ᠦᠭᠡᠷᠡᠴᠢᠯᠡᠯᠳᠡ ᠬᠢᠵᠤ ᠴᠢᠯᠦᠭᠡᠳᠠᠢ ᠶᠠᠪᠤᠯᠴᠠᠭᠰᠠᠨ ᠪᠠ ᠤᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢ᠂ ᠲᠦᠷᠪᠡᠳ ᠬᠤᠰᠢᠭᠤ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ | ᠲᠠᠷᠢᠶᠠᠴᠢᠨ︾ ᠤ ᠠᠵᠢᠯ ᠦᠢᠯᠡᠰ ᠤᠨ ᠲᠤᠯᠭᠠᠭᠤᠷᠢ ᠦᠢᠯᠡᠳᠦᠯ ᠤᠨ ᠪᠠᠶᠢᠷᠢ ᠰᠠᠭᠤᠷᠢ ᠶᠢ ᠴᠢᠨᠠᠭᠰᠢᠳᠠ | ᠪᠠᠬᠢᠵᠢᠭᠦᠯᠵᠤ᠂ ᠤᠯᠤᠰ ᠤᠷᠤᠨ ᠤ ᠮᠠᠯ ᠲᠠᠷᠢᠶᠠᠯᠠᠩ ᠢ ᠲᠡᠮᠵᠢᠬᠦ᠂ ᠮᠠᠯᠴᠢᠨ ᠲᠠᠷᠢᠶᠠᠴᠢᠨ ᠳᠤ ᠠᠰᠢᠭ ᠬᠦᠷᠳᠡᠭᠡᠬᠦ | ᠠᠯᠢ ᠤᠯᠠᠨ ᠰᠢᠷᠢᠰ ᠲᠦᠷᠦ ᠶᠢᠨ ᠪᠤᠳᠤᠯᠭ᠎ᠠ ᠶᠢᠨ ᠲᠤᠭᠤᠷᠢᠨ ᠳᠤ ᠮᠠᠯᠵᠢᠬᠤ ᠦᠢᠯᠡᠳᠪᠦᠷᠢᠯᠡᠯ ᠤᠨ | ᠶᠡᠷᠦᠩᠭᠡᠶᠢᠯᠡᠭᠰᠡᠨ ᠴᠢᠳᠠᠪᠤᠷᠢ ᠶᠢ ᠲᠠᠰᠤᠷᠠᠯᠳᠠ ᠦᠭᠡᠢ ᠲᠡᠭᠡᠭᠰᠢᠯᠡᠭᠦᠯᠵᠤ᠂ ᠮᠠᠯᠵᠢᠬᠤ ᠤᠷᠤᠨ ᠤ ᠨᠡᠶᠢᠭᠡᠮ ᠠᠵᠤ | ᠠᠬᠤᠢ ᠶᠢᠨ ᠬᠦᠭᠵᠢᠯᠳᠡ ᠶᠢ ᠲᠡᠤᠬᠡ ᠶᠢᠨ ᠰᠢᠨ᠎ᠡ ᠱᠠᠳᠤᠨ ᠳᠤ ᠬᠦᠷᠭᠡᠭᠰᠡᠨ ᠪᠠᠶᠢᠨ᠎ᠠ᠃ | ᠲᠦᠷᠪᠡᠳ ᠬᠤᠰᠢᠭᠤ ᠪᠤᠯ ᠪᠦᠬᠦ ᠤᠷᠤᠨ ᠤ ᠠᠷᠪᠠᠨ ᠲᠤᠮᠤ ᠮᠠᠯ ᠠᠵᠤ ᠠᠬᠤᠢ ᠶᠢᠨ ᠦᠢᠯᠡᠳᠪᠦᠷᠢᠯᠡᠯ ᠤᠨ | ᠰᠠᠭᠤᠷᠢᠨ ᠤ ᠨᠢᠭᠡ ᠪᠤᠯᠬᠤ ᠪᠦᠭᠡᠳ ᠤᠯᠠᠭᠠᠨᠴᠠᠪ ᠬᠤᠳᠠ ᠳᠠᠭᠠᠨ ᠬᠠᠮᠤᠭ ᠤᠨ ᠲᠤᠮᠤ ᠪᠠᠶᠢᠭᠠᠯᠢᠯᠢᠭ ᠮᠠᠯᠵᠢᠯ ᠤᠨ | ᠲᠠᠯᠠᠪᠠᠢ ᠲᠠᠢ ᠮᠠᠯ ᠠᠵᠤ ᠠᠬᠤᠢ ᠶᠢᠨ ᠦᠢᠯᠡᠳᠪᠦᠷᠢᠯᠡᠯ ᠢᠶᠠᠷ ᠲᠤᠯᠭᠠᠭᠤᠷᠢ ᠠᠵᠤ ᠦᠢᠯᠡᠰ ᠢᠶᠠᠨ ᠪᠤᠯᠭᠠᠵᠤ᠂ | ᠲᠠᠷᠢᠶᠠᠯᠠᠩ ᠢᠶᠠᠷ ᠬᠠᠪᠰᠤᠷᠭᠠᠭᠰᠠᠨ ᠮᠠᠯᠵᠢᠬᠤ ᠬᠤᠰᠢᠭᠤ ᠪᠤᠯᠬᠤ ᠶᠤᠮ᠃ ᠦᠭᠡᠷᠡᠴᠢᠯᠡᠯᠳᠡ ᠨᠡᠭᠡᠭᠡᠯᠳᠡ ᠠᠴᠠ ᠨᠠᠰᠢ᠂ | ᠲᠤᠰ ᠬᠤᠰᠢᠭᠤ ︽ᠮᠠᠯ ᠪᠡᠯᠴᠢᠭᠡᠷ ᠤᠨ ᠬᠤᠤᠰ ᠲᠠᠭᠠᠭᠠᠴᠢᠯᠠᠯᠳᠠ︾ ᠶᠢᠨ ᠰᠠᠭᠤᠷᠢᠨ ᠲᠡᠭᠡᠷ᠎ᠡ ᠮᠠᠯ ᠠᠵᠤ ᠠᠬᠤᠢ | ᠶᠢᠨ ᠦᠢᠯᠡᠳᠪᠦᠷᠢᠯᠡᠯ ᠤᠨ ᠡᠵᠡᠩᠨᠡᠯᠳᠡ ᠬᠠᠮᠢᠶᠠᠷᠤᠯᠳᠠ ᠶᠢᠨ ᠪᠦᠳᠦᠴᠡ ᠪᠠᠨ ᠲᠠᠰᠤᠷᠠᠯᠳᠠ ᠦᠭᠡᠢ | ᠲᠡᠭᠦᠯᠳᠡᠷᠵᠢᠭᠦᠯᠦᠨ ᠰᠢᠯᠢᠳᠡᠭᠵᠢᠭᠦᠯᠵᠤ ᠢᠷᠡᠭᠰᠡᠨ ᠠᠴᠠ ᠮᠠᠯ ᠠᠵᠤ ᠠᠬᠤᠢ ᠶᠢᠨ ᠦᠢᠯᠡᠳᠪᠦᠷᠢᠯᠡᠯ ᠨᠢ ᠲᠤᠭ᠎ᠠ | ᠨᠤᠷᠮ᠎ᠠ ᠶᠢᠨ ᠬᠦᠭᠡᠭᠡᠴᠡᠯᠳᠦᠯ ᠠᠴᠠ ᠦᠷ᠎ᠡ ᠠᠰᠢᠭ ᠤᠨ ᠡᠵᠡᠩᠨᠡᠯᠳᠡ ᠶᠢᠨ ᠵᠦᠭ ᠰᠢᠯᠵᠢᠵᠤ᠂ ᠪᠤᠭ ᠮᠠᠯ ᠤᠨ | ᠲᠤᠭ᠎ᠠ ᠶᠢ ᠬᠢᠵᠠᠭᠠᠷᠯᠠᠨ᠂ ᠴᠢᠨᠠᠷ ᠢ ᠲᠡᠭᠡᠭᠰᠢᠯᠡᠭᠦᠯᠬᠦ᠂ ᠪᠤᠳᠠ ᠮᠠᠯ ᠢ ᠭᠤᠤᠯᠳᠠᠯᠭ᠎ᠠ ᠲᠠᠢ ᠬᠦᠭᠵᠢᠭᠦᠯᠵᠤ᠂ ᠡᠪᠡᠰᠦ | ᠤᠷᠭᠤᠮᠠᠯ ᠠᠮᠢ ᠠᠬᠤᠢ ᠶᠢᠨ ᠰᠡᠷᠭᠦᠭᠡᠯᠳᠡ ᠶᠢ ᠲᠦᠷᠭᠡᠳᠬᠡᠬᠦ ᠰᠢᠨᠵᠢᠯᠡᠬᠦ ᠤᠬᠠᠭᠠᠨᠴᠢ ᠡᠷᠬᠢᠯᠳᠡ ᠶᠢ ᠪᠤᠢ ᠪᠤᠯᠭᠠᠭᠰᠠᠨ | ᠪᠠᠶᠢᠨ᠎ᠠ᠃ ᠡᠭᠦᠨ ᠤ ᠤᠯᠠᠮ ᠠᠴᠠ ᠮᠠᠯ ᠤᠨ ᠲᠤᠭ᠎ᠠ ᠲᠤᠯᠤᠭᠠᠢ ᠦᠨᠳᠦᠰᠦᠨ ᠲᠡᠭᠡᠨ ᠤᠤᠯ ᠤᠨ 200 ᠲᠦᠮᠡ | ᠠᠴᠠ ᠤᠳᠤ ᠶᠢᠨ 100 ᠲᠦᠮᠡ ᠳᠤ ᠲᠤᠭᠳᠠᠪᠤᠷᠢᠵᠢᠵᠤ᠂ ᠤᠯᠠᠭᠠᠨ ᠴᠠᠭᠠᠨ ᠢᠳᠡᠭᠡᠨ ᠤ ᠲᠦᠷᠦᠯ ᠵᠦᠢᠯ ᠪᠠ | ᠢᠮᠠᠭᠠᠨ ᠨᠤᠯᠤᠤᠷ ᠤᠨ ᠠᠰᠢᠭ ᠰᠢᠮ᠎ᠡ ᠨᠢ ᠤᠯᠤᠰ ᠤᠷᠤᠨ ᠤ ᠵᠠᠬ᠎ᠠ ᠲᠡᠯᠭᠡᠭᠦᠷ ᠢᠶᠠᠷ ᠪᠠᠷᠠᠬᠤ ᠦᠭᠡᠢ᠂ ᠤᠯᠤᠰ ᠤᠨ | ᠭᠠᠳᠠᠭᠠᠳᠤ ᠳᠤ ᠬᠦᠷᠳᠡᠯ᠎ᠡ ᠪᠤᠷᠤᠯᠠᠭᠤᠯᠤᠭᠳᠠᠵᠤ᠂ ︽ᠲᠦᠷᠪᠡᠳ ᠭᠤᠪᠢ ᠶᠢᠨ ᠬᠤᠨᠢ︾ ᠶᠢᠨ ᠨᠡᠷᠡᠳᠦ ᠲᠡᠮᠳᠡᠭ ᠢ | ᠡᠭᠦᠳᠦᠭᠰᠡᠨ ᠪᠠᠶᠢᠨ᠎ᠠ᠃ ᠡᠭᠦᠨ ᠳᠤ ᠮᠠᠯᠵᠢᠬᠤ ᠶᠢᠨ ᠲᠦᠯᠦᠭᠡ ᠲᠠᠷᠢᠶᠠᠯᠠᠬᠤ᠂ ᠮᠠᠯ ᠲᠠᠷᠢᠶᠠᠯᠠᠩ ᠢ | ᠠᠭᠤᠰᠤᠯᠴᠠᠭᠤᠯᠤᠨ ᠬᠦᠭᠵᠢᠭᠦᠯᠬᠦ ᠪᠤᠳᠤᠯᠭ᠎ᠠ ᠶᠢᠨ ᠲᠤᠭᠤᠷᠢᠨ ᠳᠤ ᠤᠨᠠᠯᠳᠠ ᠶᠢᠨ ᠪᠠᠳᠤᠯᠠᠭ᠎ᠠ ᠦᠭᠡᠢ ᠠᠮᠤ | ᠪᠤᠳᠠᠭᠠᠨ ᠤ ᠲᠠᠷᠢᠮᠠᠯ ᠢ ᠬᠢᠵᠠᠭᠠᠷᠯᠠᠨ᠂ ᠠᠵᠤ ᠠᠬᠤᠢ ᠶᠢᠨ ᠲᠠᠷᠢᠮᠠᠯ ᠢ ᠬᠦᠭᠵᠢᠭᠦᠯᠬᠦ᠂ ᠲᠦᠬᠦᠭᠡᠷᠦᠮᠵᠢᠳᠦ | ᠲᠠᠷᠢᠶᠠᠯᠠᠩ ᠢᠶᠠᠷ ᠢᠳᠡᠰᠢᠨ ᠨᠤᠭᠤᠭᠠᠨ ᠤ ᠠᠵᠤ ᠠᠬᠤᠢ ᠶᠢ ᠬᠦᠭᠵᠢᠭᠦᠯᠬᠦ᠂ ᠠᠩᠭᠠᠮᠠᠯ ᠲᠠᠷᠢᠶ᠎ᠠ ᠶᠢ ᠶᠡᠭᠡ ᠪᠠᠷ | ᠠᠳᠠᠷᠰᠢᠭᠤᠯᠤᠨ ᠡᠪᠡᠰᠦ ᠪᠤᠷᠳᠤᠭ᠎ᠠ ᠲᠠᠷᠢᠵᠤ᠂ ᠠᠮᠢ ᠠᠬᠤᠢ ᠶᠢᠨ ᠰᠡᠷᠭᠦᠭᠡᠯᠳᠡ ᠳᠤ ᠦᠢᠯᠡᠴᠢᠯᠡᠭᠦᠯᠬᠦ ᠵᠡᠷᠭᠡ | ᠲᠠᠷᠢᠮᠠᠯ ᠲᠡᠵᠢᠭᠡᠪᠦᠷᠢ ᠶᠢᠨ ᠠᠵᠤ ᠠᠬᠤᠢ ᠶᠢᠨ ᠡᠵᠡᠩᠨᠡᠯᠳᠡ ᠶᠢᠨ ᠰᠢᠨ᠎ᠡ ᠵᠠᠭᠪᠤᠷ ᠢ ᠡᠭᠦᠳᠴᠠᠢ᠃ | ᠦᠭᠡᠷᠡᠴᠢᠯᠡᠯᠳᠡ ᠨᠡᠭᠡᠭᠡᠯᠳᠡ ᠶᠢᠨ 40 ᠵᠢᠯ ᠳᠤ᠂ ᠠᠳᠡᠬᠢ ᠲᠤᠯᠭᠠᠭᠤᠷᠢ ᠠᠵᠤ ᠦᠢᠯᠡᠰ ᠤᠨ ᠬᠠᠮᠤᠭ ᠤᠨ | ᠲᠤᠪᠤᠶᠢᠮ᠎ᠠ ᠤᠨᠴᠠᠯᠢᠭ ᠬᠡᠪᠡᠯ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ ᠤᠨ ᠬᠦᠴᠦᠨ ᠢ ᠪᠦᠬᠦ ᠲᠠᠯ᠎ᠠ | ᠪᠠᠷ ᠴᠢᠯᠦᠭᠡᠯᠡᠵᠤ᠂ ᠮᠠᠯᠴᠢᠠ ᠲᠠᠷᠢᠶᠠᠴᠢᠳ ᠤᠨ ᠡᠵᠡᠨ ᠬᠦᠮᠦᠨ ᠤ ᠪᠦᠳᠦᠭᠡᠯᠴᠢ ᠤᠷ᠎ᠠ ᠴᠢᠳᠠᠪᠤᠷᠢ ᠬᠢᠭᠡᠳ ᠤᠶᠤᠨ | ᠤᠬᠠᠭᠠᠨ ᠢ ᠶᠡᠭᠡ ᠪᠠᠷ ᠲᠠᠶᠢᠴᠢᠯᠠᠨ ᠪᠠᠳᠠᠷᠠᠭᠤᠯᠵᠤ᠂ ᠦᠪᠡᠷ ᠤᠨ ᠮᠡᠳᠡᠬᠦ ᠴᠢᠳᠠᠬᠤ ᠲᠤᠯᠭᠠᠭᠤᠷᠢ ᠠᠵᠤ ᠦᠢᠯᠡᠰ | ᠢᠶᠠᠨ ᠭᠤᠤᠯᠳᠠᠯᠭ᠎ᠠ ᠲᠠᠢ ᠬᠦᠭᠵᠢᠭᠦᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠦᠳᠦᠭᠡᠨ | ᠪᠠᠶᠢᠭᠤᠯᠤᠯᠳᠠ ᠶᠢᠨ ᠠᠬᠢᠴᠠ ᠪᠠᠨ ᠲᠦᠷᠭᠡᠳᠬᠡᠵᠤ᠂ ᠦᠷ᠎ᠡ ᠠᠰᠢᠭ ᠢᠶᠠᠨ ᠲᠡᠭᠡᠭᠰᠢᠯᠡᠭᠦᠯᠦᠭᠰᠡᠨ ᠶᠠᠪᠤᠳᠠᠯ ᠪᠤᠯᠬᠤ | ᠶᠤᠮ᠃ ᠲᠤᠬᠠᠶᠢᠯᠠᠪᠠᠯ᠂ ᠪᠦᠬᠦ ᠬᠤᠰᠢᠭᠤᠨ ᠤ ᠮᠠᠯ ᠲᠠᠷᠢᠶᠠᠯᠠᠩ᠂ ᠤᠢ ᠰᠢᠭᠤᠢ᠂ ᠵᠢᠭᠠᠰᠤᠨ ᠤ ᠦᠢᠯᠡᠰ ᠤᠨ | ᠶᠡᠷᠦᠩᠭᠡᠢ ᠦᠢᠯᠡᠳᠬᠦᠨ ᠤ ᠦᠷᠳᠡᠭ 1978 ᠤᠨ ᠤ ᠬᠢ ᠠᠴᠠ ᠦᠨᠳᠦᠰᠦᠨ ᠳᠡᠭᠡᠨ 100 ᠲᠠᠬᠢᠨ ᠢᠶᠠᠷ | ᠨᠡᠮᠡᠭᠳᠡᠵᠤ᠂ ᠡᠭᠦᠨ ᠳᠤ᠂ ᠲᠤᠷᠠᠳᠤᠯᠳᠠᠢ ᠨᠢ᠂ ᠪᠦᠬᠦ ᠬᠤᠰᠢᠭᠤᠨ ᠤ ᠮᠠᠯ ᠲᠡᠵᠢᠭᠡᠪᠦᠷᠢ ᠶᠢᠨ ᠰᠢᠯᠢᠳᠡᠭ ᠡᠭᠦᠯᠳᠡᠷ ᠢ | ᠦᠷᠡᠵᠢᠭᠦᠯᠦᠨ ᠪᠤᠶᠢᠵᠢᠭᠤᠯᠬᠤ ᠦᠢᠯᠡᠳᠪᠦᠷᠢᠯᠡᠯ ᠤᠨ ᠰᠢᠰᠲ᠋ᠧᠮ ᠲᠠᠰᠤᠷᠠᠯᠳᠠ ᠦᠭᠡᠢ ᠲᠡᠭᠦᠯᠳᠡᠷᠵᠢᠵᠤ᠂ ᠮᠠᠯ ᠤᠨ | ᠡᠭᠦᠯᠳᠡᠷ ᠰᠠᠶᠢᠵᠢᠷᠠᠭᠤᠯᠤᠭᠰᠠᠨ ᠨᠤᠷᠮ᠎ᠠ ᠦᠨᠳᠦᠰᠦᠨ ᠳᠡᠭᠡᠨ 100% ᠳᠤ ᠬᠦᠷᠴᠦ᠂ ᠤᠯᠤᠰ ᠤᠷᠤᠨ ᠳᠠᠭᠠᠨ | ᠢᠳᠡᠰᠢᠨ ᠤ ᠦᠭᠡᠷ᠂ ᠬᠤᠨᠢᠨ ᠤ ᠰᠢᠯᠢᠳᠡᠭ ᠡᠭᠦᠯᠳᠡᠷ ᠤᠨ ᠦᠢᠯᠡᠳᠪᠦᠷᠢᠯᠡᠯ ᠪᠤᠷᠤᠯᠠᠭᠤᠯᠭ᠎ᠠ ᠶᠢᠨ ᠨᠡᠷᠡᠳᠦ | ᠰᠠᠭᠤᠷᠢᠨ ᠭᠠᠵᠠᠷ ᠪᠤᠯᠤᠭᠰᠠᠨ ᠪᠠᠶᠢᠨ᠎ᠠ᠃ ᠰᠢᠨ᠎ᠡ ᠮᠢᠩᠭᠠᠨ ᠠᠴᠠ ᠨᠠᠰᠢ᠂ ᠮᠠᠯ ᠪᠡᠯᠴᠢᠭᠡᠷᠯᠡᠭᠦᠯᠬᠦ ᠶᠢ ᠬᠢᠵᠠᠭᠠᠷᠯᠠᠵᠤ᠂ | ᠡᠪᠡᠰᠦ ᠤᠷᠭᠤᠮᠠᠯ ᠢᠶᠠᠨ ᠰᠡᠷᠭᠦᠭᠡᠬᠦ᠂ ᠨᠤᠳᠤᠭ ᠪᠡᠯᠴᠢᠭᠡᠷ ᠤᠨ ᠡᠵᠡᠩᠨᠡᠯᠳᠡ ᠬᠠᠮᠢᠶᠠᠷᠤᠯᠳᠠ ᠶᠢᠨ ᠲᠤᠬᠠᠢ ︽ | ᠱᠠᠩᠨᠠᠵᠤ ᠨᠦᠬᠦᠪᠦᠷᠢᠯᠡᠬᠦ︾ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠲᠠᠯ᠎ᠠ ᠨᠤᠳᠤᠭ ᠤᠨ ᠠᠮᠢ ᠠᠬᠤᠢ ᠶᠢᠨ | ᠰᠡᠷᠭᠦᠭᠡᠯᠳᠡ ᠶᠢᠨ ᠲᠤᠭᠤᠷᠢᠨ ᠳᠤ ᠪᠡᠯᠴᠢᠭᠡᠷ ᠡᠪᠡᠰᠦᠨ ᠤ ᠪᠠᠴᠢᠮ ᠪᠠᠶᠢᠳᠠᠯ ᠢ ᠠᠷᠭᠠᠴᠠᠭᠠᠵᠤ᠂ ᠭᠠᠷᠴᠦ ᠮᠡᠳᠡᠬᠦ | ᠪᠠᠶᠢᠭᠠᠯᠢ ᠶᠢᠨ ᠭᠠᠩ ᠭᠠᠮᠰᠢᠭ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠡᠪᠡᠰᠦ ᠬᠠᠳᠤᠯᠠᠩ᠂ ᠲᠡᠵᠢᠭᠡᠯ ᠪᠤᠷᠳᠤᠭᠠᠨ | ᠤ ᠰᠠᠭᠤᠷᠢᠨ ᠤ ᠪᠦᠳᠦᠭᠡᠨ ᠪᠠᠶᠢᠭᠤᠯᠤᠯᠳᠠ᠂ ᠬᠤᠳᠠ ᠬᠤᠷᠢᠶᠠᠨ ᠤ ᠪᠠᠶᠢᠭᠤᠯᠤᠯᠳᠠ᠂ ᠤᠯᠠᠷᠢᠯ ᠤᠨ ᠴᠢᠨᠠᠷᠳᠠᠢ ᠮᠠᠯ | ᠲᠡᠵᠢᠭᠡᠪᠦᠷᠢ ᠶᠢᠨ ᠬᠠᠯᠳᠠᠪᠤᠷᠢᠳᠤ ᠡᠪᠡᠳᠴᠢᠨ ᠬᠢᠵᠢᠭ ᠤᠨ ᠰᠡᠷᠭᠡᠶᠢᠯᠡᠯᠳᠡ᠂ ᠠᠮᠤᠷ ᠲᠦᠪᠰᠢᠨ ᠤᠰᠤ ᠤᠮᠳᠠᠭᠠᠨ ᠤ | ᠪᠠᠶᠢᠭᠤᠯᠤᠯᠳᠠ ᠵᠡᠷᠭᠡ ᠭᠤᠤᠯᠳᠠᠯᠭ᠎ᠠ ᠲᠠᠢ ᠰᠠᠭᠤᠷᠢ ᠪᠦᠳᠦᠭᠡᠨ ᠪᠠᠶᠢᠭᠤᠯᠤᠯᠳᠠ ᠶᠢ ᠲᠤᠤᠱᠳᠠᠢ ᠬᠢᠬᠦ ᠪᠤᠯᠤᠭᠰᠠᠨ | ᠠᠴᠠ ᠤᠳᠤ ᠨᠡᠯᠢᠶᠡᠳ ᠬᠦᠨᠳᠦ ᠭᠠᠩ ᠭᠠᠮᠰᠢᠭ ᠲᠠᠢ ᠪᠠᠶᠢᠳᠠᠯ ᠲᠤᠤᠷ᠎ᠠ᠂ ᠡᠪᠦᠯ ᠬᠠᠪᠤᠷ ᠢ ᠲᠤᠭᠤᠯᠬᠤ ᠡᠪᠡᠰᠦ | ᠪᠤᠷᠳᠤᠭᠠᠨ ᠤ ᠬᠡᠷᠡᠭᠯᠡᠭᠡ ᠪᠠᠨ ᠪᠦᠷᠢᠮᠦᠰᠦᠨ ᠦᠪᠡᠷᠳᠡᠭᠡᠨ ᠬᠠᠩᠭᠠᠬᠤ ᠪᠠᠷ ᠪᠠᠷᠠᠬᠤ ᠦᠭᠡᠢ ᠪᠠᠰᠠ ᠢᠯᠡᠭᠦᠴᠢᠯᠡᠬᠦ | ᠨᠦᠭᠡᠴᠡ ᠪᠡᠯᠡᠳᠬᠡᠯ ᠲᠠᠢ ᠪᠤᠯᠤᠭᠰᠠᠨ ᠪᠠᠶᠢᠨ᠎ᠠ᠃ ᠡᠭᠦᠨ ᠤ ᠤᠯᠠᠮ ᠠᠴᠠ ᠠᠳᠡᠬᠢ ᠮᠠᠯᠵᠢᠬᠤ ᠤᠷᠤᠨ ᠤ ᠭᠤᠤᠯ | ᠪᠦᠳᠦᠭᠡᠨ ᠪᠠᠶᠢᠭᠤᠯᠤᠯᠳᠠ ᠶᠢᠨ ᠤᠷᠤᠨ ᠪᠠ ︽ᠨᠤᠭᠤᠭᠠᠨᠳᠠᠢ︾ ᠵᠡᠷᠭᠡ ᠮᠠᠯᠵᠢᠯ ᠤᠨ ᠬᠤᠷᠰᠢᠶᠠᠵᠢᠯ᠂ ᠮᠠᠯᠴᠢᠳ ᠤᠨ | ᠬᠠᠪᠰᠤᠷᠤᠯᠴᠠᠬᠤ ᠲᠤᠭᠤᠶᠢᠯᠠᠩ ᠤᠨ ᠮᠠᠯᠴᠢᠳ ᠤᠨ ᠬᠤᠪᠢᠶᠠᠷᠢᠯᠠᠵᠤ ᠪᠤᠯᠬᠤ ᠬᠦᠮᠦᠨ ᠲᠤᠮᠳᠠᠴᠢ ᠶᠢᠨ ᠤᠷᠤᠯᠭ᠎ᠠ᠂ | ᠪᠦᠬᠦ ᠬᠤᠰᠢᠭᠤᠨ ᠤ ᠲᠠᠷᠢᠶᠠᠴᠢᠨ ᠮᠠᠯᠴᠢᠳ ᠤᠨ ᠬᠦᠮᠦᠨ ᠲᠤᠮᠳᠠᠴᠢ ᠤᠷᠤᠯᠭ᠎ᠠ ᠪᠤᠯᠬᠤ 9938 ᠲᠦᠭᠦᠷᠢᠭ ᠠᠴᠠ | ᠬᠤᠯᠠ ᠲᠠᠪᠠᠵᠤ᠂ 1.36 ᠲᠦᠮᠡᠨ ᠲᠦᠭᠦᠷᠢᠭ ᠲᠤ ᠬᠦᠷᠴᠠᠢ᠃ ᠨᠡᠩ ᠲᠤᠷᠠᠳᠤᠯᠳᠠᠢ ᠨᠢ᠂ ᠠᠳᠡᠬᠢ ︽ᠮᠠᠯᠴᠢᠨ | ᠠᠶᠢᠯ ᠤᠨ ᠵᠤᠭᠠᠴᠠᠯ︾ ᠡᠷᠬᠢᠯᠡᠵᠤ ᠪᠠᠶᠢᠭ᠎ᠠ ᠮᠠᠯᠴᠢᠳ ᠤᠨ ᠡᠵᠡᠮᠳᠡᠵᠤ ᠪᠤᠯᠬᠤ ᠲᠤᠮᠳᠠᠴᠢ ᠤᠷᠤᠯᠭ᠎ᠠ 2.2 ᠲᠦᠮᠡᠨ | ᠲᠦᠭᠦᠷᠢᠭ ᠲᠤ ᠬᠦᠷᠴᠦ᠂ ᠡᠳᠡᠭᠡᠷ ᠢ ᠲᠡᠭᠰᠢᠳᠭᠡᠭᠡᠳ 1978 ᠤᠨ ᠤ ᠬᠢ ᠲᠠᠢ ᠬᠠᠷᠢᠴᠠᠭᠤᠯᠪᠠᠯ 102 ᠬᠦᠷᠴᠦ | ᠲᠠᠬᠢᠨ ᠢᠶᠠᠷ ᠨᠡᠮᠡᠭᠳᠡᠭᠰᠡᠨ ᠪᠠᠶᠢᠨ᠎ᠠ᠃ | ᠤᠳᠤ ᠠᠳᠡᠬᠢ ᠮᠠᠯᠵᠢᠬᠤ ᠤᠷᠤᠨ ᠳᠤ ᠲᠡᠶᠢᠮᠤ ᠠᠷᠭ᠎ᠠ ᠦᠭᠡᠢ ᠶᠠᠳᠠᠭᠤ ᠬᠤᠭᠤᠰᠤᠨ ᠠᠶᠢᠯ ᠡᠷᠦᠭᠡ | ᠦᠨᠳᠦᠰᠦᠡ ᠳᠡᠭᠡᠨ ᠤᠰᠠᠳᠴᠦ᠂ ᠤᠯᠠᠩᠭᠢ ᠮᠠᠯᠴᠢᠳ ᠤᠨ ᠡᠪᠦᠷ ᠲᠦᠷᠡᠢ ᠲᠦᠭᠳᠦᠶᠢᠵᠤ᠂ ᠨᠢᠭᠡ ᠪᠦᠯᠦᠭ ᠪᠠᠶᠠᠵᠢᠯ | ᠤᠨ ᠲᠠᠭᠠᠭᠤᠯᠤᠭᠴᠢ ᠡᠷᠦᠭᠡ ᠨᠦᠭᠦᠳ ᠴᠦᠮ ᠦᠪᠡᠷ ᠤᠨ ᠬᠡᠰᠡᠨ ᠵᠢᠵᠢᠭ ︽ᠮᠦᠩᠭᠦᠨ ᠤ ᠬᠦᠮᠦᠷᠭᠡ︾ ᠲᠠᠢ | ᠪᠤᠯᠤᠭᠰᠠᠨ ᠬᠤᠪᠢᠷᠠᠯᠳᠠ ᠨᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠵᠤ᠂ ᠮᠠᠯᠵᠢᠬᠤ ᠦᠢᠯᠡᠳᠪᠦᠷᠢᠯᠡᠯ ᠤᠨ | ᠬᠦᠴᠦᠨ ᠴᠢᠯᠦᠭᠡᠯᠡᠭᠳᠡᠭᠰᠡᠨ ᠤ ᠬᠠᠮᠤᠭ ᠬᠦᠴᠦᠳᠠᠢ ᠭᠡᠷᠡᠴᠢ ᠪᠤᠯᠬᠤ ᠶᠤᠮ᠃ | ᠶᠡᠷᠦᠩᠭᠡᠶᠢᠯᠡᠪᠡᠯ᠂ ᠲᠤᠰ ᠬᠤᠰᠢᠭᠤ ᠤᠳᠤᠬᠠᠨ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ | ᠲᠤᠷᠠᠳᠤᠭᠰᠠᠨ ︽ᠬᠦᠳᠡᠭᠡ ᠲᠤᠰᠬᠤᠨ ᠶᠢ ᠬᠦᠭᠵᠢᠭᠦᠯᠦᠨ ᠮᠠᠨᠳᠤᠭᠤᠯᠬᠤ︾ ᠪᠤᠳᠤᠯᠭ᠎ᠠ ᠬᠠᠷᠠᠯᠳᠠ ᠶᠢᠨ ᠲᠤᠭᠤᠷᠢᠨ | ᠳᠤ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠪᠠᠷ ᠲᠤᠯᠭᠠᠭᠤᠷᠢ ᠠᠵᠤ ᠦᠢᠯᠡᠰ ᠢᠶᠠᠨ ᠬᠦᠭᠵᠢᠭᠦᠯᠬᠦ ᠰᠢᠨ᠎ᠡ ᠬᠦᠳᠡᠯᠭᠡᠬᠦ ᠬᠦᠴᠦᠨ ᠪᠤᠯᠭᠠᠵᠤ᠂ | ᠮᠠᠯ ᠲᠠᠷᠢᠶᠠᠯᠠᠩ ᠤᠨ ᠴᠢᠨᠠᠷᠯᠢᠭ ᠬᠦᠭᠵᠢᠯᠳᠡ ᠶᠢᠨ ᠵᠦᠭ ᠴᠡᠷᠢᠭᠯᠡᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠲᠠᠶᠢᠯᠠᠯᠳᠤᠭᠠᠨ ᠤ ᠡᠴᠦᠰ ᠤᠨ ᠢᠯᠠᠯᠳᠠ ᠶᠢ ᠲᠡᠮᠡᠴᠡᠨ ᠤᠯᠬᠤ ᠡᠷᠴᠢ ᠵᠤᠷᠢᠭ ᠢᠶᠠᠨ ᠴᠢᠨᠠᠭᠰᠢᠳᠠ | ᠬᠦᠪᠴᠢᠯᠡᠵᠤ ᠡᠬᠢᠯᠡᠭᠰᠡᠨ ᠪᠠᠶᠢᠨ᠎ᠠ᠃ | | ᠢᠷᠡᠯᠳᠡ᠄ ᠤᠯᠠᠭᠠᠨᠴᠠᠪ ᠤᠨ | ᠡᠳᠦᠷ ᠤᠨ ᠰᠤᠨᠢᠨ | ᠰᠤᠷᠪᠤᠯᠵᠢᠯᠠᠭᠴᠢ᠄ ᠷᠢᠨ᠊᠂ | ᠰᠤᠳᠨᠠᠮ |