ᠳᠦᠷᠪᠡᠳ ᠬᠤᠰᠢᠭᠤ ᠬᠠᠪᠤᠷ ᠤᠨ ᠤᠯᠠᠷᠢᠯ ᠤᠨ ᠭᠠᠯ ᠰᠡᠷᠬᠡᠶᠢᠯᠡᠬᠦ ᠠᠵᠢᠯ ᠢ ᠴᠢᠩᠭ᠎ᠠ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2018-04-09
  ᠭᠠᠯ ᠳᠦᠢᠮᠡᠷ ᠢ ᠰᠡᠷᠬᠡᠶᠢᠯᠡᠬᠦ ᠠᠵᠢᠯ ᠪᠤᠯ ᠠᠷᠠᠳ ᠳᠦᠮᠡᠨ ᠤ ᠠᠮᠢ ᠨᠠᠰᠦ᠂ ᠡᠳ᠋ ᠬᠦᠷᠦᠩᠬᠡ᠂ ᠠᠵᠣ ᠠᠮᠢᠳᠣᠷᠠᠯ ᠲᠠᠢ ᠰᠢᠭᠤᠳ ᠬᠤᠯᠪᠣᠭᠳᠠᠬᠤ ᠳᠦᠢᠯ ᠤᠨ ᠴᠢᠬᠤᠯᠠ ᠠᠵᠢᠯ ᠤᠨ ᠨᠢᠬᠡ ᠪᠣᠯᠬᠤ ᠶᠤᠮ᠃ ᠦᠢᠷ᠎ᠠ ᠳᠤ ᠳᠦᠷᠪᠡᠳ ᠬᠤᠰᠢᠭᠤ ᠬᠠᠪᠣᠷ ᠤᠨ ᠣᠯᠠᠷᠢᠯ ᠤᠨ ᠨᠣᠳᠤᠭ ᠪᠡᠯᠴᠢᠭᠡᠷ ᠣᠢ ᠰᠢᠭᠤᠢ ᠶᠢᠨ ᠭᠠᠯ ᠳᠦᠢᠮᠠᠷ ᠢ ᠰᠡᠷᠬᠡᠶᠢᠯᠡᠬᠦ ᠠᠵᠢᠯ ᠢ ᠴᠢᠬᠤᠯᠠᠴᠢᠯᠠᠨ ᠠᠳᠬᠤᠭᠰᠠᠨ ᠪᠠᠶᠢᠨ᠎ᠠ᠃         ᠡᠨᠡ ᠵᠢᠯ ᠮᠠᠨ ᠤ ᠬᠤᠳᠠ ᠡᠪᠦᠯ ᠳᠡᠭᠡᠨ ᠴᠠᠰᠦ ᠪᠠᠭ᠎ᠠ᠂ ᠭᠠᠩ ᠬᠠᠭᠤᠷᠠᠢ ᠪᠠᠶᠢᠵᠤ᠂ ᠬᠠᠪᠣᠷ ᠤᠨ ᠠᠭᠤᠷ ᠤᠷᠤᠭᠰᠠᠨᠨ ᠠᠴᠠ ᠨᠠᠰᠢ ᠰᠠᠯᠬᠢ ᠶᠡᠬᠡᠳᠡᠢ ᠵᠡᠷᠬᠡ ᠤᠯᠠᠨ ᠳᠠᠯ᠎ᠠ ᠶᠢᠨ ᠰᠢᠯᠳᠠᠭᠠᠨ ᠠᠴᠠ ᠪᠤᠯᠵᠤ᠂ ᠭᠠᠯ ᠲᠦᠢᠮᠡᠷ ᠤᠨ ᠠᠶᠤᠯ ᠡᠭᠦᠰᠬᠦ ᠪᠤᠯᠤᠯᠴᠠᠭ᠎ᠠ ᠴᠤ ᠶᠡᠭᠡ ᠪᠠᠷ ᠨᠡᠮᠡᠭᠳᠡᠵᠠᠢ᠃         ︽ᠬᠡᠷᠡᠭ ᠣᠴᠢᠷ ᠬᠡᠩᠬᠡᠷᠡᠭᠡ ᠴᠠᠩ ᠲᠠᠢ ᠢᠷᠡᠳᠡᠭ ᠦᠬᠡᠢ︾ ᠬᠡᠳᠡᠭᠴᠢᠯᠡᠨ ᠳᠦᠷᠪᠡᠳ ᠬᠤᠰᠢᠭᠤᠨ ᠤ ᠭᠠᠯ ᠳᠦᠢᠮᠡᠷ ᠢ ᠰᠡᠷᠬᠡᠶᠢᠯᠡᠬᠦ ᠰᠠᠯᠠᠭ᠎ᠠ ᠮᠦᠴᠢᠷ ᠤᠨ ᠬᠢᠨ ᠰᠣᠷᠳᠠᠯ ᠣᠬᠠᠭᠤᠯᠭ᠎ᠠ ᠶᠢᠨ ᠠᠵᠢᠯ ᠢᠶᠠᠨ ᠢᠮᠠᠭᠳᠠ ᠴᠢᠩᠭᠠᠳᠬᠠᠵᠣ᠂ ᠦᠨᠳᠦᠰᠦᠨ ᠱᠠᠳᠣᠨ ᠳᠤ ᠬᠦᠨᠵᠡᠬᠡᠶᠢᠷᠡᠵᠣ᠂ ᠭᠠᠯ ᠳᠦᠢᠮᠡᠷ ᠠᠮᠠᠷᠬᠠᠨ ᠡᠬᠦᠰᠬᠦ ᠪᠣᠯᠣᠯᠴᠠᠭ᠎ᠠ ᠲᠠᠢ ᠭᠠᠵᠠᠷ ᠣᠷᠣᠨ ᠳᠤ ᠦᠷᠬᠦᠯᠵᠢ ᠶᠢᠨ ᠴᠢᠨᠠᠷᠳᠠᠢ ᠴᠠᠭᠳᠠᠨ ᠪᠠᠶᠢᠴᠠᠭᠠᠯᠳᠠ ᠬᠢᠵᠣ᠂ ᠳᠣᠰᠬᠠᠢ ᠬᠦᠮᠦᠨ ᠳᠣᠮᠢᠯᠠᠨ ᠴᠠᠭᠳᠠᠭᠤᠯᠵᠤ ᠪᠠᠶᠢᠨ᠎ᠠ᠃          ᠳᠦᠷᠪᠡᠳ ᠬᠤᠰᠢᠭᠤᠨ ᠤ ᠭᠠᠯ ᠰᠡᠷᠬᠡᠶᠢᠯᠡᠯᠳᠡ ᠶᠢᠨ ᠰᠠᠯᠠᠭ᠎ᠠ ᠮᠦᠴᠢᠷ ᠤᠨ ᠬᠢᠨ ᠬᠠᠣᠯᠢ ᠳᠦᠷᠢᠮ ᠢ ᠴᠢᠩᠭ᠎ᠠ ᠰᠠᠬᠢᠵᠣ᠂ ᠡᠬᠦᠷᠬᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠵᠤ᠂ ᠭᠠᠷᠴᠤ ᠮᠡᠳᠡᠬᠦ ᠭᠠᠢ ᠭᠠᠮᠰᠢᠭ ᠢ ᠬᠠᠮᠤᠭ ᠳᠣᠣᠷ᠎ᠠ ᠬᠡᠮᠵᠢᠶᠡᠨ ᠳᠤ ᠬᠢᠵᠠᠭᠠᠷᠯᠠᠬᠤ ᠪᠠᠷ ᠴᠢᠷᠮᠠᠶᠢᠨ ᠠᠵᠢᠯᠯᠠᠵᠤ ᠪᠠᠶᠢᠨ᠎ᠠ᠃ ᠢᠯᠠᠩᠭᠤᠶ᠎ᠠ ᠬᠠᠩᠰᠢᠨ ᠤ ᠦᠶ᠎ᠡ ᠪᠠᠷ ᠤᠯᠠᠨ ᠲᠦᠮᠡᠨ ᠳᠡᠬᠡᠳᠦᠰ ᠤᠨ ᠢᠶᠠᠨ ᠣᠩᠭᠤᠨ ᠪᠣᠯᠠᠰᠢᠨ ᠳᠤ ᠬᠦᠷᠴᠤ ᠳᠣᠶ᠋ᠢᠩ ᠳᠦᠯᠡᠰᠢ ᠰᠢᠳᠠᠭᠠᠵᠤ᠂ ᠰᠠᠨᠠᠭᠠᠨ ᠠᠴᠠ ᠪᠤᠰᠤ ᠭᠠᠯ ᠳᠦᠢᠮᠡᠷ ᠭᠠᠷᠬᠤ ᠶᠢ ᠤᠨᠴᠠᠭᠠᠢᠢᠯᠠᠨ ᠠᠩᠬᠠᠷᠴᠤ ᠪᠤᠢ᠃          ᠭᠠᠯ ᠰᠡᠷᠬᠡᠶᠢᠢᠯᠡᠯᠳᠡ ᠶᠢᠨ ᠰᠠᠯᠠᠭ᠎ᠠ ᠮᠦᠴᠢᠷ ᠤᠨ ᠬᠢᠨ ᠠᠴᠠ ᠤᠯᠠᠨ ᠲᠦᠮᠡᠨ ᠳᠤ ᠳᠡᠬᠡᠳᠦᠰ ᠤᠨ ᠢᠶᠠᠨ ᠣᠩᠭᠤᠨ ᠪᠣᠯᠠᠰᠢ ᠶᠢ ᠪᠤᠯᠪᠠᠰᠤᠨ ᠢᠶᠠᠷ ᠳᠠᠬᠢᠬᠤ ᠶᠢ ᠰᠠᠨᠠᠭᠠᠴᠢᠯᠠᠵᠣ᠂ ᠴᠠᠭ ᠢᠮᠠᠭᠳᠠ ᠰᠡᠷᠡᠮᠵᠢ ᠪᠠᠨ ᠳᠡᠬᠡᠭᠰᠢᠯᠡᠬᠦᠯᠵᠣ᠂ ᠭᠠᠳᠠᠭᠰᠢ ᠳᠣᠳᠣᠭᠰᠢ ᠶᠠᠪᠣᠵᠣ ᠰᠠᠭᠤᠬᠤ ᠳᠠᠭᠠᠨ ᠭᠠᠯ ᠳᠦᠢᠮᠡᠷ ᠢ ᠣᠷᠢᠳᠴᠢᠯᠠᠨ ᠰᠡᠷᠬᠡᠶᠢᠯᠡᠬᠦ ᠶᠢ ᠡᠷᠬᠢᠮᠯᠡᠵᠣ᠂ ᠳᠣᠰᠦ ᠣᠰᠦ ᠪᠠ ᠭᠠᠯ ᠲᠠᠢ ᠦᠨᠡᠰᠦ᠂ ᠳᠠᠮᠠᠬᠢᠨ ᠶᠣᠵᠣᠭᠤᠷ ᠵᠡᠷᠬᠡ ᠶᠢᠨ ᠶᠠᠭᠤᠮᠠᠨ ᠠᠴᠠ ᠭᠠᠯ ᠠᠯᠳᠠᠬᠤ ᠶᠢ ᠴᠠᠭ ᠢᠮᠠᠬᠲᠠ ᠰᠡᠷᠬᠡᠶᠢᠯᠡᠵᠣ᠂ ᠦᠷᠬᠦᠯᠵᠢ ᠪᠠᠶᠢᠴᠠᠭᠠᠨ ᠦᠵᠡᠬᠦ ᠬᠡᠷᠡᠭᠳᠡᠢ ᠬᠡᠵᠤ ᠰᠠᠨᠠᠭᠤᠯᠤᠭᠰᠠᠨ ᠪᠠᠶᠢᠨ᠎ᠠ᠃
 
ᠢᠷᠡᠯᠲᠡ᠄ ᠲᠦᠷᠪᠡᠤᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2