ᠲᠦᠷᠪᠡᠤᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠠᠴᠠ ᠲᠦᠷᠪᠡᠤᠨ ᠬᠤᠰᠢᠭᠤᠨ ᠤ ᠬᠢᠨᠠᠨ ᠪᠠᠶᠢᠴᠠᠭᠠᠬᠤ ᠠᠵᠢᠯ ᠢ ᠡᠷᠬᠡ ᠲᠡᠭᠰᠢ ᠪᠠᠷ ᠦᠷᠢᠰᠦᠯᠳᠦᠬᠦ ᠬᠤᠯᠪᠤᠭᠠᠲᠤ ᠬᠤᠷᠠᠯ ᠤᠨ ᠲᠦᠷᠢᠮ ᠲᠤᠭᠲᠠᠭᠠᠯ  ᠢ ᠪᠠᠶᠢᠭᠤᠯᠬᠤ ᠲᠤᠬᠠᠢ ᠮᠡᠳᠡᠭᠳᠡᠬᠦ ᠨᠢ
ᠨᠡᠶᠢᠲᠡᠯᠡᠭᠰᠡᠨ ᠴᠠᠭ᠄
2018-08-20
 ᠲᠦᠷᠪᠡᠤᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠠᠴᠠ ᠲᠦᠷᠪᠡᠤᠨ ᠬᠤᠰᠢᠭᠤᠨ ᠤ ᠬᠢᠨᠠᠨ ᠪᠠᠶᠢᠴᠠᠭᠠᠬᠤ ᠠᠵᠢᠯ ᠢ ᠡᠷᠬᠡ ᠲᠡᠭᠰᠢ ᠪᠠᠷ ᠦᠷᠢᠰᠦᠯᠳᠦᠬᠦ ᠬᠤᠯᠪᠤᠭᠠᠲᠤ ᠬᠤᠷᠠᠯ ᠤᠨ ᠲᠦᠷᠢᠮ ᠲᠤᠭᠲᠠᠭᠠᠯ ᠢ ᠪᠠᠶᠢᠭᠤᠯᠬᠤ ᠲᠤᠬᠠᠢ ᠮᠡᠳᠡᠭᠳᠡᠬᠦ ᠨᠢ                           ᠲᠦᠷᠪᠡᠤᠨ ᠵᠠᠰᠠᠭ ᠠᠯᠪᠠᠨ ᠲᠠᠷᠬᠠᠭᠠᠭᠰᠠᠨ〔2018〕18 ᠳ᠋ᠤᠭᠠᠷ ᠲᠤᠭᠠᠲᠤ     ᠡᠯ᠎ᠡ ᠰᠤᠮᠤ ᠰᠢᠶᠠᠩ ᠪᠠᠯᠭᠠᠰᠤᠨ ︵ᠲᠠᠯᠠᠪᠠᠢ︶ ᠤ ᠠᠷᠠᠤᠨ ᠤᠨ ᠵᠠᠰᠠᠭ ᠤᠨ ᠤᠷᠳᠤᠨ᠂ ᠬᠤᠰᠢᠭᠤᠨ ᠤ ᠬᠠᠮᠢᠭ᠎ᠠ ᠪᠦᠬᠦᠢ ᠪᠠᠶᠢᠭᠤᠯᠭ᠎ᠠ᠄    《 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠠᠴᠠ ᠬᠤᠲᠠ ᠶᠢᠨ ᠵᠠᠬ᠎ᠠ ᠳᠡᠯᠭᠡᠬᠦᠷ ᠤᠨ ᠲᠤᠭᠲᠠᠯᠴᠠᠭᠠᠨ ᠳᠤᠮᠳᠠᠬᠢ ᠡᠷᠬᠡ ᠲᠡᠭᠰᠢ ᠬᠢᠨᠠᠨ ᠪᠠᠶᠢᠴᠠᠭᠠᠬᠤ ᠶᠢ ᠦᠷᠢᠰᠦᠯᠳᠦᠬᠦ ᠲᠦᠷᠢᠮ ᠲᠤᠭᠲᠠᠭᠠᠯ ᠢ ᠬᠡᠷᠡᠭᠵᠢᠭᠦᠯᠬᠦ ᠰᠠᠨᠠᠯ ᠤᠨ ᠲᠤᠬᠠᠢ》 ︵ᠦᠪᠦᠷ ᠵᠠᠰᠠᠭ ᠲᠠᠷᠬᠠᠭᠠᠭᠰᠠᠨ〔2017〕15 ᠳ᠋ᠤᠭᠠᠷ ᠲᠤᠭᠠᠲᠤ︶ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠬᠡ ᠲᠡᠭᠰᠢ ᠬᠢᠨᠠᠨ ᠪᠠᠶᠢᠴᠠᠭᠠᠬᠤ ᠠᠵᠢᠯ ᠢ ᠦᠷᠢᠰᠦᠯᠳᠦᠬᠦ ᠵᠤᠬᠢᠴᠠᠭᠤᠯᠤᠨ ᠵᠢᠯᠤᠭᠤᠳᠤᠯᠭ᠎ᠠ ᠶᠢ ᠴᠢᠩᠭᠠᠤᠨᠬᠠᠨ᠂ ᠡᠷᠬᠡ ᠲᠡᠭᠰᠢ ᠬᠢᠨᠠᠨ ᠪᠠᠶᠢᠴᠠᠭᠠᠬᠤ  ᠶᠢ ᠦᠷᠢᠰᠦᠯᠳᠦᠬᠦ ᠲᠦᠷᠢᠮ ᠲᠤᠭᠲᠠᠭᠠᠯ ᠢ ᠲᠦᠯᠬᠢᠨ ᠨᠠᠶᠢᠳᠠᠪᠤᠷᠢᠵᠢᠭᠤᠯᠵᠤ᠂ ᠠᠷᠠᠤᠨ ᠤᠨ ᠵᠠᠰᠠᠭ ᠤᠨ ᠤᠷᠳᠤᠨ ᠤ ᠵᠦᠪᠰᠢᠶᠡᠷᠡᠯ ᠪᠠᠷ ᠳᠠᠮᠵᠢᠨ᠂ ᠲᠦᠷᠪᠡᠤᠨ ᠬᠤᠰᠢᠭᠤᠨ ᠤ ᠡᠷᠬᠡ ᠲᠡᠭᠰᠢ ᠬᠢᠨᠠᠨ ᠪᠠᠶᠢᠴᠠᠭᠠᠬᠤ ᠶᠢ ᠦᠷᠢᠰᠦᠯᠳᠦᠬᠦ ᠠᠵᠢᠯ ᠤᠨ ᠬᠤᠯᠪᠤᠭᠠᠲᠤ ᠬᠤᠷᠠᠯ ᠢ ᠪᠠᠶᠢᠭᠤᠯᠪᠠ᠃ ᠲᠤᠤᠷ᠎ᠠ ᠬᠠᠮᠢᠭ᠎ᠠ ᠪᠦᠬᠦᠢ ᠬᠡᠷᠡᠭ ᠤᠴᠢᠷ ᠢ ᠮᠡᠳᠡᠭᠳᠡᠬᠦ ᠨᠢ᠄      ᠨᠢᠭᠡ᠂ ᠪᠠᠶᠢᠭᠤᠯᠤᠮᠵᠢ ᠶᠢᠨ ᠪᠦᠷᠢᠯᠳᠦᠭᠰᠡᠨ ᠭᠡᠰᠢᠭᠦᠨ      ᠴᠤᠭᠯᠠᠭᠤᠯᠬᠤ ᠬᠦᠮᠦᠨ᠄ ᠯᠢᠶᠠᠩ ᠪᠣᠣ ᠭᠦᠢ   ᠬᠤᠰᠢᠭᠤᠨ ᠤ ᠭᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶᠠᠨ ᠳᠠᠷᠤᠭ᠎ᠠ      ᠳᠡᠳ᠋ ᠴᠤᠭᠯᠠᠭᠤᠯᠬᠤ ᠬᠦᠮᠦᠨ᠄ ᠯᠢᠦ ᠮᠣᠣ ᠽᠧᠩ   ᠬᠤᠰᠢᠭᠤᠨ ᠤ ᠭᠦᠭᠵᠢᠭᠦᠯᠦᠯᠲᠡ ᠦᠭᠡᠷᠡᠴᠢᠯᠡᠯᠲᠡ ᠶᠢᠨ  ᠳᠡᠳ᠋ ᠲᠤᠪᠴᠢᠶᠠᠨ ᠳᠠᠷᠤᠭ᠎ᠠ      ᠰᠦᠨ ᠢ   ᠬᠤᠰᠢᠭᠤᠨ ᠤ ᠡᠳ᠋ ᠤᠨ ᠵᠠᠰᠠᠭ ᠤᠨ ᠲᠤᠪᠴᠢᠶᠠᠨ ᠳᠠᠷᠤᠭ᠎ᠠ      ᠯᠢᠦ ᠱᠧᠩ ᠶᠦᠨ   ᠬᠤᠰᠢᠭᠤᠨ ᠤ ᠠᠵᠤ ᠠᠬᠤᠢ ᠰᠤᠷᠠᠭ ᠵᠠᠩᠭᠢ ᠬᠤᠳᠠᠯᠳᠤᠭᠠᠨ ᠤ ᠶᠠᠪᠤᠳᠠᠯ ᠤᠨ ᠲᠤᠪᠴᠢᠶᠠᠨ ᠳᠠᠷᠤᠭ᠎ᠠ      ᠵᠠᠶᠠᠭ᠎ᠠ   ᠬᠤᠰᠢᠭᠤᠨ ᠤ ᠤᠶᠢᠯᠡᠤᠨᠪᠦᠷᠢ ᠬᠤᠳᠠᠯᠳᠤᠭᠠᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠲᠤᠪᠴᠢᠶᠠᠨ ᠳᠠᠷᠤᠭ᠎ᠠ      ᠬᠡᠰᠢᠭᠦᠨ᠄ ᠴᠧᠨ ᡁᠢ ᠴᠢᠶᠠᠩ   ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠠᠷᠠᠤᠨ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠡᠷᠬᠢᠯᠡᠭᠴᠢ      ᠯᠢ ᠴᠢ ᠵᠧᠩ   ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠬᠠᠤᠯᠢ ᠪᠠᠷ ᠵᠠᠰᠠᠬᠤ ᠠᠯᠪᠠᠨ ᠭᠡᠷ ᠤᠨ ᠡᠷᠬᠢᠯᠡᠭᠴᠢ      ᠸᠧᠢ ᠹᠦ᠋ ᠬᠤ᠋   ᠬᠤᠰᠢᠭᠤᠨ ᠤ ᠰᠤᠷᠭᠠᠨ ᠬᠦᠮᠦᠵᠢᠯ ᠲᠧᠭᠨᠢᠭ ᠮᠡᠷᠭᠡᠵᠢᠯ ᠲᠠᠮᠢᠷ ᠤᠨ ᠲᠤᠪᠴᠢᠶᠠᠨ ᠳᠠᠷᠤᠭ᠎ᠠ      ᠬᠠᠢ ᠱᠠᠨ   ᠬᠤᠰᠢᠭᠤᠨ ᠤ ᠠᠷᠠᠤᠨ ᠤᠨ ᠶᠠᠪᠤᠳᠠᠯ ᠤᠨ ᠲᠤᠪᠴᠢᠶᠠᠨ ᠳᠠᠷᠤᠭ᠎ᠠ      ᠶᠠᠨ ᠹᠧᠨ ᠷᠥᠩ   ᠬᠤᠰᠢᠭᠤᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠤᠪᠴᠢᠶᠠᠨ ᠳᠠᠷᠤᠭ᠎ᠠ      ᠵᠠᠩ ᠱᠢ ᠶᠢᠨ   ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶᠠᠨ ᠳᠠᠷᠤᠭ᠎ᠠ      ᠬᠠᠨ ᠵᠢᠶᠦ᠋ᠨ   ᠬᠤᠰᠢᠭᠤᠨ ᠤ ᠭᠡᠷ ᠪᠠᠶᠢᠰᠢᠩ ᠬᠠᠮᠢᠶᠠᠷᠤᠯᠲᠠ ᠶᠢᠨ ᠲᠤᠪᠴᠢᠶᠠᠨ ᠳᠠᠷᠤᠭ᠎ᠠ      ᠰᠦᠬᠡ   ᠬᠤᠰᠢᠭᠤᠨ ᠤ ᠤᠰᠤᠨ ᠠᠰᠢᠭᠯᠠᠯᠲᠠ ᠶᠢᠨ ᠲᠤᠪᠴᠢᠶᠠᠨ ᠳᠠᠷᠤᠭ᠎ᠠ      ᠰᠢᠩ ᠶᠥᠩ ᠯᠢᠶᠠᠩ   ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠳᠠᠷᠤᠭ᠎ᠠ      ᠶᠢᠨ ᠰᠢᠶᠠᠩ ᠵᠦᠩ   ᠬᠤᠰᠢᠭᠤᠨ ᠤ ᠰᠤᠶᠤᠯ ᠵᠢᠭᠤᠯᠴᠢᠯᠠᠯ ᠰᠤᠨᠢᠨ ᠮᠡᠳᠡᠭᠡ ᠷᠠᠳᠢᠤ᠋ ᠲᠧᠯᠸᠢᠰ ᠤᠨ ᠲᠤᠪᠴᠢᠶᠠᠨ ᠳᠠᠷᠤᠭ᠎ᠠ      ᠯᠢᠦ ᠶᠣᠣ ᠬᠤᠸᠠ   ᠬᠤᠰᠢᠭᠤᠨ ᠤ ᠡᠷᠡᠭᠦᠯ ᠬᠠᠮᠠᠭᠠᠯᠠᠯ ᠲᠦᠯᠦᠪᠯᠡᠯᠭᠡᠲᠦ ᠦᠷᠡᠵᠢᠯ ᠤᠨ ᠲᠤᠪᠴᠢᠶᠠᠨ ᠳᠠᠷᠤᠭ᠎ᠠ      ᠸᠠᠩ ᠳ᠋ᠠ ᠬᠠᠢ   ᠬᠤᠰᠢᠭᠤᠨ ᠤ ᠤᠯᠤᠰ ᠤᠨ ᠭᠠᠶᠢᠯᠢ ᠶᠢᠨ ᠲᠤᠪᠴᠢᠶᠠᠨ ᠳᠠᠷᠤᠭ᠎ᠠ      ᠪᠠᠢ ᠬᠦᠬᠡ   ᠬᠤᠰᠢᠭᠤᠨ ᠤ ᠭᠠᠵᠠᠷ ᠤᠷᠤᠨ ᠤ ᠭᠠᠶᠢᠯᠢ ᠶᠢᠨ ᠲᠤᠪᠴᠢᠶᠠᠨ ᠳᠠᠷᠤᠭ᠎ᠠ      ᠰᠥᠸᠧ ᠵᠢᠢ ᠫᠢᠩ   ᠬᠤᠰᠢᠭᠤᠨ ᠤ ᠢᠳᠡᠭᠡᠨ ᠤᠮᠳᠠᠭᠠᠨ ᠡᠮ ᠡᠮᠨᠡᠯᠭᠡ ᠶᠢᠨ ᠬᠠᠮᠢᠶᠠᠷᠤᠯᠲᠠ ᠶᠢᠨ ᠲᠤᠪᠴᠢᠶᠠᠨ ᠳᠠᠷᠤᠭ᠎ᠠ      ᠬᠤᠶᠠᠷ᠂ ᠬᠤᠯᠪᠤᠭᠠᠲᠤ ᠬᠤᠷᠠᠯ ᠤᠨ ᠭᠤᠤᠯ ᠲᠤᠰᠢᠶᠠᠯ      ︵ᠨᠢᠭᠡ︶ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠳᠤᠤᠷ᠎ᠠ᠂ ᠡᠷᠬᠡ ᠲᠡᠭᠰᠢ ᠬᠢᠨᠠᠨ ᠪᠠᠶᠢᠴᠠᠭᠠᠬᠤ ᠬᠠᠮᠢᠭ᠎ᠠ ᠪᠦᠬᠦᠢ ᠠᠵᠢᠯ ᠢ ᠨᠢᠭᠡᠳᠦᠯᠲᠠᠢ ᠵᠤᠬᠢᠴᠠᠭᠤᠯᠤᠨ ᠠᠬᠢᠭᠤᠯᠤᠨ᠎ᠠ᠃ ᠪᠦᠬᠦ ᠬᠤᠰᠢᠭᠤᠨ ᠤ ᠬᠡᠪᠴᠢᠶᠠᠨ ᠳᠤ ᠡᠷᠬᠡ ᠲᠡᠭᠰᠢ ᠬᠢᠨᠠᠨ ᠪᠠᠶᠢᠴᠠᠭᠠᠬᠤ ᠶᠢ ᠦᠷᠢᠰᠦᠯᠳᠦᠬᠦ ᠲᠦᠷᠢᠮ ᠲᠤᠭᠲᠠᠭᠠᠯ ᠢ ᠬᠡᠷᠡᠭᠵᠢᠭᠦᠯᠬᠦ ᠵᠢᠯᠤᠭᠤᠳᠤᠯᠭ᠎ᠠ ᠬᠢᠵᠦ᠂ ᠲᠦᠷᠢᠮ ᠲᠤᠭᠲᠠᠭᠠᠯ ᠢ ᠬᠡᠷᠡᠭᠵᠢᠭᠦᠯᠬᠦ ᠳᠤᠮᠳᠠ ᠡᠭᠦᠰᠦᠭᠰᠡᠨ ᠬᠦᠨᠳᠦ ᠨᠤᠴᠢᠲᠠᠢ ᠬᠡᠷᠡᠭ ᠤᠴᠢᠷ ᠢ ᠵᠤᠬᠢᠴᠠᠭᠤᠯᠤᠨ ᠰᠢᠢᠤᠨᠪᠦᠷᠢᠯᠡᠨ᠎ᠡ᠃       ︵ᠬᠤᠶᠠᠷ︶ ᠡᠯ᠎ᠡ ᠰᠤᠮᠤ ᠰᠢᠶᠠᠩ ᠪᠠᠯᠭᠠᠰᠤ ︵ᠲᠠᠯᠠᠪᠠᠢ︶ ᠪᠤᠯᠤᠨ ᠬᠠᠮᠢᠭ᠎ᠠ ᠪᠦᠬᠦᠢ ᠪᠠᠶᠢᠭᠤᠯᠭ᠎ᠠ ᠶᠢᠨ ᠡᠷᠬᠡ ᠲᠡᠭᠰᠢ ᠬᠢᠨᠠᠨ ᠪᠠᠶᠢᠴᠠᠭᠠᠬᠤ ᠶᠢ ᠦᠷᠢᠰᠦᠯᠳᠦᠬᠦ ᠲᠦᠷᠢᠮ ᠲᠤᠭᠲᠠᠭᠠᠯ ᠢ ᠬᠡᠷᠡᠭᠵᠢᠭᠦᠯᠬᠦ ᠲᠠᠯ᠎ᠠ ᠪᠠᠷ ᠬᠢ ᠴᠢᠮᠡᠭᠡ ᠵᠠᠩᠭᠢ ᠶᠢᠨ ᠰᠤᠯᠢᠯᠴᠠᠭ᠎ᠠ ᠪᠤᠯᠤᠨ ᠬᠠᠷᠢᠯᠴᠠᠨ ᠬᠠᠪᠰᠤᠷᠤᠯᠴᠠᠬᠤ ᠶᠢ ᠴᠢᠩᠭᠠᠤᠨᠬᠠᠵᠤ᠂  ᠴᠠᠭ ᠲᠤᠬᠠᠢ ᠳᠤᠨᠢ ᠡᠯ᠎ᠡ ᠰᠤᠮᠤ ᠰᠢᠶᠠᠩ ᠪᠠᠯᠭᠠᠰᠤ ︵ᠲᠠᠯᠠᠪᠠᠢ︶ ᠪᠤᠯᠤᠨ ᠬᠠᠮᠢᠭ᠎ᠠ ᠪᠦᠬᠦᠢ ᠪᠠᠶᠢᠭᠤᠯᠭ᠎ᠠ ᠶᠢᠨ ᠬᠡᠷᠡᠭᠵᠢᠭᠦᠯᠦᠭᠰᠡᠨ ᠦᠷ᠎ᠡ ᠪᠦᠲᠦᠮᠵᠢ᠂ ᠤᠨᠴᠠᠭᠠᠢ ᠰᠠᠶᠢᠨ ᠠᠷᠭ᠎ᠠ ᠪᠠ ᠲᠤᠷᠰᠢᠯᠭ᠎ᠠ ᠶᠢ ᠶᠡᠷᠦᠩᠭᠡᠶᠢᠯᠡᠨ᠎ᠡ᠃       ︵ᠭᠤᠷᠪᠠ︶ ᠴᠠᠭ ᠲᠤᠬᠠᠢ ᠳᠤᠨᠢ ᠤᠯᠤᠰ ᠠᠴᠠ ᠭᠠᠷᠭᠠᠭᠰᠠᠨ ᠡᠷᠬᠡ ᠲᠡᠭᠰᠢ ᠬᠢᠨᠠᠨ ᠪᠠᠶᠢᠴᠠᠭᠠᠬᠤ ᠶᠢ ᠦᠷᠢᠰᠦᠯᠳᠦᠬᠦ ᠲᠦᠷᠦ ᠶᠢᠨ ᠪᠤᠳᠤᠯᠭ᠎ᠠ ᠶᠢ ᠰᠤᠷᠤᠯᠴᠠᠵᠤ᠂ ᠮᠠᠨ ᠤ ᠬᠤᠰᠢᠭᠤᠨ ᠳᠤ ᠲᠤᠬᠢᠷᠠᠭᠰᠠᠨ ᠬᠠᠮᠢᠭ᠎ᠠ ᠪᠦᠬᠦᠢ ᠠᠷᠭ᠎ᠠ ᠠᠪᠴᠠᠯ ᠢ ᠰᠤᠳᠤᠯᠤᠨ ᠲᠤᠭᠲᠠᠭᠠᠵᠤ᠂ ᠡᠷᠬᠡ ᠲᠡᠭᠰᠢ ᠬᠢᠨᠠᠨ ᠪᠠᠶᠢᠴᠠᠭᠠᠬᠤ ᠶᠢ ᠦᠷᠢᠰᠦᠯᠳᠦᠬᠦ ᠡᠯ᠎ᠡ ᠲᠦᠷᠦᠯ ᠤᠨ ᠠᠵᠢᠯ ᠤᠨ ᠲᠤᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃      ︵ᠲᠦᠷᠪᠡ) ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠲᠤᠰᠢᠶᠠᠭᠰᠠᠨ ᠤᠨᠳᠤᠤ ᠬᠡᠷᠡᠭ ᠤᠴᠢᠷ ᠢ ᠪᠡᠶᠡᠯᠡᠭᠦᠯᠦᠨ᠎ᠡ᠃       ᠬᠤᠯᠪᠤᠭᠠᠲᠤ ᠬᠤᠷᠠᠯ ᠤᠨ ᠠᠯᠪᠠᠨ ᠭᠡᠷ ᠢ ᠬᠤᠰᠢᠭᠤᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶᠠᠨ ᠳᠤ ᠪᠠᠶᠢᠷᠢᠯᠠᠭᠤᠯᠵᠤ᠂ ᠬᠤᠯᠪᠤᠭᠠᠲᠤ ᠬᠤᠷᠠᠯ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃ ᠬᠤᠯᠪᠤᠭᠠᠲᠤ ᠬᠤᠷᠠᠯ ᠤᠨ ᠬᠠᠷᠢᠯᠴᠠᠬᠤ ᠭᠡᠰᠢᠭᠦᠨ ᠢ ᠪᠠᠶᠢᠭᠤᠯᠭ᠎ᠠ ᠶᠢᠨ ᠬᠠᠮᠢᠭ᠎ᠠ ᠪᠦᠬᠦᠢ ᠰᠠᠯᠠᠭ᠎ᠠ ᠲᠠᠰᠤᠭ ᠤᠨ ᠨᠦᠬᠦᠷ ᠪᠠᠷ ᠬᠠᠷᠢᠭᠤᠴᠠᠭᠤᠯᠵᠤ᠂ ᠠᠵᠢᠯ ᠤᠨ ᠰᠢᠯᠲᠠᠭᠠᠨ ᠠᠴᠠ ᠪᠤᠯᠵᠤ ᠲᠤᠬᠢᠷᠠᠭᠤᠯᠬᠤ ᠴᠢᠬᠤᠯᠠᠲᠠᠢ ᠪᠤᠯ ᠪᠠᠶᠢᠭ᠎ᠠ ᠪᠠᠶᠢᠭᠤᠯᠭ᠎ᠠ ᠠᠴᠠ ᠬᠤᠯᠪᠤᠭᠠᠲᠤ ᠬᠤᠷᠠᠯ ᠳᠤ ᠮᠡᠳᠡᠭᠦᠯᠦᠨ᠎ᠡ᠃
 
ᠢᠷᠡᠯᠲᠡ᠄ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2