ᠨᠤᠭᠤᠭᠠᠨ ᠦᠩᠭᠡ ᠶᠢᠨ ᠰᠡᠷᠭᠦᠭᠡᠯᠳᠡ……  ᠨᠤᠳᠤᠭ ᠤᠰᠤᠨ ᠤ ᠬᠦᠭᠵᠢᠯᠳᠡ
ᠨᠡᠶᠢᠲᠡᠯᠡᠭᠰᠡᠨ ᠴᠠᠭ᠄
2019-11-04
      ᠦᠷᠭᠡᠨ ᠤᠯᠠᠨ ᠺᠠᠳ᠋ᠷ ᠮᠠᠯᠴᠢᠳ ᠰᠠᠬᠢᠨ ᠪᠠᠷᠠᠯᠠᠵᠤ᠂ ᠬᠠᠷᠢᠯᠴᠠᠨ ᠬᠠᠪᠰᠤᠷᠴᠦ ᠦᠪᠦᠷ ᠮᠤᠩᠭᠤᠯ ᠢᠶᠠᠨ ᠡᠬᠡ ᠤᠯᠤᠰ ᠤᠨ ᠢᠶᠠᠨ ᠤᠮᠠᠷᠠᠳᠤ ᠬᠢᠯᠢ ᠶᠢᠨ ᠠᠮᠢ ᠠᠬᠤᠢ ᠶᠢᠨ ᠨᠤᠭᠤᠭᠠᠨ ᠬᠠᠯᠬᠠᠪᠴᠢ ᠪᠤᠯᠭᠠᠨ ᠪᠦᠳᠦᠭᠡᠨ ᠪᠠᠶᠢᠭᠤᠯᠬᠤ ᠬᠡᠷᠡᠭᠳᠠᠢ ᠬᠡᠰᠡᠨ ᠶᠡᠷᠦᠩᠭᠡᠢ ᠱᠦᠵᠢ ᠰᠢ ᠶᠢᠨ ᠫᠢᠩ ᠤᠨ ᠬᠦᠰᠡᠯ ᠱᠠᠭᠠᠷᠳᠠᠯᠭ᠎ᠠ ᠶᠢ ᠲᠦᠷᠪᠡᠳ ᠬᠤᠰᠢᠭᠤᠨ ᠤ 22 ᠲᠦᠮᠡᠨ ᠤᠯᠠᠨ ᠲᠦᠮᠡᠨ ᠰᠡᠳᠬᠢᠯ ᠵᠢᠷᠦᠭᠡᠨ ᠳᠡᠭᠡᠨ ᠪᠠᠳᠤ ᠴᠡᠭᠡᠵᠢᠯᠡᠵᠤ᠂ ᠤᠷᠤᠨ ᠤ ᠲᠦᠪ  ᠤᠨ ᠲᠠᠯ᠎ᠠ ᠨᠤᠳᠤᠭ ᠪᠤᠯᠬᠤ ᠲᠦᠷᠪᠡᠳ ᠬᠤᠰᠢᠭᠤ ᠪᠠᠨ ᠡᠬᠡ ᠤᠯᠤᠰ ᠤᠨ ᠤᠮᠠᠷᠠᠳᠤ ᠬᠢᠯᠢ ᠬᠢᠯᠢ ᠶᠢᠨ ᠴᠢᠬᠤᠯᠠ ᠠᠮᠢ ᠠᠬᠤᠢ᠂ ᠤᠷᠴᠢᠨ ᠲᠤᠭᠤᠷᠢᠨ ᠤ ᠨᠤᠭᠤᠭᠠᠨ ᠬᠠᠯᠬᠠᠪᠴᠢ ᠪᠤᠯᠭᠠᠨ ᠪᠦᠳᠦᠭᠡᠨ ᠪᠠᠶᠢᠭᠤᠯᠬᠤ ᠡᠭᠦᠷᠭᠡ ᠬᠠᠷᠠᠯᠳᠠ  ᠪᠠᠨ ᠡᠷᠳᠡ ᠨᠢᠭᠡᠨ ᠡᠳᠦᠷ ᠪᠡᠶᠡᠯᠡᠭᠦᠯᠬᠦ ᠶᠢᠨ ᠲᠦᠯᠦᠭᠡ᠂ ᠲᠠᠯ᠎ᠠ ᠨᠤᠳᠤᠭ ᠤᠨ ᠠᠮᠢ ᠠᠬᠤᠢ ᠶᠢᠨ ᠦᠨᠳᠦᠰᠦᠨ ᠪᠠᠶᠢᠭᠤᠯᠤᠯᠳᠠ ᠪᠠ ᠬᠤᠳᠠ ᠬᠦᠳᠡᠭᠡ ᠶᠢᠨ ᠤᠷᠴᠢᠨ ᠲᠤᠭᠤᠷᠢᠨ ᠤ ᠬᠠᠮᠠᠭᠠᠯᠠᠯᠳᠠ ᠬᠦᠨᠵᠢᠭᠦᠯᠦᠯᠳᠡ ᠶᠢ ᠵᠡᠷᠭᠡ ᠪᠠᠷ ᠴᠢᠩᠭ᠎ᠠ ᠠᠳᠬᠤᠵᠤ᠂ ᠦᠨᠡᠨ ᠪᠤᠳᠠᠳᠠᠢ ᠠᠵᠢᠯᠯᠠᠭᠠᠳ᠂ ᠨᠠᠮ ᠤᠨ ᠠᠷᠪᠠᠨ ᠨᠠᠢᠮᠠᠳᠤᠭᠠᠷ ᠬᠤᠷᠠᠯ ᠠᠴᠠ ᠨᠠᠰᠢᠬᠢ 5 ᠵᠢᠯ ᠳᠤ ᠪᠦᠬᠦ ᠬᠤᠰᠢᠭᠤᠨ ᠤ ᠲᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠲᠤᠭᠤᠷᠢᠨ ᠳᠤ ᠬᠦᠨᠵᠡᠭᠡᠢ ᠬᠤᠪᠢᠷᠠᠯᠳᠠ ᠭᠠᠷᠭᠠᠭᠰᠠᠨ ᠠᠴᠠ ᠨᠤᠭᠤᠭᠠᠨ ᠦᠩᠭᠡ ᠨᠢ ᠨᠢᠭᠡᠨᠳᠡ ᠠᠳᠡᠬᠢ ᠠᠮᠢ ᠠᠮᠢᠵᠢᠷᠠᠯ ᠤᠨ ᠭᠤᠤᠯ ᠲᠡᠪᠢᠰᠭᠡᠷ ᠦᠩᠭᠡ ᠪᠤᠯᠵᠤ᠂ ᠨᠤᠳᠤᠭ  ᠤᠰᠤᠨ ᠤ ᠰᠡᠷᠭᠦᠭᠡᠯᠳᠡ ᠶᠢᠨ ᠪᠠᠷ᠎ᠠ ᠲᠤᠳᠤᠷᠠᠵᠤ᠂ ᠨᠤᠭᠤᠭᠠᠨ ᠦᠩᠭᠡ ᠶᠢᠨ ᠬᠦᠭᠵᠢᠯᠳᠡ ᠶᠢ ᠪᠦᠬᠦ ᠲᠠᠯ᠎ᠠ ᠪᠠᠷ ᠤᠭᠳᠤᠨ ᠠᠪᠴᠢᠷᠠᠭᠰᠠᠨ ᠪᠠᠶᠢᠨ᠎ᠠ᠃        ᠲᠦᠷᠪᠡᠳ ᠬᠤᠰᠢᠭᠤ ᠤᠯᠠᠭᠠᠨᠴᠠᠪ ᠬᠤᠳᠠ ᠳᠠᠭᠠᠨ ᠲᠠᠷᠢᠶᠠᠯᠠᠬᠤ ᠪᠠᠨ ᠵᠤᠭᠰᠤᠵᠤ᠂ ᠡᠪᠡᠰᠦ ᠮᠤᠳᠤ ᠲᠠᠷᠢᠬᠤ᠂ ᠮᠠᠯ ᠪᠡᠯᠴᠢᠭᠡᠷᠯᠡᠭᠦᠯᠬᠦ ᠶᠢ ᠬᠡᠰᠡᠭ ᠲᠠᠯ᠎ᠠ ᠪᠠᠷ ᠵᠤᠭᠰᠤᠭᠠᠵᠤ᠂ ᠪᠡᠯᠴᠢᠭᠡᠷ ᠤᠨ ᠢᠶᠠᠨ ᠲᠠᠭᠠᠭᠠᠴᠠ ᠪᠠᠷ ᠮᠠᠯ ᠮᠠᠯᠵᠢᠬᠤ᠂ ᠪᠡᠭᠡᠵᠢᠩ ᠲᠢᠶᠠᠨᠵᠢᠨ ᠤ ᠡᠷᠬᠢᠨ ᠲᠤᠭᠤᠷᠢᠨ ᠤ ᠡᠯᠡᠰᠤ ᠰᠠᠯᠬᠢᠨ ᠤ ᠡᠬᠢ ᠡᠭᠦᠰᠦᠯ ᠢ ᠵᠠᠰᠠᠬᠤ ᠵᠡᠷᠭᠡ ᠤᠯᠤᠰ ᠤᠷᠤᠨ ᠤ ᠵᠢᠷᠭᠤᠭᠠᠨ ᠶᠡᠭᠡ ᠭᠤᠤᠯᠳᠠᠯᠭ᠎ᠠ ᠲᠠᠢ ᠠᠮᠢ ᠠᠬᠤᠢ ᠶᠢᠨ ᠤᠷᠴᠢᠨ ᠲᠤᠭᠤᠷᠢᠨ ᠤ ᠪᠠᠷᠢᠯᠭ᠎ᠠ ᠶᠢ ᠪᠦᠬᠦᠨ ᠢ ᠬᠡᠷᠡᠭᠵᠢᠭᠦᠯᠦᠭᠰᠡᠨ ᠭᠤᠤᠯ ᠲᠤᠷᠰᠢᠯᠳᠠ ᠶᠢᠨ ᠬᠤᠰᠢᠭᠤᠨ ᠤ ᠬᠤᠪᠢ ᠠᠴᠠ ᠭᠠᠵᠠᠷ ᠤᠷᠤᠨ ᠤ ᠪᠠᠨ ᠪᠤᠳᠠᠳᠤ ᠪᠠᠶᠢᠳᠠᠯ ᠲᠠᠢ ᠨᠢᠭᠳᠠ ᠤᠶᠠᠯᠳᠤᠭᠤᠯᠤᠨ᠂ ᠨᠤᠭᠤᠭᠠᠨ ᠦᠩᠭᠡ ᠶᠢᠨ ᠢᠨᠵᠧᠨᠧᠷᠢᠩ ᠢ ᠪᠦᠬᠦ ᠲᠠᠯ᠎ᠠ ᠪᠠᠷ ᠲᠦᠷᠭᠡᠳᠭᠡᠭᠡᠳ ᠢᠯᠡᠳᠳᠡ ᠠᠮᠵᠢᠯᠳᠠ ᠤᠯᠤᠭᠰᠠᠨ ᠪᠠᠶᠢᠨ᠎ᠠ᠃ ᠲᠤᠬᠠᠶᠢᠯᠠᠪᠠᠯ᠂ ᠤᠶᠢᠷ᠎ᠠ ᠶᠢᠨ 5 ᠵᠢᠯ ᠳᠤ ᠪᠡᠭᠡᠵᠢᠩ ᠲᠢᠶᠠᠨᠵᠢᠨ ᠤ ᠡᠷᠭᠢᠨ ᠲᠤᠭᠤᠷᠢᠨ ᠳᠠᠬᠢ ᠡᠯᠡᠰᠦ ᠰᠠᠯᠬᠢᠨ ᠤ ᠡᠬᠢ ᠡᠭᠦᠰᠦᠯ ᠢ ᠵᠠᠰᠠᠭᠰᠠᠨ ᠲᠠᠯᠠᠪᠠᠢ 298.2 ᠲᠦᠮᠡᠨ ᠮᠦ᠂ ᠲᠠᠷᠢᠶᠠᠯᠠᠬᠤ ᠪᠠᠨ ᠵᠤᠭᠰᠤᠵᠤ᠂ ᠡᠪᠡᠰᠦ ᠮᠤᠳᠤ ᠪᠤᠶᠤ ᠲᠡᠵᠢᠭᠡᠯ ᠪᠤᠷᠳᠤᠭ᠎ᠠ ᠲᠠᠷᠢᠬᠤ ᠬᠡᠪᠴᠢᠶᠡᠵᠢᠭᠰᠡᠨ ᠲᠦᠷᠦᠯ ᠵᠦᠢᠯ ᠤᠨ ᠪᠠᠷᠢᠯᠭ᠎ᠠ 48.3 ᠲᠦᠮᠡᠨ ᠮᠦ᠂ ᠵᠠᠰᠠᠮᠠᠯ ᠵᠠᠮ ᠲᠠᠭᠠᠤ ᠤᠶᠢᠵᠢᠭᠤᠯᠤᠯᠳᠠ 1.87 ᠲᠦᠮᠡᠨ ᠮᠦ᠂ ᠬᠤᠳᠠ ᠪᠠᠯᠭᠠᠰᠤᠨ ᠤ ᠤᠶᠢᠵᠢᠭᠤᠯᠤᠯᠳᠠ 1.64 ᠲᠦᠮᠡᠨ ᠮᠦ᠂ ᠭᠠᠴᠠᠭ᠎ᠠ ᠲᠤᠰᠬᠤᠨ ᠤ ᠦᠵᠡᠮᠵᠢ ᠶᠢᠨ ᠵᠠᠮ ᠱᠤᠭᠤᠮ ᠲᠠᠭᠠᠤ ᠤᠶᠢᠵᠢᠭᠤᠯᠤᠯᠳᠠ 0.48 ᠲᠦᠮᠡᠨ ᠮᠦ ᠶᠢ ᠪᠡᠶᠡᠯᠡᠭᠦᠯᠵᠤ᠂ ᠪᠦᠬᠦ ᠬᠤᠰᠢᠭᠤᠨ ᠤ ᠠᠰᠢᠭᠯᠠᠵᠤ ᠪᠤᠯᠬᠤ ᠤᠢ ᠮᠤᠳᠤᠨ ᠤ ᠲᠠᠯᠠᠪᠠᠢ 1546 ᠲᠦᠮᠡᠨ ᠮᠦ ᠳᠤ ᠬᠦᠷᠴᠦ᠂ ᠪᠦᠷᠬᠦᠴᠡ  ᠶᠢᠨ ᠨᠤᠷᠮ᠎ᠠ ᠨᠢ ᠤᠤᠯ ᠤᠨ 10.4% ᠠᠴᠠ ᠤᠳᠤ ᠶᠢᠨ 22.86% ᠳᠤ ᠬᠦᠷᠦᠭᠰᠡᠨ ᠪᠠᠶᠢᠨ᠎ᠠ᠃ ᠡᠭᠦᠨ ᠤ ᠳ᠋ᠦᠩ ᠳᠤ ᠪᠦᠬᠦ ᠬᠤᠰᠢᠭᠤᠨ ᠤ ᠡᠯᠡᠰᠦᠷᠭᠡᠭᠵᠢᠨ ᠴᠦᠯᠡᠷᠭᠡᠭᠵᠢᠭᠰᠡᠨ ᠲᠠᠯᠠᠪᠠᠢ ᠵᠢᠯ ᠲᠠᠷᠠᠭᠠᠯᠠᠨ 30… 50 ᠲᠦᠮᠡᠨ ᠮᠦ ᠶᠢᠨ ᠬᠤᠷᠳᠤᠴᠠ ᠪᠠᠷ ᠬᠠᠰᠤᠭᠳᠠᠭᠰᠠᠨ ᠪᠠᠶᠢᠨ᠎ᠠ᠃ 2017 ᠤᠨ ᠳᠤ ᠪᠦᠬᠦ ᠠᠰᠢᠭᠯᠠᠵᠤ ᠪᠤᠯᠬᠤ ᠨᠤᠳᠤᠭ ᠪᠡᠯᠴᠢᠭᠡᠷ ᠤᠨ ᠲᠤᠮᠳᠠᠴᠢ ᠡᠪᠡᠰᠦ ᠤᠷᠭᠤᠮᠠᠯ ᠤᠨ ᠪᠦᠷᠬᠦᠴᠡ 84% ᠳᠤ ᠬᠦᠷᠴᠦ᠂ 2012 ᠤᠨ ᠤ  ᠬᠢ ᠠᠴᠠ ᠵᠠᠭᠤᠨ ᠤ ᠬᠠᠷᠢᠴᠠᠯ ᠢᠶᠠᠷ ᠪᠦᠬᠦᠯᠢ 8 ᠬᠤᠪᠢ ᠲᠡᠭᠡᠭᠰᠢᠯᠡᠭᠰᠡᠨ ᠪᠠᠶᠢᠨ᠎ᠠ᠃ ᠦᠩᠭᠡᠷᠡᠭᠰᠡᠨ ᠤ ᠪᠤᠬᠢᠷᠳᠤᠯ  ᠲᠠᠢ GDP ᠶᠢ ᠬᠦᠭᠡᠭᠡᠴᠡᠯᠳᠦᠵᠤ᠂ ᠵᠢᠵᠢᠭ ᠦᠢᠯᠡᠳᠪᠦᠷᠢ ᠠᠭᠤᠷᠬᠠᠢ ᠭᠠᠵᠠᠷ ᠰᠠᠢ ᠦᠭᠡᠢ ᠭᠠᠷᠴᠦ᠂ ᠡᠳᠦᠷ ᠰᠦᠨᠢ ᠦᠭᠡᠢ ᠦᠮᠡᠭᠡᠢ ᠬᠠᠷ᠎ᠠ ᠤᠳᠤᠭ᠎ᠠ ᠪᠠᠭᠠᠬᠢᠭᠤᠯᠵᠤ ᠪᠠᠶᠢᠭᠰᠠᠨ ᠪᠤᠯ ᠤᠳᠤ ᠠᠭᠠᠷ ᠲᠤᠩᠭᠠᠯᠠᠭᠰᠢᠵᠤ᠂ ᠠᠭᠤᠷ ᠠᠮᠢᠰᠬᠤᠯ ᠴᠡᠪᠡᠷᠰᠢᠵᠤ᠂ ᠭᠤᠤᠯ ᠭᠤᠷᠤᠬ᠎ᠠ ᠬᠦᠷᠳᠡᠯ᠎ᠡ ᠰᠡᠷᠭᠦᠭᠰᠡᠨ ᠪᠠᠶᠢᠨ᠎ᠠ᠃ ᠪᠤᠬᠢᠷᠳᠤᠯ ᠢ ᠦᠨᠳᠦᠰᠦᠨ ᠠᠴᠠ  ᠨᠢ ᠵᠠᠰᠠᠬᠤ ᠶᠢᠨ ᠲᠦᠯᠦᠭᠡ ᠲᠤᠰ ᠬᠤᠰᠢᠭᠤ 300 ᠭᠠᠷᠤᠢ ᠬᠡᠤᠷᠰᠢᠭᠦᠯᠬᠦ ᠵᠢᠵᠢᠭ ᠵᠤᠤᠬ᠎ᠠ ᠶᠢ ᠴᠡᠭᠴᠡᠯᠡᠨ ᠨᠤᠷᠠᠭᠠᠵᠤ᠂ ᠨᠡᠭᠦᠷᠡᠰᠦᠨ ᠠᠭᠤᠷᠬᠠᠢ᠂ ᠴᠠᠬᠢᠭᠤᠷ ᠴᠢᠯᠠᠭᠤ ᠵᠡᠷᠭᠡ ᠪᠤᠬᠢᠷᠳᠤᠯ ᠶᠡᠬᠡᠳᠠᠢ ᠲᠦᠷᠦᠯ ᠵᠦᠢᠯ ᠢ ᠲᠠᠬᠢᠵᠤ ᠰᠢᠨ᠎ᠡ ᠪᠠᠷ ᠬᠢᠨᠠᠨ ᠵᠦᠪᠰᠢᠶᠡᠷᠡᠬᠦ ᠶᠢ ᠲᠠᠰᠤ ᠵᠤᠭᠰᠤᠭᠠᠵᠤ᠂ ᠪᠤᠬᠢᠷᠳᠤᠯ ᠦᠭᠡᠢ ᠪᠠᠶᠢᠭᠠᠯᠢᠯᠢᠭ ᠬᠦᠭᠵᠢᠯᠳᠡ ᠪᠤᠯ ᠰᠠᠶ᠋ᠢ ᠠᠯᠳᠠ ᠮᠦᠩᠭᠦᠨ ᠠᠭᠤᠯᠠ ᠤᠰᠤ ᠶᠢ ᠬᠠᠮᠠᠭᠠᠯᠠᠬᠤ᠂ ᠨᠤᠭᠤᠭᠠᠨ ᠦᠩᠭᠡ ᠶᠢᠨ ᠬᠦᠭᠵᠢᠯᠳᠡ ᠪᠠᠨ ᠴᠢᠨᠠᠭᠰᠢᠳᠠ ᠬᠦᠭᠵᠢᠭᠦᠯᠬᠦ ᠶᠢᠨ ᠵᠠᠶᠢᠯᠠᠰᠢ ᠦᠭᠡᠢ ᠰᠤᠩᠭᠤᠯᠳᠠ ᠪᠤᠯᠤᠨ᠎ᠠ ᠬᠡᠳᠡᠭ ᠬᠠᠮᠳᠤ ᠶᠢᠨ ᠦᠵᠡᠯᠳᠡ ᠲᠠᠨᠢᠯᠳᠠ  ᠶᠢ ᠪᠤᠢ ᠪᠤᠯᠭᠠᠵᠤ᠂ ᠭᠤᠤᠯ ᠪᠦᠷᠢᠳᠦ ᠶᠢᠨ ᠲᠠᠷᠤᠭ᠎ᠠ ᠲᠤᠮᠢᠯᠠᠬᠤ᠂ ᠠᠮᠢ ᠠᠬᠤᠢ ᠶᠢᠨ ᠪᠤᠯᠪᠠᠰᠤᠨ ᠤ ᠡᠭᠦᠷᠭᠡ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠬᠠᠳᠠᠭᠤ ᠲᠦᠷᠢᠮ ᠲᠤᠯᠭᠠᠵᠤ ᠬᠡᠷᠡᠭᠵᠢᠭᠦᠯᠦᠭᠡᠳ᠂ ᠲᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠲᠤᠭᠤᠷᠢᠨ ᠤ ᠮᠠᠭᠤᠳᠠᠭᠰᠠᠨ ᠬᠠᠨᠳᠤᠰᠢ ᠶᠢ ᠪᠦᠬᠦᠯᠢ ᠴᠤᠭᠴᠠ ᠪᠠᠷ ᠬᠢᠵᠠᠭᠠᠷᠯᠠᠵᠤ᠂ ᠬᠡᠰᠡᠭ ᠲᠠᠯ᠎ᠠ ᠪᠠᠷ ᠰᠠᠶᠢᠵᠢᠷᠠᠭᠤᠯᠤᠭᠰᠠᠨ ᠬᠦᠭᠵᠢᠯᠳᠡ ᠶᠢᠨ ᠰᠢᠨ᠎ᠡ ᠲᠦᠷᠰᠦ ᠪᠠᠶᠢᠳᠠᠯ ᠢ ᠡᠭᠦᠳᠦᠭᠰᠡᠨ ᠪᠠᠶᠢᠨ᠎ᠠ᠃ ᠡᠭᠦᠨ ᠤ ᠤᠯᠠᠮ ᠠᠴᠠ 2017 ᠤᠨ ᠳᠤ ᠪᠦᠬᠦ ᠬᠤᠰᠢᠭᠤᠨ ᠤ PM2.5 ᠪᠠ PM10 ᠶᠢᠨ ᠲᠤᠮᠳᠠᠴᠢ ᠦᠳᠬᠡᠴᠡ  ᠶᠢᠨ ᠬᠡᠮᠵᠢᠶ᠎ᠡ ᠲᠤᠰᠪᠤᠷᠢ 14.6% ᠪᠠ12.5% ᠪᠠᠷ ᠪᠠᠭᠤᠷᠠᠭᠰᠠᠨ ᠰᠢᠨ᠎ᠡ ᠬᠠᠨᠳᠤᠰᠢ ᠲᠠᠢ ᠪᠤᠯᠵᠠᠢ᠃ ᠪᠦᠬᠦ ᠤᠷᠤᠨ ᠤGDP ᠶᠢᠨ ᠬᠤᠷᠤᠭᠳᠠᠭᠤᠯᠤᠯ ᠪᠠ ᠨᠡᠭᠦᠰᠦᠳᠦᠷᠦᠭᠴᠢ ᠶᠢᠨ ᠲᠠᠪᠬᠤᠷ ᠢᠰᠦᠯ ᠢ ᠪᠠᠭᠠᠰᠬᠠᠬᠤ ᠡᠭᠦᠷᠭᠡ  ᠪᠠᠨ 5 ᠵᠢᠯ ᠲᠠᠷᠠᠭᠠᠯᠠᠨ ᠲᠠᠪᠠᠭᠤᠯᠤᠨ ᠪᠡᠶᠡᠯᠡᠭᠦᠯᠵᠤ᠂ ᠪᠦᠬᠦ ᠤᠷᠤᠨ ᠤ 12 ᠠᠶᠢᠮᠠᠭ ᠬᠤᠳᠠ ᠶᠢᠨ ᠠᠭᠠᠷ ᠮᠠᠨᠳᠠᠯ  ᠤᠨ ᠨᠢᠭᠳᠠᠴᠠ ᠶᠢᠨ ᠪᠠᠷᠢᠮᠵᠢᠶ᠎ᠠ ᠶᠢ ᠲᠤᠭᠳᠠᠭᠠᠬᠤ ᠰᠢᠯᠭᠠᠯᠳᠠ ᠳᠤ ᠲᠤᠰ ᠬᠤᠰᠢᠭᠤᠨ ᠤ ᠰᠢᠯᠢᠳᠡᠭ ᠰᠠᠶᠢᠨ ᠡᠳᠦᠷ  ᠤᠨ ᠬᠠᠷᠢᠴᠠᠯ 88% ᠳᠤ ᠬᠦᠷᠦᠭᠰᠡᠨ ᠵᠡᠷᠭᠡ ᠮᠠᠰᠢ ᠤᠯᠠᠨ ᠰᠢᠨ᠎ᠡ ᠰᠡᠷᠭᠦᠭᠡᠯᠳᠡ ᠬᠦᠭᠵᠢᠯᠳᠡ ᠶᠢᠨ ᠬᠠᠨᠳᠤᠰᠢ ᠲᠠᠢ ᠪᠤᠯᠭᠰᠠᠨ ᠪᠠᠶᠢᠨ᠎ᠠ᠃                                                                                              ᠢᠷᠡᠯᠳᠡ᠄ ᠤᠯᠠᠭᠠᠨᠴᠠᠪ ᠤᠨ ᠡᠳᠦᠷ  ᠤᠨ ᠰᠤᠨᠢᠨ                                                            ᠴᠢᠮᠡᠭᠯᠡᠭᠴᠢ᠄ ᠰ᠊᠂ ᠲᠡᠷᠭᠡᠯ
 
ᠢᠷᠡᠯᠲᠡ᠄ ᠤᠯᠠᠭᠠᠨᠴᠠᠪ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2