ᠲᠦᠷᠪᠡᠳ ᠬᠤᠰᠢᠭᠤ ᠵᠦᠷᠢᠴᠡᠯ ᠵᠢᠭᠤᠷᠭᠠᠨ ᠢ ᠵᠦᠭᠰᠢᠷᠡᠭᠦᠯᠦᠨ ᠨᠠᠮᠳᠠᠭᠠᠬᠤ ᠤᠯᠠᠨ ᠲᠤᠶᠢᠯᠳᠤ ᠡᠶᠡᠳᠡᠭᠦᠯᠬᠡ ᠶᠢᠨ ᠠᠷᠭ᠎ᠠ ᠵᠠᠮ ᠢ ᠨᠡᠭᠡᠭᠡᠪᠡ
ᠨᠡᠶᠢᠲᠡᠯᠡᠭᠰᠡᠨ ᠴᠠᠭ᠄
2019-11-14
       ᠠᠵᠤ ᠠᠬᠤᠢ ᠨᠡᠶᠢᠭᠡᠮ ᠤᠨ ᠲᠦᠷᠭᠡᠨ ᠬᠦᠭᠵᠢᠯᠳᠡ ᠶᠢ ᠲᠠᠭᠠᠯᠳᠤᠨ᠂ ᠨᠡᠶᠢᠭᠡᠮ ᠤᠨ ᠵᠦᠷᠢᠴᠡᠯ ᠵᠢᠭᠤᠷᠭᠠᠨ ᠤᠯᠠᠨ ᠲᠤᠶᠢᠯᠰᠢᠷᠠᠵᠤ᠂ ᠵᠠᠷᠭᠤ ᠵᠠᠭᠠᠯᠳᠤᠯᠭ᠎ᠠ ᠵᠠᠬᠢᠳᠠᠯ ᠰᠤᠷᠪᠤᠯᠵᠢᠯᠠᠭ᠎ᠠ ᠤᠯᠠᠰᠢᠷᠠᠭᠰᠠᠨ ᠠᠰᠢᠭ ᠦᠭᠡᠢ ᠪᠠᠶᠢᠳᠠᠯ  ᠳᠤ ᠴᠢᠭᠯᠡᠭᠦᠯᠦᠨ᠂ ᠲᠦᠷᠪᠡᠳ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠵᠡᠷᠭᠡ ᠡᠭᠦᠷᠭᠡ ᠴᠢᠳᠠᠪᠤᠷᠢᠳᠤ ᠰᠠᠯᠠᠭ᠎ᠠ ᠮᠦᠴᠢᠷ ᠬᠠᠮᠳᠤᠷᠠᠨ᠂ ᠤᠯᠤᠰ ᠪᠠ ᠤᠷᠤᠨ ᠤ ︽ᠦᠨᠳᠦᠷ ᠪᠠᠷᠢᠮᠵᠢᠶ᠎ᠠ ᠪᠠᠷ ᠡᠬᠢᠯᠡᠵᠤ᠂ ᠲᠡᠷᠢᠭᠦᠨ ᠤ ᠬᠦᠭᠵᠢᠯᠳᠡ ᠶᠢ ᠡᠭᠦᠳᠬᠦ︾ ᠱᠠᠭᠠᠷᠳᠠᠯᠭ᠎ᠠ ᠪᠠᠷ ᠡᠷᠴᠢᠮᠵᠢᠭᠰᠡᠨ ᠬᠠᠮᠢᠶᠠᠷᠤᠯᠳᠠ ᠬᠢᠬᠦ᠂ ᠠᠭᠤᠰᠤᠯᠴᠠᠭᠤᠯᠤᠨ ᠬᠦᠭᠵᠢᠭᠦᠯᠬᠦ᠂ ᠶᠡᠷᠦᠩᠭᠡᠶᠢᠯᠡᠨ ᠦᠢᠯᠡᠴᠢᠯᠡᠬᠦ ᠰᠡᠳᠬᠢᠴᠡ ᠶᠢ ᠪᠤᠢ ᠪᠤᠯᠭᠠᠵᠤ᠂ ᠮᠡᠳᠡᠭᠡ ᠵᠠᠩᠭᠢ ᠶᠢᠨ ᠮᠡᠷᠭᠡᠵᠢᠯ ᠳᠤ ᠲᠦᠰᠢᠭᠯᠡᠨ ᠡᠬᠢ ᠪᠠᠶᠠᠯᠢᠭ ᠢ ᠬᠠᠮᠳᠤ ᠪᠠᠷ ᠡᠳᠡᠯᠬᠦ ᠡᠶᠡᠳᠡᠭᠦᠯᠭᠡ ᠶᠢᠨ ᠲᠡᠪᠴᠡᠩ᠂ ᠰᠦᠯᠵᠢᠶᠡᠨ ᠲᠡᠭᠡᠷ᠎ᠡ ᠠᠰᠠᠭᠤᠨ ᠯᠠᠪᠯᠠᠭ᠎ᠠ ᠬᠢᠬᠦ᠂ ᠰᠦᠯᠵᠢᠶᠡᠨ ᠲᠡᠭᠡᠷ᠎ᠡ ᠡᠶᠡᠳᠡᠭᠦᠯᠬᠡ ᠬᠢᠬᠦ᠂ ᠰᠦᠯᠵᠢᠶᠡᠨ ᠤ ᠸᠢᠳᠢᠤ᠋ ᠡᠶᠡᠳᠡᠭᠦᠯᠬᠡ ᠶᠢᠨ ᠰᠢᠰᠲ᠋ᠧᠮ ᠢ ᠪᠠᠶᠢᠭᠤᠯᠬᠤ ᠬᠤᠳᠠ᠂ ᠬᠤᠰᠢᠭᠤ᠂ ᠰᠢᠶᠠᠨ᠂ ᠰᠤᠮᠤ ᠪᠠᠯᠭᠠᠰᠤ᠂ ᠭᠠᠴᠠᠭ᠎ᠠ ᠲᠤᠰᠬᠤᠨ ︽ᠨᠡᠶᠢᠭᠡᠮ ᠲᠤᠭᠤᠷᠢᠭ︾ ᠲᠦᠷᠪᠡ ᠱᠠᠳᠤᠨ ᠤ ᠡᠶᠡᠳᠡᠭᠦᠯᠬᠡ ᠶᠢᠨ ᠵᠦᠪᠯᠡᠯ ᠤᠨ ᠬᠤᠯᠪᠤᠭ᠎ᠠ ᠪᠠᠶᠢᠭᠤᠯᠬᠤ ᠵᠡᠷᠭᠡ ᠠᠷᠭ᠎ᠠ ᠵᠠᠮ ᠢᠶᠠᠷ ᠤᠯᠠᠨ ᠲᠤᠶᠢᠯᠰᠢᠷᠠᠭᠰᠠᠨ ᠵᠦᠷᠢᠴᠡᠯ ᠮᠦᠷᠭᠦᠯᠳᠦᠭᠡᠨ ᠪᠠ ᠵᠠᠷᠭᠤ ᠵᠢᠭᠤᠷᠭᠠᠨ ᠢ ᠵᠦᠭᠰᠢᠷᠡᠭᠦᠯᠦᠨ ᠨᠠᠮᠳᠠᠭᠠᠬᠤ ᠶᠡᠷᠦᠩᠭᠡᠶᠢᠯᠡᠭᠰᠡᠨ ᠡᠶᠡᠳᠡᠭᠦᠯᠭᠡ ᠶᠢᠨ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠨᠡᠶᠢᠳᠬᠡᠨ ᠬᠤᠷᠠᠮᠳᠤᠭᠤᠯᠵᠤ᠂ ᠡᠯ᠎ᠡ ᠰᠠᠯᠠᠭ᠎ᠠ ᠮᠦᠴᠢᠷ᠂ ᠡᠯ᠎ᠡ ᠠᠵᠢᠯ ᠲᠦᠷᠦᠯ᠂ ᠡᠯ᠎ᠡ ᠱᠠᠳᠤ ᠲᠠᠪᠬᠤᠷᠭ᠎ᠠ ᠶᠢᠨ ᠵᠦᠷᠢᠴᠡᠯ ᠮᠦᠷᠭᠦᠯᠳᠦᠭᠡᠨ ᠵᠠᠷᠭᠤ ᠵᠠᠭᠠᠯᠳᠤᠯᠭ᠎ᠠ ᠶᠢ ᠵᠦᠭᠰᠢᠷᠡᠭᠦᠯᠦᠨ ᠨᠠᠮᠳᠠᠭᠠᠬᠤ ᠢᠳᠡᠪᠬᠢᠵᠢᠯ ᠢ ᠰᠡᠷᠭᠦᠭᠡᠨ ᠲᠠᠶᠢᠴᠢᠯᠠᠵᠤ᠂ ᠢᠷᠭᠡᠨ ᠤ ᠡᠶᠡᠳᠡᠭᠦᠯᠬᠡ᠂ ᠠᠷᠠᠳ ᠨᠡᠶᠢᠳᠡ ᠶᠢᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠬᠠᠷᠢᠯᠴᠠᠨ ᠠᠭᠤᠰᠤᠯᠴᠠᠭᠤᠯᠵᠤ᠂ ᠤᠯᠠᠨ ᠲᠤᠶᠢᠯᠰᠢᠷᠠᠭᠰᠠᠨ ᠵᠦᠷᠢᠴᠡᠯ ᠵᠢᠭᠤᠷᠭᠠᠨ  ᠤ ᠡᠶᠡᠳᠡᠭᠦᠯᠭᠡ ᠶᠢᠨ ᠰᠢᠨ᠎ᠡ ᠪᠦᠳᠦᠴᠡ ᠰᠢᠨ᠎ᠡ ᠲᠤᠭᠳᠠᠴᠠ ᠶᠢ ᠪᠦᠷᠢᠯᠳᠦᠭᠦᠯᠵᠤ᠂ ᠨᠡᠶᠢᠭᠡᠮ ᠨᠡᠶᠢᠳᠡ ᠶᠢᠨ ᠡᠶᠡᠳᠡᠭᠦᠯᠭᠡ ᠶᠢᠨ ᠠᠵᠢᠯ ᠳᠤ ᠰᠢᠨ᠎ᠡ ᠵᠠᠮ ᠨᠡᠭᠡᠭᠡᠵᠤ᠂ ᠰᠢᠨ᠎ᠡ ᠬᠦᠳᠡᠯᠭᠡᠬᠦ ᠬᠦᠴᠦᠨ ᠢ ᠤᠯᠭᠤᠭᠰᠠᠨ ᠪᠠᠶᠢᠨ᠎ᠠ᠃       ᠡᠭᠦᠨ ᠳᠤ᠂ ᠲᠡᠳᠡ ᠰᠢᠨ᠎ᠡ ᠪᠠᠶᠢᠳᠠᠯ ᠰᠢᠨ᠎ᠡ ᠬᠤᠪᠢᠷᠠᠯᠳᠠ ᠲᠠᠢ ᠢᠳᠡᠪᠬᠢᠳᠠᠢ ᠵᠤᠬᠢᠴᠠᠭᠤᠯᠤᠨ᠂ ᠦᠩᠭᠡᠷᠡᠭᠰᠡᠨ ᠤ ᠲᠤᠰᠬᠠᠢ ᠮᠡᠷᠭᠡᠵᠢᠯ ᠤᠨ ᠴᠢᠨᠠᠷ ᠲᠠᠢ᠂ ᠠᠵᠢᠯ ᠲᠦᠷᠦᠯ ᠤᠨ ᠴᠢᠨᠠᠷ ᠲᠠᠢ ᠡᠶᠡᠳᠡᠭᠦᠯᠭᠡ ᠶᠢᠨ ᠵᠦᠪᠯᠡᠯ ᠤᠳ ᠤᠨ ᠦᠪᠡᠷ ᠦᠪᠡᠷ ᠤᠨ ᠬᠦᠷᠢᠶ᠎ᠡ ᠬᠡᠪᠴᠢᠶᠡᠨ ᠳᠡᠭᠡᠨ ᠯᠡ ᠡᠶᠡᠳᠡᠭᠦᠯᠭᠡ ᠬᠢᠳᠡᠭ ᠪᠠᠶᠢᠭᠰᠠᠨ ᠳ᠋ᠠᠩ ᠴᠤᠯᠭᠤᠢ ᠴᠢᠳᠠᠪᠤᠷᠢ ᠢ ᠲᠤᠶᠢᠯᠪᠤᠷᠢᠳᠠᠢ ᠦᠭᠡᠷᠡᠴᠢᠯᠡᠵᠤ᠂ ᠡᠮᠨᠡᠯᠭᠡ ᠡᠷᠡᠭᠦᠯ ᠬᠠᠮᠠᠭᠠᠯᠠᠯ᠂ ᠤᠷᠴᠢᠨ ᠲᠤᠭᠤᠷᠢᠨ ᠤ ᠬᠠᠮᠠᠭᠠᠯᠠᠯᠳᠠ᠂ ᠤᠯᠤᠰ ᠤᠨ ᠭᠠᠵᠠᠷ ᠰᠢᠷᠤᠢ᠂ ᠬᠦᠳᠡᠭᠡ ᠲᠤᠰᠬᠤᠨ ᠮᠠᠯᠵᠢᠬᠤ ᠤᠷᠤᠨ ᠤ ᠠᠳᠡᠯ ᠠᠮᠢᠳᠤᠷᠠᠯ᠂ ᠲᠠᠷᠢᠶᠠᠨ ᠭᠠᠵᠠᠷ᠂ ᠨᠤᠳᠤᠭ ᠪᠡᠯᠴᠢᠭᠡᠷ᠂ ᠬᠦᠳᠡᠯᠮᠦᠷᠢ ᠶᠢᠨ ᠵᠢᠭᠤᠷᠭᠠᠨ ᠵᠡᠷᠭᠡ ᠲᠤᠰᠬᠠᠢ ᠮᠠᠷᠭᠡᠵᠢᠯ ᠪᠡ ᠠᠵᠢᠯ ᠲᠦᠷᠦᠯ ᠤᠨ ᠴᠢᠨᠠᠷ ᠲᠠᠢ ᠡᠶᠡᠳᠡᠭᠦᠯᠭᠡ ᠶᠢᠨ ᠵᠦᠪᠯᠡᠯ ᠤᠳ ᠢ ᠲᠦᠪᠯᠡᠷᠡᠭᠦᠯᠦᠨ ᠬᠠᠮᠢᠶᠠᠷᠬᠤ᠂ ᠲᠦᠪᠯᠡᠷᠡᠭᠦᠯᠦᠨ ᠰᠢᠢᠳᠪᠦᠷᠢᠡᠯᠬᠦ᠂ ᠬᠤᠪᠢᠶᠠᠷᠢᠯᠠᠨ ᠰᠢᠳᠬᠡᠬᠦ ᠵᠡᠷᠭᠡ ᠠᠷᠭ᠎ᠠ ᠶᠢ ᠠᠪᠬᠤ ᠶᠢᠨ ᠲᠦᠯᠦᠭᠡ᠂ ᠰᠢᠬᠦᠬᠦ ᠬᠤᠷᠢᠶ᠎ᠠ᠂ ᠨᠡᠶᠢᠳᠡ  ᠶᠢᠨ ᠠᠰᠠᠷᠠᠮᠵᠢ ᠶᠢᠨ ᠬᠠᠤᠯᠢᠴᠢ᠂ ᠬᠦᠨᠳᠡᠯᠡᠨ ᠠᠴᠠ ᠲᠠᠰᠤᠯᠬᠤ᠂ ᠲᠠᠭᠠᠳᠬᠠᠯ ᠤᠨ ᠲᠦᠯᠦᠪᠦᠷᠢ᠂ ᠬᠠᠤᠯᠢ ᠴᠠᠭᠠᠵᠠ  ᠶᠢᠨ ᠬᠢᠨᠠᠨ ᠲᠤᠭᠳᠠᠭᠠᠯᠳᠠ᠂ ᠰᠢᠭᠦᠨ ᠲᠠᠰᠤᠯᠤᠯᠳᠠ ᠶᠢ ᠱᠠᠯᠠᠪᠳᠠᠭᠤᠯᠤᠨ ᠭᠦᠢᠴᠡᠳᠬᠡᠬᠦ ᠵᠡᠷᠭᠡ ᠡᠭᠦᠷᠭᠡ ᠴᠢᠳᠠᠪᠤᠷᠢᠳᠤ ᠪᠠᠶᠢᠭᠤᠯᠤᠮᠵᠢ ᠶᠢ ᠶᠡᠷᠦᠩᠭᠡᠶᠢᠯᠡᠨ ᠡᠶᠡᠳᠡᠭᠦᠯᠭᠡ ᠶᠢᠨ ᠲᠦᠪ ᠲᠤ ᠤᠷᠤᠭᠤᠯᠤᠨ ᠤᠷᠳᠤ ᠬᠤᠭᠤᠴᠠᠭ᠎ᠠ  ᠪᠠᠷ ᠰᠠᠭᠤᠯᠭᠠᠵᠤ᠂  ᠢᠷᠭᠡᠨ ᠤ ᠵᠠᠷᠭᠤ ᠶᠢᠨ ᠠᠵᠢᠯ ᠲᠦᠷᠦᠯ ᠪᠠ ᠲᠤᠰᠬᠠᠢ ᠮᠡᠷᠭᠡᠵᠢᠯ ᠤᠨ ᠴᠢᠨᠠᠷ ᠲᠠᠢ ᠠᠷᠠᠳ ᠨᠡᠶᠢᠳᠡ ᠶᠢᠨ ᠡᠶᠡᠳᠡᠭᠦᠯᠭᠡ ᠪᠠᠷ ᠭᠤᠤᠯ ᠰᠢᠵᠢᠮ ᠪᠤᠯᠭᠠᠨ᠂ ᠵᠠᠷᠭᠤ ᠰᠢᠬᠦᠬᠦ᠂ ᠬᠦᠨᠳᠡᠯᠡᠨ ᠠᠴᠠ ᠲᠠᠰᠤᠯᠬᠤ ᠶᠢ ᠬᠠᠷᠢᠯᠴᠠᠨ ᠠᠪᠤᠯᠴᠠᠭᠤᠯᠵᠤ᠂ ᠤᠯᠠᠨ ᠲᠤᠶᠢᠯᠰᠢᠷᠠᠭᠰᠠᠨ ᠵᠦᠷᠢᠴᠡᠯ ᠵᠢᠭᠤᠷᠭᠠᠨ ᠢ ᠴᠤᠭ ᠲᠤᠬᠠᠢ ᠳᠤᠨᠢ ᠵᠦᠭᠰᠢᠷᠡᠭᠦᠯᠦᠨ ᠨᠠᠮᠳᠠᠭᠠᠵᠤ᠂ ᠨᠡᠶᠢᠭᠡᠮ ᠤᠨ ᠬᠦᠭᠵᠢᠯᠳᠡ᠂ ᠠᠵᠤ ᠠᠬᠤᠢ ᠶᠢᠨ ᠬᠦᠭᠵᠢᠯᠳᠡ᠂ ᠨᠡᠶᠢᠭᠡᠮ ᠤᠨ ᠲᠤᠭᠳᠠᠭᠤᠨ ᠢ ᠪᠠᠳᠤᠯᠠᠨ ᠬᠠᠮᠠᠭᠠᠯᠠᠬᠤ ᠳᠤ ᠢᠳᠡᠪᠬᠢᠳᠠᠢ ᠦᠢᠯᠡᠳᠦᠯ ᠦᠵᠡᠭᠦᠯᠬᠦ ᠪᠤᠯᠤᠭᠰᠠᠨ ᠪᠠᠶᠢᠨ᠎ᠠ᠃      ᠲᠤᠬᠠᠶᠢᠯᠠᠪᠠᠯ᠂ ᠤᠯᠠᠨ ᠲᠤᠶᠢᠯᠰᠢᠷᠠᠭᠰᠠᠨ ᠵᠦᠷᠢᠴᠡᠯ ᠵᠢᠭᠤᠷᠭᠠᠨ ᠢ ᠵᠦᠭᠰᠢᠷᠡᠭᠦᠯᠦᠨ ᠡᠶᠡᠳᠡᠭᠦᠯᠬᠦ ᠲᠦᠪ ᠨᠢ᠂ ᠬᠠᠤᠯᠢ ᠶᠢᠨ ᠤᠬᠠᠭᠠᠨ᠂ ᠡᠮ ᠡᠮᠨᠡᠯᠭᠡ᠂ ᠤᠷᠴᠢᠨ ᠲᠤᠭᠤᠷᠢᠨ ᠤ ᠬᠠᠮᠠᠭᠠᠯᠠᠯᠳᠠ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠲᠠᠭᠠᠳᠬᠠᠯ ᠤᠨ ᠲᠦᠯᠦᠪᠦᠷᠢ ᠤᠯᠭᠤᠬᠤ᠂ ᠲᠦᠷᠦ ᠶᠢᠨ ᠪᠤᠳᠤᠯᠭ᠎ᠠ ᠶᠢᠨ ᠲᠤᠬᠠᠢ ᠯᠠᠪᠯᠠᠭ᠎ᠠ ᠰᠤᠷᠪᠤᠯᠵᠢᠯᠠᠭ᠎ᠠ ᠬᠢᠬᠦ ᠵᠡᠷᠭᠡ ᠤᠯᠠᠨ ᠬᠦᠷᠢᠶ᠎ᠡ ᠬᠡᠪᠴᠢᠶᠠᠨ ᠳᠤ 200 ᠭᠠᠷᠤᠢ ᠲᠤᠰᠬᠠᠢ ᠠᠵᠢᠯ ᠮᠡᠷᠭᠡᠵᠢᠯ  ᠤᠨ ᠬᠦᠮᠦᠰ ᠢ ᠤᠷᠢᠨ ᠬᠡᠷᠡᠭᠯᠡᠬᠦ ᠲᠤᠰᠬᠠᠢ ᠮᠡᠷᠭᠡᠵᠢᠯᠳᠡᠨ ᠤ ᠬᠦᠮᠦᠷᠭᠡ ᠪᠠᠶᠢᠭᠤᠯᠵᠤ᠂ ᠲᠤᠰᠬᠠᠢ ᠮᠡᠷᠭᠡᠵᠢᠯ ᠤᠨ ᠠᠰᠭᠤᠬᠤ ᠯᠠᠪᠯᠠᠬᠤ᠂ ᠬᠠᠤᠯᠢ ᠴᠠᠭᠠᠵᠠ ᠶᠢᠨ ᠲᠦᠰᠢᠭ ᠬᠠᠩᠭᠠᠵᠤ᠂ ᠡᠯ᠎ᠡ ᠲᠦᠷᠦᠯ ᠤᠨ ᠲᠦᠪᠡᠭ ᠪᠤᠳᠤᠯᠢᠶᠠᠨᠳᠠᠢ ᠵᠦᠷᠢᠴᠡᠯ ᠮᠦᠷᠭᠦᠯᠳᠦᠭᠡᠨ᠂ ᠵᠠᠷᠭᠤ ᠵᠢᠭᠤᠷᠭᠠᠨ ᠢ ᠵᠠᠳᠠᠯᠵᠤ᠂ ᠰᠤᠳᠤᠯᠬᠤ ᠶᠢᠨ ᠲᠠᠭᠠᠤ 4K ᠤᠶᠤᠨᠴᠢ ᠬᠠᠶᠢᠷᠴᠠᠭ  ᠤᠨ ᠪᠦᠷᠬᠦᠴᠡ ᠶᠢᠨ ᠦᠷᠭᠡᠨ ᠲᠠᠠᠪᠭᠤᠯᠢᠭ ᠴᠢᠨᠠᠷ ᠢ ᠠᠰᠢᠭᠯᠠᠨ᠂ ᠬᠤᠳᠠ ᠬᠦᠳᠡᠭᠡ ᠶᠢᠨ ᠰᠠᠭᠤᠭᠠᠯᠢ ᠠᠷᠠᠳ᠂ ᠬᠢᠯᠢ ᠬᠢᠵᠠᠭᠠᠷ᠂ ᠪᠤᠶᠢᠳᠠ ᠪᠦᠭᠯᠡᠭᠦᠦ ᠭᠠᠵᠠᠷ ᠤᠷᠤᠨ ᠤ ᠤᠯᠠᠨ ᠲᠦᠮᠡᠨ ᠤ ᠵᠦᠷᠢᠴᠡᠯ ᠵᠢᠭᠤᠷᠭᠠᠨ ᠢ ᠨᠠᠮᠳᠠᠭᠠᠵᠤ᠂ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠡᠴᠦᠰ ᠤᠨ ᠨᠢᠭᠡ ᠺᠢᠯᠤᠮᠧᠲᠷ ᠵᠠᠮ ᠢ ᠨᠡᠪᠳᠡᠷᠡᠭᠦᠯᠵᠤ᠂ ᠲᠦᠷᠪᠡᠨ ᠱᠠᠳᠤᠨ ᠤ ᠡᠶᠡᠳᠡᠭᠦᠯᠬᠡ ᠶᠢᠨ ᠬᠤᠯᠪᠤᠭ᠎ᠠ ᠪᠠᠷ ᠲᠠᠮᠵᠢᠭᠤᠯᠤᠨ᠂ ᠪᠠᠭ᠎ᠠ ᠵᠦᠷᠢᠴᠡᠯ ᠢ ᠲᠤᠰᠬᠤᠨ ᠭᠠᠴᠠᠭᠠᠨ ᠳᠠᠭᠠᠨ ᠰᠢᠢᠳᠪᠦᠷᠢᠯᠡᠵᠤ᠂ ᠶᠡᠭᠡ ᠶᠠᠪᠤᠳᠠᠯ ᠢ ᠰᠢᠶᠠᠩ ᠰᠤᠮᠤᠨ ᠳᠠᠭᠠᠨ ᠰᠢᠢᠳᠪᠦᠷᠢᠯᠡᠵᠤ᠂ ᠵᠠᠷᠭᠤ ᠵᠢᠭᠤᠷᠭᠠᠨ ᠢ ᠪᠠᠭ᠎ᠠ ᠲᠡᠭᠡᠷ᠎ᠡ ᠨᠢ ᠨᠠᠮᠳᠠᠭᠠᠵᠤ᠂ ᠵᠠᠷᠭᠤ ᠵᠠᠭᠠᠯᠳᠤᠯᠭ᠎ᠠ᠂ ᠵᠠᠬᠢᠳᠠᠯ ᠰᠤᠷᠪᠤᠯᠵᠢᠯᠠᠭ᠎ᠠ ᠶᠢ ᠲᠡᠭᠡᠭᠰᠢ ᠲᠤᠰᠢᠶᠠᠬᠤ ᠦᠭᠡᠢ᠂ ᠠᠷᠠᠳ ᠤᠯᠠᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠡᠶᠡᠳᠡᠭᠦᠯᠭᠡ ᠶᠢᠨ ᠠᠵᠢᠯ ᠤᠨ ᠲᠦᠷᠢᠮᠵᠡᠯ ᠢ ᠪᠡᠶᠡᠯᠡᠭᠦᠯᠦᠭᠰᠡᠨ ᠪᠠᠶᠢᠨ᠎ᠠ᠃ ᠡᠭᠦᠨ ᠤ ᠤᠯᠠᠮ ᠠᠴᠠ ᠨᠢᠳᠤᠨᠤᠨ ᠠᠴᠠ ᠨᠠᠰᠢ᠂ ᠡᠮᠴᠢᠯᠡᠭᠡ᠂ ᠭᠠᠵᠠᠷ ᠰᠢᠷᠤᠢ᠂ ᠨᠤᠳᠤᠭ ᠪᠡᠯᠴᠢᠭᠡᠷ᠂ ᠤᠷᠴᠢᠨ ᠲᠤᠭᠤᠷᠢᠨ ᠤ ᠬᠠᠮᠠᠭᠠᠯᠠᠯᠳᠠ᠂ ᠬᠤᠷᠰᠢᠶ᠎ᠠ᠂ ᠭᠡᠷ᠎ᠡ ᠶᠢᠨ ᠬᠡᠷᠡᠭ ᠢ 300 ᠭᠠᠷᠤᠢ ᠬᠦᠮᠦᠨ ᠤᠳᠠᠭ᠎ᠠ ᠰᠢᠢᠳᠪᠦᠷᠢᠯᠡᠵᠤ᠂ ᠬᠤᠯᠪᠤᠭᠳᠠᠭᠰᠠᠨ ᠠᠵᠤ ᠠᠬᠤᠢ ᠶᠢᠨ ᠦᠷᠳᠡᠭ ᠨᠢ 3100 ᠭᠠᠷᠤᠢ ᠲᠦᠮᠡᠨ ᠲᠦᠭᠦᠷᠢᠭ ᠲᠤ ᠬᠦᠷᠴᠠᠢ᠃ ᠵᠢᠯ ᠤᠨ ᠡᠬᠢᠨ ᠠᠴᠠ ᠨᠠᠰᠢ ᠡᠮᠴᠢᠯᠡᠭᠡᠨ ᠤ ᠵᠢᠭᠤᠷᠭᠠᠨ ᠤ ᠲᠦᠯᠦᠪᠦᠷᠢ ᠦᠭᠬᠦ ᠬᠡᠷᠡᠭ 18 ᠶᠢ ᠰᠢᠢᠳᠪᠦᠷᠢᠯᠡᠵᠤ᠂ ᠲᠦᠯᠦᠪᠦᠷᠢ ᠶᠢᠨ ᠦᠷᠳᠡᠭ 180 ᠲᠦᠮᠡᠨ ᠲᠦᠭᠦᠷᠢᠭ ᠲᠤ ᠬᠦᠷᠦᠭᠰᠡᠨ ᠪᠠᠶᠢᠨ᠎ᠠ᠃                                         ᠢᠷᠡᠯᠳᠡ᠄ ᠤᠯᠠᠭᠠᠨᠴᠠᠪ ᠤᠨ ᠡᠳᠦᠷ ᠤᠨ ᠰᠤᠨᠢᠨ ᠤ ︽ᠭᠠᠷᠠᠭ ᠤᠨ ᠬᠡᠪᠯᠡᠯ                               ᠰᠤᠷᠪᠤᠯᠵᠢᠯᠠᠭᠴᠢ᠄ ᠷᠢᠨ᠊᠂ ᠰᠤᠳᠨᠠᠮ
 
ᠢᠷᠡᠯᠲᠡ᠄ ᠤᠯᠠᠭᠠᠨᠴᠠᠪ ᠤᠨ ᠡᠳᠦᠷ ᠤᠨ ᠰᠤᠨᠢᠨ ᠤ ︽ᠭᠠᠷᠠᠭ ᠤᠨ ᠬᠡᠪᠯᠡᠯ︾
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2