ᠲᠦᠷᠪᠡᠤᠨ ᠬᠤᠰᠢᠭᠤᠨ ᠤ ᠤᠰᠤᠨ ᠠᠰᠢᠭᠯᠠᠯᠲᠠ ᠶᠢᠨ ᠲᠤᠪᠴᠢᠶ᠎ᠠ 8 ᠰᠠᠷ᠎ᠠ ᠶᠢᠨ10 ᠤ ᠡᠳᠦᠷ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2018-08-13
    8 ᠰᠠᠷ᠎ᠠ ᠶᠢᠨ 10 ᠤ ᠡᠳᠦᠷ᠂ ᠤᠰᠤᠨ ᠠᠰᠢᠭᠯᠠᠯᠲᠠ ᠶᠢᠨ ᠲᠤᠪᠴᠢᠶᠠᠨ ᠤ ᠨᠠᠮ ᠤᠨ ᠡᠭᠦᠷ ᠠᠴᠠ《 ᠰᠢᠨ᠎ᠡ ᠴᠠᠭ ᠮᠦᠴᠡ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠬᠦ》 ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ᠃ ᠲᠤᠰ ᠤᠳᠠᠭᠠᠨ ᠤ ᠠᠵᠢᠯᠯᠠᠭᠠᠨ ᠳᠤ ᠤᠰᠤᠨ ᠠᠰᠢᠭᠯᠠᠯᠲᠠ ᠶᠢᠨ ᠲᠤᠪᠴᠢᠶᠠᠨ ᠤ ᠪᠦᠬᠦ ᠨᠠᠮ ᠤᠨ ᠭᠡᠰᠢᠭᠦᠨ᠂ ᠨᠠᠮ ᠤᠨ ᠪᠤᠰᠤ ᠭᠡᠰᠢᠭᠦᠨ ᠪᠤᠯᠤᠨ ᠨᠠᠮ ᠳᠤ ᠤᠷᠤᠬᠤ ᠶᠢ ᠡᠷᠡᠮᠵᠢᠯᠠᠵᠤ ᠪᠠᠶᠢᠭ᠎ᠠ ᠭᠡᠰᠢᠭᠦᠨ ᠨᠠᠷ ᠤᠷᠤᠯᠴᠠᠭᠰᠠᠨ ᠪᠠᠶᠢᠨ᠎ᠠ᠃ ᠬᠤᠷᠠᠯ ᠢ ᠨᠠᠮ ᠤᠨ ᠡᠭᠦᠷ ᠤᠨ ᠱᠦᠵᠢ᠂ ᠳᠡᠳ᠋ ᠲᠤᠪᠴᠢᠶᠠᠨ ᠳᠠᠷᠤᠭ᠎ᠠ ᠸᠠᠩ ᠭᠦᠢ ᠯᠢᠨ ᠨᠦᠬᠦᠷ ᠬᠦᠳᠦᠯᠪᠡ᠃    ᠬᠤᠷᠠᠯ ᠳᠡᠭᠡᠷ᠎ᠡ᠂ ᠪᠦᠬᠦ ᠭᠡᠰᠢᠭᠦᠨ ᠤᠯᠤᠰ ᠤᠨ《 ᠰᠦᠯᠳᠡ ᠳᠠᠭᠤᠤ》 ᠬᠦᠭᠵᠢᠯᠳᠡᠨ ᠳᠠᠭᠤᠯᠠᠵᠤ᠂ ᠨᠠᠮ  ᠤᠨ ᠲᠤᠭ ᠢ ᠨᠢᠭᠤᠷᠳᠡᠨ᠂ ᠨᠢᠳᠦᠷᠭ᠎ᠠ ᠠᠤᠨᠬᠤᠨ ᠨᠠᠮ ᠳᠤ ᠤᠷᠤᠬᠤ ᠲᠠᠩᠭᠠᠷᠢᠭ ᠲᠠᠯᠪᠢᠵᠤ᠂ ᠨᠠᠮ ᠤᠨ ᠡᠭᠦᠷ ᠤᠨ ᠱᠦᠵᠢ᠂ ᠳᠠᠳ᠋ ᠲᠤᠪᠴᠢᠶᠠᠨ ᠳᠠᠷᠤᠭ᠎ᠠ ᠸᠠᠩ ᠭᠦᠢ ᠯᠢᠨ ᠨᠦᠬᠦᠷ ᠶᠠᠷᠢᠶ᠎ᠠ ᠲᠠᠯᠪᠢᠪᠠ᠃  ᠲᠡᠷᠡ ᠲᠤᠳᠤᠷᠬᠠᠶᠢᠯᠠᠬᠤ  ᠨᠢ᠄ ᠡᠨᠡ ᠵᠢᠯ ᠪᠤᠯ《 ᠨᠠᠮ ᠤᠨ ᠶᠠᠰᠤ ᠴᠢᠨᠠᠷ ᠢ ᠳᠡᠭᠡᠭᠰᠢᠯᠡᠭᠦᠯᠬᠦ ᠤᠨ》᠂ ᠲᠤᠪᠴᠢᠶᠠᠨ ᠤ ᠪᠦᠬᠦ ᠭᠡᠰᠢᠭᠦᠨ ᠨᠠᠮ  ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂《 ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ》 ᠰᠤᠷᠤᠯᠴᠠᠯᠭ᠎ᠠ ᠬᠦᠮᠦᠵᠢᠯ ᠢ ᠠᠰᠢᠭᠯᠠᠨ᠂ ᠨᠠᠮ  ᠤᠨ ᠺᠠᠳ᠋ᠷ ᠭᠡᠰᠢᠭᠦᠨ ᠤ ᠰᠤᠷᠭᠠᠨ ᠬᠦᠮᠦᠵᠢᠯ ᠢ ᠴᠢᠩᠭᠠᠤᠨᠬᠠᠵᠤ᠂ ᠨᠠᠮ ᠤᠨ ᠺᠠᠳ᠋ᠷ ᠭᠡᠰᠢᠭᠦᠨ ᠤ ᠤᠯᠤᠰ ᠲᠦᠷᠦ ᠦᠵᠡᠯ ᠰᠠᠨᠠᠭᠠᠨ ᠤ ᠬᠡᠪ ᠪᠤᠯᠪᠠᠰᠤᠷᠠᠯ ᠢ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ   ᠢ ᠴᠢᠩᠭ᠎ᠠ ᠵᠠᠰᠠᠬᠤ ᠶᠢ ᠠᠬᠢᠭᠤᠯᠤᠨ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠦᠪᠡᠷ ᠤᠨ ᠪᠠᠶᠡᠨ ᠤ ᠪᠠᠨ ᠪᠠᠶᠢᠭᠤᠯᠤᠯᠲᠠ ᠢ ᠴᠢᠩᠭᠠᠤᠨᠬᠠᠵᠤ᠂ ᠰᠢᠨ᠎ᠡ ᠴᠠᠭ ᠮᠦᠴᠡ ᠳᠠᠬᠢ ᠨᠠᠮ ᠤᠨ ᠶᠠᠰᠤ ᠴᠢᠨᠠᠷ ᠤᠨ ᠳᠡᠭᠡᠭᠰᠢᠯᠡᠭᠦᠯᠦᠯᠲᠡ ᠰᠢᠨ᠎ᠡ ᠲᠡᠪᠴᠡᠩ  ᠳᠤ ᠭᠠᠷᠬᠤ ᠶᠢ ᠠᠬᠢᠭᠤᠯᠤᠶ᠎ᠠ᠃     ᠲᠤᠰ ᠤᠳᠠᠭᠠᠨ ᠤ ᠬᠤᠷᠠᠯ ᠳᠤ᠂ ᠲᠤᠪᠴᠢᠶᠠᠨ ᠤ ᠪᠦᠬᠦ ᠭᠡᠰᠢᠭᠦᠨ ᠨᠠᠮ ᠤᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠴᠢᠨᠠᠷ ᠢ ᠤᠯᠠᠮ ᠴᠢᠨᠠᠭᠰᠢᠳᠠ ᠰᠡᠷᠡᠨ ᠮᠠᠳᠡᠵᠦ᠂ ᠪᠦᠬᠦ ᠰᠡᠤᠨᠬᠢᠯ ᠪᠦᠬᠦ ᠵᠤᠷᠢᠭ ᠪᠠᠷ ᠢᠶᠠᠨ ᠨᠠᠮ ᠤᠨ ᠶᠠᠰᠤ ᠴᠢᠨᠠᠷ ᠢ ᠳᠡᠭᠡᠭᠰᠢᠯᠡᠭᠦᠯᠬᠦ ᠰᠢᠨ᠎ᠡ ᠲᠦᠪᠰᠢᠨ ᠳᠤ ᠬᠦᠷᠭᠡᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2