ᠮᠠᠨ ᠤ ᠬᠤᠰᠢᠭᠤ ﹇6.16﹈ ᠪᠦᠬᠦ ᠳᠡᠯᠡᠬᠡᠢ ᠶᠢᠨ ᠠᠮᠤᠷ ᠲᠦᠪᠰᠢᠨ ᠪᠠᠷ ᠤᠶᠢᠯᠡᠳᠪᠤᠷᠢᠯᠡᠬᠦ ᠰᠠᠷ᠎ᠠ  ᠶᠢᠨ ᠠᠰᠠᠭᠤᠨ ᠯᠠᠪᠯᠠᠬᠤ ᠬᠦᠳᠡᠯᠭᠡᠭᠡᠨ ᠦᠷᠨᠢᠭᠦᠯᠦᠭᠰᠡᠨ ᠨᠢ
ᠨᠡᠶᠢᠲᠡᠯᠡᠭᠰᠡᠨ ᠴᠠᠭ᠄
2018-06-20
    6 ᠰᠠᠷ᠎ᠠ ᠶᠢᠨ16 ᠤ ᠡᠳᠤᠷ᠂  ︿ᠠᠮᠢ ᠨᠠᠰᠤ ᠶᠢ ᠳᠡᠭᠡᠳᠤᠯᠡᠵᠤ᠂ ᠠᠮᠤᠷ ᠲᠦᠪᠰᠢᠨ ᠢ  ᠪᠠᠳᠤᠯᠠᠬᠤ﹀ ᠰᠡᠳᠤᠪ   ᠲᠠᠢ17 ᠳᠠᠬᠢ ᠤᠳᠠᠭᠠᠨ ᠤ ︿ᠠᠮᠤᠷ ᠲᠦᠪᠰᠢᠨ ᠪᠠᠷ ᠤᠶᠢᠯᠡᠳᠪᠤᠷᠢᠯᠡᠬᠦ ᠰᠠᠷ᠎ᠠ﹀ ᠶᠢᠨ ᠠᠰᠠᠭᠤᠨ ᠯᠠᠪᠯᠠᠬᠤ ᠬᠦᠳᠡᠯᠭᠡᠭᠡᠨ᠂ ᠬᠤᠰᠢᠭᠤ ᠵᠠᠰᠠᠭ ᠤᠨ ᠤᠷᠳᠤᠨ ᠤ ᠠᠭᠤᠲᠠᠮ ᠲᠡᠯᠠᠪᠠᠢ ᠳᠤ ᠡᠬᠢᠯᠡᠯᠲᠠ ᠶᠢᠨ ᠬᠦᠰᠢᠭᠡ ᠪᠠᠨ ᠨᠡᠭᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠴᠧᠩ ᠭᠤᠸᠠᠩ ᠾᠦᠢ᠂  ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ ᠯᠢᠦ ᠯᠢᠩ ᠸᠠᠩ᠂ ᠤᠯᠠᠭᠠᠨᠬᠤᠸᠠ ᠪᠠᠯᠭᠠᠰᠤᠨ ᠤ ᠪᠠᠯᠭᠠᠰᠤᠨ ᠳᠠᠷᠤᠭ᠎ᠠ ᠯᠤ᠋ ᠵᠢᠶᠠᠨ ᠵᠢᠶᠦ᠋ᠨ᠂ ᠬᠤᠰᠢᠭᠤᠨ ᠤ ᠠᠮᠤᠷ ᠢ ᠬᠠᠮᠠᠭᠠᠯᠠᠬᠤ ᠵᠦᠪᠯᠡᠯ ᠤᠨ ᠪᠦᠷᠢᠯᠳᠦᠬᠦᠨ ᠪᠠᠶᠢᠭᠤᠯᠭ᠎ᠠ ᠪᠤᠯᠬᠤ ᠳᠤᠲᠤᠭᠠᠳᠤ ᠶᠢ ᠬᠠᠮᠠᠭᠠᠯᠠᠬᠤ ᠲᠤᠪᠴᠢᠶ᠎ᠠ᠂ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ᠂ ᠰᠤᠷᠭᠠᠨ ᠬᠦᠮᠤᠵᠢᠯ ᠤᠨ ᠲᠤᠪᠴᠢᠶ᠎ᠠ᠂ ᠠᠶᠤᠯ ᠦᠭᠡᠢ ᠤᠶᠢᠯᠡᠳᠪᠤᠷᠢᠯᠡᠬᠦ ᠬᠠᠮᠢᠶᠠᠷᠤᠯᠲᠠ ᠶᠢᠨ ᠲᠤᠪᠴᠢᠶ᠎ᠠ᠂ ᠭᠠᠯ ᠰᠡᠷᠭᠡᠶᠢᠯᠡᠯᠲᠠ ᠶᠢᠨ ᠶᠡᠭᠡ ᠠᠩᠭᠢ ᠵᠡᠷᠭᠡ13 ᠪᠠᠶᠢᠭᠤᠯᠭ᠎ᠠ ᠨᠢᠭᠡᠴᠡ ᠪᠠ ᠴᠠᠬᠢᠯᠭᠠᠨ ᠬᠠᠩᠭᠠᠬᠤ ᠰᠠᠯᠪᠤᠷᠢ ᠲᠤᠪᠴᠢᠶ᠎ᠠ ᠂ ᠳᠤᠮᠳᠠᠳᠤ ᠤᠯᠤᠰ ᠤᠨ ᠴᠢᠯᠠᠭᠤᠨ ᠲᠤᠰᠤ᠂ ᠠᠷᠠᠳ ᠤᠨ ᠡᠳ᠋ ᠶᠢᠨ ᠳᠠᠭᠠᠳᠬᠠᠯ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠦᠳᠡᠯᠭᠡᠭᠡᠨ ᠳᠤ ᠤᠷᠤᠯᠴᠠᠭᠰᠠᠨ ᠪᠠᠶᠢᠨ᠎ᠠ᠃
    ᠬᠦᠳᠡᠯᠭᠡᠭᠡᠨ ᠤ ᠠᠬᠤᠢ ᠳᠠᠯᠠᠪᠤᠷ ᠲᠤ ᠠᠮᠤᠷ ᠲᠦᠪᠰᠢᠨ ᠪᠠᠷ ᠤᠶᠢᠯᠡᠳᠪᠤᠷᠢᠯᠡᠬᠦ ᠬᠠᠤᠯᠢ ᠳᠦᠷᠢᠮ᠂ ᠢᠳᠡᠭᠡᠨ ᠤᠮᠳᠠᠭᠠᠨ ᠡᠮ ᠲᠡᠩ  ᠂ ᠭᠠᠯ ᠰᠡᠷᠭᠡᠶᠢᠯᠡᠯᠲᠠ᠂ ᠵᠠᠮ ᠬᠠᠷᠢᠯᠴᠠᠭᠠᠨ ᠤ ᠶᠡᠷᠤ ᠶᠢᠨ ᠮᠡᠳᠡᠯᠭᠡ᠂ ᠭᠡᠨᠡᠳᠲᠠ ᠶᠢᠨ ᠠᠶᠤᠯ  ᠠᠴᠠ ᠲᠦᠷᠭᠡᠨ ᠵᠠᠶᠢᠯᠠᠬᠤ ᠵᠡᠷᠭᠡ ᠠᠭᠤᠯᠭ᠎ᠠ ᠶᠢ ᠳᠡᠯᠭᠡᠨ ᠦᠵᠡᠭᠦᠯᠬᠦ ᠬᠠᠪᠲᠠᠰᠤ ᠪᠠ ᠳᠦᠷᠰᠤ ᠰᠢᠩᠭᠡᠭᠡᠯᠲᠠ   ᠲᠠᠯᠪᠢᠵᠤ ᠤᠬᠠᠭᠤᠯᠤᠨ ᠬᠦᠮᠤᠵᠢᠭᠦᠯᠦᠭᠰᠡᠨ ᠪᠠᠶᠢᠨ᠎ᠠ᠃ ᠠᠶᠤᠯ ᠦᠭᠡᠢ ᠤᠶᠢᠯᠡᠳᠪᠤᠷᠢᠯᠡᠬᠦ ᠬᠠᠮᠢᠶᠠᠷᠤᠯᠲᠠ ᠶᠢᠨ ᠲᠤᠪᠴᠢᠶ᠎ᠠ ᠨᠢ ᠤᠯᠠᠨ ᠲᠦᠮᠡᠨ ᠤ ᠠᠰᠠᠭᠤᠯᠲᠠ ᠳᠤ ᠬᠠᠷᠢᠭᠤᠯᠲᠠ ᠦᠭᠬᠦ ᠶᠢᠨ ᠬᠠᠮᠲᠤ᠂ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ ᠲᠦᠬᠡᠮᠡᠯᠵᠢᠭᠦᠯᠤᠨ᠂ ᠨᠤᠮ ᠪᠢᠴᠢᠭ᠂ ᠮᠡᠳᠡᠯᠭᠡ ᠶᠢᠨ ᠺᠠᠷᠲ ᠶᠢ ᠲᠠᠷᠬᠠᠭᠰᠠᠨ ᠪᠠᠶᠢᠨ᠎ᠠ᠃
   
     ᠲᠤᠰ ᠤᠳᠠᠭᠠᠨ ᠤ ᠬᠦᠳᠡᠯᠭᠡᠭᠡᠨ ᠪᠠᠷ ᠲᠠᠮᠵᠢᠨ᠂  ᠠᠷᠠᠳ ᠲᠦᠮᠡᠨ ᠲᠠᠢ ᠤᠶᠢᠷᠠᠲᠤᠨ᠂ ᠳᠡᠳᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠂ ᠨᠡᠶᠢᠭᠡᠮ ᠤᠨ ᠡᠯ᠎ᠡ ᠠᠵᠢᠯ ᠲᠦᠷᠤᠯ ᠤᠨ ᠬᠦᠮᠤᠰ  ᠤᠨ ᠠᠮᠤᠷ ᠲᠦᠪᠰᠢᠨᠴᠢ ᠤᠬᠠᠮᠰᠠᠷ ᠢ ᠤᠷᠠᠶᠢᠯᠠᠨ ᠳᠠᠶᠢᠴᠢᠯᠬᠤ ᠦᠷ᠎ᠡ ᠪᠦᠲᠦᠮᠵᠢ ᠳᠡᠭᠡᠨ ᠬᠦᠷᠦᠭᠰᠡᠨ ᠪᠠᠶᠢᠨ᠎ᠠ᠃
 
ᠢᠷᠡᠯᠲᠡ᠄ ᠲᠦᠷᠪᠡᠤᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2