ᠳᠥᠷᠪᠡᠳ ᠬᠤᠰᠢᠭᠤᠨ ᠤ ᠬᠤᠩᠭᠤᠷ ᠪᠠᠭ᠎ᠠ ᠰᠤᠷᠭᠠᠭᠤᠯᠢ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠢᠪᠡ
ᠨᠡᠶᠢᠲᠡᠯᠡᠭᠰᠡᠨ ᠴᠠᠭ᠄
2019-11-27
     ᠤᠢᠢᠷ᠎ᠠ ᠶᠢᠨ ᠡᠳᠦᠷ᠂ ᠳᠥᠷᠪᠡᠳ ᠬᠤᠰᠢᠭᠤᠨ ᠤ ᠬᠤᠩᠭᠤᠷ ᠪᠠᠭ᠎ᠠ ᠰᠤᠷᠭᠠᠭᠤᠯᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠩᠭᠢ ᠶᠢᠨ ᠴᠠᠭᠳᠠᠭ᠎ᠠ ᠨᠠᠷ ᠢ ᠤᠷᠢᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠢᠪᠠ᠃      ᠬᠤᠩᠭᠤᠷ ᠪᠠᠭ᠎ᠠ ᠰᠤᠷᠭᠠᠭᠤᠯᠢ ᠮᠠᠨ ᠤ ᠬᠤᠰᠢᠭᠤᠨ ᠤ ᠳᠤᠮᠳᠠ ᠬᠤᠶᠢᠲᠤ ᠬᠡᠰᠡᠭ ᠲᠤ ᠪᠠᠶᠢᠷᠢᠯᠠᠵᠤ᠂ ᠤᠯᠠᠭᠠᠨᠬᠤᠸᠠ ᠪᠠᠯᠭᠠᠰᠤᠨ ᠠᠴᠠ ᠪᠠᠷᠠᠭᠤᠨ ᠬᠤᠶᠢᠰᠢ 64 ᠺᠢᠯᠣᠮᠧᠲᠷ ᠵᠠᠶᠢᠲᠠᠶ ᠬᠤᠩᠭᠤᠷ ᠰᠤᠮᠤᠨ ᠳᠤ ᠪᠠᠶᠢᠷᠢᠯᠠᠵᠤ ᠪᠣᠶ᠃ ᠲᠣᠰ ᠤᠳᠠᠭᠠᠨ ᠤ ᠠᠵᠢᠯᠯᠠᠭ᠎ᠠ ᠨᠢ ︽ᠨᠢᠭᠡ ᠰᠤᠷᠤᠭᠴᠢ ᠶᠢ ᠰᠤᠷᠭᠠᠨ ᠬᠥᠮᠦᠵᠢᠭᠦᠯᠵᠦ᠂ ᠨᠢᠭᠡ ᠭᠡᠷ ᠪᠦᠯᠢ ᠶᠢ ᠳᠠᠶᠢᠴᠢᠯᠠᠨ᠂ ᠪᠦᠬᠦ ᠨᠡᠶᠢᠭᠡᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠲᠤ ᠪᠠᠷ ᠠᠩᠬᠠᠷᠤᠨ᠎ᠠ︾ ᠭᠡᠳᠡᠭ ᠢᠶᠠᠷ ᠭᠤᠤᠯ ᠰᠡᠳᠦᠪ ᠪᠣᠯᠭᠠᠵᠤ᠂ ᠡᠨᠡᠬᠦ ᠠᠵᠢᠯᠯᠠᠭ᠎ᠠ ᠪᠠᠷ ᠳᠠᠮᠵᠢᠭᠤᠯᠤᠨ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠦ᠂ ᠰᠤᠷᠤᠭᠴᠢᠳ ᠢ ᠵᠠᠮ ᠬᠠᠷᠢᠯᠴᠠᠭᠠᠨ ᠤ ᠠᠳᠡᠯ ᠠᠴᠠ ᠵᠠᠶᠢᠯᠠᠰᠬᠢᠬᠦ ᠶᠢ ᠵᠤᠷᠢᠭᠰᠠᠨ ᠪᠠᠶᠢᠨ᠎ᠠ᠃      ᠡᠩ ᠲᠡᠷᠢᠬᠦᠨ ᠳᠤ᠂ ᠠᠷᠠᠳ ᠤᠨ ᠴᠠᠭᠳᠠᠭ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠪᠠᠷ ᠳᠠᠮᠵᠢᠭᠤᠯᠤᠨ᠂ ᠳᠥᠭᠦᠮ ᠣᠶᠢᠯᠠᠭᠠᠮᠵᠢᠲᠠᠶ ᠦᠭᠡ ᠬᠡᠯᠡ ᠶᠢ ᠬᠡᠷᠡᠭᠯᠡᠨ᠂ ᠵᠠᠮ ᠬᠠᠷᠢᠯᠴᠠᠭᠠᠨ ᠤ ᠠᠳᠡᠯ ᠤᠨ ᠬᠡᠷᠡᠭ ᠤᠨ ᠨᠡᠶᠢᠲᠡᠯᠢᠭ ᠵᠢᠱᠢᠶ᠎ᠡ ᠲᠠᠢ ᠤᠶᠠᠯᠳᠤᠭᠤᠯᠤᠨ᠂ ᠰᠤᠷᠤᠭᠴᠢᠳ ᠤᠨ ᠡᠳᠦᠷ ᠲᠤᠲᠤᠮ ᠤᠨ ᠰᠤᠷᠭᠠᠭᠤᠯᠢ ᠳᠤ ᠣᠷᠣᠬᠤ ᠪᠠ ᠰᠤᠷᠭᠠᠭᠤᠯᠢ ᠲᠠᠷᠬᠠᠬᠤ ᠣᠢᠶ᠎ᠠ ᠳᠤ ᠠᠯᠬᠤᠬᠤ᠂ ᠳᠤᠭᠤᠶ ᠲᠡᠷᠭᠡ ᠤᠨᠤᠬᠤ᠂ ᠲᠡᠷᠭᠡᠨ ᠳᠤ ᠰᠠᠭᠤᠬᠤ ᠵᠡᠷᠭᠡ ᠳᠤ ᠴᠢᠭᠯᠡᠭᠦᠯᠦᠨ ᠨᠠᠷᠢᠨ ᠬᠢᠨᠠᠮᠠᠭᠠᠶ ᠲᠠᠶᠢᠯᠪᠤᠷᠢᠯᠠᠯᠳᠠ ᠬᠢᠭᠰᠡᠨ ᠪᠠᠶᠢᠨ᠎ᠠ᠃ ᠡᠭᠦᠨ ᠢᠶᠠᠷ ᠲᠠᠮᠵᠢᠨ ᠥᠷᠭᠡᠨ ᠣᠯᠠᠨ ᠰᠤᠷᠤᠭᠴᠢᠳ ᠲᠤ ᠥᠪᠡᠷ ᠢ ᠪᠠᠨ ᠬᠠᠮᠠᠭᠠᠯᠠᠬᠤ ᠶᠢ ᠰᠤᠷᠴᠤ᠂ ᠠᠮᠢ ᠨᠠᠰᠤ ᠪᠠᠨ ᠨᠠᠨᠳᠢᠩᠨᠠᠨ ᠬᠠᠶᠢᠷᠠᠯᠠᠬᠤ ᠶᠢ ᠰᠠᠨᠠᠭᠤᠯᠤᠬᠰᠠᠨ ᠪᠠᠶᠢᠨ᠎ᠠ᠃      ᠳᠠᠷᠠᠭ᠎ᠠ ᠨᠢ᠂ ᠴᠠᠭᠳᠠᠭ᠎ᠠ ᠡᠯ᠎ᠡ ᠵᠤᠶᠢᠯ ᠤᠨ ᠵᠠᠮ ᠬᠠᠷᠢᠯᠴᠠᠭᠠᠨ ᠤ ᠲᠡᠮᠳᠡᠭ ᠢ ᠪᠠᠷᠢᠵᠤ᠂ ᠬᠡᠤᠬᠡᠳ ᠤᠳ ᠲᠤ ᠲᠡᠳᠡᠭᠡᠷ ᠤᠨ ᠠᠭᠤᠯᠭ᠎ᠠ ᠤᠴᠢᠷ ᠢ ᠲᠠᠶᠢᠯᠪᠤᠷᠢᠯᠠᠨ ᠲᠠᠨᠢᠭᠤᠯᠪᠠ᠃ ᠡᠭᠦᠨ ᠤ ᠬᠠᠮᠲᠤ᠂ ᠠᠷᠠᠳ ᠤᠨ ᠴᠠᠭᠳᠠᠭ᠎ᠠ ᠪᠠᠰᠠ ᠬᠡᠤᠬᠡᠳ ᠤᠳ ᠲᠠᠢ ᠬᠠᠮᠲᠤ ᠵᠠᠮ ᠬᠠᠷᠢᠯᠴᠠᠭᠠᠨ ᠤ ᠲᠡᠮᠳᠡᠭ ᠤᠨ ᠵᠢᠷᠤᠭ ᠨᠡᠶᠢᠯᠡᠭᠦᠯᠬᠦ ᠲᠣᠭᠯᠠᠭᠠᠮ ᠬᠢᠵᠡᠶ᠃ ᠲᠣᠭᠯᠠᠭᠠᠮ ᠨᠢ ᠠᠶᠠᠳᠠᠢ ᠲᠠᠭᠠᠳᠠᠢ ᠬᠠᠷᠢᠯᠴᠠᠬᠤ ᠪᠠᠷ ᠳᠠᠮᠵᠢᠨ᠂ ᠬᠡᠤᠬᠡᠳ ᠤᠳ ᠡᠬᠢᠯᠡᠬᠡᠳ ᠠᠶᠤᠮᠳᠠᠭᠠᠢ ᠪᠠᠶᠢᠭᠰᠠᠨ ᠠᠴᠠ ᠪᠠᠨ ᠢᠳᠡᠪᠬᠢᠲᠡᠢ ᠤᠷᠤᠯᠴᠠᠬᠤ ᠪᠣᠯᠵᠤ᠂ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠠᠳᠠᠯᠢ ᠪᠤᠰᠤ ᠵᠠᠮ ᠬᠠᠷᠢᠯᠴᠠᠭᠠᠨ ᠤ ᠲᠡᠮᠳᠡᠭ ᠤᠨ ᠠᠭᠤᠯᠭ᠎ᠠ ᠤᠴᠢᠷ ᠢ ᠤᠬᠠᠵᠤ ᠡᠵᠡᠮᠰᠢᠭᠰᠡᠨ ᠪᠠᠶᠢᠨ᠎ᠠ᠃     ︽ᠬᠤᠶᠢᠰᠢᠳᠠ ᠶᠢᠨ ᠠᠮᠢᠳᠤᠷᠠᠯ ᠳᠤᠮᠳᠠ᠂ ᠪᠢᠳᠡ ᠵᠠᠪᠠᠯ ᠵᠠᠮ ᠬᠠᠷᠢᠯᠴᠠᠭᠠᠨ ᠤ ᠲᠡᠮᠳᠡᠭ ᠤᠨ ᠵᠢᠭᠠᠪᠤᠷᠢ ᠪᠠᠷ ᠪᠣᠯᠪᠠᠰᠤᠨ ᠠᠶᠠᠯᠠᠨ᠎ᠠ︾ ᠭᠡᠵᠤ ᠬᠡᠦᠬᠡᠳ ᠤᠳ ᠲᠠᠭᠤᠨ ᠨᠢᠬᠡᠳᠡᠢ ᠶᠠᠷᠢᠵᠤ ᠪᠠᠶᠢᠯ᠎ᠠ᠃     ᠡᠴᠤᠰ ᠲᠤ᠂ ᠵᠠᠮ ᠬᠠᠷᠢᠯᠴᠠᠭᠠᠨ ᠤ ᠴᠠᠬᠳᠠᠭ᠎ᠠ ᠨᠠᠷ ᠠᠴᠠ ᠲᠡᠳᠡ ᠦᠷᠬᠦᠯᠵᠢᠳᠡ ᠲᠤᠰ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠠᠩᠬᠢ ᠶᠢᠨ ᠬᠠᠷᠢᠶᠠᠨ ᠳᠠᠬᠢ ᠮᠠᠯᠵᠢᠬᠤ ᠲᠠᠷᠢᠶᠠᠯᠠᠬᠤ ᠤᠷᠤᠨ ᠤ ᠰᠤᠷᠭᠠᠭᠤᠯᠢ ᠪᠠᠷ ᠬᠦᠷᠴᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠤᠷᠭᠠᠨ ᠬᠦᠮᠦᠵᠢᠯ ᠢ ᠰᠤᠷᠤᠭᠴᠢᠳ ᠲᠤ ᠤᠶᠢᠯᠠᠭᠠᠭᠤᠯᠵᠦ᠂ ᠭᠡᠦᠬᠡᠳ ᠪᠠᠭᠠᠴᠤᠳ ᠤᠨ ᠠᠮᠤᠷ ᠲᠦᠪᠰᠢᠨ ᠢᠶᠠᠷ ᠠᠶᠠᠯᠠᠬᠤ ᠵᠢᠴᠢ ᠪᠤᠯᠪᠠᠰᠤᠨ ᠢᠶᠠᠷ ᠠᠶᠠᠯᠠᠬᠤ ᠠᠮᠤᠷ ᠲᠦᠪᠰᠢᠨ ᠤ ᠦᠵᠡᠯ ᠲᠠᠨᠢᠯᠳᠠ ᠶᠢ ᠬᠡᠦᠬᠡᠳ ᠤᠳ ᠤᠨ ᠰᠡᠳᠬᠢᠯ ᠳᠤ ᠬᠠᠳᠠᠩᠰᠢᠭᠤᠯᠵᠤ᠂ ᠰᠤᠷᠤᠬᠴᠢᠳ ᠤᠨ ᠵᠠᠮ ᠬᠠᠷᠢᠯᠴᠠᠭᠠᠨ ᠤ ᠠᠳᠡᠯ ᠭᠠᠷᠬᠤ ᠶᠢ ᠡᠬᠢ ᠰᠤᠷᠪᠤᠯᠵᠢ ᠠᠴᠠ ᠰᠡᠷᠬᠡᠶᠢᠯᠡᠬᠦ ᠪᠠᠷ ᠪᠠᠶᠢᠨ᠎ᠠ ᠬᠡᠵᠦ ᠢᠯᠡᠷᠭᠡᠶᠢᠯᠡᠵᠡᠭᠡᠪᠡ᠃                                        ᠵᠣᠬᠢᠶᠠᠭᠴᠢ᠄ ᠄ ᠸᠠᠩ ᠴᠢᠤᠸᠠᠨ
 
ᠢᠷᠡᠯᠲᠡ᠄ ᠤᠯᠠᠭᠠᠨᠴᠠᠪ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2