ᠬᠢᠷᠢᠰ ᠤᠨ ᠴᠢᠯᠠᠭᠤᠵᠢᠮᠠᠯ
ᠨᠡᠶᠢᠲᠡᠯᠡᠭᠰᠡᠨ ᠴᠠᠭ᠄
2018-04-12
    1991  ᠤᠨ ᠤ 9 ᠰᠠᠷ᠎ᠠ   ᠳᠤ ᠤᠯᠠᠭᠠᠨᠬᠤᠸᠠ ᠪᠠᠯᠭᠠᠰᠤᠨ ᠠᠴᠠ ᠡᠮᠦᠨ᠎ᠡ 3 ᠺᠢᠯᠤᠮᠧᠲᠷ ᠵᠠᠶᠢᠳᠠᠢ ᠪᠠᠶᠢᠭ᠎ᠠ ᠳᠤᠭᠤᠰᠬ᠎ᠠ ᠶᠢᠨ ᠦᠢᠯᠡᠳᠪᠦᠷᠢ ᠶᠢᠨ ᠠᠵᠢᠯᠴᠢᠳ ᠰᠢᠷᠦᠢ ᠮᠠᠯᠳᠠᠵᠤ ᠪᠠᠶᠢᠭᠠᠳ ᠤᠳᠤ ᠠᠴᠠ 800 ~ 500 ᠳᠦᠮᠡᠨ ᠵᠢᠯ ᠤᠨ ᠡᠮᠦᠨᠡᠬᠢ ᠬᠡᠷᠢᠰ ᠤᠨ ᠴᠢᠯᠠᠭᠤᠵᠢᠮᠠᠯ ᠢ ᠢᠯᠡᠷᠡᠬᠦᠯᠪᠡ᠃ ᠴᠢᠯᠠᠭᠤᠵᠢᠮᠠᠯ ᠨᠢ ᠭᠠᠵᠠᠷ ᠤᠨ ᠬᠦᠷᠦᠰᠦ ᠠᠴᠠ ᠳᠤᠭᠤᠭᠰᠢ 5 ᠮᠧᠲᠷ ᠬᠦᠨ ᠳᠤ ᠪᠤᠯᠠᠭᠳᠠᠵᠤ᠂ 5 ᠮᠧᠲᠷ ᠦᠷᠭᠡᠨ᠂ ᠭᠤᠴᠢᠭᠠᠳ ᠮᠧᠲᠷ ᠤᠷᠳᠤ ᠡᠷᠳᠡᠨ ᠤ ᠭᠤᠤᠯ ᠤᠨ ᠬᠡᠪᠡᠯᠢ ᠳᠤ ᠳᠦᠪᠯᠡᠷᠡᠵᠤ ᠪᠠᠶᠢᠪᠠ᠃ ᠳᠤᠰᠬᠠᠢ ᠮᠡᠷᠭᠡᠵᠢᠯᠳᠡᠳ ᠤᠨ ᠳᠤᠳᠤᠯᠤᠭᠰᠠᠨ ᠢᠶᠠᠷ ᠪᠤᠯ ᠡᠳᠡᠭᠡᠷ ᠴᠢᠯᠠᠭᠤᠵᠢᠮᠠᠯ ᠪᠤᠯ ᠪᠦᠷ ᠳᠤᠮᠤ ᠤᠷᠤᠭᠤᠯᠳᠤ ᠬᠢᠷᠢᠰ ᠤᠨ ᠴᠢᠯᠠᠭᠤᠵᠢᠮᠠᠯ ᠪᠤᠯᠬᠤ ᠪᠦᠭᠡᠳ ᠮᠠᠨ ᠤ ᠤᠯᠤᠰ ᠠᠴᠠ ᠤᠯᠳᠠᠭᠰᠠᠨ ᠭᠤᠷᠪᠠᠳᠤᠭᠠᠷ ᠭᠠᠯᠠᠪ ᠤᠨ ᠦᠶ᠎ᠡ ᠶᠢᠨ ᠬᠢᠷᠢᠰ ᠤᠨ ᠴᠢᠯᠠᠭᠤᠵᠢᠮᠠᠯ ᠤᠨ ᠪᠠᠰᠠ ᠨᠢᠭᠡᠨ ᠴᠢᠬᠤᠯᠠ ᠶᠡᠭᠡ ᠢᠯᠡᠷᠡᠬᠦᠯᠦᠯᠳᠡ ᠪᠤᠯᠤᠨ᠎ᠠ᠃      ᠳᠦᠷᠪᠡᠳ ᠬᠤᠰᠢᠭᠤᠨ ᠤ ᠨᠤᠳᠤᠭ ᠳᠡᠪᠢᠰᠭᠡᠷ ᠳᠡᠭᠡᠷ᠎ᠡ ᠬᠦᠬᠦᠳᠡᠨ ᠠᠮᠢᠳᠠᠨ ᠤ ᠴᠢᠯᠠᠭᠤᠵᠢᠮᠠᠯ ᠮᠠᠰᠢ ᠤᠯᠠᠨ ᠪᠠᠶᠢᠳᠠᠭ᠃ ᠳᠤᠰ ᠵᠠᠭᠤᠨ ᠤ ᠡᠬᠢᠨ ᠤ ᠦᠶ᠎ᠡ ᠪᠠᠷ ᠹᠷᠠᠨᠽᠢ᠂ ᠠᠮᠧᠷᠢᠺᠠ᠂ ᠵᠦᠪᠯᠡᠯᠳᠦ᠂ ᠺᠠᠨᠠᠳᠠ᠂ ᠰᠸᠧᠳᠧᠨ ᠵᠡᠷᠭᠡ ᠤᠯᠤᠰ ᠤᠨ ᠡᠷᠳᠡᠨ ᠤ ᠠᠮᠢᠳᠤ ᠪᠤᠳᠠᠰ ᠤᠨ ᠤᠬᠠᠭᠠᠨᠳᠠᠳ ᠪᠤᠯᠤᠨ ᠳᠤᠰᠬᠠᠢ ᠮᠡᠷᠭᠡᠵᠢᠯᠳᠡᠳ ᠤᠷᠢᠳ ᠬᠤᠵᠢᠳ ᠠᠳᠡ ᠢᠷᠡᠵᠤ ᠪᠠᠶᠢᠴᠠᠭᠠᠯᠳᠠ ᠬᠢᠵᠤ ᠦᠩᠭᠡᠷᠡᠵᠡᠢ᠃᠃ ᠳᠡᠭᠡᠬᠦ ᠪᠠᠷ ᠢᠶᠠᠨ ᠬᠦᠮᠦᠰ ᠠᠳᠡᠬᠢ ᠭᠠᠵᠠᠷ ᠤᠷᠤᠨ ᠢ ᠳᠡᠯᠡᠬᠡᠢ ᠳᠤ ᠠᠯᠳᠠᠷᠰᠢᠭᠰᠠᠨ ︽ᠴᠢᠯᠠᠭᠤᠵᠢᠮᠠᠯ ᠤᠨ ᠨᠤᠳᠤᠭ︾ ᠭᠡᠳᠡᠭ ᠪᠢᠯᠡ᠃
 
ᠢᠷᠡᠯᠲᠡ᠄ 《ᠲᠦᠷᠪᠡᠤᠨ ᠤᠨ ᠰᠤᠶᠤᠯ ᠲᠡᠤᠬᠡ ᠶᠢᠨ ᠬᠡᠯᠬᠢᠶᠡᠰᠦ》 ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2