ᠦᠨᠦ ᠵᠢᠯ ᠪᠤᠯ ᠲᠦᠷᠪᠡᠳ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ | ᠲᠠᠶᠢᠯᠠᠯᠳᠤᠭᠠᠨ ᠤ ᠡᠴᠦᠰ ᠤᠨ ᠢᠯᠠᠯᠳᠠ ᠶᠢ ᠲᠡᠮᠡᠴᠡᠨ ᠤᠯᠬᠤ ᠵᠠᠩᠭᠢᠯᠠᠭ᠎ᠠ ᠶᠢᠨ ᠵᠢᠯ ᠪᠤᠯᠬᠤ ᠲᠤᠯᠠ ᠠᠳᠡᠬᠢ ᠡᠯ᠎ᠡ | ᠱᠠᠳᠤᠨ ᠤ ᠨᠠᠮ ᠵᠠᠰᠠᠭ ᠤᠨ ᠬᠢᠨ ᠤᠯᠠᠨ ᠵᠦᠢᠯ ᠤᠨ ᠠᠷᠭ᠎ᠠ ᠵᠠᠮ ᠢᠶᠠᠷ ᠶᠠᠳᠠᠭᠤ ᠶᠢ ᠲᠡᠳᠬᠦᠬᠦ ᠠᠵᠢᠯ ᠢᠶᠠᠨ | ᠬᠦᠴᠦᠳᠠᠢ ᠲᠦᠯᠬᠢᠨ ᠠᠬᠢᠭᠤᠯᠬᠤ ᠪᠤᠯᠵᠠᠢ᠃ | ᠤᠶᠢᠷ᠎ᠠ ᠳᠤ᠂ ᠰᠤᠷᠪᠤᠯᠵᠢᠯᠠᠭᠴᠢ ᠠᠳᠡᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ | ᠠᠴᠠ ᠤᠶᠢᠯᠠᠭᠠᠭᠰᠠᠨ ᠢᠶᠠᠷ᠂ ᠦᠨᠦ ᠵᠢᠯ ᠬᠤᠰᠢᠭᠤᠨ ᠤ ᠡᠪ ᠬᠠᠮᠳᠤ ᠵᠠᠯᠠᠭᠤᠴᠤᠳ ᠤᠨ ᠡᠪᠯᠡᠯ ᠤᠨ ᠬᠤᠷᠢᠶ᠎ᠠ᠂ | ᠡᠮᠡᠭᠳᠠᠶᠢᠴᠤᠳ ᠤᠨ ᠬᠤᠯᠪᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠬᠡᠮᠯᠢᠭ ᠵᠡᠷᠭᠡ ᠬᠤᠯᠪᠤᠭᠳᠠᠯ ᠪᠦᠬᠦᠢ | ᠰᠠᠯᠠᠭ᠎ᠠ ᠮᠦᠴᠢᠷ ᠲᠠᠢ ᠦᠷᠭᠡᠨ ᠢᠶᠠᠷ ᠬᠤᠯᠪᠤᠭᠠᠯᠠᠵᠤ᠂ ᠶᠠᠳᠠᠭᠤ ᠬᠦᠴᠢᠷᠳᠠᠢ ᠠᠷᠠᠳ ᠤᠯᠠᠨ ᠳᠤ ᠦᠨ᠎ᠡ | ᠲᠦᠯᠦᠪᠦᠷᠢ ᠦᠭᠡᠢ ᠪᠠᠷ ᠰᠡᠳᠬᠢᠴᠡ ᠶᠢᠨ ᠡᠷᠡᠭᠦᠯ ᠮᠡᠨᠳᠦ ᠶᠢᠨ ᠵᠦᠪᠯᠡᠮᠵᠢ ᠬᠠᠩᠭᠠᠵᠤ᠂ ᠰᠡᠳᠬᠢᠯ ᠰᠠᠨᠠᠭ᠎ᠠ ᠤᠶᠤᠨ | ᠤᠬᠠᠭᠠᠨ ᠤ ᠲᠠᠯ᠎ᠠ ᠪᠠᠷ ᠶᠠᠳᠠᠭᠤ ᠶᠢ ᠲᠡᠳᠬᠦᠵᠤ᠂ ᠶᠠᠳᠠᠭᠤ ᠠᠴᠠ ᠪᠡ ᠰᠠᠯᠬᠤ ᠡᠷᠴᠢ ᠵᠤᠷᠢᠭ ᠢ ᠨᠢ ᠲᠠᠶᠢᠴᠢᠯᠠᠨ | ᠪᠠᠳᠠᠷᠠᠭᠤᠯᠬᠤ ᠰᠢᠨ᠎ᠡ ᠠᠷᠭ᠎ᠠ ᠵᠠᠮ ᠢ ᠰᠦᠪᠡᠭᠴᠢᠯᠡᠵᠤ᠂ ᠰᠢᠨ᠎ᠡ ᠦᠢᠯᠡᠴᠢᠯᠡᠭᠡ ᠶᠢ ᠪᠦᠬᠦ ᠲᠠᠯ᠎ᠠ ᠪᠠᠷ ᠦᠷᠨᠢᠭᠦᠯᠵᠤ | ᠡᠬᠢᠯᠡᠭᠰᠡᠨ ᠪᠠᠶᠢᠨ᠎ᠠ᠃ ᠤᠶᠢᠯᠠᠭᠠᠭᠰᠠᠨ ᠢᠶᠠᠷ᠂ ᠤᠶᠢᠷ᠎ᠠ ᠶᠢᠨ ᠵᠢᠯ ᠠᠴᠠ ᠨᠠᠰᠢ᠂ ᠶᠠᠳᠠᠭᠤ ᠶᠢ ᠲᠡᠳᠬᠦᠬᠦ ᠠᠵᠢᠯ ᠤᠨ | ᠡᠷᠴᠢᠮ ᠶᠠᠪᠤᠬᠤ ᠲᠤᠳᠤᠮ ᠴᠢᠩᠭᠠᠷᠠᠬᠤ ᠶᠢ ᠲᠠᠭᠠᠯᠳᠤᠨ᠂ ᠪᠤᠶᠢᠳᠠ ᠪᠦᠭᠯᠡᠭᠦᠦ ᠬᠢᠯᠢ ᠬᠢᠵᠠᠭᠠᠷ ᠲᠠᠭᠠᠤ ᠨᠢᠭᠡ | ᠪᠦᠯᠦᠭ ᠶᠠᠳᠠᠭᠤ ᠬᠦᠴᠢᠷ ᠬᠦᠮᠦᠰ ᠬᠦᠷᠳᠡᠯ᠎ᠡ ᠡᠯ᠎ᠡ ᠱᠠᠳᠤᠨ ᠤ ᠵᠠᠰᠠᠭ ᠤᠨ ᠤᠷᠳᠤᠨ ᠤ ᠲᠡᠳᠬᠦᠨ ᠲᠡᠮᠵᠢᠬᠦ | ᠬᠦᠷᠢᠶ᠎ᠡ ᠬᠡᠪᠴᠢᠶᠡᠨ ᠳᠤ ᠤᠷᠤᠵᠤ᠂ ᠠᠵᠤ ᠠᠮᠢᠳᠤᠷᠠᠯ ᠨᠢ ᠠᠭᠠᠵᠢᠮ ᠢᠶᠠᠷ ᠲᠡᠭᠡᠭᠰᠢᠯᠡᠵᠤ᠂ ᠶᠠᠳᠠᠭᠤ ᠶᠢ ᠲᠡᠳᠬᠦᠬᠦ | ᠳᠤ ᠶᠠᠳᠠᠭᠤ ᠬᠦᠴᠢᠷ ᠲᠠᠢ ᠡᠷᠦᠭᠡ ᠶᠢ ᠨᠢᠭᠡ ᠴᠦ ᠤᠷᠬᠢᠭᠳᠠᠭᠤᠯᠬᠤ ᠦᠭᠡᠢ ᠭᠡᠰᠡᠨ ᠭᠤᠤᠯ ᠵᠤᠷᠢᠯᠳᠠ ᠶᠢ ᠨᠢᠭᠡᠨᠳᠡ | ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ ᠬᠡᠪᠡᠴᠦ ᠵᠠᠷᠢᠮ ᠶᠠᠳᠠᠭᠤ ᠬᠦᠴᠢᠷ ᠲᠠᠢ ᠬᠡᠷ ᠪᠦᠯᠢ ᠶᠢᠨ ᠡᠵᠡᠳ ᠪᠤᠶᠤ | ᠵᠠᠷᠢᠮ ᠠᠵᠤ ᠠᠮᠢᠳᠤᠷᠠᠯ ᠤᠨ ᠠᠷᠤ ᠲᠦᠰᠢᠭ ᠦᠭᠡᠢ ᠪᠤᠯᠤᠭᠰᠠᠨ ᠶᠠᠳᠠᠭᠤ ᠰᠤᠷᠤᠭᠴᠢ ᠪᠠᠭᠠᠴᠤᠳ ᠪᠤᠶᠤ ᠢᠳᠡᠷ | ᠵᠠᠯᠠᠭᠤᠴᠤᠳ ᠬᠦᠷᠳᠡᠯ᠎ᠡ᠂ ᠨᠢᠳᠦᠨ ᠡᠮᠦᠨᠡᠬᠢ ᠬᠦᠴᠢᠷ ᠲᠠᠢ ᠪᠠᠶᠢᠳᠠᠯ ᠳᠠᠭᠠᠨ ᠰᠡᠳᠬᠢᠯ ᠮᠤᠬᠤᠵᠤ ᠵᠤᠷᠢᠭ | ᠰᠢᠨᠳᠡᠷᠡᠭᠡᠳ ᠰᠡᠳᠬᠢᠴᠡ ᠶᠢᠨ ᠡᠷᠡᠭᠦᠯ ᠮᠡᠨᠳᠦ ᠶᠢᠨ ᠲᠠᠯ᠎ᠠ ᠪᠠᠷ ᠠᠰᠠᠭᠤᠳᠠᠯ ᠲᠠᠢ ᠪᠤᠯᠵᠤ᠂ ᠪᠡᠶ᠎ᠡ ᠪᠠᠨ ᠭᠤᠯᠤᠨ | ᠪᠤᠰᠤᠳ ᠠᠴᠠ ᠵᠠᠶᠢᠳᠠᠵᠤ᠂ ᠭᠠᠭᠴᠠ ᠬᠤᠶᠠᠷ ᠢᠶᠠᠷ ᠢᠶᠠᠨ ᠤᠶᠢᠳᠬᠠᠷᠯᠠᠨ ᠭᠤᠨᠢᠵᠤ᠂ ᠡᠳᠦᠷ ᠬᠤᠨᠤᠭ ᠢ ᠲᠠᠯᠠᠭᠠᠷ | ᠦᠩᠭᠡᠷᠡᠵᠤ᠂ ᠨᠠᠮ ᠵᠠᠰᠠᠭ ᠨᠡᠶᠢᠭᠡᠮ ᠨᠡᠶᠢᠳᠡ ᠠᠴᠠ ᠮᠠᠨᠤᠰ ᠢ ᠯᠠᠪ ᠦᠯᠪᠡᠷᠡᠭᠦᠯᠬᠦ ᠦᠭᠡᠢ ᠪᠠᠶᠢᠯᠭᠦᠢ ᠬᠡᠰᠡᠨ ᠮᠤᠬᠤᠷ | ᠪᠤᠳᠤᠯ ᠨᠠᠵᠠᠭᠠᠢ ᠬᠤᠶᠢᠷᠭᠤ ᠰᠡᠳᠬᠢᠯᠭᠡ ᠲᠠᠢ ᠪᠤᠯᠤᠭᠰᠠᠨ ᠪᠠᠶᠢᠨ᠎ᠠ᠃ | ᠠᠳᠡᠬᠢ ᠤᠨᠤᠯ ᠤᠨ ᠡᠳᠡᠭᠡᠳ ᠤᠨ ᠬᠢᠨ ᠡᠨᠡᠬᠦ ᠦᠵᠡᠭᠳᠡᠯ ᠢ ᠲᠤᠶᠢᠯ ᠤᠨ ᠠᠶᠤᠯᠳᠠᠢ ᠰᠡᠳᠬᠢᠯ ᠰᠠᠨᠠᠭᠠᠨ ᠤ | ᠶᠠᠳᠠᠭᠤᠷᠠᠯ ᠭᠡᠵᠤ ᠤᠨᠤᠰᠢᠯᠠᠬᠤ ᠶᠢᠨ ᠲᠠᠭᠠᠤ ᠲᠠᠷᠤᠶᠢᠬᠠᠨ ᠰᠡᠳᠬᠢᠴᠡ ᠶᠢᠨ ᠡᠷᠡᠭᠦᠯ ᠮᠡᠨᠳᠦ ᠶᠢᠨ ᠲᠠᠯ᠎ᠠ ᠪᠠᠷ | ᠠᠪᠤᠷᠠᠨ ᠲᠤᠰᠠᠯᠠᠬᠤ ᠴᠢᠬᠤᠯᠠ ᠲᠠᠢ ᠬᠡᠵᠤ ᠦᠵᠡᠭᠰᠡᠨ ᠪᠠᠶᠢᠨ᠎ᠠ᠃ ᠡᠨᠡᠬᠦ ᠦᠵᠡᠭᠳᠡᠯ ᠳᠡᠭᠡᠨ ᠴᠢᠭᠯᠡᠭᠦᠯᠵᠤ᠂ | ᠲᠦᠷᠪᠡᠳ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠳᠤᠨ ᠠᠴᠠ ᠡᠳᠡᠭᠡᠷ ᠬᠦᠮᠦᠰ ᠢ ᠭᠤᠤᠯ | ᠬᠯᠠᠮᠵᠢᠯᠠᠬᠤ ᠡᠳᠡᠭᠡᠳ ᠢᠶᠠᠨ ᠪᠤᠯᠭᠠᠵᠤ᠂ ᠰᠡᠳᠬᠢᠴᠡ ᠶᠢᠨ ᠶᠠᠳᠠᠭᠤᠷᠠᠯ ᠡᠭᠦᠰᠬᠦ ᠶᠢ ᠰᠡᠷᠭᠡᠶᠢᠯᠡᠬᠦ ᠵᠤᠷᠢᠯᠭ᠎ᠠ ᠪᠠᠷ | ᠦᠨ᠎ᠡ ᠲᠦᠯᠦᠪᠦᠷᠢ ᠦᠭᠡᠢ ᠰᠡᠳᠬᠢᠴᠡ ᠶᠢᠨ ᠵᠦᠪᠯᠡᠮᠵᠢ ᠬᠠᠩᠭᠠᠬᠤ ᠦᠢᠯᠡᠴᠢᠯᠡᠭᠡᠨ ᠤ ᠠᠵᠢᠯᠯᠠᠭ᠎ᠠ ᠶᠢ ᠦᠷᠨᠢᠭᠦᠯᠵᠤ | ᠂ ᠬᠤᠯᠪᠤᠭᠳᠠᠯ ᠪᠦᠬᠦᠢ ᠬᠢᠴᠢᠶᠡᠯ ᠲᠠᠶᠢᠯᠤᠮᠵᠢ ᠶᠢ ᠦᠷ᠎ᠡ ᠳ᠋ᠦᠩ ᠲᠠᠢ ᠰᠠᠶᠢᠳᠤᠷ ᠬᠢᠬᠦ ᠶᠢᠨ ᠲᠦᠯᠦᠭᠡ᠂ ᠦᠪᠦᠷ | ᠮᠤᠩᠭᠤᠯ ᠤᠨ ᠰᠡᠳᠬᠢᠴᠡ ᠶᠢᠨ ᠵᠦᠪᠯᠡᠭᠴᠢ ᠶᠢᠨ ᠨᠡᠶᠢᠭᠡᠮᠯᠢᠭ ᠠᠴᠠ ᠲᠤᠰᠬᠠᠢ ᠮᠡᠷᠭᠡᠵᠢᠯᠳᠡᠨ ᠤᠷᠢᠵᠤ᠂ ᠰᠡᠳᠬᠢᠴᠡ | ᠶᠢᠨ ᠵᠦᠪᠯᠡᠮᠵᠢ ᠬᠠᠩᠭᠠᠬᠤ ᠦᠢᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠤᠨ ᠲᠠᠯᠠᠪᠤᠷ ᠲᠤ | ᠬᠦᠷᠴᠦ ᠢᠷᠡᠭᠰᠡᠨ ᠬᠤᠳᠠ ᠬᠦᠳᠡᠭᠡ ᠶᠢᠨ ᠶᠠᠳᠠᠭᠤ ᠬᠦᠴᠢᠷ ᠲᠠᠢ ᠠᠷᠠᠳ ᠤᠯᠠᠨ ᠳᠤ ᠠᠮᠢᠳᠤᠯᠢᠭ ᠲᠦᠷᠰᠦᠯᠢᠭ | ᠰᠡᠳᠬᠢᠴᠡ ᠶᠢᠨ ᠤᠬᠠᠭᠠᠨ ᠤ ᠬᠦᠮᠦᠵᠢᠯ ᠵᠢᠯᠤᠭᠤᠳᠤᠯᠭ᠎ᠠ ᠬᠢᠯᠭᠡᠭᠰᠡᠨ ᠪᠠᠶᠢᠨ᠎ᠠ᠃ ᠡᠨᠡᠬᠦ ᠠᠵᠢᠯᠯᠠᠭ᠎ᠠ ᠨᠢ ᠡᠩ ᠤᠨ | ᠪᠠᠶᠢᠳᠠᠯ ᠲᠤᠤᠷ᠎ᠠ ᠤᠶᠤᠨ ᠤᠬᠠᠭᠠᠨ ᠤ ᠲᠡᠮᠵᠢᠯᠭᠡ ᠪᠠ ᠰᠡᠳᠬᠢᠴᠡ ᠶᠢᠨ ᠤᠬᠠᠭᠠᠨ ᠤ ᠰᠠᠨᠠᠯ ᠵᠦᠪᠯᠡᠮᠵᠢ ᠤᠯᠵᠤ | ᠬᠦᠷᠳᠡᠬᠦ ᠦᠭᠡᠢ ᠶᠠᠳᠠᠭᠤ ᠬᠦᠴᠢᠷ ᠲᠠᠢ ᠠᠷᠠᠳ ᠤᠯᠠᠨ ᠤ ᠰᠡᠳᠬᠢᠴᠡ ᠶᠢᠨ ᠤᠬᠠᠭᠠᠨ ᠤ ᠠᠰᠠᠭᠤᠳᠠᠯ ᠢᠶᠠᠨ ᠤᠯᠵᠤ | ᠰᠢᠢᠳᠪᠦᠷᠢᠯᠡᠬᠦ ᠳᠤᠨᠢ ᠴᠠᠭ ᠤᠨ ᠬᠤᠷ᠎ᠠ ᠰᠢᠭ᠋ ᠲᠤᠰᠠ ᠲᠡᠮᠵᠢᠯᠭᠡ ᠦᠵᠡᠭᠦᠯᠵᠤ᠂ ᠠᠵᠤ ᠠᠮᠢᠳᠤᠷᠠᠯ ᠤᠨ ᠬᠢᠨᠢ ᠬᠡᠪ | ᠤᠨ ᠶᠤᠰᠤᠨ ᠤ ᠡᠷᠬᠢᠯᠳᠡ ᠶᠢ ᠪᠠᠳᠤᠯᠠᠬᠤ ᠪᠤᠯᠵᠠᠢ᠃ | ᠢᠷᠡᠯᠳᠡ᠄ ᠤᠯᠠᠭᠠᠨᠴᠠᠪ ᠤᠨ ᠡᠳᠦᠷ ᠤᠨ | ᠰᠤᠨᠢᠨ | ᠴᠢᠮᠡᠭᠡᠯᠡᠭᠴᠢ᠄ ᠰ᠊᠂ ᠲᠡᠷᠭᠡᠯ |