ᠬᠤᠰᠢᠭᠤᠨ ᠤ ᠰᠤᠶᠤᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠤᠩᠬᠡᠢ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠷᠠᠳᠢᠤ᠋ ᠲᠧᠯᠸᠢᠰ ᠤᠨ ᠲᠠᠮᠵᠢᠭᠤᠯᠬᠤ ᠬᠦᠷᠢᠶ᠎ᠡ ᠴᠠᠷ᠎ᠠ  ᠳᠠᠬᠢ ᠦᠵᠡᠯ ᠰᠤᠷᠲᠠᠯ ᠤᠨ ᠠᠮᠤᠷ ᠲᠦᠪᠰᠢᠨ ᠤ ᠪᠠᠶᠢᠴᠠᠭᠠᠯᠲᠠ ᠬᠢᠭᠰᠡᠨ ᠪᠠᠶᠢᠨ᠎ᠠ
ᠨᠡᠶᠢᠲᠡᠯᠡᠭᠰᠡᠨ ᠴᠠᠭ᠄
2018-06-15
     ︽ᠦᠪᠡᠷᠲᠡᠭᠡᠨ ᠵᠠᠰᠠᠬᠤ ᠤᠷᠤᠨ ᠤ ᠰᠤᠨᠢᠨ ᠮᠡᠳᠡᠭᠡ  ᠬᠡᠪᠯᠡᠯ ᠨᠡᠶᠢᠲᠠᠯᠡᠯ ᠷᠠᠳᠢᠤ᠋ ᠲᠧᠯᠸᠢᠰ ᠬᠤᠷᠢᠶᠠᠨ ᠤ ᠰᠤᠶᠤᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠷᠠᠳᠢᠤ᠋ ᠲᠧᠯᠸᠢᠰ ᠤᠨ ᠲᠠᠮᠵᠢᠭᠤᠯᠬᠤ ᠬᠦᠷᠢᠶ᠎ᠡ ᠴᠠᠷ᠎ᠠ ᠳᠠᠬᠢ ᠦᠵᠡᠯ ᠰᠤᠷᠲᠠᠯ ᠳᠤ ᠶᠠᠪᠤᠭᠤᠯᠬᠤ ᠠᠮᠤᠷ ᠲᠦᠪᠰᠢᠨ ᠤ ᠪᠠᠶᠢᠴᠠᠭᠠᠯᠲᠠ ᠶᠢᠨ ᠮᠡᠳᠡᠭᠳᠡᠯ︾ ᠤᠨ ᠠᠯᠪᠠᠨ ᠪᠢᠴᠢᠭ ᠤᠨ ᠵᠤᠷᠢᠭ ᠰᠠᠨᠠᠭ᠎ᠠ ᠶᠢ ᠬᠢᠨᠠᠮᠠᠭᠠᠢ  ᠲᠤᠤᠱᠯᠠᠭᠤᠯᠵᠤ᠂  ᠬᠤᠰᠢᠭᠤᠨ ᠤ ᠷᠠᠳᠢᠤ᠋ ᠲᠧᠯᠸᠢᠰ ᠲᠠᠮᠵᠢᠭᠤᠯᠬᠤ ᠰᠦᠯᠵᠢᠶ᠎ᠡ ᠪᠠ ᠲᠠᠮᠵᠢᠭᠤᠯᠬᠤ ᠠᠭᠤᠯᠭ᠎ᠠ ᠶᠢᠨ ᠠᠮᠤᠷ ᠲᠦᠪᠰᠢᠨ ᠢ ᠪᠠᠳᠤᠯᠠᠬᠤ ᠶᠢᠨ ᠲᠤᠯᠲᠠ᠂ ᠮᠠᠨ ᠤ ᠶᠡᠭᠡ ᠠᠩᠭᠢ ᠪᠦᠬᠦ ᠬᠤᠰᠢᠭᠤᠨ ᠤ ᠬᠡᠪᠴᠢᠶᠡᠨ ᠳᠤ ᠤᠳᠤᠨ ᠲᠧᠯᠸᠢᠰ ᠷᠠᠳᠢᠤ᠋ ᠨᠡᠪᠲᠡᠷᠡᠭᠦᠯᠭᠡ ᠶᠢᠨ ᠭᠠᠵᠠᠷ ᠤᠨ ᠭᠠᠳᠠᠷᠭᠤ ᠶᠢᠨ ᠬᠦᠯᠢᠶᠡᠨ ᠠᠪᠬᠤ ᠲᠦᠬᠦᠭᠡᠷᠤᠮᠵᠢ ᠳᠤ ᠲᠤᠰᠬᠠᠢ ᠪᠠᠶᠢᠴᠠᠭᠠᠯᠲᠠ ᠬᠢᠭᠰᠡᠨ ᠪᠠᠶᠢᠨ᠎ᠠ᠃       6 ᠰᠠᠷ᠎ᠠ ᠶᠢᠨ12 ᠤ ᠡᠳᠤᠷ᠂ ᠮᠠᠨ ᠤ ᠶᠡᠭᠡ ᠠᠩᠭᠢ ᠠᠮᠤᠷ ᠢ ᠬᠠᠮᠠᠭᠠᠯᠠᠬᠤ ᠲᠤᠪᠴᠢᠶ᠎ᠠ᠂ ᠤᠶᠢᠯᠡᠳᠪᠤᠷᠢ ᠬᠤᠳᠠᠯᠳᠤᠭ᠎ᠠ ᠶᠢᠨ ᠬᠠᠮᠢᠶ᠎ᠠ ᠪᠦᠬᠦᠢ ᠨᠢᠭᠡᠴᠡ ᠲᠠᠢ  ᠬᠠᠮᠲᠤᠷᠠᠵᠤ᠂ ᠤᠳᠤᠨ ᠲᠧᠯᠸᠢᠰ ᠷᠠᠳᠢᠤ᠋ ᠨᠡᠪᠲᠡᠷᠡᠭᠦᠯᠭᠡ ᠶᠢᠨ ᠲᠤᠤᠷ ᠰᠦᠯᠵᠢᠶᠡᠨ ᠤ ᠬᠦᠯᠢᠶᠡᠨ ᠠᠪᠬᠤ ᠲᠦᠬᠦᠭᠡᠷᠤᠮᠵᠢ ᠳᠤ ᠲᠤᠰᠬᠠᠢ ᠪᠠᠶᠢᠴᠠᠭᠠᠯᠲᠠ ᠬᠢᠵᠤ᠂ ᠤᠳᠤᠨ ᠲᠧᠯᠸᠢᠰ  ᠤᠨ ᠲᠤᠤᠷ ᠰᠦᠯᠵᠢᠶᠡᠨ ᠤ ᠬᠦᠯᠢᠶᠡᠨ ᠠᠪᠬᠤ ᠲᠦᠬᠦᠭᠡᠷᠤᠮᠵᠢ ᠶᠢ ᠬᠠᠤᠯᠢ ᠪᠤᠰᠤ ᠪᠠᠷ ᠪᠤᠷᠤᠯᠠᠭᠤᠯᠬᠤ᠂ ᠤᠭᠰᠠᠷᠴᠤ ᠦᠭᠬᠦ ᠶᠢ ᠴᠢᠩᠭ᠎ᠠ ᠪᠠᠶᠢᠴᠠᠭᠠᠨ ᠰᠢᠢᠳᠭᠡᠵᠤ᠂ ᠬᠤᠰᠢᠭᠤᠨ ᠤ ᠰᠤᠶᠤᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠴᠡᠪᠡᠷᠯᠡᠨ ᠪᠠᠶᠢᠴᠠᠭᠠᠬᠤ ᠬᠦᠴᠤᠯᠡᠴᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠠᠢ᠃        ᠡᠨᠡ ᠤᠳᠠᠭᠠᠨ ᠤ ᠲᠤᠰᠬᠠᠢ ᠪᠠᠶᠢᠴᠠᠭᠠᠯᠲᠠ ᠨᠢ᠂  ᠵᠤᠴᠢᠳ ᠤᠨ ᠪᠠᠭᠤᠳᠠᠯ ᠠᠷᠢᠬᠢᠨ ᠤ ᠮᠤᠬᠤᠯᠠᠭ ᠤᠨ ᠤᠳᠤᠨ ᠲᠧᠯᠸᠢᠰ ᠤᠨ ᠭᠠᠵᠠᠷ ᠶᠢᠨ ᠭᠠᠳᠠᠷᠭᠤ ᠶᠢᠨ ᠬᠦᠯᠢᠶᠡᠨ ᠠᠪᠬᠤ ᠲᠦᠬᠦᠭᠡᠷᠤᠮᠵᠢ ᠬᠡᠷᠡᠭᠯᠡᠵᠤ ᠪᠠᠶᠢᠬᠤ ᠵᠢᠴᠢ ᠪᠠᠯᠭᠠᠰᠤᠨ ᠳᠤᠲᠤᠷᠠᠬᠢ ᠴᠠᠬᠢᠯᠭᠠᠨ ᠬᠡᠷᠡᠭᠰᠡᠯ ᠤᠨ ᠳᠡᠯᠭᠡᠭᠦᠷ ᠤᠳ ᠤᠨ ᠤᠳᠤᠨ ᠲᠧᠯᠸᠢᠰ ᠤᠨ ᠲᠤᠤᠷ ᠰᠦᠯᠵᠢᠶᠡᠨ  ᠤ ᠬᠦᠯᠢᠶᠡᠨ ᠠᠪᠬᠤ ᠲᠦᠬᠦᠭᠡᠷᠤᠮᠵᠢ ᠶᠢ ᠪᠤᠷᠤᠯᠠᠭᠤᠯᠵᠤ ᠪᠠᠶᠢᠭ᠎ᠠ ᠪᠠᠶᠢᠳᠠᠯ ᠲᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠤ᠂ ᠬᠢᠯᠢ ᠶᠢᠨ ᠭᠠᠳᠠᠨᠠᠬᠢ ᠬᠠᠤᠯᠢ ᠪᠤᠰᠤ ᠤᠳᠤᠨ ᠲᠧᠯᠸᠢᠰ ᠢ ᠬᠦᠯᠢᠶᠡᠨ ᠠᠪᠬᠤ ᠲᠤᠤᠷ ᠰᠦᠯᠵᠢᠶᠡᠨ ᠤ ᠲᠦᠬᠦᠭᠡᠷᠤᠮᠵᠢ ᠶᠢ ᠪᠠᠶᠢᠴᠠᠭᠠᠬᠤ ᠪᠠᠷ ᠭᠤᠤᠯ ᠠᠭᠤᠯᠭ᠎ᠠ ᠪᠤᠯᠭᠠᠵᠤ᠂ ᠦᠷᠭᠡᠨ ᠬᠡᠪᠴᠢᠶ᠎ᠡ ᠪᠠᠷ  ᠤᠬᠠᠭᠤᠯᠤᠨ᠂ ᠠᠷᠠᠳ ᠲᠦᠮᠡᠨ ᠳᠤ ᠤᠳᠤᠨ ᠲᠧᠯᠸᠢᠰ ᠤᠨ ᠭᠠᠵᠠᠷ ᠤᠨ ᠭᠠᠳᠠᠷᠭᠤ ᠶᠢᠨ ᠬᠦᠯᠢᠶᠡᠨ ᠠᠪᠬᠤ ᠲᠦᠬᠦᠭᠡᠷᠤᠮᠵᠢ ᠪᠠ ᠲᠤᠤᠷ ᠰᠦᠯᠵᠢᠶ᠎ᠡ ᠪᠠᠷ ᠲᠧᠯᠸᠢᠰ ᠦᠵᠡᠬᠦ ᠲᠦᠬᠦᠭᠡᠷᠤᠮᠵᠢ ᠶᠢᠨ ᠲᠤᠬᠠᠢ ᠤᠯᠤᠰ ᠠᠴᠠ ᠬᠡᠷᠡᠭᠵᠢᠭᠦᠯᠵᠤ ᠪᠠᠶᠢᠭ᠎ᠠ ᠬᠠᠮᠢᠶ᠎ᠠ ᠪᠦᠬᠦᠢ ᠬᠠᠤᠯᠢ ᠴᠠᠭᠠᠵᠠ ᠶᠢ ᠤᠶᠢᠯᠭᠠᠭᠤᠯᠤᠭᠰᠠᠨ ᠪᠠᠶᠢᠨ᠎ᠠ᠃ ᠬᠡᠷᠪᠡ ᠬᠠᠤᠯᠢ ᠪᠤᠰᠤ ᠪᠠᠷ ᠪᠤᠷᠤᠯᠠᠭᠤᠯᠬᠤ᠂ ᠤᠭᠰᠠᠷᠠᠨ ᠬᠡᠷᠡᠭᠯᠡᠬᠦ ᠵᠢᠴᠢ ᠤᠲᠠᠰᠤᠲᠤ ᠲᠧᠯᠸᠢᠰ ᠤᠨ ᠳᠤᠬᠢᠶ᠎ᠠ ᠲᠡᠮᠳᠡᠭ ᠢ ᠬᠠᠭᠤᠯᠤᠨ ᠲᠠᠷᠬᠠᠭᠰᠠᠨ ᠪᠠᠶᠢᠪᠠᠯ᠂ ᠲᠡᠷᠡ ᠳᠠᠷᠤᠢ ᠳᠤᠨᠢ ᠬᠠᠤᠯᠢ ᠪᠠᠷ ᠰᠢᠢᠳᠭᠡᠨ᠎ᠡ᠃ ᠳᠠᠷᠠᠭ᠎ᠠ ᠨᠢ᠂ ᠪᠠᠯᠭᠠᠰᠤᠨ ᠲᠤᠲᠤᠷᠠᠬᠢ ᠴᠠᠬᠢᠯᠭᠠᠨ ᠬᠡᠷᠡᠭᠰᠡᠯ ᠤᠨ ᠳᠡᠯᠭᠡᠭᠦᠷ᠂ ᠵᠤᠴᠢᠳ ᠤᠨ ᠪᠠᠭᠤᠳᠠᠯ ᠪᠠ ᠰᠠᠭᠤᠭᠠᠯᠢ ᠠᠷᠠᠳ ᠲᠤ ᠪᠠᠶᠢᠴᠠᠭᠠᠯᠲᠠ ᠬᠢᠬᠦ ᠶᠢᠨ ᠳᠠᠭᠠᠤ ᠬᠠᠮᠢᠭ᠎ᠠ ᠪᠦᠬᠦᠢ ᠬᠠᠤᠯᠢ ᠴᠠᠭᠠᠵᠠ ᠶᠢ ᠲᠦᠬᠡᠮᠡᠯᠵᠢᠭᠦᠯᠦᠭᠰᠡᠨ ᠪᠠᠶᠢᠨ᠎ᠠ᠃       ᠲᠤᠰ ᠤᠳᠠᠭᠠᠨ ᠤ ᠪᠠᠶᠢᠴᠠᠭᠠᠯᠲᠠ ᠳᠤ ᠨᠡᠶᠢᠲᠠ500 ᠢᠯᠡᠭᠦᠤ ᠬᠠᠤᠯᠢ ᠬᠡᠷᠡᠭᠵᠢᠭᠦᠯᠬᠦ ᠬᠦᠮᠤᠨ ᠤᠷᠤᠯᠴᠠᠵᠤ᠂ ᠬᠤᠳᠠᠯᠳᠤᠭ᠎ᠠ ᠳᠡᠯᠭᠡᠭᠦᠷ120 ᠭᠠᠷᠤᠢ ᠡᠷᠤᠬᠡ᠂ ᠵᠤᠴᠢᠳ ᠤᠨ ᠪᠠᠭᠤᠳᠠᠯ ᠠᠷᠢᠬᠢᠨ ᠮᠤᠬᠤᠯᠠᠭ10 ᠭᠠᠷᠤᠢ ᠡᠷᠤᠬᠡ ᠶᠢ ᠪᠠᠶᠢᠴᠠᠭᠠᠵᠠᠢ᠃       ᠬᠤᠶᠢᠰᠢᠲᠠ᠂ ᠮᠠᠨ ᠤ ᠠᠩᠭᠢ ᠦᠵᠡᠯ ᠰᠤᠷᠲᠠᠯ ᠤᠨ ᠠᠮᠤᠷ ᠲᠦᠪᠰᠢᠨ ᠤ ᠬᠠᠮᠠᠭᠠᠯᠠᠯᠲᠠ ᠶᠢ ᠦᠷᠬᠦᠯᠵᠢᠯᠡᠨ ᠴᠢᠩᠭᠠᠳᠬᠠᠵᠤ᠂ ᠰᠤᠶᠤᠯ ᠤᠨ ᠵᠠᠬ᠎ᠠ ᠳᠡᠯᠭᠡᠭᠦᠷ ᠤᠨ ︿ᠱᠠᠯᠢᠭ ᠵᠠᠪᠬᠠᠢ ᠪᠠ ᠬᠠᠤᠯᠢ ᠪᠤᠰᠤ ᠬᠡᠪᠯᠡᠯ ᠲᠠᠢ ᠲᠡᠮᠡᠴᠡᠬᠦ  ﹀ ᠬᠢᠨᠠᠨ ᠬᠠᠮᠢᠶᠠᠷᠬᠤ ᠡᠭᠦᠷᠭᠡ ᠲᠤᠰᠢᠶᠠᠯ ᠢᠶᠠᠨ ᠲᠤᠤᠱᠲᠠᠢ ᠬᠡᠷᠡᠭᠵᠢᠬᠦᠯᠵᠤ᠂ ᠮᠠᠨ ᠤ ᠬᠤᠰᠢᠭᠤᠨ ᠤ ᠠᠮᠤᠷ ᠲᠦᠪᠰᠢᠨ ᠡᠩᠬᠡ ᠲᠠᠶᠢᠪᠤᠩ ᠰᠤᠶᠤᠯ ᠤᠨ ᠵᠠᠬ᠎ᠠ ᠳᠡᠯᠭᠡᠭᠦᠷ ᠤᠨ ᠳᠢᠭᠯᠢᠮ ᠶᠢ ᠰᠠᠬᠢᠨ ᠬᠠᠮᠠᠭᠠᠯᠠᠨ᠎ᠠ᠃
 
ᠢᠷᠡᠯᠲᠡ᠄ ᠳᠦᠷᠪᠡᠳ ᠬᠤᠰᠢᠭᠤᠨ ᠤ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2