ᠪᠤᠷᠤᠭᠵᠢᠭᠤᠨ ᠦᠢᠯᠡ ᠠᠵᠢᠯᠯᠠᠭ᠎ᠠ ᠪᠠᠷ ᠢᠶᠠᠨ ᠪᠤᠳᠠᠳᠦ ᠠᠮᠵᠢᠯᠳᠠ ᠶᠢ ᠡᠬᠦᠳᠦᠨ᠎ᠠ
ᠨᠡᠶᠢᠲᠡᠯᠡᠭᠰᠡᠨ ᠴᠠᠭ᠄
2019-03-26
            ᠪᠤᠷᠤᠭᠵᠢᠭᠤᠨ ᠦᠢᠯᠡ ᠠᠵᠢᠯᠯᠠᠭ᠎ᠠ ᠪᠠᠷ ᠢᠶᠠᠨ ᠪᠤᠳᠠᠳᠦ ᠠᠮᠵᠢᠯᠳᠠ ᠶᠢ ᠡᠬᠦᠳᠦᠨ᠎ᠠ         ︵ᠲᠦᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠸᠠᠩ ᠹᠦ᠋ ᠨᠠᠶᠢᠬᠡᠮ ᠲᠤᠭᠤᠷᠢᠭ ᠤᠨ ᠱᠦᠵᠢ ᠪᠣᠣ ᠢᠦᠢ ᠶᠢᠩ ᠢ ᠰᠤᠷᠪᠤᠯᠵᠢᠯᠠᠭᠰᠠᠨ ᠨᠢ︶    ᠪᠤᠤ ᠢᠤᠢ ᠶᠢᠩ ᠱᠦᠵᠢ ᠠᠵᠢᠯᠯᠠᠭᠰᠠᠨ ᠴᠠᠭ ᠠᠴᠠ ᠪᠠᠨ ᠠᠪᠤᠭᠠᠳ ︽ᠪᠦᠬᠦ ᠰᠡᠳᠬᠢᠯ ᠪᠦᠬᠦ ᠵᠤᠷᠢᠭ ᠢᠶᠠᠷ  ᠢᠶᠠᠨ ᠰᠠᠭᠤᠭᠠᠯᠢ ᠠᠷᠠᠳ ᠲᠤ ᠦᠢᠯᠡᠴᠢᠯᠡᠨ᠎ᠡ︾ ᠭᠡᠰᠡᠨ ᠵᠤᠷᠢᠯᠳᠠ ᠶᠢ ᠢᠮᠠᠭᠳᠠ ᠪᠠᠷᠢᠮᠳᠠᠯᠠᠵᠦ᠂ ᠨᠠᠶᠢᠬᠡᠮ ᠲᠤᠭᠤᠷᠢᠭ ᠤᠨ ᠢᠶᠠᠨ ᠠᠵᠢᠯ ᠤᠨ ᠰᠢᠨ᠎ᠠ ᠠᠮᠵᠢᠯᠳᠠ ᠶᠢ ᠡᠷᠢᠯᠬᠢᠯᠡᠨ᠂ ᠦᠢᠯᠡᠰ ᠤᠨ ᠶᠡᠭᠡ ᠲᠡᠪᠴᠡᠩ ᠳᠤ ᠤᠬᠠᠭᠠᠨ ᠰᠤᠶᠢᠵᠦ᠂ ᠬᠦᠴᠦ ᠬᠦᠯᠦᠰᠦ ᠪᠠᠨ ᠬᠦᠮᠦᠨ ᠠᠷᠠᠳ ᠤᠨ ᠢᠶᠠᠨ ᠲᠦᠯᠦᠬᠡ ᠬᠠᠷᠠᠮ ᠦᠭᠡᠢ ᠵᠤᠷᠢᠭᠤᠯᠵᠦ ᠢᠷᠡᠭᠰᠡᠨ ᠶᠤᠮ᠃    ᠲᠡᠷᠡ ᠦᠷᠬᠦᠯᠵᠢ ᠠᠷᠠᠳ ᠲᠦᠮᠡᠨ ᠳᠤ ᠦᠢᠯᠡᠴᠢᠯᠡᠬᠦ ᠬᠡᠪᠡᠯ ᠠᠷᠠᠳ ᠤᠨ ᠲᠤᠮᠳᠠ ᠤᠴᠢᠬᠤ ᠬᠡᠷᠡᠭᠳᠠᠢ ᠬᠡᠳᠡᠭ ᠮᠦᠷᠳᠡᠬᠡᠨ ᠲᠡᠬᠡᠵᠦ ᠴᠦ ᠬᠢᠳᠡᠭ ᠪᠠᠶᠢᠯ᠎ᠠ᠃ ᠨᠠᠶᠢᠬᠡᠮ ᠲᠤᠭᠤᠷᠢᠭ ᠤᠨ ᠢᠶᠠᠨ ᠰᠠᠭᠤᠭᠠᠯᠢ ᠠᠷᠠᠳ ᠤᠨ ᠪᠠᠶᠢᠳᠠᠯ ᠢ ᠤᠯᠠᠮ ᠲᠤᠤᠱᠳᠠᠢ ᠤᠶᠢᠯᠠᠭᠠᠵᠦ᠂ ᠲᠠᠳᠠᠨ ᠳᠤ ᠤᠯᠠᠮ ᠨᠠᠷᠢᠯᠢᠭ ᠦᠢᠯᠡᠴᠢᠯᠡᠭᠡ ᠬᠠᠩᠭᠠᠬᠤ ᠶᠢᠨ ᠲᠤᠯᠠᠳᠠ ᠲᠡᠷᠡ ᠦᠷᠬᠦᠯᠵᠢ ᠠᠵᠢᠯ ᠳᠤ ᠭᠠᠷᠬᠤ ᠪᠠ ᠠᠵᠢᠯ ᠲᠠᠷᠬᠠᠬᠤ ᠬᠤᠭᠤᠴᠠᠭ᠎ᠠ ᠪᠠᠨ ᠠᠰᠢᠭᠯᠠᠵᠦ ᠪᠠᠶᠢᠭᠠᠳ ᠠᠶᠢᠯ ᠡᠷᠦᠬᠡ  ᠤᠳ ᠲᠤ ᠬᠦᠷᠴᠦ᠂ ᠲᠡᠳᠡᠨ ᠤ ᠰᠤᠷᠠᠭ ᠵᠠᠩᠭᠢ ᠵᠢᠴᠢ ᠪᠤᠳᠠᠳᠠᠢ ᠤᠷᠤᠰᠢᠵᠦ ᠪᠠᠶᠢᠭ᠎ᠠ ᠠᠰᠠᠭᠤᠳᠠᠯ ᠢ ᠦᠢᠯᠠᠭᠠᠨ ᠰᠢᠢᠳᠪᠦᠷᠢᠯᠡᠳᠡᠭ ᠶᠤᠮ᠃ ᠢᠩᠭᠢᠵᠦ ᠠᠮᠠᠷᠠᠵᠦ ᠰᠡᠯᠡᠬᠦᠴᠡᠬᠦ ᠴᠠᠭ ᠢᠶᠠᠨ ᠤᠮᠠᠷᠳᠠᠨ ᠰᠤᠷᠪᠤᠯᠵᠢᠯᠠᠵᠦ ᠪᠠᠶᠢᠴᠠᠭᠠᠭᠰᠠᠨ  ᠤ ᠳ᠋ᠦᠩ ᠳᠤ ᠪᠤᠤ ᠱᠦᠵᠢ ᠨᠡᠶᠢᠬᠡᠮ ᠲᠤᠭᠤᠷᠢᠭ ᠤᠨ ᠢᠶᠠᠨ ᠰᠠᠭᠤᠭᠠᠯᠢ ᠠᠷᠠᠳ ᠤᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ ᠠᠪᠴᠦ᠂ ᠠᠵᠢᠯ ᠲᠦᠷᠦᠯ ᠤᠨ ᠤᠷᠤᠭᠰᠢᠳᠠᠢ ᠶᠠᠪᠤᠭᠳᠠᠬᠤ ᠳᠤ ᠪᠠᠭ᠎ᠠ ᠪᠤᠰᠦ ᠨᠠᠮᠠᠷᠢ ᠦᠵᠡᠬᠦᠯᠦᠭᠰᠡᠨ ᠪᠠᠶᠢᠨ᠎ᠠ᠃    ᠨᠡᠶᠢᠬᠡᠮ ᠲᠤᠭᠤᠷᠢᠭ ᠲᠤ ᠠᠵᠢᠯᠯᠠᠭᠰᠠᠨ ᠠᠷᠪᠠᠭᠠᠳ ᠵᠢᠯ ᠤᠨ ᠬᠤᠭᠤᠴᠠᠭᠠᠨ ᠳᠤ ᠪᠤᠤ ᠱᠦᠵᠢ ᠤᠯᠠᠨ ᠠᠷᠪᠢᠨ ᠠᠵᠢᠯ ᠤᠨ ᠲᠤᠷᠰᠢᠯᠭ᠎ᠠ ᠬᠤᠷᠠᠮᠳᠤᠭᠤᠯᠤᠨ᠂ ᠲᠡᠨᠳᠠᠬᠢ ᠠᠷᠠᠳ ᠤᠳ ᠲᠠᠢ ᠲᠤᠳᠤᠨᠤᠰᠤᠭ ᠬᠠᠷᠢᠴᠠᠭ᠎ᠠ ᠪᠠᠶᠢᠭᠤᠯᠵᠦ᠂ ᠲᠤᠭᠳᠠᠭᠰᠠᠨ ᠬᠤᠭᠤᠴᠠᠭ᠎ᠠ ᠲᠠᠢ ᠪᠠᠷ ᠲᠦᠬᠦᠮ ᠦᠢᠯᠡᠴᠢᠯᠡᠭᠡ ᠬᠠᠩᠭᠠᠨ᠂ ᠬᠦᠳᠡᠯᠵᠦ ᠪᠠᠷᠢᠬᠤ ᠳᠤ ᠲᠦᠬᠦᠮ ᠦᠭᠡᠢ ᠨᠠᠰᠤᠳᠠᠶᠢᠴᠤᠳ ᠪᠤᠶᠤ ᠡᠪᠡᠳᠴᠢᠳᠡᠳ ᠲᠤ ᠡᠮ ᠡᠮᠨᠡᠯᠬᠡ ᠶᠢᠨ ᠲᠠᠭᠠᠳᠬᠠᠯ ᠤᠷᠤᠭᠤᠯᠤᠨ᠂ ᠲᠡᠳᠡᠨ ᠤ ᠦᠢᠯᠡᠳᠪᠦᠷᠢᠯᠡᠯ ᠠᠮᠢᠳᠤᠷᠠᠯ ᠢ ᠨᠢ ᠴᠠᠭ ᠢᠮᠠᠭᠳᠠ ᠬᠠᠯᠠᠮᠵᠢᠯᠠᠬᠤ ᠪᠠᠷ ᠦᠯᠦ ᠪᠠᠷᠠᠨ᠂ ᠨᠢᠬᠡᠨ ᠡᠮᠡᠭᠳᠠᠢ ᠺᠠᠳ᠋ᠷ ᠪᠤᠯᠤᠭᠰᠠᠨ ᠤ ᠬᠤᠪᠢ ᠳᠤ ᠠᠮᠠᠷᠠᠯᠳᠠ ᠶᠢᠨ ᠴᠠᠭ ᠢᠶᠠᠨ ᠠᠰᠢᠭᠯᠠᠨ᠂ ᠠᠵᠢᠯ ᠠᠴᠠ ᠪᠠᠨ ᠬᠠᠯᠠᠭᠳᠠᠭᠰᠠᠨ ᠡᠮᠡᠭᠳᠡᠶᠢᠴᠤᠳ ᠤᠨ ᠪᠠᠶᠢᠳᠠᠯ ᠢ  ᠰᠤᠷᠠᠵᠦ ᠦᠢᠯᠡᠭᠠᠨ᠂ ᠬᠦᠴᠢᠷᠳᠠᠯ ᠢ ᠨᠢ ᠰᠢᠢᠳᠪᠦᠷᠢᠯᠡᠨ ᠦᠭᠴᠦ᠂ ᠤᠯᠠᠨ ᠵᠢᠯ  ᠤᠨ ᠲᠤᠷᠰᠢ᠂ 600 ᠢᠯᠡᠬᠦᠦ ᠡᠮᠡᠭᠳᠠᠶᠢᠴᠤᠳ ᠲᠤ ᠠᠵᠢᠯ ᠠᠯᠳᠠᠭᠰᠠᠨ ᠲᠠᠩᠰᠠ ᠪᠦᠷᠢᠳᠬᠡᠯ ᠤᠨ ᠭᠠᠷ ᠬᠦᠢᠴᠡᠳᠬᠡᠯ ᠬᠢᠵᠦ᠂ 30 ᠢᠯᠡᠬᠦᠦ ᠬᠦᠮᠦᠨ ᠳᠤ ᠠᠵᠢᠯ ᠲᠠᠨᠢᠯᠴᠠᠭᠤᠯᠤᠨ ᠦᠭᠴᠦ᠂ 80 ᠢᠯᠡᠬᠦᠦ ᠬᠦᠮᠦᠨ ᠳᠤ ᠦᠢᠯᠡᠰ ᠪᠤᠰᠬᠠᠬᠤ ᠪᠤᠯᠪᠠᠰᠤᠷᠠᠯ ᠬᠦᠷᠳᠡᠬᠡᠵᠦ᠂ 190 ᠢᠯᠡᠬᠦᠦ ᠲᠦᠮᠡᠨ ᠲᠦᠬᠦᠷᠢᠭ ᠤᠨ ᠪᠠᠭ᠎ᠠ ᠲᠤᠭᠠᠨ ᠤ ᠵᠢᠬᠡᠯᠡᠯᠭᠡ ᠭᠤᠶᠤᠴᠢᠯᠠᠨ ᠤᠯᠵᠦ᠂ 40 ᠢᠯᠡᠬᠦᠦ ᠬᠦᠮᠦᠨ ᠤ ᠦᠢᠯᠡᠰ ᠪᠤᠰᠬᠠᠬᠤ ᠬᠦᠰᠡᠯ ᠢ ᠨᠢ ᠪᠠᠶᠠᠯᠡᠬᠦᠯᠦᠨ ᠦᠭᠴᠠᠢ᠃ ᠲᠡᠷᠡᠴᠢᠯᠡᠨ ᠰᠠᠭᠤᠭᠠᠯᠢ ᠠᠷᠠᠳ ᠤᠨ ᠭᠠᠯ ᠤᠨᠳᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠲᠡᠭᠡᠭᠰᠢᠯᠡᠬᠦᠯᠵᠦ᠂ ᠨᠡᠶᠢᠬᠡᠮ ᠲᠤᠭᠤᠷᠢᠭ ᠲᠤ ᠠᠮᠤᠷ ᠲᠤᠭᠳᠠᠭᠤᠨ᠂ ᠡᠷᠡᠬᠦᠯ ᠪᠤᠯᠪᠠᠰᠤᠨ ᠠᠮᠢᠳᠤᠷᠠᠯ ᠤᠨ ᠤᠷᠴᠢᠨ ᠠᠬᠤᠢ ᠪᠦᠷᠢᠳᠦᠬᠦᠯᠬᠦ ᠶᠢᠨ ᠲᠤᠯᠠᠳᠠ᠂ ᠪᠤᠤ ᠱᠦᠵᠢ ᠨᠠᠶᠢᠬᠡᠮ ᠲᠤᠭᠤᠷᠢᠭ ᠲᠠᠭᠠᠨ ᠭᠠᠯ ᠤᠨ ᠠᠶᠤᠯ ᠤᠨ ᠲᠤᠬᠠᠢ ᠤᠬᠠᠭᠤᠯᠭ᠎ᠠ ᠬᠢᠵᠦ᠂ ᠲᠦᠷᠪᠡᠳ ᠬᠤᠰᠢᠭᠤᠨ ᠤ ᠨᠠᠶᠢᠬᠡᠮ ᠲᠤᠭᠤᠷᠢᠭ ᠤᠨ ᠠᠩᠬᠠᠳᠠᠭᠴᠢ ᠡᠮᠡᠭᠳᠠᠶᠢᠴᠤᠳ ᠤᠨ ᠭᠠᠯ ᠤᠨᠳᠠᠷᠠᠭᠠᠬᠤ ᠠᠩᠭᠢ ᠪᠠᠶᠢᠭᠤᠯᠤᠨ᠂ ᠠᠷᠠᠳ ᠲᠦᠮᠡᠨ ᠤ ᠠᠮᠢ ᠨᠠᠰᠦ ᠡᠳ᠋ ᠬᠦᠷᠦᠩᠭᠡ ᠶᠢ ᠬᠠᠮᠠᠭᠠᠯᠠᠵᠦ ᠶᠠᠪᠤᠭᠰᠠᠨ ᠪᠠᠶᠢᠨ᠎ᠠ᠃    ᠨᠠᠶᠢᠬᠡᠮ ᠲᠤᠭᠤᠷᠢᠭ ᠤᠨ ᠠᠵᠢᠯ ᠢ ᠬᠢᠬᠡᠳ ᠠᠷᠪᠠᠨ ᠲᠦᠷᠪᠡᠨ ᠵᠢᠯ ᠤᠨ ᠨᠢᠭᠤᠷ ᠦᠵᠡᠴᠢᠬᠡᠯ᠎ᠡ᠃ ᠪᠤᠤ ᠱᠦᠵᠢ ᠦᠪᠡᠷ ᠤᠨ ᠪᠤᠳᠠᠳᠦ ᠦᠢᠯᠠ ᠠᠵᠢᠯᠯᠠᠭ᠎ᠠ ᠪᠠᠷ ᠢᠶᠠᠨ ᠬᠦᠮᠦᠰ ᠤᠨ ᠰᠡᠳᠬᠢᠯ ᠢ ᠲᠤᠯᠠᠭᠠᠴᠠᠭᠤᠯᠵᠦ᠂ ᠬᠦᠮᠦᠨ ᠠᠷᠠᠳ  ᠲᠠᠭᠠᠨ ᠲᠡᠮ ᠪᠤᠯᠵᠦ ᠶᠠᠪᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2