ᠸᠠᠩ ᠭᠤᠣ ᠺᠦᠢ
ᠨᠡᠶᠢᠲᠡᠯᠡᠭᠰᠡᠨ ᠴᠠᠭ᠄
2018-04-24
    ᠸᠠᠩ ᠭᠤᠣ ᠺᠦᠢ᠂ ᠡᠷᠡᠭᠲᠠᠢ᠂ ᠬᠢᠲᠠᠤᠨ ᠦᠨᠳᠦᠰᠦᠲᠡᠨ᠂ 1974 ᠤᠨ ᠤ 3 ᠰᠠᠷ᠎ᠠ ᠳᠤ ᠲᠦᠷᠦᠪᠡ᠃ ᠹᠸᠡᠭᠵᠸᠡ ᠬᠤᠲᠠ ᠶᠢᠨ ᠬᠦᠮᠦᠨ᠂1995 ᠤᠨ ᠤ 7 ᠰᠠᠷ᠎ᠠ ᠳᠤ ᠠᠵᠢᠯ ᠳᠤ ᠤᠷᠤᠵᠤ᠂ 1996 ᠤᠨ ᠤ 6 ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠤᠷᠤᠪᠠ᠃ ᠦᠪᠦᠷ ᠮᠤᠩᠭᠤᠯ ᠤᠨ ᠨᠠᠮ ᠤᠨ ᠰᠤᠷᠭᠠᠭᠤᠯᠢ  ᠠᠴᠠ ᠲᠡᠭᠦᠰᠴᠦ᠂  ᠰᠤᠳᠤᠯᠬᠤ ᠰᠤᠷᠤᠭᠴᠢ ᠶᠢᠨ ᠨᠠᠮᠳᠠᠷ ᠲᠠᠢ  ᠃ ᠤᠳᠤ ᠲᠦᠷᠪᠡᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠦᠪᠯᠡᠯ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ  ᠃1991.09 —1995.07 ᠪᠤᠯᠳᠠᠯ᠎ᠠ᠂ ᠤᠯᠠᠭᠠᠨᠴᠠᠪ ᠠᠶᠢᠮᠠᠭ ᠤᠨ ᠲᠠᠷᠢᠶᠠᠯᠠᠩ ᠮᠠᠯ ᠠᠵᠤ ᠠᠬᠠᠤᠢ ᠶᠢᠨ ᠰᠤᠷᠭᠠᠭᠤᠯᠢ ᠶᠢᠨ ᠤᠯᠠᠨ ᠲᠦᠷᠦᠯ ᠤᠨ ᠡᠵᠡᠩᠨᠡᠯᠳᠡ ᠶᠢᠨ ᠠᠩᠭᠢ ᠳᠤ ᠰᠤᠷᠤᠯᠴᠠᠵᠤ ᠪᠠᠶᠢᠪᠠ᠃1995.07 —1998.02 ᠪᠤᠯᠳᠠᠯ᠎ᠠ᠂ ᠹᠸᠡᠭᠵᠸᠡ ᠬᠤᠲᠠ ᠶᠢᠨ ᠰᠢᠨ᠎ᠡ ᠴᠧᠩ ᠸᠠᠨ ᠰᠢᠶᠠᠩ ᠤᠨ ᠵᠠᠰᠠᠭ ᠤᠨ ᠤᠷᠳᠤᠨ ᠤ ᠨᠠᠷᠢᠨ ᠪᠢᠴᠢᠭᠡᠴᠢ ᠪᠠᠷ ᠠᠵᠢᠯᠯᠠᠵᠤ ᠪᠠᠶᠢᠪᠠ᠃1998.02 —2000.06 ᠪᠤᠯᠳᠠᠯ᠎ᠠ᠂ ᠹᠸᠡᠭᠵᠸᠡ ᠬᠤᠲᠠ ᠶᠢᠨ ᠬᠤᠨ ᠶᠤᠸᠠᠨ ᠣᠣ ᠰᠢᠶᠠᠩ ᠤᠨ ᠵᠠᠰᠠᠭ ᠤᠨ ᠤᠷᠳᠤᠨ ᠤ ᠳᠡᠳ᠋ ᠰᠢᠶᠠᠩ ᠤᠨ ᠳᠠᠷᠤᠭ᠎ᠠ ᠪᠠᠷ ᠠᠵᠢᠯᠯᠠᠵᠤ᠂ ( ᠡᠨᠡᠬᠦ ᠬᠤᠭᠤᠴᠠᠭᠠᠨ ᠳᠤ᠄1999.12 —2000.06 ᠪᠤᠯᠳᠠᠯ᠎ᠠ᠂ ᠹᠸᠡᠭᠵᠸᠡ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ ᠪᠠᠷ ᠲᠦᠷ ᠴᠠᠭ ᠰᠢᠯᠵᠢᠭᠦᠯᠦᠨ ᠠᠵᠢᠯᠯᠠᠵᠤ ᠪᠠᠶᠢᠵᠠᠢ᠃)2000.06 —2004.02 ᠪᠤᠯᠳᠠᠯ᠎ᠠ᠂ ᠹᠸᠡᠭᠵᠸᠡ ᠬᠤᠲᠠ ᠶᠢᠨ ᠡᠪᠯᠡᠯ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃2004.02 —2007.03 ᠪᠤᠯᠳᠠᠯ᠎ᠠ᠂ ᠹᠸᠡᠭᠵᠧᠨ ᠬᠤᠲᠠ ᠶᠢᠨ ᠬᠠᠭᠤᠴᠢᠨ ᠬᠤᠲᠠ ᠶᠢᠨ ᠲᠤᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯ ᠤᠨ ᠵᠦᠪᠯᠡᠯ ᠳᠤ ᠱᠦᠵᠢ ᠶᠢᠨ ᠲᠤᠰᠢᠶᠠᠯ ᠢ ᠬᠠᠷᠢᠭᠤᠴᠠᠵᠤ᠂ ( 2002.08 —2004.12 ᠪᠤᠯᠳᠠᠯ᠎ᠠ᠂ ᠲᠦᠪ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ ᠰᠤᠷᠤᠯᠴᠠᠬᠤ ᠲᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠵᠢᠩᠭᠢᠨᠢ ᠠᠩᠭᠢ ᠳᠤ  ᠰᠤᠷᠤᠯᠴᠠᠪᠠ᠃)2007.03 —2010.09 ᠪᠤᠯᠳᠠᠯ᠎ᠠ᠂ ᠤᠯᠠᠭᠠᠨᠴᠠᠪ ᠬᠤᠳᠠ ᠶᠢᠨ ᠡᠪᠯᠡᠯ ᠤᠨ ᠬᠤᠷᠢᠶᠠᠨ ᠤ ᠳᠡᠳ᠋ ᠱᠦᠵᠢ᠂ ᠨᠠᠮ ᠤᠨ ᠳᠤᠭᠤᠶᠢᠯᠠᠩ ᠤᠨ ᠭᠡᠰᠢᠭᠦᠨ ᠢᠶᠠᠷ ᠠᠵᠢᠯᠯᠠᠵᠤ᠂ ( 2010.04-2010.09 ᠪᠤᠯᠳᠠᠯ᠎ᠠ᠂ ᠡᠪᠯᠡᠯ ᠤᠨ ᠬᠤᠷᠢᠶᠠᠨ ᠤ ᠠᠵᠢᠯ ᠢ ᠭᠤᠤᠯᠯᠠᠨ ᠡᠷᠬᠢᠯᠡᠵᠤ᠂2006.10 —2011.09 ᠪᠤᠯᠳᠠᠯ᠎ᠠ᠂ ᠤᠯᠠᠭᠠᠨᠴᠠᠪ ᠬᠤᠲᠠ  ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠢᠶᠠᠷ ᠠᠵᠢᠯᠯᠠᠪᠠ᠃ )2010.09 —2016.06 ᠪᠤᠯᠳᠠᠯ᠎ᠠ᠂ ᠤᠯᠠᠭᠠᠨᠴᠠᠪ ᠬᠤᠲᠠ ᠶᠢᠨ ᠬᠢᠨᠠᠨ ᠪᠤᠳᠤᠬᠤ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ᠂ ᠨᠠᠮ ᠤᠨ ᠳᠤᠭᠤᠶᠢᠠᠯᠡᠭ ᠤᠨ ᠭᠡᠰᠢᠭᠦᠨ ᠢᠶᠠᠷ ᠠᠵᠢᠯᠯᠠᠵᠤ᠂ ( 2010.08 —2013.01 ᠪᠤᠯᠳᠠᠯ᠎ᠠ᠂ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠰᠤᠳᠤᠯᠬᠤ ᠰᠤᠷᠤᠭᠴᠢ ᠶᠢᠨ ᠠᠩᠭᠢ ᠳᠤ  ᠰᠤᠷᠤᠯᠴᠠᠪᠠ᠃)2016.06 —2017.10 ᠪᠤᠯᠳᠠᠯ᠎ᠠ᠂  ᠲᠦᠷᠪᠡᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠵᠠᠰᠠᠭ ᠤᠨ ᠤᠷᠳᠤᠨ ᠤ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃2017.10 — ᠤᠳᠤ ᠪᠤᠯᠳᠠᠯ᠎ᠠ᠂ ᠲᠦᠷᠪᠡᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠦᠪᠯᠡᠯ ᠤᠨ ᠱᠦᠵᠢ ᠶᠢᠨ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃
 
ᠢᠷᠡᠯᠲᠡ᠄ ᠬᠤᠰᠢᠭᠤᠨ ᠤ ᠵᠤᠬᠢᠶᠠᠨ ᠪᠠᠶᠢᠭᠤᠯᠬᠤ ᠬᠡᠯᠲᠡᠰ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2