ᠬᠤᠰᠢᠭᠤᠨ ᠤ ᠰᠤᠶᠤᠯ ᠵᠢᠭᠤᠯᠴᠢᠯᠠᠯ ᠰᠤᠨᠢᠨ ᠮᠡᠳᠡᠭᠡ ᠷᠠᠳᠢᠤ᠋ ᠲᠧᠯᠸᠢᠰ ᠤᠨ ᠲᠤᠪᠴᠢᠶ᠎ᠠ ᠠᠷᠠᠤᠨ ᠲᠤ ᠲᠤᠰᠠᠯᠠᠬᠤ ᠰᠤᠶᠤᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠭᠦᠯᠪᠡ
ᠨᠡᠶᠢᠲᠡᠯᠡᠭᠰᠡᠨ ᠴᠠᠭ᠄
2018-04-02
    ᠠᠷᠠᠤᠨ ᠤᠯᠠᠨ ᠤ ᠰᠤᠶᠤᠯ ᠤᠨ ᠤᠷᠮ᠎ᠠ ᠵᠤᠷᠢᠭ ᠤᠨ ᠱᠠᠭᠠᠷᠠᠳᠠᠯᠭ᠎ᠠ ᠶᠢ ᠤᠯᠠᠮ ᠴᠢᠨᠠᠭᠰᠢᠳᠠ ᠬᠠᠨᠭ᠍ᠭᠠᠬᠤ ᠶᠢᠨ ᠲᠦᠯᠦᠭᠡ᠂ ᠲᠦᠷᠪᠡᠤᠨ ᠬᠤᠰᠢᠭᠤᠨ ᠤ ᠰᠤᠶᠤᠯ ᠵᠢᠭᠤᠯᠴᠢᠯᠠᠯ ᠰᠤᠨᠢᠨ ᠮᠡᠳᠡᠭᠡ ᠷᠠᠳᠢᠤ᠋ ᠲᠧᠯᠸᠢᠰ ᠤᠨ ᠲᠤᠪᠴᠢᠶ᠎ᠠ ᠵᠧᠩ ᠪᠧᠢ ᠳᠠᠭᠤᠤ ᠪᠦᠵᠢᠭ ᠤᠨ ᠪᠦᠯᠬᠦᠮ ᠪᠤᠯᠤᠨ ᠬᠤᠪᠢᠯᠭᠠᠨ ᠵᠠᠪᠢ ᠤᠷᠠᠯᠢᠭ ᠤᠨ ᠪᠦᠯᠬᠦᠮ ᠢ ᠲᠤᠬᠢᠷᠠᠭᠤᠯᠤᠨ᠂ 3 ᠰᠠᠷ᠎ᠠ ᠶᠢᠨ 14 ᠤ ᠡᠳᠦᠷ ᠠᠴᠠ ᠡᠬᠢᠯᠡᠨ᠂ ᠬᠦᠳᠡᠭᠡ ᠲᠤᠰᠬᠤᠨ ᠳᠤ ᠪᠠᠭᠤᠵᠤ᠂ ᠲᠤᠭᠯᠠᠯᠠᠲᠠ ᠭᠠᠷᠭᠠᠨ᠂ ᠠᠷᠠᠤᠨ ᠲᠦᠮᠡᠨ ᠳᠤ ᠨᠠᠮ ᠤᠨ ᠬᠠᠯᠠᠭᠤᠨ ᠰᠡᠤᠨᠬᠢᠯ ᠢ ᠬᠦᠷᠭᠡᠵᠦ᠂《 ᠡᠶ᠎ᠡ ᠵᠤᠬᠢᠴᠠᠯᠲᠦ ᠲᠦᠷᠪᠡᠤᠨ》 ᠤᠨ ᠪᠦᠲᠦᠭᠡᠨ ᠪᠠᠶᠢᠭᠤᠯᠤᠯᠲᠠ ᠳᠤ ᠰᠢᠯᠢᠳᠡᠭ ᠰᠠᠶᠢᠨ ᠤᠬᠠᠭᠤᠯᠭ᠎ᠠ ᠪᠠ ᠵᠤᠷᠢᠭᠵᠢᠭᠤᠯᠤᠯᠲᠠ ᠬᠠᠨᠭ᠍ᠭᠠᠭᠰᠠᠨ ᠪᠠᠶᠢᠨ᠎ᠠ᠃    ᠤᠳᠤ ᠪᠤᠯᠳᠠᠯ᠎ᠠ᠂ 53 ᠭᠠᠴᠠᠭ᠎ᠠ ᠲᠤᠰᠬᠤᠨ ᠳᠤ ᠤᠴᠢᠵᠤ᠂ 104 ᠤᠳᠠᠭ᠎ᠠ ᠲᠤᠭᠯᠠᠯᠲᠠ ᠭᠠᠷᠭᠠᠨ᠂ ᠦᠵᠡᠭᠴᠢ ᠶᠢᠨ ᠪᠦᠷᠢᠤᠨᠬᠡᠭᠰᠡᠨ ᠲᠤᠭ᠎ᠠ 8000 ᠬᠦᠮᠦᠨ ᠳᠤ ᠬᠦᠷᠦᠭᠰᠡᠨ ᠪᠠᠶᠢᠨ᠎ᠠ᠃ ᠠᠭᠤᠯᠭ᠎ᠠ ᠨᠢ ᠪᠠᠶᠠᠯᠢᠭ᠂ ᠬᠡᠯᠪᠡᠷᠢ ᠨᠢ ᠰᠢᠨ᠎ᠡ ᠰᠡᠪᠡᠭᠦᠨ ᠤᠴᠢᠷ ᠠᠴᠠ ᠤᠯᠠᠨ ᠲᠦᠮᠡᠨ ᠤ ᠲᠠᠭᠠᠰᠢᠶᠠᠯ ᠢ ᠤᠯᠵᠤ᠂ ᠤᠯᠠᠨ ᠲᠦᠮᠡᠨ ᠤ ᠰᠤᠶᠤᠯ ᠤᠨ ᠵᠤᠷᠢᠭ ᠰᠠᠨᠠᠭ᠎ᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠦᠭᠰᠡᠨ ᠪᠠᠶᠢᠨ᠎ᠠ᠃ ᠮᠠᠨ ᠤ ᠬᠤᠰᠢᠭᠤ ᠬᠦᠳᠡᠭᠡ ᠲᠤᠰᠬᠤᠨ ᠳᠤ ᠪᠠᠭᠤᠵᠤ ᠠᠷᠠᠤᠨ ᠲᠤ ᠲᠤᠰᠠᠯᠠᠬᠤ ᠲᠤᠭᠯᠠᠯᠲᠠ ᠶᠢᠨ ᠠᠵᠢᠯᠯᠠᠭ᠎ᠠ ᠦᠷᠨᠢᠭᠦᠯᠦᠭᠰᠡᠨ ᠨᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠭᠠᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯ ᠢ ᠪᠠᠳᠠᠷᠠᠭᠤᠯᠤᠨ᠂ ᠦᠨᠳᠦᠰᠦᠨ ᠱᠠᠲᠤᠨ ᠳᠤ ᠭᠦᠨᠵᠡᠭᠡᠶᠢᠷᠡᠨ ᠠᠷᠠᠤᠨ ᠲᠤ ᠲᠤᠰᠠᠯᠠᠬᠤ ᠰᠤᠶᠤᠯ ᠤᠨ ᠤᠶᠢᠯᠡᠳᠦᠯᠭᠡ ᠢ ᠦᠷᠨᠢᠭᠦᠯᠪᠡ᠃
 
ᠢᠷᠡᠯᠲᠡ᠄ ᠲᠦᠷᠪᠡᠤᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2