ᠳᠦᠷᠪᠡᠳ ᠬᠤᠰᠢᠭᠤᠨ ᠳᠤ ᠪᠠᠭᠠᠴᠤᠳ ᠤᠨ ᠬᠤᠰᠢᠭᠤᠴᠢ ᠠᠩᠭᠢ ᠶᠢᠨ ᠦᠭᠡᠷᠡᠴᠢᠯᠡᠯᠲᠡ ᠪᠠ ᠬᠠᠪᠰᠤᠷᠤᠨ ᠵᠢᠯᠤᠭᠤᠳᠤᠭᠴᠢ ᠶᠢᠨ ᠪᠤᠯᠪᠠᠰᠤᠷᠠᠯ ᠤᠨ ᠬᠤᠷᠠᠯ ᠨᠡᠭᠡᠭᠡᠭᠳᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2018-07-05
    ᠳᠦᠷᠪᠡᠳ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠤᠰᠢᠭᠤᠴᠢ ᠠᠩᠭᠢ ᠶᠢᠨ ᠬᠠᠪᠰᠤᠷᠤᠨ ᠵᠢᠯᠤᠭᠤᠳᠤᠭᠴᠢ ᠶᠢᠨ ᠬᠤᠪᠢ ᠪᠡᠶ᠎ᠡ ᠶᠢᠨ ᠶᠠᠰᠤ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠ ᠰᠤᠷᠭᠠᠭᠤᠯᠢ ᠶᠢᠨ ᠪᠦᠯᠬᠦᠮ ᠨᠢᠭᠡᠴᠡ ᠶᠢᠨ ᠦᠢᠯᠡᠳᠤᠯ ᠢ ᠪᠠᠳᠠᠷᠠᠭᠤᠯᠬᠤ ᠶᠢᠨ ᠲᠦᠯᠤᠭᠡ᠂ 6 ᠰᠠᠷ᠎ᠠ ᠶᠢᠨ30 ᠤ ᠡᠳᠤᠷ᠂ ᠬᠤᠰᠢᠭᠤᠨ ᠤ ᠡᠪᠯᠡᠯ ᠤᠨ ᠬᠤᠷᠢᠶ᠎ᠠ᠂ ᠰᠤᠷᠭᠠᠨ ᠬᠦᠮᠤᠵᠢᠯ ᠰᠢᠨᠵᠢᠯᠡᠬᠦ ᠤᠬᠠᠭᠠᠨ ᠪᠡᠶ᠎ᠡ ᠲᠠᠮᠢᠷ ᠤᠨ ᠲᠤᠪᠴᠢᠶ᠎ᠠ ᠠᠴᠠ ᠭᠤᠤᠯᠯᠠᠨ ᠭᠦᠢᠴᠡᠳᠭᠡᠵᠤ᠂ ᠭᠤᠷᠪᠠᠳᠤᠭᠠᠷ ᠪᠠᠭ᠎ᠠ ᠰᠤᠷᠭᠠᠭᠤᠯᠢ  ᠠᠴᠠ ᠬᠠᠷᠢᠭᠤᠴᠠᠨ ᠭᠦᠢᠴᠡᠳᠭᠡᠭᠰᠡᠨ ︽ᠳᠦᠷᠪᠡᠳ ᠬᠤᠰᠢᠭᠤᠨ ᠤ ᠬᠤᠰᠢᠭᠤᠴᠢ ᠠᠩᠭᠢ ᠶᠢᠨ ᠦᠭᠡᠷᠡᠴᠢᠯᠡᠯᠲᠠ ᠵᠢᠴᠢ ᠬᠠᠪᠰᠤᠷᠤᠨ ᠵᠢᠯᠤᠭᠤᠳᠤᠭᠴᠢ ᠶᠢᠨ ᠪᠤᠯᠪᠠᠰᠤᠷᠠᠯ ᠤᠨ ᠬᠤᠷᠠᠯ︾ ᠢ ᠲᠤᠰ ᠰᠤᠷᠭᠠᠭᠤᠯᠢ ᠶᠢᠨ ᠤᠯᠠᠨ ᠵᠠᠭᠤᠴᠢᠲᠤ ᠬᠢᠴᠢᠶᠡᠯ ᠤᠨ ᠠᠩᠭᠢ ᠳᠤ ᠶᠠᠪᠤᠭᠳᠠᠭᠤᠯᠤᠭᠰᠠᠨ ᠪᠠᠶᠢᠨ᠎ᠠ᠃ ᠲᠤᠮᠳᠠᠳᠤ ᠤᠯᠤᠰ ᠤᠨ ᠬᠡᠤᠬᠡᠳ ᠪᠠᠭᠠᠴᠤᠳ ᠤᠨ ᠬᠦᠭᠵᠢᠯᠲᠡ ᠶᠢᠨ ᠲᠦᠪ ᠶᠢᠨ ᠵᠦᠪᠯᠡᠭᠴᠢ᠂ ᠵᠠᠯᠠᠭᠤ ᠪᠠᠭᠠᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠰᠤᠷᠭᠠᠨ ᠬᠦᠮᠤᠵᠢᠯ ᠤᠨ ᠳᠡᠳ᠋ ᠫᠷᠤᠹᠧᠰᠰᠤᠷ ᠸᠠᠩ ᠢ᠂ ᠬᠤᠰᠢᠭᠤᠨ ᠤ ᠡᠪᠯᠡᠯ ᠤᠨ ᠬᠤᠷᠢᠶᠠᠨ ᠤ ᠱᠦᠵᠢ ᠼᠣᠣ ᠰᠢᠤᠸᠠᠢ ᠹᠧᠢ᠂ ᠰᠤᠷᠭᠠᠨ ᠬᠦᠮᠤᠵᠢᠯ  ᠰᠢᠨᠵᠢᠯᠡᠬᠦ ᠤᠬᠠᠭᠠᠨ  ᠪᠡᠶ᠎ᠡ ᠲᠠᠮᠢᠷ ᠤᠨ ᠲᠤᠪᠴᠢᠶᠠᠨ ᠤ ᠡᠪᠯᠡᠯ ᠤᠨ ᠬᠤᠷᠢᠶᠠᠨ ᠤ ᠱᠦᠵᠢ ᠭᠥᠸᠧ ᠵᠢᠶᠠᠨ ᠬᠤᠸᠠ ᠵᠢᠴᠢ160 ᠨᠡᠷᠡᠰ ᠬᠤᠰᠢᠭᠤᠴᠢ ᠠᠩᠭᠢ ᠶᠢᠨ ᠶᠡᠭᠡ ᠳᠤᠮᠳᠠ ᠠᠩᠭᠢ ᠶᠢᠨ ᠬᠠᠪᠰᠤᠷᠤᠨ ᠵᠢᠯᠤᠭᠤᠳᠤᠭᠴᠢ ᠨᠠᠷ ᠪᠤᠯᠪᠠᠰᠤᠷᠠᠯ ᠤᠨ ᠬᠤᠷᠠᠯ ᠳᠤ ᠤᠷᠤᠯᠴᠠᠭᠰᠠᠨ ᠪᠠᠶᠢᠨ᠎ᠠ᠃ ᠪᠤᠯᠪᠠᠰᠤᠷᠠᠯ ᠤᠨ ᠬᠤᠷᠠᠯ ᠳᠡᠭᠡᠷ᠎ᠡ᠂ ᠸᠠᠩ ᠢ ᠫᠷᠤᠹᠧᠰᠰᠤᠷ ᠡᠩ ᠲᠡᠷᠢᠭᠦᠨ ᠳᠤ ᠬᠠᠪᠰᠤᠷᠤᠨ ᠵᠢᠯᠤᠭᠤᠳᠤᠭᠴᠢᠳ  ᠲᠠᠢ ᠬᠠᠮᠲᠤ ᠬᠤᠰᠢᠭᠤᠴᠢ ᠠᠩᠭᠢ ᠶᠢᠨ ᠭᠡᠰᠢᠭᠦᠳ ᠤᠨ ᠳᠦᠷᠢᠮ ᠢ ᠡᠷᠬᠢᠴᠡᠭᠦᠯᠵᠤ᠂ ᠬᠤᠰᠢᠭᠤᠴᠢ ᠠᠩᠭᠢ ᠶᠢᠨ ᠲᠤᠬᠠᠢ ᠮᠡᠳᠡᠯᠭᠡ ᠶᠢ ᠰᠤᠷᠤᠯᠴᠠᠨ᠂ ᠳᠠᠷᠠᠭ᠎ᠠ ᠨᠢ ᠬᠡᠷᠬᠢᠨ ᠬᠤᠰᠢᠭᠤᠴᠢ ᠠᠩᠭᠢ ᠶᠢᠨ ᠬᠦᠳᠡᠯᠭᠡᠭᠡᠨ ᠤ ᠬᠢᠴᠢᠶᠡᠯ ᠢ ᠨᠡᠩ ᠰᠠᠶᠢᠨ ᠦᠷᠨᠢᠭᠦᠯᠬᠦ ᠶᠢᠨ ᠲᠤᠬᠠᠢ ︽ᠰᠠᠭᠤᠷᠢ ᠪᠠᠨ ᠰᠠᠶᠢᠨ ᠲᠠᠯᠪᠢᠨ ᠬᠢᠷᠢ ᠲᠡᠩᠴᠡᠭᠰᠡᠨ ᠬᠤᠰᠢᠭᠤᠴᠢ ᠠᠩᠭᠢ  ᠶᠢᠨ ᠬᠠᠪᠰᠤᠷᠤᠨ ᠵᠢᠯᠤᠭᠤᠳᠤᠭᠴᠢ ᠪᠤᠯᠬᠤ︾ ᠲᠤᠰᠬᠠᠢ ᠰᠡᠳᠤᠪᠳᠤ ᠢᠯᠡᠳᠭᠡᠯ ᠬᠢᠭᠰᠡᠨ ᠪᠠᠶᠢᠨ᠎ᠠ᠃      ᠬᠤᠰᠢᠭᠤᠴᠢ ᠠᠩᠭᠢ ᠶᠢᠨ ᠦᠭᠡᠷᠡᠴᠢᠯᠡᠯᠲᠡ ᠶᠢᠨ ᠴᠢᠭᠯᠡᠯᠲᠡ ᠪᠠ ᠬᠤᠰᠢᠭᠤᠴᠢ ᠠᠩᠭᠢ ᠶᠢᠨ ᠠᠵᠢᠯ ᠶᠢ ᠴᠢᠩᠭᠠᠳᠬᠠᠬᠤ ᠪᠤᠳᠠᠲᠤ ᠤᠳᠬ᠎ᠠ ᠠᠭᠤᠯᠭ᠎ᠠ ᠶᠢ ᠲᠠᠨᠢᠯᠴᠠᠭᠤᠯᠤᠭᠰᠠᠨ ᠪᠠᠶᠢᠨ᠎ᠠ᠃ ᠡᠴᠤᠰ ᠲᠤᠨᠢ ᠸᠠᠩ ᠢ ᠫᠷᠤᠹᠧᠰᠰᠤᠷ ᠠᠴᠠ ᠤᠯᠠᠨ ᠳᠤ᠄ ᠳᠡᠭᠡᠲᠤ ᠬᠡᠮᠵᠢᠶᠡᠨ ᠤ ᠬᠠᠷᠢᠭᠤᠴᠠᠯᠭᠠᠲᠤ ᠰᠠᠳᠬᠢᠯᠭᠡ ᠪᠠᠷ ᠬᠤᠰᠢᠭᠤᠴᠢ ᠠᠩᠭᠢ  ᠶᠢᠨ ᠠᠵᠢᠯ ᠢ ᠭᠦᠢᠴᠡᠳᠭᠡᠵᠤ᠂ ᠡᠯ᠎ᠡ ᠲᠠᠯ᠎ᠠ ᠶᠢᠨ ᠴᠢᠳᠠᠪᠤᠷᠢ ᠮᠡᠷᠭᠡᠵᠢᠯ ᠢ ᠡᠵᠡᠮᠰᠢᠨ᠂ ᠰᠢᠨ᠎ᠡ ᠤᠷᠴᠢᠨ ᠪᠠᠶᠢᠳᠠᠯ  ᠳᠤ ᠵᠤᠬᠢᠴᠠᠭᠤᠯᠤᠨ᠂ ᠠᠵᠢᠯ ᠤᠨ ᠴᠢᠨᠠᠷ ᠴᠢᠨᠰᠠᠭ᠎ᠠ ᠪᠠ ᠦᠷ᠎ᠡ ᠠᠰᠢᠭ ᠢ  ᠴᠦᠮ ᠪᠠᠲᠤᠯᠠᠬᠤ ᠬᠡᠷᠡᠭᠲᠠᠢ ᠭᠡᠰᠡᠨ ᠪᠠᠶᠢᠨ᠎ᠠ᠃      ᠬᠤᠰᠢᠭᠤᠨ ᠤ ᠡᠪᠯᠡᠯ ᠤᠨ ᠬᠤᠷᠢᠶᠠᠨ ᠤ ᠱᠦᠵᠢ ᠼᠣᠣ ᠰᠢᠤᠸᠠᠢ ᠹᠧᠢ ᠤᠷᠴᠢᠮᠬᠠᠨ ᠶᠠᠪᠤᠭᠳᠠᠭᠰᠠᠨ ᠡᠪ ᠬᠠᠮᠲᠤ ᠵᠠᠯᠠᠭᠤᠴᠤᠳ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠮᠦᠨ ᠳᠠᠷᠠᠭ᠎ᠠ ᠠᠯᠬᠤᠮ ᠤᠨ ᠪᠦᠯᠬᠦᠮ ᠨᠢᠭᠡᠴᠡ ᠶᠢᠨ ᠠᠵᠢᠯ ᠳᠤ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠲᠤᠰ ᠪᠤᠯᠪᠠᠰᠤᠷᠠᠯ ᠤᠨ ᠬᠤᠷᠠᠯ ᠢᠶᠠᠷ ᠲᠠᠮᠵᠢᠨ᠂ ᠡᠯ᠎ᠡ ᠬᠠᠪᠰᠤᠷᠤᠨ ᠵᠢᠯᠤᠭᠤᠳᠤᠭᠴᠢ ᠶᠢᠨ ᠤᠨᠤᠯ ᠤᠨ ᠬᠢᠷᠢ ᠲᠦᠪᠰᠢᠨ ᠪᠠ ᠦᠢᠯᠡᠳᠤᠯᠬᠡ ᠶᠢᠨ ᠴᠢᠳᠠᠪᠤᠷᠢ ᠨᠢ ᠵᠤᠬᠢᠬᠤ ᠬᠡᠮᠵᠢᠶ᠎ᠡ ᠪᠠᠷ ᠳᠡᠭᠡᠭᠰᠢᠯᠡᠵᠤ᠂ ᠳᠡᠳᠡᠨᠠᠷ ᠢ ᠤᠯᠠᠮ ᠨᠢᠭᠡ ᠠᠯᠬᠤᠮ ᠦᠪᠡᠷ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠮᠦᠨ ᠴᠢᠨᠠᠷ ᠢ ᠤᠶᠢᠯᠭᠠᠭᠤᠯᠵᠤ᠂ ᠰᠤᠷᠭᠠᠭᠤᠯᠢ ᠶᠢᠨ ᠬᠤᠰᠢᠭᠤᠴᠢ ᠠᠩᠭᠢ ᠶᠢᠨ ᠠᠵᠢᠯ ᠢ ᠤᠷᠤᠭᠰᠢᠲᠠᠢ ᠶᠠᠪᠤᠭᠳᠠᠭᠤᠯᠬᠤ ᠳᠤ ᠲᠤᠩ ᠰᠠᠶᠢᠨ ᠲᠦᠯᠬᠢᠴᠡ ᠦᠢᠯᠡᠳᠤᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2