ᠳᠦᠷᠪᠡᠳ ᠬᠤᠰᠢᠭᠤᠨ ᠤ ᠭᠤᠤᠯ ᠠᠵᠤ ᠠᠬᠤᠢ ᠲᠤᠭᠳᠠᠭᠤᠨ ᠬᠦᠭᠵᠢᠯᠲᠡ ᠲᠠᠢ ᠦᠷ᠎ᠡ ᠠᠰᠢᠭ ᠨᠢ ᠢᠯᠡᠳᠲᠡ ᠪᠤᠯᠪᠠ
ᠨᠡᠶᠢᠲᠡᠯᠡᠭᠰᠡᠨ ᠴᠠᠭ᠄
2018-04-09
    ᠤᠯᠤᠰ ᠤᠨ ︽13 · 5︾ ᠲᠦᠯᠦᠪᠵᠢᠭᠦᠯᠭᠡ ᠶᠢᠨ ᠡᠬᠢᠨ ᠤ ᠵᠢᠯ ᠳᠤ ᠳᠦᠷᠪᠡᠳ ᠬᠤᠰᠢᠭᠤᠨ ᠤ 22 ᠲᠦᠮᠡᠨ ᠺᠠᠳ᠋ᠷ ᠤᠯᠠᠨ ᠲᠦᠮᠡᠨ ᠲᠦᠪ ᠤᠨ ︽ᠳᠦᠷᠪᠡᠨ ᠪᠦᠬᠦ ᠲᠠᠯ ᠎ᠠ︾ ᠶᠢᠨ ᠪᠠᠶᠢᠯᠳᠤᠬᠤ ᠪᠤᠳᠤᠯᠭ᠎ᠠ ᠶᠢᠨ ᠲᠤᠭᠤᠷᠢᠨ ᠳᠤ ᠪᠦᠯᠬᠦᠮᠳᠡᠨ ᠨᠢᠭᠡᠳᠴᠦ᠂ ᠶᠠᠳᠠᠭᠤ ᠠᠴᠠ ᠠᠩᠭᠢᠵᠢᠷᠠᠬᠤ ᠭᠤᠤᠯ ᠪᠠᠶᠢᠭᠤᠯᠤᠯᠲᠠ ᠳᠤ ᠬᠦᠴᠦᠨ ᠢᠶᠠᠨ ᠲᠦᠪᠯᠡᠷᠡᠭᠦᠯᠦᠨ᠂ ᠪᠤᠳᠠᠳᠤ ᠲᠦᠷᠦᠯ ᠵᠦᠢᠯ ᠤᠨ ᠪᠠᠶᠢᠭᠤᠯᠤᠯᠲᠠ ᠪᠠᠨ ᠳᠦᠷᠭᠡᠳᠭᠡᠨ ᠠᠭᠢᠭᠤᠯᠤᠭᠰᠠᠨ ᠠᠴᠠ ᠪᠦᠬᠦ ᠬᠤᠰᠢᠭᠤᠨ ᠤ ᠭᠤᠤᠯ ᠠᠵᠤ ᠠᠬᠤᠢ ᠲᠤᠭᠳᠠᠭᠤᠨ ᠬᠦᠭᠵᠢᠯᠲᠡ ᠲᠠᠢ ᠪᠤᠯᠵᠤ᠂ ᠦᠷ ᠎ᠡ ᠠᠰᠢᠭ ᠨᠢ ᠳᠡᠭᠡᠭᠰᠢᠯᠡᠨ᠂ ᠠᠷᠠᠳ ᠤᠨ ᠠᠮᠢᠳᠤᠷᠠᠯ ᠢᠯᠡᠳᠲᠡ ᠰᠠᠶᠢᠵᠢᠷᠠᠯᠲᠠ ᠲᠠᠢ ᠪᠤᠯᠤᠭᠰᠠᠨ ᠪᠠᠶᠢᠨ᠎ᠠ᠃ ᠳᠤᠬᠠᠢᠢᠯᠠᠪᠠᠯ᠂ ᠦᠢᠯᠡᠳᠪᠦᠷᠢ ᠠᠵᠤ ᠠᠬᠤᠢᠢᠯᠠᠯ ᠤᠨ ᠳᠠᠯ ᠎ᠠ ᠪᠠᠷ 16.4 ᠳ᠋ᠥ᠋ᠩᠰᠢᠭᠤᠷ ᠳᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠵᠦ᠂ 8 ᠲᠤᠮᠤ ᠲᠦᠷᠦᠯ ᠵᠦᠢᠯ ᠤᠨ ᠪᠠᠶᠢᠭᠤᠯᠤᠯᠲᠠ ᠶᠢ ᠠᠰᠢᠭᠯᠠᠯᠲᠠ ᠳᠤ ᠤᠷᠤᠭᠤᠯᠤᠭᠰᠠᠨ ᠪᠠᠶᠢᠨ᠎ᠠ᠃ ᠮᠠᠯ ᠲᠠᠷᠢᠶᠠᠯᠠᠩ ᠦᠢᠯᠡᠳᠪᠦᠷᠢᠯᠡᠯ ᠨᠡᠯᠢᠶᠡᠳ ᠬᠦᠨᠳᠦ ᠭᠠᠩ ᠭᠠᠮᠰᠢᠭᠲᠤ ᠪᠠᠶᠢᠳᠠᠯ ᠳᠤᠤᠷ ᠎ᠠ ᠡᠯᠪᠡᠭ ᠬᠤᠷᠢᠶᠠᠯᠳᠠ ᠪᠠᠨ ᠪᠠᠲᠤᠯᠠᠵᠤ᠂ ᠲᠦᠮᠦᠰᠦᠨ ᠤ ᠤᠨᠠᠯᠲᠠ 17.2 ᠳ᠋ᠥ᠋ᠩᠰᠢᠭᠤᠷ ᠵᠢᠩ ᠳᠤ ᠬᠦᠷᠴᠤ᠂ ᠪᠤᠰᠤᠭ᠎ᠠ ᠮᠠᠯ ᠤᠨ ᠲᠤᠭ᠎ᠠ ᠪᠦᠬᠦ ᠭᠠᠷᠭᠠᠯᠳᠠ ᠪᠠᠨ ᠬᠠᠰᠤᠭᠠᠳ ᠮᠦᠨᠭᠦ 100 ᠲᠦᠮᠡ ᠳᠤ ᠦᠷᠬᠦᠯᠵᠢᠯᠡᠨ ᠲᠤᠭᠳᠠᠪᠤᠷᠢᠵᠢᠭᠰᠠᠨ ᠪᠠᠶᠢᠨ᠎ᠠ᠃ ᠡᠭᠦᠨ ᠳᠤ ᠳᠦᠷᠪᠡᠳ ᠳᠡᠮᠳᠡᠭᠲᠦ ᠰᠢᠨ᠎ᠡ ᠡᠭᠦᠯᠳᠡᠷ ᠤᠨ ᠢᠳᠡᠰᠢᠨ ᠬᠤᠨᠢᠨ ᠤ ᠠᠵᠤ ᠦᠢᠯᠡᠰ ᠡᠷᠬᠢᠯᠡᠵᠦ ᠪᠠᠶᠢᠬᠤ ᠮᠠᠯᠴᠢᠳ ᠤᠨ ᠬᠤᠷᠰᠢᠶ ᠎ᠠ 500 ᠭᠠᠷᠤᠢ ᠪᠤᠯᠵᠦ᠂ ᠤᠷᠤᠯᠴᠠᠵᠤ ᠪᠠᠶᠢᠭ᠎ᠠ ᠮᠠᠯᠵᠢᠬᠤ ᠡᠷᠦᠬᠡ 2280 ᠪᠤᠯᠵᠤ᠂ ᠵᠢᠯ ᠳᠤ 30 ᠲᠦᠮᠡᠨ ᠰᠢᠨ᠎ᠡ ᠡᠭᠦᠯᠳᠡᠷ ᠤᠨ ᠢᠳᠡᠰᠢᠨ ᠤ ᠬᠤᠨᠢ ᠪᠤᠶᠢᠵᠢᠭᠤᠯᠵᠤ ᠪᠤᠷᠤᠯᠠᠭᠤᠯᠬᠤ ᠬᠦᠴᠦᠨ ᠲᠠᠢ ᠪᠤᠯᠵᠠᠢ᠃ ᠪᠤᠬᠢᠷᠲᠤᠯ ᠦᠭᠡᠢ ᠴᠡᠪᠡᠷ ᠡᠨᠧᠷᠬᠢ ᠶᠢᠨ ᠴᠠᠬᠢᠯᠭᠠᠨ ᠤ ᠮᠠᠰᠢᠨ ᠲᠤᠨᠤᠭᠯᠠᠯ ᠤᠨ ᠪᠠᠭᠳᠠᠭᠠᠮᠵᠢ ᠶᠢᠨ ᠬᠡᠮᠵᠢᠶ ᠎ᠡ 106 ᠲᠦᠮᠡᠨ ᠴᠢᠶᠠᠨ᠋ᠧᠲ ᠲᠤ ᠬᠦᠷᠴᠦ᠂ ᠵᠢᠯ ᠤᠨ ᠴᠠᠬᠢᠯᠭᠠᠨ ᠭᠠᠷᠭᠠᠬᠤ ᠬᠡᠮᠵᠢᠶ ᠎ᠡ 18.3 ᠳ᠋ᠥ᠋ᠩᠰᠢᠭᠤᠷ ᠭᠷᠠᠳᠦ᠋ᠰ ᠪᠤᠯᠤᠭᠰᠠᠨ ᠪᠠᠶᠢᠨ᠎ᠠ᠃ ᠨᠢᠳᠦᠨᠦᠨ ᠭᠡᠭᠡᠨᠲᠠᠯ᠎ᠠ ᠵᠤᠭᠠᠴᠠᠯ ᠤᠨ ᠲᠦᠪ ᠡᠭᠦᠳᠡ ᠪᠠᠨ ᠬᠠᠭᠠᠭᠰᠠᠨ ᠪᠠᠶᠢᠳᠠᠯ ᠳᠤᠤᠷ ᠎ᠠ᠂ ᠨᠡᠭᠦᠳᠡᠯ ᠮᠠᠯᠵᠢᠯ ᠤᠨ ᠤᠨᠴᠠᠯᠢᠭ ᠪᠦᠬᠦᠢ ᠰᠤᠶᠤᠯ ᠵᠤᠭᠠᠴᠠᠯ ᠤᠨ ᠠᠵᠤ ᠦᠢᠯᠡᠰ ᠦᠷᠬᠦᠯᠵᠢᠯᠡᠨ ᠪᠤᠵᠠᠭᠠᠢᠢᠷᠠᠵᠤ᠂ 35 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ 2.2 ᠳ᠋ᠥ᠋ᠩᠰᠢᠭᠤᠷ ᠳᠦᠭᠦᠷᠢᠭ ᠤᠨ ᠠᠰᠢᠭ ᠤᠷᠤᠯᠭ᠎ᠠ ᠡᠭᠦᠳᠦᠭᠰᠡᠨ ᠪᠠᠶᠢᠨ᠎ᠠ᠃ ᠰᠢᠨ᠎ᠠ ᠪᠠᠷ ᠪᠠᠶᠢᠭᠤᠯᠤᠭᠰᠠᠨ ᠴᠠᠷᠳᠠᠮᠠᠯ ᠵᠠᠮ 417  ᠺᠢᠯᠦᠮᠧᠲᠷ ᠪᠤᠯᠵᠤ᠂ 2029 ᠶᠠᠳᠠᠭᠤ ᠬᠦᠴᠢᠷᠳᠡᠯᠳᠤ ᠬᠦᠮᠦᠰ ᠢ ᠶᠠᠳᠠᠭᠤ ᠠᠴᠠ ᠪᠦᠷᠢᠮᠦᠰᠦᠨ ᠠᠩᠭᠢᠵᠢᠷᠠᠭᠤᠯᠤᠭᠠᠳ ᠪᠦᠬᠦᠯᠢ ᠴᠤᠭᠴᠠ ᠪᠠᠷ ᠶᠠᠳᠠᠭᠤ ᠠᠴᠠ ᠠᠩᠭᠢᠵᠢᠷᠠᠬᠤ ᠪᠠᠶᠢᠭᠤᠯᠤᠯᠲᠠ ᠪᠠᠨ ᠬᠦᠴᠦᠲᠡᠢ ᠲᠦᠯᠬᠢᠨ ᠠᠭᠢᠭᠤᠯᠵᠠᠢ᠃           ᠨᠢᠳᠦᠨᠦᠨ ᠲᠤᠰ ᠬᠤᠰᠢᠭᠤᠨ ᠤ ᠤᠷᠤᠨ ᠨᠤᠲᠤᠭ ᠤᠨ ᠠᠵᠤ ᠦᠢᠯᠡᠳᠪᠦᠷᠢᠯᠡᠯ ᠤᠨ ᠶᠡᠷᠦᠩᠬᠡᠢ ᠦᠷᠲᠡᠭ 6018 ᠳ᠋ᠥ᠋ᠩᠰᠢᠭᠤᠷ ᠳᠦᠭᠦᠷᠢᠭ ᠲᠤ ᠬᠦᠷᠴᠦ᠂ 8.1% ᠪᠠᠷ ᠨᠡᠮᠡᠭᠳᠡᠭᠰᠡᠨ ᠪᠠᠶᠢᠨ᠎ᠠ᠃ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 2.2 ᠳ᠋ᠥ᠋ᠩᠰᠢᠭᠤᠷ ᠲᠦᠭᠦᠷᠢᠭ ᠲᠤ ᠬᠦᠷᠴᠦ᠂ 17.5% ᠪᠠᠷ ᠨᠡᠮᠡᠭᠳᠡᠵᠦ᠂ 3 ᠵᠢᠯ ᠳᠠᠷᠠᠭᠠᠯᠠᠨ 2 ᠳ᠋ᠥ᠋ᠩᠰᠢᠭᠤᠷ ᠳᠦᠭᠦᠷᠢᠭ ᠤᠨ ᠪᠤᠭᠤᠮᠳᠠ ᠶᠢ ᠲᠤᠭᠳᠠᠭᠤᠨ ᠳᠠᠪᠠᠪᠠ᠃ ᠪᠦᠬᠦ ᠬᠤᠰᠢᠭᠤᠨ ᠤ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ 47.6 ᠳ᠋ᠥ᠋ᠩᠰᠢᠭᠤᠷ ᠲᠦᠭᠦᠷᠢᠭ ᠲᠤ ᠬᠦᠷᠴᠦ᠂ 14.5% ᠪᠠᠷ ᠨᠡᠮᠡᠭᠳᠡᠵᠡᠢ᠃ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠪᠦᠷᠢ ᠠᠵᠤ ᠠᠬᠤᠢᠢᠯᠠᠯ ᠤᠨ ᠪᠡᠶᠡᠯᠡᠭᠦᠯᠦᠭᠰᠡᠨ ᠨᠡᠮᠡᠭᠳᠡᠯ ᠦᠷᠲᠡᠭ 16 ᠳ᠋ᠥ᠋ᠩᠰᠢᠭᠤᠷ ᠲᠦᠭᠦᠷᠢᠭ ᠲᠤ ᠬᠦᠷᠴᠦ᠂ 7.8% ᠪᠠᠷ ᠨᠡᠮᠡᠭᠳᠡᠵᠦ᠂ ᠵᠠᠬ ᠎ᠠ ᠳᠡᠯᠭᠡᠭᠦᠷ ᠲᠠᠬᠢ ᠨᠡᠶᠢᠭᠡᠮ ᠤᠨ ᠬᠡᠷᠡᠭᠯᠡᠭᠡᠨ ᠤ ᠰᠤᠯᠠ ᠪᠠᠷ ᠪᠤᠷᠤᠯᠠᠭᠤᠯᠤᠭᠰᠠᠨ ᠨᠤᠷᠮ᠎ᠠ 23.6 ᠳ᠋ᠥ᠋ᠩᠰᠢᠭᠤᠷ ᠲᠦᠭᠦᠷᠢᠭ ᠲᠤ ᠬᠦᠷᠴᠦ᠂ 12% ᠢᠶᠠᠷ ᠨᠡᠮᠡᠭᠳᠡᠭᠰᠡᠨ ᠪᠠᠶᠢᠨ᠎ᠠ᠃ ᠨᠡᠩ ᠳᠤᠷᠠᠳᠤᠯᠲᠠᠢ ᠨᠢ᠂ ᠮᠠᠯ ᠳᠠᠷᠢᠶᠠᠯᠠᠩ ᠠᠴᠠ ᠭᠠᠳᠠᠨ᠎ᠠ ᠭᠤᠷᠪᠠᠳᠤᠭᠠᠷ ᠠᠵᠤ ᠦᠢᠯᠡᠰ ᠦᠷᠨᠢᠩᠬᠦᠢ ᠬᠦᠭᠵᠢᠭᠰᠡᠨ ᠠᠴᠠ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠤᠪᠢᠶᠠᠷᠢᠯᠠᠵᠤ ᠪᠤᠯᠬᠤ ᠳᠤᠮᠳᠠᠴᠢ ᠤᠷᠤᠯᠭ᠎ᠠ 24986 ᠲᠦᠭᠦᠷᠢᠭ ᠲᠤ ᠬᠦᠷᠴᠦ᠂ 9% ᠪᠠᠷ ᠨᠡᠮᠡᠭᠳᠡᠵᠦ᠂ ᠮᠠᠯᠴᠢᠨ ᠳᠠᠷᠢᠶᠠᠴᠢᠳ ᠤᠨ ᠬᠤᠪᠢᠶᠠᠷᠢᠯᠠᠵᠤ ᠪᠤᠯᠬᠤ ᠬᠦᠮᠦᠨ ᠳᠤᠮᠳᠠᠴᠢ ᠴᠡᠪᠡᠷ ᠤᠷᠤᠯᠭ᠎ᠠ 9425 ᠲᠦᠭᠦᠷᠢᠭ ᠲᠤ ᠬᠦᠷᠴᠦ᠂ 11% ᠪᠠᠷ ᠨᠡᠮᠡᠭᠳᠡᠭᠰᠡᠨ ᠪᠠᠶᠢᠨ᠎ᠠ᠃
 
ᠢᠷᠡᠯᠲᠡ᠄ ᠲᠦᠷᠪᠡᠤᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2