ᠠᠷᠭ᠎ᠠ ᠪᠤᠳᠤᠯᠭ᠎ᠠ ᠨᠢ ᠵᠦᠪ ᠪᠤᠯ ᠠᠰᠢᠭ ᠲᠤᠰᠠ ᠨᠢ ᠶᠡᠭᠡ
ᠨᠡᠶᠢᠲᠡᠯᠡᠭᠰᠡᠨ ᠴᠠᠭ᠄
2019-11-12
           ᠠᠷᠭ᠎ᠠ ᠪᠤᠳᠤᠯᠭ᠎ᠠ ᠨᠢ ᠵᠦᠪ ᠪᠤᠯ ᠠᠰᠢᠭ ᠲᠤᠰᠠ ᠨᠢ ᠶᠡᠭᠡ          ᠲᠦᠷᠪᠡᠳ ᠬᠤᠰᠢᠭᠤᠨ ᠤ ︽ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ︾ ᠠᠵᠢᠯ ᠤᠨ ᠲᠤᠷᠰᠢᠯᠭ᠎ᠠ  ᠶᠢᠨ ᠲᠤᠬᠠᠢ ᠬᠦᠤᠷᠨᠢᠯ        ᠨᠠᠮ ᠤᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ᠂ ᠶᠠᠳᠠᠭᠤ ᠶᠢ ᠤᠨᠤᠪᠴᠢᠳᠠᠢ ᠲᠡᠳᠬᠦᠵᠤ ᠢᠷᠡᠭᠰᠡᠨ ᠬᠠᠳᠠᠭᠤᠵᠢᠯᠳᠠᠢ ᠦᠢᠯᠡᠳᠦᠯᠭᠡ ᠠᠴᠠ ᠤᠯᠵᠤ ᠮᠡᠳᠡᠭᠰᠡᠨ ᠬᠦᠳᠡᠭᠡ ᠲᠤᠰᠬᠤᠨ ᠮᠠᠯᠵᠢᠬᠤ ᠤᠷᠤᠨ ᠳᠠᠬᠢ ᠲᠠᠬᠢᠨ ᠶᠠᠳᠠᠭᠤᠷᠠᠬᠤ ᠦᠵᠡᠭᠳᠡᠯ ᠤᠨ ᠤᠯᠠᠩᠭᠢ ᠨᠢ ᠡᠪᠡᠳᠴᠢᠨ ᠬᠠᠭᠤᠴᠢ ᠠᠴᠠ ᠪᠤᠯᠤᠭᠰᠠᠨ ᠤᠨᠴᠠᠭᠠᠢ ᠪᠠᠶᠢᠳᠠᠯ ᠳᠠᠭᠠᠨ ᠴᠢᠭᠯᠡᠭᠦᠯᠦᠨ᠂ ᠲᠦᠷᠪᠡᠳ ᠬᠤᠰᠢᠭᠤ ︽ᠡᠷᠡᠭᠦᠯ ᠡᠩᠭᠡ ᠲᠦᠷᠪᠡᠳ ᠬᠤᠰᠢᠭᠤ︾ ᠶᠢ ᠪᠦᠳᠦᠭᠡᠨ ᠪᠠᠶᠢᠭᠤᠯᠬᠤ ᠶᠡᠷᠦᠩᠭᠡᠢ ᠬᠠᠷᠠᠯᠳᠠ ᠶᠢ ᠲᠤᠷᠠᠳᠴᠦ᠂ ᠲᠡᠭᠦᠨ ᠤ ᠲᠤᠭᠤᠷᠢᠨ ᠳᠤ ︽ᠭᠤᠷᠪᠠ ᠶᠢ ᠪᠠᠭᠠᠰᠠᠬᠨ᠂ ᠭᠤᠷᠪᠠ ᠶᠢᠨ ᠴᠢᠬᠢᠷᠠᠭᠵᠢᠭᠤᠯᠬᠤ︾᠂ ︽ᠨᠢᠭᠡ ᠶᠢ ᠦᠭᠡᠷᠡᠴᠢᠯᠡᠵᠤ ᠬᠤᠶᠠᠷ ᠢ ᠦᠭᠡᠶᠢᠰᠬᠡᠬᠦ︾ ᠵᠡᠷᠭᠡ ᠪᠤᠳᠠᠳᠠᠢ ᠠᠷᠭ᠎ᠠ ᠪᠤᠳᠤᠯᠭ᠎ᠠ  ᠶᠢ ᠠᠪᠴᠦ ︽ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ︾ ᠦᠷ᠎ᠡ ᠠᠰᠢᠭᠳᠤ ᠠᠵᠢᠯ ᠤᠨ ᠰᠢᠨ᠎ᠡ ᠲᠤᠭᠳᠠᠴᠠ ᠶᠢ ᠪᠠᠶᠢᠭᠤᠯᠤᠭᠠᠳ ᠡᠪᠡᠳᠴᠢᠨ ᠬᠠᠭᠤᠴᠢ ᠠᠴᠠ ᠪᠤᠯᠵᠤ ᠲᠠᠬᠢᠨ ᠶᠠᠳᠠᠭᠤᠷᠠᠬᠤ ᠦᠵᠡᠭᠳᠡᠯ ᠢ ᠦᠨᠳᠦᠰᠦᠨ ᠠᠴᠠ ᠨᠢ ᠰᠡᠷᠭᠡᠶᠢᠯᠡᠨ ᠵᠠᠰᠠᠬᠤ ᠪᠤᠯᠤᠭᠰᠠᠨ ᠪᠠᠶᠢᠨ᠎ᠠ᠃ ᠲᠡᠭᠡᠪᠡᠯ ᠠᠳᠡ ᠲᠤᠷᠠᠳᠴᠦ ᠪᠠᠶᠢᠭ᠎ᠠ ︽ᠨᠢᠭᠡ ᠶᠢ ᠦᠭᠡᠷᠡᠴᠢᠯᠡᠵᠤ᠂ ᠬᠤᠶᠠᠷ ᠢ ᠦᠭᠡᠶᠢᠰᠬᠡᠬᠦ︾ ᠪᠠ ︽ᠭᠤᠷᠪᠠ ᠶᠢ ᠪᠠᠭᠠᠰᠠᠬᠨ᠂ ᠭᠤᠷᠪᠠ ᠶᠢ ᠴᠢᠬᠢᠷᠠᠭᠵᠢᠭᠤᠯᠬᠤ︾ ᠭᠡᠳᠡᠭ ᠨᠢ ᠶᠠᠭᠤ  ᠶᠢ ᠵᠢᠭᠠᠵᠤ ᠪᠠᠶᠢᠭ᠎ᠠ ᠪᠤᠢ ᠭᠡᠪᠡᠯ᠄ ᠤᠤᠯ ᠳᠠᠭᠠᠨ ᠡᠪᠡᠳᠴᠢᠳᠡᠳ ᠦᠪᠡᠷᠰᠡᠳ ᠢᠶᠠᠨ ᠤᠴᠢᠵᠤ ᠦᠵᠡᠭᠦᠯᠳᠡᠭ ᠲᠠᠳᠬᠠᠯ ᠢ ᠡᠮᠴᠢᠯᠡᠭᠡᠨ ᠤ ᠰᠠᠯᠠᠭ᠎ᠠ ᠮᠦᠴᠢᠷ ᠠᠴᠠ ᠡᠮ ᠲᠤᠬᠢᠷᠠᠭᠤᠯᠤᠨ ᠬᠦᠷᠭᠡᠵᠤ ᠡᠮᠴᠢᠯᠡᠬᠦ ᠪᠤᠯᠭᠠᠨ ᠦᠭᠡᠷᠡᠴᠢᠯᠡᠵᠤ᠂ ᠤᠳᠠᠭᠠᠨ ᠴᠢᠨᠠᠷ ᠲᠠᠢ ᠤᠷᠬᠠᠭ ᠡᠪᠡᠳᠴᠢᠨ ᠪᠠ ᠲᠡᠭᠦᠨ ᠢ ᠵᠠᠰᠠᠬᠤ ᠰᠦᠢᠳᠬᠡᠯ ᠬᠤᠶᠠᠷ ᠢ ᠪᠦᠷᠢᠮᠦᠰᠦᠨ ᠦᠭᠡᠶᠢᠰᠬᠡᠵᠤ᠂ ᠬᠠᠮᠤᠭ ᠦᠨᠳᠦᠷ ᠬᠦᠷᠳᠡᠭᠡᠮᠵᠢ ᠶᠢᠨ ᠬᠡᠮᠵᠢᠶ᠎ᠡ ᠶᠢ ᠤᠤᠯ ᠤᠨ 2 ᠲᠦᠮᠡᠨ ᠲᠦᠭᠦᠷᠢᠭ  ᠠᠴᠠ ᠤᠳᠤ ᠶᠢᠨ 10 ᠲᠦᠮᠡᠨ ᠲᠦᠭᠦᠷᠢᠭ ᠲᠤ ᠬᠦᠷᠦᠭᠦᠯᠦᠭᠰᠡᠨ᠃ ᠲᠠᠪᠤᠰᠤ ᠢᠳᠡᠬᠦ᠂ ᠢᠳᠡᠭᠡᠨ ᠤ ᠲᠤᠰᠤ ᠢᠳᠡᠭᠦ ᠪᠠ ᠰᠢᠬᠢᠷ ᠢᠳᠡᠬᠦ ᠶᠢ ᠪᠠᠭᠠᠰᠬᠠᠬᠤ᠂ ᠠᠮᠠᠨ ᠬᠦᠨᠳᠡᠢ ᠶᠢᠨ ᠡᠷᠡᠭᠦᠯ ᠴᠢᠬᠢᠷᠠᠭ᠂ ᠠᠷᠤᠭ ᠶᠠᠰᠤᠨ ᠤ ᠡᠷᠡᠭᠦᠯ ᠪᠠ ᠪᠡᠶ᠎ᠡ ᠮᠠᠬᠠᠪᠤᠳ ᠤᠨ ᠬᠡᠪ ᠤᠨ ᠬᠦᠨᠳᠦ ᠶᠢ ᠪᠠᠳᠤᠯᠠᠬᠤ ᠭᠤᠷᠪᠠ ᠶᠢ ᠵᠢᠭᠠᠵᠤ ᠪᠤᠢ᠃ ᠡᠭᠦᠨ ᠳᠤ ᠤᠳᠠᠭᠠᠨ ᠴᠢᠨᠠᠷᠳᠠᠢ ᠤᠷᠬᠠᠭ ᠡᠪᠡᠳᠴᠢᠨ᠂ ᠬᠦᠨᠳᠦ ᠨᠤᠴᠢᠳᠠᠢ ᠤᠶᠤᠨ ᠮᠡᠳᠡᠷᠡᠯ ᠤᠨ ᠡᠪᠡᠳᠴᠢᠨ᠂ ᠬᠠᠯᠳᠠᠪᠤᠷᠢᠳᠤ ᠴᠢᠨᠠᠷᠳᠠᠢ ᠤᠷᠤᠨ ᠨᠤᠳᠤᠭ ᠤᠨ ᠡᠪᠡᠳᠴᠢᠨ ᠢᠶᠠᠷ ᠭᠤᠤᠯ ᠪᠤᠯᠭᠠᠭᠰᠠᠨ ᠴᠢᠰᠤᠨ ᠲᠠᠷᠤᠯᠳᠠ ᠦᠨᠳᠦᠷ᠂ ᠰᠢᠬᠢᠷ ᠰᠢᠵᠢᠩ᠂ ᠬᠡᠷᠦᠬᠦ ᠴᠢᠨᠠᠷᠳᠠᠢ ᠦᠶ᠎ᠡ ᠬᠡᠰᠢᠭᠦᠦ᠂ ᠲᠦᠷᠦᠯᠬᠢ ᠴᠢᠨᠠᠷᠳᠠᠢ ᠵᠢᠷᠤᠬᠡᠨ ᠡᠪᠡᠳᠴᠢᠨ ᠢ ᠤᠳᠤ ᠶᠢᠨ 30 ᠭᠠᠷᠤᠢ ᠲᠦᠷᠦᠯ ᠪᠤᠯᠭᠠᠨ ᠬᠢᠨᠠᠨ ᠲᠤᠭᠳᠠᠭᠠᠵᠤ᠂ ᠪᠦᠬᠦᠨ ᠢ ᠰᠦᠷᠢᠶ᠎ᠡ ᠡᠪᠡᠳᠴᠢᠨ ᠪᠠ ᠪᠷᠤᠽᠧᠯ ᠡᠪᠡᠳᠴᠢᠨ ᠲᠠᠢ ᠠᠳᠠᠯᠢ  ᠪᠠᠷ ᠰᠦᠢᠳᠬᠡᠯ ᠬᠤᠷᠢᠶᠠᠬᠤ ᠦᠭᠡᠢ ᠡᠮᠴᠢᠯᠡᠬᠦ ᠬᠦᠷᠢᠶ᠎ᠡ ᠬᠡᠪᠴᠢᠶᠡᠨ ᠳᠤ ᠤᠷᠤᠭᠤᠯᠵᠤ ᠶᠡᠷᠦᠩᠭᠡᠶᠢᠯᠡᠨ ᠵᠠᠰᠠᠭᠰᠠᠨ ᠪᠠᠶᠢᠨ᠎ᠠ᠃ ᠠᠶᠢᠽ ᠡᠪᠡᠳᠴᠢᠨ ᠵᠡᠷᠭᠡ ᠲᠦᠷᠭᠡᠨ ᠬᠠᠯᠳᠠᠪᠤᠷᠢᠯᠠᠬᠤ ᠴᠢᠨᠠᠷᠳᠠᠢ ᠡᠪᠡᠳᠴᠢᠨ ᠬᠢᠵᠢᠭ ᠢ ᠤᠷᠢᠳᠴᠢᠯᠠᠨ ᠰᠡᠷᠭᠡᠶᠢᠯᠡᠵᠤ᠂ ᠬᠢᠨᠠᠨ ᠡᠵᠡᠮᠳᠡᠬᠦ᠂ ᠡᠮ ᠳᠤ ᠲᠠᠭᠠᠭᠠᠴᠠ ᠲᠠᠢ ᠰᠦᠷᠢᠶ᠎ᠡ ᠡᠪᠡᠳᠴᠢᠨ᠂ ᠰᠦᠷᠢᠶ᠎ᠡ ᠶᠢᠨ ᠰᠠᠪᠠᠭ᠋ᠠᠴᠢᠷ ᠪᠠᠺᠲ᠋ᠧᠷᠢ ᠪᠠ ᠬᠦᠮᠦᠨ ᠤ ᠬᠤᠭᠤᠷᠤᠨᠳᠤᠬᠢ ᠪᠷᠤᠽᠧᠯ ᠢ ᠬᠠᠮᠢᠶᠠᠷᠴᠤ ᠮᠡᠳᠡᠭᠦᠯᠵᠤ᠂ ᠤᠨᠤᠰᠢᠯᠠᠨ ᠵᠠᠰᠠᠬᠤ ᠲᠤᠬᠠᠢ ᠡᠮᠴᠢᠯᠡᠭᠡᠨ ᠤ ᠠᠵᠢᠯ ᠮᠡᠷᠭᠡᠵᠢᠯ ᠤᠨ ᠺᠠᠳ᠋ᠷ ᠠᠵᠢᠯᠳᠠᠨ ᠤ ᠬᠦᠮᠦᠷᠭᠡ ᠪᠠ ᠡᠬᠢ ᠪᠠᠶᠠᠯᠢᠭ ᠤᠨ ᠬᠦᠮᠦᠷᠭᠡ ᠪᠠᠶᠢᠭᠤᠯᠵᠤ ᠂ ᠪᠦᠬᠦ ᠤᠷᠤᠨ ᠤ 30 ᠨᠡᠷ᠎ᠡ ︽ᠡᠷᠡᠭᠦᠯ ᠡᠩᠭᠡ ᠬᠤᠰᠢᠭᠤ ᠰᠢᠶᠠᠨ︾ ᠤ ᠲᠤᠷᠰᠢᠯᠳᠠ ᠶᠢᠨ ᠴᠡᠭ ᠤᠨ ᠡᠩᠨᠡᠭᠡᠨ  ᠳᠤ ᠬᠤᠰᠢᠭᠤᠷᠠᠨ ᠤᠷᠤᠭᠰᠠᠨ ᠪᠠᠶᠢᠨ᠎ᠠ᠃        ᠡᠳᠡᠭᠡᠷ ᠦᠢᠯᠡᠳᠦᠯᠭᠡ ᠲᠤᠮᠳᠠ ᠲᠡᠳᠡ ᠪᠦᠬᠦ ᠬᠤᠰᠢᠭᠤᠨ ᠤ ᠰᠤᠷᠳᠠᠯ ᠤᠬᠠᠭᠤᠯᠭ᠎ᠠ ᠰᠤᠷᠭᠠᠨ ᠬᠦᠮᠦᠵᠢᠯ  ᠤᠨ ᠬᠢᠨ ᠲᠠᠢ ᠬᠠᠮᠳᠤᠷᠠᠨ᠂ ᠡᠷᠡᠭᠦᠯ ᠮᠡᠨᠳᠦ ᠶᠢᠨ ᠤᠬᠠᠭᠤᠯᠭ᠎ᠠ ᠬᠦᠮᠦᠵᠢᠯ ᠢ ᠴᠢᠩᠭᠠᠳᠬᠠᠵᠤ᠂ ᠠᠷᠠᠳ ᠨᠡᠶᠢᠳᠡ  ᠶᠢᠨ ᠡᠷᠡᠭᠦᠯ ᠴᠢᠬᠢᠷᠠᠭ ᠠᠵᠤ ᠠᠮᠢᠳᠤᠷᠠᠯ ᠤᠨ ᠲᠤᠬᠠᠢ ᠰᠢᠨᠵᠢᠯᠡᠬᠦ ᠤᠬᠠᠭᠠᠨ ᠤ ᠮᠡᠳᠡᠯᠭᠡ ᠮᠡᠷᠭᠡᠵᠢᠯ ᠢ ᠰᠤᠷᠳᠠᠯᠴᠢᠯᠠᠨ ᠲᠦᠭᠡᠮᠡᠯᠵᠢᠭᠦᠯᠬᠦ᠂ ᠤᠯᠠᠨ ᠨᠡᠶᠢᠳᠡ ᠶᠢᠨ ᠲᠠᠯᠠᠪᠤᠷ ᠲᠤ ᠲᠠᠮᠠᠬᠢ ᠲᠠᠳᠠᠬᠤ ᠶᠢ ᠬᠢᠵᠠᠭᠠᠷᠯᠠᠬᠤ᠂ ᠪᠡᠶ᠎ᠡ ᠪᠠᠨ ᠰᠤᠪᠢᠯᠠᠨ ᠡᠷᠡᠭᠦᠯᠵᠢᠭᠦᠯᠬᠦ᠂ ᠪᠡᠶ᠎ᠡ ᠰᠡᠳᠬᠢᠴᠡ ᠶᠢᠨ ᠲᠠᠮᠢᠷ ᠤᠨ ᠪᠤᠯᠪᠠᠰᠤᠷᠠᠯ ᠢ ᠲᠦᠭᠡᠮᠡᠯᠵᠢᠭᠦᠯᠬᠦ ᠲᠤᠰᠬᠠᠢ ᠦᠢᠯᠡᠴᠢᠯᠡᠭᠡᠨ ᠤ ᠲᠡᠪᠴᠡᠩ ᠪᠠᠶᠢᠭᠤᠯᠵᠤ᠂ 12320 ᠨᠤᠮᠧᠷᠳᠤ ᠡᠷᠡᠭᠦᠯ ᠬᠠᠮᠠᠭᠠᠯᠠᠯ ᠤᠨ ᠤᠳᠠᠰᠤᠨ ᠤ ᠦᠢᠯᠡᠴᠢᠯᠡᠬᠦ ᠬᠢᠷᠢ ᠲᠦᠪᠰᠢᠨ ᠢ ᠦᠷᠭᠦᠯᠵᠢᠯᠡᠨ ᠲᠡᠭᠡᠭᠰᠢᠯᠡᠭᠦᠯᠬᠦ ᠵᠡᠷᠭᠡ ᠦᠷ᠎ᠡ ᠪᠦᠳᠦᠮᠵᠢᠳᠠᠢ ᠠᠷᠭ᠎ᠠ ᠵᠠᠮ ᠢᠶᠠᠷ ᠲᠠᠮᠵᠢᠭᠤᠯᠤᠨ᠂ ᠡᠪᠡᠳᠴᠢᠨ ᠵᠤᠪᠠᠯᠠᠩ ᠠᠴᠠ ᠪᠤᠯᠵᠤ ᠶᠠᠳᠠᠭᠤᠷᠠᠭᠰᠠᠨ ᠬᠦᠮᠦᠰ ᠲᠤ ᠡᠮ ᠲᠤᠬᠢᠷᠠᠭᠤᠯᠤᠨ ᠬᠦᠷᠭᠡᠵᠤ ᠡᠮᠴᠢᠯᠡᠬᠦ ᠦᠢᠯᠡᠴᠢᠯᠡᠭᠡᠨ ᠤ ᠡᠯ᠎ᠡ ᠭᠤᠭᠴᠤᠭ᠎ᠠ ᠳᠠᠬᠢ ᠠᠮᠠ ᠰᠡᠭᠡᠷ ᠢ ᠰᠠᠶᠢᠳᠤᠷ ᠲᠠᠭᠠᠷᠠᠭᠤᠯᠤᠨ ᠰᠢᠯᠦᠭᠤᠳᠬᠠᠵᠤ ᠠᠬᠢᠭᠤᠯᠬᠤ ᠶᠠᠪᠤᠴᠠ ᠳᠤ ᠬᠦᠳᠡᠭᠡ ᠪᠠᠭᠤᠭᠰᠠᠨ ᠺᠠᠳ᠋ᠷ ᠠᠵᠢᠯᠳᠠᠳ ᠪᠠ ᠡᠯ᠎ᠡ ᠱᠠᠳᠤᠨ ᠤ ᠡᠮᠨᠡᠯᠭᠡ ᠶᠢᠨ ᠬᠢᠨ ᠠᠵᠢᠯ ᠳᠠᠭᠠᠨ ᠨᠠᠵᠠᠭᠠᠶᠢᠷᠠᠨ ᠤᠰᠤᠯᠳᠠᠵᠤ ᠬᠤᠶᠢᠷᠭᠤᠰᠢᠬᠤ ᠦᠵᠡᠭᠳᠡᠯ ᠳᠤ ᠤᠭᠳᠤ ᠨᠠᠶᠢᠷ ᠲᠠᠯᠪᠢᠬᠤ ᠦᠭᠡᠢ᠂ ᠬᠠᠤᠯᠢ ᠲᠦᠷᠢᠮ ᠶᠤᠰᠤᠭᠠᠷ ᠬᠠᠷᠢᠭᠤᠴᠠᠯᠭ᠎ᠠ ᠨᠡᠬᠡᠮᠵᠢᠯᠡᠵᠤ᠂ ᠴᠢᠩᠭ᠎ᠠ ᠱᠠᠭᠠᠷᠳᠠᠬᠤ ᠪᠤᠯᠤᠭᠰᠠᠨ ᠠᠴᠠ ᠵᠦᠪᠬᠡᠨ ᠨᠢᠳᠤᠨᠤᠨ ᠨᠢᠭᠡ ᠵᠢᠯ  ᠳᠤ 1800 ᠭᠠᠷᠤᠢ ᠶᠠᠳᠠᠭᠤ ᠬᠦᠴᠢᠷᠳᠠᠢ ᠡᠪᠡᠳᠴᠢᠳᠡᠳ ᠲᠤ 142.4 ᠲᠦᠮᠡᠨ ᠲᠦᠭᠦᠷᠢᠭ ᠤᠨ ᠡᠮ ᠲᠠᠩ ᠬᠦᠷᠭᠡᠵᠦ ᠦᠢᠯᠡᠴᠢᠯᠡᠭᠰᠡᠨ ᠪᠠᠶᠢᠨ᠎ᠠ᠃ ᠨᠠᠰᠤ ᠠᠬᠢᠭᠰᠠᠨ ᠬᠦᠳᠡᠯᠮᠦᠷᠢ ᠶᠢᠨ ᠴᠢᠳᠠᠪᠤᠷᠢ ᠪᠠᠨ ᠠᠯᠳᠠᠭᠰᠠᠨ᠂ ᠤᠷᠬᠠᠭ ᠡᠪᠡᠳᠴᠢᠨ ᠲᠠᠢ ᠶᠠᠳᠠᠭᠤ ᠬᠦᠴᠢᠷᠳᠠᠢ ᠶᠠᠳᠠᠭᠤ ᠬᠦᠴᠢᠷᠳᠠᠢ ᠬᠦᠮᠦᠨ ᠠᠮᠠ ᠶᠢ ᠪᠦᠬᠦᠨ ᠢ ᠨᠡᠶᠢᠭᠡᠮ ᠤᠨ ᠦᠨᠳᠦᠰᠦᠨ ᠠᠮᠢᠳᠤᠷᠠᠯ ᠤᠨ ᠪᠠᠳᠤᠯᠠᠪᠤᠷᠢ ᠶᠢᠨ ᠬᠦᠷᠢᠶ᠎ᠡ ᠬᠡᠪᠴᠢᠶᠠᠨ ᠳᠤ ᠤᠷᠤᠭᠤᠯᠵᠤ᠂ ᠬᠦᠨᠳᠦ ᠡᠪᠡᠳᠴᠢᠨ ᠠᠴᠠ ᠪᠤᠯᠤᠭᠰᠠᠨ ᠡᠮᠨᠡᠯᠭᠡ ᠶᠢᠨ ᠵᠠᠷᠤᠳᠠᠯ ᠢ ᠦᠨᠳᠦᠰᠦᠨ ᠡᠮᠨᠡᠯᠭᠡ ᠶᠢᠨ ᠲᠠᠭᠠᠳᠬᠠᠯ᠂ ᠬᠦᠨᠳᠦ ᠡᠪᠡᠳᠴᠢᠨ ᠤ ᠲᠠᠭᠠᠳᠬᠠᠯ᠂ ᠶᠠᠳᠠᠭᠤ  ᠶᠢ ᠲᠡᠳᠬᠦᠬᠦ ᠰᠠᠭᠤᠷᠢ ᠮᠦᠩᠭᠦ ᠶᠢᠨ ᠨᠦᠬᠦᠪᠦᠷᠢ ᠭᠡᠬᠦ ᠮᠡᠳᠦ ᠤᠯᠠᠨ ᠵᠦᠢᠯ ᠤᠨ ᠠᠷᠭ᠎ᠠ ᠮᠠᠶ᠋ᠢᠭ ᠢᠶᠠᠷ ᠪᠦᠬᠦ ᠬᠤᠰᠢᠭᠤᠨ ᠤ 2391 ᠶᠠᠳᠠᠭᠤ ᠬᠦᠴᠢᠷ ᠲᠠᠢ ᠬᠦᠮᠦᠰ ᠤᠨ ᠡᠮᠨᠡᠯᠭᠡ ᠶᠢᠨ ᠵᠠᠷᠤᠳᠠᠯ ᠢ ᠲᠠᠩᠰᠠᠨ ᠠᠴᠠ ᠲᠠᠶᠢᠯᠵᠤ᠂ ᠲᠤᠰᠠᠯᠠᠭᠰᠠᠨ ᠮᠦᠩᠭᠦ 1185 ᠲᠦᠮᠡᠨ ᠲᠦᠭᠦᠷᠢᠭ ᠲᠤ ᠬᠦᠷᠦᠭᠰᠡᠨ ᠪᠠᠶᠢᠨ᠎ᠠ᠃ ᠡᠨᠡ ᠲᠤᠬᠠᠢ ᠨᠢᠭᠡ ᠯᠡ ᠵᠢᠱᠢᠶ᠎ᠡ ᠲᠠᠳᠠᠬᠤ ᠳᠤ᠂ ᠳ᠋ᠦᠩ ᠪᠠ ᠬᠤᠣ ᠰᠢᠶᠠᠩ ᠤᠨ ᠯᠢᠦ ᠰᠢᠶᠠᠨ ᠲᠤᠥ ᠨᠠᠰᠤᠳᠠᠨ ᠤ ᠮᠡᠰᠡ ᠵᠠᠰᠠᠯ ᠬᠢᠯᠭᠡᠭᠰᠡᠨ ᠵᠠᠷᠤᠳᠠᠯ 5 ᠲᠦᠮᠡᠨ ᠲᠦᠭᠦᠷᠢᠭ ᠲᠤ ᠬᠦᠷᠦᠭᠰᠡᠨ ᠴᠦ ᠲᠡᠷᠡ ᠦᠪᠡᠷ ᠢᠶᠠᠨ ᠵᠦᠪᠬᠡᠨ 2300 ᠲᠦᠭᠦᠷᠢᠭ ᠯᠡ ᠭᠠᠷᠭᠠᠵᠠᠢ᠃        ᠲᠦᠷᠪᠡᠳ ᠬᠤᠰᠢᠭᠤᠨ ᠤ ᠡᠭᠦᠳᠦᠭᠰᠡᠨ ᠶᠠᠳᠠᠭᠤ ᠡᠪᠡᠳᠴᠢᠳᠡᠨ ᠢ ᠡᠮᠨᠡᠬᠦ ᠡᠨᠡᠬᠦ ᠦᠷ᠎ᠡ ᠠᠰᠢᠭᠳᠤ ᠰᠠᠭᠠᠳ ᠦᠭᠡᠢ ᠨᠡᠪᠳᠡᠷᠡᠬᠦ ᠵᠠᠮ ᠨᠢ ᠬᠦᠮᠦᠰ ᠢ ᠪᠦᠬᠦᠨ ᠢ ᠪᠦᠷᠬᠦᠵᠤ᠂ ᠶᠠᠳᠠᠭᠤ ᠬᠦᠴᠢᠷ ᠲᠠᠢ ᠬᠦᠮᠦᠰ ᠤᠨ ᠡᠪᠡᠳᠴᠢᠨ  ᠢᠶᠠᠨ ᠦᠵᠡᠭᠦᠯᠬᠦ ᠳᠤ ᠬᠦᠴᠢᠷ᠂ ᠡᠮᠨᠡᠯᠭᠡ ᠳᠤ ᠰᠠᠭᠤᠬᠤ ᠳᠤ ᠦᠨ᠎ᠡ ᠲᠠᠢ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠤ᠂ ︽ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠠᠶᠢᠭᠤᠯᠤᠯᠳᠠ︾ ᠶᠢ ᠬᠦᠴᠦᠳᠠᠢ ᠲᠦᠯᠬᠢᠨ ᠠᠬᠢᠭᠤᠯᠬᠤ ᠪᠤᠯᠤᠭᠰᠠᠨ ᠪᠠᠶᠢᠨ᠎ᠠ᠃                                                    ᠢᠷᠡᠯᠳᠡ᠄ ᠤᠯᠠᠭᠠᠨᠴᠠᠪ ᠤᠨ ᠡᠳᠦᠷ ᠤᠨ ᠰᠤᠨᠢᠨ                                                    ᠰᠤᠷᠪᠤᠯᠵᠢᠯᠠᠭᠴᠢ᠄ ᠷᠢᠨ᠊᠂ ᠰᠤᠳᠨᠠᠮ
 
ᠢᠷᠡᠯᠲᠡ᠄ ᠤᠯᠠᠭᠠᠨᠴᠠᠪ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2