ᠲᠦᠷᠪᠡᠤᠨ ᠬᠤᠰᠢᠭᠤᠨ ᠤ ᠴᠡᠴᠡᠷᠯᠢᠭᠵᠢᠭᠦᠯᠦᠯᠲᠡ ᠶᠢᠨ ᠲᠤᠪᠴᠢᠶ᠎ᠠ ᠬᠤᠲᠠ ᠪᠠᠯᠭᠠᠰᠤᠨ ᠤ ᠨᠤᠭᠤᠭᠠᠷᠠᠭᠤᠯᠤᠯᠲᠠ ᠶᠢᠨ ᠰᠡᠯᠪᠢᠨ ᠵᠠᠰᠠᠬᠤ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2018-04-02
    ᠦᠨᠦ ᠵᠢᠯ ᠤᠨ ᠤᠯᠠᠭᠠᠨᠬᠤᠸᠠ ᠪᠠᠯᠭᠠᠰᠤᠨ ᠤ ᠴᠡᠴᠡᠷᠯᠢᠭᠵᠢᠭᠦᠯᠦᠯᠲᠡ ᠨᠤᠭᠤᠭᠠᠷᠠᠭᠤᠯᠤᠯᠲᠠ ᠶᠢᠨ ᠠᠵᠢᠯ ᠢ ᠰᠠᠶᠢᠳᠤᠷ ᠬᠢᠬᠦ ᠶᠢᠨ ᠲᠦᠯᠦᠭᠡ᠂ ᠬᠤᠰᠢᠭᠤᠨ ᠤ ᠴᠡᠴᠡᠷᠯᠢᠭᠵᠢᠭᠦᠯᠦᠯᠲᠡ ᠶᠢᠨ ᠲᠤᠪᠴᠢᠶ᠎ᠠ ᠴᠡᠴᠡᠷᠯᠢᠭᠵᠢᠭᠦᠯᠦᠯᠲᠡ  ᠶᠢᠨ ᠠᠷᠠᠴᠢᠯᠠᠨ ᠬᠠᠮᠠᠭᠠᠯᠠᠬᠤ ᠲᠦᠷᠢᠮ ᠶᠤᠰᠤᠭᠠᠷ᠂ ᠨᠠᠷᠢᠨ ᠬᠢᠨᠠᠮᠠᠭᠠᠢ ᠠᠷᠠᠴᠢᠯᠠᠨ ᠬᠠᠮᠠᠭᠠᠯᠠᠬᠤ ᠠᠵᠢᠯ ᠤᠨ ᠠᠷᠭ᠎ᠠ ᠠᠪᠴᠠᠯ ᠢ ᠬᠡᠷᠡᠭᠵᠢᠭᠦᠯᠵᠡᠢ᠃ ᠭᠤᠤᠯ ᠨᠢ ᠮᠤᠳᠤᠨ ᠳᠡᠭᠡᠷᠡᠬᠢ ᠦᠭᠦᠭᠰᠡᠨ ᠡᠰᠢ ᠶᠢ ᠤᠭᠲᠤᠯᠤᠨ ᠵᠠᠰᠠᠵᠤ᠂ ᠬᠤᠭ ᠡᠪᠰᠦ ᠶᠢ ᠠᠷᠢᠯᠭᠠᠨ᠂ ᠬᠤᠷᠤᠬᠠᠢ ᠰᠢᠪᠠᠵᠢ ᠶᠢ ᠰᠡᠷᠭᠡᠶᠢᠯᠡᠬᠦ᠂ ᠤᠰᠤ ᠰᠠᠶᠢᠨ ᠤᠰᠤᠯᠠᠬᠤ ᠠᠵᠢᠯ ᠢ ᠰᠠᠶᠢᠳᠦᠷ ᠬᠢᠬᠦ ᠪᠤᠯᠤᠨ᠎ᠠ᠃     ᠲᠤᠰ ᠤᠳᠠᠭᠠᠨ ᠤ ᠦᠷᠨᠢᠭᠦᠯᠦᠭᠰᠡᠨ ᠴᠡᠪᠡᠷᠯᠡᠬᠦ ᠠᠵᠢᠯ ᠨᠢ ᠤᠷᠭᠤᠮᠠᠯ ᠤᠨ ᠬᠡᠪ ᠤᠨ ᠦᠰᠦᠯᠲᠡ ᠪᠠ ᠦᠵᠡᠮᠵᠢ ᠶᠢᠨ ᠪᠠᠶᠢᠳᠠᠯ ᠢ ᠬᠠᠮᠭᠠᠯᠠᠵᠤ᠂ ᠮᠦᠨᠴᠦ ᠰᠠᠭᠤᠭᠠᠯᠢ ᠠᠷᠠᠤᠨ ᠤᠨ ᠰᠠᠷᠠᠭᠤᠯ ᠰᠠᠶᠢᠬᠠᠨ ᠠᠮᠢᠳᠤᠷᠠᠯ ᠢ ᠤᠯᠠᠮ ᠴᠢᠨᠠᠭᠰᠢᠳᠠ ᠦᠭᠡᠷᠡᠴᠢᠯᠡᠭᠰᠡᠨ ᠪᠠᠶᠢᠨ᠎ᠠ᠃
 
ᠢᠷᠡᠯᠲᠡ᠄ ᠲᠦᠷᠪᠡᠤᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2