᠶᠢᠷᠢᠯᠠᠭᠤᠯᠤᠯᠲᠠ  ᠶᠢ ᠴᠢᠩᠭ᠎ᠠ ᠰᠠᠬᠢᠬᠤ ᠬᠡᠷᠡᠭᠲᠠᠢ᠃ ᠮᠦᠡᠭᠭᠦᠨ ᠭᠦᠢᠯᠭᠡᠭᠡᠨ ᠤ ᠬᠠᠮᠠᠭᠠᠯᠠᠯᠲᠠ ᠶᠢᠨ ᠠᠵᠢᠯ ᠢ ᠨᠢᠭᠡᠳᠦᠯᠲᠠᠢ ᠲᠦᠯᠦᠪᠵᠢᠭᠦᠯᠵᠦ᠂ ᠤᠯᠠᠮ ᠴᠢᠨᠠᠭᠰᠢᠳᠠ ᠮᠦᠡᠭᠭᠦᠨ ᠭᠦᠢᠯᠭᠡᠭᠡᠨ ᠤ ᠵᠢᠭᠡᠯᠡᠯᠭᠡ ᠶᠢᠨ ᠠᠵᠢᠯ ᠢ ᠲᠦᠷᠢᠮᠵᠢᠭᠦᠯᠵᠦ᠂ ᠪᠤᠬᠢᠷᠳᠤᠯ ᠦᠬᠡᠢ ᠮᠦᠡᠭᠭᠦᠨ ᠭᠦᠢᠯᠭᠡᠭᠡᠨ ᠤ ᠬᠦᠭᠵᠢᠯᠲᠡ ᠶᠢᠨ ᠲᠤᠭᠲᠠᠯᠴᠠᠭ᠎ᠠ ᠶᠢ ᠴᠢᠷᠮᠠᠶᠢᠨ ᠪᠦᠷᠢᠯᠳᠦᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠠᠯᠲᠠ ᠶᠢᠨ ᠲᠠᠶᠢᠯᠠᠯᠳᠤᠭᠠᠨ ᠳᠤ ᠵᠠᠪᠠᠯ ᠢᠯᠠᠯᠲᠠ ᠤᠯᠬᠤ ᠪᠠᠷ ᠴᠢᠷᠮᠠᠶᠢᠨ᠎ᠠ᠃《 ᠬᠤᠶᠠᠷ ᠲᠤ ᠵᠤᠪᠠᠭ᠋ᠤ ᠦᠬᠡᠢ᠂ ᠭᠤᠷᠪᠠᠨ ᠪᠠᠲᠤᠯᠠᠭ᠎ᠠ ᠲᠠᠢ》 ᠬᠠᠷᠠᠯᠲᠠ ᠶᠢᠨ ᠲᠤᠭᠤᠷᠢᠨ ᠳᠤ᠂《 ᠲᠠᠪᠤᠨ ᠵᠤᠶᠢᠯ ᠪᠠᠷ ᠶᠠᠳᠠᠭᠤ ᠶᠢ ᠳᠡᠤᠨᠬᠦᠬᠦ》᠂《 ᠵᠢᠷᠭᠤᠭᠠᠨ ᠤᠨᠤᠪᠴᠢᠲᠠᠢ》 ᠶᠢ ᠭᠦᠨᠵᠡᠭᠡᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠦᠨ᠂ ᠠᠵᠤ ᠤᠶᠢᠯᠡᠤᠨᠪᠦᠷᠢ ᠶᠢᠨ ᠬᠦᠭᠵᠢᠯᠲᠡ ᠪᠤᠯᠤᠨ ᠤᠷᠤᠨ ᠰᠠᠭᠤᠴᠠ ᠶᠢᠨ ᠭᠤᠤᠯᠳᠠᠯᠠᠭ᠎ᠠ ᠲᠠᠢ ᠠᠵᠢᠯ ᠢ ᠠᠤᠨᠬᠤᠵᠤ᠂ ᠬᠤᠭᠤᠴᠠᠭ᠎ᠠ ᠶᠤᠰᠤᠭᠠᠷ 30 ᠶᠠᠳᠠᠭᠤ ᠬᠦᠴᠢᠷᠳᠡᠯᠲᠠᠢ ᠭᠠᠴᠠᠭ᠎ᠠ ᠲᠤᠰᠬᠤᠨ ᠠᠴᠠ 4276 ᠶᠠᠳᠠᠭᠤ ᠬᠦᠴᠢᠷᠳᠡᠯᠲᠠᠢ ᠡᠷᠦᠭᠡ ᠠᠮᠠ ᠶᠢ ᠶᠠᠳᠠᠭᠤ ᠠᠩᠭᠢᠵᠢᠷᠠᠯᠭᠤᠬᠤ ᠶᠢ ᠪᠠᠲᠠᠯᠠᠵᠤ᠂ ᠪᠦᠬᠦ ᠬᠤᠰᠢᠭᠤᠨ ᠤ ᠶᠠᠳᠠᠭᠤ ᠬᠦᠴᠢᠷᠳᠡᠯᠲᠠᠢ ᠪᠠᠶᠢᠳᠠᠯ ᠢ 2.4%  ᠠᠴᠠ ᠳᠤᠤᠷ᠎ᠠ ᠪᠠᠶᠢᠯᠭᠠᠨ᠎ᠠ᠃ ᠡᠳ᠋ ᠤᠨ ᠵᠠᠰᠠᠭ ᠤᠨ ᠲᠤᠰᠬᠠᠢ ᠶᠠᠳᠠᠭᠤ ᠶᠢ ᠳᠡᠤᠨᠬᠦᠬᠦ ᠮᠦᠡᠭᠭᠦ ᠪᠠᠷ ᠳᠠᠮᠵᠢᠨ᠂ ᠨᠢᠭᠡᠳᠦᠯᠲᠠᠢ ᠲᠦᠯᠦᠪᠵᠢᠭᠦᠯᠦᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠵᠠᠮ ᠳᠡᠭᠡᠷ᠎ᠡ ᠨᠢᠭᠡ ᠴᠤ ᠶᠠᠳᠠᠭᠤ ᠬᠦᠴᠢᠷᠳᠡᠯᠲᠠᠢ ᠡᠷᠦᠭᠡ ᠶᠢ ᠤᠷᠬᠢᠭᠳᠠᠭᠤᠯᠬᠤ ᠦᠭᠡᠢ ᠴᠢᠷᠮᠠᠶᠢᠨ᠎ᠠ᠃ ᠪᠤᠬᠢᠷᠳᠤᠯ ᠢ ᠰᠡᠷᠭᠡᠶᠢᠯᠡᠭᠦ ᠪᠠᠬᠢᠯᠡᠯᠲᠡ ᠰᠢᠪᠲᠤᠯᠬᠤ ᠲᠠᠶᠢᠯᠠᠯᠳᠤᠭᠠᠨ ᠳᠤ ᠢᠯᠠᠯᠲᠠ ᠤᠯᠬᠤ ᠪᠠᠷ ᠴᠢᠷᠮᠠᠶᠢᠨ᠎ᠠ᠃ ᠤᠯᠤᠰ ᠤᠨ ᠠᠮᠢ ᠠᠬᠤᠢ ᠶᠢᠨ ᠭᠤᠤᠯ ᠴᠤᠭᠴᠠ ᠶᠢᠨ ᠴᠢᠳᠠᠮᠵᠢ ᠶᠢᠨ ᠲᠤᠷᠰᠢᠬᠤ ᠴᠡᠭ ᠤᠨ ᠵᠢᠱᠢᠶᠡᠴᠢ ᠶᠢᠨ ᠠᠵᠢᠯ  ᠢ ᠢᠳᠡᠪᠬᠢᠲᠠᠢ ᠠᠬᠢᠭᠤᠯᠵᠤ᠂《 2018— 2025 ᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠦᠷᠢᠮ》 ᠢ ᠲᠤᠭᠲᠠᠭᠠᠨ᠂ ᠠᠮᠢ ᠠᠬᠤᠢ ᠶᠢᠨ ᠪᠤᠬᠢᠷᠳᠤᠯ ᠢ ᠰᠡᠷᠭᠡᠶᠢᠯᠡᠬᠦ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠳᠤ ᠢᠯᠠᠯᠲᠠ ᠤᠯᠬᠤ ᠰᠠᠭᠤᠷᠢ ᠶᠢ ᠲᠠᠯᠪᠢᠨ᠎ᠠ᠃ ᠤᠯᠤᠰ ᠤᠨ ᠠᠮᠢ ᠠᠬᠤᠢ ᠶᠢᠨ ᠤᠯᠭᠠᠨ ᠱᠤᠭᠤᠮ ᠤᠨ ᠬᠠᠮᠠᠭᠠᠯᠠᠯᠲᠠ ᠶᠢᠨ ᠲᠦᠷᠢᠮ ᠪᠤᠯᠤᠨ ᠭᠤᠤᠯ ᠴᠤᠭᠴᠠ ᠶᠢᠨ ᠴᠢᠳᠠᠮᠵᠢ ᠶᠢᠨ ᠲᠦᠯᠦᠪᠯᠡᠯᠭᠡ  ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠤᠬᠢᠷᠳᠤᠯ ᠲᠠᠢ ᠠᠮᠢ ᠠᠬᠤᠢ ᠶᠢ ᠳᠠᠬᠢᠨ ᠰᠡᠷᠭᠡᠬᠦ ᠢᠨᠵᠧᠨᠧᠷᠢᠭ ᠢ ᠪᠦᠬᠦ ᠲᠠᠯ᠎ᠠ ᠪᠠᠷ ᠬᠡᠷᠡᠭᠵᠢᠭᠦᠯᠦᠨ᠂ ᠠᠮᠢ ᠠᠬᠤᠢ ᠤᠷᠴᠢᠨ ᠲᠤᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃(  ᠬᠤᠶᠠᠷ ) ᠮᠠᠯᠴᠢᠨ ᠲᠠᠷᠢᠶᠠᠴᠢᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠤᠶᠢᠯᠡᠤᠨᠪᠦᠷᠢ ᠶᠢᠨ ᠤᠯᠠᠨ ᠡᠰᠢᠵᠢᠭᠦᠯᠦᠯᠲᠡ ᠶᠢᠨ ᠬᠦᠭᠵᠢᠯᠲᠡ ᠶᠢᠨ ᠪᠠᠶᠢᠳᠠᠯ ᠢ ᠪᠦᠷᠢᠯᠳᠦᠭᠦᠯᠦᠨ᠎ᠡ ᠬᠦᠳᠡᠭᠡ ᠲᠤᠰᠬᠤᠨ ᠢ ᠰᠡᠷᠭᠦᠭᠡᠨ ᠬᠦᠭᠵᠢᠭᠦᠯᠦᠬᠦ ᠪᠠᠶᠢᠯᠳᠤᠬᠤ ᠪᠤᠳᠤᠯᠭ᠎ᠠ ᠶᠢ ᠬᠦᠴᠦᠯᠡᠨ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠬᠦᠷᠢᠶᠡᠯᠡᠩ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ᠲᠡᠵᠢᠭᠡᠨ ᠦᠷᠡᠵᠢᠭᠦᠯᠬᠦ ᠪᠦᠲᠦᠴᠡ ᠶᠢ ᠢᠳᠡᠪᠬᠢᠲᠠᠢ ᠲᠤᠬᠢᠷᠠᠭᠤᠯᠤᠨ᠂ ᠮᠠᠯᠴᠢᠨ ᠲᠠᠷᠢᠶᠠᠴᠢᠨ ᠤ ᠠᠵᠤ ᠤᠶᠢᠯᠡᠰ ᠤᠨ ᠬᠦᠭᠵᠢᠯᠲᠡ ᠶᠢᠨ ᠪᠠᠶᠢᠳᠠᠯ ᠢ ᠪᠡᠶᠡᠯᠡᠭᠦᠯᠦᠨ᠎ᠡ᠃ ᠲᠠᠷᠢᠶᠠᠯᠠᠩ ᠤᠨ ᠲᠠᠯ᠎ᠠ ᠪᠠᠷ᠃ ᠰᠢᠨᠵᠢᠯᠡᠬᠦ ᠤᠬᠠᠭᠠᠨ ᠪᠠᠷ ᠵᠢᠯᠤᠭᠤᠳᠤᠮᠵᠢ ᠪᠤᠯᠭᠠᠵᠤ᠂ ᠲᠡᠭᠦᠯᠳᠡᠷ ᠰᠠᠶᠢᠨ ᠲᠤᠨᠤᠭ ᠲᠦᠬᠦᠭᠡᠷᠦᠮᠵᠢ ᠪᠠᠷ ᠲᠠᠷᠢᠶᠠᠯᠬᠠᠭ᠌ ᠤᠨ ᠬᠦᠭᠵᠢᠯᠲᠡ ᠳᠤ ᠰᠠᠭᠤᠷᠢᠯᠠᠨ᠂ ᠲᠡᠵᠢᠭᠡᠨ ᠦᠷᠡᠵᠢᠭᠦᠯᠬᠦ ᠠᠵᠤ ᠤᠶᠢᠯᠡᠰ ᠤᠨ ᠬᠦᠭᠵᠢᠯᠲᠡ ᠶᠢ ᠠᠬᠢᠭᠤᠯᠤᠨ᠎ᠠ᠃ ᠵᠦᠩ ᠵᠢᠶᠠ ᠺᠤᠮᠫᠠᠨᠢ ᠪᠠᠷ ᠲᠤᠯᠤᠭᠠᠶᠢᠯᠠᠭᠴᠢ ᠪᠤᠯᠭᠠᠨ᠂ ᠲᠦᠮᠦᠰᠦᠨ ᠤ ᠰᠠᠶᠢᠨ ᠡᠭᠦᠯᠳᠡᠷ ᠤᠨ ᠪᠤᠶᠢᠵᠢᠯᠲᠠ ᠶᠢᠨ ᠪᠠᠶᠢᠭᠤᠯᠤᠯᠲᠠ ᠶᠢ ᠴᠢᠩᠭ᠎ᠠ ᠠᠤᠨᠬᠤᠵᠤ᠂ ᠲᠦᠮᠦᠰᠦ ᠲᠠᠷᠢᠬᠤ ᠰᠠᠭᠤᠷᠢᠨ ᠭᠠᠵᠠᠷ ᠢ 2 ᠲᠦᠮᠡᠨ ᠮᠦ ᠳᠤ ᠬᠦᠷᠭᠡᠬᠦ ᠶᠢ ᠪᠠᠲᠤᠯᠠᠨ᠎ᠠ᠃ ᠬᠦᠷᠦᠰᠦ ᠰᠢᠷᠦᠢ ᠶᠢ ᠰᠤᠯᠢᠬᠤ᠂ ᠬᠤᠷᠰᠢᠭᠰᠠᠨ ᠡᠵᠠᠩᠨᠠᠯᠲᠠ ᠵᠡᠷᠭᠡ ᠠᠷᠭ᠎ᠠ ᠶᠢ ᠬᠡᠷᠡᠭᠯᠡᠵᠦ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠬᠤᠨᠵᠢᠪᠤᠷᠢ ᠶᠢᠨ ᠬᠤᠯᠪᠤᠭᠠᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ᠲᠠᠸᠠᠷ ᠤᠨ ᠲᠦᠮᠦᠰᠦᠨ ᠤ ᠲᠠᠷᠢᠮᠠᠯ ᠢ ᠲᠤᠰᠬᠠᠢ ᠵᠤᠷᠢᠭᠤᠯᠤᠯᠳᠠ ᠶᠢᠨ ᠲᠦᠮᠦᠰᠦ᠂ ᠦᠷ᠎ᠡ ᠶᠢᠨ ᠲᠦᠮᠦᠰᠦ ᠶᠢᠨ ᠲᠠᠷᠢᠮᠠᠯ ᠤᠨ ᠪᠦᠳᠦᠴᠡ ᠶᠢᠨ ᠴᠢᠨᠠᠷᠳᠠᠢ ᠲᠤᠬᠢᠷᠠᠭᠤᠯᠤᠯᠳᠠ ᠶᠢ ᠠᠯᠬᠤᠮ ᠲᠠᠷᠠᠭ᠎ᠠ ᠲᠠᠢ ᠪᠡᠶᠡᠯᠡᠭᠦᠯᠦᠨ᠎ᠡ᠃ ᠡᠭᠦᠨ ᠤ ᠲᠠᠭᠠᠤ᠂ ᠲᠠᠷᠢᠶᠠᠯᠠᠩ ᠤᠨ ᠡᠭᠡᠯᠵᠢᠯᠡᠨ ᠲᠠᠷᠢᠬᠤ ᠬᠦᠴᠦᠯᠡᠴᠡ ᠪᠠᠨ ᠨᠡᠮᠡᠭᠳᠡᠭᠦᠯᠵᠤ᠂ ᠲᠠᠷᠢᠶᠠᠴᠢᠳ ᠢ ᠬᠦᠳᠦᠯᠦᠨ ᠵᠢᠯᠤᠭᠤᠳᠴᠤ᠂ ᠴᠢᠴᠠᠷᠭᠠᠨ᠎ᠠ᠂ ᠬᠠᠷ᠎ᠠ ᠪᠤᠭᠤᠳᠠᠢ᠂ ᠨᠤᠬᠠᠢ ᠶᠢᠨ  ᠬᠤᠰᠢᠭᠤ᠂ ᠡᠪᠡᠰᠤᠨ ᠡᠮ᠂ ᠪᠤᠷᠳᠤᠭᠠᠨ ᠲᠠᠷᠢᠮᠠᠯ ᠵᠡᠷᠭᠡ ᠶᠢ ᠲᠠᠷᠢᠬᠤ ᠪᠠᠷ ᠲᠠᠮᠵᠢᠭᠤᠯᠤᠨ ᠂ ᠤᠯᠠᠨ ᠡᠰᠢᠳᠤ ᠠᠵᠤ ᠦᠢᠯᠡᠰ ᠤᠨ ᠬᠦᠭᠵᠢᠯᠳᠡ ᠶᠢ ᠪᠡᠶᠡᠯᠡᠭᠦᠯᠦᠨ᠎ᠡ᠃ ᠮᠠᠯ ᠠᠵᠤ ᠠᠬᠤᠢ ᠶᠢᠨ ᠲᠠᠯ᠎ᠠ ᠪᠠᠷ᠄ ᠰᠠᠶᠢᠨᠤ ᠺᠤᠮᠫᠠᠨᠢ ᠶᠢᠨ ᠰᠢᠯᠢᠳᠡᠭ ᠦᠷ᠎ᠡ ᠶᠢᠨ ᠪᠤᠶᠢᠵᠢᠯᠳᠠ ᠶᠢᠨ ᠰᠢᠰᠲ᠋ᠧᠮ ᠢᠶᠠᠷ ᠰᠠᠭᠤᠷᠢᠯᠠᠵᠤ᠂ ᠮᠠᠯᠴᠢᠳ ᠢ ᠵᠢᠯᠤᠭᠤᠳᠤᠨ᠂ ᠮᠠᠯᠵᠢᠬᠤ ᠦᠢᠯᠡᠳᠪᠦᠷᠢᠯᠡᠯ ᠢ ᠲᠤᠭᠠᠨ ᠤ ᠬᠤᠪᠢᠷᠠᠯᠳᠠ ᠠᠴᠠ ᠴᠢᠨᠠᠷ ᠤᠨ ᠬᠤᠪᠢᠷᠠᠯᠳᠠ ᠳᠤ ᠬᠦᠷᠬᠦ᠂ ᠠᠰᠢᠭᠯᠠᠮᠵᠢ ᠶᠢ ᠳᠡᠭᠡᠭᠰᠢᠯᠡᠭᠦᠯᠬᠦ ᠵᠦᠭ ᠬᠤᠪᠢᠷᠠᠭᠤᠯᠤᠨ᠂ ᠤᠷᠤᠯᠭ᠎ᠠ ᠶᠢ ᠨᠢ ᠨᠡᠮᠡᠭᠳᠡᠭᠦᠯᠦᠨ᠎ᠡ᠃ ᠮᠠᠯ ᠪᠡᠯᠴᠢᠭᠡᠷ  ᠤᠨ ᠲᠡᠩᠴᠡᠭᠦᠷᠢ ᠶᠢ ᠪᠠᠳᠤᠯᠠᠬᠤ ᠭᠠᠵᠠᠷ ᠤᠷᠤᠨ ᠳᠤ᠂ ᠳ᠋ᠦ᠋ ᠮᠧᠩ ᠡᠷᠯᠢᠰᠵᠢᠭᠦᠯᠦᠭᠰᠡᠨ ᠮᠢᠬᠠᠨ ᠤ ᠬᠤᠨᠢᠨ ᠤ ᠦᠢᠯᠡᠰ ᠢ ᠬᠦᠭᠵᠢᠭᠦᠯᠵᠦ᠂ ᠵᠢᠯ ᠳᠤ 120 ᠲᠦᠮᠡᠨ ᠮᠢᠬᠠᠨ ᠤ ᠬᠤᠨᠢᠨ ᠤ ᠬᠦᠯᠳᠡᠭᠦᠦ ᠦᠷ᠎ᠡ᠂4 ᠲᠦᠮᠡᠨ ᠬᠦᠪᠦᠷᠡᠯ ᠢ ᠪᠤᠶᠢᠵᠢᠭᠤᠯᠵᠤ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ35 ᠲᠦᠮᠡᠨ ᠲᠤᠯᠤᠭᠠᠢ ᠪᠤᠯᠭᠠᠵᠤ᠂300  ᠵᠢᠱᠢᠶ᠎ᠡ ᠦᠵᠡᠭᠦᠯᠬᠦ ᠮᠠᠯᠵᠢᠬᠤ ᠡᠷᠦᠬᠡ ᠶᠢ ᠰᠢᠨ᠎ᠡ ᠪᠠᠷ ᠨᠡᠮᠡᠭᠳᠡᠭᠦᠯᠦᠨ᠎ᠡ᠃ ᠬᠤᠶᠢᠳᠦ ᠭᠡᠰᠡᠭ ᠤᠨ ᠮᠠᠯᠵᠢᠬᠤ ᠤᠷᠤᠨ  ᠳᠤ ᠮᠢᠬᠠᠨ ᠤ ᠦᠬᠡᠷ᠂ ᠬᠤᠤᠰ ᠪᠦᠬᠦᠳᠦ ᠲᠡᠮᠡᠭᠡ ᠵᠡᠷᠭᠡ ᠪᠡᠯᠴᠢᠭᠡᠷ ᠲᠤ ᠭᠠᠮᠳᠠᠢ ᠮᠠᠯ ᠠᠵᠤ ᠠᠬᠤᠢ ᠶᠢ ᠡᠷᠬᠢᠯᠡᠵᠤ᠂ ᠲᠠᠷᠢᠶᠠᠯᠠᠬᠤ ᠤᠷᠤᠨ ᠳᠤ ᠭᠠᠭ᠋ᠠᠢ᠂ ᠮᠢᠬᠠᠨ ᠤ ᠡᠯᠵᠢᠭᠡ᠂ ᠲᠠᠬᠢᠶ᠎ᠠ᠂ ᠲᠠᠤᠯᠠᠢ ᠵᠡᠷᠭᠡ ᠲᠠᠷᠬᠠᠢ ᠡᠵᠡᠩᠨᠡᠯᠳᠡ ᠶᠢ ᠬᠦᠭᠵᠢᠬᠦᠯᠬᠦ ᠶᠢ ᠤᠷᠢᠶᠠᠯᠠᠵᠤ᠂ ᠲᠠᠷᠢᠶᠠᠴᠢᠳ ᠤᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠵᠠᠮ ᠢ ᠦᠷᠭᠡᠳᠭᠡᠨ᠎ᠡ᠃ ᠠᠩᠬᠢᠰ ᠦᠬᠡᠷ᠂ ᠰᠢᠮᠨᠧᠲᠷ ᠦᠭᠡᠷ᠂ ᠮᠢᠬᠠᠨ ᠤ ᠡᠯᠵᠢᠭᠡ᠂  ︽ᠬᠤᠶᠠᠷ ᠵᠦᠢᠯ ᠶᠢᠨ ᠬᠤᠨᠢ︾ ᠵᠡᠷᠭᠡ ᠲᠦᠷᠪᠡᠨ ᠶᠡᠭᠡ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠦᠷᠢᠶᠡᠯᠡᠩ ᠲᠤᠭᠤᠷᠢᠭ ᠢ ᠪᠠᠶᠢᠭᠤᠯᠬᠤ ᠪᠠᠷ ᠴᠢᠷᠮᠠᠶᠢᠨ᠎ᠠ᠃ ᠡᠭᠦᠨ ᠤ ᠬᠠᠮᠳᠦ᠂ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ᠂ ᠪᠤᠯᠪᠠᠰᠤᠷᠠᠯ ᠭᠦᠷᠳᠡᠭᠡᠬᠦ ᠦᠢᠯᠡᠴᠢᠯᠡᠭᠡ ᠶᠢ ᠪᠤᠢ ᠪᠤᠯᠭᠠᠵᠤ᠂ ᠴᠠᠭ ᠠᠭᠠᠷ ᠤᠨ ᠭᠠᠮᠰᠢᠭ ᠢ ᠰᠡᠷᠭᠡᠶᠢᠯᠡᠬᠦ ᠴᠢᠳᠠᠪᠦᠷᠢ ᠪᠠᠨ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠠᠸᠠᠷ ᠤᠨ ᠨᠡᠷᠡᠳᠦ ᠲᠡᠮᠳᠡᠭ ᠢ ᠡᠭᠦᠳᠦᠨ ᠪᠠᠶᠢᠭᠤᠯᠬᠤ ᠠᠬᠢᠴᠠ ᠪᠠᠨ ᠲᠦᠷᠭᠡᠳᠭᠡᠵᠤ᠂ ᠭᠠᠵᠠᠷ ᠤᠷᠤᠨ ᠤ ᠤᠨᠴᠠᠯᠢᠭᠳᠤ ᠲᠠᠸᠠᠷ᠂ ᠬᠤᠳᠠᠯᠳᠤᠭᠠᠨ ᠤ ᠲᠡᠮᠳᠡᠭ ᠪᠤᠯᠤᠨ ᠪᠠᠶᠢᠭᠠᠯᠢᠯᠢᠭ ᠦᠢᠯᠡᠳᠬᠦᠨ‌‍ᠤ ᠲᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠮᠢᠬᠠᠨ ᠤ ᠬᠤᠨᠢ᠂ ᠲᠦᠮᠦᠰᠦ ᠵᠡᠷᠭᠡ ᠤᠷᠭᠠᠨᠢᠭ ᠲᠠᠸᠠᠷ  ᠤᠨ ᠪᠦᠳᠦᠭᠡᠭᠳᠡᠬᠦᠨ ᠢ ᠶᠡᠭᠡᠪᠡᠷ ᠦᠢᠯᠡᠳᠪᠦᠷᠢᠯᠡᠨ᠎ᠡ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠳᠠ ᠶᠢᠨ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠵᠤ᠂ ᠭᠠᠵᠠᠷ ᠰᠢᠷᠤᠢ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠴᠡᠭᠴᠡᠯᠡᠨ ᠨᠡᠶᠢᠯᠡᠭᠦᠯᠬᠦ ᠬᠦᠴᠦᠯᠡᠴᠡ ᠶᠢ ᠶᠡᠬᠡᠰᠬᠡᠨ᠎ᠡ᠃ ᠲᠤᠯᠤᠶᠢᠭᠠᠯᠠᠬᠤ ᠠᠵᠤ ᠠᠬᠤᠶᠢᠯᠠᠯ᠂ ᠲᠤᠰᠬᠠᠢ ᠬᠤᠷᠰᠢᠶᠠᠵᠢᠯ ᠵᠡᠷᠭᠡ ᠶᠢ ᠤᠯᠠᠮ ᠨᠢᠭᠡ ᠠᠯᠬᠤᠮ ᠲᠦᠪᠯᠡᠷᠡᠭᠦᠯᠵᠤ᠂ ᠮᠠᠯ ᠲᠠᠷᠢᠶᠠᠯᠠᠩ ᠤᠨ ᠬᠡᠪᠴᠢᠶᠡᠵᠡᠬᠦ᠂ ᠲᠦᠪᠯᠡᠷᠡᠩᠭᠦᠢ ᠡᠵᠡᠩᠨᠡᠯᠳᠡ ᠵᠦᠭ ᠬᠤᠪᠢᠷᠠᠭᠤᠯᠤᠨ᠎ᠠ᠃ ᠤᠶᠤᠨᠴᠢ ᠪᠤᠯᠤᠨ ᠵᠠᠬᠢᠶᠠᠯᠠᠭ᠎ᠠ ᠶᠢᠨ ᠠᠵᠤ ᠦᠢᠯᠡᠰ ᠢ ᠶᠡᠬᠡᠪᠡᠷ ᠬᠦᠭᠵᠢᠭᠦᠯᠵᠤ᠂  ᠦᠢᠯᠡᠳᠭᠦᠨ ᠤ ᠨᠡᠮᠡᠯᠳᠡ ᠦᠷᠳᠡᠭ ᠢ ᠳᠡᠭᠡᠭᠰᠢᠯᠡᠭᠦᠯᠦᠨ᠎ᠡ᠃  ︵ᠭᠤᠷᠪᠠ︶ ᠠᠵᠤ ᠤᠶᠢᠯᠡᠤᠨᠪᠦᠷᠢ ᠶᠢᠨ ᠬᠦᠭᠵᠢᠯᠲᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠦᠭᠵᠢᠯᠲᠡ ᠶᠢ ᠬᠤᠪᠢᠷᠠᠭᠤᠯᠬᠤ ᠠᠷᠭ᠎ᠠ ᠬᠡᠯᠪᠡᠷᠢ ᠶᠢ ᠪᠠᠷᠢᠮᠲᠠᠯᠠᠨ᠎ᠠ ᠮᠠᠨ ᠤ ᠬᠤᠰᠢᠭᠤᠨ ᠤ ᠡᠯᠪᠡᠭ ᠪᠠᠶᠠᠯᠢᠭ ᠠᠭᠤᠷᠬᠠᠢ᠂  ᠴᠠᠬᠢᠯᠭᠠᠨ ᠬᠦᠴᠦᠨ‌‍ᠪᠤᠯᠤᠨ ᠨᠠᠷᠠᠨ ᠤ ᠡᠨᠧᠷᠬᠢ ᠤᠨ ᠡᠬᠢ ᠪᠠᠶᠠᠯᠢᠭ ᠲᠠᠭᠠᠨ ᠲᠦᠰᠢᠭᠯᠡᠵᠤ᠂ ᠤᠳᠤᠬᠢ ᠪᠠᠶᠢᠭ᠎ᠠ ᠬᠠᠰᠢᠶᠠᠳᠤ   ᠶᠢᠨ ᠬᠢᠮᠢ ᠶᠢᠨ ᠠᠵᠤ ᠦᠢᠯᠡᠳᠪᠦᠷᠢ  ᠂  ᠴᠢᠯᠠᠭᠤᠨ ᠮᠠᠲ᠋ᠧᠷᠢᠶᠠᠯ᠂ ᠬᠦᠩᠭᠡᠨ ᠠᠵᠤ ᠦᠢᠯᠡᠳᠪᠦᠷᠢ ᠵᠡᠷᠭᠡ ᠭᠤᠷᠪᠠᠨ ᠶᠡᠭᠡ ᠬᠦᠷᠢᠶᠡᠯᠡᠩ ᠲᠤᠭᠤᠷᠢᠭ ‍ᠤᠨ‌‍ᠲ᠋ᠦ᠋ᠷᠦᠯ ᠵᠦᠢᠯ ᠤᠨ ᠪᠠᠶᠢᠭᠤᠯᠤᠯᠳᠠ ᠪᠠᠷ  ᠠᠴᠢᠶᠠᠯᠠᠪᠦᠷᠢ ᠪᠤᠯᠭᠠᠵᠤ᠂ ᠠᠵᠤ ᠠᠬᠤᠢ ᠶᠢᠨ ᠠᠵᠢᠯᠯᠠᠭᠠᠨ ᠪᠤᠯᠤᠨ ᠲᠦᠰᠦᠯ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠰᠠᠶᠢᠳᠤᠷ ᠠᠳᠬᠤᠨ᠎ᠠ᠃ ᠨᠢᠭᠡ ᠳᠤ᠂ ᠭᠤᠤᠯᠳᠠᠯᠭᠠᠳᠤ ᠠᠵᠤ ᠠᠬᠤᠶᠢᠯᠠᠯ ᠪᠤᠯᠤᠨ ᠲᠦᠷᠦᠯ ᠵᠦᠢᠯ ᠤᠨ ᠲᠠᠭᠠᠭᠠᠴᠢᠯᠠᠯᠳᠠ ᠶᠢᠨ ᠬᠠᠷᠢᠭᠤᠴᠠᠯᠠᠭ᠎ᠠ ᠶᠢᠨ ᠲᠦᠷᠢᠮ ᠢ ᠪᠠᠷᠢᠮᠳᠠᠯᠠᠨ᠎ᠠ᠃ ᠠᠵᠤ ᠠᠬᠤᠶᠢᠯᠠᠯ ‍ᠤᠨ‌ᠠᠰᠢᠭ ᠬᠦᠷᠳᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠵᠤ᠂  ᠬᠠᠪᠰᠤᠷᠤᠨ ᠳᠡᠳᠬᠦᠬᠦ ᠠᠷᠭ᠎ᠠ ᠬᠡᠮᠵᠢᠶ᠎ᠡ ᠶᠢ ᠳᠡᠭᠦᠯᠳᠡᠷᠵᠢᠭᠦᠯᠵᠤ᠂ ᠠᠵᠤ ᠠᠬᠤᠶᠢᠯᠠᠯ ᠤᠨ ᠬᠦᠴᠢᠷᠳᠠᠢ ᠠᠰᠠᠭᠤᠳᠠᠯ ᠢ ᠴᠢᠳᠠᠯ ᠤᠨ ᠬᠢᠷᠢ ᠪᠠᠷ  ᠢᠶᠠᠨ ᠬᠠᠪᠰᠤᠷᠤᠨ ᠰᠢᠢᠳᠪᠦᠷᠢᠯᠡᠵᠤ᠂ᠪᠦᠬᠦ ᠵᠢᠯ ᠤᠨ ᠠᠵᠤ ᠠᠬᠤᠢ ᠶᠢᠨ ᠭᠦᠢᠴᠡᠳᠬᠡᠯ ᠲᠤᠭᠠᠨ ᠤ ᠡᠭᠦᠷᠬᠡ ᠪᠠᠨ ᠪᠡᠶᠡᠯᠡᠭᠦᠯᠬᠦ ᠶᠢ ᠪᠠᠳᠤᠯᠠᠨ᠎ᠠ᠃ ᠪᠡᠯᠡ ᠮᠦᠩᠭᠦ ᠶᠢᠨ ᠪᠤᠳᠠᠳᠤ ᠬᠦᠴᠦᠨ ᠢᠶᠠᠷ ᠴᠢᠩᠭ᠎ᠠ ᠲᠤᠮᠤ ᠠᠵᠤ ᠠᠬᠤᠶᠢᠯᠠᠯ ᠢ ᠢᠳᠡᠪᠬᠢᠳᠠᠢ ᠡᠷᠢᠨ᠂ ᠪᠤᠶᠢᠨ ᠰᠦᠮ᠎ᠡ ᠶᠢᠨ ᠵᠡᠰ ᠤᠨ ᠦᠢᠯᠡᠰ ᠤᠨ ᠺᠤᠮᠫᠠᠨᠢ ᠶᠢᠨ ᠬᠤᠪᠢᠴᠠᠭᠠᠨ ᠡᠷᠭᠡ ᠶᠢ ᠲᠠᠬᠢᠨ ᠵᠤᠬᠢᠶᠠᠨ ᠪᠠᠶᠢᠭᠤᠯᠬᠤ ᠶᠢ ᠴᠢᠷᠮᠠᠶᠢᠨ ᠪᠦᠳᠦᠭᠡᠵᠤ᠂ 450 ᠲᠦᠮᠡᠨ ᠲᠤᠨ ᠤ ᠵᠡᠰ ᠤᠨ ᠮᠠᠯᠳᠠᠨ ᠰᠤᠩᠭᠤᠬᠤ ᠮᠡᠷᠭᠡᠵᠢᠯ ᠤᠨ ᠦᠭᠡᠷᠡᠴᠢᠯᠡᠯᠳᠡ ᠶᠢ ᠲᠦᠷᠭᠡᠪᠴᠢᠯᠡᠨ ᠪᠡᠶᠡᠯᠡᠭᠦᠯᠵᠤ᠂ ᠮᠠᠯᠳᠠᠨ ᠰᠤᠩᠭᠤᠬᠤ ᠴᠢᠳᠠᠮᠵᠢ ᠶᠢ ᠨᠢ500 ᠲᠦᠮᠡᠨ ᠲᠤᠨ ᠳᠤ ᠬᠦᠷᠭᠡᠨ᠎ᠡ᠃ ᠬᠤᠶᠠᠷ ᠲᠤ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ  ᠶᠢ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠤᠨ ᠨᠢᠭᠡᠳᠦᠭᠡᠷ ᠭᠠᠷᠳᠠᠴᠠ ᠪᠤᠯᠭᠠᠬᠤ ᠶᠢ ᠪᠠᠷᠢᠮᠳᠠᠯᠠᠵᠤ᠂ ᠲᠦᠷᠦᠯ ᠵᠦᠢᠯ ᠤᠨ ᠬᠠᠷᠢᠭᠤᠴᠠᠬᠤ ᠲᠦᠷᠢᠮ ᠢ ᠨᠠᠷᠢᠨ ᠬᠢᠨᠠᠮᠠᠭᠠᠢ ᠲᠤᠤᠱᠯᠠᠭᠤᠯᠤᠨ   ᠨᠠᠶᠢᠳᠠᠪᠦᠷᠢᠵᠢᠭᠤᠯᠤᠨ᠂ ᠵᠢᠷᠭᠤᠭᠠᠨ3000 ᠲᠦᠮᠡᠨ ᠲᠦᠭᠦᠷᠢᠭ ᠠᠴᠠ ᠲᠡᠭᠡᠭᠰᠢᠬᠢ ᠠᠵᠤ ᠦᠢᠯᠡᠳᠪᠦᠷᠢ ᠶᠢᠨ ᠴᠢᠬᠤᠯᠠ ᠲᠦᠷᠦᠯ ᠵᠦᠢᠯ ᠤᠨ ᠬᠠᠷᠢᠭᠤᠴᠠᠯᠭ᠎ᠠ ᠶᠢ ᠲᠤᠰᠬᠠᠢ ᠬᠦᠮᠦᠨ ᠳᠤ  ᠲᠤᠰᠢᠶᠠᠵᠤ᠂  ᠴᠢᠬᠤᠯᠠ ᠲᠦᠷᠦᠯ ᠵᠦᠢᠯ ᠤᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠵᠢᠯᠯᠠᠬᠤ ᠪᠠ ᠲᠠᠬᠢᠨ ᠠᠵᠢᠯᠯᠠᠬᠤ ᠳᠤ ᠶᠡᠭᠡ ᠲᠡᠭᠡᠭᠰᠢᠯᠡᠯᠳᠡ ᠪᠤᠯᠤᠨ ᠠᠬᠢᠯᠳᠠ ᠲᠠᠢ ᠪᠤᠯᠭᠠᠬᠤ ᠪᠠᠷ ᠴᠢᠷᠮᠠᠶᠢᠨ᠎ᠠ᠃ ᠴᠡᠪᠡᠷ ᠡᠨᠧᠷᠬᠢ ᠶᠢᠨ ᠲᠠᠯ᠎ᠠ ᠪᠠᠷ᠄ ᠤᠯᠤᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ600 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ᠂ ᠰᠠᠨ ᠰᠢᠶᠠ ᠰᠠᠯᠬᠢᠨ ᠬᠦᠴᠦᠨ ᠤ ᠴᠠᠬᠢᠯᠭᠠᠨ ᠤ214 ᠲᠦᠮᠡᠨ ᠺᠢᠯᠤᠸᠠᠲ ᠤᠨ ᠰᠡᠭᠦᠯᠴᠢ ᠶᠢᠨ ᠬᠤᠭᠤᠴᠠᠭᠠᠨ ᠤ ᠲᠦᠷᠦᠯ ᠵᠦᠢᠯ ᠵᠢᠴᠢ ᠵᠦᠨ ᠰᠢᠩ ᠰᠢᠨ᠎ᠡ ᠡᠨᠧᠷᠬᠢ  ᠶᠢᠨ5 ᠲᠦᠮᠡᠨ ᠺᠢᠯᠤᠸᠠᠲ ᠪᠤᠯᠤᠨ ᠮᠢᠩ ᠵᠢᠶᠧ ᠰᠢᠨ᠎ᠡ ᠡᠨᠧᠷᠬᠢ ᠶᠢᠨ12 ᠲᠦᠮᠡᠨ ᠺᠢᠯᠤᠸᠠᠲ ‍ᠤᠨ‌‍ᠴᠠᠬᠢᠯᠭᠠᠨ ᠭᠠᠷᠭᠠᠬᠤ ᠲᠦᠷᠦᠯ ᠵᠦᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠭᠠᠵᠠᠷ ᠰᠢᠷᠤᠢ᠂ ᠤᠷᠴᠢᠨ ᠲᠤᠭᠤᠷᠢᠨ  ᠳᠤ ᠦᠵᠡᠭᠦᠯᠬᠦ ᠨᠦᠯᠦᠭᠡ ᠶᠢᠨ ᠦᠨᠡᠯᠡᠯᠳᠡ᠂ ᠲᠦᠰᠦᠪᠯᠡᠯ ᠵᠡᠷᠭᠡ ᠶᠢᠨ ᠡᠮᠦᠨ᠎ᠡ ᠦᠶ᠎ᠡ ᠶᠢᠨ ᠭᠠᠷ ᠭᠦᠢᠴᠡᠳᠬᠡᠯ ᠢ  ᠪᠡᠶᠡᠯᠡᠭᠦᠯᠵᠤ᠂ ᠡᠷᠳᠡᠬᠡᠨ ᠰᠠᠭᠤᠷᠢᠰᠢᠭᠤᠯᠤᠨ ᠪᠦᠳᠦᠭᠡᠨ ᠪᠠᠶᠢᠭᠤᠯᠬᠤ ᠶᠢ ᠪᠠᠳᠦᠯᠠᠨ᠎ᠠ᠃ ᠬᠢᠮᠢ ᠶᠢᠨ ᠠᠵᠤ ᠦᠢᠯᠡᠳᠪᠦᠷᠢ ᠶᠢᠨ ᠲᠠᠯ᠎ᠠ ᠪᠠᠷ᠄ ᠬᠠᠰᠢᠶᠠᠳᠦ ᠶᠢᠨ ᠠᠵᠤ ᠦᠢᠯᠡᠳᠪᠦᠷᠢ ᠶᠢᠨ ᠲᠤᠭᠤᠷᠢᠭ ᠤᠨ ᠰᠠᠭᠤᠷᠢ ᠲᠦᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠲᠠᠭᠠᠭᠠᠴᠠ ᠶᠢ ᠨᠢ ᠲᠡᠭᠡᠭᠰᠢᠯᠡᠭᠦᠯᠦᠨ᠎ᠡ  ᠃ ᠲᠤᠭᠤᠷᠢᠭ ᠤᠨ ᠲᠦᠪᠯᠡᠷᠡᠯᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠯ ᠤᠨ ᠲᠤᠳᠤᠷ᠎ᠠ ᠬᠤᠸᠠ ᠱᠧᠩ ᠤᠰᠤᠳᠦᠷᠦᠭᠴᠢ ᠹᠯᠤᠷ ᠬᠦᠴᠢᠯ ᠤᠨ ᠺᠤᠮᠫᠠᠨᠢ ᠶᠢᠨ ᠨᠡᠭᠦᠯᠭᠡᠨ ᠰᠢᠯᠵᠢᠭᠦᠯᠬᠦ ᠠᠵᠢᠯ ᠢ ᠡᠬᠢᠯᠡᠭᠦᠯᠬᠦ ᠪᠠᠷ ᠴᠢᠷᠮᠠᠶᠢᠵᠤ᠂ ᠠᠵᠤ ᠦᠢᠯᠡᠰ ᠤᠨ ᠪᠦᠯᠦᠭᠯᠡᠯ ᠢ ᠬᠦᠭᠵᠢᠭᠦᠯᠬᠦ ᠶᠢ ᠠᠬᠢᠭᠤᠯᠤᠨ᠎ᠠ  ᠃ ᠬᠠᠶᠢᠯᠤᠭᠤᠷ ᠵᠤᠩᠰᠢ ᠶᠢᠨ ᠠᠭᠤᠷᠬᠠᠢ ᠶᠢᠨ ᠭᠠᠷᠤᠯᠳᠠ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠳᠠ ᠶᠢ ᠠᠬᠢᠭᠤᠯᠵᠤ᠂ ᠶᠥᠩ ᠾᠧ ᠹᠯᠤᠷᠳᠤ ᠬᠢᠮᠢ ᠶᠢᠨ ᠠᠵᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠠᠵᠢᠯ ᠢ ᠡᠷᠳᠡᠬᠡᠨ ᠡᠬᠢᠯᠡᠭᠦᠯᠵᠤ᠂  ᠦᠢᠯᠡᠳᠪᠦᠷᠢᠯᠡᠬᠦ ᠶᠢ ᠪᠠᠳᠦᠯᠠᠨ᠎ᠠ᠃ ᠴᠢᠯᠠᠭᠤᠨ ᠮᠠᠲ᠋ᠧᠷᠢᠶᠠᠯ ᠪᠤᠯᠪᠠᠰᠤᠷᠠᠭᠤᠯᠬᠤ ᠲᠠᠯ᠎ᠠ ᠪᠠᠷ᠄ ᠪᠤᠬᠢᠷᠳᠤᠯ ᠦᠭᠡᠢ ᠬᠦᠷᠢᠶᠡᠯᠡᠩ ᠲᠤᠭᠤᠷᠢᠭ ᠢ ᠪᠠᠶᠢᠭᠤᠯᠬᠤ ᠪᠠᠷ ᠬᠠᠷᠠᠯᠳᠠ ᠪᠠᠨ ᠪᠤᠯᠭᠠᠵᠤ᠂ ᠪᠤᠷᠵᠢᠨ ᠴᠢᠯᠠᠭᠤᠯᠢᠭ᠂ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ  ᠢᠶᠠᠷ ᠭᠤᠤᠯ ᠪᠤᠯᠭᠠᠭᠰᠠᠨ ᠴᠢᠯᠠᠭᠤᠨ ᠠᠵᠤ ᠦᠢᠯᠡᠰ ᠢ ᠶᠡᠭᠡ ᠪᠠᠷ ᠬᠦᠭᠵᠢᠭᠦᠯᠵᠤ᠂  ᠵᠢᠯ ‍ᠤᠨ‌ᠦᠢᠯᠡᠳᠪᠦᠷᠢᠯᠡᠯ ᠤᠨ ᠶᠡᠷᠥᠩᠬᠡᠢ ᠴᠢᠳᠠᠪᠦᠷᠢ ᠶᠢ300 ᠲᠦᠮᠡᠨ ᠺᠤᠸᠠᠲ ᠮᠧᠲᠷ ᠪᠤᠯᠭᠠᠬᠤ ᠪᠠᠷ ᠴᠢᠷᠮᠠᠶᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠭᠦᠨ ᠢ ᠪᠤᠯᠪᠠᠰᠤᠷᠠᠭᠤᠯᠬᠤ ᠲᠠᠯ᠎ᠠ ᠪᠠᠷ᠄ ᠬᠦᠩᠭᠡᠨ ᠠᠵᠤ ᠦᠢᠯᠡᠳᠪᠦᠷᠢ ᠶᠢᠨ ᠠᠵᠤ ᠦᠢᠯᠡᠰ  ᠤᠨ ᠬᠦᠷᠢᠶᠡᠯᠡᠩ ᠲᠤᠭᠤᠷᠢᠭ ᠢ ᠲᠦᠯᠦᠪᠵᠢᠭᠦᠯᠦᠨ ᠪᠦᠳᠦᠭᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠭᠦᠨ ᠤ ᠪᠤᠯᠪᠠᠰᠤᠷᠠᠭᠤᠯᠤᠯᠳᠠ ᠶᠢ ᠲᠦᠷᠭᠡᠳᠭᠡᠨ᠎ᠡ᠃          ( ᠳᠦᠷᠪᠡ) ᠭᠤᠷᠪᠠᠳᠤᠭᠠᠷ ᠠᠵᠤ ᠦᠢᠯᠡᠰ ᠤᠨ ᠬᠦᠭᠵᠢᠯᠳᠡ ᠶᠢ ᠢᠳᠡᠪᠬᠢᠳᠠᠢ ᠠᠬᠢᠭᠤᠯᠤᠨ᠂ ᠬᠦᠭᠵᠢᠯᠳᠡ ᠶᠢᠨ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠦᠨ᠎ᠡ           ᠵᠢᠭᠤᠯᠴᠢᠯᠠᠯ ᠤᠨ ᠲᠠᠯ᠎ᠠ ᠪᠠᠷ᠄ ᠵᠢᠭᠤᠯᠴᠢᠯᠠᠯ ᠤᠨ ᠦᠢᠯᠡᠰ ᠢᠶᠠᠷ ᠭᠤᠤᠯ ᠪᠤᠯᠭᠠᠵᠤ᠂ ᠦᠢᠯᠡᠴᠢᠯᠡᠭᠡᠨ  ᠤ ᠦᠢᠯᠡᠰ ᠢ ᠲᠦᠷᠭᠡᠪᠴᠢᠯᠡᠨ ᠬᠦᠭᠵᠢᠭᠦᠯᠦᠨ᠎ᠡ᠃  ︽ᠵᠢᠭᠤᠯᠴᠢᠯᠠᠯ ᠤᠨ ᠨᠡᠷᠡᠳᠦ   ᠬᠤᠰᠢᠭᠤ︾ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠᠷ᠂ ︽ᠪᠦᠬᠦ ᠤᠷᠤᠨ ᠤ ᠵᠢᠭᠤᠯᠴᠢᠯᠠᠯ᠂ ᠪᠦᠬᠦ ᠤᠯᠠᠷᠢᠯ ᠤᠨ ᠵᠢᠭᠤᠯᠴᠢᠯᠠᠯ︾ ᠤᠨ ᠬᠦᠭᠵᠢᠯᠳᠡ ᠶᠢᠨ ᠤᠶᠢᠯᠠᠭᠠᠭᠳᠠᠬᠤᠨ ᠢ ᠪᠠᠷᠢᠮᠳᠠᠯᠠᠵᠤ᠂ ᠵᠢᠭᠤᠯᠴᠢᠯᠠᠯ ᠤᠨ ᠬᠦᠭᠵᠢᠯᠳᠡ ᠶᠢᠨ ᠰᠢᠨ᠎ᠡ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠦᠯᠦᠪᠯᠡᠵᠤ᠂ ᠪᠦᠬᠦ ᠤᠷᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠭᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠭᠡᠭᠡᠨᠳᠠᠯ᠎ᠠ ᠦᠵᠡᠮᠵᠢ ᠶᠢᠨ ᠤᠷᠤᠨ ᠤ ᠬᠤᠶᠠᠳᠤᠭᠠᠷ ᠬᠤᠭᠤᠴᠠᠭᠠᠨ ᠤ ᠠᠵᠢᠯ ᠢ ᠲᠦᠷᠭᠡᠪᠴᠢᠯᠡᠨ ᠪᠡᠶᠡᠯᠡᠭᠦᠯᠵᠤ᠂ ᠡᠯ᠎ᠡ ᠵᠦᠢᠯ  ᠤᠨ ᠲᠤᠭᠯᠠᠯᠳᠠ ᠶᠢᠨ ᠤᠷᠠᠯᠢᠭ᠂ ᠨᠠᠭᠠᠳᠤᠮ᠂ ᠪᠠᠶᠠᠷ ᠳᠤᠷᠠᠰᠬᠠᠯ᠂ ᠤᠷᠤᠯᠳᠤᠭᠠᠨ ᠤ ᠠᠵᠢᠯᠯᠠᠭ᠎ᠠ ᠶᠢ ᠢᠳᠡᠪᠬᠢᠳᠠᠢ ᠶᠠᠪᠤᠭᠳᠠᠭᠤᠯᠵᠤ᠂ ᠳᠦᠷᠪᠡᠨ ᠤᠯᠠᠷᠢᠯ ᠤᠨ ᠵᠢᠭᠤᠯᠴᠢᠯᠠᠯ ᠤᠨ ᠲᠦᠰᠦᠯ ᠢ ᠭᠠᠷᠭᠠᠵᠤ᠂ ᠭᠡᠭᠡᠨᠳᠠᠯ᠎ᠠ ᠵᠢᠭᠤᠯᠴᠢᠯᠠᠯ ᠤᠨ ᠨᠡᠷᠡᠳᠤ ᠲᠡᠮᠳᠡᠭ ᠤᠨ ᠲᠦᠷᠢ ᠲᠦᠷᠬᠦ ᠶᠢ ᠪᠦᠬᠦ ᠲᠠᠯ᠎ᠠ ᠪᠠᠷ ᠢᠯᠡᠳᠬᠡᠵᠤ᠂ ᠭᠡᠭᠡᠨᠳᠠᠯ᠎ᠠ ᠶᠢᠨ ᠨᠡᠷᠡᠳᠤ ᠲᠡᠮᠳᠡᠭ ᠢ ᠢᠳᠡᠪᠬᠢᠳᠠᠢ ᠮᠡᠳᠡᠭᠦᠯᠦᠨ᠂5A ᠳᠡᠰ ᠤᠨ ᠵᠢᠭᠤᠯᠴᠢᠯᠠᠯ ᠤᠨ ᠤᠷᠤᠨ ᠢ ᠪᠦᠳᠦᠭᠡᠬᠦ ᠪᠠᠷ ᠴᠢᠷᠮᠠᠶᠢᠨ᠎ᠠ᠃ ︽ᠲᠠᠯ᠎ᠠ ᠨᠤᠳᠤᠭ ᠤᠨ ᠮᠠᠯᠴᠢᠨ ᠤ ᠳᠠᠭᠤᠯᠠᠯ︾ ᠭᠡᠬᠦ ᠶᠡᠷᠥᠩᠬᠡᠢ ᠴᠤᠭᠴᠠ ᠶᠢᠨ ᠪᠠᠶᠢᠭᠤᠯᠤᠯᠳᠠ ᠶᠢᠨ ᠲᠦᠰᠦᠯ ᠢ ᠲᠦᠷᠭᠡᠪᠴᠢᠯᠡᠨ ᠪᠡᠶᠡᠯᠡᠭᠦᠯᠵᠤ᠂6000 ᠲᠦᠮᠡᠨ ᠲᠦᠭᠦᠷᠢᠭ ᠤᠨ ᠪᠡᠯᠡ ᠤᠷᠤᠭᠤᠯᠤᠯᠳᠠ ᠶᠢ ᠴᠢᠷᠮᠠᠶᠢᠨ ᠭᠦᠢᠴᠡᠳᠬᠡᠨ᠎ᠡ᠃ ᠤᠨᠴᠠᠯᠢᠭ ᠪᠦᠬᠦᠢ ᠵᠢᠵᠢᠭ ᠪᠠᠯᠭᠠᠰᠤ ᠶᠢᠨ ᠲᠦᠰᠦᠯ ᠢ ᠤᠶᠠᠯᠳᠤᠭᠤᠯᠵᠤ᠂ ᠸᠠᠩ ᠤᠨ ᠤᠷᠳᠤᠨ ᠤ ᠤᠷᠴᠢᠨ ᠳᠠᠬᠢ ᠬᠠᠭᠤᠴᠢᠨ ᠭᠡᠷ ᠪᠠᠶᠢᠰᠢᠩ ᠢ ᠨᠤᠷᠠᠭᠠᠵᠤ ᠨᠡᠭᠦᠯᠭᠡᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠵᠤ᠂ ︽ᠸᠠᠩ ᠤᠨ ᠤᠷᠳᠤᠨ ᠢ ᠪᠠᠶᠢᠭᠤᠯᠬᠤ ᠨᠠᠷᠢᠨ ᠲᠦᠯᠦᠪᠵᠢᠭᠦᠯᠭᠡ︾ ᠶᠢᠨ ᠶᠤᠰᠤᠭᠠᠷ᠂ ᠵᠠᠰᠠᠵᠤ ᠬᠠᠮᠠᠭᠠᠯᠠᠬᠤ ᠠᠵᠢᠯ ᠢ ᠲᠦᠷᠭᠡᠪᠴᠢᠯᠡᠨ ᠪᠡᠶᠡᠯᠡᠭᠦᠯᠦᠨ᠎ᠡ  ᠃ ᠰᠢᠷᠠᠮᠦᠷᠦᠨ‌‍ᠰᠦ᠋ᠮ᠎ᠡ ᠶᠢᠨ ᠰᠠᠭᠤᠷᠢ ᠲᠤᠨᠤᠭ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂5 ᠤᠨᠴᠠᠯᠢᠭᠳᠤ ᠠᠷᠠᠳ ᠤᠨ ᠤᠷᠤᠨ ᠰᠠᠭᠤᠴᠠ ᠶᠢᠨ ᠪᠠᠭᠤᠳᠠᠯ ᠢ ᠦᠭᠡᠷᠡᠴᠢᠯᠡᠨ ᠪᠠᠶᠢᠭᠤᠯᠵᠤ᠂  ᠮᠠᠯᠴᠢᠨ ᠲᠠᠷᠢᠶᠠᠴᠢᠳ ᠢ ᠵᠢᠭᠤᠯᠴᠢᠯᠠᠯ ᠤᠨ ᠨᠡᠭᠡᠭᠡᠯᠳᠡ ᠳᠤ ᠤᠷᠤᠯᠴᠠᠭᠤᠯᠤᠨ᠎ᠠ᠃ᠰᠤᠶᠤᠯ ᠪᠤᠯᠤᠨ ᠪᠠᠶᠢᠭᠠᠯᠢ ᠶᠢᠨ ᠡᠬᠢ ᠪᠠᠶᠠᠯᠢᠭ ᠢᠶᠠᠷ ᠭᠤᠤᠯᠳᠠᠯᠠᠭ᠎ᠠ ᠪᠤᠯᠭᠠᠵᠤ᠂  ᠪᠡᠯᠡ ᠤᠷᠤᠭᠤᠯᠵᠤ ᠪᠡᠯᠡ ᠨᠡᠶᠢᠯᠡᠭᠦᠯᠬᠦ ᠲᠤᠭᠳᠠᠴᠠ ᠪᠠᠨ ᠰᠢᠨᠡᠴᠢᠯᠡᠵᠤ᠂ ᠨᠡᠶᠢᠭᠡᠮ ᠨᠡᠶᠢᠳᠡ ᠶᠢᠨ ᠬᠦᠷᠦᠩᠭᠡ ᠶᠢ ᠲᠠᠳᠠᠨ ᠤᠷᠤᠭᠤᠯᠵᠤ᠂ ᠲᠠᠯ᠎ᠠ ᠨᠤᠳᠤᠭ ᠤᠨ ᠦᠵᠡᠮᠵᠢ᠂ ᠰᠡᠯᠡᠭᠦᠴᠡᠨ ᠠᠮᠠᠷᠠᠬᠤ᠂ ᠪᠡᠶ᠎ᠡ ᠴᠢᠬᠢᠷᠠᠭᠵᠢᠭᠤᠯᠤᠨ ᠰᠤᠪᠢᠯᠠᠬᠤ᠂ ᠬᠤᠪᠢᠯᠭᠠᠨ ᠵᠠᠪᠢ ᠶᠢᠨ ᠰᠤᠶᠤᠯ ᠪᠤᠯᠤᠨ ᠵᠠᠩ ᠦᠢᠯᠡ ᠶᠢᠨ ᠪᠡᠶᠡᠴᠢ ᠤᠶᠢᠯᠠᠭᠠᠯᠳᠠ ᠵᠡᠷᠭᠡ ᠵᠢᠭᠤᠯᠴᠢᠯᠠᠯ ᠤᠨ ᠪᠦᠳᠦᠭᠡᠭᠳᠡᠬᠦᠨ ᠢ ᠨᠡᠭᠡᠭᠡᠨ ᠠᠰᠢᠭᠯᠠᠨ᠎ᠠ᠃ ᠡᠯ᠎ᠡ ᠵᠦᠢᠯ ᠤᠨ ᠤᠷᠤᠯᠳᠤᠭᠠᠨ ᠤ ᠠᠵᠢᠯᠯᠠᠭ᠎ᠠ ᠶᠢ ᠢᠳᠡᠪᠬᠢᠳᠠᠢ ᠶᠠᠪᠤᠭᠳᠠᠭᠤᠯᠵᠤ᠂ ᠲᠠᠯ᠎ᠠ ᠨᠤᠳᠤᠭ ᠤᠨ ᠨᠠᠭᠠᠳᠤᠮ ᠤᠨ ᠬᠤᠷᠠᠯ᠂ ᠲᠠᠭᠤᠤ ᠬᠦᠭᠵᠢᠮ ᠤᠨ ᠪᠠᠶᠠᠷ᠂ ᠮᠤᠷᠢᠨ ᠰᠤᠶᠤᠯ ᠤᠨ ᠪᠠᠶᠠᠷ᠂ ᠲᠡᠮᠡᠭᠡᠨ ᠱᠤᠩ ᠤᠨ ᠳᠠᠬᠢᠯᠭ᠎ᠠ ᠳᠤ ᠰᠠᠶᠢᠳᠤᠷ ᠪᠡᠯᠡᠳᠬᠡᠯ ᠬᠢᠭᠰᠡᠨ ᠰᠠᠭᠤᠷᠢᠨ ᠲᠡᠭᠡᠷ᠎ᠡ ᠂ ᠮᠤᠲ᠋ᠤᠷ ᠲᠡᠷᠬᠡ ᠶᠢᠨ ᠲᠡᠰᠬᠡᠯ ᠤᠷᠤᠯᠳᠤᠭᠠᠨ ᠤ ᠬᠦᠳᠡᠯᠭᠡᠭᠡᠨ ᠢ ᠨᠢᠮᠪᠠᠢ ᠲᠦᠰᠦᠪᠯᠡᠵᠤ᠂  ᠬᠦᠷᠢᠶᠡᠯᠡᠯ ᠤᠨ ᠬᠡᠮᠵᠢᠶ᠎ᠡ ᠪᠠᠨ ᠤᠯᠠᠮ ᠨᠢᠭᠡ ᠠᠯᠬᠤᠮ ᠦᠷᠭᠡᠳᠬᠡᠨ᠎ᠡ᠃ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠵᠠᠰᠠᠵᠤ ᠴᠢᠮᠡᠬᠦ ᠠᠵᠢᠯ ᠢ ᠪᠦᠬᠦ ᠬᠦᠴᠦ ᠪᠠᠷ ᠢᠶᠠᠨ ᠲᠦᠯᠬᠢᠨ ᠠᠬᠢᠭᠤᠯᠵᠤ᠂ ᠵᠢᠯ ᠤᠨ ᠲᠤᠳᠤᠷ᠎ᠠ ᠬᠦᠰᠢᠶ᠎ᠡ ᠪᠤᠰᠬᠠᠨ ᠴᠡᠴᠡᠷᠯᠢᠭ ᠢᠶᠠᠨ ᠨᠡᠭᠡᠭᠡᠬᠦ ᠪᠠᠷ ᠴᠢᠷᠮᠠᠶᠢᠨ᠎ᠠ᠃        ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡᠨ ᠤ ᠲᠠᠯ᠎ᠠ ᠪᠠᠷ᠄ ᠭᠦᠢᠯᠭᠡᠭᠡᠨ ᠤ ᠰᠠᠭᠤᠷᠢ ᠲᠤᠨᠤᠭ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠵᠢᠯ ᠤᠨ ᠲᠤᠳᠤᠷ᠎ᠠ ᠭᠥᠸᠧ ᠲᠥᠩ ᠭᠦᠢᠯᠭᠡᠭᠡᠨ ᠤ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠲᠦᠰᠦᠯ ᠢ ᠪᠡᠶᠡᠯᠡᠭᠦᠯᠵᠤ᠂ ᠪᠦᠬᠦ ᠬᠤᠳᠠ ᠳᠤ ᠰᠠᠭᠤᠷᠢᠯᠠᠨ ᠲᠦᠷᠭᠡᠪᠴᠢᠯᠡᠨ ᠪᠠᠶᠢᠭᠤᠯᠵᠤ᠂ ᠬᠦᠬᠡᠬᠤᠳᠠ᠂  ᠪᠤᠭᠤᠳᠤ᠂ ᠤᠷᠳᠤᠰ᠂ ᠡᠷᠢᠶᠡᠨ ᠵᠡᠷᠭᠡ ᠭᠠᠵᠠᠷ ᠤᠷᠤᠨ  ᠤ ᠤᠳᠤᠬᠢᠴᠢᠯᠠᠭᠰᠠᠨ ᠭᠦᠢᠯᠭᠡᠭᠡᠨ ᠤ ᠰᠢᠰᠲ᠋ᠧᠮ ᠳᠤ ᠰᠠᠴᠤᠷᠠᠭᠤᠯᠤᠨ᠎ᠠ᠃  ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠠ ᠪᠠᠷ ᠲᠤᠬᠢᠶᠠᠯ ᠪᠤᠯᠭᠠᠨ᠂ ᠲᠤᠮᠳᠠᠳᠤ ᠤᠷᠤᠰ ᠮᠤᠩᠭᠤᠯ ᠤᠨ ᠠᠵᠤ ᠠᠬᠤᠢ ᠶᠢᠨ ᠪᠦᠰᠡᠨ  ᠳᠤ ᠰᠠᠨᠠᠭᠠᠴᠢᠯᠠᠭ᠎ᠠ ᠲᠠᠢ ᠪᠠᠷ ᠨᠡᠶᠢᠯᠡᠨ ᠤᠷᠤᠵᠤ᠂ ᠮᠠᠨ ᠤ ᠬᠤᠰᠢᠭᠤ ᠨᠢ ᠮᠤᠩᠭᠤᠯ ᠤᠯᠤᠰ ᠤᠨ ᠰᠠᠶᠢᠨᠱᠩᠳᠠ ᠬᠤᠳᠠ ᠲᠠᠢ ᠨᠦᠬᠦᠷᠰᠡᠭ ᠬᠤᠳᠠ ᠪᠤᠯᠬᠤ ᠶᠢ ᠢᠳᠡᠪᠬᠢᠳᠠᠢ ᠴᠢᠷᠮᠠᠶᠢᠨ᠂ ᠬᠢᠯᠢ ᠶᠢᠨ ᠠᠷᠠᠳ ᠤᠨ ᠲᠦᠭᠦᠮ ᠵᠠᠮ ᠢ ᠲᠦᠷᠭᠡᠨ ᠨᠡᠪᠳᠡᠷᠡᠭᠦᠯᠵᠤ᠂ ᠱᠠᠩᠳᠠ ᠶᠢᠨ ᠬᠤᠷᠠᠯ ᠤᠨ ᠪᠤᠭᠤᠮᠳᠠ ᠶᠢ ᠤᠯᠤᠰ ᠤᠨ  ᠪᠤᠭᠤᠮᠳᠠ ᠶᠢᠨ ᠲᠦᠰᠦᠪᠯᠡᠯ  ᠳᠤ ᠤᠷᠤᠭᠤᠯᠬᠤ ᠪᠠᠷ ᠴᠢᠷᠮᠠᠶᠢᠨ᠎ᠠ᠃ ᠡᠯᠧᠺᠲᠷᠤᠨ ᠬᠤᠳᠠᠯᠳᠤᠭᠠᠨ ᠤ ᠲᠡᠪᠴᠡᠩ ᠤᠨ ᠪᠠᠶᠢᠭᠤᠯᠤᠯᠳᠠ ᠶᠢᠨ ᠡᠷᠴᠢᠮ  ᠢᠶᠠᠨ ᠴᠢᠩᠭᠠᠷᠠᠭᠤᠯᠵᠤ᠂ ︽ᠢᠨᠲ᠋ᠧᠷ ᠰᠦᠯᠵᠢᠶ᠎ᠡ +︾ ᠶᠢ ᠬᠡᠷᠡᠭᠯᠡᠵᠤ᠂ ᠪᠡᠭᠡᠵᠢᠩ ᠦᠪᠦᠷ ᠮᠤᠩᠭᠤᠯ ᠤᠨ ᠬᠠᠷᠢᠯᠴᠠᠨ ᠬᠠᠪᠰᠤᠷᠤᠯᠴᠠᠨ ᠳᠡᠳᠭᠦᠭᠦ᠂  ᠭᠤᠸᠠᠩᠳᠦᠩ ᠤᠨ ᠬᠤᠳᠠᠯᠳᠤᠭᠠᠨ ᠤ ᠨᠡᠶᠢᠭᠡᠮᠯᠢᠭ ᠵᠡᠷᠭᠡ ᠲᠡᠪᠴᠡᠩ ᠢ ᠠᠰᠢᠭᠯᠠᠵᠤ᠂ ︽ᠲᠠᠯ᠎ᠠ ᠨᠤᠳᠤᠭ ᠤᠨ ᠮᠤᠩᠭᠤᠯ ᠸᠠᠩ︾ ᠨᠡᠷᠡᠮᠵᠢᠳᠤ ᠬᠤᠨᠢᠨ ᠮᠢᠬ᠎ᠠ᠂ ᠠᠯᠳᠠᠨᠬᠤᠸᠠᠷ ᠤᠨ ᠴᠠᠭᠠᠨ ᠢᠳᠡᠭᠡᠨ᠂  ︽ᠶᠢᠩ ᠡᠦ ᠱᠢ ᠵᠢᠶᠠ︾ ᠨᠡᠷᠡᠮᠵᠢᠳᠤ ᠨᠠᠷᠠᠨ ᠬᠤᠸᠠᠷ ᠤᠨ ᠦᠷ᠎ᠡ  ᠂  ᠨᠤᠳᠤᠭ ᠤᠨ ᠰᠠᠷᠢᠮᠰᠠᠭ ᠵᠡᠷᠭᠡ ᠨᠡᠷᠡᠳᠤ ᠪᠠᠷᠠᠭ᠎ᠠ ᠶᠢ ᠳᠡᠭᠡᠳᠤ ᠳᠡᠰ ᠤᠨ ᠵᠠᠬ᠎ᠠ ᠳᠡᠯᠭᠡᠭᠦᠷ ᠲᠤ ᠤᠷᠤᠭᠤᠯᠵᠤ᠂ ᠴᠢᠨᠠᠷ ᠰᠠᠶᠢᠨ ᠦᠨ᠎ᠡ ᠦᠨᠳᠦᠷ ᠪᠤᠯᠭᠠᠬᠤ ᠶᠢ ᠪᠡᠶᠡᠯᠡᠭᠦᠯᠦᠨ᠎ᠡ  ᠃ ᠬᠤᠰᠢᠭᠤ ᠬᠦᠳᠡᠭᠡ ᠲᠤᠰᠬᠤᠨ ᠤ ᠭᠤᠷᠪᠠᠨ ᠱᠠᠳᠤᠨ ᠤ ᠭᠦᠢᠯᠭᠡᠭᠡ ᠪᠠ ᠡᠯᠧᠺᠲᠷᠤᠨ ᠬᠤᠳᠠᠯᠳᠤᠭᠠᠨ ᠤ ᠰᠦᠯᠵᠢᠶ᠎ᠡ ᠶᠢᠨ ᠪᠦᠳᠦᠭᠡᠨ ᠪᠠᠶᠢᠭᠤᠯᠤᠯᠳᠠ ᠶᠢ  ᠳᠡᠭᠦᠯᠳᠡᠷᠵᠢᠭᠦᠯᠵᠤ᠂ ᠡᠯᠧᠺᠲᠷᠤᠨ ᠬᠤᠳᠠᠯᠳᠤᠭᠠᠨ ᠤ ᠲᠡᠪᠴᠡᠩ ᠤᠨ ᠦᠢᠯᠡᠳᠦᠯ ᠢ ᠪᠠᠳᠠᠷᠠᠭᠤᠯᠵᠤ᠂ ᠬᠦᠭᠵᠢᠯᠳᠡ ᠶᠢ ᠠᠬᠢᠭᠤᠯᠪᠠ᠃        ᠠᠷᠠᠯᠵᠢᠶᠠᠴᠢᠨ‌ᠤᠷᠢᠵᠤ ᠪᠡᠯᠡ ᠤᠷᠤᠭᠤᠯᠬᠤ ᠲᠠᠯ᠎ᠠ ᠪᠠᠷ᠄ ᠪᠡᠯᠡ ᠤᠷᠤᠭᠤᠯᠤᠯᠳᠠ ᠶᠢᠨ ᠤᠷᠴᠢᠨ ᠢ ᠰᠠᠶᠢᠵᠢᠷᠠᠭᠤᠯᠵᠤ᠂  ᠵᠢᠩ ᠶᠢᠨ ᠵᠢᠢ ᠠᠵᠤ ᠦᠢᠯᠡᠰ ᠢ ᠰᠢᠯᠵᠢᠭᠦᠯᠬᠦ ᠶᠢ ᠤᠶᠠᠯᠳᠤᠭᠤᠯᠵᠤ᠂ ᠬᠦᠭᠵᠢᠭᠰᠡᠨ ᠤᠷᠤᠨ ᠤ ᠠᠵᠤ ᠦᠢᠯᠡᠰ ᠢ ᠰᠢᠯᠵᠢᠭᠦᠯᠬᠦ ᠲᠦᠰᠦᠯ ᠢ ᠰᠠᠨᠠᠭᠠᠴᠢᠯᠠᠭ᠎ᠠ ᠠᠴᠠ ᠪᠠᠨ ᠲᠤᠰᠤᠨ᠂ ᠪᠡᠭᠡᠵᠢᠩ ᠤᠨ ᠶᠤᠸᠠᠢ ᠷᠧᠨ ᠺᠤᠮᠫᠠᠨᠢ ᠶᠢᠨ ᠲᠤᠮᠤ ᠳ᠋ᠠᠶᠢᠲ᠋ᠠ ᠶᠢᠨ ᠲᠦᠰᠦᠯ ᠪᠠᠶᠢᠭᠤᠯᠬᠤ ᠶᠢ ᠲᠦᠷᠭᠡᠨ ᠠᠬᠢᠭᠤᠯᠤᠨ᠎ᠠ᠃ ︽ᠬᠠᠪᠰᠤᠷᠤᠨ ᠪᠠᠳᠤᠯᠠᠬᠤ ᠵᠢᠭᠡᠯᠡᠯᠭᠡ︾ ᠶᠢᠨ ᠲᠦᠷᠦ ᠶᠢᠨ ᠪᠤᠳᠤᠯᠭ᠎ᠠ ᠶᠢ ᠰᠠᠶᠢᠳᠤᠷ ᠬᠡᠷᠡᠭᠵᠢᠭᠦᠯᠵᠤ᠂ ᠲᠤᠮᠳᠠ ᠪᠠᠭ᠎ᠠ ᠠᠵᠤ ᠠᠬᠤᠶᠢᠯᠠᠯ ᠤᠨ ᠰᠢᠨᠡᠴᠢᠯᠡᠯᠳᠡ ᠶᠢ ᠳᠡᠳᠭᠦᠵᠦ᠂ ᠲᠧᠭᠨᠢᠭ ᠤᠨ ᠦᠷ᠎ᠡ ᠪᠦᠳᠦᠭᠡᠯ ᠤᠨ ᠬᠤᠪᠢᠷᠠᠭᠤᠯᠤᠯᠳᠠ ᠶᠢ ᠠᠬᠢᠭᠤᠯᠤᠨ᠎ᠠ᠃  ︵ᠲᠠᠪᠦ︶ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢ ᠨᠢᠭᠡᠳᠦᠯᠳᠠᠢ ᠲᠦᠯᠦᠪᠯᠡᠨ ᠴᠢᠩᠭᠠᠳᠬᠠᠵᠤ᠂ ᠬᠦᠭᠵᠢᠯᠳᠡ ᠶᠢᠨ ᠤᠷᠤᠨ ᠵᠠᠢ ᠶᠢ ᠦᠷᠭᠦᠯᠵᠢᠯᠡᠨ ᠦᠷᠭᠡᠳᠬᠡᠨ᠎ᠡ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠰᠠᠭᠤᠷᠢ ᠲᠤᠨᠤᠭ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠰᠠᠭᠤᠭᠠᠯᠢ ᠤᠷᠴᠢᠨ ᠢᠶᠠᠨ  ᠰᠠᠶᠢᠵᠢᠷᠠᠭᠤᠯᠬᠤ᠂ ᠨᠡᠶᠢᠭᠡᠮ ᠤᠨ ᠪᠠᠳᠤᠯᠠᠭ᠎ᠠ ᠪᠤᠯᠤᠨ ᠨᠡᠶᠢᠭᠡᠮ ᠤᠨ ᠠᠵᠤ ᠦᠢᠯᠡᠰ ᠤᠨ ᠬᠦᠭᠵᠢᠯᠳᠡ ᠳᠤ ᠬᠦᠴᠦᠨ ᠴᠢᠳᠠᠯ ᠢᠶᠠᠨ ᠲᠠᠯᠪᠢᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠦᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠤ᠂ ᠨᠡᠶᠢᠭᠡᠮ ᠤᠨ ᠡᠷᠬᠡ ᠲᠡᠭᠰᠢ ᠲᠦᠪ ᠭᠤᠤᠯᠴᠢ ᠶᠢ ᠠᠬᠢᠭᠤᠯᠵᠤ᠂ ᠠᠷᠠᠳ ᠲᠦᠮᠡᠨ ᠤ ᠬᠠᠮᠳᠦ  ᠪᠠᠷ ᠪᠠᠶᠢᠭᠤᠯᠵᠤ ᠬᠠᠮᠳᠤ ᠪᠠᠷ ᠡᠳᠡᠯᠬᠦ ᠬᠦᠭᠵᠢᠯᠳᠡ ᠶᠢᠨ ᠲᠤᠮᠳᠠ ᠨᠡᠩ ᠶᠡᠭᠡ ᠬᠦᠷᠳᠡᠭᠡᠯ ᠪᠠ ᠵᠤᠯ ᠵᠢᠷᠭᠠᠯ ᠤᠨ ᠰᠡᠳᠬᠢᠭᠳᠡᠯ  ᠦᠭᠬᠦᠨ᠎ᠡ᠃ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ᠄ ᠬᠤᠳᠠ ᠪᠠᠯᠭᠠᠰᠤᠴᠢᠯᠠᠯᠳᠠ ᠶᠢᠨ ᠠᠯᠬᠤᠴᠠ  ᠪᠠᠨ ᠲᠦᠷᠭᠡᠳᠭᠡᠵᠤ᠂ ᠬᠤᠳᠠ ᠬᠦᠳᠡᠭᠡ ᠶᠢᠨ  ᠬᠦᠭᠵᠢᠯᠳᠡ ᠶᠢ ᠨᠢᠭᠡᠳᠦᠯᠳᠠᠢ ᠠᠬᠢᠭᠤᠯᠤᠨ᠎ᠠ᠃ ᠬᠤᠳᠠ ᠪᠠᠯᠭᠠᠰᠤᠨ  ᠤ ᠲᠦᠯᠦᠪᠵᠢᠭᠦᠯᠭᠡ ᠪᠠᠷ ᠶᠡᠷᠥᠩᠬᠡᠶᠢᠯᠡᠨ ᠵᠢᠯᠤᠭᠤᠳᠤᠭᠤᠯᠵᠤ᠂ ︽ᠲᠠᠪᠤᠨ ᠬᠤᠳᠠ ᠶᠢ ᠬᠤᠯᠪᠤᠭᠠᠯᠠᠨ ᠡᠭᠦᠳᠬᠦ︾ ᠪᠠᠷ ᠬᠦᠴᠦᠯᠡᠬᠦ‍ ᠴᠢᠭ ᠪᠤᠯᠭᠠᠵᠤ᠂ ᠬᠤᠳᠠ ᠪᠠᠯᠭᠠᠰᠤ ᠵᠢᠨ‌ᠦᠢᠯᠡᠴᠢᠯᠡᠭᠡᠨ ᠤ ᠴᠢᠳᠠᠪᠦᠷᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠬᠤᠳᠠ ᠪᠠᠯᠭᠠᠰᠤ ᠶᠢᠨ ᠴᠢᠨᠠᠷ ᠳᠡᠰ ᠢ ᠳᠡᠭᠡᠭᠰᠢᠯᠡᠭᠦᠯᠦᠨ᠎ᠡ᠃ ︽ᠤᠯᠠᠭᠠᠨᠬᠤᠸᠠ ᠪᠠᠯᠭᠠᠰᠤᠨ ᠤ ᠬᠠᠭᠤᠴᠢᠨ ᠬᠤᠳᠠ ᠲᠤᠭᠤᠷᠢᠭ ᠤᠨ ᠬᠢᠵᠠᠭᠠᠷᠯᠠᠬᠤ ᠴᠢᠨᠠᠷᠳᠠᠢ ᠨᠠᠷᠢᠨ ᠲᠦᠯᠦᠪᠵᠢᠭᠦᠯᠭᠡ︾ ᠪᠤᠯᠤᠨ ︽ᠠᠷᠠᠳ ᠤᠨ ᠠᠭᠠᠷ ᠰᠡᠷᠭᠡᠶᠢᠯᠡᠯᠳᠡ ᠶᠢᠨ ᠢᠨᠵᠧᠨᠧᠷᠢᠭ ᠤᠨ ᠲᠤᠰᠬᠠᠢ ᠵᠦᠢᠯ ᠤᠨ ᠲᠦᠯᠦᠪᠵᠢᠭᠦᠯᠭᠡ︾ ᠶᠢ ᠨᠠᠶᠢᠷᠠᠭᠤᠯᠤᠨ  ᠵᠤᠬᠢᠶᠠᠵᠤ᠂ ᠪᠡᠯᠡ ᠬᠤᠷᠠᠮᠳᠠᠭᠤᠯᠬᠤ ᠵᠠᠮ ᠢ ᠦᠷᠭᠡᠳᠭᠡᠵᠤ᠂ ᠰᠠᠭᠤᠷᠢ ᠲᠤᠨᠤᠭ ᠲᠦᠬᠦᠭᠡᠷᠥᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠤᠳᠠ ᠶᠢᠨ ᠬᠠᠮᠢᠶᠠᠷᠤᠯᠳᠠ ᠶᠢᠨ ᠴᠢᠳᠠᠪᠦᠷᠢ ᠶᠢ ᠲᠡᠭᠦᠯᠳᠡᠷᠵᠢᠭᠦᠯᠵᠤ᠂ ᠬᠤᠳᠠ ᠪᠠᠯᠭᠠᠰᠤᠨ ᠤ ᠪᠤᠷᠤ ᠲᠦᠯᠦᠪ ᠢ ᠶᠡᠬᠡᠰᠬᠡᠵᠤ᠂ ᠵᠠᠮ᠂  ᠤᠰᠤ᠂ ᠢᠯᠴᠢ ᠬᠦᠷᠭᠡᠬᠦ ᠵᠡᠷᠬᠡ ᠬᠤᠳᠠ ᠶᠢᠨ ᠶᠠᠪᠤᠳᠠᠯ ᠤᠨ ᠲᠤᠤᠷ ᠤᠨ ᠦᠭᠡᠷᠡᠴᠢᠯᠡᠬᠦ ᠶᠠᠪᠤᠴᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠡᠷᠤᠬᠡ ᠶᠢᠨ ᠠᠵᠢᠯᠳᠠᠨ ᠤ ᠴᠠᠯᠢᠩ ᠤᠨ ᠪᠠᠳᠤᠯᠠᠭ᠎ᠠ ᠶᠢᠨ ᠮᠦᠩᠭᠦ ᠶᠢᠨ ᠲᠦᠷᠢᠮ ᠢ ᠴᠢᠩᠭ᠎ᠠ ᠬᠡᠷᠡᠭᠵᠢᠭᠦᠯᠵᠤ᠂ ᠰᠡᠳᠦᠪ ᠲᠤᠭᠳᠠᠭᠠᠬᠤ᠂ ᠲᠦᠯᠦᠪᠵᠢᠭᠦᠯᠭᠡ ᠶᠢᠨ ᠭᠠᠵᠠᠷ ᠰᠤᠩᠭᠤᠬᠤ ᠵᠡᠷᠭᠡ ᠪᠠᠷᠢᠯᠭ᠎ᠠ ᠶᠢᠨ ᠬᠢᠨᠠᠨ ᠵᠦᠪᠰᠢᠶᠡᠷᠡᠬᠦ ᠴᠤᠪᠤᠷᠠᠯ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃ ᠭᠡᠷ ᠪᠠᠶᠢᠰᠢᠩ ᠭᠠᠵᠠᠷ ᠰᠢᠷᠤᠢ ᠶᠢᠨ ᠬᠦᠷᠦᠩᠭᠡ ᠶᠢᠨ ᠵᠠᠬ᠎ᠠ ᠳᠡᠯᠭᠡᠭᠦᠷ  ᠢ ᠡᠮᠬᠢᠯᠡᠨ ᠵᠠᠰᠠᠬᠤ ᠠᠵᠢᠯ ᠢ ᠶᠡᠭᠡᠪᠡᠷ ᠦᠷᠨᠢᠭᠦᠯᠵᠤ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠲᠦᠷᠢᠮᠵᠢᠯ ᠢ ᠲᠦᠯᠬᠢᠨ ᠠᠬᠢᠭᠤᠯᠵᠤ᠂ ᠡᠷᠡᠭᠦᠯ ᠢᠶᠠᠷ ᠬᠦᠭᠵᠢᠭᠦᠯᠦᠨ᠎ᠡ᠃ ᠪᠤᠷᠤ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠦᠭᠡᠷᠡᠴᠢᠯᠡᠯᠳᠡ ᠶᠢᠨ ᠡᠷᠴᠢᠮ ᠢ ᠤᠯᠠᠮ ᠴᠢᠩᠭᠠᠷᠠᠭᠤᠯᠵᠦ᠂1488 ᠡᠷᠦᠬᠡ ᠶᠢᠨ ᠪᠤᠷᠤ ᠲᠤᠭᠤᠷᠢᠭ ᠶᠢᠨ ᠪᠦᠳᠦᠭᠡᠨ ᠪᠠᠶᠢᠭᠤᠯᠤᠯᠳᠠ ᠶᠢᠨ ᠦᠭᠡᠷᠢᠴᠢᠯᠡᠯᠳᠡ ᠪᠤᠯᠤᠨ300 ᠤᠯᠠᠨ ᠨᠡᠶᠢᠳᠡ ᠶᠢᠨ ᠲᠦᠷᠢᠶᠡᠰᠤᠨ ᠤᠷᠤᠨ ᠰᠠᠭᠤᠴᠠ ᠶᠢᠨ ᠬᠤᠪᠢᠶᠠᠷᠢᠯᠠᠬᠤ ᠡᠭᠦᠷᠭᠡ ᠶᠢ ᠪᠡᠶᠡᠯᠡᠭᠦᠯᠵᠦ᠂ ᠬᠤᠳᠠ ᠪᠠᠯᠭᠠᠰᠤᠨ ᠤ ᠬᠦᠴᠢᠷᠳᠡᠯ ᠲᠠᠢ ᠰᠠᠭᠤᠭᠠᠯᠢ ᠠᠷᠠᠳ ᠤᠨ ᠤᠷᠤᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠪᠤᠷᠤ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠦᠭᠡᠷᠡᠴᠢᠯᠡᠯᠳᠡ ᠲᠠᠢ ᠤᠶᠠᠯᠳᠤᠭᠤᠯᠵᠤ᠂ ᠴᠡᠴᠡᠷᠯᠢᠭ᠂ ᠵᠦᠯᠭᠡ ᠭᠠᠵᠠᠷ ᠢ ᠵᠦᠢ ᠵᠤᠬᠢᠰᠳᠠᠢ ᠲᠦᠯᠦᠪᠵᠢᠭᠦᠯᠦᠨ ᠪᠠᠶᠢᠭᠤᠯᠵᠤ᠂1—2 ᠲᠡᠷᠭᠡ ᠵᠤᠭᠰᠤᠭᠠᠬᠤ ᠲᠠᠯᠠᠪᠦᠷ ᠢ ᠰᠢᠨ᠎ᠡ  ᠪᠠᠷ ᠪᠠᠶᠢᠭᠤᠯᠤᠨ᠎ᠠ᠃PPP ᠲᠦᠰᠦᠯ ᠢᠶᠠᠷ ᠲᠠᠮᠵᠢᠵᠦ᠂ ᠬᠠᠭᠤᠴᠢᠨ ᠤᠰᠤᠨ ᠤ ᠡᠬᠢ ᠰᠤᠷᠪᠤᠯᠵᠢ ᠶᠢᠨ ᠤᠷᠤᠨ ᠤ ᠬᠠᠮᠠᠭᠠᠯᠠᠯᠳᠠ ᠪᠤᠯᠤᠨ ᠰᠢᠨ᠎ᠡ ᠤᠰᠤᠨ ᠤ ᠡᠬᠢ ᠰᠤᠷᠪᠤᠯᠵᠢ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢ ᠪᠡᠶᠡᠯᠡᠭᠦᠯᠵᠤ᠂ ᠬᠤᠳᠠ ᠪᠠᠯᠭᠠᠰᠤᠨ ᠤ ᠠᠷᠠᠳ ᠤᠨ ᠠᠮᠤᠷ ᠲᠦᠪᠰᠢᠨ ᠤᠰᠤ ᠬᠠᠩᠭᠠᠬᠤ ᠶᠢ ᠪᠠᠳᠦᠯᠠᠨ᠎ᠠ᠃ ᠠᠮᠢᠳᠦᠷᠠᠯ ᠤᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠪᠠ ᠬᠤᠭ ᠨᠤᠪᠰᠢ ᠶᠢ ᠬᠤᠤᠷ ᠠᠷᠢᠭᠤᠳᠬᠠᠨ ᠰᠢᠢᠳᠪᠦᠷᠢᠯᠡᠬᠦ ᠦᠢᠯᠡᠳᠪᠦᠷᠢ ᠶᠢ ᠲᠤᠰ ᠪᠦᠷᠢ ᠨᠢᠭᠡ ᠪᠠᠶᠢᠭᠤᠯᠵᠤ᠂ ᠪᠤᠬᠢᠷ ᠤᠰᠤ ᠰᠢᠢᠳᠪᠦᠷᠢᠯᠡᠬᠦ ᠨᠤᠷᠮ᠎ᠠ ᠨᠢ 100 % ᠳᠤ ᠬᠦᠷᠬᠦ ᠶᠢ ᠪᠠᠳᠤᠯᠠᠨ᠎ᠠ᠃ ᠬᠤᠭ ᠨᠤᠪᠰᠢ ᠪᠤᠯᠤᠨ ᠪᠤᠬᠢᠷ ᠤᠰᠤ ᠰᠢᠢᠳᠪᠦᠷᠢᠯᠡᠬᠦ ᠠᠵᠢᠯ ᠢ ᠬᠦᠳᠡᠭᠡ ᠲᠤᠰᠬᠤᠨ ᠬᠦᠷᠳᠡᠯ᠎ᠡ ᠦᠷᠭᠡᠳᠭᠡᠬᠦ ᠠᠵᠢᠯ ᠢ ᠪᠦᠬᠦ ᠲᠠᠯ᠎ᠠ ᠪᠠᠷ ᠦᠷᠨᠢᠭᠦᠯᠦᠨ᠎ᠡ᠃  ᠪᠡᠯᠡ ᠤᠷᠤᠭᠤᠯᠤᠯᠳᠠ ᠪᠠᠨ ᠶᠡᠬᠡᠰᠬᠡᠵᠤ᠂ ᠬᠤᠳᠠ ᠶᠢᠨ ᠦᠩᠭᠡ ᠦᠵᠡᠮᠵᠢ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠬᠤᠳᠠ ᠪᠠᠯᠭᠠᠰᠤᠨ ᠤ ᠤᠶᠢᠵᠢᠭᠤᠯᠤᠯᠳᠠ᠂   ᠴᠡᠪᠡᠷᠰᠢᠭᠦᠯᠦᠯᠳᠡ᠂ ᠬᠠᠳᠠᠭᠤᠷᠠᠵᠢᠯᠠᠯᠳᠠ ᠵᠡᠷᠭᠡ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ ᠴᠡᠴᠡᠷᠯᠢᠭ ᠤᠨ ᠨᠤᠭᠤᠭᠠᠨ ᠭᠠᠵᠠᠷ ᠢ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠲᠤᠭᠳᠠᠴᠠ ᠪᠠᠨ  ᠵᠤᠬᠢᠴᠠᠭᠤᠯᠤᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷᠴᠢᠯᠡᠬᠦ ᠲᠤᠭᠳᠠᠴᠠ ᠶᠢ ᠲᠡᠭᠦᠯᠳᠡᠷᠵᠢᠭᠦᠯᠵᠤ᠂ ᠦᠢᠯᠡᠴᠢᠯᠡᠭᠡᠨ ᠤ ᠴᠢᠨᠠᠷ ᠪᠤᠯᠤᠨ ᠬᠢᠷᠢ ᠲᠦᠪᠰᠢᠨ ᠢᠶᠠᠨ ᠲᠡᠭᠡᠭᠰᠢᠯᠡᠭᠦᠯᠦᠨ᠎ᠡ᠃  ᠠᠷᠠᠯᠵᠢᠶᠠᠴᠢᠨ‌ᠤᠷᠢᠵᠤ ᠪᠡᠯᠡ‌ᠤᠷᠤᠭᠤᠯᠬᠤ ᠪᠠ ᠨᠡᠶᠢᠭᠡᠮ ᠤᠨ ᠬᠦᠷᠦᠩᠭᠡ ᠶᠢ ᠲᠠᠳᠠᠬᠤ ᠵᠡᠷᠭᠡ ᠬᠡᠯᠪᠡᠷᠢ ᠪᠠᠷ ᠲᠠᠮᠵᠢᠵᠤ᠂1—3 ᠠᠷᠠᠳ ᠲᠤ ᠠᠰᠢᠭ ᠬᠦᠷᠭᠡᠬᠦ ᠬᠦᠷᠢᠶᠡᠯᠡᠩ ᠲᠦᠯᠦᠪᠵᠢᠭᠦᠯᠦᠨ ᠪᠠᠶᠢᠭᠤᠯᠵᠤ  ᠂ ᠵᠢᠵᠢᠭ ᠦᠢᠯᠡᠳᠭᠡᠯ᠂ ᠵᠢᠵᠢᠭ ᠳᠡᠯᠭᠡᠭᠦᠷᠴᠢᠨ ᠢ ᠵᠠᠬ᠎ᠠ ᠳᠡᠯᠭᠡᠭᠦᠷ ᠲᠤ ᠤᠷᠤᠭᠤᠯᠬᠤ᠂ ᠲᠦᠪᠯᠡᠷᠡᠭᠦᠯᠦᠨ ᠡᠵᠡᠩᠨᠡᠬᠦ᠂ ᠨᠢᠭᠡᠳᠦᠯᠳᠠᠢ ᠬᠢᠨᠠᠨ ᠬᠠᠮᠢᠶᠠᠷᠬᠤ ᠶᠢ ᠢᠳᠡᠪᠬᠢᠳᠠᠢ ᠪᠠᠷ ᠵᠢᠯᠤᠭᠤᠳᠤᠨ ᠳᠡᠳᠭᠦᠵᠤ᠂ ᠵᠢᠵᠢᠭ ᠳᠡᠯᠭᠡᠭᠦᠷᠴᠢᠨ ᠤ ᠡᠵᠡᠩᠨᠡᠯᠳᠡ ᠨᠢ ᠳᠡᠯᠭᠡᠭᠦᠷᠴᠢᠯᠡᠬᠦ ᠶᠢ ᠪᠡᠶᠡᠯᠡᠭᠦᠯᠦᠨ᠎ᠡ᠃ᠨᠡᠶᠢᠳᠡ ᠶᠢᠨ ᠮᠠᠰᠢᠨ ᠪᠤᠯᠤᠨ ᠲᠦᠷᠢᠶᠡᠰᠤᠨ ᠮᠠᠰᠢᠨ ᠲᠡᠷᠭᠡᠨ  ᠤ ᠡᠵᠡᠩᠨᠡᠯᠳᠡ ᠬᠠᠮᠢᠶᠠᠷᠤᠯᠳᠠ ᠶᠢᠨ ᠪᠠᠶᠢᠭᠤᠯᠤᠮᠵᠢ᠂ ᠦᠢᠯᠡᠴᠢᠯᠡᠭᠡᠨ ᠤ ᠰᠢᠰᠲ᠋ᠧᠮ ᠢ ᠳᠡᠭᠦᠯᠳᠡᠷᠵᠢᠭᠦᠯᠵᠤ᠂ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠲᠡᠭᠡᠭᠡᠪᠦᠷᠢᠯᠡᠨ ᠡᠵᠡᠩᠨᠡᠬᠦ ᠵᠠᠬ᠎ᠠ ᠳᠡᠯᠭᠡᠭᠦᠷ ᠢ ᠤᠯᠠᠮ ᠲᠦᠷᠢᠮᠵᠢᠭᠦᠯᠦᠨ᠎ᠡ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ᠄ ᠤᠢ ᠰᠢᠭᠤᠢ ᠶᠢᠨ ᠡᠬᠢ ᠪᠠᠶᠠᠯᠢᠭ ᠤᠨ ᠬᠠᠷᠢᠭᠤᠴᠠᠯᠭᠠᠳᠤ ᠲᠦᠷᠢᠮ ᠢ ᠬᠠᠮᠠᠭᠠᠯᠠᠬᠤ ᠪᠠ ᠬᠦᠭᠵᠢᠭᠦᠯᠬᠦ ᠶᠢ ᠡᠷᠡᠰ ᠲᠤᠤᠱᠯᠠᠭᠤᠯᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠤᠨ ᠤ ᠡᠭᠦᠰᠤᠯ ᠢ ᠵᠠᠰᠠᠬᠤ᠂ ᠲᠠᠷᠢᠶᠠᠯᠠᠬᠤ ᠶᠢ ᠵᠤᠭᠰᠤᠭᠠᠨ ᠤᠶᠢᠵᠢᠭᠤᠯᠬᠤ ᠵᠡᠷᠭᠡ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠳᠠ᠂ ᠰᠡᠷᠭᠦᠭᠡᠯᠳᠡ ᠶᠢᠨ ᠠᠵᠢᠯ ᠢ ᠰᠠᠶᠢᠳᠤᠷ ᠬᠢᠨ᠎ᠡ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠨᠡᠩ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠤ᠂ ᠮᠤᠳᠤ ᠲᠠᠷᠢᠬᠤ ᠠᠯᠪᠠᠨ ᠵᠢᠷᠤᠮ ᠤᠨ ᠠᠵᠢᠯᠯᠠᠭ᠎ᠠ ᠶᠢ ᠶᠡᠭᠡ ᠬᠡᠪᠴᠢᠶ᠎ᠡ ᠪᠠᠷ ᠦᠷᠨᠢᠭᠦᠯᠵᠦ᠂ ᠦᠷᠭᠡᠨ ᠤᠯᠠᠨ ᠺᠠᠳ᠋ᠷ᠂ ᠤᠯᠠᠨ ᠲᠦᠮᠡᠨ ᠢ ᠠᠮᠢ ᠠᠬᠤᠢ ᠶᠢᠨ ᠠᠰᠠᠭᠤᠳᠠᠯ ᠢ ᠨᠡᠩ ᠴᠢᠬᠤᠯᠠᠴᠢᠯᠠᠵᠤ᠂ ᠠᠮᠢ ᠠᠬᠤᠢ ᠶᠢᠨ ᠪᠦᠳᠦᠭᠡᠨ‌‍ᠪᠠᠶᠢᠭᠤᠯᠤᠯᠳᠠ ᠳᠤ ᠪᠡᠶ᠎ᠡ ᠪᠠᠷ ᠨᠢ ᠤᠷᠤᠯᠴᠠᠭᠤᠯᠤᠨ᠎ᠠ᠃  ᠭᠠᠯ ᠰᠡᠷᠭᠡᠶᠢᠯᠡᠬᠦ᠂  ᠮᠠᠯᠵᠢᠬᠤ ᠶᠢ ᠴᠠᠭᠠᠵᠢᠯᠠᠬᠤ ᠵᠡᠷᠭᠡ ᠤᠢ ᠰᠢᠭᠤᠢ ᠶᠢᠨ ᠬᠠᠮᠠᠭᠠᠯᠠᠯᠳᠠ  ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠬᠤᠳᠠ ᠪᠠᠯᠭᠠᠰᠤᠨ ᠤ ᠨᠤᠭᠤᠭᠠᠨ ᠲᠠᠯ᠎ᠠ ᠪᠤᠯᠤᠨ ᠤᠢ ᠰᠢᠭᠤᠢ  ᠶᠢᠨ ᠡᠪᠡᠰᠦ ᠤᠷᠭᠤᠮᠠᠯ ᠢ ᠰᠦᠢᠳᠬᠡᠨ ᠬᠤᠬᠢᠷᠠᠭᠤᠯᠤᠭᠰᠠᠨ ᠬᠠᠤᠯᠢ ᠪᠤᠰᠤ ᠠᠵᠢᠯᠯᠠᠭ᠎ᠠ ᠳᠤ ᠴᠤᠬᠢᠯᠳᠠ ᠦᠭᠴᠦ᠂ ᠤᠢ ᠰᠢᠭᠤᠢ ᠡᠪᠡᠰᠦ ᠤᠷᠭᠤᠮᠠᠯ ᠤᠨ ᠬᠠᠮᠠᠭᠠᠯᠠᠯᠳᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠵᠡᠭᠦᠨ ᠠᠭᠤᠯᠠᠨ ᠤ ᠠᠮᠢ ᠠᠬᠤᠢ ᠶᠢᠨ ᠴᠡᠴᠡᠷᠯᠢᠭ ᠢ ᠦᠷᠭᠦᠯᠵᠢᠯᠡᠨ ᠳᠡᠭᠦᠯᠳᠡᠷᠵᠢᠭᠦᠯᠵᠤ᠂ ᠵᠠᠮ ᠤᠨ ᠨᠤᠭᠤᠭᠠᠷᠠᠭᠤᠯᠤᠯᠳᠠ  ᠶᠢ ᠪᠠᠶᠢᠭᠤᠯᠤᠨ᠂  ᠶᠡᠷᠥᠩᠭᠡᠢ ᠬᠡᠮᠵᠢᠶ᠎ᠡ ᠶᠢ ᠨᠡᠮᠡᠭᠳᠡᠭᠦᠯᠵᠤ᠂  ᠴᠢᠨᠠᠷ ᠢ ᠳᠡᠭᠡᠭᠰᠢᠯᠡᠭᠦᠯᠦᠨ᠎ᠡ᠃ ᠤᠰᠤᠨ ᠠᠰᠢᠭᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ᠄ ᠤᠰᠤᠨ ᠤ ᠡᠬᠢ ᠪᠠᠶᠠᠯᠢᠭ ᠤᠨ ᠤᠷᠤᠨ  ᠢ ᠬᠠᠮᠠᠭᠠᠯᠠᠬᠤ ᠶᠢ ᠴᠢᠩᠭᠠᠳᠬᠠᠵᠤ᠂ ︽ᠭᠤᠤᠯ ᠮᠦᠷᠡᠨ ᠤ ᠠᠵᠢᠯ ᠳᠤ  ᠬᠠᠷᠢᠭᠤᠴᠠᠬᠤ ᠲᠠᠷᠤᠭ᠎ᠠ ᠶᠢᠨ ᠲᠦᠷᠢᠮ︾  ᠢ ᠪᠦᠬᠦ ᠲᠠᠯ᠎ᠠ ᠪᠠᠷ ᠠᠬᠢᠭᠤᠯᠵᠤ᠂ ᠬᠠᠮᠤᠭ ᠴᠢᠩᠭ᠎ᠠ ᠤᠰᠤᠨ ᠤ ᠡᠬᠢ ᠰᠤᠷᠪᠤᠯᠵᠢ ᠶᠢᠨ ᠲᠦᠷᠢᠮ ᠢ ᠬᠡᠷᠡᠭᠵᠢᠭᠦᠯᠵᠦ᠂ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠠ ᠶᠢᠨ ᠬᠤᠯᠪᠤᠭᠳᠠᠯ ᠪᠦᠬᠦᠢ ᠬᠠᠤᠯᠢ ᠬᠡᠷᠡᠭᠵᠢᠭᠦᠯᠬᠦ ᠠᠵᠢᠯ ᠤᠨ ᠪᠠᠭ᠎ᠠ ᠲᠤᠭᠤᠶᠢᠯᠠᠩ ᠢ ᠪᠠᠶᠢᠭᠤᠯᠤᠨ᠂ ᠬᠠᠤᠯᠢ ᠪᠤᠰᠤ ᠪᠠᠷ ᠤᠰᠤ ᠲᠠᠳᠠᠵᠤ ᠬᠡᠷᠡᠭᠯᠡᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠪᠤᠳᠠᠳᠠᠢ ᠦᠷᠨᠢᠭᠦᠯᠵᠤ᠂ ᠤᠰᠤ ᠶᠢ ᠬᠤᠯᠠᠭᠠᠶᠢᠯᠠᠨ ᠬᠡᠷᠡᠭᠯᠡᠬᠦ᠂ ᠤᠰᠤᠨ ᠤ ᠡᠬᠢ ᠰᠤᠷᠪᠤᠯᠵᠢ ᠶᠢ ᠲᠠᠳᠠᠨ ᠬᠡᠷᠡᠭᠯᠡᠬᠦ ᠵᠡᠷᠭᠡ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠰᠢᠳᠬᠡᠯ ᠦᠭᠬᠦᠨ᠎ᠡ᠃ ᠬᠤᠩᠭᠤᠷ ᠤᠨ ᠤᠰᠤᠨ ᠴᠦᠬᠦᠷᠦᠮ ᠤᠨ ᠪᠦᠳᠦᠭᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠵᠤ᠂ ᠵᠢᠯ ᠤᠨ ᠲᠤᠳᠤᠷ᠎ᠠ ᠤᠰᠤ ᠲᠠᠯᠪᠢᠬᠤ ᠶᠢ ᠪᠠᠳᠤᠯᠠᠨ᠎ᠠ᠃ ᠮᠠᠯᠵᠢᠬᠤ ᠤᠷᠤᠨ ᠤ ᠤᠰᠤᠨ ᠠᠰᠢᠭᠯᠠᠯᠳᠠ ᠶᠢᠨ ᠪᠠᠶᠢᠭᠤᠯᠤᠯᠳᠠ ᠶᠢᠨ ᠲᠦᠰᠦᠯ ᠢ ᠪᠦᠬᠦ ᠲᠠᠯ᠎ᠠ ᠪᠠᠷ ᠪᠡᠶᠡᠯᠡᠭᠦᠯᠵᠤ᠂   ᠠᠮᠤᠷ ᠲᠦᠪᠰᠢᠨ ᠤᠰᠤ  ᠬᠠᠩᠭᠠᠬᠤ   ᠶᠢ ᠪᠠᠳᠤᠯᠠᠨ᠎ᠠ᠃ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ᠄ ᠵᠢᠯ ᠤᠨ ᠲᠤᠳᠤᠷ᠎ᠠ ᠤᠯᠠᠭᠠᠨᠬᠤᠸᠠ ᠠᠴᠠ ᠠᠶᠢᠷᠠᠭ ᠰᠦᠮ᠎ᠡ ᠬᠦᠷᠬᠦ ᠵᠢᠭᠤᠯᠴᠢᠯᠠᠯ ᠤᠨ ᠵᠠᠰᠠᠮᠠᠯ ᠵᠠᠮ᠂ ᠲᠤᠤᠷᠠᠢ ᠶᠢᠨ ᠤᠢ ᠶᠢᠨ ᠵᠢᠭᠤᠯᠴᠢᠯᠠᠯ ᠤᠨ ᠲᠤᠰᠬᠠᠢ ᠵᠠᠮ ᠳᠤ ᠲᠡᠷᠭᠡ ᠨᠡᠪᠳᠡᠷᠡᠭᠦᠯᠬᠦ ᠪᠠᠷ ᠴᠢᠷᠮᠠᠶᠢᠨ᠎ᠠ᠃ ᠴᠠᠬᠠᠷ ᠪᠠᠷᠠᠭᠤᠨ ᠭᠠᠷᠤᠨ ᠲᠤᠮᠳᠠᠳᠤ  ᠬᠤᠰᠢᠭᠤ ᠠᠴᠠ ᠲᠦᠷᠪᠡᠳ ᠬᠤᠰᠢᠭᠤᠨ ᠤ ᠭᠡᠰᠡᠭ  ᠪᠠ ᠭᠡᠭᠡᠨᠳᠠᠯ᠎ᠠ ᠠᠴᠠ ᠪᠠᠷᠠᠭᠤᠨ ᠰᠦᠨᠢᠳ ᠬᠤᠰᠢᠭᠤ ᠬᠦᠷᠬᠦ ᠨᠢᠭᠡᠳᠦᠭᠡᠷ ᠳᠡᠰ  ᠤᠨ ᠵᠠᠰᠠᠮᠠᠯ ᠵᠠᠮ᠂ ᠬᠦᠪ ᠠᠴᠠ ᠮᠠᠩᠬᠠᠨ ᠳᠤ ᠬᠦᠷᠬᠦ ᠭᠡᠰᠡᠭ ᠤᠨ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠢᠨ ᠠᠵᠢᠯ ᠢ ᠲᠦᠯᠬᠢᠨ ᠠᠬᠢᠭᠤᠯᠵᠤ᠂ ᠭᠡᠭᠡᠨᠳᠠᠯ᠎ᠠ ᠠᠴᠠ ᠬᠤᠩᠭᠤᠷ ᠰᠤᠮᠤ ᠬᠦᠷᠬᠦ ᠵᠠᠮ  ᠢ ᠵᠠᠰᠠᠨ ᠳᠡᠪᠢᠰᠴᠤ᠂20 ᠭᠠᠷᠤᠢ ᠱᠤᠶᠢᠨᠢ ᠵᠠᠮ ᠢ ᠭᠠᠴᠠᠭ᠎ᠠ ᠲᠤᠰᠬᠤᠨ ᠳᠤ ᠨᠡᠪᠳᠡᠷᠡᠭᠦᠯᠵᠤ᠂ ᠵᠠᠰᠠᠮᠯ ᠵᠠᠮ ᠤᠨ ᠲᠤᠤᠷ ᠤᠨ ᠪᠦᠳᠦᠴᠡ ᠶᠢ ᠲᠡᠭᠦᠯᠳᠡᠷᠵᠢᠭᠦᠯᠦᠨ᠎ᠡ  ᠃ ᠱᠢᠶᠤᠤ ᠳ᠋ᠦᠩ ᠶᠢᠩ᠂ ᠯᠢᠦ ᠵᠦᠢ ᠨᠢᠦ ᠵᠡᠷᠭᠡ ᠲᠡᠷᠭᠡᠨ ᠤ ᠤᠷᠤᠰᠬᠠᠯ ᠤᠨ ᠬᠡᠮᠵᠢᠶ᠎ᠡ ᠶᠡᠭᠡ ᠠᠭᠤᠯᠵᠠᠷ ᠵᠠᠮ ᠳᠤ ᠬᠠᠷᠢᠯᠴᠡᠨ ᠨᠡᠪᠳᠡᠷᠡᠬᠦ ᠵᠦᠷᠢᠯᠢᠭ ᠬᠦᠬᠦᠷᠭᠡ ᠪᠠᠶᠢᠭᠤᠯᠵᠦ᠂ ᠤᠯᠠᠨ ᠲᠦᠮᠡᠨ ᠤ ᠭᠠᠳᠠᠭᠰᠢ ᠶᠠᠪᠤᠬᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠎ᠡ᠃ᠴᠠᠬᠢᠯᠭᠠᠨ ᠬᠦᠴᠤᠨ ᠤ ᠪᠦᠲᠤᠭᠡᠨ ᠪᠠᠶᠢᠭᠤᠯᠤᠯᠲᠠ ᠶᠢᠨ ᠲᠠᠯ᠎ᠠ ᠪᠠᠷ᠄  ᠭᠤᠷᠪᠠᠨ 110 ᠺᠢᠯᠤᠸᠤᠯᠲ ᠴᠠᠬᠢᠯᠭᠠᠨ ᠬᠦᠷᠭᠡᠵᠤ ᠬᠦᠴᠤᠳᠡᠯ ᠦᠭᠡᠷᠴᠢᠯᠡᠬᠦ ᠢᠨᠵᠧᠨᠧᠷᠢᠩ᠂ ᠭᠤᠷᠪᠠᠨ 35 ᠺᠢᠯᠤᠸᠤᠯᠲ ᠴᠠᠬᠢᠯᠭᠠᠨ ᠬᠦᠷᠭᠡᠵᠤ ᠬᠦᠴᠤᠳᠡᠯ ᠦᠭᠡᠷᠴᠢᠯᠡᠬᠦ ᠢᠨᠵᠧᠨᠧᠷᠢᠩ᠂ ᠲᠦᠷᠪᠡᠨ10 ᠺᠢᠯᠤᠸᠤᠯᠲ ᠵᠢᠴᠢ ᠲᠤᠷᠤᠭᠰᠢ ᠲᠤᠤᠷ ᠲᠤᠬᠢᠷᠠᠭᠤᠯᠬᠤ ᠢᠨᠵᠧᠨᠧᠷᠢᠩ  ᠶᠢ ᠰᠢᠨ᠎ᠠ ᠪᠠᠷ ᠪᠠᠶᠢᠭᠤᠯᠤᠨ᠎ᠠ᠃  ︽ᠰᠠᠶᠢᠨ ᠬᠦᠳᠡᠭᠡ ᠲᠤᠰᠬᠤᠨ ᠤ ᠲᠤᠤᠷ  ︾ ᠤᠨ ᠳᠡᠰ ᠳᠡᠪᠰᠢᠭᠦᠯᠤᠨ ᠦᠭᠡᠷᠡᠴᠢᠯᠡᠬᠦ ᠢᠨᠵᠧᠨᠧᠷᠢᠩ ᠢ ᠤᠯᠠᠮ ᠨᠢᠭᠡ ᠠᠯᠬᠤᠮ ᠲᠤᠤᠱᠯᠠᠭᠤᠯᠵᠤ᠂  ᠲᠤᠰ ᠵᠢᠯ ᠳᠡᠭᠡᠨ ᠪᠤᠶᠢᠲᠠ ᠪᠦᠭᠯᠡᠭᠦᠤ ᠮᠠᠯᠵᠢᠬᠤ ᠤᠷᠤᠨ ᠤ 623 ᠡᠷᠤᠬᠡ ᠲᠤ ᠴᠠᠬᠢᠯᠭᠠᠨ ᠬᠡᠷᠡᠭᠯᠡᠯᠲᠠ ᠶᠢᠨ ᠳᠡᠰ ᠳᠡᠪᠰᠢᠭᠦᠯᠬᠦ ᠢᠨᠵᠧᠨᠧᠷᠢᠩ ᠢ ᠪᠠᠶᠢᠭᠤᠯᠵᠤ᠂ ᠮᠠᠯᠴᠢᠳ ᠤᠨ ᠠᠮᠢᠳᠤᠷᠠᠯ ᠤᠶᠢᠯᠡᠳᠪᠤᠷᠢᠯᠡᠯ ᠤᠨ ᠴᠠᠬᠢᠯᠭᠠᠨ ᠬᠦᠴᠤᠨ ᠤ ᠬᠠᠩᠭᠠᠯᠠᠭ᠎ᠠ ᠶᠢ ᠪᠠᠳᠤᠯᠠᠨ᠎ᠠ ᠃ ᠰᠢᠨ᠎ᠠ ᠡᠨᠧᠷᠬᠢ ᠶᠢᠨ ᠴᠠᠬᠢᠯᠭᠠᠨ ᠬᠦᠴᠤᠨ ᠤ ᠲᠠᠮᠵᠢᠭᠤᠯᠬᠤ ᠲᠤᠤᠷ ᠤᠨ ᠪᠦᠲᠤᠭᠡᠨ ᠪᠠᠶᠢᠭᠤᠯᠤᠯᠲᠠ ᠶᠢ ᠲᠦᠷᠭᠡᠳᠭᠡᠵᠤ᠂ ᠮᠠᠯᠵᠢᠬᠤ ᠤᠷᠤᠨ ᠤ ᠴᠠᠬᠢᠯᠭᠠᠨ ᠲᠤᠤᠷ ᠤᠨ ᠪᠦᠷᠬᠦᠯᠲᠠ ᠶᠢᠨ ᠨᠤᠷᠮ᠎ᠠ ᠶᠢ ᠳᠡᠭᠡᠭᠰᠢᠯᠡᠭᠦᠯᠤᠨ᠎ᠡ᠃ 500 ᠺᠢᠯᠤᠸᠤᠯᠲ  ᠂ 220 ᠺᠢᠯᠤᠸᠤᠯᠲ ᠴᠠᠬᠢᠯᠭᠠᠨ ᠬᠦᠷᠭᠡᠵᠤ ᠬᠦᠴᠤᠳᠡᠯ ᠦᠭᠡᠷᠴᠢᠯᠡᠬᠦ ᠢᠨᠵᠧᠨᠧᠷᠢᠩ ᠤᠨ ᠲᠦᠷᠤᠯ ᠵᠤᠶᠢᠯ ᠢ ᠢᠳᠡᠪᠬᠢᠲᠠᠢ ᠲᠡᠮᠡᠴᠡᠨ ᠤᠯᠵᠤ᠂ ᠴᠠᠬᠢᠯᠭᠠᠨ ᠬᠠᠩᠭᠠᠬᠤ ᠪᠠᠲᠤᠯᠭ᠎ᠠ ᠶᠢᠨ ᠴᠢᠳᠠᠮᠵᠢ ᠶᠢ ᠳᠡᠭᠡᠭᠰᠢᠯᠡᠭᠦᠯᠤᠨ᠎ᠠ᠃︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠳᠤᠯᠭ᠎ᠠ ᠶᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠪᠠᠳᠠᠷᠠᠨ ᠬᠦᠭᠵᠢᠵᠤ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ᠃ ᠠᠮᠢᠳᠤᠷᠠᠯ ᠤᠨ ᠪᠠᠲᠤᠯᠭ᠎ᠠ ᠶᠢ ᠴᠢᠬᠤᠯᠴᠢᠯᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠎ᠡ᠃  ᠨᠡᠶᠢᠭᠡᠮ ᠤᠨ ᠪᠠᠲᠤᠯᠭ᠎ᠠ ᠶᠢᠨ ᠠᠵᠢᠯ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠡᠩ ᠤᠨ ᠨᠠᠰᠤᠵᠢᠯ ᠤᠨ ᠠᠰᠠᠷᠠᠮᠵᠢ᠂  ᠦᠨᠳᠤᠰᠤᠨ ᠡᠮ ᠡᠮᠨᠡᠯᠭᠡ ᠶᠢᠨ ᠪᠠᠳᠤᠯᠭ᠎ᠠ ᠪᠠᠷ ᠭᠤᠤᠯᠳᠠᠯᠭ᠎ᠠ ᠪᠤᠯᠭᠠᠵᠤ᠂ ᠬᠤᠲᠠ ᠬᠦᠳᠡᠭᠡ ᠶᠢᠨ ᠨᠡᠶᠢᠭᠡᠮ ᠤᠨ ᠪᠠᠳᠤᠯᠭ᠎ᠠ ᠶᠢᠨ ᠴᠤᠭᠴᠠᠵᠢᠯᠲᠠ ᠶᠢ ᠲᠦᠯᠬᠢᠨ ᠠᠬᠢᠭᠤᠯᠤᠨ᠎ᠠ᠃ ᠪᠦᠬᠦ ᠠᠷᠠᠳ ᠪᠠᠷ ᠢᠶᠠᠨ ᠳᠠᠭᠠᠳᠬᠠᠯ ᠳᠤ ᠪᠦᠷᠢᠳᠭᠡᠬᠦᠯᠬᠦ ᠶᠢᠨ ᠬᠦᠳᠠᠯᠤᠩᠭᠦᠢ ᠬᠠᠮᠢᠶᠠᠷᠤᠯᠲᠠ ᠶᠢ ᠬᠡᠷᠡᠭᠵᠢᠭᠦᠯᠵᠤ᠂ ᠳᠠᠭᠠᠳᠬᠠᠯ ᠲᠤ ᠤᠷᠤᠯᠴᠠᠭ᠎ᠠ ᠦᠭᠡᠢ ᠬᠦᠮᠤᠰ ᠢ ᠨᠠᠷᠢᠨ ᠤᠨᠤᠪᠴᠢᠲᠠᠢ ᠬᠡᠪᠴᠢᠶᠡᠯᠡᠨ ᠳᠠᠩᠰᠠᠯᠠᠵᠤ᠂ ᠡᠯ᠎ᠡ ᠵᠤᠶᠢᠯ ᠤᠨ ᠨᠡᠶᠢᠭᠡᠮ ᠤᠨ ᠪᠠᠳᠤᠯᠭ᠎ᠠ ᠶᠢᠨ ᠪᠦᠷᠬᠦᠯᠲᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠬᠡᠨ᠎ᠡ᠃ ᠠᠯᠪᠠᠨ ᠪᠠᠶᠢᠭᠤᠯᠭ᠎ᠠ ᠠᠵᠢᠯ ᠤᠶᠢᠯᠡᠰ ᠤᠨ ᠨᠢᠭᠡᠴᠡ ᠶᠢᠨ ᠡᠩ ᠤᠨ ᠨᠠᠰᠤᠵᠢᠯ ᠤᠨ ᠠᠰᠠᠷᠠᠮᠵᠢ ᠶᠢ ᠬᠦᠷᠲᠡᠬᠦ ᠠᠬᠢᠴᠠ ᠶᠢ ᠤᠯᠠᠮ ᠨᠢᠭᠡ ᠠᠯᠬᠤᠮ ᠲᠦᠷᠭᠡᠳᠭᠡᠨ᠎ᠡ ᠃  ᠠᠵᠢᠯ ᠤᠯᠭᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠪᠠᠶᠢᠯᠳᠤᠬᠤ ᠪᠤᠳᠤᠯᠭ᠎ᠠ ᠪᠠ ᠢᠳᠡᠪᠬᠢᠲᠠᠢ ᠠᠵᠢᠯ ᠤᠯᠭᠤᠯᠲᠠ ᠶᠢᠨ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠢᠯ  ᠤᠯᠭᠤᠬᠤ ᠪᠤᠯᠤᠨ ᠦᠢᠯᠡᠰ ᠪᠤᠰᠬᠠᠬᠤ ᠠᠵᠢᠯ ᠢ  ᠰᠠᠶᠢᠲᠤᠷ ᠬᠢᠵᠤ᠂ ᠦᠨᠳᠤᠰᠤᠲᠠᠨ ᠤ ᠦᠪ ᠰᠤᠶᠤᠯ ᠤᠨ ᠭᠠᠷ ᠤᠷᠠᠯᠠᠯ ᠤᠨ ᠠᠵᠢᠯ ᠦᠢᠯᠡᠰ ᠪᠦᠲᠤᠭᠡᠬᠦ ᠬᠦᠷᠢᠶᠡᠯᠡᠩ ᠤᠨ ᠪᠦᠳᠤᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠲᠠ ᠭᠦᠳᠡᠭᠡ ᠶᠢᠨ ᠨᠠᠰᠤᠲᠠᠶᠢᠴᠤᠳ ᠤᠨ ᠠᠰᠠᠷᠠᠮᠵᠢ ᠶᠢᠨ ᠲᠦᠬᠦᠭᠡᠷᠤᠮᠵᠢ ᠶᠢ ᠲᠡᠭᠦᠯᠲᠡᠷᠢᠵᠢᠭᠦᠯᠵᠤ᠂ ᠨᠡᠶᠢᠭᠡᠮ ᠤᠨ ᠪᠡᠯᠡ ᠮᠦᠩᠭᠦ ᠶᠢ ᠨᠠᠰᠤᠲᠠᠶᠢᠴᠤᠳ ᠤᠨ ᠠᠰᠠᠷᠠᠮᠵᠢ ᠶᠢᠨ ᠤᠶᠢᠯᠡᠰ ᠲᠤ ᠲᠠᠲᠠᠨ ᠤᠷᠣᠭᠤᠯᠵᠤ᠂ ᠬᠤᠲᠠ ᠬᠦᠳᠡᠭᠡ ᠶᠢᠨ ᠨᠠᠰᠤᠲᠠᠨ ᠤ ᠬᠦᠷᠢᠶᠡᠯᠡᠩ  ᠂ ᠦᠲᠡᠭᠦᠰ ᠤᠨ ᠦᠷᠭᠦᠭᠡ ᠶᠢᠨ ᠬᠠᠮᠢᠶᠠᠷᠠᠯᠲᠠ ᠵᠡᠷᠭᠡ ᠤᠶᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠤ᠂ ᠨᠡᠩ ᠤᠯᠠᠨ ᠨᠠᠰᠤᠲᠠᠶᠢᠴᠤᠳ ᠢ ᠦᠲᠡᠯᠤᠭᠡ ᠨᠠᠰᠤᠨ ᠳᠠᠭᠠᠨ ᠲᠦᠰᠢᠭ ᠲᠤᠯᠭᠠᠭᠤᠷᠢ ᠲᠠᠢ᠂ ᠵᠢᠷᠭᠠᠯ ᠴᠡᠩᠭᠡᠯ ᠲᠠᠢ ᠪᠠᠶᠢᠯᠭᠠᠨ᠎ᠠ᠃ ᠤᠷᠤᠰᠢᠭᠤᠯᠤᠯᠭ᠎ᠠ ᠶᠢᠨ ᠦᠭᠡᠷᠴᠢᠯᠡᠯᠲᠠ ᠶᠢ  ᠭᠦᠨᠵᠡᠭᠡᠢ ᠠᠬᠢᠭᠤᠯᠵᠤ᠂ ᠪᠤᠬᠢᠷᠳᠤᠯ ᠦᠭᠡᠢ ᠤᠷᠤᠰᠢᠭᠤᠯᠤᠯᠭ᠎ᠠ ᠶᠢ ᠰᠠᠨᠠᠭᠠᠴᠢᠯᠠᠵᠤ᠂ ᠤᠷᠤᠰᠢᠭᠤᠯᠤᠯᠭ᠎ᠠ ᠶᠢᠨ ᠭᠠᠵᠠᠷ ᠪᠠ ᠨᠠᠶᠢᠲᠠ ᠶᠢᠨ ᠤᠩᠭᠤᠨ ᠢ ᠲᠦᠯᠤᠪᠯᠡᠨ ᠪᠠᠶᠢᠭᠤᠯᠵᠤ᠂ ᠬᠡᠪ ᠰᠤᠷᠲᠠᠯ ᠤᠨ ᠦᠭᠡᠷᠴᠢᠯᠡᠯᠲᠡ ᠶᠢ ᠠᠬᠢᠭᠤᠯᠵᠤ᠂ ᠪᠤᠯᠪᠠᠰᠤᠨ ᠤᠷᠤᠰᠢᠭᠤᠯᠤᠯᠭ᠎ᠠ ᠶᠢᠨ ᠰᠢᠨ᠎ᠠ ᠪᠠᠶᠢᠲᠠᠯ ᠢ ᠪᠤᠢ ᠪᠤᠯᠭᠠᠨ᠎ᠠ᠃ᠰᠤᠷᠭᠠᠨ ᠬᠦᠮᠤᠵᠢᠯ ᠤᠨ ᠤᠶᠢᠯᠡᠰ ᠢ ᠲᠡᠷᠢᠭᠦᠯᠡᠨ ᠭᠦᠭᠵᠢᠭᠦᠯᠤᠨ᠎ᠠ᠃  ᠰᠤᠷᠭᠠᠨ ᠬᠦᠮᠤᠵᠢᠯ ᠢ ᠢᠮᠠᠭᠲᠠ ᠲᠡᠷᠢᠭᠦᠨ ᠪᠠᠶᠢᠷᠢᠨ ᠲᠤ ᠲᠠᠯᠪᠢᠵᠤ᠂ ᠠᠷᠠᠳ ᠢᠷᠭᠡᠳ ᠤᠨ ᠠᠩᠬᠠᠷᠴᠤ ᠪᠠᠶᠢᠭ᠎ᠠ  ᠬᠠᠯᠠᠮᠰᠢᠯ ᠠᠰᠠᠭᠤᠲᠠᠯ᠂ ᠬᠦᠴᠢᠷ ᠠᠰᠠᠭᠤᠲᠠᠯ ᠢ ᠬᠦᠴᠤᠯᠡᠨ ᠰᠢᠢᠳᠪᠤᠷᠢᠯᠡᠵᠤ᠂ ᠰᠤᠷᠭᠠᠨ ᠬᠦᠮᠤᠵᠢᠯ ᠤᠨ ᠤᠳᠤᠬᠢᠴᠢᠯᠠᠯᠲᠠ ᠶᠢᠨ ᠠᠯᠬᠤᠴᠠ ᠶᠢ ᠲᠦᠷᠭᠡᠳᠭᠡᠨ᠂ ᠠᠷᠠᠳ ᠲᠦᠮᠡᠨ ᠤ ᠬᠠᠨᠤᠮᠵᠢᠲᠠᠢ ᠰᠤᠷᠭᠠᠨ ᠬᠦᠮᠤᠵᠢᠯ ᠢ ᠪᠠᠶᠢᠭᠤᠯᠤᠨ᠎ᠠ᠃ ᠪᠠᠭᠰᠢ ᠶᠢᠨ ᠦᠷ᠎ᠡ ᠪᠦᠳᠤᠮᠵᠢ ᠶᠢ ᠬᠦᠬᠢᠭᠦᠯᠤᠨ ᠵᠤᠷᠢᠭᠵᠢᠭᠤᠯᠬᠤ ᠲᠦᠷᠢᠮ ᠢ ᠰᠤᠳᠤᠯᠤᠨ ᠲᠤᠭᠲᠠᠭᠠᠵᠤ᠂ ᠰᠢᠯᠢᠳᠡᠭ ᠢ ᠨᠢ ᠱᠠᠩᠨᠠᠨ ᠱᠠᠭᠠᠷᠤ ᠶᠢ ᠨᠢ ᠲᠤᠷᠭᠠᠵᠤ᠂ ᠤᠷᠮ᠎ᠠ ᠵᠤᠷᠢᠭ ᠢ ᠨᠢ ᠡᠷᠴᠢᠯᠡᠨ᠂ ᠵᠢᠭᠠᠨ ᠰᠤᠷᠭᠠᠯᠲᠠ ᠶᠢᠨ ᠴᠢᠨᠡᠷ ᠴᠢᠩᠰᠠᠭ᠎ᠠ ᠵᠢ‌ᠦᠨᠡᠨᠬᠦ  ᠳᠡᠭᠡᠭᠰᠢᠯᠡᠭᠦᠯᠤᠨ᠎ᠡ  ᠃ ᠰᠤᠷᠤᠯᠴᠠᠯᠠᠭ᠎ᠠ ᠶᠢᠨ ᠨᠦᠭᠦᠴᠠᠯ ᠢ ᠰᠠᠶᠢᠵᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠲᠡᠩᠴᠡᠭᠦᠷᠢ ᠲᠠᠢ ᠭᠦᠭᠵᠢᠬᠦ ᠶᠢ ᠪᠡᠶᠡᠯᠡᠭᠦᠯᠵᠤ᠂ ᠲᠤᠷᠰᠢᠯᠲᠠ ᠶᠢᠨ ᠳᠤᠮᠳᠠᠲᠤ ᠰᠤᠷᠭᠠᠭᠤᠯᠢ  ᠶᠢᠨ ᠬᠡᠷᠡᠭᠯᠡᠭᠡᠨ ᠲᠤ ᠤᠷᠤᠬᠤ ᠶᠢ ᠪᠠᠲᠤᠯᠠᠨ᠎ᠠ᠃ ᠡᠯ᠎ᠡ ᠲᠦᠷᠤᠯ ᠤᠨ ᠴᠡᠴᠡᠷᠯᠢᠭ ᠪᠤᠯᠤᠨ ᠰᠤᠷᠭᠠᠭᠤᠯᠢ ᠶᠢᠨ ᠲᠦᠷᠢᠮᠵᠢᠭᠰᠡᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠷᠪᠠᠨ ᠨᠢᠭᠡᠨ ᠳᠤᠮᠳᠠᠳᠤ ᠪᠠᠭ᠎ᠠ ᠰᠤᠷᠭᠠᠭᠤᠯᠢ   ᠶᠢᠨ ᠭᠠᠯ ᠰᠡᠷᠭᠡᠶᠢᠯᠡᠯᠲᠠ ᠶᠢᠨ ᠪᠠᠷᠢᠮᠵᠢᠶ᠎ᠡ ᠶᠢ ᠪᠡᠶᠡᠯᠡᠭᠦᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ  ᠪᠠᠳᠤᠯᠠᠨ᠂  ︽ᠨᠢᠭᠡ ᠰᠤᠷᠭᠠᠭᠤᠯᠢ ᠨᠢᠭᠡ ᠤᠨᠴᠠᠯᠢᠭ ᠲᠠᠢ ᠪᠠᠶᠢᠬᠤ︾ ᠪᠦᠳᠤᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠬᠤᠲᠠ ᠶᠢᠨ ᠠᠭᠤᠯᠤᠭᠲᠠᠬᠤᠨ ᠤ ᠭᠦᠭᠵᠢᠯᠲᠠ ᠶᠢᠨ ᠠᠬᠤᠢ ᠲᠠᠯᠠᠪᠤᠷ ᠤᠨ ᠬᠤᠷᠠᠯ ᠢ ᠠᠮᠵᠢᠯᠲᠠ ᠲᠠᠢ ᠶᠠᠪᠤᠭᠳᠠᠭᠤᠯᠤᠨ᠎ᠠ᠃  ᠪᠡᠶ᠎ᠡ ᠶᠢᠨ ᠲᠠᠮᠢᠷ ᠤᠨ ᠤᠶᠢᠯᠡᠰ ᠢ ᠤᠯᠠᠮ ᠨᠢᠭᠡ ᠠᠯᠬᠤᠮ ᠬᠦᠭᠵᠢᠭᠦᠯᠵᠤ᠂ ᠪᠦᠬᠦ ᠠᠷᠠᠳ ᠤᠨ ᠪᠡᠶ᠎ᠡ ᠶᠢᠨ ᠲᠠᠮᠢᠷ ᠤᠨ ᠪᠤᠯᠪᠠᠰᠤᠷᠠᠯᠲᠠ ᠶᠢᠨ ᠬᠦᠳᠡᠯᠭᠡᠭᠡᠨ ᠶᠢ ᠢᠳᠡᠪᠬᠢᠲᠠᠢ ᠰᠠᠨᠠᠭᠠᠴᠢᠯᠠᠵᠤ᠂  ᠪᠠᠷᠢᠮᠵᠢᠶᠠᠲᠤ ᠲᠠᠮᠢᠷ ᠤᠨ ᠤᠷᠳᠤᠨ ᠪᠠ ᠲᠠᠯᠠᠪᠤᠷ ᠤᠨ ᠪᠠᠷᠢᠯᠭ᠎ᠠ ᠶᠢᠨ ᠪᠦᠳᠤᠭᠡᠨ ᠪᠠᠶᠢᠭᠤᠯᠤᠯᠲᠠ ᠵᠢᠴᠢ ᠤᠯᠠᠨ ᠬᠡᠷᠡᠭᠴᠡᠭᠡᠲᠤ ᠬᠦᠯ ᠪᠦᠮᠪᠦᠭᠡ ᠶᠢᠨ ᠤᠷᠳᠤᠨ ᠤ ᠪᠦᠲᠤᠭᠡᠨ ᠪᠠᠶᠢᠭᠤᠯᠤᠯᠲᠠ ᠶᠢ ᠲᠦᠷᠭᠡᠳᠭᠡᠵᠤ᠂ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠪᠠ ᠨᠡᠶᠢᠭᠡᠮ ᠨᠡᠶᠢᠲᠠ ᠶᠢᠨ ᠬᠦᠯ ᠪᠦᠮᠪᠦᠭᠡ ᠶᠢᠨ ᠬᠦᠳᠡᠯᠭᠡᠭᠡᠨ ᠢ ᠬᠦᠭᠵᠢᠭᠦᠯᠵᠤ᠂  ᠦᠷᠭᠡᠨ ᠤᠯᠠᠨ ᠠᠷᠠᠳ ᠲᠦᠮᠡᠨ ᠤ ᠪᠡᠶ᠎ᠡ ᠮᠠᠬᠠᠪᠤᠳ ᠪᠠ ᠡᠷᠡᠭᠦᠯ ᠴᠠᠬᠢᠷᠠᠭ ᠤᠨ ᠬᠢᠷᠢ ᠲᠦᠪᠰᠢᠨ ᠢ ᠪᠦᠬᠦ ᠲᠠᠯ᠎ᠠ  ᠪᠠᠷ ᠳᠡᠭᠡᠭᠰᠢᠯᠡᠭᠦᠯᠤᠨ᠎ᠡ᠃ᠡᠷᠡᠭᠦᠯ ᠴᠠᠬᠢᠷᠠᠭ ᠳᠦᠷᠪᠡᠳ ᠬᠤᠰᠢᠭᠤ ᠶᠢ ᠪᠦᠳᠤᠭᠡᠨ ᠪᠠᠶᠢᠭᠤᠯᠤᠨ᠎ᠠ᠃  ᠡᠮ ᠡᠮᠨᠡᠯᠭᠡ᠂ ᠡᠷᠡᠭᠦᠯ ᠬᠠᠮᠠᠭᠠᠯᠠᠯ ᠤᠨ ᠲᠤᠭᠲᠠᠯᠴᠠᠭ᠎ᠠ ᠶᠢᠨ ᠦᠭᠡᠷᠡᠴᠢᠯᠡᠯᠲᠠ ᠶᠢ ᠭᠦᠨᠵᠡᠭᠡᠶᠢᠷᠡᠭᠦᠯᠬᠦ ᠲᠠᠰᠢᠷᠠᠮ ᠳᠤ᠂ ᠦᠨᠳᠤᠰᠤᠨ ᠱᠠᠲᠤᠨ ᠤ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠰᠢᠰᠲ᠋ᠧᠮ ᠪᠠ ᠴᠢᠲᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠲᠦᠬᠦᠭᠡᠷᠤᠮᠵᠢ ᠶᠢᠨ ᠪᠦᠲᠤᠭᠡᠨ ᠪᠠᠶᠢᠭᠤᠯᠤᠯᠲᠠ᠂ ᠤᠯᠠᠨ ᠨᠡᠶᠢᠲᠠ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠪᠠ ᠡᠮ ᠡᠮᠨᠡᠯᠭᠡ ᠶᠢᠨ ᠡᠮᠴᠢᠯᠡᠨ ᠵᠠᠰᠠᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠤᠯᠠᠨ ᠨᠡᠶᠢᠲᠠ ᠶᠢᠨ ᠡᠷᠡᠭᠦᠯ ᠬᠠᠮᠠᠭᠠᠯᠠᠯ ᠤᠨ ᠰᠡᠷᠭᠡᠶᠢᠯᠡᠯᠲᠠ ᠶᠢᠨ ᠬᠢᠷᠢ ᠬᠡᠮᠵᠢᠶ᠎ᠡ ᠵᠢᠴᠢ  ᠭᠡᠨᠡᠳᠲᠠ ᠶᠢᠨ ᠬᠡᠷᠡᠭ ᠢ ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠤᠨ᠂ ᠠᠷᠠᠳ ᠲᠦᠮᠡᠨ ᠲᠤ ᠴᠢᠨᠠᠷᠯᠢᠭ ᠦᠢᠯᠡᠴᠢᠯᠡᠭᠡᠨ ᠶᠢ ᠬᠠᠩᠭᠠᠵᠤ᠂ ᠠᠷᠠᠳ ᠲᠦᠮᠡᠨ  ᠲᠤ ᠨᠡᠩ ᠶᠡᠭᠡ ᠬᠦᠷᠲᠡᠭᠡᠯ ᠤᠨ ᠮᠡᠳᠡᠷᠡᠮᠵᠢ ᠶᠢ ᠤᠯᠭᠤᠨ᠎ᠠ᠃ ᠠᠯᠪᠠᠨ ᠤ ᠡᠮᠨᠡᠯᠭᠡ ᠶᠢᠨ ᠬᠤᠷᠢᠶᠠᠨ ᠤ ᠶᠡᠷᠤᠩᠬᠡᠶᠢᠯᠡᠭᠰᠡᠨ ᠦᠭᠡᠷᠡᠴᠢᠯᠡᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠬᠢᠨᠠᠨ ᠬᠠᠮᠢᠶᠠᠷᠬᠤ ᠪᠠ ᠠᠵᠢᠯᠯᠠᠭᠠᠨ ᠤ ᠵᠤᠬᠢᠴᠠᠯ ᠢ ᠵᠤᠬᠢᠶᠠᠨ ᠪᠠᠶᠢᠭᠤᠯᠵᠤ᠂ ᠪᠡᠭᠡᠵᠢᠩ ᠦᠪᠤᠷ ᠮᠤᠩᠭᠤᠯ ᠤᠨ ᠠᠵᠢᠯ ᠲᠦᠷᠤᠯ ᠢᠶᠠᠷ ᠬᠠᠷᠢᠯᠴᠠᠨ ᠳᠡᠳᠭᠦᠬᠦ ᠶᠢ ᠤᠶᠠᠯᠳᠤᠭᠤᠯᠤᠨ᠂ ᠤᠷᠤᠨ ᠤ ᠳᠤᠲᠤᠷ᠎ᠠ ᠭᠠᠳᠠᠨᠠᠬᠢ ᠨᠡᠷᠡᠳᠤ ᠡᠮᠨᠡᠯᠭᠡ ᠶᠢᠨ ᠬᠤᠷᠢᠶ᠎ᠠ ᠲᠠᠢ ᠬᠠᠮᠳᠤᠷᠠᠨ ᠠᠵᠢᠯᠯᠠᠬᠤ ᠪᠠᠨ ᠦᠷᠬᠦᠯᠵᠢᠯᠡᠨ ᠠᠬᠢᠭᠤᠯᠵᠤ᠂ ᠲᠤᠰᠬᠠᠢ ᠮᠠᠷᠭᠡᠵᠢᠯ ᠤᠨ  ᠬᠢᠨ ᠬᠠᠮᠲᠤᠷᠠᠨ ᠠᠵᠢᠯᠯᠠᠵᠤ᠂ ᠲᠤᠰᠬᠠᠢ ᠮᠡᠷᠭᠡᠵᠢᠯᠲᠠᠨ ᠲᠤᠭᠤᠷᠢᠨ ᠡᠮᠴᠢᠯᠡᠵᠤ᠂ ᠡᠮᠨᠡᠯᠭᠡ ᠶᠢᠨ ᠬᠤᠯᠪᠤᠭᠠᠯᠠᠯ ᠵᠡᠷᠭᠡ ᠬᠡᠯᠪᠡᠷᠢ ᠪᠠᠷ ᠠᠵᠢᠯᠯᠠᠵᠤ᠂ ᠠᠷᠠᠳ ᠲᠦᠮᠡᠨ ᠢ ᠡᠭᠦᠳᠡᠨ ᠡᠮᠤᠨ᠎ᠡ ᠪᠠᠨ ᠴᠢᠨᠠᠷᠯᠢᠭ ᠡᠮᠴᠢᠯᠡᠭᠡᠨ ᠤ ᠦᠢᠯᠡᠴᠢᠯᠡᠭᠡ ᠶᠢ ᠬᠦᠷᠲᠡᠭᠡᠨ᠎ᠡ᠃ ᠮᠤᠩᠭᠤᠯ ᠬᠢᠲᠠᠳ ᠡᠮᠨᠡᠯᠭᠡ ᠶᠢᠨ ᠬᠤᠷᠢᠶᠠᠨ ᠤ ︽ᠭᠤᠷᠮᠤᠰᠤᠨ ᠴᠤᠭᠴᠠᠲᠤ︾ ᠶᠡᠷᠤᠩᠬᠢ ᠠᠰᠠᠷ  ᠤᠨ ᠬᠡᠷᠡᠭᠯᠡᠭᠡᠨ ᠳᠤ ᠤᠷᠤᠬᠤ ᠶᠢ ᠪᠠᠲᠤᠯᠠᠵᠤ᠂ ᠮᠤᠩᠭᠤᠯ ᠬᠢᠲᠠᠳ ᠡᠮ ᠡᠮᠨᠡᠯᠭᠡ ᠶᠢᠨ ᠦᠪᠡᠷᠮᠢᠴᠠ ᠳᠠᠪᠠᠭᠤᠯᠢᠭ ᠴᠢᠨᠠᠷ ᠢ ᠪᠠᠳᠠᠷᠠᠭᠤᠯᠵᠤ᠂ ᠮᠤᠩᠭᠤᠯ ᠬᠢᠳᠠᠳ ᠡᠮ ᠡᠮᠨᠡᠯᠭᠡ ᠶᠢᠨ ᠦᠢᠯᠡᠰ ᠤᠨ ᠲᠦᠷᠭᠡᠨ ᠳᠠᠪᠰᠢᠯᠲᠠ ᠶᠢ ᠲᠦᠯᠬᠢᠨ ᠠᠬᠢᠭᠤᠯᠤᠨ᠎ᠠ᠃  ᠬᠤᠰᠢᠭᠤ ᠡᠮᠨᠡᠯᠭᠡ ᠶᠢᠨ ᠬᠤᠷᠢᠶᠠᠨ ᠤ ᠬᠦᠨᠳᠤ ᠡᠪᠡᠳᠴᠢᠲᠡᠨ ︵ICU︶   ᠶᠢ ᠪᠠᠶᠢᠭᠤᠯᠤᠨ᠂ ᠲᠤᠰ ᠵᠢᠯ ᠲᠡᠭᠡᠨ ᠬᠡᠷᠡᠭᠯᠡᠭᠡᠨ ᠳᠤ ᠤᠷᠤᠭᠤᠯᠬᠤ ᠶᠢ ᠴᠢᠷᠮᠠᠶᠢᠨ ᠪᠡᠶᠡᠯᠡᠭᠦᠯᠤᠨ᠎ᠠ᠃  ᠡᠮᠴᠢᠯᠡᠭᠡᠨ ᠤ ᠠᠵᠢᠯ ᠲᠦᠷᠤᠯ  ᠤᠨ ᠬᠢᠨᠠᠨ ᠬᠠᠮᠢᠶᠠᠷᠤᠯᠲᠠ ᠪᠠ ᠡᠮᠴᠢᠯᠡᠬᠦ ᠤᠪᠤᠷ ᠰᠤᠷᠲᠠᠯ ᠶᠢᠨ ᠴᠤᠭᠴᠠᠯᠠᠯᠲᠠ ᠶᠢ ᠴᠢᠩᠭᠠᠳᠬᠠᠵᠤ᠂ ᠡᠮᠴᠢ ᠡᠪᠡᠳᠴᠢᠲᠠᠨ ᠤ ᠡᠶ᠎ᠡ ᠵᠤᠬᠢᠴᠠᠩᠭᠤᠢ ᠬᠠᠷᠢᠴᠠᠭ᠎ᠠ ᠶᠢ ᠪᠠᠶᠢᠭᠤᠯᠤᠨ᠎ᠠ᠃ ᠡᠬᠡ ᠤᠷᠤᠨᠴᠢ ᠡᠷᠡᠭᠦᠯ ᠬᠠᠮᠠᠭᠠᠯᠠᠯ ᠤᠨ ᠬᠦᠳᠡᠯᠭᠡᠭᠡᠨ ᠢ ᠭᠦᠨᠵᠡᠭᠡᠢ ᠦᠷᠨᠢᠭᠦᠯᠵᠤ᠂ ᠤᠯᠠᠨ ᠨᠠᠶᠢᠲᠠ ᠶᠢᠨ ᠡᠷᠡᠭᠦᠯ ᠬᠠᠮᠠᠭᠠᠯᠠᠯ ᠪᠠ ᠬᠦᠨᠳᠤ ᠶᠡᠭᠡ ᠡᠪᠡᠳᠴᠢᠨ ᠡᠮᠬᠡᠭ ᠢ ᠡᠮᠴᠢᠯᠡᠨ ᠰᠡᠷᠭᠡᠶᠢᠯᠡᠬᠦ ᠶᠢ ᠴᠢᠩᠭ᠎ᠠ ᠠᠳᠬᠤᠨ᠎ᠠ᠃ ᠲᠦᠯᠤᠪᠯᠡᠭᠡᠲᠤ ᠦᠷᠡᠵᠢᠯ ᠤᠨ ᠲᠤᠬᠠᠢ ᠤᠯᠤᠰ ᠤᠨ ᠦᠨᠳᠤᠰᠤᠨ ᠪᠤᠳᠤᠯᠭ᠎ᠠ ᠶᠢ ᠪᠠᠷᠢᠮᠲᠠᠯᠠᠵᠤ᠂ ︽ ᠪᠦᠬᠦᠨ ᠢᠶᠠᠷ ᠢᠶᠠᠨ ᠬᠤᠶᠠᠷ ᠬᠡᠤᠬᠡᠳ ᠠᠪᠴᠤ ᠪᠤᠯᠬᠤ︾  ᠲᠦᠷᠦ  ᠶᠢᠨ ᠪᠤᠳᠤᠯᠭ᠎ᠠ ᠶᠢ ᠬᠡᠷᠡᠭᠵᠢᠭᠦᠯᠵᠤ᠂ ᠬᠦᠮᠤᠨ ᠠᠮᠠ ᠶᠢᠨ ᠤᠷᠲᠤ ᠬᠤᠭᠤᠴᠠᠭ᠎ᠠ ᠪᠠᠷ ᠲᠡᠩᠴᠡᠪᠤᠷᠢ ᠲᠠᠢ ᠦᠰᠬᠦ ᠶᠢ  ᠪᠠᠲᠤᠯᠠᠨ᠎ᠠ᠃ ᠢᠳᠡᠭᠡᠨ ᠪᠠ ᠡᠮ ᠤᠨ ᠬᠢᠨᠠᠨ ᠬᠠᠮᠢᠶᠠᠷᠠᠬᠤ ᠲᠤᠰᠬᠠᠢ ᠮᠡᠷᠭᠡᠵᠢᠯ ᠤᠨ ᠡᠩᠨᠡᠭᠡ ᠶᠢᠨ ᠪᠠᠶᠢᠭᠤᠯᠤᠯᠲᠠ ᠶᠢ ᠪᠤᠵᠠᠭᠠᠶᠢᠷᠠᠭᠤᠯᠵᠤ᠂ ᠡᠮ ᠤᠨ ᠫᠦᠰᠡ᠂ ᠡᠮ ᠤᠨ ᠵᠠᠬ᠎ᠠ ᠳᠡᠯᠭᠡᠬᠦᠷ ᠢ ᠪᠦᠬᠦ ᠲᠠᠯ᠎ᠠ ᠪᠠᠷ ᠴᠡᠭᠴᠡᠯᠡᠵᠤ᠂ ᠡᠮ ᠤᠨ ᠳᠡᠯᠭᠡᠭᠦᠷ ᠲᠤ ᠤᠷᠤᠬᠤ ᠵᠦᠪᠰᠢᠶᠡᠷᠡᠯ ᠤᠨ ᠪᠠᠷᠢᠮᠵᠢᠶ᠎ᠠ ᠶᠢ ᠳᠦᠷᠢᠮᠵᠢᠭᠦᠯᠵᠤ᠂ ᠬᠠᠤᠯᠢ ᠪᠤᠰᠤ ᠪᠠᠷ ᠡᠮ ᠬᠤᠳᠠᠯᠳᠤᠬᠤ ᠠᠵᠢᠯᠯᠠᠭ᠎ᠠ ᠳᠤ ᠬᠦᠨᠳᠤ ᠴᠤᠬᠢᠯᠲᠠ ᠦᠭᠬᠦᠨ᠎ᠡ᠃ ᠬᠤᠰᠢᠭᠤᠨ ᠤ ᠢᠳᠡᠭᠡᠨ ᠪᠠ ᠡᠮ ᠤᠨ ᠬᠢᠨᠠᠨ ᠬᠠᠮᠢᠶᠠᠷᠠᠬᠤ ᠰᠠᠯᠪᠤᠷᠢ ᠬᠡᠷᠡᠭᠯᠡᠭᠡᠨ ᠳᠤ ᠤᠷᠤᠬᠤ ᠶᠢ ᠪᠠᠲᠤᠯᠠᠵᠤ᠂ ᠪᠦᠬᠦ ᠬᠤᠰᠢᠭᠤᠨ ᠤ ᠰᠤᠮᠤ ᠰᠢᠶᠠᠩ ᠪᠠᠯᠭᠠᠰᠤ  ᠶᠢᠨ ᠲᠦᠷᠭᠡᠨ ᠢᠶᠠᠷ ᠬᠢᠨᠠᠨ ᠪᠠᠶᠢᠴᠠᠭᠠᠯᠲᠠ ᠬᠢᠬᠦ ᠶᠢ ᠨᠡᠶᠢᠳᠡᠮ ᠪᠦᠷᠬᠦᠭᠦᠯᠵᠤ᠂ ᠢᠳᠡᠭᠡᠨ ᠪᠠ ᠡᠮ ᠤᠨ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮ ᠢ ᠲᠠᠰᠤᠷᠠᠯᠲᠠ ᠦᠭᠡᠢ ᠴᠢᠩᠭᠠᠳᠬᠠᠨ᠎ᠠ᠃ ᠢᠳᠡᠭᠡᠨ ᠤ ᠠᠮᠤᠷ ᠲᠦᠪᠰᠢᠨ ᠤ ᠮᠦᠷᠳᠡᠨ ᠨᠡᠬᠡᠮᠵᠢᠯᠡᠬᠦ ᠲᠤᠭᠲᠠᠯᠴᠠᠭᠠᠨ ᠤ ᠬᠡᠷᠡᠭᠯᠡᠯᠲᠡ ᠪᠠ ᠰᠦᠯᠵᠢᠶᠡᠨ ᠳᠡᠭᠡᠷᠡᠬᠢ ᠡᠯᠧᠭᠲᠷᠤᠨ ᠬᠢᠨᠠᠨ ᠬᠠᠮᠢᠶᠠᠷᠬᠤ ᠲᠠᠪᠴᠠᠩ  ᠤᠨ ᠪᠠᠶᠢᠭᠤᠯᠤᠯᠲᠠ ᠶᠢ ᠲᠦᠷᠭᠡᠳᠭᠡᠵᠤ᠂ ︽ᠲᠤᠭᠤᠭᠠᠨ ᠭᠡᠷ ᠢ ᠤᠯᠠᠨ ᠤ ᠡᠮᠤᠨ᠎ᠡ ᠲᠤᠲᠤᠷᠠᠭᠤᠯᠬᠤ︾ ᠠᠵᠢᠯ ᠢ ᠬᠦᠴᠤᠯᠡᠨ ᠦᠷᠨᠢᠭᠦᠯᠵᠤ᠂ ᠲᠤᠭᠤᠭᠠᠨ ᠭᠡᠷ ᠤᠨ ᠬᠤᠭ ᠨᠤᠪᠰᠢ ᠶᠢᠨ ᠴᠡᠪᠡᠷᠯᠡᠯᠲᠠ ᠲᠡᠭᠡᠭᠡᠪᠦᠷᠢᠯᠡᠯᠲᠠ ᠶᠢᠨ ᠨᠡᠶᠢᠲᠠᠮ ᠪᠦᠷᠬᠦᠯᠲᠡ ᠶᠢ ᠠᠯᠬᠤᠮ ᠠᠯᠬᠤᠮ ᠢᠶᠠᠷ ᠪᠡᠶᠡᠯᠡᠭᠦᠯᠵᠤ᠂ ᠦᠨᠳᠤᠰᠤᠨ ᠱᠠᠲᠤᠨ ᠤ ᠠᠵᠢᠯ ᠡᠭᠦᠷᠭᠡᠯᠡᠭᠴᠢ ᠶᠢᠨ ᠤᠶᠢᠯᠡᠳᠤᠯ ᠢ ᠪᠦᠷᠢᠮᠤᠰᠤᠨ ᠪᠠᠳᠠᠷᠠᠭᠤᠯᠵᠤ᠂ ᠢᠳᠡᠭᠡᠨ ᠪᠠ ᠡᠮ ᠤᠨ ᠬᠢᠨᠡᠨ ᠬᠠᠮᠢᠶᠠᠷᠬᠤ ᠴᠢᠳᠠᠮᠵᠢ ᠶᠢ ᠭᠠᠵᠠᠷ ᠪᠤᠯᠭᠠᠨ ᠳᠤ ᠨᠡᠪᠳᠡᠷᠡᠭᠦᠯᠵᠤ᠂ ᠢᠳᠡᠭᠡᠨ ᠤᠮᠳᠠᠭᠠᠨ ᠤ ᠤᠶᠢᠯᠡᠴᠢᠯᠡᠭᠡ ᠪᠠ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃ᠰᠤᠶᠤᠯ  ᠤᠷᠠᠯᠢᠭ ᠤᠨ ᠤᠶᠢᠯᠡᠰ ᠢ ᠬᠦᠭᠵᠢᠨ ᠴᠡᠴᠡᠭᠯᠡᠭᠦᠯᠤᠨ᠎ᠠ᠃ ᠨᠡᠶᠢᠭᠡᠮ ᠵᠢᠷᠤᠮᠲᠤ ᠨᠡᠶᠢᠭᠡᠮ ᠤᠨ ᠲᠠᠪᠰᠢᠩᠭᠤᠢ ᠰᠤᠶᠤᠯ ᠤᠨ ᠤᠷᠤᠭᠰᠢᠯᠠᠬᠤ ᠴᠢᠭᠯᠡᠯ ᠢ ᠴᠢᠩᠭ᠎ᠠ ᠪᠠᠷᠢᠮᠲᠠᠯᠠᠵᠤ᠂ ᠤᠯᠠᠭᠠᠨᠮᠦᠴᠢᠷ  ᠪᠤᠯᠤᠨ  ᠤᠷᠠᠯᠢᠭ ᠤᠨ ᠤᠶᠢᠯᠡᠰ  ᠤᠨ ᠴᠡᠴᠡᠭᠯᠡᠨ ᠬᠦᠭᠵᠢᠭᠦᠯᠬᠦ ᠶᠢ ᠲᠦᠯᠬᠢᠨ ᠠᠬᠢᠭᠤᠯᠵᠤ  ᠂ ᠨᠡᠩ ᠤᠯᠠᠨ ᠡᠭᠡᠯ ᠪᠤᠷᠤᠭᠵᠢᠭᠤᠨ᠂ ᠤᠯᠠᠮᠵᠢᠯᠠᠨ ᠶᠠᠷᠢᠭᠳᠠᠳᠠᠭ ᠰᠢᠯᠢᠳᠡᠭ ᠪᠦᠳᠤᠭᠡᠯ ᠢ ᠵᠤᠬᠢᠶᠠᠬᠤ ᠪᠠᠷ ᠴᠢᠷᠮᠠᠶᠢᠨ᠎ᠠ᠃ ᠤᠯᠠᠨ ᠨᠡᠶᠢᠲᠠ ᠶᠢᠨ ᠰᠤᠶᠤᠯ ᠤᠨ ᠤᠶᠢᠯᠡᠴᠢᠯᠡᠭᠡᠨ ᠤ ᠰᠢᠰᠲ᠋ᠧᠮ ᠢ  ᠲᠡᠭᠦᠯᠳᠡᠷᠵᠢᠭᠦᠯᠵᠤ᠂ ᠬᠤᠰᠢᠭᠤ᠂ ᠰᠢᠶᠠᠩ᠂ ᠲᠤᠰᠬᠤᠨ ᠤ ᠰᠤᠶᠤᠯ ᠤᠨ ᠭᠡᠷ  ᠢᠶᠠᠷ  ᠲᠤᠯᠭᠠᠭᠤᠷᠢ ᠪᠤᠯᠭᠠᠭᠰᠠᠨ ᠭᠤᠷᠪᠠᠨ ᠱᠠᠳᠤᠨ ᠤ ᠤᠯᠠᠨ ᠨᠠᠶᠢᠲᠠ ᠶᠢᠨ ᠰᠤᠶᠤᠯ ᠤᠨ ᠤᠶᠢᠯᠡᠴᠢᠯᠡᠭᠡᠨ ᠤ ᠲᠤᠤᠷ  ᠢ ᠤᠯᠠᠮ ᠨᠢᠭᠡ ᠠᠯᠬᠤᠮ ᠲᠡᠭᠦᠯᠳᠡᠷᠵᠢᠭᠦᠯᠤᠨ᠎ᠡ᠃ ᠤᠯᠠᠭᠠᠨᠮᠦᠴᠢᠷ ᠶᠢᠨ ᠪᠤᠯᠪᠠᠰᠤᠷᠠᠯ ᠤᠨ ᠲᠠᠯᠠᠪᠤᠷ ᠢ ᠵᠠᠰᠠᠨ ᠪᠠᠶᠢᠭᠤᠯᠬᠤ ᠲᠦᠷᠤᠯ ᠵᠤᠶᠢᠯ ᠤᠨ ᠠᠬᠢᠴᠠ ᠶᠢ ᠲᠦᠷᠭᠡᠳᠭᠡᠵᠤ᠂ ᠤᠯᠠᠭᠠᠨᠮᠦᠴᠢᠷ ᠤᠨ ᠲᠤᠭᠯᠠᠭᠴᠢ ᠶᠢᠨ ᠡᠩᠨᠡᠭᠡ ᠶᠢ ᠴᠤᠭᠴᠠᠯᠠᠨ ᠪᠠᠶᠢᠭᠤᠯᠵᠤ᠂ ᠦᠨᠳᠤᠰᠤᠨ ᠱᠠᠲᠤᠨ ᠤ ᠤᠷᠠᠯᠢᠭᠴᠢᠳ ᠤᠨ ᠵᠤᠬᠢᠶᠠᠨ ᠪᠦᠲᠤᠭᠡᠯ ᠢ ᠵᠤᠷᠢᠭᠵᠢᠭᠤᠯᠵᠤ᠂ ᠨᠢᠭᠡ ᠠᠴᠠ ᠬᠤᠶᠠᠷ ᠵᠤᠶᠢᠯ ᠤᠨ ᠠᠩᠬ᠎ᠠ ᠵᠤᠬᠢᠶᠠᠭᠲᠠᠭᠰᠠᠨ ᠤᠷᠠᠨ ᠪᠦᠲᠤᠭᠡᠯ ᠦᠪᠡᠷᠲᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ︽ᠲᠠᠪᠦ‍ ᠨᠢᠭᠡ ᠶᠢᠨ ᠢᠨᠵᠧᠨᠧᠷᠢᠩ︾ ᠲᠤ ᠰᠤᠩᠭᠤᠭᠲᠠᠨ ᠤᠷᠤᠬᠤ  ᠪᠠᠷ ᠬᠦᠴᠤᠯᠡᠨ ᠴᠢᠷᠮᠠᠶᠢᠨ᠎ᠠ᠃ ᠠᠷᠠᠳ ᠲᠦᠮᠡᠨ ᠲᠤ ᠠᠰᠢᠭᠲᠠᠢ ᠰᠤᠶᠤᠯ ᠤᠨ ᠬᠦᠳᠡᠯᠭᠡᠭᠡᠨ ᠢ ᠭᠦᠨᠵᠡᠭᠡᠢ ᠦᠷᠨᠢᠭᠦᠯᠵᠤ᠂ ᠰᠤᠶᠤᠯ ᠤᠷᠠᠯᠢᠭ ᠤᠨ ᠦᠵᠡᠰᠬᠦᠯᠡᠩ ᠢ ᠢᠳᠡᠪᠬᠢᠲᠠᠢ ᠵᠤᠬᠢᠶᠠᠨ ᠪᠠᠶᠢᠭᠤᠯᠤᠨ᠎ᠠ᠃ ᠪᠡᠶ᠎ᠡ ᠴᠢᠬᠢᠷᠠᠭᠵᠢᠭᠤᠯᠬᠤ ᠪᠦᠵᠢᠭ ᠵᠡᠷᠭᠡ ᠬᠦᠮᠤᠰ ᠤᠨ ᠰᠤᠨᠢᠷᠬᠠᠯ ᠢ ᠲᠠᠲᠠᠲᠠᠭ ᠤᠯᠠᠨ ᠨᠡᠶᠢᠲᠠ ᠶᠢᠨ ᠰᠤᠶᠤᠯ ᠤᠨ ᠬᠦᠳᠡᠯᠭᠡᠭᠡᠨ ᠢ ᠡᠷᠴᠢᠮᠲᠠᠢ ᠶᠠᠪᠤᠭᠳᠠᠭᠤᠯᠤᠨ᠎ᠠ᠃ ᠰᠤᠨᠢᠨ ᠰᠡᠳᠬᠦᠯ ᠤᠩᠰᠢᠬᠤ ᠴᠢᠭ ᠪᠠ ︽ᠬᠤᠲᠠ ᠵᠡᠭᠡᠯᠢ ᠶᠢᠨ ᠨᠤᠮ ᠤᠨ ᠦᠷᠭᠦᠭᠡ︾ ᠶᠢ ᠪᠠᠶᠢᠭᠤᠯᠵᠤ᠂ ᠪᠦᠬᠦ ᠠᠷᠠᠳ ᠢᠶᠠᠷ ᠢᠶᠠᠨ ᠨᠤᠮ ᠤᠩᠰᠢᠬᠤ ᠶᠢ ᠲᠦᠯᠬᠢᠨ ᠠᠬᠢᠭᠤᠯᠤᠨ᠎ᠠ᠃ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠤᠶᠢᠯ ᠤᠨ ᠪᠦᠷᠢᠳᠭᠡᠯ᠂ ᠬᠠᠮᠠᠭᠠᠯᠠᠯᠲᠠ ᠪᠠ ᠤᠯᠠᠮᠵᠢᠯᠠᠬᠤ ᠠᠵᠢᠯ ᠢ ᠴᠢᠩᠭᠠᠳᠬᠠᠵᠤ᠂ ᠵᠢᠩ ᠵᠧᠤ ᠯᠤ᠋ ᠰᠤᠶᠤᠯ ᠤᠨ ᠰᠤᠳᠤᠯᠭᠠᠨ ᠤ ᠨᠡᠶᠢᠭᠡᠮᠯᠢᠭ ᠤᠨ ᠲᠡᠤᠬᠡ ᠰᠤᠶᠤᠯ ᠤᠨ ᠡᠬᠢ ᠪᠠᠶᠠᠯᠢᠭ ᠢ ᠠᠭᠤᠳᠠᠯᠵᠤ ᠰᠤᠳᠤᠯᠠᠬᠤ ᠶᠢ ᠢᠳᠡᠪᠬᠢᠲᠠᠢ ᠵᠤᠷᠢᠭᠵᠢᠭᠤᠯᠵᠤ᠂ ᠰᠤᠳᠤᠯᠭᠠᠨ ᠤ ᠦᠷ᠎ᠡ ᠪᠦᠲᠤᠭᠡᠯ ᠨᠢ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠤᠶᠢᠯᠡᠰ ᠤᠨ ᠬᠦᠭᠵᠢᠯᠲᠠ ᠶᠢᠨ ᠰᠠᠭᠤᠷᠢ  ᠮᠦᠩᠭᠦᠨ ᠤ ᠲᠦᠷᠤᠯ ᠵᠤᠶᠢᠯ ᠤᠨ ᠳᠡᠮᠵᠢᠯᠲᠠ ᠶᠢ ᠤᠯᠬᠤ ᠪᠠᠷ ᠴᠢᠷᠮᠠᠶᠢᠨ᠎ᠠ᠃ ᠲᠡᠤᠬᠡ ᠵᠢᠨ‌‍ᠲ᠋ᠤᠷᠠᠰᠬᠠᠯᠲᠤ ᠵᠤᠶᠢᠯᠡᠰ ᠤᠨ ᠬᠠᠤᠯᠢ ᠳᠦᠷᠢᠮ  ᠤᠨ ᠤᠬᠠᠭᠤᠯᠬᠤ ᠬᠦᠴᠤᠯᠡᠴᠡ ᠶᠢ ᠴᠢᠩᠭᠠᠳᠬᠠᠨ᠂ ᠠᠵᠤ ᠤᠶᠢᠯᠡᠰ ᠤᠨ ᠬᠦᠭᠵᠢᠯᠲᠠ ᠶᠢᠨ ᠦᠷᠢᠰᠤᠯᠳᠤᠬᠦ ᠬᠦᠴᠤᠨ ᠢ ᠳᠡᠭᠡᠭᠰᠢᠯᠡᠭᠦᠯᠤᠨ᠎ᠠ᠃ ᠨᠡᠶᠢᠭᠡᠮ ᠤᠨ ᠵᠠᠰᠠᠨ ᠴᠡᠭᠴᠡᠯᠡᠯᠲᠠ ᠶᠢ ᠦᠨᠡᠨᠬᠦ ᠴᠢᠩᠭᠠᠳᠬᠠᠨ᠎ᠠ᠃ ᠬᠠᠤᠯᠢ ᠶᠤᠰᠤ ᠪᠠᠷ ᠵᠠᠬᠢᠲᠠᠯ ᠰᠤᠷᠪᠤᠯᠵᠢᠯᠠᠭ᠎ᠠ  ᠶᠢᠨ ᠠᠵᠢᠯ ᠢ ᠲᠦᠷᠢᠮᠵᠢᠭᠦᠯᠵᠤ᠂ ᠨᠡᠶᠢᠭᠡᠮ ᠤᠨ ᠵᠦᠷᠢᠴᠡᠯ ᠮᠦᠷᠭᠦᠯᠲᠤᠭᠡᠨ ᠢ ᠴᠠᠭ ᠲᠤᠬᠠᠢ ᠲᠤᠨᠢ ᠰᠢᠢᠳᠪᠤᠷᠢᠯᠡᠨ᠎ᠡ ᠃ ᠪᠦᠬᠦ ᠠᠷᠠᠳ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠬᠡᠮᠡᠯᠵᠢᠭᠦᠯᠬᠦ ᠬᠦᠴᠤᠯᠡᠴᠡ ᠶᠢ ᠴᠢᠩᠭᠠᠳᠬᠠᠨ᠂ ︽ᠲᠤᠯᠤᠳᠤᠭᠠᠷ ᠲᠠᠪᠤᠨ ᠵᠢᠯ ᠤᠨ ᠬᠠᠤᠯᠢ ᠲᠦᠬᠡᠮᠡᠯᠵᠢᠭᠦᠯᠤᠯᠲᠠ︾ ᠶᠢ ᠲᠤᠤᠱᠲᠠᠢ ᠨᠠᠶᠢᠳᠠᠪᠤᠷᠢᠵᠢᠭᠤᠯᠤᠨ᠎ᠠ᠃ ᠨᠡᠶᠢᠭᠡᠮ  ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠶᠤᠰᠤ ᠪᠠᠷ ᠡᠯ᠎ᠡ ᠲᠦᠷᠤᠯ ᠤᠨ ᠬᠠᠤᠯᠢ ᠵᠦᠷᠢᠴᠡᠭᠰᠡᠨ ᠠᠵᠢᠯᠯᠠᠭ᠎ᠠ ᠳᠤ ᠴᠤᠬᠢᠯᠲᠠ ᠦᠭᠬᠦᠨ᠎ᠡ᠃ ︽ᠬᠠᠷ᠎ᠠ ᠪᠦᠯᠦᠭᠲᠡᠨ ᠢ ᠳᠠᠷᠤᠵᠤ ᠬᠠᠷᠬᠢᠰ ᠢ ᠠᠷᠢᠯᠭᠠᠬᠤ︾ ᠲᠤᠰᠬᠠᠢ ᠬᠦᠳᠡᠯᠭᠡᠭᠡᠨ ᠪᠤᠯᠤᠨ ᠫᠤᠤ ᠵᠡᠪᠰᠡᠭ ᠤᠨ ᠬᠠᠤᠯᠢ ᠵᠦᠷᠢᠴᠡᠭᠰᠡᠨ ᠶᠠᠯᠠᠲᠤ ᠠᠵᠢᠯᠯᠠᠭ᠎ᠠ ᠲᠠᠢ ᠲᠡᠮᠡᠴᠡᠬᠦ ᠠᠵᠢᠯᠯᠠᠭ᠎ᠠ ᠶᠢ ᠶᠠᠪᠤᠭᠳᠠᠭᠤᠯᠤᠨ᠎ᠠ᠃ ᠠᠶᠤᠯᠭᠦᠢ ᠤᠶᠢᠯᠡᠳᠪᠤᠷᠢᠯᠡᠯ  ᠤᠨ ᠲᠠᠯᠲᠠ ᠭᠡᠮ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠲᠠ ᠶᠢ ᠭᠦᠨᠵᠡᠭᠡᠢ ᠠᠬᠢᠭᠤᠯᠵᠤ᠂ ᠡᠯ᠎ᠡ ᠵᠤᠶᠢᠯ ᠤᠨ ᠤᠰᠤᠯ ᠠᠳᠡᠯ ᠢ ᠬᠠᠤᠯᠢ ᠶᠤᠰᠤ ᠪᠠᠷ ᠪᠦᠲᠤᠮᠵᠢᠲᠠᠢ ᠤᠷᠢᠳᠴᠢᠯᠠᠨ ᠰᠡᠷᠭᠡᠶᠢᠯᠡᠨ᠎ᠡ᠃ ᠤᠯᠤᠰ ᠤᠨ ᠬᠠᠮᠠᠭᠠᠯᠠᠯᠲᠠ  ᠶᠢᠨ ᠰᠤᠷᠭᠠᠨ ᠬᠦᠮᠤᠵᠢᠯ᠂ ᠡᠷᠤᠬᠡ ᠶᠢᠨ ᠴᠡᠷᠢᠭ ᠪᠡᠯᠡᠳᠭᠡᠯ ᠠᠯᠪᠠᠨ ᠪᠠ ᠬᠤᠶᠠᠷ ᠢ ᠬᠦᠷᠢᠶᠡᠯᠡᠬᠦ  ᠵᠢᠴᠢ ᠲᠤᠬᠤᠨᠢᠭᠤᠯᠬᠤ ᠠᠵᠢᠯ ᠢ ᠴᠢᠩᠭ᠎ᠠ ᠠᠳᠬᠤᠵᠤ᠂ ᠴᠡᠷᠢᠭ ᠠᠷᠠᠳ ᠪᠦᠯᠬᠦᠮᠳᠡᠨ᠂ ᠦᠨᠳᠤᠰᠤᠲᠠᠨ ᠤ ᠱᠠᠰᠢᠨ ᠰᠤᠷᠲᠠᠬᠤᠨ᠂ ᠬᠡᠤᠬᠡᠳ ᠪᠠᠭᠠᠴᠤᠳ᠂ ᠨᠠᠰᠤᠲᠠᠶᠢᠴᠤᠳ᠂ ᠵᠡᠮᠳᠡᠭᠴᠤᠳ᠂ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ ᠵᠡᠷᠭᠡ ᠠᠵᠢᠯ ᠢ ᠰᠠᠶᠢᠲᠤᠷ ᠬᠢᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠤᠳ  ᠤᠨ ᠬᠤᠯᠪᠤᠭ᠎ᠠ ᠵᠡᠷᠭᠡ ᠵᠤᠬᠢᠶᠠᠨ ᠪᠠᠶᠢᠭᠤᠯᠤᠯᠲᠠ ᠶᠢᠨ ᠬᠦᠭᠦᠷᠭᠡ ᠬᠤᠯᠪᠤᠭᠠᠰᠤ ᠶᠢᠨ ᠤᠶᠢᠯᠡᠳᠤᠯ ᠢ ᠦᠨᠡᠨᠬᠦ ᠪᠠᠳᠠᠷᠠᠭᠤᠯᠤᠨ᠎ᠠ᠃︵ᠳᠤᠯᠤᠭ᠎ᠠ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠲᠤᠭᠡᠨ ᠪᠠᠶᠢᠭᠤᠯᠤᠯᠲᠠ ᠶᠢ ᠦᠷᠬᠦᠯᠵᠢᠯᠡᠨ ᠴᠢᠩᠭᠠᠳᠬᠠᠵᠤ᠂ ᠵᠠᠰᠠᠭ ᠪᠠᠷᠢᠬᠤ ᠴᠢᠳᠠᠮᠵᠢ ᠪᠠ  ᠬᠢᠷᠢ ᠲᠦᠪᠰᠢᠨ ᠢ ᠳᠡᠭᠡᠭᠰᠢᠯᠡᠭᠦᠯᠤᠨ᠎ᠠ᠃ ᠰᠢᠨᠵᠢᠯᠡᠬᠦ ᠤᠬᠠᠭᠠᠨᠴᠢ ᠪᠠᠷ  ᠵᠠᠰᠠᠭ ᠪᠠᠷᠢᠬᠤ᠂ ᠬᠠᠷᠢᠭᠤᠴᠠᠯᠭᠠᠲᠤ ᠵᠠᠰᠠᠭ ᠤᠨ ᠤᠷᠳᠤᠨ ᠢ ᠪᠦᠬᠦ ᠲᠠᠯ᠎ᠠ ᠪᠠᠷ  ᠪᠠᠶᠢᠭᠤᠯᠤᠨ᠎ᠠ᠃ ᠡᠯ᠎ᠡ ᠲᠦᠷᠦᠯ ᠤᠨ ᠰᠢᠢᠳᠪᠤᠷᠢ᠂ ᠲᠦᠷᠦ ‍ᠤᠨ‌‍ᠪᠤᠳᠤᠯᠭ᠎ᠠ   ᠶᠢ ᠨᠠᠶᠢᠳᠠᠪᠤᠷᠢᠵᠢᠭᠤᠯᠬᠤ ᠶᠢ ᠬᠢᠨᠠᠮᠠᠭᠠᠢ ᠠᠳᠬᠤᠵᠤ᠂ ᠰᠠᠨᠠᠭᠠᠴᠢᠯᠠᠭ᠎ᠠ ᠲᠠᠢ ᠠᠵᠢᠯᠯᠠᠵᠤ᠂ ᠰᠠᠨᠠᠭᠠᠴᠢᠯᠠᠭ᠎ᠠ ᠲᠠᠢ ᠬᠠᠷᠢᠭᠤᠴᠠᠵᠤ᠂  ᠵᠦᠷᠢᠴᠡᠯ ᠮᠦᠷᠭᠦᠯᠳᠡᠭᠡᠨ  ᠠᠴᠠ ᠵᠠᠶᠢᠯᠠᠬᠤ ᠦᠭᠡᠢ᠂  ᠦᠷᠢᠰᠤᠯᠳᠤᠭᠡᠨ ᠠᠴᠠ ᠠᠶᠤᠬᠤ ᠦᠭᠡᠢ᠂  ᠬᠦᠴᠢᠷ ᠪᠡᠷᠬᠡ ᠠᠴᠠ ᠤᠬᠤᠷᠢᠬᠤ ᠦᠭᠡᠢ  ᠪᠠᠶᠢᠬᠤ ᠶᠢ ᠪᠠᠲᠤᠯᠠᠨ᠎ᠠ᠃ ᠠᠵᠢᠯ ᠢ ᠵᠤᠬᠢᠴᠠᠭᠤᠯᠬᠤ ᠪᠠ ᠠᠵᠢᠯ ᠤᠨ ᠦᠷ᠎ᠡ ᠪᠦᠳᠤᠮᠵᠢ ᠶᠢᠨ ᠰᠢᠯᠭᠠᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠬᠢᠨᠠᠨ ᠪᠠᠶᠢᠴᠠᠭᠠᠯᠲᠠ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠯᠲᠠ ᠶᠢ ᠴᠢᠩᠭᠠᠳᠬᠠᠨ᠎ᠠ᠃ ᠠᠯᠳᠠᠭ᠎ᠠ ᠶᠢ ᠠᠭᠤᠴᠢᠯᠠᠵᠤ᠂ ᠵᠠᠯᠠᠷᠠᠭᠤᠯᠬᠤ ᠲᠤᠭᠲᠠᠯᠴᠠᠭ᠎ᠠ ᠶᠢ  ᠲᠡᠭᠦᠯᠳᠡᠷᠵᠢᠭᠦᠯᠵᠤ᠂ ᠬᠤᠶᠢᠷᠭᠤ ᠵᠠᠯᠬᠠᠭᠤ ᠨᠠᠵᠠᠭᠠᠢ ᠲᠦᠷᠦ ᠪᠠᠷᠢᠬᠤ ᠶᠢ ᠡᠷᠡᠰ ᠴᠢᠩᠭ᠎ᠠ ᠪᠠᠷ ᠵᠠᠰᠠᠨ ᠴᠡᠭᠴᠡᠯᠡᠨ᠎ᠠ᠃ ᠬᠠᠤᠯᠢ ᠶᠣᠰᠤ ᠪᠠᠷ ᠵᠠᠰᠠᠭ ᠪᠠᠷᠢᠬᠤ ᠶᠢ ᠪᠠᠷᠢᠮᠲᠠᠯᠠᠵᠤ᠂ ᠬᠠᠤᠯᠢ ᠴᠠᠭᠠᠵᠠᠲᠤ ᠵᠠᠰᠠᠭ ᠤᠨ ᠤᠷᠳᠤᠨ ᠢ ᠪᠦᠬᠦ ᠲᠠᠯ᠎ᠠ  ᠪᠠᠷ ᠪᠠᠶᠢᠭᠤᠯᠤᠨ᠎ᠠ᠃ ᠲᠤᠮᠤ ᠴᠢᠬᠤᠯᠠ ᠬᠡᠷᠡᠭ ᠶᠠᠪᠤᠳᠠᠯ ᠳᠤ ᠰᠢᠢᠳᠪᠤᠷᠢ ᠭᠠᠷᠭᠠᠬᠤ ᠲᠤᠭᠲᠠᠯᠴᠠᠭ᠎ᠠ ᠶᠢᠨ ᠲᠡᠭᠦᠯᠳᠡᠷᠵᠢᠭᠦᠯᠲᠠ ᠶᠢ ᠪᠠᠶᠢᠭᠤᠯᠵᠤ᠂ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠵᠤᠶᠢᠯᠡᠰ ᠢ ᠴᠢᠩᠭ᠎ᠠ ᠬᠢᠨᠠᠨ ᠵᠦᠪᠰᠢᠶᠡᠷᠡᠨ᠎ᠡ᠃ ᠲᠦᠷᠢᠮ ᠲᠤᠭᠲᠠᠭᠠᠯ ᠢᠶᠠᠷ ᠡᠷᠬᠡ ᠪᠠᠷᠢᠬᠤ᠂ ᠬᠡᠷᠡᠭ ᠰᠢᠢᠳᠬᠦ᠂ ᠬᠦᠮᠤᠨ ᠬᠠᠮᠢᠶᠠᠷᠬᠤ ᠶᠢ ᠲᠣᠣᠱᠯᠠᠭᠤᠯᠵᠤ᠂ ᠡᠳ᠋ ᠤᠨ ᠵᠠᠰᠠᠭ ᠤᠨ ᠲᠦᠰᠤᠪ ᠤᠨ ᠬᠠᠮᠢᠶᠠᠷᠤᠯᠲᠠ ᠪᠠ ᠡᠳ᠋ ᠤᠨ ᠶᠠᠪᠤᠳᠠᠯ ᠤᠨ ᠬᠢᠨᠠᠯᠲᠠ ᠶᠢ ᠴᠢᠩᠭᠠᠳᠬᠠᠨ᠎ᠠ᠃  ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠠᠤᠯᠢ ᠤᠨ ᠬᠢᠨᠠᠯᠲᠠ᠂ ᠠᠵᠢᠯ ᠤᠨ ᠬᠢᠨᠠᠯᠲᠠ ᠪᠤᠯᠤᠨ ᠬᠤᠰᠢᠭᠤᠨ ᠤ ᠤᠯᠤᠰ ᠲᠦᠷᠦ ᠤᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ᠂ ᠠᠷᠠᠳ ᠲᠦᠮᠠᠨ ᠤ ᠬᠢᠨᠠᠯᠲᠠ ᠶᠢ ᠬᠦᠯᠢᠶᠡᠨ ᠠᠪᠴᠤ᠂ ᠬᠢᠨᠡᠨ ᠪᠤᠳᠤᠯᠲᠠ ᠶᠢ ᠴᠢᠩᠭᠠᠳᠬᠠᠨ᠂ ᠵᠤᠬᠢᠬᠤ ᠬᠤᠭᠤᠴᠠᠭᠠᠨ ᠤ ᠦᠶᠡᠯᠡᠯ ᠳᠤ ᠨᠡᠶᠢᠲᠠ ᠶᠢᠨ ᠪᠡᠯᠡ ᠮᠦᠩᠭᠦ᠂ ᠤᠯᠤᠰ ᠤᠨ ᠦᠮᠴᠢᠯᠡᠯᠲᠤ ᠬᠦᠷᠤᠩᠭᠡ᠂ ᠤᠯᠤᠰ ᠤᠨ ᠡᠬᠢ ᠪᠠᠶᠠᠯᠢᠭ ᠪᠤᠯᠤᠨ ᠤᠳᠤᠷᠢᠳᠤᠯᠭ᠎ᠠ ᠺᠠᠲᠠᠷᠴᠤᠳ ᠤᠨ ᠠᠵᠤ ᠠᠬᠤᠢ ᠶᠢᠨ ᠡᠭᠦᠷᠭᠡ ᠬᠠᠷᠢᠭᠤᠴᠠᠯᠭ᠎ᠠ ᠶᠢᠨ ᠬᠢᠨᠡᠨ ᠪᠠᠶᠢᠴᠠᠭᠠᠯᠲᠠ ᠶᠢᠨ ᠨᠡᠶᠢᠳᠡᠮ ᠪᠦᠷᠬᠦᠯᠲᠠ ᠶᠢ ᠪᠡᠶᠡᠯᠡᠭᠦᠯᠤᠨ᠎ᠠ᠃ᠪᠤᠳᠠᠲᠤ ᠠᠵᠢᠯᠯᠠᠬᠤ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠦᠢᠯᠡᠴᠢᠯᠡᠭᠡᠲᠤ ᠵᠠᠰᠠᠭ ᠤᠨ ᠤᠷᠳᠤᠨ ᠢ ᠪᠦᠬᠦ ᠲᠠᠯ᠎ᠠ  ᠪᠠᠷ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠢ ᠨᠠᠶᠢᠳᠠᠪᠤᠷᠢᠵᠢᠭᠤᠯᠵᠤ᠂ ᠤᠶᠢᠯᠡᠴᠢᠯᠡᠭᠡ  ᠪᠠᠨ ᠰᠢᠯᠢᠳᠡᠭᠵᠢᠭᠦᠯᠬᠦ ᠦᠭᠡᠷᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠠᠷᠡᠯᠲᠠ ᠦᠭᠡᠢ ᠠᠵᠢᠯ ᠲᠦᠷᠤᠯ ᠢ ᠪᠦᠬᠦᠨ ᠢ ᠦᠭᠡᠶᠢᠰᠬᠡᠨ ᠴᠡᠪᠡᠷᠯᠡᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠠ ᠶᠢᠨ ᠦᠷ᠎ᠡ ᠪᠦᠲᠤᠮᠵᠢ ᠶᠢᠨ ᠨᠤᠷᠮ᠎ᠠ ᠶᠢ ᠳᠡᠭᠡᠭᠰᠢᠯᠡᠭᠦᠯᠤᠨ᠎ᠠ᠃ ᠬᠤᠲᠠ ᠵᠢᠨ‌ᠬᠠᠤᠯᠢ ᠬᠡᠷᠡᠭᠵᠢᠭᠦᠯᠬᠦ ᠲᠤᠭᠲᠠᠯᠴᠠᠭ᠎ᠠ ᠶᠢ ᠭᠦᠨᠵᠡᠭᠡᠢ ᠠᠬᠢᠭᠤᠯᠵᠤ᠂ ᠬᠤᠲᠠ ᠪᠠᠯᠭᠠᠰᠤᠨ ᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠤᠨ᠎ᠠ᠃ ᠠᠵᠢᠯ ᠤᠨ ᠦᠷ᠎ᠡ ᠠᠰᠢᠭ ᠢ ᠨᠡᠮᠡᠭᠳᠡᠭᠦᠯᠤᠨ᠂ ᠤᠶᠢᠯᠡᠴᠢᠯᠡᠭᠡ ᠶᠢ ᠰᠠᠶᠢᠵᠢᠷᠠᠭᠤᠯᠵᠤ᠂ ᠤᠯᠠᠨ ᠨᠡᠶᠢᠲᠠ ᠶᠢᠨ ᠤᠶᠢᠯᠡᠴᠢᠯᠡᠭᠡᠨ ᠤ ᠲᠦᠷᠤᠯ ᠵᠤᠶᠢᠯ ᠤᠨ ᠨᠠᠷᠢᠨ ᠳᠠᠩᠰᠠ ᠪᠠ ᠬᠡᠷᠡᠭ ᠭᠦᠢᠴᠡᠳᠭᠡᠬᠦ ᠴᠢᠭᠯᠡᠭᠦᠷ ᠤᠨ ᠨᠠᠶᠢᠷᠠᠭᠤᠯᠤᠯᠲᠠ ᠶᠢ ᠡᠮᠬᠢᠳᠭᠡᠬᠦ ᠶᠢ ᠲᠦᠷᠭᠡᠳᠭᠡᠨ᠂ ︽ᠢᠨᠲ᠋ᠧᠷᠨᠧᠲ ᠰᠦᠯᠵᠢᠶ᠎ᠡ  + ᠵᠠᠰᠠᠭ ᠤᠨ ᠶᠠᠪᠤᠳᠠᠯ ᠤᠨ ᠤᠶᠢᠯᠡᠴᠢᠯᠡᠭᠡ︾   ᠶᠢ ᠲᠦᠰᠢᠭᠯᠡᠨ᠂ ᠵᠠᠰᠠᠭ ᠶᠢᠨ ᠶᠠᠪᠤᠳᠠᠯ ᠤᠨ ᠲᠤᠲᠤᠭᠠᠲᠤ᠂ ᠭᠠᠳᠠᠭᠠᠳᠤ ᠰᠦᠯᠵᠢᠶ᠎ᠡ ᠶᠢᠨ ᠤᠶᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠤᠨ᠎ᠡ᠃ ᠬᠤᠰᠢᠭᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ  ᠤ ᠠᠯᠪᠠᠨ ᠰᠦᠯᠵᠢᠶ᠎ᠠ ᠶᠢᠨ ᠬᠡᠷᠡᠭᠯᠡᠯᠲᠡ ᠳᠤ ᠤᠷᠤᠬᠤ ᠶᠢ ᠲᠦᠷᠭᠡᠪᠴᠢᠯᠡᠨ ᠪᠡᠶᠡᠯᠡᠭᠦᠯᠵᠤ᠂ ᠮᠤᠩᠭᠤᠯᠴᠤᠳ ᠤᠨ ᠵᠠᠰᠠᠭ ᠵᠠᠬᠢᠷᠭᠠᠨ ᠳᠤ ᠤᠷᠤᠯᠴᠠᠨ ᠰᠤᠯᠢᠯᠴᠠᠬᠤ ᠬᠡᠷᠡᠭᠴᠡᠭᠡ ᠶᠢ ᠨᠡᠩ ᠰᠠᠶᠢᠨ ᠬᠠᠩᠭᠠᠨ᠎ᠠ᠃ ᠮᠤᠩᠭᠤᠯ ᠦᠭᠡ ᠬᠡᠯᠡᠨ  ᠤ ᠵᠠᠰᠠᠭ ᠤᠨ ᠬᠡᠷᠡᠭ ᠶᠠᠪᠤᠲᠠᠯ ᠲᠤᠮᠳᠠᠬᠢ ᠬᠡᠷᠡᠭᠯᠡᠭᠡᠨ ᠤ ᠬᠦᠷᠢᠶ᠎ᠡ ᠬᠡᠪᠴᠢᠶ᠎ᠡ ᠶᠢ ᠦᠷᠭᠡᠳᠬᠡᠨ᠂ ᠦᠨᠳᠤᠰᠤᠲᠠᠨ ᠤ ᠦᠭᠡ ᠬᠡᠯᠡ ᠶᠢᠨ ᠳᠡᠯᠭᠡᠷᠡᠨ ᠲᠦᠬᠡᠮᠡᠯᠵᠢᠬᠦ ᠶᠢ ᠪᠦᠲᠤᠮᠵᠢ ᠲᠠᠢ ᠠᠬᠢᠭᠤᠯᠤᠨ᠎ᠠ᠃ᠲᠦᠪ ᠴᠢᠩᠭ᠎ᠠ ᠵᠠᠰᠠᠭ  ᠪᠠᠷᠢᠬᠤ ᠶᠢ ᠪᠠᠷᠢᠮᠲᠠᠯᠠᠵᠤ᠂ ᠠᠷᠢᠭᠤᠨ ᠴᠢᠭᠡᠴᠢ ᠵᠠᠰᠠᠭ ᠤᠨ ᠤᠷᠳᠤᠨ ᠢ ᠪᠦᠬᠦ ᠲᠠᠯ᠎ᠠ ᠪᠠᠷ ᠪᠠᠶᠢᠭᠤᠯᠤᠨ᠎ᠠ᠃ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ︽ᠬᠤᠶᠠᠷ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠲᠤᠤᠱᠯᠠᠭᠤᠯᠵᠤ᠂ ᠴᠢᠭᠡᠴᠢ ᠵᠠᠰᠠᠭ ᠤᠨ ᠪᠠᠶᠢᠭᠤᠯᠤᠯ ᠪᠠ ᠤᠪᠤᠷ ᠰᠤᠷᠲᠠᠯ ᠤᠨ ᠪᠠᠶᠢᠭᠤᠯᠤᠯ ᠢ ᠲᠦᠯᠬᠢᠨ ᠠᠬᠢᠭᠤᠯᠵᠤ᠂ ᠲᠦᠪ ᠤᠨ ᠨᠠᠢᠮᠠᠨ ᠵᠤᠷᠪᠤᠰ ᠲᠤᠭᠲᠠᠭᠠᠯ ᠢ ᠭᠤᠶᠢᠪᠠᠰᠢ ᠦᠭᠡᠢ ᠪᠠᠲᠤ ᠲᠤᠤᠱᠯᠠᠭᠤᠯᠵᠤ᠂ ᠬᠡᠯᠪᠡᠷᠢ ᠶᠢᠨ ᠦᠵᠡᠯ᠂ ᠨᠤᠶᠠᠨᠴᠢ ᠦᠵᠡᠯ ᠤᠨ ︽ᠠᠷᠪᠠᠨ ᠢᠯᠡᠷᠡᠯ︾ ᠢ ᠨᠢᠭᠡᠳᠤᠯᠲᠠᠢ ᠴᠡᠭᠴᠡᠯᠡᠨ ᠵᠠᠰᠠᠵᠤ᠂ ︽ᠲᠦᠷᠪᠡᠨ ᠰᠣᠷᠲᠠᠯ︾ ᠤᠨ ᠲᠠᠬᠢᠨ ᠢᠯᠡᠷᠡᠬᠦ ᠶᠢ ᠰᠡᠷᠭᠡᠶᠢᠯᠡᠵᠤ᠂ ᠡᠯ᠎ᠡ ᠵᠤᠶᠢᠯ ᠤᠨ ᠢᠯᠵᠢᠷᠡᠮᠡᠯ ᠠᠵᠢᠯᠯᠠᠭ᠎ᠠ ᠶᠢ ᠡᠷᠡᠰ ᠴᠢᠩᠭ᠎ᠠ ᠶᠠᠯᠠᠯᠠᠨ ᠰᠢᠢᠳᠭᠡᠨ᠎ᠡ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠶᠢ ᠴᠢᠩᠭᠠᠳᠬᠠᠨ᠂  ︽ᠭᠤᠷᠪᠠᠨ ᠵᠤᠶᠢᠯ ᠤᠨ ᠠᠯᠪᠠᠨ ᠤ ᠵᠠᠷᠤᠲᠠᠯ︾  ᠢ ᠡᠷᠡᠰ  ᠬᠢᠵᠠᠭᠠᠷᠯᠠᠨ᠎ᠠ᠃ ᠨᠠᠮ ᠢ ᠴᠢᠩᠭ᠎ᠠ ᠵᠠᠰᠠᠬᠤ ᠶᠢ ᠡᠷᠡᠰ ᠨᠠᠶᠢᠳᠠᠪᠤᠷᠢᠵᠢᠭᠤᠯᠵᠤ᠂ ᠪᠠᠶᠢᠴᠠᠭᠠᠬᠤ ᠰᠢᠰᠲ᠋ᠧᠮ  ᠤᠨ ᠲᠤᠭᠲᠠᠯᠴᠠᠭ᠎ᠠ ᠶᠢᠨ ᠦᠭᠡᠷᠡᠴᠢᠯᠡᠯᠲᠠ ᠶᠢ ᠢᠳᠡᠪᠬᠢᠲᠠᠢ  ᠶᠠᠪᠤᠭᠳᠠᠭᠤᠯᠵᠤ᠂ ᠲᠦᠪ ᠴᠢᠭᠡᠴᠢ ᠤᠪᠤᠷ ᠰᠤᠷᠲᠠᠯ ᠢ ᠪᠠᠷᠢᠮᠲᠠᠯᠠᠵᠤ᠂ ᠠᠷᠠᠳ ᠲᠦᠮᠡᠨ ᠲᠤ ᠪᠤᠲᠠᠲᠠᠢ ᠠᠵᠢᠯ ᠬᠢᠵᠤ᠂ ᠠᠲᠠᠯ ᠤᠶᠢᠯᠡᠰ ᠪᠤᠰᠬᠠᠭᠰᠠᠨ ᠠᠷᠢᠭᠤᠨ ᠴᠢᠭᠡᠴᠢ ᠵᠠᠰᠠᠭ ᠤᠨ ᠲᠦᠷᠢ ᠲᠦᠷᠬᠦ ᠶᠢ ᠪᠦᠲᠤᠭᠡᠨ᠎ᠠ᠃ᠡᠯ᠎ᠡ ᠲᠦᠯᠤᠭᠡᠯᠡᠭᠴᠢᠳ ᠡ︕ ᠰᠢᠨ᠎ᠡ ᠤᠶᠢᠯᠡᠰ ᠤᠨ ᠠᠶᠠᠨ ᠲᠤ ᠡᠭᠦᠷᠭᠡ ᠬᠦᠨᠳᠤ ᠵᠠᠮ ᠬᠤᠯᠠ ᠴᠦ᠂ ᠰᠢᠨ᠎ᠡ ᠴᠠᠭ ᠦᠶ᠎ᠡ ᠬᠦᠮᠤᠰ ᠤᠨ ᠡᠷᠴᠢ ᠵᠤᠷᠢᠭ ᠢ ᠬᠦᠪᠴᠢᠯᠡᠵᠤ ᠪᠠᠶᠢᠨ᠎ᠠ︕ ᠪᠢᠳᠡ ᠳᠡᠭᠡᠳᠤ ᠱᠠᠲᠤᠨ ᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ ᠵᠦᠪ  ᠤᠨᠤᠪᠴᠢᠲᠠᠢ ᠤᠳᠤᠷᠢᠳᠤᠯᠭ᠎ᠠ ᠳᠤᠤᠷ᠎ᠠ᠂ ᠪᠦᠬᠦ ᠬᠤᠰᠢᠭᠤᠨ ᠤ ᠡᠯ᠎ᠡ ᠦᠨᠳᠤᠰᠤᠲᠠᠨ ᠲᠠᠢ ᠪᠦᠯᠬᠦᠮᠳᠡᠨ᠂ ᠰᠢ ᠵᠢᠩ ᠫᠢᠩ ᠤᠨ ᠰᠢᠨ᠎ᠡ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂  ᠨᠠᠮ ᠤᠨ ᠠᠷᠪᠠ ᠶᠢᠰᠤᠳᠤᠭᠡᠷ  ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠤᠭ ᠰᠠᠨᠠᠭ᠎ᠠ ᠪᠠᠨ ᠦᠯᠤ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠠᠵᠤ᠂ ᠡᠷᠡᠰ ᠵᠤᠷᠢᠭ ᠢᠶᠠᠷ ᠰᠢᠷᠭᠠᠭᠤ ᠠᠵᠢᠯᠯᠠᠨ᠂ ᠪᠦᠬᠦ ᠲᠠᠯ᠎ᠠ ᠪᠠᠷ ᠴᠢᠨᠡᠭᠡᠯᠢᠭ ᠠᠮᠢᠳᠤᠷᠠᠯ ᠢ ᠴᠤᠭᠴᠠᠯᠠᠵᠤ᠂ ᠠᠷᠠᠳ ᠲᠦᠮᠡᠨ ᠤ ᠵᠤᠯ ᠵᠢᠷᠭᠠᠯ ᠢ ᠨᠡᠮᠡᠭᠳᠡᠭᠦᠯᠬᠦ ᠪᠠᠷ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2