ᠲᠦᠷᠪᠡᠳ ᠬᠤᠰᠢᠭᠤ ᠨᠢᠳᠤᠨᠤᠨ ᠠᠴᠠ ᠡᠬᠢᠯᠡᠨ᠂ ᠤᠷᠤᠨ ᠪᠠ ᠬᠤᠳᠠ ᠶᠢᠨ ︽ᠡᠷᠡᠭᠦᠯ ᠮᠡᠨᠳᠦ ᠪᠠᠷ | ᠶᠠᠳᠠᠭᠤ ᠶᠢ ᠲᠡᠳᠬᠦᠬᠦ︾ ᠶᠢ ᠱᠠᠯᠠᠪᠳᠠᠭᠤᠯᠤᠨ ᠠᠬᠢᠭᠤᠯᠬᠤ ᠠᠵᠢᠯ ᠤᠨ ᠱᠠᠭᠠᠷᠳᠠᠯᠭ᠎ᠠ ᠳᠤ ᠵᠤᠬᠢᠴᠠᠭᠤᠯᠵᠤ᠂ | ᠡᠪᠡᠳᠴᠢᠨ ᠠᠴᠠ ᠪᠤᠯᠵᠤ ᠶᠠᠳᠠᠭᠤᠷᠠᠭᠰᠠᠳ ᠲᠤ ᠰᠢᠭᠤᠳ ᠠᠰᠢᠭ ᠬᠦᠷᠳᠡᠭᠡᠵᠤ ᠪᠤᠢ᠃ | ᠶᠠᠭᠤᠨ ᠤ ᠡᠮᠦᠨ᠎ᠡ᠂ ᠡᠯ᠎ᠡ ᠱᠠᠳᠤᠨ ᠤ ᠵᠠᠰᠠᠭ ᠤᠨ ᠤᠷᠳᠤᠨ ᠠᠴᠠ ᠲᠠᠩᠰᠠᠯᠠᠵᠤ ᠺᠠᠷᠲᠯᠠᠭᠰᠠᠨ ᠶᠠᠳᠠᠭᠤ | ᠬᠦᠴᠢᠷ ᠲᠠᠢ᠂ ᠡᠮᠨᠡᠭᠦᠯᠬᠦ ᠱᠠᠭᠠᠷᠳᠠᠯᠭ᠎ᠠ ᠲᠠᠢ ᠬᠦᠮᠦᠰ ᠲᠤ ᠬᠤᠳᠠᠯᠳᠤᠭᠠᠨ ᠤ ᠨᠦᠬᠦᠪᠦᠷᠢ ᠲᠠᠭᠠᠳᠬᠠᠯ ᠵᠡᠷᠭᠡ | ᠬᠡᠷᠡᠭᠴᠡᠭᠡ ᠪᠦᠬᠦᠢ ᠲᠠᠭᠠᠳᠬᠠᠯ ᠤᠨ ᠲᠤᠰᠠ ᠲᠡᠮᠵᠢᠯᠭᠡ ᠶᠢ ᠴᠠᠭ ᠲᠤᠬᠠᠢ ᠳᠤᠨᠢ ᠰᠢᠭᠤᠳ ᠤᠯᠭᠤᠬᠤ ᠪᠤᠯᠵᠠᠢ᠃ | ᠲᠤᠬᠠᠶᠢᠯᠠᠪᠠᠯ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠲᠠᠭᠠᠳᠬᠠᠯ᠂ ᠬᠦᠨᠳᠦ | ᠡᠪᠡᠳᠴᠢᠨ ᠤ ᠲᠠᠭᠠᠳᠬᠠᠯ᠂ ᠬᠦᠨᠳᠦ ᠡᠪᠡᠳᠴᠢᠳᠡᠳ ᠢ ᠠᠷᠭᠠᠴᠠᠭᠠᠬᠤ ᠪᠠᠴᠢᠮ ᠠᠪᠤᠷᠠᠨ ᠲᠤᠰᠠᠯᠠᠬᠤ᠂ | ᠨᠢᠬᠦᠯᠡᠰᠦᠩᠭᠦᠢ ᠠᠵᠢᠯᠯᠠᠭ᠎ᠠ ᠶᠢᠨ ᠠᠪᠤᠷᠠᠨ ᠲᠤᠰᠠᠯᠠᠬᠤ ᠵᠡᠷᠭᠡ ᠭᠡᠨᠡᠳᠳᠡ ᠶᠢᠨ ᠴᠢᠨᠠᠷᠳᠠᠢ ᠡᠪᠡᠳᠴᠢᠨ ᠵᠤᠪᠠᠯᠠᠩ ᠢ | ᠪᠠᠴᠢᠮ ᠠᠪᠤᠷᠠᠨ ᠲᠤᠰᠠᠯᠠᠬᠤ ᠠᠵᠢᠯᠯᠠᠭ᠎ᠠ ᠶᠢ ᠬᠡᠷᠡᠭᠵᠢᠭᠦᠯᠦᠭᠡᠳ ᠶᠠᠳᠠᠭᠤ ᠬᠦᠴᠢᠷᠳᠠᠢ ᠬᠦᠮᠦᠰ ᠤᠨ ᠡᠪᠡᠳᠴᠢᠨ | ᠦᠵᠡᠭᠦᠯᠬᠦ ᠳᠤ ᠪᠠᠳᠤᠯᠠᠭ᠎ᠠ ᠬᠠᠩᠭᠠᠵᠤ ᠪᠠᠶᠢᠨ᠎ᠠ᠃ | ᠲᠠᠷᠠᠭ᠎ᠠ ᠨᠢ᠂ ᠶᠠᠳᠠᠭᠤ ᠬᠦᠴᠢᠷ ᠲᠠᠢ ᠬᠦᠮᠦᠰ ᠤᠨ ᠬᠦᠨᠳᠦ ᠡᠪᠡᠳᠴᠢᠨ ᠤ ᠪᠠᠴᠢᠮ ᠬᠡᠷᠡᠭᠴᠡᠭᠡ ᠳᠤ | ᠬᠠᠨᠳᠤᠭᠤᠯᠤᠨ ᠪᠠᠳᠤᠯᠠᠪᠤᠷᠢ ᠶᠢᠨ ᠰᠠᠭᠤᠷᠢ ᠮᠦᠩᠭᠦ ᠪᠠᠶᠢᠭᠤᠯᠵᠤ᠂ ᠲᠠᠩᠰᠠᠯᠠᠵᠤ ᠺᠠᠷᠲ᠋ᠠᠯᠠᠭᠰᠠᠨ ᠶᠠᠳᠠᠭᠤ ᠬᠦᠴᠢᠷᠳᠠᠢ | ᠬᠦᠨᠳᠦ ᠡᠪᠡᠳᠴᠢᠨ ᠤ ᠡᠮᠨᠡᠯᠭᠡ ᠳᠤ ᠰᠠᠭᠤᠭᠰᠠᠨ ᠰᠦᠢᠳᠭᠡᠯ ᠢ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠨᠡᠯᠭᠡ ᠶᠢᠨ ᠲᠠᠭᠠᠳᠬᠠᠯ᠂ ᠬᠦᠨᠳᠦ ᠡᠪᠡᠳᠴᠢᠨ ᠤ ᠲᠠᠭᠠᠳᠬᠠᠯ ᠵᠡᠷᠭᠡ ᠪᠠᠴᠢᠮ ᠠᠪᠤᠷᠠᠨ ᠲᠤᠰᠠᠯᠠᠬᠤ | ᠲᠠᠭᠠᠳᠬᠠᠯ ᠠᠴᠠ ᠲᠠᠩᠰᠠ ᠲᠠᠶᠢᠯᠤᠭᠰᠠᠨ ᠤ ᠲᠠᠷᠠᠭ᠎ᠠ᠂ ᠬᠤᠪᠢ ᠬᠦᠮᠦᠨ ᠤ ᠬᠠᠷᠢᠭᠤᠴᠠᠬᠤ ᠰᠦᠢᠳᠬᠡᠯ ᠢ ᠲᠠᠬᠢᠨ | ᠨᠢᠭᠡ ᠤᠳᠠᠭ᠎ᠠ ᠲᠠᠩᠰᠠᠨ ᠠᠴᠠ ᠲᠠᠶᠢᠯᠤᠬᠤ ᠪᠠᠳᠤᠯᠠᠭ᠎ᠠ ᠬᠠᠩᠭᠠᠭᠰᠠᠨ ᠪᠠᠶᠢᠨ᠎ᠠ᠃ ᠵᠢᠱᠢᠶᠡᠯᠡᠪᠡᠯ᠄ ᠳ᠋ᠦᠩ ᠪᠠ ᠬᠤᠥ | ᠰᠢᠶᠠᠩ ᠤᠨ ᠯᠢᠦ ᠰᠢᠶᠠᠨ ᠲᠣᠣ ᠨᠠᠰᠤᠳᠠᠨ ᠮᠡᠰᠡ ᠵᠠᠰᠠᠯ ᠬᠢᠭᠰᠡᠨ 5 ᠲᠦᠮᠡᠨ ᠲᠦᠭᠦᠷᠢᠭ ᠤᠨ ᠡᠮᠨᠡᠯᠭᠡ ᠶᠢᠨ | ᠰᠦᠢᠳᠬᠡᠯ ᠢᠶᠠᠨ ᠡᠯᠳᠡᠪ ᠲᠠᠭᠠᠳᠬᠠᠯ ᠠᠴᠠ ᠲᠠᠩᠰᠠ ᠲᠠᠶᠢᠯᠤᠭᠰᠠᠨ ᠤ ᠲᠠᠷᠠᠭ᠎ᠠ ᠬᠤᠪᠢ ᠪᠠᠷ ᠢᠶᠠᠨ 2300 | ᠲᠦᠭᠦᠷᠢᠭ ᠭᠠᠷᠭᠠᠪᠠ᠃ | ᠭᠤᠷᠪᠠ ᠳᠤ᠂ ᠠᠵᠢᠯ ᠤᠨ ᠶᠠᠪᠤᠴᠠ ᠳᠤ᠂ ᠠᠯᠢᠪᠠ ᠭᠠᠷ ᠭᠦᠢᠴᠡᠳᠬᠡᠯ ᠢ ᠲᠦᠭᠦᠮᠴᠢᠯᠡᠨ ᠨᠢᠭᠡ | ᠦᠷᠳᠡᠭᠡᠴᠢᠯᠡᠭᠰᠡᠨ ᠲᠠᠰᠤᠯᠤᠨ ᠪᠤᠳᠤᠬᠤ ᠲᠦᠷᠢᠮ ᠢᠶᠠᠷ ᠤᠷᠢᠳᠠᠪᠠᠷ ᠡᠮᠴᠢᠯᠡᠵᠤ᠂ ᠲᠠᠷᠠᠭ᠎ᠠ ᠨᠢ ᠰᠦᠢᠳᠭᠡᠯ ᠢ | ᠪᠤᠳᠤᠬᠤ ᠶᠠᠳᠠᠭᠤ ᠬᠦᠴᠢᠷᠳᠡᠢ ᠬᠦᠮᠦᠰ ᠲᠤ ᠲᠤᠬᠢᠷᠠᠬᠤ ᠲᠡᠰ ᠬᠤᠪᠢᠶᠠᠨ ᠡᠮᠴᠢᠯᠡᠬᠦ ᠶᠢ ᠪᠠᠶᠡᠯᠡᠭᠦᠯᠵᠠᠢ᠃ ᠡᠭᠦᠨ ᠳᠤ | ᠭᠡᠷ ᠪᠦᠯᠢ ᠶᠢᠨ ᠡᠮᠴᠢ ᠶᠢᠨ ᠭᠡᠷ᠎ᠡ ᠲᠤᠭᠳᠠᠬᠤ ᠦᠢᠯᠡᠴᠢᠯᠡᠬᠦ ᠪᠦᠯᠬᠦᠮ᠂ ᠬᠤᠳᠠ ᠬᠦᠳᠡᠭᠡ ᠶᠢᠨ ᠡᠮᠨᠡᠯᠭᠡ ᠶᠢᠨ ᠬᠢᠨ | ᠠᠵᠢᠯ ᠲᠦᠷᠦᠯ ᠢᠶᠠᠷ ᠬᠠᠮᠵᠢᠯᠴᠠᠨ ᠲᠤᠰᠠᠯᠠᠯᠴᠠᠬᠤ᠂ ᠴᠢᠬᠤᠯᠠ ᠲᠠᠢ ᠦᠶ᠎ᠡ ᠳᠤ ᠬᠦᠨᠳᠦ ᠡᠪᠳᠴᠢᠳᠡᠨ ᠢ ᠲᠦᠷᠭᠡᠨ | ᠰᠢᠯᠵᠢᠭᠦᠯᠦᠨ ᠡᠮᠴᠢᠯᠡᠬᠦ ᠵᠡᠷᠭᠡ ᠦᠨᠳᠦᠰᠦᠨ ᠴᠢᠳᠠᠪᠤᠷᠢ ᠶᠢ ᠪᠦᠷᠢᠯᠳᠦᠭᠦᠯᠵᠤ᠂ ᠶᠠᠳᠠᠭᠤ ᠬᠦᠴᠢᠷᠳᠡᠢ ᠬᠦᠮᠦᠰ ᠲᠤ | ᠦᠷᠭᠦᠯᠵᠢᠳᠡ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠭᠰᠠᠨ ᠠᠴᠠ ᠨᠢᠳᠦᠨᠦᠨ ᠠᠴᠠ ᠨᠠᠰᠢ 1.22 ᠲᠦᠮᠡᠨ | ᠶᠠᠳᠠᠭᠤ ᠬᠦᠴᠢᠷᠳᠠᠢ ᠬᠦᠮᠦᠰ ᠲᠤ ᠡᠷᠡᠭᠦᠯ ᠮᠡᠨᠳᠦ ᠶᠢᠨ ᠪᠠᠶᠢᠴᠠᠭᠠᠯᠳᠠ ᠬᠢᠵᠤ᠂ ᠡᠮᠨᠡᠯᠭᠡ ᠳᠤ ᠰᠠᠭᠤᠭᠰᠠᠨ 4192 | ᠡᠪᠡᠳᠴᠢᠳᠡᠨ ᠤ 217.5 ᠲᠦᠮᠡᠨ ᠲᠦᠭᠦᠷᠢᠭ ᠤᠨ ᠡᠮᠨᠡᠯᠭᠡ ᠶᠢᠨ ᠰᠦᠢᠳᠭᠡᠯ ᠢ ᠲᠠᠩᠰᠠᠨ ᠠᠴᠠ ᠲᠠᠶᠢᠯᠵᠤ | ᠦᠭᠴᠠᠢ᠃ ᠤᠳᠤ ᠶᠠᠳᠠᠭᠤ ᠬᠦᠴᠢᠷᠳᠠᠢ ᠬᠦᠮᠦᠰ ᠤᠨ ᠡᠨᠡᠬᠦ ᠲᠦᠷᠦᠯ ᠤᠨ ᠲᠠᠭᠠᠳᠬᠠᠯ ᠳᠤ ᠤᠷᠤᠯᠴᠠᠭᠰᠠᠨ ᠨᠤᠷᠮ᠎ᠠ | 100% ᠳᠤ ᠬᠦᠷᠴᠦ᠂ ᠬᠦᠨᠳᠦ ᠡᠪᠡᠳᠴᠢᠳᠡᠨ ᠤ ᠦᠪᠡᠷ ᠢᠶᠠᠨ ᠬᠠᠷᠢᠭᠤᠴᠠᠬᠤ ᠰᠦᠢᠳᠭᠡᠯ ᠢ ᠵᠦᠪᠬᠡᠨ 5000 | ᠲᠦᠭᠦᠷᠢᠭ ᠤᠨ ᠲᠤᠳᠤᠷ᠎ᠠ ᠪᠦᠷᠢᠮᠦᠰᠦᠨ ᠬᠢᠵᠠᠭᠠᠷᠯᠠᠬᠤ ᠱᠠᠭᠠᠷᠳᠠᠯᠭ᠎ᠠ ᠶᠢ 100% ᠪᠠᠷ ᠪᠡᠶᠡᠯᠡᠭᠦᠯᠦᠭᠰᠡᠨ ᠰᠠᠶᠢᠨ | ᠬᠢᠷᠢ ᠪᠦᠳᠦᠮᠵᠢ ᠶᠢᠨ ᠡᠭᠦᠳᠦᠭᠰᠡᠨ ᠪᠠᠶᠢᠨ᠎ᠠ᠃ | | ᠢᠷᠡᠯᠳᠡ᠄ ᠤᠯᠠᠭᠠᠨᠴᠠᠪ ᠤᠨ ᠡᠳᠦᠷ | ᠤᠨ ᠰᠤᠨᠢᠨ | ᠰᠤᠷᠪᠤᠯᠵᠢᠯᠠᠭᠴᠢ᠄ ᠷᠢᠨ᠊᠂ ᠰᠤᠳᠨᠠᠮ |