︽ᠪᠤᠬᠢᠷᠳᠤᠯ ᠦᠭᠡᠢ ᠬᠦᠭᠵᠢᠯᠳᠡ︾ ᠶᠢᠨ ᠲᠤᠭᠤᠷᠢᠨ ᠳᠤ ᠤᠯᠠᠭᠠᠨᠬᠤᠸᠠ ᠪᠠᠯᠭᠠᠰᠤᠨ ᠤ ᠤᠷᠴᠢᠨ ᠲᠤᠭᠤᠷᠢᠨ ᠤ ᠠᠷᠢᠭᠤᠨ ᠴᠡᠪᠡᠷ ᠤᠨ ᠪᠠᠶᠢᠭᠤᠯᠤᠯᠳᠠ ᠢᠯᠡᠳᠳᠡ ᠰᠠᠶᠢᠵᠢᠷᠠᠪᠠ
ᠨᠡᠶᠢᠲᠡᠯᠡᠭᠰᠡᠨ ᠴᠠᠭ᠄
2019-11-14
       ᠤᠶᠢᠷ᠎ᠠ ᠶᠢᠨ ᠵᠢᠯ ᠠᠴᠠ ᠨᠠᠰᠢ᠂ ︽ᠵᠤᠷᠯᠤᠩ ᠤᠨ ᠬᠤᠪᠢᠰᠬᠠᠯ︾ ᠢᠶᠠᠷ ᠭᠤᠤᠯ ᠪᠤᠯᠭᠠᠭᠰᠠᠨ ᠤᠯᠠᠭᠠᠨᠬᠤᠸᠠ ᠶᠢᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠪᠠᠶᠢᠭᠤᠯᠤᠯᠳᠠ ᠢᠯᠡᠳᠳᠡ ᠰᠠᠶᠢᠵᠢᠷᠠᠵᠤ᠂ ᠵᠢᠵᠢᠭ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠳᠦᠷ ᠢᠷᠡᠭᠦᠶ᠎ᠡ ᠦᠭᠡᠳᠡᠯᠡᠨ ᠰᠠᠶᠢᠵᠢᠷᠠᠵᠤ ᠪᠠᠶᠢᠭ᠎ᠠ ᠰᠠᠶᠢᠨ ᠰᠠᠶᠢᠬᠠᠨ ᠠᠵᠤ ᠠᠮᠢᠳᠤᠷᠠᠯ ᠤᠨ ᠬᠡᠷᠡᠭᠴᠡᠭᠡ ᠪᠠ ᠠᠷᠢᠭᠤᠨ ᠴᠡᠪᠡᠷ ᠡᠷᠡᠭᠦᠯ ᠡᠩᠭᠡ ᠤᠷᠴᠢᠨ ᠲᠤᠭᠤᠷᠢᠨ ᠤ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠬᠤ ᠪᠤᠯᠤᠭᠰᠠᠨ ᠪᠠᠶᠢᠨ᠎ᠠ᠃ ᠦᠩᠭᠡᠷᠡᠭᠰᠡᠨ ᠳᠤ ᠬᠦᠮᠦᠰ ᠤᠯᠠᠭᠠᠨᠬᠤᠸᠠ ᠪᠠᠯᠭᠠᠰᠤ ᠶᠢ ᠬᠤᠭᠤᠯᠠᠨ ᠭᠡᠷ ᠨᠢ ᠤᠯᠠᠨ ᠴᠦ ᠨᠡᠶᠢᠳᠡ ᠶᠢᠨ ᠵᠤᠷᠯᠤᠩ ᠪᠠᠶᠢᠳᠠᠭ ᠦᠭᠡᠢ ᠨᠤᠪᠰᠢ ᠶᠢᠨ ᠭᠠᠵᠠᠷ ᠬᠡᠵᠤ ᠬᠡᠯᠡᠳᠡᠭ ᠪᠠᠶᠢᠭᠰᠠᠨ ᠪᠤᠯ ᠤᠳᠤ ᠳᠤ ᠪᠠᠯᠭᠠᠰᠤ ᠶᠢᠨ ᠤᠤᠯ ᠤᠨ ᠲᠤᠭᠠᠳᠠᠢ ᠬᠡᠳᠦᠭᠡᠨ ᠮᠦᠷᠳᠡᠭᠡᠨ ᠨᠢᠭᠤᠴᠠ ᠭᠤᠳᠤᠮᠵᠢ ᠪᠠᠷ ᠪᠠᠶᠢᠳᠠᠭ ᠲᠦᠭᠦᠮ ᠪᠦᠳᠦᠴᠢᠳᠠᠢ ᠬᠠᠭᠤᠷᠠᠢ ᠵᠤᠷᠯᠤᠩ ᠢ ᠦᠭᠡᠷᠡᠴᠢᠯᠡᠨ ᠪᠠᠶᠢᠭᠤᠯᠵᠤ᠂ ᠤᠰᠤ ᠪᠠᠷ ᠵᠠᠶᠢᠯᠠᠵᠤ ᠴᠡᠪᠡᠷᠯᠡᠳᠡᠭ ᠨᠡᠶᠢᠳᠡ ᠶᠢᠨ ᠵᠤᠷᠯᠤᠩ ᠢ 200 ᠭᠠᠷᠤᠢ ᠪᠠᠶᠢᠭᠤᠯᠤᠭᠰᠠᠨ ᠢᠶᠠᠷ ᠪᠠᠷᠠᠬᠤ ᠦᠭᠡᠢ᠂ ᠬᠠᠰᠠᠷ ᠰᠤᠶᠤᠯ ᠤᠨ ᠠᠭᠤᠳᠠᠮ ᠲᠠᠯᠠᠪᠠᠢ ᠵᠡᠷᠭᠡ ᠬᠡᠳᠦᠨ ᠭᠤᠤᠯ ᠠᠭᠤᠳᠠᠮ ᠲᠠᠯᠠᠪᠠᠢ ᠳᠤ ᠤᠰᠤ ᠪᠠᠷ ᠴᠡᠪᠡᠷᠰᠢᠭᠦᠯᠬᠦ ᠱᠠᠭᠠᠷᠳᠠᠯᠭ᠎ᠠ ᠦᠭᠡᠢ ᠢᠯᠭᠠᠳᠠᠰᠤ ᠮᠦᠷ ᠢ ᠲᠤᠬᠠᠢ ᠶᠢᠨ ᠭᠠᠵᠠᠷ ᠲᠤ ᠵᠠᠳᠠᠷᠠᠠᠭᠤᠯᠬᠤ ᠤᠯᠠᠨ ᠴᠢᠳᠠᠮᠵᠢᠳᠤ ᠪᠤᠬᠢᠷᠳᠤᠯ ᠦᠭᠡᠢ ᠵᠤᠷᠯᠤᠩ 22 ᠢ ᠪᠠᠶᠢᠭᠤᠯᠵᠤ᠂ ︽ᠵᠤᠷᠯᠤᠩ ᠤᠨ ᠬᠤᠪᠢᠰᠬᠠᠯ︾ ᠢᠶᠠᠷ ᠭᠤᠤᠯ ᠪᠤᠯᠭᠠᠭᠰᠠᠨ ᠵᠡᠭᠡᠯᠢ ᠭᠤᠳᠤᠮᠵᠢᠨ ᠤ ᠠᠷᠢᠭᠤᠨ ᠴᠡᠪᠡᠷᠯᠡᠭᠡ ᠶᠢᠨ ᠠᠵᠢᠯᠯᠠᠭ᠎ᠠ ᠶᠢ ᠲᠤᠭᠳᠠᠮᠠᠯ ᠬᠤᠭᠤᠴᠠᠭ᠎ᠠ ᠲᠠᠢ ᠦᠷᠨᠢᠭᠦᠯᠵᠤ᠂ ᠵᠠᠬ᠎ᠠ ᠵᠡᠭᠡᠯᠢ ᠶᠢᠨ ᠭᠤᠤᠯᠳᠠᠯᠭ᠎ᠠ ᠲᠠᠢ ᠤᠷᠤᠨ ᠪᠦᠰᠡ᠂ ᠪᠠᠯᠭᠠᠰᠤᠨ ᠳᠤ ᠤᠷᠤᠵᠤ ᠭᠠᠷᠬᠤ ᠭᠤᠤᠯᠳᠠᠯᠭ᠎ᠠ ᠲᠠᠢ ᠵᠠᠮ ᠲᠠᠭᠠᠤ ᠬᠤᠤᠰ ᠠᠵᠢᠯ ᠤᠨ ᠪᠠᠶᠢᠷᠢ ᠶᠢᠨ ᠴᠡᠪᠡᠷᠯᠡᠭᠴᠢ ᠲᠤᠬᠢᠷᠠᠭᠤᠯᠵᠤ᠂ ᠤᠷᠴᠢᠨ ᠲᠤᠭᠤᠷᠢᠨ ᠤ ᠠᠷᠢᠭᠤᠨ ᠴᠡᠪᠡᠷ  ᠢ ᠪᠠᠳᠤᠯᠠᠬᠤ ᠪᠤᠯᠤᠭᠰᠠᠨ ᠪᠠᠶᠢᠨ᠎ᠠ᠃ ᠲᠤᠰ ᠪᠠᠯᠭᠠᠰᠤᠨ ᠳᠤ ᠤᠤᠯ ᠳᠠᠭᠠᠨ ᠠᠷᠢᠭᠤᠨ ᠴᠡᠪᠡᠷ ᠤᠨ ᠠᠵᠢᠯᠳᠠᠳ ᠦᠭᠡᠢ ᠪᠠᠶᠢᠭᠰᠠᠨ ᠪᠤᠯ ᠤᠳᠤ ᠶᠠᠳᠠᠭᠤ ᠶᠢ ᠲᠡᠳᠬᠦᠵᠤ ᠶᠠᠳᠠᠭᠤ ᠠᠴᠠ ᠠᠩᠭᠢᠵᠢᠷᠠᠭᠤᠯᠬᠤ ᠪᠠᠶᠢᠭᠤᠯᠤᠯᠳᠠ ᠶᠢᠨ ᠴᠢᠨᠠᠷ ᠲᠠᠢ ᠠᠵᠢᠯ ᠤᠨ ᠪᠠᠶᠢᠷᠢ ᠬᠠᠩᠭᠠᠭᠰᠠᠨ ᠠᠴᠠ ᠪᠤᠯᠵᠤ᠂ ᠬᠤᠳᠠ ᠪᠠᠯᠭᠠᠰᠤᠨ ᠤ ᠠᠷᠢᠭᠤᠨ ᠴᠡᠪᠡᠷ ᠤᠨ ᠠᠵᠢᠯᠳᠠᠳ ᠤᠨ ᠡᠩᠨᠡᠭᠡ ᠵᠤᠬᠢᠬᠤ ᠬᠡᠪᠴᠢᠶᠡᠵᠢᠯ ᠳᠤ ᠬᠦᠷᠴᠦ᠂ ᠠᠳᠡᠬᠢ ᠡᠬᠡ ᠤᠷᠤᠨᠴᠢ ᠠᠷᠢᠭᠤᠨ ᠴᠡᠪᠡᠷ ᠤᠨ ᠠᠵᠢᠯ ᠤᠨ ᠨᠢᠷᠤᠭᠤᠪᠴᠢ ᠬᠦᠴᠦᠨ ᠪᠤᠯᠤᠭᠰᠠᠨ ᠪᠠᠶᠢᠨ᠎ᠠ᠃        ᠲᠤᠰ ᠪᠠᠯᠭᠠᠰᠤ ᠤᠳᠤ ᠨᠡᠶᠢᠳᠡ ᠶᠢᠨ ᠬᠤᠭ ᠨᠤᠪᠰᠢ ᠶᠢ ᠨᠢᠭᠡᠳᠦᠯᠳᠠᠢ ᠲᠦᠯᠦᠪᠵᠢᠭᠦᠯᠦᠨ ᠬᠤᠷᠢᠶᠠᠵᠤ᠂ ᠮᠠᠰᠢᠨ ᠢᠶᠠᠷ ᠲᠡᠭᠡᠭᠡᠪᠦᠷᠢᠯᠡᠨ ᠭᠠᠳᠠᠭᠰᠢᠯᠠᠭᠤᠯᠵᠤ ᠰᠢᠢᠳᠪᠦᠷᠢᠯᠡᠬᠦ ᠰᠢᠨ᠎ᠡ ᠬᠡᠪ ᠵᠠᠭᠪᠤᠷ ᠢ ᠪᠤᠢ ᠪᠤᠯᠭᠠᠵᠤ᠂ ᠪᠦᠬᠦ ᠪᠠᠯᠭᠠᠰᠤᠨ ᠳᠤ 10 ᠲᠤᠰᠬᠠᠢ ᠲᠡᠷᠭᠡ ᠬᠤᠭ ᠨᠤᠪᠰᠢ ᠶᠢ ᠡᠳᠦᠷᠵᠢᠨ ᠲᠡᠭᠡᠭᠡᠪᠦᠷᠢᠯᠡᠵᠤ᠂ ᠭᠤᠤᠯ ᠵᠠᠮ ᠵᠡᠭᠡᠯᠢ ᠪᠠ ᠰᠠᠭᠤᠭᠠᠯᠢ ᠲᠤᠭᠤᠷᠢᠭ ᠤᠨ ᠬᠤᠭ ᠨᠤᠪᠰᠢ ᠶᠢ ᠮᠠᠰᠢᠨ ᠲᠡᠷᠭᠡ ᠪᠠ ᠬᠦᠮᠦᠨ ᠤ ᠬᠦᠴᠦ ᠪᠠᠷ ᠡᠳᠦᠷᠵᠢᠨ ᠴᠡᠪᠡᠷᠯᠡᠨ ᠠᠷᠢᠯᠭᠠᠬᠤ ᠪᠤᠯᠵᠠᠢ᠃ ᠡᠭᠦᠨ ᠳᠤ ᠲᠡᠭᠡᠭᠡᠪᠦᠷᠢᠯᠡᠬᠦ ᠬᠦᠮᠦᠨ᠂ ᠮᠠᠰᠢᠨ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠭᠤᠷᠪᠠ ᠶᠢ ᠨᠢᠭᠡ ᠴᠤᠭᠴᠠᠵᠢᠭᠤᠯᠤᠨ ᠲᠦᠷᠢᠮᠵᠢᠭᠦᠯᠵᠤ᠂ ᠬᠤᠭ ᠨᠤᠪᠰᠢ ᠶᠢ ᠠᠳᠡ ᠲᠡᠨᠳᠡ ᠦᠭᠡᠢ ᠤᠪᠤᠭᠠᠯᠠᠵᠤ ᠬᠤᠶᠢᠰᠢᠯᠠᠭᠤᠯᠬᠤ ᠦᠭᠡᠢ᠂ ᠡᠳᠦᠷ ᠤᠨ ᠬᠤᠭ ᠨᠤᠪᠰᠢ ᠶᠢ ᠡᠳᠦᠷ ᠲᠤᠨᠢ ᠴᠡᠪᠡᠷᠯᠡᠨ ᠰᠢᠢᠳᠪᠦᠷᠢᠡᠯᠬᠦ ︽ᠲᠠᠪᠤᠨ ᠦᠭᠡᠢ᠂ ᠲᠠᠪᠤᠨ ᠴᠡᠪᠡᠷ︾ ᠪᠠᠷᠢᠮᠵᠢᠶ᠎ᠠ ᠪᠠ ︽ᠨᠢᠭᠡ ᠶᠢ ᠱᠦᠭᠦᠷᠳᠡᠵᠤ ᠭᠤᠷᠪᠠ ᠶᠢ ᠪᠠᠳᠤᠯᠠᠨ ᠨᠢᠭᠡ ᠶᠢ ᠲᠡᠭᠡᠭᠡᠪᠦᠷᠢᠯᠡᠬᠦ︾ ᠵᠡᠷᠭᠡ ᠲᠤᠬᠠᠶᠢᠯᠠᠭᠰᠠᠨ ᠠᠵᠢᠯ ᠲᠦᠷᠦᠯ ᠤᠨ ᠨᠠᠷᠢᠨ ᠲᠦᠷᠢᠮ ᠪᠠᠶᠢᠭᠤᠯᠵᠤ᠂ ᠰᠠᠭᠤᠭᠠᠯᠢ ᠲᠤᠭᠤᠷᠢᠭ ᠤᠨ ᠬᠤᠭ ᠨᠤᠪᠰᠢᠨ ᠤ ᠴᠡᠭ᠂ ᠡᠪᠦᠯ ᠬᠠᠪᠤᠷ ᠤᠨ ᠤᠯᠠᠷᠢᠯ ᠳᠠᠬᠢ ᠵᠤᠷᠯᠤᠩ ᠤᠨ ᠤᠷᠴᠢᠨ ᠲᠤᠭᠤᠷᠢᠨ  ᠤ ᠬᠤᠷᠠᠮᠠᠯ ᠮᠦᠰᠦ ᠴᠠᠰᠤᠨ ᠤ ᠤᠪᠤᠭ᠎ᠠ᠂ ᠬᠤᠭ ᠨᠤᠪᠰᠢᠨ ᠤ ᠤᠪᠤᠭ᠎ᠠ᠂ ᠮᠠᠯ ᠵᠢᠭᠦᠷᠳᠡᠨ ᠵᠡᠷᠭᠡ ᠲᠡᠵᠢᠭᠡᠪᠦᠷᠢ ᠠᠮᠢᠳᠠᠨ ᠤ ᠦᠬᠦᠳᠡᠯ ᠬᠦᠯᠳᠡᠭᠦᠰᠦ ᠵᠡᠷᠭᠡ ᠨᠤᠪᠰᠢ ᠪᠤᠬᠢᠷᠳᠤᠯ ᠤᠨ ᠵᠦᠢᠯᠡᠰ ᠢ ᠦᠨᠴᠦᠭ ᠪᠤᠯᠤᠩ ᠦᠯᠡᠳᠡᠭᠡᠯ ᠦᠭᠡᠢ ᠬᠢᠨᠠᠨ ᠪᠠᠶᠢᠴᠠᠭᠠᠵᠤ᠂ ᠴᠡᠭᠴᠡᠯᠡᠨ ᠴᠡᠪᠡᠷᠯᠡᠬᠦ ᠶᠢ ᠪᠡᠶᠡᠯᠡᠭᠦᠯᠦᠭᠰᠡᠨ ᠪᠠᠶᠢᠨ᠎ᠠ᠃ ᠡᠭᠦᠨ ᠳᠤ᠂ ᠲᠤᠷᠠᠳᠤᠯᠳᠠᠢ  ᠨᠢ᠂ ᠭᠤᠤᠯᠳᠠᠯᠭ᠎ᠠ ᠲᠠᠢ ᠦᠢᠯᠡᠳᠪᠦᠷᠢ ᠠᠵᠤ ᠠᠬᠤᠶᠢᠯᠠᠯ ᠤᠨ ᠲᠤᠭᠤᠷᠢᠭ ᠪᠠ ᠵᠡᠭᠡᠯᠢ ᠶᠢᠨ ᠬᠤᠳᠠᠯᠳᠤᠭᠠᠴᠢᠳ ᠤᠨ ᠡᠭᠦᠳᠡᠨ ᠳᠤ ᠬᠤᠭ ᠨᠤᠪᠰᠢᠨ ᠤ ᠲᠤᠮᠤ ᠰᠠᠪᠠ ᠲᠤᠬᠢᠷᠠᠭᠤᠯᠵᠤ᠂ ᠭᠤᠤᠯᠳᠠᠯᠭ᠎ᠠ ᠲᠠᠢ ᠰᠤᠶᠤᠯ ᠤᠨ ᠲᠠᠯᠠᠪᠠᠢ ᠲᠠᠭᠠᠤ ᠤᠰᠤ ᠪᠠᠷ ᠵᠠᠶᠢᠯᠠᠬᠤ ᠱᠠᠭᠠᠷᠳᠠᠯᠭ᠎ᠠ ᠦᠭᠡᠢ᠂ ᠢᠯᠭᠠᠳᠠᠰᠤ ᠮᠦᠷ ᠢ ᠲᠤᠬᠠᠢ ᠶᠢᠨ ᠭᠠᠵᠠᠷ ᠲᠤᠨᠢ ᠵᠠᠳᠠᠷᠠᠭᠤᠯᠬᠤ ᠤᠯᠠᠨ ᠴᠢᠳᠠᠮᠵᠢᠳᠤ ᠪᠤᠬᠢᠷᠳᠤᠯ ᠦᠭᠡᠢ ᠵᠤᠷᠯᠤᠩ ᠢ ᠲᠦᠭᠡᠮᠡᠯᠵᠢᠭᠦᠯᠬᠦ ᠵᠡᠷᠭᠡ ᠠᠷᠭ᠎ᠠ ᠪᠠᠷᠢᠯ ᠨᠢ ᠠᠳᠡᠬᠢ ᠬᠤᠳᠠ ᠪᠠᠯᠭᠠᠰᠤᠨ ᠤ ᠠᠷᠢᠭᠤᠨ ᠴᠡᠪᠡᠷᠯᠡᠭᠡ ᠶᠢᠨ ᠠᠵᠢᠯ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠵᠤ᠂ ᠬᠤᠵᠢᠮ  ᠤᠨ ᠮᠠᠰᠢᠨᠴᠢᠯᠠᠭᠰᠠᠨ ᠠᠷᠢᠭᠤᠨ ᠴᠡᠪᠡᠷᠯᠡᠭᠡ ᠶᠢᠨ ᠪᠠᠶᠢᠭᠤᠯᠤᠯᠳᠠ ᠶᠢᠨ ᠮᠡᠳᠡᠭᠡ ᠲᠤᠬᠢᠶ᠎ᠠ ᠶᠢᠨ ᠲᠠᠯᠪᠢᠵᠤ ᠡᠬᠢᠯᠡᠭᠰᠡᠨ ᠪᠠᠶᠢᠨ᠎ᠠ᠃                                                         ᠢᠷᠡᠯᠳᠡ᠄ ᠤᠯᠠᠭᠠᠨᠴᠠᠪ ᠤᠨ ᠡᠳᠦᠷ ᠤᠨ ᠰᠤᠨᠢᠨ ᠤ ︽ᠭᠠᠷᠠᠭ ᠤᠨ ᠬᠡᠪᠯᠡᠯ︾                                     ᠴᠢᠮᠡᠭᠯᠡᠭᠴᠢ᠄ ᠰ᠊᠂ ᠲᠡᠷᠭᠡᠯ
 
ᠢᠷᠡᠯᠲᠡ᠄ ᠤᠯᠠᠭᠠᠨᠴᠠᠪ ᠤᠨ ᠡᠳᠦᠷ ᠤᠨ ᠰᠤᠨᠢᠨ ᠤ ︽ᠭᠠᠷᠠᠭ ᠤᠨ ᠬᠡᠪᠯᠡᠯ︾
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2