| — 2019 ᠤᠨ ᠤ 3 ᠰᠠᠷ᠎ᠠ ᠶᠢᠨ 5 ᠤ ᠡᠳᠦᠷ ᠤᠨ ᠲᠦᠷᠪᠡᠳ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ | ᠲᠡᠬᠡᠷ᠎ᠡ | ᠵᠤᠤ ᠯᠢ ᠭᠥᠸᠧ | ᠲᠦᠯᠦᠬᠡᠯᠡᠭᠴᠢᠳ ᠡ᠄ | ᠤᠳᠦ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠵᠦ᠂ ᠶᠡᠭᠡ ᠬᠤᠷᠠᠯ ᠳᠤ ᠠᠵᠢᠯ ᠤᠨ | ᠮᠡᠳᠡᠬᠦᠯᠦᠯᠳᠠ ᠬᠢᠶ᠎ᠠ᠂ ᠬᠢᠨᠠᠨ ᠵᠦᠪᠯᠡᠬᠦ ᠪᠤᠯᠪᠠᠤ᠂ ᠲᠡᠷᠡᠴᠢᠯᠡᠨ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ | ᠡᠯ᠎ᠡ ᠬᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠠᠨ ᠨᠦᠬᠦᠳ ᠤᠳ ᠰᠠᠨᠠᠯ ᠢᠶᠠᠨ ᠲᠤᠷᠠᠳᠬᠤ ᠪᠤᠯᠪᠠᠤ᠃ | | ᠨᠢᠬᠡ᠂ 2018 ᠤᠨ ᠤ ᠠᠵᠢᠯ ᠤᠨ ᠡᠷᠬᠢᠴᠡᠬᠦᠯᠦᠯ | ᠦᠩᠭᠡᠷᠡᠭᠰᠡᠨ ᠨᠢᠬᠡ ᠵᠢᠯ ᠳᠤ᠂ ᠪᠢᠳᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤ | ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ | ᠲᠤᠮᠳᠠᠳᠦ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ | ᠪᠠᠷᠢᠮᠳᠠᠯᠠᠨ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠬᠢᠬᠡᠳ ᠶᠡᠷᠦᠩᠭᠡᠢ ᠱᠦᠵᠢ ᠰᠢ | ᠶᠢᠨ ᠫᠢᠩ ᠶᠢᠨ ᠦᠪᠦᠷ ᠮᠤᠩᠭᠤᠯ ᠢ ᠰᠢᠨᠵᠢᠯᠠᠨ ᠪᠠᠶᠢᠴᠠᠭᠠᠬᠤ ᠦᠶᠡᠰ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ | ᠶᠢ ᠬᠦᠨᠵᠡᠬᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠦ᠂ ︽ᠲᠦᠷᠪᠡᠨ ᠤᠬᠠᠮᠰᠠᠷ︾ ᠢ ᠪᠠᠬᠢᠵᠢᠬᠦᠯᠦᠨ᠂ | ︽ᠲᠦᠷᠪᠡᠨ ᠢᠳᠡᠬᠡᠯ︾ ᠢ ᠪᠠᠳᠤᠳᠬᠠᠵᠦ᠂ ︽ᠬᠤᠶᠠᠷ ᠬᠠᠮᠠᠭᠠᠯᠠᠯᠳᠠ︾ ᠶᠢ ᠪᠠᠷᠢᠮᠳᠠᠯᠠᠨ᠂ ᠲᠤᠭᠳᠠᠭᠤᠨ ᠤ | ᠲᠤᠮᠳᠠ ᠤᠷᠤᠭᠰᠢᠯᠠᠬᠤ ᠠᠵᠢᠯ ᠤᠨ ᠶᠡᠷᠦᠩᠭᠡᠢ ᠬᠦᠭ ᠠᠶᠠᠰ ᠢ ᠴᠢᠪᠬᠠᠳᠠᠵᠦ᠂ ᠴᠢᠨᠠᠷ ᠰᠠᠶᠢᠳᠠᠢ ᠬᠦᠭᠵᠢᠯᠳᠠ ᠶᠢᠨ | ᠱᠠᠭᠠᠷᠳᠠᠯᠭ᠎ᠠ ᠶᠤᠰᠤᠭᠠᠷ᠂ ᠬᠦᠴᠢᠷ ᠪᠡᠷᠬᠡ ᠶᠢ ᠢᠯᠡᠨ᠂ ᠡᠷᠡᠯᠬᠡᠭᠯᠡᠨ ᠤᠷᠤᠭᠰᠢᠯᠠᠵᠦ᠂ ᠲᠤᠭᠳᠠᠭᠤᠨ ᠢᠶᠠᠷ ᠨᠡᠮᠡᠭᠳᠡᠬᠦ᠂ | ᠦᠬᠡᠷᠡᠴᠢᠯᠡᠯᠳᠠ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠲᠤ ᠠᠰᠢᠭ ᠬᠦᠷᠳᠡᠬᠡᠬᠦ ᠪᠠ | ᠲᠦᠭᠰᠢᠬᠦᠷᠢ ᠶᠢ ᠰᠡᠷᠬᠡᠶᠢᠯᠡᠬᠦ ᠵᠡᠷᠬᠡ ᠡᠯ᠎ᠡ ᠲᠠᠯ᠎ᠠ ᠶᠢᠨ ᠠᠵᠢᠯ ᠢ ᠪᠠᠳᠤᠳᠠᠢ ᠲᠦᠯᠬᠢᠨ ᠠᠬᠢᠭᠤᠯᠵᠦ᠂ ᠪᠦᠬᠦ | ᠬᠤᠰᠢᠭᠤᠨ ᠤ ᠠᠵᠦ ᠠᠬᠤᠢ ᠨᠡᠶᠢᠬᠡᠮ ᠢ ᠦᠷᠬᠦᠯᠵᠢᠯᠡᠨ ᠡᠷᠡᠬᠦᠯ ᠢᠶᠠᠷ ᠬᠦᠭᠵᠢᠬᠦ ᠬᠦᠭᠵᠢᠯᠳᠠ ᠶᠢᠨ ᠬᠠᠨᠳᠤᠰᠢ ᠲᠠᠢ | ᠪᠤᠯᠭᠠᠭᠰᠠᠨ ᠪᠠᠶᠢᠨ᠎ᠠ᠃ ᠪᠦᠬᠦ ᠵᠢᠯ ᠤᠨ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ 0.5% | ᠨᠡᠮᠡᠭᠳᠡᠵᠦ᠂ ᠲᠤᠭᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ 11.2% ᠨᠡᠮᠡᠭᠳᠡᠨ᠂ ᠨᠡᠶᠢᠬᠡᠮ ᠤᠨ ᠬᠡᠷᠡᠭᠯᠡᠬᠡᠨ ᠤ | ᠪᠤᠳᠠᠰ ᠢ ᠰᠢᠷᠭᠡᠭᠯᠡᠨ ᠪᠤᠷᠤᠯᠠᠭᠤᠯᠬᠤ ᠶᠡᠷᠦᠩᠭᠡᠢ ᠲᠤᠭ᠎ᠠ 7.3% ᠨᠡᠮᠡᠭᠳᠡᠵᠦ᠂ ᠡᠩ ᠤᠨ ᠤᠯᠠᠨ ᠨᠠᠶᠢᠳᠠ ᠶᠢᠨ ᠡᠳ᠋ | ᠤᠨ ᠵᠠᠰᠠᠭ ᠤᠨ ᠲᠦᠰᠦᠪ ᠤᠨ ᠤᠷᠤᠯᠭ᠎ᠠ 12.3% ᠨᠡᠮᠡᠭᠳᠡᠨ᠂ ᠬᠤᠳᠠ ᠪᠠ ᠬᠦᠳᠡᠬᠡᠨ ᠤ ᠰᠠᠭᠤᠭᠠᠯᠢ ᠠᠷᠠᠳ | ᠤᠨ ᠤᠷᠤᠯᠭ᠎ᠠ ᠲᠤᠰᠪᠤᠷᠢ 7.8%᠂ 9.4% ᠨᠡᠮᠡᠭᠳᠡᠭᠰᠡᠨ ᠪᠠᠶᠢᠨ᠎ᠠ᠃ ᠨᠢᠬᠡᠳᠦᠬᠡᠷ᠂ ᠬᠤᠶᠠᠳᠤᠭᠠᠷ᠂ | ᠭᠤᠷᠪᠠᠳᠤᠭᠠᠷ ᠠᠵᠦ ᠦᠢᠯᠡᠰ ᠤᠨ ᠪᠦᠳᠦᠴᠡ ᠶᠢᠨ ᠬᠠᠷᠢᠴᠠᠯ ᠢ 28.4᠄ 35.8᠄ 35.8 ᠪᠠᠶᠢᠭᠰᠠᠨ ᠠᠴᠠ ᠪᠠᠨ | 21.1᠄ 37.5᠄ 41.4 ᠪᠤᠯᠭᠠᠨ ᠲᠤᠬᠢᠷᠠᠭᠤᠯᠪᠠ᠃ | ︵ᠨᠢᠬᠡ︶ ᠭᠤᠷᠪᠠᠨ ᠶᠡᠭᠡ ᠰᠢᠪᠳᠤᠯᠤᠯᠳᠠ ᠶᠢᠨ ᠲᠠᠶᠢᠯᠠᠯᠳᠤᠭᠠᠨ ᠢᠯᠡᠳᠳᠠ ᠠᠮᠵᠢᠯᠳᠠ ᠤᠯᠪᠠ᠃ ᠬᠦᠨᠳᠦ | ᠶᠡᠭᠡ ᠲᠦᠭᠰᠢᠬᠦᠷᠢ ᠶᠢ ᠡᠷᠡᠰ ᠴᠢᠩᠭ᠎ᠠ ᠰᠡᠷᠬᠡᠶᠢᠯᠡᠨ ᠠᠷᠢᠯᠭᠠᠪᠠ᠃ ᠲᠦᠷᠦᠯ ᠬᠤᠪᠢᠶᠠᠨ ᠠᠷᠭ᠎ᠠ ᠬᠡᠮᠵᠢᠶ᠎ᠠ ᠠᠪᠴᠦ᠂ | ᠨᠦᠬᠡᠴᠡᠯᠡᠭᠳᠡᠵᠦ ᠪᠠᠶᠢᠭ᠎ᠠ ᠦᠷᠢ ᠰᠢᠷᠢ ᠶᠢ ᠢᠳᠡᠪᠬᠢᠳᠠᠢ ᠠᠷᠢᠯᠭᠠᠨ᠂ ᠵᠠᠰᠠᠭ ᠤᠨ ᠤᠷᠳᠤᠨ ᠤ ᠦᠷᠢ ᠦᠭᠴᠡᠭᠡ ᠶᠢ | ᠪᠦᠬᠦ ᠵᠢᠯ ᠳᠤ 6.7 ᠳ᠋ᠦᠩᠰᠢᠭᠤᠷ ᠲᠦᠬᠦᠷᠢᠭ ᠦᠬᠡᠶᠢᠰᠬᠡᠵᠦ᠂ ᠡᠬᠦᠨ ᠤ ᠲᠤᠳᠤᠷ᠎ᠠ 4.8 ᠳ᠋ᠦᠩᠰᠢᠭᠤᠷ | ᠲᠦᠬᠦᠷᠢᠭ ᠨᠢ ᠪᠠᠷᠢᠯᠭ᠎ᠠ ᠢᠨᠵᠧᠨᠧᠷᠢᠩ ᠤᠨ ᠵᠦᠢᠯ᠂ 0.4 ᠳ᠋ᠦᠩᠰᠢᠭᠤᠷ ᠲᠦᠬᠦᠷᠢᠭ ᠨᠢ ᠮᠦᠩᠭᠦᠨ ᠬᠦᠢᠯᠬᠡᠬᠡᠨ ᠤ | ᠵᠦᠢᠯ᠂ 1.5 ᠳ᠋ᠦᠩᠰᠢᠭᠤᠷ ᠲᠦᠬᠦᠷᠢᠭ ᠨᠢ ᠬᠦᠦ ᠮᠦᠩᠭᠦ ᠶᠢ ᠲᠦᠯᠦᠭᠰᠡᠨ ᠵᠦᠢᠯ ᠤᠨ ᠵᠤᠭᠤᠰ ᠪᠠᠶᠢᠵᠦ᠂ ᠪᠦᠬᠦ | ᠵᠢᠯ ᠤᠨ ᠠᠷᠢᠯᠭᠠᠨ ᠦᠬᠡᠶᠢᠰᠬᠡᠬᠦ ᠡᠬᠦᠷᠬᠡ ᠪᠠᠨ ᠲᠡᠬᠦᠰ ᠠᠮᠵᠢᠯᠳᠠ ᠲᠠᠢ ᠪᠠᠶᠠᠯᠡᠬᠦᠯᠦᠨ᠂ ᠪᠦᠬᠦ ᠬᠤᠳᠠ ᠶᠢᠨ | ᠬᠡᠪᠴᠢᠶᠠᠨ ᠳᠤ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠪᠦᠬᠦ ᠦᠷᠢᠳᠦᠭᠰᠡᠨ ᠵᠤᠭᠤᠰ ᠢ ᠬᠠᠮᠤᠭ ᠲᠡᠷᠢᠬᠦᠨ | ᠳᠤ ᠲᠦᠯᠦᠵᠦ ᠪᠠᠷᠠᠭᠰᠠᠨ ᠬᠤᠰᠢᠭᠤ ᠪᠤᠯᠪᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠢᠮᠠᠭᠳᠠ ᠪᠠᠷᠢᠮᠳᠠᠯᠠᠨ᠂ | ᠠᠯᠪᠠᠨ ᠤ ᠭᠤᠷᠪᠠᠨ ᠵᠠᠷᠤᠳᠠᠯ ᠢ ᠦᠩᠭᠡᠷᠡᠭᠰᠡᠨ ᠵᠢᠯ ᠤᠨ ᠬᠢ ᠠᠴᠠ 13.5% ᠪᠠᠭᠤᠷᠠᠭᠤᠯᠪᠠ᠃ ᠬᠠᠤᠯᠢ ᠪᠤᠰᠦ | ᠪᠠᠷ ᠬᠦᠷᠦᠩᠭᠡ ᠴᠤᠭᠯᠠᠭᠤᠯᠬᠤ᠂ ᠮᠦᠩᠭᠦᠨ ᠬᠦᠢᠯᠬᠡᠬᠡᠨ ᠤ ᠬᠠᠮᠢᠶ᠎ᠠ ᠪᠦᠬᠦᠢ ᠬᠢᠬᠠᠨ ᠮᠡᠬᠡᠯᠡᠬᠦ ᠵᠡᠷᠬᠡ ᠬᠠᠤᠯᠢ | ᠵᠦᠷᠢᠴᠡᠭᠰᠡᠨ ᠶᠠᠯᠠᠳᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠠᠷᠠᠳ ᠤᠨ ᠲᠤᠮᠳᠠᠬᠢ ᠬᠠᠤᠯᠢ ᠪᠤᠰᠦ ᠪᠠᠷ | ᠵᠢᠬᠡᠯᠡᠯᠬᠡ ᠲᠠᠯᠪᠢᠬᠤ ᠦᠵᠡᠭᠳᠡᠯ ᠢ ᠴᠢᠬᠤᠯᠠᠴᠢᠯᠠᠨ ᠠᠩᠬᠠᠷᠴᠦ᠂ ᠠᠷᠠᠳ ᠢ ᠲᠤᠰᠠᠯᠠᠬᠤ ᠦᠢᠯᠡᠴᠢᠯᠡᠬᠡᠨ ᠤ ᠰᠠᠭᠤᠷᠢ | ᠮᠦᠩᠭᠦ ᠪᠠᠶᠢᠭᠤᠯᠤᠨ᠂ ᠡᠳ᠋ ᠤᠨ ᠵᠠᠰᠠᠭ ᠤᠨ ᠨᠦᠬᠦᠪᠦᠷᠢ ᠮᠦᠩᠭᠦ ᠪᠠᠭᠠᠤᠯᠭᠠᠬᠤ ︽ᠪᠦᠷᠢᠨ ᠴᠢᠳᠠᠮᠵᠢᠳᠦ ᠺᠠᠷᠲ︾ | ᠢᠶᠠᠷ ᠪᠠᠷᠢᠴᠠᠭ᠎ᠠ ᠪᠤᠯᠭᠠᠨ ᠵᠢᠬᠡᠯᠡᠯᠬᠡ ᠠᠪᠬᠤ ᠲᠤᠷᠰᠢᠯᠳᠠ ᠶᠢᠨ ᠴᠢᠭ ᠤᠨ ᠠᠵᠢᠯ ᠢ ᠠᠬᠢᠭᠤᠯᠵᠦ᠂ ᠮᠠᠯᠴᠢᠨ | ᠲᠠᠷᠢᠶᠠᠴᠢᠳ ᠤᠨ ᠵᠢᠬᠡᠯᠡᠯᠬᠡ ᠪᠠᠨ ᠠᠷᠭᠠᠴᠠᠭᠠᠬᠤ ᠳᠤ ᠬᠦᠴᠢᠷ ᠮᠦᠷᠳᠡᠬᠡᠨ ᠦᠨᠡᠳᠠᠢ ᠪᠠᠶᠢᠳᠠᠭ ᠠᠰᠠᠭᠤᠳᠠᠯ ᠢ | ᠪᠦᠳᠦᠮᠵᠢᠳᠠᠢ ᠰᠢᠢᠳᠪᠦᠷᠢᠯᠡᠪᠠ᠃ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠠᠵᠢᠯ ᠢ ᠴᠢᠩᠭ᠎ᠠ | ᠠᠬᠢᠭᠤᠯᠪᠠ᠃ ᠵᠢᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠠᠵᠢᠯ ᠤᠨ ᠬᠠᠷᠠᠯᠳᠠ ᠶᠢᠨ | ᠲᠤᠭᠤᠷᠢᠨ ᠳᠤ᠂ ᠡᠯ᠎ᠡ ᠲᠦᠷᠦᠯ ᠤᠨ ᠴᠡᠭᠴᠡᠯᠡᠨ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠬᠦᠴᠦᠳᠠᠢ ᠠᠳᠬᠤᠵᠦ᠂ | ᠱᠠᠳᠤᠴᠢ ᠴᠢᠨᠠᠷᠳᠠᠢ ᠠᠮᠵᠢᠯᠳᠠ ᠤᠯᠪᠠ᠃ ᠪᠦᠬᠦ ᠵᠢᠯ ᠳᠤ 5 ᠳ᠋ᠦᠩᠰᠢᠭᠤᠷ ᠰᠢᠬᠠᠮ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠮᠦᠩᠭᠦ ᠵᠠᠷᠤᠴᠠᠭᠤᠯᠤᠨ᠂ ᠲᠡᠬᠡᠷ᠎ᠡ ᠵᠢᠯ ᠤᠨ ᠬᠢ ᠠᠴᠠ 27.5% | ᠨᠡᠮᠡᠭᠳᠡᠵᠦ᠂ ᠬᠤᠰᠢᠭᠤᠨ ᠤ ᠲᠠᠰ ᠤᠨ ᠡᠳ᠋ ᠤᠨ ᠵᠠᠰᠠᠭ ᠤᠨ 2824 ᠲᠦᠮᠡᠨ ᠲᠦᠬᠦᠷᠢᠭ ᠢ ᠪᠠᠭᠳᠠᠭᠠᠨ᠎ᠠ᠃ | ᠮᠠᠯᠴᠢᠨ ᠲᠠᠷᠢᠶᠠᠴᠢᠨ ᠳᠤ ᠬᠤᠯᠪᠤᠭᠳᠠᠭᠰᠠᠨ 1.38 ᠳ᠋ᠦᠩᠰᠢᠭᠤᠷ ᠲᠦᠬᠦᠷᠢᠭ ᠢ ᠨᠡᠶᠢᠳᠬᠡᠨ᠂ ᠵᠠᠬᠢᠶᠠᠯᠠᠭ᠎ᠠ ᠶᠢᠨ | ᠮᠠᠶ᠋ᠢᠭ ᠢᠶᠠᠷ ᠶᠠᠳᠠᠭᠤ ᠶᠢ ᠲᠡᠳᠬᠦᠬᠦ᠂ ᠡᠳ᠋ ᠬᠦᠷᠦᠩᠭᠡ ᠶᠢᠨ ᠴᠢᠨᠠᠷᠳᠠᠢ ᠠᠰᠢᠭ ᠤᠷᠤᠯᠭ᠎ᠠ ᠤᠯᠭᠤᠬᠤ᠂ ︽ᠡᠬᠡ ᠮᠠᠯ | ᠤᠨ ᠪᠠᠩᠭᠢ︾ ᠲᠤᠬᠢᠷᠠᠭᠤᠯᠬᠤ᠂ ᠬᠤᠪᠢᠴᠠᠭᠠᠨ ᠡᠵᠡᠩᠨᠡᠬᠦ᠂ ᠪᠤᠰᠤᠳ ᠲᠤ ᠨᠠᠶᠢᠳᠠᠨ ᠲᠡᠵᠢᠬᠡᠯᠬᠡᠬᠦ ᠵᠡᠷᠬᠡ ᠠᠷᠭ᠎ᠠ | ᠬᠡᠮᠵᠢᠶ᠎ᠠ ᠪᠠᠷ ᠲᠡᠮᠵᠢᠨ᠂ 2165 ᠡᠷᠦᠬᠡ ᠶᠢᠨ 4880 ᠬᠦᠮᠦᠨ ᠠᠮᠠ ᠶᠢ ᠶᠠᠳᠠᠭᠤ ᠠᠴᠠ ᠲᠤᠭᠳᠠᠭᠤᠨ ᠢᠶᠠᠷ | ᠠᠩᠭᠢᠵᠢᠷᠠᠭᠤᠯᠵᠦ᠂ 42 ᠭᠠᠴᠠᠭ᠎ᠠ ᠲᠤᠰᠬᠤᠨ ᠢ ᠶᠠᠳᠠᠭᠤ ᠶᠢᠨ ᠡᠩᠨᠡᠭᠡ ᠠᠴᠠ ᠨᠢ ᠭᠠᠷᠭᠠᠨ᠂ ᠶᠠᠳᠠᠭᠤ ᠶᠢᠨ | ᠨᠤᠷᠮ᠎ᠠ ᠵᠢᠯ ᠤᠨ ᠡᠬᠢᠨ ᠤ 4.85% ᠠᠴᠠ 1.47% ᠪᠤᠯᠤᠨ ᠪᠠᠭᠤᠷᠠᠪᠠ᠃ ᠡᠷᠡᠬᠦᠯ ᠮᠠᠨᠳᠦ ᠪᠤᠯᠤᠨ ᠰᠤᠷᠭᠠᠨ | ᠬᠦᠮᠦᠵᠢᠯ ᠢᠶᠠᠷ ᠶᠠᠳᠠᠭᠤ ᠶᠢ ᠲᠡᠳᠬᠦᠬᠦ ᠶᠢ ᠬᠦᠨᠵᠡᠬᠡᠢ ᠠᠬᠢᠭᠤᠯᠤᠨ᠂ ᠶᠠᠳᠠᠭᠤ ᠡᠷᠦᠬᠡ ᠶᠢᠨ ᠬᠦᠨᠳᠦ ᠡᠪᠡᠳᠴᠢᠨ | ᠬᠢᠬᠡᠳ ᠤᠳᠠᠭᠠᠨ ᠴᠢᠨᠠᠷᠳᠠᠢ ᠡᠪᠡᠳᠴᠢᠨ ᠤ ᠲᠠᠩᠰᠠᠨ ᠠᠴᠠ ᠲᠠᠶᠢᠯᠬᠤ ᠨᠤᠷᠮ᠎ᠠ ᠶᠢ 90% ᠳᠤ ᠬᠦᠷᠬᠡᠵᠦ᠂ | ᠶᠠᠳᠠᠭᠤ ᠬᠦᠴᠢᠷᠳᠠᠯᠳᠠᠢ ᠡᠷᠦᠬᠡ ᠶᠢᠨ 1439 ᠰᠤᠷᠤᠭᠴᠢ ᠳᠤ ᠲᠤᠰᠠᠯᠠᠮᠵᠢ ᠬᠦᠷᠳᠡᠬᠡᠨ᠂ 3332 ᠶᠠᠳᠠᠭᠤ | ᠬᠦᠴᠢᠷᠳᠠᠯᠳᠠᠢ ᠡᠷᠦᠬᠡ ᠶᠢ ᠨᠠᠶᠢᠬᠡᠮ ᠤᠨ ᠪᠠᠳᠤᠯᠠᠭ᠎ᠠ ᠳᠤ ᠤᠷᠤᠭᠤᠯᠪᠠ᠃ ᠪᠡᠬᠡᠵᠢᠩ ᠦᠪᠦᠷ ᠮᠤᠩᠭᠤᠯ ᠤᠨ ᠠᠵᠢᠯ | ᠲᠦᠷᠦᠯ ᠢᠶᠠᠷ ᠢᠶᠠᠨ ᠬᠠᠮᠵᠢᠯᠴᠠᠨ ᠲᠡᠳᠬᠦᠬᠦ ᠵᠢᠴᠢ ᠲᠦᠪ ᠤᠨ ᠠᠵᠦ ᠠᠬᠤᠶᠢᠯᠠᠯ ᠭᠠᠵᠠᠷ ᠲᠤᠭᠳᠠᠭᠠᠨ ᠬᠠᠮᠵᠢᠯᠴᠠᠨ | ᠲᠡᠳᠬᠦᠬᠦ ᠠᠵᠢᠯ ᠢ ᠲᠠᠰᠤᠷᠠᠯᠳᠠ ᠦᠭᠡᠢ ᠬᠦᠨᠵᠡᠭᠡᠶᠢᠷᠡᠬᠦᠯᠵᠦ᠂ ᠪᠡᠬᠡᠵᠢᠩ ᠬᠤᠳᠠ ᠪᠤᠯᠤᠨ ᠰᠢᠨ᠎ᠠ ᠰᠢᠩ ᠵᠢᠢ | ᠬᠤᠸᠠ ᠪᠦᠯᠦᠭᠯᠡᠯ ᠲᠤᠰᠪᠤᠷᠢ 3723 ᠲᠦᠮᠡᠨ ᠲᠦᠬᠦᠷᠢᠭ᠂ 856.8 ᠲᠦᠮᠡᠨ ᠲᠦᠬᠦᠷᠢᠭ ᠤᠨ ᠪᠠᠯᠠ | ᠤᠷᠤᠭᠤᠯᠤᠨ᠂ ᠰᠤᠷᠭᠠᠨ ᠬᠦᠮᠦᠵᠢᠯ᠂ ᠡᠮ ᠡᠮᠴᠢᠯᠡᠭᠡ ᠡᠷᠡᠬᠦᠯ ᠬᠠᠮᠠᠭᠠᠯᠠᠯ ᠵᠡᠷᠬᠡ 12 ᠭᠤᠤᠯᠳᠠᠯᠭ᠎ᠠ ᠲᠠᠢ ᠲᠦᠷᠦᠯ | ᠵᠦᠢᠯ ᠢ ᠬᠡᠷᠡᠭᠵᠢᠬᠦᠯᠵᠦ᠂ ᠨᠡᠶᠢᠬᠡᠮ ᠤᠨ ᠰᠠᠶᠢᠨ ᠦᠷ᠎ᠡ ᠠᠰᠢᠭ ᠢ ᠤᠯᠤᠭᠰᠠᠨ ᠪᠠᠶᠢᠨ᠎ᠠ᠃ ᠪᠤᠬᠢᠷᠳᠤᠯ ᠢ ᠰᠡᠷᠬᠡᠶᠢᠯᠡᠨ | ᠵᠠᠰᠠᠬᠤ ᠠᠵᠢᠯ ᠢ ᠬᠦᠴᠦᠳᠠᠢ ᠠᠳᠬᠤᠪᠠ᠃ ᠲᠦᠪ ᠤᠨ ᠤᠷᠴᠢᠨ ᠲᠤᠭᠤᠷᠢᠨ ᠤ ᠲᠤᠭᠤᠷᠢᠨ ᠪᠠᠶᠢᠴᠠᠭᠠᠬᠤ | ᠲᠤᠭᠤᠶᠢᠯᠠᠩ ᠤᠨ ᠴᠡᠭᠴᠡᠯᠡᠨ ᠵᠠᠰᠠᠬᠤ ᠡᠬᠦᠷᠬᠡ ᠶᠢ ᠪᠠᠳᠦ ᠴᠢᠩᠭ᠎ᠠ ᠨᠠᠶᠢᠳᠠᠪᠤᠷᠢᠵᠢᠭᠤᠯᠵᠦ᠂ ᠤᠢ ᠰᠢᠭᠤᠢ ᠡᠪᠡᠰᠦ | ᠪᠠᠯᠴᠢᠬᠡᠷ ᠢ ᠲᠡᠳᠡᠪᠤᠷᠢᠯᠠᠨ ᠡᠵᠡᠯᠡᠬᠦ᠂ ᠨᠡᠬᠦᠷᠡᠰᠦ ᠦᠪᠡᠰᠦᠪᠡᠨ ᠠᠰᠠᠬᠤ᠂ ᠤᠰᠤᠨ ᠰᠤᠷᠪᠤᠯᠵᠢ ᠲᠡᠬᠡᠷ᠎ᠡ ᠬᠠᠤᠯᠢ | ᠪᠤᠰᠦ ᠪᠠᠷ ᠪᠠᠷᠢᠯᠭ᠎ᠠ ᠪᠠᠷᠢᠬᠤ᠂ ᠬᠠᠳᠠᠭᠤ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠵᠡᠷᠬᠡ ᠤᠯᠠᠨ ᠲᠦᠮᠡᠨ ᠤ ᠲᠤᠰᠬᠠᠯ | ᠴᠢᠩᠭ᠎ᠠ ᠠᠰᠠᠭᠤᠳᠠᠯ ᠢ ᠪᠦᠳᠦᠮᠵᠢᠳᠠᠢ ᠴᠡᠭᠴᠡᠯᠡᠪᠡ᠃ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠭᠰᠠᠨ | ᠦᠷ᠎ᠡ ᠪᠦᠳᠦᠮᠵᠢ ᠢᠯᠡᠷᠬᠡᠢ ᠪᠠᠶᠢᠵᠦ᠂ ᠴᠠᠭ ᠪᠦᠷᠢ 10 ᠲᠤᠨ ︵ᠪᠤᠶᠤ ᠲᠡᠬᠦᠨ ᠠᠴᠠ ᠲᠤᠷᠤᠭᠰᠢ︶ ᠤᠰᠦ | ᠠᠭᠤᠷᠰᠢᠭᠤᠯᠳᠠᠭ ᠨᠡᠬᠦᠷᠡᠰᠦ ᠰᠢᠳᠠᠭᠠᠬᠤ ᠵᠤᠤᠬᠠᠨ ᠤ 25 ᠶᠢ ᠨᠢ ᠰᠢᠭᠰᠢᠨ ᠲᠠᠶᠠᠭᠳᠠᠵᠦ᠂ ᠲᠤᠯᠠᠭᠠᠯᠠᠭ᠎ᠠ ᠶᠢᠨ | ᠠᠵᠦ ᠠᠬᠤᠶᠢᠯᠠᠯ ᠤᠨ ᠬᠦᠬᠦᠷ ᠦᠬᠡᠶᠢᠵᠢᠬᠦᠯᠦᠨ ᠲᠤᠭᠤᠰᠦ ᠠᠷᠢᠯᠭᠠᠬᠤ ᠲᠦᠬᠦᠬᠡᠷᠦᠮᠵᠢ ᠤᠳ ᠢ ᠤᠷᠤᠭᠰᠢᠳᠠᠢ ᠪᠠᠷ | ᠬᠡᠷᠡᠭᠯᠡᠬᠡᠨ ᠳᠤ ᠤᠷᠤᠭᠤᠯᠪᠠ᠃ ᠠᠮᠢ ᠠᠬᠤᠢ ᠶᠢᠨ ᠬᠢᠵᠠᠭᠠᠷ ᠱᠤᠭᠤᠮ ᠢ ᠲᠤᠭᠳᠠᠭᠠᠬᠤ ᠠᠵᠢᠯ ᠦᠨᠳᠦᠰᠦᠨ ᠳᠡᠭᠡᠨ | ᠲᠠᠭᠤᠰᠴᠦ᠂ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠤᠬᠢᠷᠳᠤᠯ ᠤᠨ ᠢᠷᠡᠯᠳᠠ ᠶᠢ ᠪᠠᠶᠢᠴᠠᠭᠠᠬᠤ ᠪᠤᠯᠤᠨ ︽ | ᠭᠤᠤᠯ ᠮᠦᠷᠡᠨ ᠤ ᠠᠬᠠᠯᠠᠭᠴᠢ ᠶᠢᠨ ᠲᠦᠷᠢᠮ︾ ᠤᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ | ︵ᠬᠤᠶᠠᠷ︶ ᠬᠤᠳᠠ ᠬᠦᠳᠡᠬᠡᠨ ᠤ ᠰᠠᠭᠤᠷᠢ ᠲᠦᠬᠦᠬᠡᠷᠦᠮᠵᠢ ᠶᠢ ᠲᠠᠰᠤᠷᠠᠯᠳᠠ ᠦᠭᠡᠢ ᠲᠡᠬᠦᠯᠳᠡᠷᠵᠢᠬᠦᠯᠪᠠ᠃ | ᠬᠤᠳᠠ ᠪᠠᠯᠭᠠᠰᠤᠨ ᠤ ᠲᠠᠯ᠎ᠠ ᠪᠠᠷ᠄ ᠤᠯᠠᠨ ᠲᠦᠮᠡᠨ ᠤ ᠠᠩᠬᠠᠷᠴᠦ ᠪᠠᠶᠢᠭ᠎ᠠ ᠬᠠᠯᠠᠮᠰᠢᠯ᠂ ᠬᠦᠴᠢᠷᠳᠠᠯ ᠠᠰᠠᠭᠤᠳᠠᠯ | ᠲᠤ ᠲᠦᠪᠯᠡᠷᠡᠬᠦᠯᠦᠨ᠂ ᠡᠯ᠎ᠡ ᠵᠦᠢᠯ ᠤᠨ ᠬᠤᠭᠤᠯᠠᠢ ᠲᠤᠤᠷ ᠢ 26.7 ᠺᠢᠯᠤᠮᠧᠲᠷ ᠪᠠᠶᠢᠭᠤᠯᠤᠨ ᠵᠠᠰᠠᠵᠦ᠂ ᠪᠤᠵᠠᠷ | ᠤᠰᠦ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠲᠡᠬᠡᠭᠰᠢᠯᠡᠬᠦᠯᠦᠨ ᠦᠬᠡᠷᠡᠴᠢᠯᠡᠬᠦ᠂ ᠤᠰᠤᠨ ᠤ ᠡᠬᠢ | ᠪᠠᠶᠠᠯᠢᠭ ᠢ ᠠᠰᠢᠭᠯᠠᠨ ᠲᠡᠭᠡᠭᠰᠢᠯᠡᠬᠦᠯᠬᠦ᠂ ᠵᠠᠬᠡᠯᠢ ᠭᠤᠳᠤᠮᠵᠢ ᠵᠠᠮ ᠬᠠᠷᠢᠯᠴᠠᠭ᠎ᠠ ᠶᠢ ᠵᠠᠰᠠᠨ ᠰᠢᠨᠡᠳᠬᠡᠬᠦ ᠵᠡᠷᠬᠡ | ᠲᠦᠷᠦᠯ ᠵᠦᠢᠯ ᠤᠳ ᠢ ᠡᠮᠬᠢ ᠲᠢᠭᠯᠢᠮ ᠲᠠᠢ ᠶᠠᠪᠤᠭᠳᠠᠭᠤᠯᠪᠠ᠃ ᠬᠤᠳᠠ ᠪᠠᠯᠭᠠᠰᠦ ᠶᠢ ᠨᠤᠭᠤᠭᠠᠷᠠᠭᠤᠯᠵᠦ | ᠬᠠᠮᠢᠶᠠᠷᠬᠤ ᠬᠢᠷᠢ ᠲᠦᠪᠰᠢᠨ ᠮᠡᠳᠡᠭᠳᠡᠮ᠎ᠡ ᠲᠡᠭᠡᠭᠰᠢᠯᠠᠨ᠂ ᠬᠤᠭ ᠨᠤᠪᠰᠢ ᠪᠤᠯᠤᠨ ᠪᠤᠵᠠᠷ ᠤᠰᠦ ᠶᠢ ᠴᠤᠭᠯᠠᠭᠤᠯᠤᠨ | ᠰᠢᠢᠳᠪᠦᠷᠢᠯᠡᠬᠦ ᠨᠤᠷᠮ᠎ᠠ ᠲᠤᠰᠪᠤᠷᠢ 80%᠂ 82% ᠬᠦᠷᠴᠦ᠂ ᠲᠦᠪᠯᠡᠷᠡᠬᠦᠯᠦᠨ ᠢᠯᠴᠢ ᠬᠠᠩᠭᠠᠬᠤ ᠨᠤᠷᠮ᠎ᠠ | 73% ᠳᠤ ᠬᠦᠷᠦᠭᠰᠡᠨ ᠪᠠᠶᠢᠨ᠎ᠠ᠃ ᠲᠦᠯᠦᠪᠵᠢᠬᠦᠯᠦᠨ ᠬᠠᠮᠢᠶᠠᠷᠬᠤ ᠠᠵᠢᠯ ᠤᠷᠤᠭᠰᠢᠳᠠᠢ ᠶᠠᠪᠤᠭᠳᠠᠵᠦ᠂ | ᠤᠯᠠᠭᠠᠨᠬᠤᠸᠠ ᠪᠠᠯᠭᠠᠰᠤᠨ ᠤ ᠬᠠᠭᠤᠴᠢᠨ ᠲᠤᠭᠤᠷᠢᠭ ᠤᠨ ᠬᠢᠵᠠᠭᠠᠷᠯᠠᠯ ᠤᠨ ᠴᠢᠨᠠᠷᠳᠠᠢ ᠨᠠᠷᠢᠨ ᠲᠦᠯᠦᠪᠵᠢᠬᠦᠯᠬᠡ ᠶᠢ | ᠨᠠᠶᠢᠷᠠᠭᠤᠯᠤᠨ ᠭᠠᠷᠭᠠᠪᠠ᠃ ᠮᠠᠯᠵᠢᠬᠤ ᠲᠠᠷᠢᠶᠠᠯᠠᠬᠤ ᠤᠷᠤᠨ ᠤ ᠲᠠᠯ᠎ᠠ ᠪᠠᠷ᠄ 4.6 ᠳ᠋ᠦᠩᠰᠢᠭᠤᠷ ᠲᠦᠬᠦᠷᠢᠭ ᠤᠨ | ᠪᠠᠯᠠ ᠤᠷᠤᠭᠤᠯᠵᠦ᠂ ᠨᠤᠷᠠᠬᠤ ᠠᠶᠤᠯᠳᠠᠢ ᠬᠡᠷ ᠪᠠᠶᠢᠰᠢᠩ ᠢ ᠰᠢᠨᠡᠴᠢᠯᠡᠨ ᠵᠠᠰᠠᠬᠤ᠂ ᠤᠰᠦ ᠤᠮᠳᠠ ᠶᠢᠨ ᠠᠮᠤᠷ | ᠲᠦᠪᠰᠢᠨ ᠢ ᠪᠠᠳᠤᠯᠠᠬᠤ᠂ ᠵᠠᠮ ᠬᠠᠷᠢᠯᠴᠠᠭ᠎ᠠ ᠶᠢ ᠵᠠᠰᠠᠨ ᠰᠢᠨᠡᠳᠬᠡᠬᠦ ᠵᠢᠴᠢ ᠴᠠᠬᠢᠯᠭᠠᠨ ᠲᠤᠤᠷ ᠢ ᠦᠬᠡᠷᠡᠴᠢᠯᠡᠨ | ᠰᠠᠶᠢᠵᠢᠷᠠᠭᠤᠯᠬᠤ ᠵᠡᠷᠬᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠬᠦᠯᠦᠨ᠂ | 4771 ᠡᠷᠦᠬᠡ ᠶᠢᠨ ᠬᠡᠷ ᠪᠠᠶᠢᠰᠢᠩ ᠢ ᠨᠢ ᠰᠢᠨᠡᠴᠢᠯᠡᠨ ᠵᠠᠰᠠᠵᠦ᠂ 3325 ᠢᠵᠢ ᠤᠰᠤ ᠬᠠᠳᠠᠭᠠᠯᠠᠬᠤ ᠵᠤᠭᠤᠷᠢ | ᠪᠠᠶᠢᠭᠤᠯᠤᠨ᠂ 258 ᠺᠢᠯᠤᠮᠧᠲᠷ ᠵᠠᠰᠠᠮᠠᠯ ᠵᠠᠮ ᠰᠢᠨ᠎ᠠ ᠪᠠᠷ ᠲᠡᠪᠢᠰᠴᠦ᠂ 110 ᠺᠢᠯᠤᠸᠤᠯᠲ ᠤᠨ ᠴᠠᠬᠢᠯᠭᠠᠨ | ᠬᠤᠪᠢᠰᠬᠠᠭᠤᠷ ᠤᠨ ᠦᠷᠳᠡᠭᠡ 1 ᠰᠠᠤᠷᠢ᠂ 35 ᠺᠢᠯᠤᠸᠤᠯᠲ ᠤᠨ ᠬᠢ 2 ᠰᠠᠤᠷᠢ ᠲᠤᠰ ᠲᠤᠰ ᠰᠢᠨ᠎ᠠ ᠪᠠᠷ | ᠪᠠᠶᠢᠭᠤᠯᠤᠨ᠂ 110 ᠺᠢᠯᠤᠸᠤᠯᠲ ᠠᠴᠠ ᠲᠤᠷᠤᠭᠰᠢ ᠴᠠᠬᠢᠯᠭᠠᠨ ᠲᠤᠤᠷ 1447.2 ᠺᠢᠯᠤᠮᠧᠲᠷ ᠪᠠᠶᠢᠭᠤᠯᠤᠨ | ᠲᠠᠭᠤᠰᠬᠠᠵᠦ᠂ ᠬᠢᠯᠢ ᠬᠢᠵᠠᠭᠠᠷ ᠤᠷᠤᠨ ᠤ ᠴᠠᠬᠢᠯᠭᠠᠨ ᠲᠤᠤᠷ ᠢ ᠲᠡᠰ ᠲᠡᠪᠰᠢᠬᠦᠯᠦᠨ ᠰᠢᠯᠢᠳᠡᠭᠵᠢᠬᠦᠯᠬᠦ᠂ ᠶᠠᠳᠠᠭᠤ | ᠬᠦᠴᠢᠷᠳᠠᠯᠳᠠᠢ ᠲᠤᠰᠬᠤᠨ ᠳᠤ ᠴᠠᠬᠢᠯᠭᠠᠨ ᠨᠡᠪᠳᠡᠷᠡᠬᠦᠯᠬᠦ ᠪᠠ ᠶᠠᠳᠠᠭᠤ ᠰᠢᠯᠳᠠᠭᠠᠨ ᠠᠴᠠ ᠤᠨᠳᠦᠤ ᠭᠠᠵᠠᠷ | ᠰᠢᠯᠵᠢᠭᠰᠡᠨ ᠡᠷᠦᠬᠡ ᠳᠤ ᠴᠠᠬᠢᠯᠭᠠᠨ ᠨᠡᠪᠳᠡᠷᠡᠬᠦᠯᠬᠦ ᠵᠡᠷᠬᠡ ᠲᠦᠷᠦᠯ ᠵᠦᠢᠯ ᠢᠶᠠᠷ ᠨᠠᠶᠢᠳᠠ 4078 ᠡᠷᠦᠬᠡ ᠶᠢ | ᠬᠠᠮᠤᠷᠤᠨ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠢᠯᠡᠳᠳᠠ ᠰᠠᠶᠢᠵᠢᠷᠠᠭᠤᠯᠪᠠ᠃ | ︵ᠭᠤᠷᠪᠠ︶ ᠠᠵᠦ ᠤᠶᠢᠯᠡᠰ ᠤᠨ ᠪᠦᠳᠦᠴᠡ ᠶᠢ ᠲᠠᠰᠤᠷᠠᠯᠳᠠ ᠦᠭᠡᠢ ᠰᠢᠯᠢᠳᠡᠭᠵᠢᠬᠦᠯᠪᠠ᠃ ᠲᠠᠷᠢᠶᠠᠯᠠᠩ ᠤᠨ | ᠦᠢᠯᠡᠰ ᠤᠨ ᠬᠦᠭᠵᠢᠯᠳᠠ ᠶᠢ ᠬᠦᠳᠡᠭᠡ ᠲᠤᠰᠬᠤᠨ ᠢ ᠬᠦᠴᠦᠷᠬᠡᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ | ᠪᠠᠷ ᠵᠢᠯᠤᠭᠤᠳᠤᠭᠤᠯᠤᠨ᠂ ︽ᠲᠠᠷᠢᠵᠦ ᠲᠡᠵᠢᠬᠡᠬᠦ ᠶᠢ ᠤᠶᠠᠯᠳᠤᠭᠤᠯᠤᠨ᠂ ᠲᠠᠷᠢᠬᠤ ᠪᠠᠷ ᠲᠡᠵᠢᠬᠡᠬᠦ ᠶᠢ ᠠᠬᠢᠭᠤᠯᠬᠤ︾ | ᠬᠦᠭᠵᠢᠯᠳᠠ ᠶᠢᠨ ᠰᠡᠳᠬᠢᠴᠡ ᠶᠢ ᠪᠠᠷᠢᠮᠳᠠᠯᠠᠵᠦ᠂ ᠦᠪᠡᠷᠮᠢᠴᠡ ᠤᠨᠴᠠᠯᠢᠭ ᠲᠠᠢ ᠲᠠᠪᠠᠭᠤᠯᠢᠭ ᠠᠵᠦ ᠤᠶᠢᠯᠠᠰ ᠢ | ᠤᠯᠠᠨ ᠡᠰᠢᠵᠢᠬᠦᠯᠦᠯᠳᠠ ᠶᠢᠨ ᠬᠠᠨᠳᠤᠰᠢ ᠲᠠᠢ ᠬᠦᠭᠵᠢᠬᠦᠯᠪᠠ᠃ ᠲᠠᠷᠢᠶᠠᠯᠠᠩ ᠤᠨ ᠦᠢᠯᠡᠰ ᠢ ᠲᠦᠮᠦᠰᠦ ᠪᠠᠷ | ᠭᠤᠤᠯᠯᠠᠵᠦ᠂ ᠨᠠᠷᠠᠨ ᠬᠤᠸᠠᠷ᠂ ᠪᠤᠭᠤᠳᠠᠢ᠂ ᠡᠪᠡᠰᠦ ᠪᠤᠷᠳᠤᠭ᠎ᠠ᠂ ᠲᠤᠰᠤᠨ ᠲᠠᠷᠢᠮᠠᠯ᠂ ᠬᠤᠯᠦ᠂ ᠡᠪᠡᠰᠦᠨ ᠡᠮ | ᠵᠡᠷᠬᠡ ᠪᠠᠷ ᠲᠠᠭᠠᠯᠳᠤᠭᠤᠯᠤᠯ ᠪᠤᠯᠭᠠᠭᠰᠠᠨ ᠲᠠᠷᠢᠮᠠᠯ ᠤᠨ ᠪᠦᠳᠦᠴᠠ ᠢ ᠠᠭᠠᠵᠢᠮ ᠢᠶᠠᠷ ᠪᠦᠷᠢᠯᠳᠦᠬᠦᠯᠪᠠ᠃ ᠪᠦᠬᠦ | ᠬᠤᠰᠢᠭᠤᠨ ᠤ ᠲᠠᠷᠢᠮᠠᠯ ᠤᠨ ᠲᠠᠯᠠᠪᠠᠢ 157 ᠲᠦᠮᠡᠨ ᠮᠤ᠋ ᠳᠤ ᠬᠦᠷᠴᠦ᠂ ᠡᠬᠦᠨ ᠤ ᠲᠤᠳᠤᠷ᠎ᠠ ᠲᠦᠮᠦᠰᠦᠨ ᠤ | ᠲᠠᠯᠠᠪᠠᠢ 43.8 ᠲᠦᠮᠡᠨ ᠮᠤ᠋᠂ ᠪᠤᠭᠤᠳᠠᠢ᠂ ᠡᠪᠡᠰᠦ ᠪᠤᠷᠳᠤᠭ᠎ᠠ ᠵᠡᠷᠬᠡ ᠡᠬᠡᠯᠵᠢᠯᠡᠨ ᠲᠠᠷᠢᠬᠤ ᠲᠠᠯᠠᠪᠠᠢ 40 ᠲᠦᠮᠡᠨ | ᠮᠤ᠋ ᠪᠠᠶᠢᠵᠦ᠂ ᠠᠮᠤ ᠪᠤᠳᠠᠭᠠᠨ ᠤ ᠤᠨᠠᠯᠳᠠ 4.15 ᠳ᠋ᠦᠩᠰᠢᠭᠤᠷ ᠵᠢᠩ ᠬᠦᠷᠦᠭᠰᠡᠨ ᠪᠠᠶᠢᠨ᠎ᠠ᠃ ᠮᠠᠯᠵᠢᠯ ᠤᠨ | ᠦᠢᠯᠡᠰ ᠨᠢ ᠡᠬᠦᠯᠳᠡᠷ ᠢ ᠰᠠᠶᠢᠵᠢᠷᠠᠭᠤᠯᠬᠤ᠂ ᠴᠦᠬᠡᠨ ᠲᠠᠵᠢᠬᠡᠵᠦ ᠨᠠᠷᠢᠯᠢᠭ ᠲᠠᠵᠢᠬᠡᠬᠦ᠂ ᠤᠷᠤᠯᠭ᠎ᠠ ᠶᠢ | ᠨᠡᠮᠡᠭᠳᠡᠬᠦᠯᠦᠨ ᠴᠢᠨᠡᠬᠡᠯᠢᠭᠵᠢᠬᠦ ᠵᠡᠷᠬᠡ ᠪᠠᠷ ᠬᠠᠷᠠᠯᠳᠠ ᠪᠠᠨ ᠪᠤᠯᠭᠠᠵᠦ᠂ ︽ᠬᠦᠳᠦᠴᠢ ᠠᠵᠦ ᠠᠬᠤᠶᠢᠯᠠᠯ + | ᠰᠢᠨᠵᠢᠯᠡᠭᠡ ᠮᠡᠷᠭᠡᠵᠢᠯ ᠤᠨ ᠦᠢᠯᠡᠴᠢᠯᠡᠬᠡᠨ ᠤ ᠦᠷᠳᠡᠭᠡ + ᠶᠠᠳᠠᠭᠤ ᠬᠦᠴᠢᠷᠳᠠᠯᠳᠠᠢ ᠡᠷᠦᠬᠡ︾ ᠬᠡᠮᠡᠬᠦ | ᠬᠠᠮᠳᠤᠷᠠᠯᠴᠠᠭᠠᠨ ᠤ ᠬᠡᠯᠪᠡᠷᠢ ᠳᠤ ᠲᠦᠰᠢᠭᠯᠡᠨ᠂ ᠲᠡᠵᠢᠬᠡᠨ ᠦᠷᠡᠵᠢᠬᠦᠯᠬᠦ ᠦᠢᠯᠡᠰ ᠢ ᠦᠨᠳᠦᠷ ᠴᠢᠨᠠᠷ ᠴᠢᠨᠰᠠᠭ᠎ᠠ | ᠲᠠᠢ᠂ ᠦᠨᠳᠦᠷ ᠦᠷ᠎ᠡ ᠠᠰᠢᠭ ᠲᠠᠢ ᠪᠠᠷ ᠬᠦᠭᠵᠢᠬᠦᠯᠵᠦ᠂ ᠳ᠋ᠦ᠋ ᠮᠧᠩ ᠬᠤᠨᠢ ᠪᠠᠷ ᠭᠤᠤᠯᠯᠠᠭᠰᠠᠨ᠂ ᠦᠬᠡᠷ᠂ | ᠡᠯᠵᠢᠬᠡ᠂ ᠲᠠᠬᠢᠶ᠎ᠠ ᠵᠡᠷᠬᠡ ᠶᠢ ᠲᠡᠵᠢᠬᠡᠬᠦ ᠪᠠᠷ ᠲᠠᠭᠠᠯᠳᠤᠭᠤᠯᠤᠭᠰᠠᠨ ᠤᠯᠠᠨ ᠡᠰᠢᠵᠢᠬᠦᠯᠦᠯᠳᠠ ᠶᠢᠨ ᠬᠦᠭᠵᠢᠯᠳᠠ ᠶᠢᠨ | ᠪᠦᠳᠦᠴᠡ ᠶᠢ ᠪᠦᠷᠢᠯᠳᠦᠬᠦᠯᠪᠠ᠃ ᠪᠦᠬᠦ ᠵᠢᠯ ᠳᠤ ᠪᠤᠭ ᠮᠠᠯ ᠤᠨ ᠭᠠᠷᠭᠠᠯᠳᠠ ᠶᠢᠨ ᠲᠤᠭ᠎ᠠ 132 ᠲᠦᠮᠡᠨ | ᠲᠤᠯᠤᠭᠠᠢ ᠳᠤ ᠬᠦᠷᠴᠦ ᠂ 30 ᠲᠦᠮᠡᠨ ᠳ᠋ᠦ᠋ ᠮᠧᠩ ᠬᠤᠨᠢᠨ ᠤ ᠡᠬᠦᠯᠳᠡᠷ ᠢ ᠰᠠᠶᠢᠵᠢᠷᠠᠭᠤᠯᠪᠠ᠃ ᠢᠳᠡᠰᠢᠨ | ᠬᠤᠨᠢᠨ ᠤ ᠰᠢᠨᠵᠢᠯᠡᠭᠡ ᠮᠠᠷᠬᠡᠵᠢᠯ ᠤᠨ ᠦᠢᠯᠡᠴᠢᠯᠡᠬᠡᠨ ᠤ ᠦᠷᠳᠡᠭᠡ 9 ᠶᠢ ᠪᠠᠶᠢᠭᠤᠯᠵᠦ᠂ 3925 ᠡᠷᠦᠬᠡ ᠶᠢᠨ | ᠮᠠᠯᠴᠢᠨ ᠲᠠᠷᠢᠶᠠᠴᠢᠨ ᠤ ᠤᠷᠤᠯᠭ᠎ᠠ ᠶᠢ ᠨᠢ ᠦᠷᠬᠦᠯᠵᠢᠯᠡᠨ ᠨᠡᠮᠡᠭᠳᠡᠬᠦᠯᠪᠠ᠃ ᠤᠯᠠᠨ ᠵᠢᠯ ᠤᠨ ᠲᠡᠵᠢᠬᠡᠨ | ᠪᠤᠶᠢᠵᠢᠭᠤᠯᠬᠤ ᠪᠠᠷ ᠲᠠᠮᠵᠢᠨ᠂ ᠳ᠋ᠦ᠋ ᠮᠧᠩ ᠬᠤᠨᠢ᠂ ᠭᠤᠪᠢ ᠶᠢᠨ ᠬᠤᠨᠢ᠂ ᠦᠷ᠎ᠡ ᠶᠢᠨ ᠲᠦᠮᠦᠰᠦ᠂ ᠨᠠᠷᠠᠨ ᠬᠤᠸᠠᠷ | ᠶᠢᠨ ᠦᠷ᠎ᠡ ᠵᠡᠷᠬᠡ ᠪᠠᠷ ᠭᠤᠤᠯᠯᠠᠭᠰᠠᠨ ᠦᠪᠡᠷᠮᠢᠴᠠ ᠤᠨᠴᠠᠯᠢᠭ ᠲᠠᠢ ᠮᠠᠯ ᠲᠠᠷᠢᠶᠠᠯᠠᠩ ᠤᠨ ᠪᠦᠳᠦᠭᠡᠭᠳᠡᠬᠦᠨ ᠤ ᠵᠠᠬ᠎ᠠ | ᠲᠡᠯᠬᠡᠬᠦᠷ ᠤᠨ ᠦᠷᠢᠰᠦᠯᠳᠦᠬᠦ ᠬᠦᠴᠦᠨ ᠨᠢ ᠲᠠᠰᠤᠷᠠᠯᠳᠠ ᠦᠭᠡᠢ ᠨᠡᠮᠡᠭᠳᠡᠵᠦ᠂ ᠵᠦᠩ ᠵᠢᠶᠠ᠂ ᠰᠠᠶᠢᠨᠤ᠂ | ᠦᠨᠳᠦᠰᠦᠳᠡᠨ ᠤ ᠠᠷᠠᠯᠵᠢᠶ᠎ᠠ᠂ ᠵᠢᠩ ᠰᠢᠨ ᠵᠡᠷᠬᠡ ᠠᠵᠦ ᠠᠬᠤᠶᠢᠯᠠᠯ ᠤᠨ ᠬᠦᠭᠵᠢᠯᠳᠠ ᠶᠢᠨ ᠰᠠᠶᠢᠨ ᠰᠠᠶᠢᠬᠠᠨ | ᠬᠠᠨᠳᠤᠰᠢ ᠨᠢ ᠮᠠᠯ ᠲᠠᠷᠢᠶᠠᠯᠠᠩ ᠤᠨ ᠠᠵᠦ ᠦᠢᠯᠡᠰᠵᠢᠯᠳᠠ ᠶᠢᠨ ᠬᠦᠭᠵᠢᠯᠳᠠ ᠳᠤ ᠲᠠᠭᠠᠭᠤᠯᠤᠭᠴᠢ ᠦᠢᠯᠡᠳᠦᠯ | ᠦᠵᠡᠬᠦᠯᠦᠨ᠂ ︽ᠲᠦᠷᠪᠡᠳ ᠭᠤᠪᠢ ᠶᠢᠨ ᠬᠤᠨᠢ︾ ᠠᠩᠬᠠᠳᠠᠭᠴᠢ ᠤᠳᠠᠭ᠎ᠠ ᠲᠤᠮᠳᠠᠳᠦ ᠤᠯᠤᠰ ᠤᠨ ᠨᠡᠷᠡᠳᠦ | ᠲᠠᠮᠳᠡᠭᠳᠦ ᠦᠷᠳᠡᠭ ᠤᠨ ᠦᠨᠡᠯᠡᠯᠳᠠ ᠳᠤ ᠤᠷᠤᠪᠠ᠃ ︽ᠲᠤᠳᠢ ᠶᠢᠨ ᠢᠵᠠᠭᠤᠷᠳᠠᠨ︾ ᠲᠡᠮᠳᠡᠭᠳᠦ ᠨᠠᠷᠠᠨ ᠬᠤᠸᠠᠷ | ᠤᠨ ᠦᠷ᠎ᠡ ᠨᠢ ᠲᠦᠷᠺ᠂ ᠯᠧᠪᠠᠨᠤᠨ ᠵᠡᠷᠬᠡ ᠤᠯᠤᠰ ᠤᠷᠤᠨ ᠢᠶᠠᠷ ᠪᠤᠷᠤᠯᠠᠭᠤᠯᠤᠭᠳᠠᠵᠦ᠂ ᠵᠥᠩ ᠵᠢᠶᠠ ᠺᠤᠮᠫᠠᠨᠢ ᠶᠢᠨ | ᠪᠠᠶ᠎ᠠ ᠪᠠᠨ ᠲᠠᠭᠠᠭᠠᠨ ᠰᠤᠳᠤᠯᠤᠨ ᠭᠠᠷᠭᠠᠭᠰᠠᠨ ᠦᠨ᠎ᠠ ᠬᠠᠩᠰᠢ ᠪᠠ ᠴᠢᠨᠠᠷ ᠴᠢᠨᠰᠠᠭ᠎ᠠ ᠶᠢᠨ ᠲᠠᠯ᠎ᠠ ᠪᠠᠷ ᠴᠦᠮ | ᠲᠤᠬᠢᠷᠠᠭᠰᠠᠨ ᠲᠦᠮᠦᠰᠤᠨ ᠦᠷ᠎ᠡ ᠨᠢ ᠵᠠᠬ᠎ᠠ ᠲᠡᠯᠬᠡᠬᠦᠷ ᠲᠡᠭᠡᠷ᠎ᠡ ᠰᠠᠶᠢᠨ ᠦᠨᠡᠯᠡᠯᠳᠠ ᠶᠢ ᠤᠯᠪᠠ᠃ ᠪᠦᠬᠦ ᠬᠤᠳᠠ | ᠶᠢᠨ ︽ᠲᠤᠮᠳᠠᠳᠦ ᠤᠯᠤᠰ ᠤᠨ ᠠᠩᠬᠠᠳᠠᠭᠴᠢ ᠬᠤᠭᠤᠴᠠᠭᠠᠨ ᠤ ᠲᠠᠷᠢᠶᠠᠴᠢᠳ ᠤᠨ ᠡᠯᠪᠡᠭ ᠬᠤᠷᠢᠶᠠᠯᠳᠠ ᠶᠢᠨ ᠨᠠᠶᠢᠷ | ︾᠂ ᠶᠠᠳᠠᠭᠤ ᠬᠦᠴᠢᠷᠳᠠᠯᠳᠠᠢ ᠬᠤᠰᠢᠭᠤ ᠰᠢᠶᠠᠨ ᠤ ᠲᠠᠷᠢᠶᠠᠯᠠᠩ ᠤᠨ ᠪᠦᠳᠦᠭᠡᠭᠳᠡᠬᠦᠨ ᠢ ᠪᠡᠬᠡᠵᠢᠩ ᠬᠤᠳᠠ ᠳᠤ | ᠪᠤᠷᠤᠯᠠᠭᠤᠯᠬᠤ ᠵᠤᠯᠭᠠᠭᠤᠯᠳᠠ ᠶᠢᠨ ᠬᠤᠷᠠᠯ ᠵᠢᠴᠢ ᠪᠦᠬᠦ ᠬᠤᠰᠢᠭᠤᠨ ᠤ ᠠᠩᠬᠠᠳᠠᠭᠴᠢ ᠬᠤᠭᠤᠴᠠᠭᠠᠨ ᠤ ᠮᠠᠯ | ᠲᠠᠷᠢᠶᠠᠯᠠᠩ ᠤᠨ ᠦᠢᠯᠡᠰ ᠤᠨ ᠰᠢᠨᠵᠢᠯᠡᠭᠡ ᠮᠡᠷᠬᠡᠵᠢᠯ ᠤᠨ ᠴᠤᠭᠯᠠᠭᠠᠨ ᠢ ᠠᠮᠵᠢᠯᠳᠠᠲᠠᠢ ᠡᠷᠬᠢᠯᠡᠵᠦ᠂ ︽ᠲᠤᠮᠳᠠᠳᠦ | ᠤᠷᠤᠰ ᠮᠤᠩᠭᠤᠯ ᠤᠨ ᠤᠯᠠᠨ ᠤᠯᠤᠰ ᠤᠨ ᠦᠵᠡᠰᠬᠦᠯᠠᠩ︾᠂ ︽ᠲᠤᠮᠳᠠᠳᠦ ᠤᠯᠤᠰ ᠤᠨ ᠭᠠᠳᠠᠭᠠᠳᠦ | ᠤᠷᠤᠭᠤᠯᠤᠯᠳᠠ ᠶᠢᠨ ᠦᠵᠡᠰᠬᠦᠯᠠᠩ︾᠂ ︽ᠲᠤᠮᠳᠠᠳᠦ ᠤᠷᠤᠰ ᠮᠤᠩᠭᠤᠯ ᠤᠨ ᠦᠪᠡᠷᠮᠢᠴᠠ ᠤᠨᠴᠠᠯᠢᠭ ᠲᠠᠢ ᠲᠠᠸᠠᠷ | ᠤᠨ ᠦᠵᠡᠰᠬᠦᠯᠠᠩ︾᠂ ︽ᠤᠯᠠᠭᠠᠨᠴᠠᠪ ᠬᠤᠳᠠ ᠶᠢᠨ ᠲᠦᠮᠦᠰᠦᠨ ᠤ ᠦᠵᠡᠬᠦᠯᠦᠬᠡ︾ ᠵᠡᠷᠬᠡ ᠤᠯᠤᠰ ᠤᠨ | ᠲᠤᠳᠤᠭᠠᠳᠦ ᠭᠠᠳᠠᠭᠠᠳᠦ ᠶᠢᠨ 20 ᠢᠯᠡᠬᠦᠦ ᠤᠳᠠᠭᠠᠨ ᠤ ᠡᠯ᠎ᠡ ᠵᠦᠢᠯ ᠤᠨ ᠦᠵᠡᠬᠦᠯᠦᠯᠬᠡ ᠬᠤᠷᠠᠯ ᠢᠶᠠᠷ ᠲᠠᠮᠵᠢᠨ᠂ | ᠮᠠᠨ ᠤ ᠬᠤᠰᠢᠭᠤᠨ ᠤ ᠪᠠᠨ ᠮᠡᠯ ᠲᠠᠷᠢᠶᠠᠯᠠᠩ ᠤᠨ ᠪᠦᠳᠦᠭᠡᠭᠳᠡᠬᠦᠨ ᠤ ᠠᠯᠳᠠᠷ ᠨᠠᠷᠠ ᠶᠢ ᠶᠡᠬᠡᠪᠡᠷ ᠲᠡᠭᠡᠭᠰᠢᠯᠡᠬᠦᠯᠦᠨ᠂ | ᠪᠤᠷᠤᠭᠤᠯᠤᠯᠳᠠ ᠶᠢᠨ ᠠᠷᠭ᠎ᠠ ᠵᠠᠮ ᠢ ᠤᠯᠠᠮ ᠨᠢᠬᠡ ᠠᠯᠬᠤᠮ ᠦᠷᠬᠡᠳᠬᠡᠪᠡ᠃ ᠠᠵᠦ ᠦᠢᠯᠡᠳᠪᠦᠷᠢ ᠶᠢᠨ ᠪᠦᠳᠦᠴᠡ | ᠶᠢᠨ ᠲᠤᠬᠢᠷᠠᠭᠤᠯᠤᠯᠳᠠ ᠰᠢᠨ᠎ᠠ ᠠᠮᠵᠢᠯᠳᠠ ᠶᠢ ᠤᠯᠵᠦ᠂ ᠴᠡᠪᠠᠷ ᠡᠨᠧᠷᠬᠢ ᠪᠠᠷ ᠭᠤᠤᠯᠯᠠᠨ᠂ ᠮᠠᠯ ᠲᠠᠷᠢᠶᠠᠯᠠᠩ ᠤᠨ | ᠪᠦᠳᠦᠭᠡᠭᠳᠡᠬᠦᠨ ᠢ ᠪᠤᠯᠪᠠᠰᠤᠷᠠᠭᠤᠯᠬᠤ᠂ ᠠᠭᠤᠷᠬᠠᠢ ᠶᠢᠨ ᠪᠤᠳᠠᠰ ᠢ ᠠᠰᠢᠭᠯᠠᠨ ᠪᠤᠯᠪᠠᠰᠤᠷᠠᠭᠤᠯᠬᠤ ᠵᠡᠷᠬᠡ ᠠᠵᠦ | ᠦᠢᠯᠡᠰ ᠢᠶᠠᠷ ᠲᠠᠭᠠᠯᠳᠤᠭᠤᠯᠤᠭᠰᠠᠨ ᠰᠢᠨ᠎ᠠ ᠮᠠᠶ᠋ᠢᠭ ᠤᠨ ᠠᠵᠦ ᠦᠢᠯᠡᠰ ᠤᠨ ᠪᠦᠳᠦᠴᠡ ᠶᠢ ᠠᠩᠬ᠎ᠠ ᠠᠯᠬᠤᠮ | ᠪᠦᠷᠢᠯᠳᠦᠬᠦᠯᠪᠠ᠃ ᠪᠦᠬᠦ ᠬᠤᠰᠢᠭᠤᠨ ᠤ ᠬᠡᠪᠴᠢᠶᠠᠵᠢᠯ ᠠᠴᠠ ᠲᠡᠭᠡᠭᠰᠢᠬᠢ 21 ᠠᠵᠦ ᠦᠢᠯᠡᠳᠪᠦᠷᠢ 22.3 | ᠳ᠋ᠦᠩᠰᠢᠭᠤᠷ ᠲᠦᠬᠦᠷᠢᠭ ᠤᠨ ᠦᠢᠯᠡᠳᠬᠦᠨ ᠤ ᠦᠷᠳᠡᠭ ᠢ ᠪᠠᠶᠠᠯᠡᠬᠦᠯᠵᠦ᠂ ᠰᠠᠯᠬᠢᠨ ᠬᠦᠴᠦᠨ ᠤ ᠴᠠᠬᠢᠯᠭᠠᠨ ᠬᠢᠬᠡᠳ | ᠬᠡᠷᠡᠯ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ 108 ᠲᠦᠮᠡᠨ ᠺᠢᠯᠤᠸᠤᠯᠲ ᠲᠤ ᠬᠦᠷᠪᠡ᠃ 425 | ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠤᠭᠰᠠᠨ ᠪᠦᠬᠦ ᠲᠡᠯᠡᠬᠡᠢ ᠶᠢᠨ ᠬᠡᠪᠴᠢᠶ᠎ᠠ ᠪᠠᠷ ᠬᠠᠮᠤᠭ ᠲᠤᠮᠦ 600 | ᠲᠦᠮᠡᠨ ᠺᠢᠯᠤᠸᠤᠯᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠦᠷᠦᠯ ᠵᠦᠢᠯ ᠲᠠᠰ ᠲᠠᠷᠠᠭᠠᠯᠠᠯ ᠢᠶᠠᠷ | ᠤᠷᠤᠭᠰᠢᠳᠠᠢ ᠶᠠᠪᠤᠭᠳᠠᠵᠦ ᠪᠤᠢ᠃ ᠶᠥᠩ ᠾᠧ ᠹᠯᠤᠷᠳᠦ ᠬᠢᠮᠢ ᠶᠢᠨ ᠦᠢᠯᠡᠳᠪᠦᠷᠢ ᠶᠢᠨ ᠬᠤᠶᠠᠳᠤᠭᠠᠷ | ᠬᠤᠭᠤᠴᠠᠭᠠᠨ ᠤ ᠲᠦᠷᠦᠯ ᠵᠦᠢᠯ ᠳᠤ 8 ᠳ᠋ᠦᠩᠰᠢᠭᠤᠷ ᠲᠦᠬᠦᠷᠢᠭ ᠤᠨ ᠪᠠᠯᠠ ᠤᠷᠤᠭᠤᠯᠵᠦ᠂ ᠬᠤᠶᠠᠷ ᠹᠯᠤᠷᠳᠦ | ᠡᠲ᠋ᠠᠨ ︵C2H4F2︶᠂ ᠭᠤᠷᠪᠠ ᠹᠠᠯᠤᠷᠳᠦ ᠡᠲ᠋ᠠᠨ ︵C2H3CI3︶ ᠵᠡᠷᠬᠡ ᠦᠢᠯᠡᠳᠬᠦᠨ ᠢ ᠠᠯᠬᠤᠮ | ᠲᠠᠷᠠᠭᠠᠯᠠᠨ ᠠᠰᠢᠭᠯᠠᠯᠳᠠ ᠳᠤ ᠤᠷᠤᠭᠤᠯᠪᠠ᠃ ᠬᠠᠰᠢᠶᠠᠳᠦ ᠶᠢᠨ ᠠᠵᠦ ᠦᠢᠯᠡᠳᠪᠦᠷᠢ ᠶᠢᠨ ᠲᠤᠭᠤᠷᠢᠭ ᠤᠨ ᠰᠠᠭᠤᠷᠢ | ᠲᠦᠬᠦᠬᠡᠷᠦᠮᠵᠢ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ ᠬᠦᠩᠭᠡᠨ ᠠᠵᠦ ᠦᠢᠯᠡᠳᠪᠦᠷᠢ ᠶᠢᠨ ᠲᠤᠭᠤᠷᠢᠭ ᠢ | ᠲᠦᠯᠦᠪᠵᠢᠬᠦᠯᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠦᠷᠨᠢᠬᠦᠯᠦᠨ᠂ ᠲᠤᠭᠤᠷᠢᠭ ᠢ ᠠᠵᠦ ᠦᠢᠯᠡᠰᠵᠢᠬᠦᠯᠦᠨ | ᠲᠦᠪᠯᠡᠷᠡᠬᠦᠯᠦᠭᠰᠡᠨ ᠨᠦᠯᠦᠬᠡᠯᠡᠯ ᠠᠩᠬ᠎ᠠ ᠠᠯᠬᠤᠮ ᠢᠯᠡᠷᠡᠪᠠ᠃ ᠭᠤᠷᠪᠠᠳᠤᠭᠠᠷ ᠠᠵᠦ ᠦᠢᠯᠡᠰ ᠤᠨ ᠬᠦᠭᠵᠢᠯᠳᠠ ᠨᠢ | ᠵᠢᠭᠤᠯᠴᠢᠯᠠᠯ ᠤᠨ ᠦᠢᠯᠡᠰ ᠢ ᠬᠦᠭᠵᠢᠬᠦᠯᠬᠦ᠂ ᠲᠠᠸᠠᠷ ᠤᠨ ᠬᠦᠢᠯᠬᠡᠬᠡᠨ ᠤ ᠦᠢᠯᠡᠰ ᠢ ᠠᠮᠢᠯᠢᠭᠵᠢᠭᠤᠯᠬᠤ ᠪᠠ | ᠮᠦᠩᠭᠦᠨ ᠬᠦᠢᠯᠬᠡᠬᠡᠨ ᠤ ᠦᠢᠯᠡᠰ ᠢ ᠬᠦᠴᠦᠷᠬᠡᠭᠵᠢᠬᠦᠯᠬᠦ ᠪᠠᠷ ᠭᠠᠷᠳᠠᠴᠠ ᠪᠤᠯᠭᠠᠨ᠂ ᠤᠳᠤᠬᠢᠴᠢᠯᠠᠭᠰᠠᠨ | ᠦᠢᠯᠡᠴᠢᠯᠡᠬᠡᠨ ᠤ ᠦᠢᠯᠡᠰ ᠢ ᠪᠦᠬᠦ ᠲᠠᠯ᠎ᠠ ᠪᠠᠷ ᠲᠠᠰ ᠲᠡᠪᠰᠢᠬᠦᠯᠪᠠ᠃ ᠵᠢᠭᠤᠯᠴᠢᠯᠠᠯ ᠤᠨ ᠦᠢᠯᠡᠰ ᠨᠢ ᠬᠡᠬᠡᠨᠳᠠᠯ᠎ᠠ | ᠵᠢᠭᠤᠯᠴᠢᠯᠠᠯ ᠤᠨ ᠤᠷᠤᠨ ᠪᠠ ᠬᠤᠩᠭᠤᠷ ᠤᠨ ᠤᠨᠴᠠᠯᠢᠭᠳᠦ ᠬᠦᠳᠡᠭᠡ ᠠᠶᠢᠯ ᠢᠶᠠᠷ ᠭᠤᠤᠯᠳᠠᠯᠭ᠎ᠠ ᠪᠤᠯᠭᠠᠨ᠂ ᠲᠠᠯ᠎ᠠ | ᠨᠤᠳᠤᠭ ᠤᠨ ᠤᠨᠴᠠᠯᠢᠭᠳᠦ ᠦᠵᠡᠮᠵᠢ᠂ ᠱᠠᠰᠢᠨ ᠰᠤᠷᠳᠠᠬᠤᠨ ᠰᠤᠶᠤᠯ ᠤᠨ ᠦᠢᠯᠡᠭᠠᠯᠳᠠ᠂ ᠠᠬᠤᠢ ᠵᠢᠷᠤᠭ ᠤᠨ | ᠤᠷᠠᠯᠢᠭ ᠤᠨ ᠪᠦᠳᠦᠬᠡᠯ᠂ ᠤᠯᠠᠮᠵᠢᠯᠠᠯᠳᠦ ᠢᠳᠡᠬᠡᠨ ᠤᠮᠳᠠᠭᠠᠨ ᠵᠡᠷᠬᠡ ᠶᠢ ᠲᠦᠪᠯᠡᠷᠡᠬᠦᠯᠦᠭᠰᠡᠨ ᠵᠠᠮ ᠱᠤᠭᠤᠮ ᠢ | ᠪᠦᠷᠢᠯᠳᠦᠬᠦᠯᠪᠠ᠃ ᠮᠠᠯᠴᠢᠨ ᠠᠶᠢᠯ ᠤᠨ ᠵᠤᠭᠠᠯᠠᠯ ᠤᠨ ᠡᠵᠡᠩᠨᠡᠯᠳᠠ ᠶᠢᠨ ᠴᠢᠳᠠᠪᠤᠷᠢ ᠪᠤᠯᠤᠨ ᠦᠢᠯᠡᠴᠢᠯᠡᠬᠡᠨ ᠤ | ᠴᠢᠳᠠᠪᠤᠷᠢ ᠵᠢᠯ ᠲᠠᠷᠠᠭᠠᠯᠠᠨ ᠲᠡᠭᠡᠭᠰᠢᠯᠡᠵᠦ᠂ ︽ᠬᠤᠪᠢᠯᠭᠠᠨ ᠵᠠᠪᠢ ᠶᠢᠨ ᠲᠠᠭᠤᠯᠠᠯ — ᠲᠠᠯ᠎ᠠ ᠨᠤᠳᠤᠭ ᠤᠨ | ᠶᠡᠷᠦᠩᠭᠡᠶᠢᠯᠡᠭᠰᠡᠨ ᠴᠤᠭᠴᠠ︾ ᠶᠢᠨ ᠲᠦᠷᠦᠯ ᠵᠦᠢᠯ ᠢ ᠲᠤᠭᠳᠠᠭᠤᠨ ᠢᠶᠠᠷ ᠠᠬᠢᠭᠤᠯᠤᠨ᠂ ᠤᠯᠤᠰ ᠤᠨ ᠭᠠᠵᠠᠷ | ᠰᠢᠨᠵᠢᠯᠡᠬᠡᠨ ᠤ ᠴᠡᠴᠡᠷᠯᠢᠭ ᠰᠢᠯᠭᠠᠨ ᠦᠨᠡᠯᠡᠯᠳᠠ ᠶᠢ ᠦᠩᠭᠡᠷᠡᠬᠡᠵᠦ᠂ ᠬᠤᠩᠭᠤᠷ ᠤᠨ ᠤᠨᠴᠠᠯᠢᠭᠳᠦ ᠬᠦᠳᠡᠭᠡ ᠠᠶᠢᠯ | ᠨᠢ ᠦᠪᠡᠷᠳᠡᠬᠡᠨ ᠵᠠᠰᠠᠬᠤ ᠤᠷᠤᠨ ᠤ ᠲᠡᠰ ᠤᠨ ᠲᠡᠤᠬᠡ ᠰᠤᠶᠤᠯ ᠤᠨ ᠵᠠᠬᠡᠯᠢ ᠪᠠᠷ ᠦᠨᠡᠯᠡᠭᠳᠡᠪᠠ᠃ ᠦᠪᠡᠷᠳᠡᠬᠡᠨ | ᠵᠠᠰᠠᠬᠤ ᠤᠷᠤᠨ ᠤ ᠬᠤᠷᠢᠨ ᠨᠠᠢᠮᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ᠂ ᠠᠮᠳᠠᠳᠦ ᠢᠳᠡᠬᠡᠨ ᠤ | ᠨᠠᠶᠢᠷ᠂ ᠲᠠᠯ᠎ᠠ ᠨᠤᠳᠤᠭ ᠤᠨ ᠲᠠᠭᠤᠤ ᠬᠦᠭᠵᠢᠮ ᠤᠨ ᠨᠠᠶᠢᠷ ᠪᠤᠯᠤᠨ ᠰᠡᠬᠡᠬᠡᠳᠡᠳ ᠤᠨ ᠬᠦᠳᠡᠭᠡ ᠪᠠᠭᠤᠭᠰᠠᠨ | ᠲᠠᠪᠢᠨ ᠵᠢᠯ ᠤᠨ ᠤᠢ ᠶᠢᠨ ᠠᠶᠢᠯᠴᠢᠯᠠᠯᠳᠠ ᠵᠡᠷᠬᠡ ᠲᠤᠮᠦ ᠬᠦᠳᠡᠯᠬᠡᠬᠡᠨ ᠤᠳ ᠢ ᠠᠮᠵᠢᠯᠳᠠᠳᠠᠢ ᠡᠷᠬᠢᠯᠡᠵᠦ᠂ ᠮᠠᠨ ᠤ | ᠬᠤᠰᠢᠭᠤᠨ ᠤ ᠨᠠᠷᠠ ᠠᠯᠳᠠᠷ ᠪᠠ ᠨᠦᠯᠦᠬᠡ ᠶᠢ ᠲᠠᠰᠤᠷᠠᠯᠳᠠ ᠦᠭᠡᠢ ᠦᠷᠬᠡᠳᠬᠡᠨ᠂ ᠵᠢᠭᠤᠯᠴᠢᠯᠠᠭᠰᠠᠳ ᠤᠨ ᠲᠤᠭ᠎ᠠ | ᠶᠡᠭᠡ ᠪᠠᠷ ᠨᠡᠮᠡᠭᠳᠡᠵᠦ᠂ ᠪᠦᠬᠦ ᠵᠢᠯ ᠳᠤ ᠤᠯᠤᠰ ᠤᠨ ᠲᠤᠳᠤᠭᠠᠳᠦ ᠭᠠᠳᠠᠭᠠᠳᠦ ᠶᠢᠨ ᠵᠢᠭᠤᠯᠴᠢᠯᠠᠭᠰᠠᠳ ᠤᠨ ᠲᠤᠭ᠎ᠠ | 55 ᠲᠦᠮᠡᠨ ᠬᠦᠮᠦᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠶᠡᠷᠦᠩᠭᠡᠢ ᠤᠷᠤᠯᠭ᠎ᠠ 3.5 ᠳ᠋ᠦᠩᠰᠢᠭᠤᠷ | ᠲᠦᠬᠦᠷᠢᠭ ᠲᠤ ᠬᠦᠷᠴᠠᠢ᠃ ᠲᠠᠸᠠᠷ ᠤᠨ ᠠᠷᠠᠯᠵᠢᠶᠠᠨ ᠤ ᠬᠦᠢᠯᠬᠡᠬᠡ ᠶᠢ ᠲᠦᠷᠬᠡᠳᠬᠡᠨ ᠬᠦᠭᠵᠢᠬᠦᠯᠵᠦ᠂ ᠭᠥᠸᠧ | ᠲᠦᠩ ᠡᠳ᠋ ᠪᠠᠷᠠᠭᠠᠨ ᠤ ᠬᠦᠢᠯᠬᠡᠬᠡᠨ ᠤ ᠲᠤᠭᠤᠷᠢᠭ ᠪᠠᠷᠢᠯᠭ᠎ᠠ ᠪᠠᠨ ᠰᠡᠷᠬᠦᠬᠡᠨ ᠡᠬᠢᠯᠡᠬᠦᠯᠵᠦ᠂ ᠶᠡᠷᠦᠩᠭᠡᠢ ᠪᠠᠷᠢᠯᠭ᠎ᠠ | ᠶᠢᠨ ᠬᠡᠮᠵᠢᠶᠠᠨ ᠤ ᠪᠠᠨ 73% ᠶᠢ ᠪᠠᠶᠠᠯᠡᠬᠦᠯᠪᠠ᠃ 12 ᠲᠦᠷᠬᠡᠨ ᠭᠤᠪᠢᠭᠤᠯᠭ᠎ᠠ ᠶᠢᠨ ᠠᠵᠦ ᠠᠬᠤᠶᠢᠯᠠᠯ ᠲᠠᠢ | ᠪᠤᠯᠵᠦ᠂ 15 ᠲᠦᠮᠡᠨ ᠵᠦᠢᠯ ᠤᠨ ᠲᠤᠬᠠᠶᠢᠯᠠᠭᠰᠠᠨ ᠠᠵᠢᠯ ᠢ ᠪᠠᠶᠠᠯᠠᠬᠦᠯᠦᠨ᠂ 123 ᠲᠦᠮᠡᠨ ᠰᠢᠷᠬᠡᠭ ᠡᠳ᠋ | ᠪᠠᠷᠠᠭ᠎ᠠ ᠶᠢ ᠬᠦᠷᠬᠡᠵᠦ᠂ ᠪᠦᠬᠦ ᠬᠤᠳᠠᠨ ᠳᠠᠭᠠᠨ ᠲᠦᠷᠪᠡᠳᠦᠬᠡᠷ ᠲᠤ ᠵᠢᠭᠰᠠᠭᠠᠭᠳᠠᠭᠰᠠᠨ ᠪᠠᠶᠢᠨ᠎ᠠ᠃ ᠤᠯᠤᠰ ᠤᠨ | ᠡᠯᠧᠺᠲᠷᠤᠨ ᠬᠤᠳᠠᠯᠳᠤᠭ᠎ᠠ ᠶᠢ ᠬᠦᠳᠡᠭᠡ ᠲᠤᠰᠬᠤᠨ ᠳᠤ ᠤᠷᠤᠭᠤᠯᠤᠭᠰᠠᠨ ᠶᠡᠷᠦᠩᠭᠡᠶᠢᠯᠡᠭᠰᠡᠨ ᠵᠢᠱᠢᠶᠠᠴᠢ ᠬᠤᠰᠢᠭᠤ | ᠪᠠᠶᠢᠭᠤᠯᠬᠤ ᠲᠦᠷᠦᠯ ᠵᠦᠢᠯ ᠢ ᠠᠮᠵᠢᠯᠳᠠᠳᠠᠢ ᠤᠯᠵᠦ᠂ ᠪᠦᠬᠦ ᠬᠤᠰᠢᠭᠤᠨ ᠤ ᠡᠯᠧᠺᠲᠷᠤᠨ ᠬᠤᠳᠠᠯᠳᠤᠭᠠᠨ ᠤ | ᠬᠦᠭᠵᠢᠯᠳᠠ ᠳᠤ ᠰᠢᠨ᠎ᠠ ᠠᠮᠢᠵᠢᠷᠠᠯ ᠤᠨ ᠬᠦᠴᠦᠨ ᠢ ᠨᠠᠮᠠᠷᠢᠯᠠᠪᠠ᠃ ᠲᠤᠬᠠᠢ ᠶᠢᠨ ᠭᠠᠵᠠᠷ ᠤᠨ ᠰᠦᠯᠵᠢᠶᠠᠨ | ᠲᠡᠬᠡᠷᠡᠬᠢ ︽ᠮᠠᠨ ᠤ ᠲᠦᠷᠪᠡᠳ︾ ᠬᠡᠬᠦ ᠲᠡᠪᠴᠡᠩ ᠤᠨ ᠪᠤᠷᠤᠯᠠᠭᠤᠯᠤᠯᠳᠠ ᠶᠢᠨ ᠲᠤᠭ᠎ᠠ ᠬᠤᠷᠠᠮᠳᠤᠭᠤᠯᠤᠭᠰᠠᠨ ᠢᠶᠠᠷ | 4000 ᠲᠦᠮᠡᠨ ᠲᠦᠬᠦᠷᠢᠭ ᠬᠦᠷᠴᠦ᠂ ᠵᠢᠱᠢᠶ᠎ᠠ ᠦᠵᠡᠬᠦᠯᠦᠨ ᠲᠠᠭᠠᠭᠤᠯᠬᠤ ᠴᠢᠳᠠᠮᠵᠢ ᠮᠡᠳᠡᠭᠳᠡᠮ᠎ᠡ ᠲᠡᠭᠡᠭᠰᠢᠯᠡᠪᠠ᠃ | ᠮᠦᠩᠭᠦᠨ ᠬᠦᠢᠯᠬᠡᠬᠡᠨ ᠤ ᠦᠢᠯᠡᠰ ᠤᠨ ᠪᠢᠴᠢᠯ ᠪᠠᠭ᠎ᠠ ᠠᠵᠦ ᠠᠬᠤᠶᠢᠯᠠᠯ ᠪᠤᠯᠤᠨ ᠮᠠᠯᠵᠢᠯ ᠲᠠᠷᠢᠶᠠᠯᠠᠩ ᠤᠨ | ᠬᠦᠭᠵᠢᠯᠳᠠ ᠳᠤ ᠲᠡᠮᠵᠢᠭᠰᠡᠨ ᠦᠷ᠎ᠡ ᠪᠦᠳᠦᠮᠵᠢ ᠢᠯᠡᠷᠬᠡᠢ ᠪᠠᠶᠢᠵᠦ᠂ ᠪᠦᠬᠦ ᠵᠢᠯ ᠳᠤ 49.33 ᠳ᠋ᠦᠩᠰᠢᠭᠤᠷ | ᠲᠦᠬᠦᠷᠢᠭ ᠤᠨ ᠵᠢᠬᠡᠯᠡᠯᠬᠡ ᠲᠠᠷᠬᠠᠭᠠᠪᠠ᠃ ᠤᠯᠤᠰ ᠤᠨ ᠪᠠᠷᠢᠴᠠᠭᠠᠨ ᠤ ᠪᠠᠶᠢᠭᠤᠯᠤᠮᠵᠢ ᠶᠢᠨ ᠪᠠᠳᠠᠷᠠᠭᠤᠯᠤᠭᠰᠠᠨ | ᠦᠢᠯᠡᠳᠦᠯ ᠢᠯᠡᠷᠬᠡᠢ ᠪᠠᠶᠢᠵᠦ᠂ ᠦᠪᠡᠷᠳᠡᠬᠡᠨ ᠵᠠᠰᠠᠬᠤ ᠤᠷᠤᠨ ᠤ ︽ᠬᠤᠰᠢᠭᠤ ᠰᠢᠶᠠᠨ ᠤ ᠬᠡᠪᠴᠢᠶᠠᠨ ᠳᠠᠬᠢ | ᠠᠷᠠᠳ ᠠᠴᠠ ᠡᠵᠡᠩᠨᠡᠭᠰᠡᠨ ᠠᠵᠦ ᠠᠬᠤᠢ ᠶᠢ ᠲᠡᠮᠵᠢᠵᠦ ᠮᠦᠩᠭᠦᠨ ᠬᠦᠢᠯᠬᠡᠬᠡᠨ ᠤ ᠪᠦᠳᠦᠭᠡᠭᠳᠡᠬᠦᠨ ᠢ | ᠬᠦᠭᠵᠢᠬᠦᠯᠦᠭᠰᠡᠨ ᠲᠤᠪᠤᠶᠢᠮ᠎ᠠ ᠬᠤᠪᠢ ᠨᠠᠮᠡᠷᠢ ᠶᠢᠨ ᠱᠠᠩᠨᠠᠯ︾ ᠢ ᠬᠦᠷᠳᠡᠪᠠ᠃ | ︵ᠲᠦᠷᠪᠡ︶ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠲᠠᠰᠤᠷᠠᠯᠳᠠ ᠦᠭᠡᠢ ᠴᠢᠩᠭᠠᠳᠬᠠᠪᠠ᠃ ᠠᠷᠠᠳ | ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠠ ᠶᠢᠨ ᠰᠡᠳᠬᠢᠴᠡ ᠶᠢ ᠪᠠᠷᠢᠮᠳᠠᠯᠠᠨ᠂ ᠠᠷᠠᠳ ᠤᠨ ᠠᠮᠢᠳᠤᠷᠠᠯ ᠤᠨ | ᠢᠨᠵᠧᠨᠧᠷᠢᠩ ᠢ ᠪᠦᠬᠦ ᠬᠦᠴᠦᠨ ᠢᠶᠠᠷ ᠬᠡᠷᠡᠭᠵᠢᠬᠦᠯᠵᠦ᠂ ᠠᠷᠠᠳ ᠲᠦᠮᠡᠨ ᠤ ᠬᠦᠷᠳᠡᠬᠡᠮᠵᠢᠳᠦ ᠰᠡᠳᠬᠢᠯᠬᠡ ᠪᠠ ᠵᠤᠯ | ᠵᠢᠷᠭᠠᠯᠳᠦ ᠰᠡᠳᠬᠢᠯᠬᠡ ᠶᠢ ᠲᠠᠰᠤᠷᠠᠯᠳᠠ ᠦᠭᠡᠢ ᠨᠡᠮᠡᠭᠳᠡᠬᠦᠯᠪᠠ᠃ ᠠᠷᠠᠳ ᠤᠨ ᠠᠮᠢᠳᠤᠷᠠᠯ ᠤᠨ ᠢᠨᠵᠧᠨᠧᠷᠢᠩ ᠤᠨ | ᠵᠠᠷᠤᠯᠭ᠎ᠠ ᠨᠢ ᠡᠳ᠋ ᠤᠨ ᠵᠠᠰᠠᠭ ᠤᠨ ᠶᠡᠷᠦᠩᠭᠡᠢ ᠵᠠᠷᠤᠯᠭ᠎ᠠ ᠶᠢᠨ 84.7% ᠶᠢ ᠡᠵᠡᠯᠡᠨ᠂ ᠨᠠᠰᠤᠵᠢᠯ ᠤᠨ ᠲᠠᠭᠠᠳᠬᠠᠯ | ᠂ ᠡᠮ ᠡᠮᠴᠢᠯᠡᠭᠡ᠂ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠤᠨᠴᠠ ᠬᠦᠴᠢᠷᠳᠠᠯᠳᠠᠢ ᠬᠦᠮᠦᠰ᠂ ᠶᠠᠳᠠᠭᠤ | ᠬᠦᠴᠢᠷᠳᠠᠯᠳᠠᠢ ᠵᠡᠮᠳᠡᠭᠴᠤᠳ ᠪᠤᠯᠤᠨ ᠬᠢᠯᠢ ᠬᠢᠵᠠᠭᠠᠷ ᠤᠷᠤᠨ ᠤ ᠠᠷᠠᠳ ᠲᠤ ᠨᠦᠬᠦᠪᠦᠷᠢᠯᠡᠬᠦ ᠪᠠᠷᠢᠮᠵᠢᠶ᠎ᠠ | ᠲᠠᠰᠤᠷᠠᠯᠳᠠ ᠦᠭᠡᠢ ᠲᠡᠭᠡᠭᠰᠢᠯᠡᠪᠠ᠃ ᠲᠦᠬᠦᠮ ᠪᠦᠳᠦᠴᠡᠳᠦ ᠤᠷᠤᠨ ᠰᠠᠭᠤᠴᠠ ᠶᠢ ᠵᠠᠰᠠᠨ ᠪᠠᠶᠢᠭᠤᠯᠬᠤ ᠳᠤ 4.46 | ᠳ᠋ᠦᠩᠰᠢᠭᠤᠷ ᠲᠦᠬᠦᠷᠢᠭ ᠵᠠᠷᠤᠴᠠᠭᠤᠯᠵᠦ᠂ 2098 ᠡᠷᠦᠬᠡ ᠶᠢᠨ ᠬᠡᠷ ᠪᠠᠶᠢᠰᠢᠩ ᠢ ᠲᠡᠳᠡᠪᠤᠷᠢᠯᠠᠨ᠂ 464 ᠢᠵᠢ | ᠬᠢᠮᠳᠠ ᠲᠦᠷᠢᠶᠠᠰᠦᠨ ᠬᠡᠷ ᠬᠤᠪᠢᠶᠠᠷᠢᠯᠠᠪᠠ᠃ ᠬᠤᠳᠠ ᠪᠠᠯᠭᠠᠰᠤᠨ ᠤ 1278 ᠬᠦᠮᠦᠨ ᠳᠤ ᠠᠵᠢᠯ ᠤᠯᠭᠤᠵᠦ᠂ 3. | 2 ᠲᠦᠮᠡᠨ ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠤᠯᠭᠤᠵᠦ ᠦᠭᠬᠦᠪᠠ᠃ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠰᠤᠷᠠᠭ ᠵᠠᠩᠭᠢ ᠶᠢ ᠴᠤᠭᠯᠠᠭᠤᠯᠬᠤ ᠠᠵᠢᠯ ᠢ ᠲᠤᠭᠳᠠᠭᠰᠠᠨ ᠬᠤᠭᠤᠴᠠᠭᠠᠨ ᠲᠤᠳᠤᠷ᠎ᠠ | ᠲᠠᠭᠤᠰᠬᠠᠵᠦ᠂ ᠡᠯ᠎ᠡ ᠵᠦᠢᠯ ᠤᠨ ᠬᠠᠷᠠᠭᠠᠯᠵᠠᠯ ᠬᠦᠷᠳᠡᠭᠰᠡᠳ ᠤᠨ ᠠᠰᠠᠷᠠᠮᠵᠢ ᠶᠢᠨ ᠮᠦᠩᠭᠦ ᠬᠢᠬᠡᠳ ᠠᠮᠢᠳᠤᠷᠠᠯ ᠤᠨ | ᠨᠦᠬᠦᠪᠦᠷᠢ ᠶᠢ ᠦᠷᠬᠦᠯᠵᠢᠯᠡᠨ ᠲᠡᠭᠡᠭᠰᠢᠯᠡᠬᠦᠯᠪᠠ᠃ ᠬᠦᠯᠦᠰᠦᠨ ᠲᠠᠷᠢᠶᠠᠴᠢᠨ ᠳᠤ ᠴᠠᠯᠢᠩ ᠮᠦᠩᠭᠦ ᠲᠤᠳᠠᠬᠤ ᠶᠢ | ᠵᠠᠰᠠᠵᠦ᠂ ᠵᠠᠷᠤᠯᠭ᠎ᠠ ᠶᠢ ᠨᠢ ᠪᠠᠳᠤᠯᠠᠬᠤ ᠠᠵᠢᠯ ᠤᠨ ᠬᠦᠴᠦᠯᠡᠴᠡ ᠪᠠᠨ ᠦᠨᠡᠨᠬᠦ ᠨᠡᠮᠡᠭᠳᠡᠬᠦᠯᠦᠨ᠂ 468 ᠬᠦᠯᠦᠰᠦᠨ | ᠲᠠᠷᠢᠶᠠᠴᠢᠨ ᠳᠤ ᠲᠤᠳᠠᠭᠰᠠᠨ 890 ᠲᠦᠮᠡᠨ ᠲᠦᠬᠦᠷᠢᠭ ᠤᠨ ᠴᠠᠯᠢᠩ ᠮᠦᠩᠭᠦ ᠶᠢ ᠨᠦᠬᠦᠨ ᠤᠯᠭᠤᠪᠠ᠃ ᠠᠷᠠᠳ | ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠦᠮᠦᠵᠢᠯ ᠢ ᠰᠠᠶᠢᠳᠦᠷ ᠬᠢᠪᠠ᠃ ︽ᠪᠦᠬᠦ ᠬᠤᠳᠠ ᠶᠢᠨ ᠵᠢᠭᠠᠨ | ᠰᠤᠷᠭᠠᠯᠳᠠ ᠶᠢᠨ ᠦᠬᠡᠷᠡᠴᠢᠯᠡᠯᠳᠠ ᠶᠢᠨ ᠲᠡᠷᠢᠬᠦᠨ ᠤ ᠨᠢᠬᠡᠴᠡ︾ ᠶᠢᠨ ᠴᠤᠯᠠ ᠶᠢ ᠬᠦᠷᠳᠡᠵᠦ᠂ ᠬᠤᠩᠭᠤᠷ ᠮᠤᠩᠭᠤᠯ | ᠪᠠᠭ᠎ᠠ ᠰᠤᠷᠭᠠᠭᠤᠯᠢ ᠶᠢᠨ ᠲᠠᠭᠠᠯᠳᠠ ᠢᠨᠵᠧᠨᠧᠷᠢᠩ ᠪᠤᠯᠤᠨ ᠨᠠᠨ ᠬᠤᠤ ᠰᠤᠷᠭᠠᠭᠤᠯᠢ᠂ ᠭᠦ᠋ ᠶᠢᠨ ᠽᠢ ᠰᠤᠷᠭᠠᠭᠤᠯᠢ | ᠵᠢᠴᠢ ᠲᠤᠷᠰᠢᠯᠳᠠ ᠶᠢᠨ ᠲᠤᠮᠳᠠᠳᠦ ᠰᠤᠷᠭᠠᠭᠤᠯᠢ᠂ ᠬᠦᠯ ᠪᠦᠮᠪᠦᠬᠡᠨ ᠤ ᠤᠷᠳᠤᠨ ᠵᠡᠷᠬᠡ ᠪᠠᠷᠢᠯᠭ᠎ᠠ ᠶᠢ ᠪᠦᠬᠦᠨ ᠢ | ᠲᠠᠭᠤᠰᠬᠠᠵᠦ᠂ ᠰᠤᠷᠭᠠᠭᠤᠯᠢ ᠶᠢᠨ ᠲᠤᠨᠤᠭ ᠲᠦᠬᠦᠬᠡᠷᠦᠮᠵᠢ ᠤᠳ ᠢ ᠦᠷᠬᠦᠯᠵᠢᠯᠡᠨ ᠰᠠᠶᠢᠵᠢᠷᠠᠭᠤᠯᠪᠠ᠃ | ᠰᠤᠷᠭᠠᠭᠤᠯᠢ ᠶᠢᠨ ᠬᠦᠷᠢᠶᠠᠨ ᠳᠠᠬᠢ ᠬᠦᠯ ᠪᠦᠮᠪᠦᠬᠡᠨ ᠤ ᠬᠦᠳᠡᠯᠬᠡᠬᠡᠨ ᠲᠦᠷᠬᠡᠨ ᠬᠦᠭᠵᠢᠵᠦ᠂ ᠪᠠᠭ᠎ᠠ ᠰᠤᠷᠭᠠᠭᠤᠯᠢ | ᠶᠢᠨ ᠡᠮᠡᠭᠳᠡᠶᠢᠴᠤᠳ ᠤᠨ ᠲᠤᠭᠤᠶᠢᠯᠠᠩ ᠤᠨ ︽ᠬᠤᠳᠠ ᠶᠢᠨ ᠲᠠᠷᠤᠭ᠎ᠠ ᠬᠤᠨᠳᠠᠭᠠᠳᠦ︾ ᠲᠡᠷᠢᠬᠦᠨ ᠨᠠᠷᠠ᠂ ᠪᠠᠭ᠎ᠠ | ᠰᠤᠷᠭᠠᠭᠤᠯᠢ ᠶᠢᠨ ᠡᠷᠡᠭᠳᠠᠶᠢᠴᠤᠳ ᠤᠨ ᠲᠤᠭᠤᠶᠢᠯᠠᠩ ᠤᠨ ︽ᠲᠡᠷᠢᠬᠦᠯᠡᠭᠴᠢ ᠬᠤᠨᠳᠠᠭᠠᠳᠦ︾ ᠲᠤᠯᠤᠳᠤᠭᠠᠷ ᠨᠠᠷᠠ | ᠪᠠᠷ ᠲᠤᠳᠤᠷᠠᠪᠠ᠃ ᠡᠮ ᠡᠮᠴᠢᠯᠡᠬᠡᠨ ᠤ ᠦᠢᠯᠡᠴᠢᠯᠡᠬᠡᠨ ᠤ ᠬᠢᠷᠢ ᠲᠦᠪᠰᠢᠨ ᠢ ᠲᠤᠭᠳᠠᠭᠤᠨ ᠢᠶᠠᠷ ᠲᠡᠭᠡᠭᠰᠢᠯᠡᠬᠦᠯᠪᠠ᠃ | ᠡᠮ ᠡᠮᠴᠢᠯᠡᠬᠡᠨ ᠤ ᠪᠠᠳᠤᠯᠠᠭ᠎ᠠ ᠶᠢᠨ ᠦᠢᠯᠡᠴᠢᠯᠡᠭᠡ᠂ ᠡᠮᠴᠢᠯᠡᠭᠡ ᠶᠢᠨ ᠬᠠᠮᠳᠤᠷᠠᠭᠰᠠᠨ ᠪᠠᠶᠢᠭᠤᠯᠤᠯᠳᠠ᠂ ᠮᠤᠩᠭᠤᠯ | ᠬᠢᠳᠡᠳ ᠡᠮ ᠡᠮᠨᠡᠯᠬᠡ ᠶᠢᠨ ᠦᠢᠯᠡᠰ ᠪᠠ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠠ | ᠶᠢ ᠦᠷᠬᠦᠯᠵᠢᠯᠡᠨ ᠠᠬᠢᠭᠤᠯᠵᠦ᠂ ᠱᠠᠳᠦ ᠬᠤᠪᠢᠶᠠᠨ ᠤᠨᠤᠰᠢᠯᠠᠨ ᠡᠮᠨᠡᠬᠦ ᠰᠢᠰᠧᠲᠮ ᠢ ᠤᠯᠠᠮ ᠴᠢᠨᠠᠭᠰᠢᠳᠠ | ᠲᠡᠬᠦᠯᠳᠡᠷᠵᠢᠬᠦᠯᠦᠨ᠂ ᠤᠯᠠᠨ ᠲᠦᠮᠡᠨ ᠤ ᠡᠮᠴᠢᠯᠡᠭᠡ ᠬᠢᠬᠦ ᠳᠤ ᠬᠦᠴᠢᠷᠳᠠᠵᠦ ᠪᠠᠶᠢᠭ᠎ᠠ ᠠᠰᠠᠭᠤᠳᠠᠯ ᠢ ᠪᠦᠳᠦᠮᠵᠢᠳᠠᠢ | ᠵᠠᠰᠠᠪᠠ᠃ ᠡᠮᠴᠢᠯᠡᠬᠡᠨ ᠤ ᠡᠩᠨᠡᠭᠡ ᠶᠢ ᠲᠠᠰᠤᠷᠠᠯᠳᠠ ᠦᠭᠡᠢ ᠰᠢᠯᠢᠳᠡᠭᠵᠢᠬᠦᠯᠵᠦ᠂ ᠦᠢᠯᠡᠴᠢᠯᠡᠬᠡᠨ ᠤ ᠬᠢᠷᠢ ᠲᠦᠪᠰᠢᠨ | ᠢ ᠢᠯᠡᠳᠳᠠ ᠲᠡᠭᠡᠭᠰᠢᠯᠡᠬᠦᠯᠦᠨ᠂ ᠮᠤᠩᠭᠤᠯ ᠬᠢᠳᠠᠳ ᠡᠮᠨᠡᠯᠬᠡ ᠶᠢᠨ ᠬᠤᠷᠢᠶᠠᠨ ᠤ ᠶᠡᠷᠦᠩᠭᠡᠶᠢᠯᠡᠭᠰᠡᠨ ᠠᠰᠠᠷ ᠤᠨ | ᠭᠤᠤᠯ ᠴᠤᠭᠴᠠ ᠪᠤᠯᠤᠨ ᠡᠮᠨᠡᠯᠬᠡ ᠳᠤ ᠬᠡᠷᠡᠭᠯᠡᠬᠦ ᠲᠠᠭᠠᠯᠳᠠ ᠢᠨᠵᠧᠨᠧᠷᠢᠩ ᠢ ᠪᠦᠬᠦᠨ ᠢ ᠪᠠᠷᠢᠵᠦ ᠲᠠᠭᠤᠰᠬᠠᠪᠠ᠃ | ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠰᠡᠷᠬᠡᠶᠢᠯᠡᠯᠳᠠ ᠶᠢᠨ ᠠᠵᠢᠯ ᠢ ᠴᠢᠩᠭᠠᠳᠬᠠᠵᠦ᠂ ᠠᠹᠷᠢᠺᠠ ᠭᠠᠭ᠋ᠠᠢ ᠶᠢᠨ | ᠬᠢᠵᠢᠭ ᠢ ᠪᠦᠳᠦᠮᠵᠢᠳᠠᠢ ᠠᠷᠭᠠᠴᠠᠭᠠᠨ᠂ ᠪᠦᠬᠦ ᠤᠯᠤᠰ ᠤᠨ ᠬᠤᠯᠤᠭᠠᠨ᠎ᠠ ᠶᠢᠨ ᠬᠢᠵᠢᠭ ᠢ ᠰᠢᠯᠭᠠᠨ ᠬᠢᠨᠠᠬᠤ ᠠᠵᠢᠯ | ᠳᠠᠬᠢ ᠤᠯᠤᠰ ᠤᠨ ᠲᠡᠰ ᠤᠨ ᠰᠢᠯᠢᠳᠡᠭ ᠬᠢᠨᠠᠯᠳᠠ ᠶᠢᠨ ᠴᠢᠭ ᠢᠶᠠᠷ ᠲᠤᠭᠳᠠᠭᠠᠭᠳᠠᠪᠠ᠃ ᠤᠯᠠᠨ ᠨᠠᠶᠢᠳᠠ ᠶᠢᠨ | ᠰᠤᠶᠤᠯ ᠤᠨ ᠦᠢᠯᠡᠴᠢᠯᠡᠬᠡᠨ ᠤ ᠴᠢᠳᠠᠪᠤᠷᠢ ᠶᠢ ᠲᠠᠰᠤᠷᠠᠯᠳᠠ ᠦᠭᠡᠢ ᠲᠡᠬᠡᠭᠰᠢᠯᠡᠬᠦᠯᠪᠠ᠃ ᠶᠡᠷᠦᠩᠭᠡᠢ ᠱᠦᠵᠢ ᠰᠢ | ᠶᠢᠨ ᠫᠢᠩ ᠤᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠲᠤ ᠬᠠᠷᠢᠭᠤ ᠢᠯᠡᠭᠡᠭᠰᠡᠨ ᠵᠠᠬᠢᠳᠠᠯ ᠤᠨ ᠵᠤᠷᠢᠭ | ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ ᠢ ᠶᠡᠬᠡᠪᠡᠷ | ᠪᠠᠳᠠᠷᠠᠭᠤᠯᠵᠦ᠂ᠲᠤᠭᠯᠠᠭᠴᠢ ᠠᠵᠢᠯᠲᠠᠳ ᠤᠨ ᠡᠩᠨᠡᠭᠡ ᠲᠠᠰᠤᠷᠠᠯᠲᠠ ᠦᠭᠡᠢ ᠰᠢᠯᠢᠳᠡᠭᠵᠢᠵᠤ᠂ ᠲᠤᠭᠯᠠᠯᠳᠠ ᠶᠢᠨ ᠬᠢᠷᠢ | ᠲᠦᠪᠰᠢᠨ ᠮᠡᠳᠡᠭᠳᠡᠮ᠎ᠡ ᠳᠡᠭᠡᠭᠰᠢᠯᠡᠨ᠂ ᠦᠪᠡᠷᠲᠡᠭᠡᠨ ᠵᠠᠰᠠᠬᠤ ᠤᠷᠤᠨ ᠤ ᠨᠢᠭᠡᠳᠤᠭᠡᠷ ᠲᠦᠷᠦᠯ ᠤᠨ ᠤᠯᠠᠭᠠᠠᠮᠦ᠋ᠴᠢᠷ | ᠤᠨ ᠰᠢᠯᠢᠳᠡᠭ ᠢᠷᠠᠭᠤ ᠠᠯᠳᠠᠷ ᠢ ᠤᠯᠤᠭᠰᠠᠨ ᠪᠠᠶᠢᠨ᠎ᠠ᠃ ᠮᠤᠩᠭᠤᠯ ᠵᠦᠴᠦᠬᠡ ︽ᠵᠠᠪᠢᠳᠦ ᠨᠤᠳᠤᠭ ᠠᠮᠤᠭᠤᠯᠠᠩ︾ | ᠨᠢ ︽ᠬᠤᠶᠠᠳᠤᠭᠠᠷ ᠬᠤᠭᠤᠴᠠᠭᠠᠨ ᠤ ᠦᠪᠤᠷ ᠮᠤᠩᠭᠤᠯ ᠤᠨ ᠭᠠᠵᠠᠷ ᠤᠷᠤᠨ ᠤ ᠰᠢ ᠵᠦᠴᠦᠬᠡ ᠶᠢᠨ ᠲᠦᠷᠦᠯ ᠤᠨ | ᠦᠵᠡᠭᠦᠯᠦᠯᠲᠡ ᠪᠠ ᠲᠠᠪᠤᠳᠤᠭᠠᠷ ᠬᠤᠭᠤᠴᠠᠭᠠᠨ ᠤ ᠬᠤᠶᠠᠷ ᠬᠦᠮᠤᠨ ᠤ ᠲᠠᠭᠤᠷᠢ ᠶᠢᠨ ᠤᠷᠠᠯᠢᠭ ᠤᠨ ᠨᠠᠶᠢᠷ︾ ᠤᠨ | ᠭᠠᠵᠠᠷ ᠤᠷᠤᠨ ᠤ ᠰᠢ ᠵᠦᠴᠦᠬᠡ ᠶᠢᠨ ᠰᠢᠯᠢᠳᠡᠭ ᠵᠦᠴᠦᠬᠡ ᠶᠢᠨ ᠱᠠᠩᠨᠠᠯ᠂ ᠵᠦᠴᠦᠬᠡ ᠶᠢᠨ ᠵᠤᠬᠢᠶᠠᠯ ᠤᠨ ᠱᠠᠩᠨᠠᠯ | ᠪᠤᠯᠤᠨ ᠤᠳᠤᠷᠢᠳᠤᠭᠠᠴᠢ ᠶᠢᠨ ᠱᠠᠩᠨᠠᠯ ᠵᠡᠷᠭᠡ 9 ᠲᠦᠷᠦᠯ ᠤᠨ ᠶᠡᠭᠡ ᠱᠠᠩᠨᠠᠯ ᠢ ᠬᠦᠷᠲᠡᠭᠰᠡᠨ ᠪᠠᠶᠢᠨ᠎ᠠ᠃ ᠲᠠᠯ᠎ᠠ | ᠨᠤᠲᠤᠭ ᠤᠨ ᠮᠠᠯᠴᠢᠳ ᠱᠠᠩᠬᠠᠢ ᠶᠢᠨ ᠭᠤᠷᠪᠠᠨ ᠮᠢᠩᠭᠠᠨ ᠦᠨᠦᠴᠢᠨ ᠬᠡᠤᠬᠡᠳ ᠢ ᠡᠷᠭᠦᠭᠰᠡᠨ ᠤᠶᠢᠯᠡ ᠶᠠᠪᠤᠳᠠᠯ ᠢ | ᠬᠠᠷᠠᠭᠤᠯᠤᠭᠰᠠᠨ ᠦᠷᠬᠦᠯᠵᠢᠯᠡᠭᠰᠡᠨ ᠲᠧᠯᠧᠢᠰ ᠵᠦᠴᠦᠬᠡ ︽ᠤᠯᠤᠰ ᠤᠨ ᠬᠡᠤᠬᠡᠳ︾ ᠢ ᠮᠠᠨ ᠤ ᠬᠤᠰᠢᠭᠤᠨ ᠳᠤ | ᠭᠤᠷᠪᠠᠨ ᠰᠠᠷ᠎ᠠ ᠵᠢᠷᠤᠭ ᠠᠪᠤᠭᠰᠠᠨ ᠪᠠᠶᠢᠨ᠎ᠠ᠃ ᠦᠪᠡᠷᠲᠡᠭᠡᠨ ᠵᠠᠰᠠᠬᠤ ᠤᠷᠤᠨ ᠤ ᠠᠷᠪᠠᠨ ᠲᠦᠷᠪᠡᠳᠤᠭᠡᠷ | ᠬᠤᠭᠤᠴᠠᠭᠠᠨ ᠤ ᠲᠠᠮᠢᠷ ᠤᠨ ᠴᠤᠭᠯᠠᠭᠠᠨ ᠤ ᠲᠦᠷᠪᠡᠳ ᠬᠤᠰᠢᠭᠤᠨ ᠳᠠᠬᠢ ᠬᠦᠰᠡᠯᠡᠩ ᠤᠨ ᠲᠦᠯᠦ ᠬᠤᠷᠢᠶᠠᠨ | ᠠᠪᠬᠤ ᠬᠦᠳᠡᠯᠭᠡᠭᠡᠨ ᠨᠢ ᠲᠡᠭᠦᠰ ᠠᠮᠵᠢᠯᠲᠠ ᠲᠠᠢ ᠶᠠᠪᠤᠭᠳᠠᠵᠤ᠂ ᠠᠩᠬᠠᠳᠤᠭᠠᠷ ᠬᠤᠭᠤᠴᠠᠭᠠᠨ ᠤ ᠮᠠᠯᠴᠢᠨ | ᠲᠠᠷᠢᠶᠠᠴᠢᠳ ᠤᠨ ᠤᠳᠬ᠎ᠠ ᠤᠷᠯᠢᠭ ᠤᠨ ᠲᠤᠭᠯᠠᠯᠲᠠ ᠵᠡᠷᠭᠡ ᠠᠯᠢ ᠤᠯᠠᠨ ᠤᠯᠠᠨ ᠲᠦᠮᠡᠨᠴᠢ ᠬᠦᠳᠡᠯᠭᠡᠭᠡᠨ ᠢ | ᠦᠷᠨᠢᠭᠦᠯᠦᠭᠰᠡᠨ ᠪᠠᠶᠢᠨ᠎ᠠ᠃ ᠨᠠᠶᠢᠭᠡᠮ ᠢ ᠵᠠᠰᠠᠨ ᠴᠡᠭᠴᠡᠯᠡᠬᠦ ᠴᠢᠳᠠᠪᠤᠷᠢ ᠢᠯᠡᠳᠲᠡ ᠳᠡᠭᠡᠭᠰᠢᠯᠡᠭᠰᠡᠨ ᠪᠠᠶᠢᠨ᠎ᠠ᠃ | ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠭᠡᠢ ᠠᠬᠢᠭᠤᠯᠤᠨ᠂ ᠬᠠᠷ᠎ᠠ | ᠪᠦᠯᠦᠭᠲᠡᠨ ᠬᠠᠷᠬᠢᠰ ᠬᠦᠴᠤᠨ ᠳᠤ ᠬᠤᠯᠪᠤᠭᠳᠠᠬᠤ ᠬᠠᠤᠯᠢ ᠪᠤᠰᠤ ᠠᠵᠢᠯᠯᠠᠭ᠎ᠠ ᠶᠢᠨ ᠰᠦᠪᠡᠭᠴᠢ 90 ᠵᠤᠷᠪᠤᠰ | ᠬᠤᠷᠢᠶᠠᠨ ᠴᠤᠭᠯᠠᠭᠤᠯᠵᠤ᠂ ᠬᠠᠷ᠎ᠠ ᠪᠦᠯᠦᠭᠲᠡᠨ ᠬᠠᠷᠬᠢᠰ ᠬᠦᠴᠤᠨ ᠳᠤ ᠬᠤᠯᠪᠤᠭᠳᠠᠬᠤ ᠶᠠᠯ᠎ᠠ ᠬᠢᠭᠰᠡᠨ 41 | ᠰᠡᠵᠢᠭᠳᠡᠨ ᠢ ᠪᠠᠷᠢᠪᠴᠢᠯᠠᠨ᠂ 22 ᠬᠦᠮᠤᠨ ᠢ ᠰᠢᠳᠭᠡᠵᠤ᠂ 5 ᠤᠳᠠᠭᠠᠨ ᠤ ᠶᠠᠯᠠᠲᠤ ᠬᠡᠷᠡᠭ ᠢ ᠢᠯᠡᠷᠡᠭᠦᠯᠦᠨ | ᠰᠢᠳᠭᠡᠭᠰᠡᠨ ᠪᠠᠶᠢᠨ᠎ᠠ᠃ ᠢᠳᠡᠭᠡᠨ ᠤᠮᠳᠠᠭᠠᠨ ᠢ ᠬᠢᠨᠠᠨ ᠪᠠᠶᠢᠴᠠᠭᠠᠬᠤ ᠰᠠᠯᠪᠤᠷᠢ ᠤᠨ ᠰᠠᠭᠤᠷᠢ ᠲᠦᠬᠦᠭᠡᠷᠤᠮᠵᠢ ᠶᠢᠨ | ᠪᠦᠲᠤᠭᠡᠨ ᠪᠠᠶᠢᠭᠤᠯᠤᠯᠳᠠ ᠶᠢ ᠪᠡᠶᠡᠯᠡᠭᠦᠯᠵᠤ᠂ ᠴᠢᠳᠠᠮᠵᠢ ᠶᠢᠨ ᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠢᠳᠡᠭᠡᠨ ᠤᠮᠳᠠᠭᠠᠨ ᠤ ᠬᠢᠨᠠᠨ ᠪᠠᠶᠢᠴᠠᠭᠠᠯᠲᠠ ᠶᠢᠨ ᠴᠢᠳᠠᠪᠤᠷᠢ ᠢᠳᠡᠭ ᠢᠳᠡᠭ ᠢᠶᠠᠷ ᠳᠡᠭᠡᠭᠰᠢᠯᠡᠭᠰᠡᠨ | ᠪᠠᠶᠢᠨ᠎ᠠ᠃ ᠠᠶᠤᠯᠭᠦᠢ ᠤᠶᠢᠯᠡᠳᠪᠤᠷᠢᠯᠡᠬᠦ ᠪᠠᠶᠢᠳᠠᠯ ᠶᠡᠷᠤᠩᠬᠡᠢ ᠳᠡᠭᠡᠨ ᠲᠤᠭᠲᠠᠭᠤᠨ ᠪᠠᠶᠢᠵᠦ᠂ ᠭᠡᠨᠡᠳᠲᠡ ᠶᠢᠨ ᠠᠲᠡᠯ | ᠪᠠ ᠠᠮᠢ ᠨᠠᠰᠤᠨ ᠤ ᠠᠳᠡᠯ ᠤᠨ ᠲᠤᠭ᠎ᠠ ᠴᠦᠮ ᠪᠠᠭᠤᠷᠠᠭᠰᠠᠨ ᠪᠠᠶᠢᠨ᠎ᠠ᠃ ᠵᠠᠬᠢᠳᠠᠯ ᠰᠤᠷᠪᠤᠯᠵᠢᠯᠠᠯ ᠤᠨ ᠲᠤᠭᠲᠠᠭᠤᠨ | ᠪᠠᠶᠢᠬᠤ ᠶᠢ ᠪᠠᠳᠤᠯᠠᠬᠤ ᠶᠢ ᠲᠠᠭᠠᠭᠠᠨ ᠠᠪᠬᠤ ᠲᠦᠷᠢᠮ ᠪᠤᠯᠤᠨ ᠵᠦᠷᠢᠴᠡᠯ ᠮᠠᠷᠭᠤᠯᠳᠤᠭᠠᠨ ᠢ ᠪᠠᠶᠢᠴᠠᠭᠠᠨ | ᠦᠭᠡᠶᠢᠰᠬᠡᠬᠦ ᠲᠤᠭᠲᠠᠯᠴᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠵᠢᠯ ᠳᠤ ᠪᠡᠭᠡᠵᠢᠩ ᠳᠤ ᠤᠴᠢᠵᠤ | ᠵᠠᠭᠠᠯᠳᠤᠬᠤ ᠬᠡᠪ ᠤᠨ ᠪᠤᠰᠤ ᠵᠠᠬᠢᠲᠠᠯ ᠰᠤᠷᠪᠤᠯᠵᠢᠯᠠᠯ ᠤᠨ ᠠᠵᠢᠯᠯᠠᠭ᠎ᠠ ᠭᠠᠷᠤᠭᠰᠠᠨ ᠦᠭᠡᠢ ᠶᠤᠮ᠃ | ︵ᠲᠡᠪᠤ︶ ᠵᠠᠰᠠᠭ ᠤᠨ ᠤᠷᠳᠤᠨ ᠤ ᠡᠭᠦᠷᠭᠡ ᠴᠢᠳᠠᠮᠵᠢ ᠶᠢ ᠪᠦᠬᠦ ᠲᠡᠯ᠎ᠠ ᠪᠠᠷ ᠡᠬᠦᠷᠬᠡᠯᠡᠪᠠ᠃ ᠠᠷᠠᠳ ᠤᠨ | ᠲᠦᠯᠦᠭᠡᠯᠡᠭᠴᠢᠳ ᠤᠨ ᠰᠠᠨᠠᠭᠤᠯᠤᠮᠵᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ | ᠶᠢ ᠨᠠᠷᠢᠨ ᠬᠢᠨᠠᠮᠠᠭᠠᠢ ᠭᠦᠢᠴᠡᠳᠭᠡᠵᠤ᠂ ᠠᠷᠠᠳ ᠤᠨ ᠲᠦᠯᠦᠭᠡᠯᠡᠭᠴᠢᠳ ᠤᠨ ᠰᠠᠨᠠᠭᠤᠯᠤᠮᠵᠢ 133 ᠵᠤᠷᠪᠤᠰ᠂ | ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ 40 ᠵᠤᠷᠪᠤᠰ ᠭᠦᠢᠴᠡᠳᠭᠡᠨ᠂ | ᠭᠦᠢᠴᠡᠳᠭᠡᠭᠰᠡᠨ ᠨᠤᠷᠮ᠎ᠠ ᠨᠢ 100% ᠬᠦᠷᠴᠠᠢ᠃ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠪᠢᠴᠢᠭ | ᠮᠠᠲ᠋ᠧᠷᠢᠶᠠᠯ ᠤᠨ ᠬᠠᠤᠯᠢ ᠶᠤᠰᠤᠨ ᠤ ᠬᠢᠨᠠᠨ ᠪᠠᠶᠢᠴᠠᠭᠠᠯᠲᠠ ᠪᠤᠯᠤᠨ ︽ᠭᠤᠷᠪᠠᠨ ᠴᠢᠬᠤᠯᠠ ᠨᠢᠭᠡ ᠶᠡᠭᠡ︾ | ᠨᠢᠬᠡᠳᠦᠯᠳᠠᠢ ᠪᠤᠳᠤᠯᠭ᠎ᠠ ᠲᠤᠭᠲᠠᠭᠠᠬᠤ ᠳᠦᠷᠢᠮ ᠢ ᠡᠷᠡᠰ ᠴᠢᠩᠭ᠎ᠠ ᠭᠦᠢᠴᠡᠳᠭᠡᠵᠤ᠂ ᠬᠤᠰᠢᠭᠤ᠂ ᠰᠤᠮᠤ ᠰᠢᠶᠠᠩ | ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠳᠤ ᠴᠦᠮ ᠬᠠᠤᠯᠢ ᠶᠢᠨ ᠵᠦᠪᠯᠡᠭᠴᠢ ᠲᠠᠢ ᠪᠤᠯᠬᠤ ᠶᠢ | ᠪᠡᠶᠡᠯᠡᠭᠦᠯᠦᠭᠰᠡᠨ ᠪᠠᠶᠢᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ | ᠭᠦᠨᠵᠡᠭᠡᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠦᠪᠰᠢᠨ ᠢ ᠦᠨᠡᠨᠬᠦ | ᠳᠡᠭᠡᠭᠰᠢᠯᠡᠭᠦᠯᠦᠨ᠂ ᠠᠷᠠᠳ ᠲᠦᠮᠡᠨ ᠳᠤ ᠲᠤᠰᠠ ᠳᠡᠮ ᠦᠵᠡᠭᠦᠯᠬᠦ ᠤᠷᠴᠢᠨ ᠲᠤᠭᠤᠷᠢᠨ ᠢ ᠲᠠᠰᠤᠷᠠᠯᠲᠠ ᠦᠭᠡᠢ | ᠴᠢᠨᠠᠷᠵᠢᠭᠤᠯᠵᠠᠢ᠃ ︽ᠤᠯᠠᠨ ᠦᠨᠡᠮᠯᠡᠯ ᠢ ᠨᠢᠭᠡᠳᠭᠡᠬᠦ︾᠂ ︽ᠭᠡᠷᠡᠴᠢ ᠦᠨᠡᠮᠯᠡᠯ ᠢ ᠰᠠᠯᠭᠠᠬᠤ︾ ᠲᠦᠷᠢᠮ ᠤᠨ | ᠦᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠠᠢ᠃ ᠠᠵᠤ ᠠᠬᠤᠶᠢᠯᠠᠯ ᠳᠤ ᠬᠤᠯᠪᠤᠭᠳᠠᠬᠤ ᠰᠦᠢᠳᠭᠡᠯ | ᠤᠨ ᠲᠦᠷᠦᠯ ᠵᠦᠢᠯ ᠢ ᠴᠡᠭᠴᠡᠯᠡᠨ ᠳᠦᠷᠢᠮᠵᠢᠭᠦᠯᠵᠤ᠂ ᠵᠠᠰᠠᠭ ᠵᠠᠬᠢᠷᠭᠠᠨ ᠤ ᠠᠵᠢᠯ ᠤᠶᠢᠯᠡᠰ ᠤᠨ ᠴᠢᠨᠠᠷᠲᠠᠢ | ᠰᠦᠢᠳᠭᠡᠯ ᠬᠤᠷᠢᠶᠠᠯᠲᠠ ᠶᠢ ᠦᠭᠡᠶᠢᠰᠬᠡᠬᠦ ᠪᠤᠶᠤ ᠵᠤᠭᠰᠤᠭᠠᠨ᠂ ᠪᠠᠭ᠎ᠠ ᠵᠢᠵᠢᠭ ᠠᠵᠤ ᠠᠬᠤᠶᠢᠯᠠᠯ ᠤᠨ ᠳᠠᠷᠤᠭᠠᠰᠤ | ᠶᠢ ᠦᠨᠡᠨᠬᠦ ᠬᠦᠩᠭᠡᠯᠡᠵᠠᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠪᠤᠯᠤᠨ ᠬᠤᠳᠠᠯᠳᠤᠭᠠᠨ ᠤ ᠶᠠᠪᠤᠳᠠᠯ ᠤᠨ | ᠲᠤᠭᠲᠠᠭᠠᠯ ᠤᠨ ᠦᠭᠡᠷᠡᠴᠢᠯᠡᠯᠲᠡ ᠶᠢ ᠦᠷᠬᠦᠯᠵᠢᠯᠡᠨ ᠭᠦᠨᠵᠡᠭᠡᠶᠢᠷᠡᠭᠦᠯᠵᠤ᠂ ᠮᠠᠯᠵᠢᠬᠤ ᠲᠠᠷᠢᠶᠠᠯᠠᠬᠤ ᠤᠷᠤᠨ ᠤ | ᠦᠭᠡᠷᠡᠴᠢᠯᠡᠯᠲᠡ ᠶᠢ ᠲᠤᠭᠲᠠᠭᠤᠨ ᠢᠶᠠᠷ ᠠᠬᠢᠭᠤᠯᠵᠤ᠂ ᠭᠠᠵᠠᠷ ᠰᠢᠷᠤᠢ ᠶᠢᠨ ᠦᠮᠴᠢᠯᠠᠬᠦ ᠡᠷᠬᠡ ᠲᠤᠳᠤᠳᠬᠠᠨ | ᠲᠤᠭᠲᠠᠭᠠᠬᠤ᠂ ︽ᠬᠤᠶᠠᠷ ᠤᠷᠤᠨ︾ ᠤ ᠵᠠᠭᠠᠭᠯᠠᠨ ᠲᠤᠭᠲᠠᠭᠠᠯᠲᠠ᠂ ᠤᠯᠠᠭᠠᠨ ᠮᠠᠯᠵᠢᠯ ᠤᠨ ᠲᠠᠯᠠᠪᠤᠷ ᠤᠨ ᠠᠲᠠᠷ | ᠬᠠᠭᠠᠯᠪᠤᠷᠢᠯᠡᠯᠲᠡ ᠶᠢᠨ ᠦᠭᠡᠷᠡᠴᠢᠯᠡᠯᠲᠡ ᠶᠢᠨ ᠠᠵᠢᠯ ᠢ ᠦᠨᠳᠤᠰᠤᠨ ᠳᠡᠭᠡᠨ ᠲᠠᠭᠤᠰᠬᠠᠵᠤ᠂ ᠭᠠᠴᠠᠭ᠎ᠠ ᠲᠤᠰᠬᠤᠨ ᠤ | ᠬᠦᠷᠤᠩᠭᠡ ᠶᠢ ᠨᠢᠭᠲᠠᠯᠠᠨ ᠪᠠᠶᠢᠴᠠᠭᠠᠬᠤ ᠠᠵᠢᠯ ᠢ ᠪᠦᠬᠦᠨ ᠢ ᠳᠠᠭᠤᠰᠬᠠᠭᠰᠠᠨ ᠪᠠᠶᠢᠨ᠎ᠠ᠃ ᠬᠠᠩᠭᠠᠨ ᠪᠤᠷᠤᠯᠠᠭᠤᠯᠬᠤ | ᠬᠤᠷᠰᠢᠶ᠎ᠠ ᠶᠢᠨ ᠶᠡᠷᠤᠩᠬᠡᠶᠢᠯᠡᠭᠰᠡᠨ ᠦᠭᠡᠷᠡᠴᠢᠯᠡᠯᠲᠡ ᠶᠢᠨ ᠠᠵᠢᠯ ᠠᠮᠵᠢᠯᠲᠠ ᠲᠠᠢ ᠶᠠᠪᠤᠭᠳᠠᠵᠤ᠂ ᠦᠨᠳᠤᠰᠤᠨ | ᠱᠠᠲᠤᠨ ᠤ ᠬᠠᠩᠭᠠᠨ ᠪᠤᠷᠤᠯᠠᠭᠤᠯᠬᠤ ᠬᠤᠷᠰᠢᠶ᠎ᠠ 12 ᠢ ᠪᠠᠶᠢᠭᠤᠯᠤᠭᠰᠠᠨ ᠪᠠᠶᠢᠨ᠎ᠠ᠃ ᠳᠦᠷᠪᠡᠳᠤᠭᠡᠷ ᠤᠳᠠᠭᠠᠨ ᠤ | ᠪᠦᠬᠦ ᠤᠯᠤᠰ ᠤᠨ ᠠᠵᠤ ᠠᠬᠤᠢ ᠶᠢᠨ ᠨᠠᠶᠢᠳᠠᠮ ᠤᠨ ᠪᠠᠶᠢᠴᠠᠭᠠᠯᠲᠠ ᠤᠨ ᠠᠵᠢᠯ ᠲᠤᠭᠲᠠᠭᠤᠨ ᠢᠶᠠᠷ ᠤᠷᠤᠭᠰᠢᠯᠠᠵᠤ | ᠪᠤᠢ᠃ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠤᠨ ᠡᠭᠦᠷᠭᠡ ᠶᠢ ᠬᠢᠨᠠᠮᠠᠭᠠᠢ ᠭᠦᠢᠴᠡᠳᠭᠡᠵᠤ᠂ ᠰᠢᠨ᠎ᠡ ᠪᠠᠷ | ᠪᠠᠶᠢᠭᠤᠯᠤᠭᠳᠠᠭᠰᠠᠨ ᠵᠠᠰᠠᠭ ᠤᠨ ᠤᠷᠳᠤᠨ ᠤ ᠰᠠᠯᠠᠭ᠎ᠠ ᠮᠦᠴᠢᠷ ᠴᠦᠮ ᠫᠠᠶᠢᠰᠠ ᠪᠠᠨ ᠡᠯᠭᠦᠭᠰᠡᠨ ᠪᠠᠶᠢᠨ᠎ᠠ᠃ | ᠡᠭᠦᠨ ᠠᠴᠠ ᠭᠠᠳᠠᠨ᠎ᠠ᠂ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠤᠶᠢᠯᠡᠰ ᠰᠢᠨ᠎ᠡ ᠪᠠᠶᠢᠳᠠᠯ ᠢ | ᠡᠭᠦᠳᠴᠦ᠂ ᠱᠠᠰᠢᠨ ᠰᠤᠷᠲᠠᠬᠤᠨ ᠤ ᠬᠦᠷᠢᠶᠡᠨ ᠤ ᠬᠢᠨ ᠴᠤ ᠡᠶ᠎ᠡ ᠵᠤᠬᠢᠴᠠᠩᠭᠤᠢ ᠤᠷᠤᠰᠢᠭᠰᠠᠭᠠᠷ ᠪᠠᠶᠢᠭ᠎ᠠ ᠶᠤᠮ᠃ | ᠠᠵᠢᠯᠲᠠᠠ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠦᠪᠯᠡᠯ᠂ ᠤᠶᠢᠯᠡᠳᠪᠤᠷᠢ ᠬᠤᠲᠠᠯᠳᠤᠭᠠᠨ ᠤ ᠬᠤᠯᠪᠤᠭ᠎ᠠ᠂ ᠤᠳᠬ᠎ᠠ ᠤᠷᠯᠢᠭ ᠤᠨ | ᠬᠢᠨ ᠤ ᠬᠤᠯᠪᠤᠭ᠎ᠠ᠂ ᠵᠠᠮᠳᠡᠭᠴᠤᠳ ᠤᠨ ᠬᠤᠯᠪᠤᠭ᠎ᠠ ᠵᠡᠷᠭᠡ ᠪᠦᠯᠬᠦᠮ ᠵᠤᠬᠢᠶᠠᠨ ᠪᠠᠶᠢᠭᠤᠯᠤᠯᠲᠠ ᠨᠢ ᠠᠵᠢᠯ ᠤᠨ | ᠰᠢᠨ᠎ᠡ ᠪᠦᠳᠤᠮᠵᠢ ᠭᠠᠷᠭᠠᠵᠤ᠂ ᠲᠤᠭ᠎ᠠ ᠪᠦᠷᠢᠳᠭᠡᠯ᠂ ᠬᠠᠩᠭᠠᠨ ᠪᠤᠷᠤᠯᠠᠭᠤᠯᠬᠤ ᠬᠤᠷᠰᠢᠶ᠎ᠠ᠂ ᠴᠠᠭ ᠠᠭᠤᠷ᠂ ᠭᠠᠵᠠᠷ | ᠬᠦᠳᠡᠯᠦᠯᠲᠡ᠂ ᠠᠷᠠᠳ ᠤᠨ ᠠᠭᠠᠷ ᠤᠨ ᠰᠡᠷᠭᠡᠶᠢᠯᠡᠯᠲᠠ᠂ ᠭᠠᠳᠠᠭᠠᠳᠤ ᠶᠠᠪᠤᠳᠠᠯ᠂ ᠬᠠᠷᠢᠶᠠᠲᠤ ᠶᠢᠨ ᠶᠠᠪᠤᠳᠠᠯ᠂ | ᠳᠠᠩᠰᠠ ᠡᠪᠬᠡᠮᠡᠯ ᠵᠡᠷᠭᠡ ᠠᠵᠢᠯ ᠪᠤᠯᠤᠨ ᠤᠯᠠᠭᠠᠨ ᠵᠠᠭᠠᠯᠮᠠᠶᠢᠲᠠᠨ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ | ᠨᠠᠰᠤᠵᠢᠯ ᠵᠡᠷᠭᠡ ᠦᠢᠯᠡᠰ ᠨᠢ ᠴᠤ ᠰᠢᠨ᠎ᠡ ᠠᠮᠵᠢᠯᠲᠠ ᠤᠯᠵᠠᠢ᠃ | ᠲᠦᠯᠦᠭᠡᠯᠡᠭᠴᠢᠳ ᠡ᠂ ᠦᠩᠭᠡᠷᠡᠬᠦ ᠨᠢᠭᠡ ᠵᠢᠯ ᠲᠤ᠂ ᠪᠢᠳᠡ ᠡᠯ᠎ᠡ ᠵᠦᠢᠯ ᠤᠨ ᠲᠦᠭᠰᠢᠭᠦᠷᠢ ᠶᠢ ᠪᠦᠲᠤᠮᠵᠢᠲᠠᠢ | ᠠᠷᠭᠠᠴᠠᠭᠠᠨ᠂ ᠡᠭᠡᠳᠡᠷᠡᠭᠡᠨ ᠪᠤᠳᠤᠯᠢᠶᠠᠨ ᠲᠠᠢ ᠠᠰᠠᠭᠤᠳᠠᠯ ᠤᠳ ᠢ ᠬᠦᠴᠤᠯᠡᠨ ᠰᠢᠢᠳᠪᠤᠷᠢᠯᠡᠵᠤ᠂ ᠰᠢᠰᠲ᠋ᠧᠮᠵᠢᠳᠦ | ᠴᠢᠨᠠᠷ ᠲᠠᠢ ᠦᠷᠢ ᠦᠭᠴᠡᠭᠡᠨ ᠤ ᠲᠦᠭᠰᠢᠭᠦᠷᠢ ᠶᠢ ᠰᠡᠷᠭᠡᠶᠢᠯᠡᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ | ᠰᠢᠪᠲᠤᠯᠬᠤ ᠲᠠᠶᠢᠨ ᠳᠤ ᠱᠠᠳᠤᠴᠢ ᠦᠶ᠎ᠡ ᠶᠢᠨ ᠴᠢᠨᠠᠷᠲᠠᠢ ᠠᠮᠵᠢᠯᠲᠠ ᠶᠢ ᠤᠯᠵᠤ᠂ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠲᠤᠮᠲᠠᠬᠢ ᠠᠷᠬᠠᠭ ᠭᠡᠮ ᠢ ᠰᠢᠢᠳᠪᠤᠷᠢᠯᠡᠨ᠂ ᠠᠯᠢ ᠤᠯᠠᠨ ᠨᠡᠶᠢᠭᠡᠮ ᠤᠨ ᠵᠦᠷᠢᠴᠡᠯ | ᠮᠦᠷᠬᠦᠯᠳᠦᠬᠡᠨ ᠢ ᠦᠭᠡᠶᠢᠰᠭᠡᠭᠰᠡᠨ ᠪᠠᠶᠢᠨ᠎ᠠ᠃ ᠡᠳᠡᠭᠡᠷ ᠦᠷ᠎ᠡ ᠪᠦᠲᠤᠮᠵᠢ ᠨᠢ᠂ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ | ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠨ ᠲᠡᠮᠵᠢᠭᠰᠡᠨ ᠤ | ᠦᠷ᠎ᠡ ᠳ᠋ᠦᠩ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ᠤᠨ ᠦᠷᠭᠡᠨ ᠤᠯᠠᠨ ᠺᠠᠳ᠋ᠷᠴᠤᠳ ᠤᠨ | ᠬᠦᠴᠢᠷ ᠪᠡᠷᠬᠡ ᠶᠢ ᠢᠯᠠᠨ ᠲᠠᠪᠠᠭᠰᠠᠨ ᠤ ᠦᠷ᠎ᠡ ᠳ᠋ᠦᠩ ᠶᠤᠮ᠂ ᠮᠦᠨ ᠴᠤ ᠪᠦᠬᠦ ᠬᠤᠰᠢᠭᠤᠨ ᠤ ᠡᠯ᠎ᠡ | ᠦᠨᠳᠤᠰᠤᠲᠡᠨ ᠤ ᠠᠷᠠᠳ ᠲᠦᠮᠡᠨ ᠤ ᠪᠦᠯᠬᠦᠮᠳᠡᠨ ᠨᠢᠭ᠌ᠲᠡᠷᠡᠵᠤ᠂ ᠬᠦᠴᠤᠯᠡᠨ ᠴᠢᠷᠮᠠᠶᠢᠭᠰᠠᠨ ᠤ ᠦᠷ᠎ᠡ ᠳ᠋ᠦᠩ ᠶᠤᠮ | ᠃ ᠠᠳᠡ ᠪᠢ᠂ ᠬᠤᠰᠢᠭᠤ ᠵᠠᠰᠠᠭ ᠤᠨ ᠤᠷᠳᠤᠨ ᠢ ᠲᠦᠯᠦᠭᠡᠯᠡᠨ᠂ ᠪᠦᠬᠦ ᠬᠤᠰᠢᠭᠤᠨ ᠤ ᠡᠯ᠎ᠡ ᠦᠨᠳᠤᠰᠤᠲᠡᠨ ᠤ | ᠠᠷᠠᠳ ᠲᠦᠮᠡᠨ᠂ ᠳᠦᠷᠪᠡᠳ ᠬᠤᠰᠢᠭᠤᠨ ᠤ ᠪᠦᠳᠤᠭᠡᠨ ᠪᠠᠶᠢᠭᠤᠯᠤᠯᠲᠠ ᠪᠠ ᠬᠦᠭᠵᠢᠯᠲᠠ ᠶᠢ ᠠᠩᠬᠠᠷᠤᠨ | ᠳᠡᠳᠬᠦᠵᠤ ᠪᠠᠶᠢᠭ᠎ᠠ ᠪᠤᠢ ᠪᠦᠬᠦᠢ ᠨᠠᠶᠢᠵᠠ ᠨᠦᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠬᠢᠷᠢ ᠪᠦᠳᠤᠮᠵᠢ ᠪᠠᠨ ᠳ᠋ᠦᠩᠨᠡᠬᠦ ᠶᠢᠨ ᠬᠠᠮᠲᠤ᠂ ᠵᠠᠰᠠᠭ ᠤᠨ ᠤᠷᠳᠤᠨ ᠤ ᠠᠵᠢᠯ ᠨᠢ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠤᠷᠳᠤᠨ ᠤ ᠱᠠᠭᠠᠷᠳᠠᠯᠭ᠎ᠠ᠂ ᠪᠦᠬᠦ ᠬᠤᠰᠢᠭᠤᠨ ᠤ ᠠᠷᠠᠳ ᠲᠦᠮᠡᠨ ᠤ ᠬᠦᠰᠡᠵᠤ ᠪᠠᠶᠢᠭ᠎ᠠ | ᠠᠵᠠ ᠵᠢᠷᠭᠠᠯᠲᠤ ᠠᠮᠢᠳᠤᠷᠠᠯ ᠠᠴᠠ ᠵᠤᠬᠢᠬᠤ ᠬᠡᠮᠵᠢᠶᠠᠨ ᠤ ᠵᠦᠷᠢᠶ᠎ᠠ ᠲᠠᠢ ᠪᠠᠶᠢᠬᠤ ᠪᠦᠭᠡᠳ ᠪᠠᠭ᠎ᠠ ᠪᠤᠰᠤ ᠬᠦᠴᠢᠷ | ᠰᠠᠭᠠᠳ ᠪᠠ ᠬᠠᠳᠠᠭᠤ ᠰᠤᠷᠢᠯᠲᠠ ᠲᠤᠯᠭᠠᠷᠠᠵᠤ ᠪᠠᠶᠢᠬᠤ ᠶᠢ ᠪᠢᠳᠡ ᠰᠡᠷᠭᠡᠭ ᠢᠶᠠᠷ ᠤᠶᠢᠯᠠᠭᠠᠵᠤ ᠮᠡᠳᠡᠬᠦ ᠬᠡᠷᠡᠭᠳᠠᠢ᠃ | ᠭᠤᠤᠯ ᠢᠯᠡᠷᠡᠯ ᠨᠢ᠄ ᠭᠤᠷᠪᠠᠨ ᠶᠡᠭᠡ ᠰᠢᠪᠳᠤᠯᠤᠯᠲᠡ ᠶᠢᠨ ᠲᠠᠶᠢᠯᠠᠯᠳᠤᠭᠠᠨ ᠳᠤ ᠦᠷᠭᠦᠯᠵᠢᠯᠡᠨ ᠴᠢᠷᠮᠠᠶᠢᠬᠤ | ᠴᠢᠬᠤᠯᠠ ᠲᠠᠢ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠪᠠᠶᠢᠩᠭᠤ ᠶᠢᠨ ᠲᠤᠭᠲᠠᠯᠴᠠᠭ᠎ᠠ | ᠲᠡᠭᠦᠯᠳᠡᠷ ᠪᠤᠰᠤ᠂ ᠠᠵᠤ ᠤᠶᠢᠯᠡᠰ ᠤᠨ ᠬᠦᠭᠵᠢᠯᠲᠡ ᠶᠢᠨ ᠰᠠᠭᠤᠷᠢ ᠪᠠᠰᠠ ᠪᠠᠭᠤᠷᠠᠢ ᠪᠠᠶᠢᠭ᠎ᠠ ᠶᠤᠮ᠃ ᠵᠠᠰᠠᠭ ᠤᠨ | ᠤᠷᠳᠤᠨ ᠤ ᠦᠷᠢ ᠦᠭᠴᠡᠭᠡ ᠪᠠᠨ ᠰᠢᠢᠳᠪᠤᠷᠢᠯᠡᠬᠦ ᠠᠷᠭ᠎ᠠ ᠵᠠᠮ ᠲᠠᠩ ᠴᠤᠯᠭᠤᠢ᠂ ᠲᠠᠷᠤᠯᠲᠠ ᠶᠡᠭᠡ᠃ ᠭᠠᠶᠢᠯᠢ ᠶᠢᠨ | ᠢᠷᠡᠯᠲᠡ ᠶᠢᠨ ᠰᠠᠭᠤᠷᠢ ᠨᠢᠮᠭᠡᠨ᠂ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠠᠯᠭᠤᠷ ᠤᠳᠠᠭᠠᠨ᠃ ᠠᠵᠤ | ᠤᠶᠢᠯᠡᠳᠪᠤᠷᠢ ᠶᠢᠨ ᠬᠦᠷᠢᠶᠡᠯᠡᠩ ᠤᠨ ᠰᠠᠭᠤᠷᠢ ᠲᠦᠬᠦᠭᠡᠷᠤᠮᠵᠢ ᠶᠢ ᠮᠦᠨ ᠬᠦ ᠲᠡᠭᠦᠯᠳᠡᠷᠵᠢᠭᠦᠯᠬᠦ ᠴᠢᠬᠤᠯᠠ ᠲᠠᠢ᠂ | ᠲᠦᠷᠦᠯ ᠵᠦᠢᠯ ᠤᠨ ᠳᠠᠭᠠᠭᠠᠨ ᠠᠪᠬᠤ ᠴᠢᠳᠠᠪᠤᠷᠢ ᠳᠤᠷᠤᠢ᠃ ᠶᠡᠭᠡ ᠲᠦᠷᠦᠯ ᠵᠦᠢᠯ ᠤᠨ ᠬᠠᠳᠠᠭᠠᠯᠠᠭᠳᠠᠴᠠ | ᠲᠤᠲᠠᠮᠠᠭ᠂ ᠠᠵᠤ ᠠᠬᠤᠢ ᠶᠢᠨ ᠴᠢᠨᠠᠷᠯᠢᠭ ᠰᠢᠯᠵᠢᠯᠲᠠ ᠶᠢᠨ ᠬᠦᠭᠵᠢᠬᠦ ᠬᠦᠴᠤᠨ ᠮᠡᠭᠦᠰ ᠪᠠ ᠤᠬᠢ ᠰᠢᠯᠢᠳᠡᠭ | ᠰᠤᠷᠭᠠᠨ ᠬᠦᠮᠤᠵᠢᠯ ᠤᠨ ᠡᠬᠢ ᠪᠠᠶᠠᠯᠢᠭ ᠲᠤᠲᠠᠮᠠᠭ ᠪᠠᠶᠢᠵᠤ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠠᠷᠤᠢ | ᠲᠦᠷᠭᠡᠨ ᠳᠡᠭᠡᠭᠰᠢᠯᠡᠭᠦᠯᠬᠦ ᠬᠡᠷᠡᠭᠳᠠᠢ᠃ ᠠᠷᠠᠳ ᠲᠦᠮᠡᠨ ᠤ ᠠᠩᠬᠠᠷᠴᠤ ᠪᠠᠶᠢᠭ᠎ᠠ ᠡᠮᠴᠢᠯᠡᠭᠡ᠂ ᠲᠤᠯᠠᠭᠠᠯᠠᠭ᠎ᠠ᠂ ᠠᠳᠠᠯ | ᠠᠬᠤᠢ ᠶᠢᠨ ᠤᠶᠢᠯᠡᠴᠢᠯᠡᠭᠡ ᠵᠡᠷᠭᠡ ᠲᠠᠯ᠎ᠠ ᠪᠠ ᠭᠦᠢᠴᠡᠳᠭᠡ ᠦᠭᠡᠢ ᠠᠵᠢᠯ ᠠᠷᠪᠢᠨ ᠪᠠᠶᠢᠭᠰᠠᠭᠠᠷ ᠶᠤᠮ᠃ | ᠠᠷᠠᠯᠵᠢᠶᠠᠨ ᠤ ᠤᠷᠴᠢᠨ ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠪᠠ ᠠᠮᠢ ᠠᠬᠤᠢ ᠶᠢᠨ ᠤᠷᠴᠢᠨ | ᠲᠤᠭᠤᠷᠢᠨ ᠢ ᠬᠠᠮᠠᠭᠠᠯᠠᠬᠤ ᠡᠭᠦᠷᠭᠡ ᠬᠦᠨᠲᠤ ᠵᠠᠮ ᠬᠤᠯᠠ ᠶᠤᠮ᠃ ᠡᠭᠦᠨ ᠳᠤ ᠪᠢᠳᠡ᠂ ᠡᠷᠬᠡᠪᠰᠢ ᠳᠡᠭᠡᠲᠤ ᠬᠡᠮᠵᠢᠶ᠎ᠡ | ᠪᠠᠷ ᠴᠢᠬᠤᠯᠠᠴᠢᠯᠠᠨ ᠦᠵᠡᠵᠦ᠂ ᠵᠤᠬᠢᠰᠲᠠᠢ ᠠᠷᠭ᠎ᠠ ᠬᠡᠮᠵᠢᠶ᠎ᠠ ᠠᠪᠴᠤ᠂ ᠦᠨᠡᠨᠬᠦ ᠰᠢᠢᠳᠪᠤᠷᠢᠯᠡᠬᠦ ᠬᠡᠷᠡᠭᠲᠠᠢ ᠶᠤᠮ᠃ | ᠬᠤᠶᠠᠷ᠂ 2019 ᠤᠨ ᠤ ᠠᠵᠢᠯ ᠤᠨ ᠪᠠᠶᠢᠷᠢᠯᠠᠭᠤᠯᠤᠯᠲᠠ | 2019 ᠤᠨ ᠪᠤᠯ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠮᠦᠨ ᠴᠤ ᠶᠠᠳᠠᠭᠤ | ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠵᠤ᠂ ᠴᠢᠨᠠᠷ ᠰᠠᠶᠢᠳᠠᠢ | ᠬᠦᠭᠵᠢᠯᠲᠡ ᠶᠢ ᠪᠡᠶᠡᠯᠡᠬᠦᠯᠬᠦ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠴᠤᠭᠴᠠᠯᠠᠨ ᠪᠠᠶᠢᠭᠤᠯᠬᠤ ᠵᠠᠩᠭᠢᠯᠠᠭ᠎ᠠ ᠶᠢᠨ | ᠵᠢᠯ ᠶᠤᠮ᠃ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ | ᠪᠦᠭᠦᠲᠡ ᠬᠤᠷᠠᠯ ᠤᠨ ᠵᠤᠷᠢᠭ ᠰᠠᠨᠠᠭ᠎ᠠ ᠶᠢ ᠦᠨᠳᠤᠰᠤᠯᠡᠪᠡᠯ᠂ ᠦᠨᠦ ᠵᠢᠯ ᠤᠨ ᠵᠠᠰᠠᠭ ᠤᠨ ᠤᠷᠳᠤᠨ ᠤ ᠠᠵᠢᠯ ᠤᠨ | ᠭᠤᠤᠯ ᠱᠠᠭᠠᠷᠲᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠲᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠲᠦᠪ ᠤᠨ ᠰᠢᠷᠢᠰ ᠪᠤᠳᠤᠯᠭ᠎ᠠ | ᠪᠠᠶᠢᠷᠢᠯᠠᠭᠤᠯᠤᠯᠲᠠ ᠶᠢ ᠡᠷᠡᠰ ᠴᠢᠩᠭ᠎ᠠ ᠭᠤᠶᠢᠪᠢᠰᠢ ᠦᠭᠡᠢ ᠨᠠᠶᠢᠳᠠᠪᠤᠷᠢᠵᠢᠭᠤᠯᠤᠨ ᠲᠤᠤᠱᠯᠠᠭᠤᠯᠵᠤ᠂ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠲᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠬᠤᠰᠢᠭᠤᠵᠢᠯᠲᠠ︾ ᠶᠢᠨ ᠬᠦᠭᠵᠢᠯᠲᠡ ᠶᠢᠨ ᠪᠠᠶᠢᠯᠳᠤᠬᠤ | ᠪᠤᠳᠤᠯᠭ᠎ᠠ ᠶᠢᠨ ᠬᠠᠷᠠᠯᠲᠠ ᠶᠢᠨ ᠲᠤᠭᠤᠷᠢᠨ ᠳᠤ ᠨᠢᠭᠲᠠᠷᠠᠵᠤ᠂ ᠲᠤᠭᠳᠠᠭᠤᠨ ᠢᠶᠠᠷ ᠤᠷᠤᠭᠰᠢᠯᠠᠬᠤ ᠭᠤᠤᠯ ᠰᠠᠨᠠᠭ᠎ᠠ | ᠶᠢ ᠪᠠᠷᠢᠮᠲᠠᠯᠠᠵᠤ᠂ ᠰᠢᠨ᠎ᠡ ᠬᠦᠭᠵᠢᠯᠲᠡ ᠶᠢ ᠪᠡᠶᠡᠯᠡᠭᠦᠯᠦᠨ᠂ ᠴᠢᠨᠡᠭᠡᠯᠢᠭ ᠨᠠᠶᠢᠭᠡᠮ ᠢ ᠪᠦᠳᠤᠭᠡᠨ ᠪᠠᠶᠢᠭᠤᠯᠵᠤ᠂ ᠠᠵᠤ | ᠤᠶᠢᠯᠡᠰ ᠤᠨ ᠪᠦᠳᠤᠴᠡ ᠶᠢ ᠲᠤᠬᠢᠷᠠᠭᠤᠯᠤᠨ᠂ ᠬᠦᠳᠡᠭᠡ ᠲᠤᠰᠬᠤᠨ ᠤ ᠬᠦᠭᠵᠢᠯᠲᠡ ᠶᠢ ᠠᠬᠢᠭᠤᠯᠵᠤ᠂ ᠠᠷᠠᠳ | ᠳᠦᠮᠡᠨ ᠤ ᠬᠦᠰᠡᠯ ᠡᠷᠡᠮᠡᠯᠵᠡᠯ ᠳᠤ ᠵᠤᠬᠢᠴᠠᠭᠤᠯᠤᠨ᠂ ᠨᠠᠮ ᠤᠨ ᠪᠠᠶᠢᠭᠤᠯᠤᠯᠲᠠ ᠶᠢ ᠪᠠᠳᠤᠵᠢᠭᠤᠯᠤᠨ ᠴᠢᠩᠭᠠᠳᠬᠠᠵᠤ | ᠂ ᠢᠳᠡᠭᠡᠯ ᠲᠡᠭᠦᠯᠳᠡᠷ ᠢᠶᠠᠷ ᠬᠦᠴᠢᠷ ᠢ ᠰᠦᠷᠤᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠳᠡᠭᠡᠲᠤ ᠬᠡᠮᠵᠢᠶ᠎ᠡ | ᠪᠠᠷ ᠬᠦᠭᠵᠢᠬᠦ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠲᠦᠯᠦᠪᠵᠢᠭᠦᠯᠦᠭᠰᠡᠨ ᠭᠤᠤᠯ ᠬᠠᠷᠠᠯᠲᠠ᠄ ᠤᠷᠤᠨ ᠨᠤᠳᠤᠭ ᠤᠨ ᠤᠶᠢᠯᠡᠳᠪᠤᠷᠢᠯᠡᠯ ᠤᠨ ᠶᠡᠷᠤᠩᠬᠡᠢ ᠦᠷᠲᠡᠭ | ᠤᠨ ᠨᠡᠮᠡᠭᠳᠡᠯ ᠢ 5%᠂ ᠲᠤᠭᠲᠠᠮᠠᠯ ᠡᠳ᠋ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠢ 9%᠂ ᠡᠩ | ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠶᠢᠨ ᠨᠡᠮᠡᠭᠳᠡᠯ ᠢ 5%᠂ ᠬᠡᠪᠴᠢᠶᠡᠵᠢᠯ ᠠᠴᠠ ᠳᠡᠭᠡᠭᠰᠢᠬᠢ | ᠠᠵᠤ ᠤᠶᠢᠯᠡᠳᠪᠤᠷᠢ ᠶᠢᠨ ᠨᠡᠮᠡᠭᠳᠡᠯ ᠦᠷᠲᠡᠭ ᠤᠨ ᠨᠡᠮᠡᠭᠳᠡᠯ ᠢ 9%᠂ ᠨᠡᠶᠢᠭᠡᠮ ᠤᠨ ᠬᠡᠷᠡᠭᠯᠡᠭᠡᠨ ᠤ ᠪᠤᠳᠠᠰ ᠢ | ᠰᠢᠷᠬᠡᠭᠯᠡᠨ ᠪᠤᠷᠤᠯᠠᠭᠤᠯᠬᠤ ᠶᠡᠷᠤᠩᠬᠡᠢ ᠲᠤᠭᠠᠨ ᠤ ᠨᠡᠮᠡᠭᠳᠡᠯ ᠢ 10%᠂ ᠬᠤᠲᠠ ᠪᠠᠯᠭᠠᠰᠤᠨ ᠤ ᠰᠠᠭᠤᠭᠠᠯᠢ ᠠᠷᠠᠳ | ᠪᠤᠯᠤᠨ ᠮᠠᠯᠴᠢᠨ ᠲᠠᠷᠢᠶᠠᠴᠢᠨ ᠤ ᠬᠦᠮᠤᠨ ᠲᠤᠮᠳᠠᠴᠢ ᠶᠢᠨ ᠡᠵᠡᠮᠳᠡᠵᠤ ᠪᠤᠯᠬᠤᠶᠢᠴᠠ ᠤᠷᠤᠯᠭ᠎ᠠ ᠶᠢ ᠲᠤᠰ ᠲᠤᠰ 7. | 5% ᠪᠠ 8% ᠪᠠᠷ ᠨᠡᠮᠡᠭᠳᠡᠭᠦᠯᠦᠨ᠎ᠡ᠃ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ᠡᠭᠦᠷᠭᠡ ᠶᠢ ᠬᠤᠲᠠ ᠶᠢᠨ | ᠵᠠᠰᠠᠭ ᠤᠨ ᠤᠷᠳᠤᠨ ᠠᠴᠠ ᠪᠠᠭᠤᠯᠭᠠᠭᠰᠠᠨ ᠬᠠᠷᠠᠯᠲᠠ ᠶᠢᠨ ᠬᠡᠪᠴᠢᠶᠡᠨ ᠳᠤᠲᠤᠷ᠎ᠠ ᠡᠵᠡᠮᠳᠡᠬᠦ ᠵᠡᠷᠭᠡ ᠪᠤᠯᠤᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠬᠦᠯᠬᠦ ᠶᠢᠨ ᠲᠤᠯᠠᠲᠠ᠂ ᠪᠢᠳᠡ ᠲᠤᠯᠤᠭᠠᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠠᠳᠬᠤᠬᠤ ᠬᠡᠷᠡᠭᠳᠠᠢ᠃ | ︵ᠨᠢᠭᠡ︶ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠳᠤᠷ ᠬᠢᠵᠤ᠂ ᠠᠵᠤ ᠠᠬᠤᠢ ᠶᠢᠨ | ᠬᠦᠭᠵᠢᠯᠲᠡ ᠶᠢᠨ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠦᠨ᠎ᠡ᠃ | ᠬᠦᠴᠤᠨ ᠢᠶᠠᠨ ᠲᠦᠪᠯᠡᠷᠡᠭᠦᠯᠦᠨ᠂ ᠴᠢᠳᠠᠯ ᠢᠶᠠᠨ ᠰᠤᠷᠢᠵᠤ᠂ ᠬᠦᠨᠲᠤ ᠴᠢᠬᠤᠯᠠ ᠲᠦᠭᠰᠢᠭᠦᠷᠢ ᠶᠢ ᠪᠦᠲᠤᠮᠵᠢᠲᠠᠢ | ᠰᠡᠷᠭᠡᠶᠢᠯᠡᠬᠦ ᠶᠢ ᠪᠠᠳᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ ᠪᠦᠬᠦ ᠲᠠᠯ᠎ᠠ ᠪᠠᠷ | ᠪᠡᠶᠡᠯᠡᠬᠦᠯᠤᠨ᠂ ᠠᠮᠢ ᠠᠬᠤᠢ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢᠨ ᠦᠷᠭᠦᠯᠵᠢ ᠶᠢᠨ ᠴᠢᠨᠠᠷᠲᠠᠢ | ᠰᠠᠶᠢᠵᠢᠷᠠᠬᠤ ᠶᠢ ᠪᠠᠳᠤᠯᠠᠨ᠎ᠠ᠃ | ᠬᠦᠨᠳᠤ ᠴᠢᠬᠤᠯᠠ ᠲᠦᠭᠰᠢᠭᠦᠷᠢ ᠶᠢ ᠦᠭᠡᠶᠢᠰᠭᠡᠨ ᠰᠢᠢᠳᠪᠤᠷᠢᠯᠡᠬᠦ ᠰᠢᠪᠲᠤᠯᠤᠯᠲᠠ ᠶᠢᠨ ᠳᠠᠶᠢᠯᠠᠯᠳᠤᠭᠠᠨ ᠢ | ᠰᠠᠶᠢᠳᠤᠷ ᠬᠢᠨ᠎ᠠ᠃ ᠵᠠᠰᠠᠭ ᠤᠨ ᠤᠷᠳᠤᠨ ᠤ ᠦᠷᠢ ᠦᠭᠴᠡᠭᠡᠨ ᠤ ᠠᠰᠠᠭᠤᠳᠠᠯ ᠢ ᠦᠨᠡᠨᠬᠦ ᠳᠦᠷᠢᠮᠵᠢᠭᠦᠯᠵᠤ᠂ | ᠵᠠᠰᠠᠭ ᠤᠨ ᠤᠷᠳᠤᠨ ᠤ ᠦᠷᠢ ᠦᠭᠴᠡᠭᠡᠨ ᠤ ᠲᠦᠭᠰᠢᠭᠦᠷᠢ ᠢ ᠪᠦᠲᠤᠮᠵᠢᠲᠠᠢ ᠦᠭᠡᠶᠢᠰᠬᠡᠨ ᠰᠢᠢᠳᠪᠤᠷᠢᠯᠡᠨ᠎ᠡ᠃ | ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ ᠦᠷᠢ ᠦᠭᠴᠡᠭᠡᠨ ᠤ ᠲᠦᠭᠰᠢᠭᠦᠷᠢ ᠶᠢᠨ | ᠦᠨᠡᠯᠡᠨ ᠵᠢᠱᠢᠯᠲᠠ ᠪᠠ ᠬᠠᠤᠯᠢ ᠶᠤᠰᠤᠨ ᠤ ᠬᠢᠨᠠᠨ ᠪᠠᠶᠢᠴᠠᠭᠠᠯᠲᠠ ᠶᠢ ᠡᠷᠡᠰ ᠴᠢᠩᠭ᠎ᠠ ᠲᠤᠤᠱᠯᠠᠭᠤᠯᠵᠤ᠂ ᠵᠠᠰᠠᠭ ᠤᠨ | ᠤᠷᠳᠤᠨ ᠪᠤᠯᠤᠨ ᠨᠡᠶᠢᠭᠡᠮ ᠤᠨ ᠪᠡᠯᠡ ᠬᠦᠷᠤᠩᠭᠡ ᠶᠢᠨ ᠬᠠᠮᠲᠤ ᠶᠢᠨ ᠠᠵᠢᠯᠯᠠᠭᠠᠨ ᠢ ᠳᠦᠷᠢᠮᠵᠢᠭᠦᠯᠤᠨ᠂ ᠮᠦᠩᠭᠦᠨ | ᠭᠦᠢᠯᠭᠡᠭᠡᠨ ᠤ ᠲᠦᠭᠰᠢᠭᠦᠷᠢ ᠶᠢ ᠪᠦᠲᠤᠮᠵᠢᠲᠠᠢ ᠰᠡᠷᠭᠡᠶᠢᠯᠡᠨ᠎ᠡ᠃ ᠠᠷᠠᠯᠵᠢᠶᠠᠴᠢᠨ ᠤᠷᠢᠨ ᠪᠡᠯᠡ ᠤᠷᠤᠭᠤᠯᠬᠤ ᠪᠠ | ᠰᠢᠨ᠎ᠡ ᠲᠦᠷᠦᠯ ᠵᠦᠢᠯ ᠤᠨ ᠪᠠᠶᠢᠭᠤᠯᠤᠯᠲᠠ ᠶᠢᠨ ᠬᠦᠴᠤᠯᠡᠴᠡ ᠶᠢ ᠦᠨᠡᠨᠬᠦ ᠴᠢᠩᠭᠠᠳᠬᠠᠨ᠂ ᠭᠠᠶᠢᠯᠢ ᠶᠢᠨ ᠢᠷᠡᠯᠲᠡ | ᠶᠢᠨ ᠨᠡᠮᠡᠭᠳᠡᠯ ᠢ ᠢᠳᠡᠪᠬᠢᠲᠠᠢ ᠪᠤᠢ ᠪᠤᠯᠭᠠᠵᠤ᠂ ᠡᠳ᠋ ᠤᠨ ᠵᠠᠰᠠᠭ ᠤᠨ ᠤᠷᠤᠯᠭ᠎ᠠ ᠶᠢ ᠨᠡᠮᠡᠭᠳᠡᠭᠦᠯᠦᠨ᠂ ᠦᠷᠢ ᠰᠢᠷᠢ | ᠪᠠᠨ ᠲᠦᠯᠦᠬᠦ ᠴᠢᠳᠠᠪᠤᠷᠢ ᠶᠢ ᠨᠡᠮᠡᠭᠳᠡᠭᠦᠯᠦᠨ᠎ᠡ᠃ ᠤᠯᠤᠰ ᠤᠨ ᠡᠬᠢ ᠪᠠᠶᠠᠯᠢᠭ ᠤᠨ ᠪᠡᠯᠡ ᠤᠷᠤᠭᠤᠯᠤᠯᠲᠠ ᠶᠢᠨ | ᠺᠤᠮᠫᠠᠨᠢ ᠶᠢᠨ ᠵᠠᠬ᠎ᠠ ᠳᠡᠯᠭᠡᠭᠦᠷ ᠤᠨ ᠰᠢᠯᠵᠢᠯᠲᠡ ᠶᠢ ᠠᠬᠢᠭᠤᠯᠵᠤ᠂ ᠤᠯᠤᠰ ᠤᠨ ᠦᠮᠴᠢᠯᠡᠯᠳᠤ ᠬᠦᠷᠤᠩᠭᠡ ᠶᠢᠨ | ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠠᠤᠯᠢ ᠪᠤᠰᠤ ᠮᠦᠩᠭᠦᠨ ᠭᠦᠢᠯᠭᠡᠭᠡᠨ ᠤ ᠠᠵᠢᠯᠯᠠᠭᠠᠨ ᠳᠤ | ᠡᠷᠡᠰ ᠴᠢᠩᠭ᠎ᠠ ᠴᠤᠬᠢᠯᠲᠠ ᠦᠭᠴᠤ᠂ ᠮᠦᠩᠭᠦ ᠴᠤᠭᠯᠠᠭᠤᠯᠬᠤ ᠳᠠᠭᠠᠭᠠᠯᠲᠠ ᠶᠢᠨ ᠪᠠᠶᠢᠭᠤᠯᠤᠮᠵᠢ᠂ ᠰᠤᠯᠢᠯᠴᠠᠭᠠᠨ ᠤ | ᠵᠠᠬ᠎ᠠ ᠳᠡᠯᠭᠡᠬᠦᠷ᠂ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠵᠡᠷᠭᠡ ᠭᠠᠵᠠᠷ ᠲᠤ ᠶᠡᠭᠡ ᠪᠠᠷ ᠴᠡᠭᠴᠡᠯᠡᠯᠳᠡ ᠬᠢᠵᠤ᠂ | ᠰᠦᠯᠵᠢᠶᠡᠨ ᠤ ᠮᠦᠩᠭᠦᠨ ᠭᠦᠢᠯᠭᠡᠭᠡᠨ ᠤ ᠲᠦᠭᠰᠢᠭᠦᠷᠢ ᠶᠢᠨ ᠵᠢᠭᠰᠠᠭᠠᠨ ᠪᠠᠶᠢᠴᠠᠭᠠᠯᠲᠠ ᠶᠢ ᠴᠢᠩᠭᠠᠳᠬᠠᠨ᠂ ᠤᠷᠤᠨ | ᠪᠦᠰᠡ ᠶᠢᠨ ᠴᠢᠨᠠᠷᠲᠠᠢ ᠰᠢᠰᠲ᠋ᠧᠮᠲᠤ ᠴᠢᠨᠠᠷᠲᠠᠢ ᠮᠦᠩᠭᠦᠨ ᠭᠦᠢᠯᠭᠡᠭᠡᠨ ᠤ ᠲᠦᠭᠰᠢᠭᠦᠷᠢ ᠶᠢ ᠡᠷᠡᠰ ᠴᠢᠩᠭ᠎ᠠ | ᠰᠡᠷᠭᠡᠶᠢᠯᠡᠨ ᠦᠭᠡᠶᠢᠰᠬᠡᠨ᠎ᠡ᠃ ᠨᠡᠶᠢᠭᠡᠮ ᠤᠨ ᠠᠮᠤᠷ ᠲᠤᠭᠲᠠᠭᠤᠨ ᠪᠠᠶᠢᠳᠠᠯ ᠢ ᠴᠢᠩᠭ᠎ᠠ ᠰᠠᠬᠢᠵᠤ᠂ ᠠᠶᠤᠯᠭᠦᠢ | ᠤᠶᠢᠯᠡᠳᠪᠦᠷᠢᠯᠡᠬᠦ ᠪᠠ ᠲᠤᠤᠷ ᠰᠦᠯᠵᠢᠶᠡᠨ ᠤ ᠶᠠᠷᠢᠶ᠎ᠠ ᠬᠡᠯᠡᠯᠴᠡᠭᠡ ᠵᠡᠷᠭᠡ ᠬᠦᠷᠢᠶ᠎ᠡ ᠴᠠᠷ᠎ᠠ ᠶᠢᠨ ᠬᠦᠨᠲᠤ ᠴᠢᠬᠤᠯᠠ | ᠲᠦᠭᠰᠢᠭᠦᠷᠢ ᠶᠢᠨ ᠭᠡᠮ ᠠᠷᠬᠠᠭ ᠤᠨ ᠵᠢᠭᠰᠠᠭᠠᠨ ᠪᠠᠶᠢᠴᠠᠭᠠᠯᠲᠠ ᠶᠢ ᠴᠢᠩᠭᠠᠳᠬᠠᠵᠤ᠂ ᠬᠦᠨᠲᠤ ᠶᠡᠭᠡ | ᠤᠶᠢᠯᠡᠳᠪᠦᠷᠢᠯᠡᠯ ᠤᠨ ᠠᠳᠡᠯ ᠤᠰᠤᠯ ᠢ ᠡᠷᠡᠰ ᠴᠢᠩᠭ᠎ᠠ ᠬᠤᠷᠢᠭᠯᠠᠨ ᠰᠡᠷᠭᠡᠶᠢᠯᠡᠨ᠎ᠡ᠃ ᠪᠠᠴᠢᠮ ᠢ ᠠᠷᠭᠠᠴᠠᠭᠠᠬᠤ | ᠬᠠᠮᠢᠶᠠᠷᠤᠯᠲᠠ ᠶᠢ ᠴᠢᠩᠭᠠᠳᠬᠠᠨ᠂ ᠪᠠᠴᠢᠮ ᠢ ᠠᠷᠭᠠᠴᠠᠭᠠᠨ ᠰᠢᠢᠳᠪᠤᠷᠢᠯᠡᠬᠦ ᠪᠠ ᠪᠠᠴᠢᠮ ᠢ ᠠᠷᠭᠠᠴᠠᠭᠠᠨ ᠠᠪᠤᠷᠠᠯᠲᠠ | ᠬᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠤᠶᠢᠯᠡᠴᠢᠯᠡᠭᠡᠨ᠂ ᠵᠠᠮ ᠬᠠᠷᠢᠯᠴᠠᠭ᠎ᠠ᠂ ᠦᠶᠡᠷ ᠢ | ᠰᠡᠷᠭᠡᠶᠢᠯᠡᠵᠤ ᠭᠠᠩ ᠲᠠᠢ ᠲᠡᠮᠡᠴᠡᠬᠦ᠂ ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠵᠡᠷᠭᠡ ᠠᠵᠢᠯ ᠢ ᠪᠦᠬᠦ | ᠲᠠᠯ᠎ᠠ ᠪᠠᠷ ᠴᠢᠩᠭ᠎ᠠ ᠠᠳᠬᠤᠵᠤ᠂ ᠠᠷᠠᠳ ᠲᠦᠮᠡᠨ ᠤ ᠠᠮᠢ ᠨᠠᠰᠤ ᠡᠳ᠋ ᠬᠤᠭᠰᠢᠯ ᠤᠨ ᠠᠮᠤᠷ ᠲᠦᠪᠰᠢᠨ ᠢ | ᠪᠠᠳᠤᠯᠠᠨ᠎ᠠ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠳᠤᠷ ᠬᠢᠨ᠎ᠠ᠃ ︽ᠬᠤᠶᠠᠷ | ᠲᠤ ᠵᠤᠪᠠᠭ᠋ᠤ ᠦᠭᠡᠢ᠂ ᠭᠤᠷᠪᠠᠨ ᠪᠠᠳᠤᠯᠠᠭ᠎ᠠ ᠲᠠᠢ︾ ᠶᠢᠨ ᠲᠤᠭᠤᠷᠢᠨ ᠳᠤ ᠨᠢᠭᠲᠠᠷᠠᠨ᠂ ᠲᠦᠪᠯᠡᠷᠡᠯ ᠨᠢ ᠰᠠᠷᠨᠢᠬᠤ | ᠦᠭᠡᠢ᠂ ᠭᠤᠤᠯ ᠴᠢᠭ ᠨᠢ ᠬᠤᠪᠢᠷᠠᠬᠤ ᠦᠭᠡᠢ᠂ ᠬᠦᠴᠤᠯᠡᠴᠡ ᠨᠢ ᠰᠤᠯᠠᠷᠠᠬᠤ ᠦᠭᠡᠢ ᠪᠠᠶᠢᠬᠤ ᠶᠢ ᠪᠠᠳᠤᠯᠠᠨ᠂ ︽ | ᠵᠢᠷᠭᠤᠭ᠎ᠠ ᠶᠢ ᠴᠡᠪᠡᠷᠯᠡᠵᠤ᠂ ᠲᠦᠷᠪᠡᠨ ᠬᠠᠷᠠᠯᠲᠠ ᠳᠤ ᠬᠦᠷᠬᠦ︾ ᠲᠤᠰᠬᠠᠢ ᠰᠡᠳᠤᠪᠲᠤ ᠬᠦᠳᠡᠯᠭᠡᠭᠡᠨ ᠢ ᠲᠤᠤᠱᠲᠠᠢ | ᠶᠠᠪᠤᠭᠳᠠᠭᠤᠯᠤᠨ᠂ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ | ᠠᠬᠢᠭᠤᠯᠵᠤ᠂ ᠶᠠᠳᠠᠭᠤ ᠬᠦᠮᠤᠰ ᠢ ᠴᠦᠮ ᠶᠠᠳᠠᠭᠤ ᠠᠴᠠ ᠠᠩᠭᠢᠵᠢᠷᠠᠭᠤᠯᠤᠨ᠂ ᠵᠢᠯ ᠤᠨ ᠳᠤᠲᠤᠷ᠎ᠠ ︽ᠬᠦᠮᠤᠨ ᠢ | ᠨᠢ ᠶᠠᠳᠠᠭᠤ ᠠᠴᠠ ᠠᠩᠭᠢᠵᠢᠷᠠᠭᠤᠯᠤᠨ᠂ ᠲᠤᠰᠬᠤᠨ ᠢ ᠨᠢ ᠶᠠᠳᠠᠭᠤ ᠶᠢᠨ ᠡᠩᠨᠡᠭᠡ ᠠᠴᠠ ᠭᠠᠷᠭᠠᠨ᠂ ᠬᠤᠰᠢᠭᠤ ᠶᠢ ᠨᠢ | ᠶᠠᠳᠠᠭᠤ ᠶᠢᠨ ᠮᠠᠯᠠᠭᠠᠢ ᠪᠠᠨ ᠲᠠᠶᠠᠭᠳᠠᠭᠤᠯᠬᠤ︾ ᠬᠠᠷᠠᠯᠲᠠ ᠶᠢ ᠪᠡᠶᠡᠯᠡᠭᠦᠯᠦᠨ᠎ᠡ᠃ ᠶᠠᠳᠠᠭᠤ ᠶᠢ ᠳᠡᠳᠭᠦᠬᠦ ᠪᠡᠯᠡ | ᠮᠦᠩᠭᠦ ᠶᠢᠨ ᠤᠷᠤᠭᠤᠯᠤᠯᠲᠠ ᠶᠢ ᠭᠤᠤᠯᠳᠠᠯᠭ᠎ᠠ ᠲᠠᠢ ᠨᠡᠮᠡᠭᠳᠡᠭᠦᠯᠦᠨ᠂ ᠡᠯ᠎ᠡ ᠲᠦᠷᠦᠯ ᠤᠨ ᠪᠡᠯᠡ ᠮᠦᠩᠭᠦ ᠶᠢ 4. | 07 ᠳ᠋ᠦᠩᠰᠢᠭᠤᠷ ᠲᠦᠭᠦᠷᠢᠭ ᠴᠤᠭᠯᠠᠭᠤᠯᠤᠨ ᠨᠢᠭᠡᠳᠭᠡᠵᠤ᠂ ᠰᠠᠭᠤᠷᠢ ᠲᠦᠭᠦᠭᠡᠷᠤᠮᠵᠢ ᠰᠤᠯᠠ ᠲᠤᠷᠤᠢ᠂ ᠠᠵᠤ | ᠤᠶᠢᠯᠡᠰ ᠤᠨ ᠬᠦᠭᠵᠢᠯᠲᠡ ᠬᠤᠴᠤᠷᠤᠩᠭᠤᠢ᠂ ᠲᠠᠬᠢᠨ ᠰᠡᠷᠭᠦᠬᠦ ᠬᠦᠴᠤᠨ ᠲᠤᠲᠠᠮᠠᠭ ᠲᠠᠯ᠎ᠠ ᠳᠤ ᠨᠢᠭᠡᠳᠤᠯᠲᠠᠢ | ᠤᠷᠤᠭᠤᠯᠵᠤ᠂ ᠶᠠᠳᠠᠭᠤ ᠬᠦᠴᠢᠷᠳᠡᠯᠲᠠᠢ ᠠᠷᠠᠳ ᠲᠦᠮᠡᠨ ᠤ ᠠᠵᠤ ᠤᠶᠢᠯᠡᠰ ᠤᠨ ᠪᠠᠳᠤᠯᠠᠭ᠎ᠠ᠂ ᠤᠷᠤᠨ ᠰᠠᠭᠤᠴᠠ | ᠪᠠ ᠤᠤᠭᠤᠬᠤ ᠤᠰᠤᠨ ᠤ ᠠᠮᠤᠷ ᠲᠦᠪᠰᠢᠨ ᠵᠡᠷᠭᠡ ᠶᠢ ᠪᠠᠳᠤᠯᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ | ᠰᠢᠪᠲᠤᠯᠬᠤ ᠲᠠᠶᠢᠯᠠᠯᠳᠤᠭᠠᠨ ᠤ ᠢᠯᠠᠯᠲᠠ ᠶᠢ ᠤᠯᠬᠤ ︽ᠬᠠᠮᠤᠭ ᠰᠡᠭᠦᠯᠴᠢ ᠶᠢᠨ ᠨᠢᠭᠡ ᠺᠢᠯᠤᠮᠧᠲᠷ︾ ᠢ ᠡᠷᠡᠰ | ᠴᠢᠩᠭ᠎ᠠ ᠰᠢᠪᠲᠤᠯᠠᠨ ᠤᠷᠤᠭᠰᠢᠯᠠᠨ᠎ᠠ᠃ 5 ᠲᠦᠮᠡᠨ ᠲᠦᠭᠦᠷᠢᠭ ᠤᠨ ᠤᠷᠤᠯᠭ᠎ᠠ ᠲᠠᠢ ᠨᠡᠶᠢᠲᠡ ᠶᠢᠨ ᠠᠵᠤ ᠠᠬᠤᠢ | ᠶᠢ ᠦᠷᠭᠦᠯᠵᠢᠯᠡᠨ ᠪᠠᠳᠤᠵᠢᠭᠤᠯᠤᠨ ᠦᠷᠭᠡᠳᠭᠡᠵᠤ᠂ 5 ᠲᠦᠮᠡ ᠠᠴᠠ ᠲᠤᠷᠤᠭᠰᠢ ᠤᠷᠤᠯᠭ᠎ᠠ ᠲᠠᠢ ᠨᠡᠶᠢᠲᠠ ᠶᠢᠨ | ᠠᠵᠤ ᠠᠬᠤᠢ ᠶᠢ 5 ᠲᠦᠮᠡ ᠠᠴᠠ ᠳᠡᠭᠡᠭᠰᠢ ᠤᠷᠤᠯᠭ᠎ᠠ ᠲᠠᠢ ᠪᠤᠯᠭᠠᠵᠤ᠂ ᠭᠠᠴᠠᠭ᠎ᠠ ᠲᠤᠰᠬᠤᠨ ᠤ ᠨᠡᠶᠢᠲᠡ ᠶᠢᠨ | ᠠᠵᠤ ᠠᠬᠤᠢ ᠶᠢᠨ ᠠᠬᠢᠨ ᠲᠡᠪᠰᠢᠯᠲᠡ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠵᠡᠭᠦᠨ ᠪᠠᠷᠠᠭᠤᠨ ᠤᠷᠤᠨ ᠤ | ᠠᠵᠢᠯ ᠲᠦᠷᠦᠯ ᠤᠨ ᠬᠠᠮᠵᠢᠯᠴᠠᠭ᠎ᠠ ᠶᠢ ᠬᠢᠨᠠᠮᠠᠭᠠᠢ ᠲᠤᠤᠱᠯᠠᠭᠤᠯᠤᠨ᠂ ᠪᠡᠭᠡᠵᠢᠩ ᠬᠤᠲᠠ ᠶᠢᠨ ᠬᠤᠸᠠᠢ ᠷᠧᠦ | ᠲᠤᠭᠤᠷᠢᠭ ᠪᠤᠯᠤᠨ ᠰᠢᠨ ᠰᠢᠩ ᠵᠢᠢ ᠬᠤᠸᠠ ᠪᠦᠯᠦᠭᠯᠡᠯ ᠲᠠᠢ ᠵᠤᠬᠢᠴᠠᠯᠳᠤᠬᠤ ᠶᠢ ᠴᠢᠩᠭᠠᠳᠬᠠᠨ᠂ ᠠᠵᠤ ᠤᠶᠢᠯᠡᠰ | ᠤᠨ ᠭᠦᠭᠵᠢᠯᠲᠡ᠂ ᠡᠷᠡᠭᠦᠯ ᠴᠢᠬᠢᠷᠠᠭ ᠡᠮ ᠡᠮᠨᠡᠯᠭᠡ᠂ ᠰᠤᠷᠭᠠᠨ ᠬᠦᠮᠤᠵᠢᠯ ᠤᠨ ᠲᠡᠳᠬᠦᠮᠵᠢ᠂ ᠠᠵᠢᠯ ᠤᠯᠭᠤᠵᠤ | ᠤᠶᠢᠯᠡᠰ ᠪᠤᠰᠬᠠᠬᠤ᠂ ᠰᠠᠭᠤᠷᠢ ᠲᠦᠬᠦᠭᠡᠷᠤᠮᠵᠢ ᠶᠢᠨ ᠳᠡᠭᠡᠭᠰᠢᠯᠡᠯᠲᠡ ᠵᠡᠷᠭᠡ ᠶᠢᠨ ᠲᠤᠭᠤᠷᠢᠨ ᠳᠤ᠂ ᠳᠡᠳᠭᠦᠨ | ᠳᠡᠮᠵᠢᠬᠦ ᠦᠷ᠎ᠡ ᠠᠰᠢᠭ ᠢ ᠤᠯᠠᠮ ᠨᠢᠭᠡ ᠠᠯᠬᠤᠮ ᠦᠷᠭᠡᠳᠭᠡᠨ᠎ᠡ᠃ ᠨᠡᠶᠢᠭᠡᠮ ᠤᠨ ᠶᠠᠳᠠᠭᠤ ᠶᠢ ᠳᠡᠳᠭᠦᠬᠦ ᠰᠦᠯᠵᠢᠶ᠎ᠡ | ᠶᠢ ᠠᠰᠢᠭᠯᠠᠨ᠂ ︽ᠢᠨᠲ᠋ᠧᠷᠨᠧᠲ ᠰᠦᠯᠵᠢᠶ᠎ᠡ + ᠶᠠᠳᠠᠭᠤ ᠶᠢ ᠳᠡᠳᠭᠦᠬᠦ︾ ᠬᠡᠪ ᠵᠠᠭᠪᠤᠷ ᠢ ᠲᠦᠬᠡᠮᠡᠯᠵᠢᠭᠦᠯᠦᠨ᠂ | ᠨᠡᠩ ᠤᠯᠠᠨ ᠨᠡᠶᠢᠭᠡᠮ ᠤᠨ ᠬᠦᠴᠤᠨ ᠢ ᠶᠠᠳᠠᠭᠤ ᠶᠢ ᠳᠡᠳᠭᠦᠬᠦ ᠠᠵᠢᠯ ᠳᠤ ᠵᠢᠯᠦᠭᠤᠳᠤᠨ ᠤᠷᠤᠭᠤᠯᠵᠤ᠂ ᠡᠯ᠎ᠡ | ᠲᠠᠯ᠎ᠠ ᠶᠢᠨ ᠪᠦᠯᠬᠦᠮᠳᠡᠯ ᠤᠨ ᠬᠦᠴᠦᠨ ᠢ ᠨᠢᠭᠲᠠᠷᠠᠭᠤᠯᠬᠤ ᠤᠷᠴᠢᠨ ᠠᠬᠤᠢ ᠶᠢ ᠪᠤᠢ ᠪᠤᠯᠭᠠᠨ᠎ᠠ᠃ | ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠳᠤᠷ ᠬᠢᠨ᠎ᠠ᠃ ᠠᠭᠤᠷᠬᠠᠢ ᠶᠢᠨ | ᠤᠷᠴᠢᠨ ᠲᠤᠭᠤᠷᠢᠨ ᠤ ᠴᠡᠭᠴᠡᠯᠡᠯᠲᠡ ᠶᠢ ᠴᠢᠩᠭᠠᠳᠬᠠᠨ᠂ ᠪᠤᠬᠢᠷᠳᠤᠯ ᠦᠭᠡᠢ ᠠᠭᠤᠷᠬᠠᠢ ᠶᠢᠨ ᠠᠭᠤᠯᠠ᠂ ᠪᠤᠬᠢᠷᠳᠤᠯ | ᠦᠭᠡᠢ ᠤᠶᠢᠯᠡᠳᠪᠤᠷᠢ᠂ ᠪᠤᠬᠢᠷᠳᠤᠯ ᠦᠭᠡᠢ ᠬᠦᠷᠢᠶᠡᠯᠡᠩ ᠤᠨ ᠪᠦᠳᠤᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠪᠡᠶᠢᠭᠠᠯᠢ ᠶᠢᠨ ᠡᠬᠢ ᠪᠠᠶᠠᠯᠢᠭ ᠤᠨ ᠦᠮᠴᠢᠯᠡᠬᠦ ᠡᠷᠬᠡ ᠶᠢᠨ ᠳᠦᠷᠢᠮ᠂ ᠠᠭᠤᠷᠬᠠᠢ ᠶᠢᠨ ᠡᠬᠢ ᠪᠠᠶᠠᠯᠢᠭ ᠤᠨ | ᠦᠮᠴᠢᠯᠡᠬᠦ ᠡᠷᠬᠡ ᠶᠢᠨ ᠰᠦᠢᠳᠭᠡᠯ ᠤᠨ ᠳᠦᠷᠢᠮ ᠤᠨ ᠦᠭᠡᠷᠡᠴᠢᠯᠡᠯᠲᠡ ᠶᠢ ᠲᠤᠭᠲᠠᠭᠤᠨ ᠢᠶᠠᠷ ᠲᠦᠯᠬᠢᠨ | ᠠᠬᠢᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠨ ᠬᠤᠬᠢᠷᠠᠭᠤᠯᠤᠭᠰᠠᠨ ᠲᠦᠯᠦᠪᠤᠷᠢ ᠶᠢᠨ ᠳᠦᠷᠢᠮ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ︽ᠭᠤᠷᠪᠠ ᠶᠢ | ᠬᠠᠮᠳᠤᠷᠠᠭᠤᠯᠬᠤ︾ ᠳᠦᠷᠢᠮ ᠢ ᠬᠢᠨᠠᠮᠠᠭᠠᠢ ᠲᠤᠤᠱᠯᠠᠭᠤᠯᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ | ᠶᠢᠨ ᠬᠢᠨᠠᠨ ᠪᠠᠶᠢᠴᠠᠭᠠᠯᠲᠠ ᠵᠢᠴᠢ ︽ᠡᠷᠭᠢᠵᠤ ᠪᠠᠶᠢᠴᠠᠭᠠᠨ ᠦᠵᠡᠬᠦ︾ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠵᠠᠰᠠᠬᠤ ᠠᠵᠢᠯ ᠤᠨ ᠬᠦᠴᠤᠯᠡᠴᠡ ᠶᠢ ᠴᠢᠩᠭᠠᠳᠬᠠᠨ᠂ ᠤᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ | ᠤᠨ ᠪᠦᠲᠤᠮᠵᠢᠲᠠᠢ ᠰᠢᠢᠳᠪᠦᠷᠢᠯᠡᠭᠳᠡᠬᠦ ᠶᠢ ᠪᠠᠳᠤᠯᠠᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢᠨ ᠤᠷᠤᠨ ᠤ | ᠬᠠᠮᠠᠭᠠᠯᠠᠯᠲᠠ ᠶᠢ ᠦᠨᠡᠨᠬᠦ ᠴᠢᠩᠭᠠᠳᠬᠠᠨ᠂ ᠭᠠᠵᠠᠷ ᠲᠤᠤᠷᠠᠬᠢ ᠤᠰᠤ ᠶᠢ ᠬᠤᠯᠠᠭᠠᠶᠢᠯᠠᠨ ᠬᠡᠷᠡᠭᠯᠡᠬᠦ᠂ ᠬᠡᠲᠤᠷᠬᠡᠢ | ᠠᠰᠢᠭᠯᠠᠬᠤ ᠠᠵᠢᠯᠯᠠᠭ᠎ᠠ ᠶᠢ ᠬᠠᠤᠯᠢ ᠶᠤᠰᠤ ᠪᠠᠷ ᠡᠷᠡᠰ ᠴᠢᠩᠭ᠎ᠠ ᠢᠯᠡᠷᠡᠭᠦᠯᠦᠨ ᠴᠠᠭᠠᠵᠠᠯᠠᠨ᠎ᠠ᠃ ᠪᠦᠢᠨ ᠰᠦᠮ᠎ᠡ ︵ | ᠪᠠᠷᠠᠭᠤᠨ ᠲᠤᠭᠤᠷᠢᠭ︶ ᠶᠢᠨ ᠨᠡᠭᠦᠷᠡᠰᠤᠨ ᠠᠭᠤᠷᠬᠠᠢ ᠶᠢᠨ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠵᠠᠰᠠᠯᠲᠠ | ᠶᠢᠨ ᠠᠵᠢᠯ ᠢ ᠪᠦᠬᠦ ᠲᠠᠯ᠎ᠠ ᠪᠠᠷ ᠭᠦᠢᠴᠡᠳᠭᠡᠨ᠂ ᠠᠰᠢᠭᠯᠠᠭᠳᠠᠭ᠎ᠠ ᠦᠭᠡᠢ ᠭᠠᠵᠠᠷ ᠰᠢᠷᠤᠢ᠂ ᠫᠧᠩ ᠰᠠᠷᠠᠪᠴᠢ᠂ | ᠬᠤᠲᠠ ᠪᠠᠯᠭᠠᠰᠤᠨ ᠳᠠᠬᠢ ᠲᠤᠤᠷ᠎ᠠ ᠦᠷ᠎ᠡ ᠠᠰᠢᠭᠯᠠᠯᠲᠠ ᠲᠠᠢ ᠭᠠᠵᠠᠷ ᠰᠢᠷᠤᠢ ᠶᠢ ᠴᠡᠪᠡᠷᠯᠡᠨ ᠵᠠᠰᠠᠬᠤ ᠠᠵᠢᠯ ᠤᠨ | ᠬᠦᠴᠤᠯᠡᠴᠡ ᠶᠢ ᠦᠨᠡᠨᠬᠦ ᠴᠢᠩᠭᠠᠳᠬᠠᠨ᠎ᠠ᠃ ᠬᠤᠶᠠᠲᠡᠬᠢ ᠤᠲᠠᠭᠠᠨ ᠤ ᠪᠤᠬᠢᠷᠳᠤᠯ ᠤᠨ ᠰᠤᠷᠪᠤᠯᠵᠢ ᠶᠢᠨ ᠨᠡᠶᠢᠳᠡᠮ | ᠪᠠᠶᠢᠴᠠᠭᠠᠯᠲᠠ ᠪᠠ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠶᠡᠷᠤᠩᠬᠡᠢ ᠴᠡᠭᠴᠡᠯᠡᠯᠲᠡ ᠶᠢᠨ ᠠᠵᠢᠯ ᠢ | ᠪᠦᠷᠢᠮᠤᠰᠤᠨ ᠭᠦᠢᠴᠡᠳᠬᠡᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠨ᠎ᠠ᠃ ᠮᠠᠯᠵᠢᠬᠤ | ᠲᠠᠷᠢᠶᠠᠯᠬᠤ ᠤᠷᠤᠨ ᠤ ᠰᠠᠭᠤᠬᠤ ᠤᠷᠴᠢᠨ ᠲᠤᠭᠤᠷᠢᠨ ᠢ ᠵᠠᠰᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭᠠᠨ ᠤ | ᠲᠦᠯᠦᠪᠯᠡᠭᠡ ᠶᠢ ᠭᠦᠨᠵᠡᠭᠡᠢ ᠲᠦᠯᠬᠢᠨ ᠠᠬᠢᠭᠤᠯᠵᠤ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ | ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠲᠠᠢ ᠬᠤᠯᠪᠤᠭᠳᠠᠬᠤ ᠲᠤᠷᠰᠢᠯᠳᠠ ᠶᠢᠨ ᠴᠡᠭ ᠲᠠᠢ ᠤᠶᠠᠯᠳᠤᠭᠤᠯᠤᠨ᠂ | ᠤᠨᠳᠤᠤ ᠭᠠᠵᠠᠷ ᠰᠢᠯᠵᠢᠭᠦᠯᠦᠨ ᠶᠠᠳᠠᠭᠤ ᠶᠢᠨ ᠲᠡᠳᠬᠦᠬᠦ ᠰᠢᠯᠵᠢᠨ ᠰᠠᠭᠤᠷᠢᠰᠢᠭᠰᠠᠳ ᠪᠠ ᠲᠦᠪᠯᠡᠷᠡᠨ | ᠵᠠᠯᠭᠠᠯᠳᠤᠭᠰᠠᠨ ᠤᠷᠤᠨ ᠪᠦᠰᠡ ᠶᠢᠨ ᠲᠤᠳᠤᠷᠠᠬᠢ ᠠᠶᠤᠯᠳᠠᠢ ᠭᠡᠷ ᠪᠠᠶᠢᠰᠢᠩ ᠢ ᠨᠤᠷᠠᠭᠠᠬᠤ ᠪᠠ ᠰᠡᠷᠭᠦᠭᠡᠨ | ᠬᠠᠭᠠᠯᠪᠤᠷᠢᠯᠠᠬᠤ ᠠᠵᠢᠯ ᠢ ᠪᠦᠬᠦ ᠲᠠᠯ᠎ᠠ ᠪᠠᠷ ᠭᠦᠢᠴᠡᠳᠬᠡᠵᠤ᠂ ︽ᠭᠤᠷᠪᠠ ᠶᠢ ᠴᠡᠪᠡᠷᠯᠡᠨ ᠨᠢᠭᠡ ᠶᠢ ᠦᠭᠡᠷᠡᠴᠢᠯᠡᠬᠦ︾ | ᠪᠠᠷ ᠭᠤᠤᠯᠯᠠᠭᠰᠠᠨ ᠲᠤᠰᠬᠤᠨ ᠢ ᠴᠡᠪᠡᠷᠵᠢᠭᠦᠯᠬᠦ ᠠᠵᠢᠯᠯᠠᠭ᠎ᠠ ᠶᠢ ᠦᠷᠨᠢᠭᠦᠯᠦᠨ᠂ ︽ᠭᠤᠶᠤᠮᠰᠤᠭ ᠰᠠᠶᠢᠬᠠᠨ | ᠬᠦᠳᠡᠭᠡ ᠲᠤᠰᠬᠤᠨ ᠤ ᠵᠢᠱᠢᠶᠡᠴᠢ ᠬᠤᠰᠢᠭᠤ︾ ᠶᠢ ᠪᠦᠬᠦ ᠲᠠᠯ᠎ᠠ ᠪᠠᠷ ᠪᠠᠶᠢᠭᠤᠯᠤᠨ᠎ᠠ᠃ | ︵ᠬᠤᠶᠠᠷ︶ ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠵᠤ᠂ ᠴᠢᠨᠠᠷ ᠰᠠᠶᠢᠳᠠᠢ ᠭᠦᠭᠵᠢᠯᠳᠡ ᠶᠢᠨ ᠠᠵᠤ ᠦᠢᠯᠡᠰ ᠤᠨ ᠲᠤᠯᠭᠠᠭᠤᠷᠢ ᠶᠢ ᠪᠠᠬᠢᠵᠢᠭᠦᠯᠦᠨ᠎ᠡ᠃ | ᠬᠦᠭᠵᠢᠭᠦᠯᠦᠯᠳᠡ ᠶᠢ ᠢᠮᠠᠭᠳᠠ ᠲᠡᠷᠢᠭᠦᠨ ᠴᠢᠬᠤᠯᠠ ᠡᠭᠦᠷᠭᠡ ᠪᠤᠯᠭᠠᠵᠤ᠂ ᠲᠦᠷᠦᠯ ᠵᠦᠢᠯ ᠢ ᠠᠳᠬᠤᠨ᠂ | ᠬᠡᠯᠬᠢᠶ᠎ᠡ ᠶᠢ ᠨᠦᠬᠦᠪᠦᠷᠢᠯᠡᠨ᠂ ᠠᠵᠤ ᠦᠢᠯᠡᠰ ᠢᠶᠠᠨ ᠴᠢᠩᠭᠠᠳᠬᠠᠨ᠂ ᠰᠢᠨ᠎ᠡ ᠬᠠᠭᠤᠴᠢᠨ ᠬᠦᠳᠡᠯᠭᠡᠬᠦ ᠡᠨᠧᠷᠬᠢ ᠶᠢᠨ | ᠰᠤᠯᠢᠭᠳᠠᠯ ᠢ ᠲᠦᠷᠭᠡᠳᠬᠡᠵᠤ᠂ ᠲᠤᠯᠭᠠᠭᠤᠷᠢᠯᠠᠬᠤ ᠴᠢᠨᠠᠷᠳᠠᠢ ᠠᠵᠤ ᠦᠢᠯᠡᠰ ᠤᠨ ᠬᠦᠭᠵᠢᠯᠳᠡ ᠶᠢᠨ ᠰᠢᠰᠲ᠋ᠧᠮ ᠢ | ᠪᠠᠶᠢᠭᠤᠯᠬᠤ ᠶᠢ ᠲᠦᠷᠭᠡᠳᠬᠡᠨ᠎ᠡ᠃ | ᠠᠵᠤ ᠦᠢᠯᠡᠳᠪᠦᠷᠢ ᠶᠢᠨ ᠬᠦᠭᠵᠢᠯᠳᠡ ᠶᠢᠨ ᠶᠠᠰᠤ ᠴᠢᠨᠠᠷ ᠢ ᠲᠡᠭᠡᠭᠰᠢᠯᠡᠭᠦᠯᠦᠨ᠎ᠡ᠃ ᠨᠦᠬᠡᠴᠨ ᠪᠠᠶᠢᠳᠠᠯ ᠢ | ᠠᠮᠢᠯᠠᠭᠤᠯᠬᠤ ᠪᠠ ᠤᠷᠤᠭᠤᠯᠬᠤ ᠨᠡᠮᠡᠭᠳᠡᠯ ᠢᠶᠠᠨ ᠵᠡᠷᠭᠡ ᠪᠠᠷ ᠬᠦᠭᠵᠢᠭᠦᠯᠬᠦ ᠶᠢ ᠪᠠᠷᠢᠮᠳᠠᠯᠠᠨ᠂ ᠪᠦᠬᠦ ᠬᠡᠮᠵᠢᠶ᠎ᠡ ᠪᠠᠨ | ᠨᠡᠮᠡᠭᠳᠡᠭᠦᠯᠬᠦ ᠪᠠ ᠴᠢᠨᠠᠷ ᠴᠢᠨᠰᠠᠭ᠎ᠠ ᠪᠠᠨ ᠲᠡᠭᠡᠭᠰᠢᠯᠡᠬᠦᠯᠬᠦ ᠶᠢ ᠵᠡᠷᠭᠡ ᠪᠠᠷ ᠴᠢᠬᠤᠯᠠᠴᠢᠯᠠᠵᠤ᠂ ᠨᠢᠭᠡ ᠰᠢᠷᠢᠰ | ᠬᠠᠷᠠᠭᠠᠯᠵᠠᠯ ᠤᠨ ᠴᠢᠨᠠᠷᠳᠠᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠲᠠᠪᠠᠭᠤᠯᠢᠭ ᠭᠤᠤᠯᠯᠠᠭᠴᠢ ᠠᠵᠤ | ᠠᠬᠤᠶᠢᠯᠠᠯ ᠢ ᠢᠳᠡᠪᠬᠢᠳᠠᠢ ᠬᠦᠭᠵᠢᠭᠦᠯᠵᠤ᠂ ᠮᠦᠷᠳᠡᠨ ᠦᠢᠯᠡᠴᠢᠯᠡᠬᠦ ᠶᠢ ᠰᠠᠶᠢᠳᠤᠷ ᠠᠳᠬᠤᠨ᠂ ᠲᠦᠷᠦᠯ ᠵᠦᠢᠯ ᠤᠨ | ᠠᠰᠢᠭᠯᠠᠯᠳᠠ ᠳᠤ ᠤᠷᠤᠭᠤᠯᠬᠤ ᠶᠢ ᠪᠠᠳᠤᠯᠠᠨ᠎ᠠ᠃ ᠲᠦᠪᠯᠡᠷᠡᠭᠦᠯᠦᠭᠰᠡᠨ᠂ ᠡᠷᠴᠢᠮᠵᠢᠭᠦᠯᠦᠭᠰᠡᠨ᠂ ᠨᠢᠭᠡᠳᠦᠭᠦᠯᠦᠭᠰᠡᠨ | ᠮᠠᠶ᠋ᠢᠭ ᠤᠨ ᠠᠵᠤ ᠦᠢᠯᠡᠳᠪᠦᠷᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠶᠢᠨ ᠶᠤᠰᠤᠭᠠᠷ᠂ ᠬᠠᠰᠢᠶᠠᠳᠤ᠂ ᠬᠦᠩᠭᠡᠨ | ᠠᠵᠤ ᠦᠢᠯᠡᠳᠪᠦᠷᠢ ᠶᠢᠨ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢᠨ ᠬᠦᠭᠵᠢᠯᠳᠡ ᠶᠢᠨ | ᠠᠯᠬᠤᠴᠠ ᠪᠠᠨ ᠲᠦᠷᠭᠡᠳᠬᠡᠵᠤ᠂ ᠲᠤᠭᠤᠷᠢᠭ ᠤᠨ ᠲᠠᠭᠠᠭᠠᠬᠤ ᠴᠢᠳᠠᠪᠤᠷᠢ ᠶᠢ ᠲᠠᠰᠤᠷᠠᠯᠳᠠ ᠦᠭᠡᠢ | ᠲᠡᠭᠡᠭᠰᠢᠯᠡᠭᠦᠯᠦᠨ᠎ᠡ᠃ 600 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ | ᠵᠢᠱᠢᠶ᠎ᠡ ᠲᠦᠷᠦᠯ ᠵᠦᠢᠯ ᠤᠨ ᠮᠦᠷᠳᠡᠨ ᠵᠤᠬᠢᠴᠠᠭᠤᠯᠬᠤ ᠦᠢᠯᠡᠴᠢᠯᠡᠭᠡ ᠶᠢ ᠰᠠᠶᠢᠳᠤᠷ ᠬᠢᠵᠤ᠂ ᠰᠠᠯᠬᠢᠨ ᠬᠦᠴᠦᠨ ᠤ | ᠮᠠᠰᠢᠨ ᠤ ᠢᠵᠢ ᠪᠦᠷᠢᠳᠦᠭᠰᠡᠨ ᠲᠤᠨᠤᠭ ᠲᠦᠬᠦᠭᠡᠷᠦᠮᠵᠢ ᠶᠢ ᠦᠢᠯᠡᠳᠪᠦᠷᠢᠯᠡᠬᠦ ᠲᠦᠷᠦᠯ ᠵᠦᠢᠯ ᠢ ᠢᠳᠡᠪᠬᠢᠯᠡᠨ | ᠤᠯᠤᠨ᠎ᠠ᠃ ᠶᠦᠩ ᠾᠧ ᠹᠯᠤᠷᠳᠤ ᠬᠢᠮᠢ ᠶᠢᠨ ᠠᠵᠤ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ | ᠦᠷᠭᠦᠯᠵᠢᠯᠡᠨ ᠪᠠᠶᠢᠭᠤᠯᠬᠤ ᠲᠦᠷᠦᠯ ᠵᠦᠢᠯ ᠢ ᠰᠠᠶᠢᠳᠤᠷ ᠠᠳᠬᠤᠨ᠂ ᠭᠤᠷᠪᠠ ᠾᠯᠤᠷᠳᠤ ᠡᠲ᠋ᠠᠨ᠂ ᠤᠰᠤᠭᠦᠢ | ᠹᠯᠤᠷᠳᠤ ᠤᠰᠤᠳᠦᠷᠦᠭᠴᠢ᠂ ᠾᠯᠤᠷᠳᠤ ᠮᠧᠲ᠋ᠠᠨ ᠵᠡᠷᠭᠡ ᠪᠦᠳᠦᠭᠡᠭᠳᠡᠭᠦᠨ ᠢ ᠠᠰᠢᠭᠯᠠᠯᠳᠠ ᠳᠤ ᠤᠷᠤᠭᠤᠯᠬᠤ ᠶᠢ | ᠪᠠᠳᠤᠯᠠᠨ᠎ᠠ᠃ ᠪᠤᠶᠢᠨ ᠰᠦᠮ᠎ᠡ ᠶᠢᠨ ᠵᠡᠰ ᠤᠨ ᠠᠭᠤᠷᠬᠠᠢ᠂ ᠵᠠ ᠬᠦᠢ ᠴᠠᠬᠢᠭᠤᠷ ᠤᠨ ᠦᠢᠯᠡᠰ ᠵᠡᠷᠭᠡ | ᠦᠢᠯᠡᠳᠪᠦᠷᠢᠯᠡᠯ ᠵᠤᠭᠰᠤᠭᠰᠠᠨ ᠠᠵᠤ ᠠᠬᠤᠶᠢᠯᠠᠯ ᠤᠨ ᠲᠦᠷᠦᠯ ᠵᠦᠢᠯ ᠤᠨ ᠬᠤᠪᠢᠴᠠᠭᠠᠨ ᠤ ᠡᠷᠭᠡ ᠶᠢ | ᠰᠢᠯᠵᠢᠭᠦᠯᠦᠨ ᠦᠭᠬᠦ ᠪᠠ ᠬᠠᠮᠳᠤᠷᠠᠯᠴᠠᠨ ᠨᠢᠭᠡᠳᠬᠦ ᠠᠵᠢᠯ ᠢ ᠦᠷᠭᠦᠯᠵᠢᠯᠡᠨ ᠰᠠᠶᠢᠳᠤᠷ ᠠᠳᠬᠤᠨ᠎ᠠ᠃ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠡᠬᠢ ᠪᠠᠶᠠᠯᠢᠭ ᠲᠠᠭᠠᠨ ᠲᠦᠰᠢᠭᠯᠡᠵᠤ᠂ ᠦᠨᠳᠦᠰᠦᠳᠡᠨ ᠤ ᠠᠷᠠᠯᠵᠢᠶᠠᠨ ᠤ | ᠺᠤᠮᠫᠠᠨᠢ ᠶᠢ ᠬᠦᠴᠦᠷᠭᠡᠭ ᠶᠡᠭᠡ ᠪᠤᠳᠠᠳᠤ ᠬᠦᠴᠦᠨ ᠲᠠᠢ ᠪᠤᠯᠪᠠᠰᠤᠷᠠᠭᠤᠯᠬᠤ ᠠᠵᠤ ᠠᠬᠤᠶᠢᠯᠠᠯ ᠲᠠᠢ ᠬᠠᠮᠳᠤᠷᠠᠯᠴᠠᠬᠤ | ᠪᠠᠷ ᠴᠢᠷᠮᠠᠶᠢᠵᠤ᠂ ᠤᠷᠤᠨ ᠨᠤᠳᠤᠭ ᠤᠨ ᠤᠯᠠᠭᠠᠨ ᠢᠳᠡᠭᠡᠨ ᠤ ᠪᠤᠯᠪᠠᠰᠤᠷᠠᠭᠤᠯᠬᠤ ᠠᠵᠤ ᠠᠬᠤᠶᠢᠯᠠᠯ ᠢ | ᠬᠦᠴᠦᠷᠭᠡᠭᠵᠢᠭᠦᠯᠦᠨ ᠪᠤᠵᠠᠭᠠᠶᠢᠷᠠᠭᠤᠯᠤᠨ᠎ᠠ᠃ ᠲᠦᠷᠪᠡᠳ ᠬᠤᠰᠢᠭᠤᠨ ᠤ ᠤᠷᠤᠨ ᠵᠠᠢ ᠶᠢᠨ ᠴᠠᠭ ᠠᠭᠤᠷ ᠤᠨ | ᠰᠢᠨᠵᠢᠯᠡᠬᠦ ᠤᠬᠠᠭᠠᠨ ᠤ ᠲᠦᠪ ᠤᠨ ᠪᠠᠶᠢᠭᠤᠯᠤᠯᠳᠠ ᠶᠢᠨ ᠲᠦᠷᠦᠯ ᠵᠦᠢᠯ ᠤᠨ ᠤᠷᠤᠭᠰᠢᠳᠠᠢ ᠶᠠᠪᠤᠭᠳᠠᠬᠤ ᠶᠢ | ᠲᠦᠯᠬᠢᠨ ᠠᠬᠢᠭᠤᠯᠤᠨ᠎ᠠ᠃ ᠪᠡᠭᠡᠵᠢᠩ ᠭᠡᠭᠡᠨᠳᠠᠯ᠎ᠠ ᠶᠢᠨ ᠰᠢᠨ᠎ᠡ ᠰᠤᠷᠭᠤᠭ ᠭᠤᠯᠭᠤᠰᠢ ᠦᠢᠯᠡᠳᠪᠦᠷᠢᠯᠡᠬᠦ ᠲᠦᠷᠦᠯ | ᠵᠦᠢᠯ ᠢ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ | ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠳᠡ ᠶᠢᠨ ᠠᠯᠬᠤᠴᠠ ᠶᠢ ᠲᠦᠷᠭᠡᠳᠬᠡᠨ᠎ᠡ᠃ ︽ᠵᠢᠭᠤᠯᠴᠢᠯᠠᠯ | ᠤᠨ ᠨᠡᠷᠡᠳᠤ ᠬᠤᠰᠢᠭᠤ︾ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠴᠢᠩᠭ᠎ᠠ ᠠᠳᠬᠤᠵᠤ᠂ ᠪᠦᠬᠦ ᠤᠷᠤᠨ ᠤ | ᠵᠢᠭᠤᠯᠴᠢᠯᠠᠯ ᠤᠨ ᠬᠦᠭᠵᠢᠯᠳᠡ ᠶᠢᠨ ᠶᠡᠷᠥᠩᠭᠡᠢ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠲᠠᠷᠤᠢ | ᠲᠦᠷᠭᠡᠨ ᠭᠦᠢᠴᠡᠳᠬᠡᠨ᠂ ︽ᠬᠤᠪᠢᠯᠭᠠᠨ ᠵᠠᠪᠢ ᠶᠢᠨ ᠤᠶᠠᠩᠭᠠᠳᠤ ᠲᠠᠭᠤᠯᠠᠯ — ᠲᠠᠯ᠎ᠠ ᠨᠤᠳᠤᠭ ᠤᠨ | ᠶᠡᠷᠥᠩᠭᠡᠶᠢᠯᠡᠭᠰᠡᠨ ᠴᠤᠭᠴᠠ︾ ᠲᠦᠷᠦᠯ ᠵᠦᠢᠯ ᠢ ᠨᠢᠭᠡᠳᠦᠯᠳᠠᠢ ᠲᠦᠯᠦᠪᠯᠡᠨ ᠠᠬᠢᠭᠤᠯᠵᠤ᠂ ᠦᠪᠡᠷᠳᠡᠭᠡᠨ ᠵᠠᠰᠠᠬᠤ | ᠤᠷᠤᠨ ᠤ ᠪᠦᠬᠦ ᠤᠷᠤᠨ ᠤ ᠵᠢᠭᠤᠯᠴᠢᠯᠠᠯ ᠤᠨ ᠵᠢᠱᠢᠶᠡᠴᠢ ᠬᠤᠰᠢᠭᠤ ᠶᠢ ᠪᠠᠶᠢᠭᠤᠯᠤᠨ᠎ᠠ᠃ ᠭᠡᠭᠡᠨᠳᠠᠯ᠎ᠠ ᠵᠢᠭᠤᠯᠴᠢᠯᠠᠯ | ᠤᠨ ᠦᠵᠡᠮᠵᠢ ᠶᠢᠨ ᠤᠷᠤᠨ ᠢ ᠨᠡᠭᠡᠭᠡᠨ ᠬᠦᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠬᠤᠨᠤᠵᠤ ᠬᠡᠪᠳᠡᠬᠦ᠂ | ᠢᠳᠡᠵᠤ ᠤᠤᠭᠤᠬᠤ ᠪᠠ ᠵᠤᠭᠠᠴᠠᠵᠤ ᠲᠤᠭᠤᠷᠢᠬᠤ ᠠᠵᠤ ᠦᠢᠯᠡᠰ ᠤᠨ ᠭᠤᠤᠯ ᠡᠯᠧᠮᠧᠨ᠋ᠲ ᠢ ᠪᠦᠷᠢᠳᠦᠭᠦᠯᠦᠨ | ᠲᠡᠭᠦᠯᠳᠡᠷᠵᠢᠭᠦᠯᠵᠤ᠂ ᠪᠦᠳᠦᠭᠡᠭᠳᠡᠭᠦᠨ ᠢᠶᠠᠨ ᠨᠡᠩ ᠡᠯᠪᠡᠭᠵᠢᠭᠦᠯᠦᠨ᠎ᠡ᠃ ᠵᠠᠮ ᠬᠠᠷᠢᠯᠴᠠᠭᠠᠨ ᠤ ᠭᠤᠤᠯ ᠱᠤᠭᠤᠮ ᠤᠨ | ᠦᠵᠡᠭᠦᠯᠦᠯᠭᠡ ᠶᠢᠨ ᠲᠠᠶᠢᠰᠠ᠂ ᠵᠢᠭᠤᠯᠴᠢᠯᠠᠯ ᠤᠨ ᠦᠷᠳᠡᠭᠡ ᠵᠡᠷᠭᠡ ᠰᠠᠭᠤᠷᠢ ᠲᠦᠭᠦᠭᠡᠷᠦᠮᠵᠢ ᠶᠢ ᠲᠦᠯᠦᠪᠯᠡᠨ | ᠪᠠᠶᠢᠭᠤᠯᠬᠤ ᠶᠢ ᠲᠦᠷᠭᠡᠳᠭᠡᠨ᠂ ᠵᠤᠷᠯᠤᠩ᠂ ᠲᠡᠮᠳᠡᠭ ᠫᠠᠶᠢᠰᠠ᠂ ᠵᠢᠭᠤᠯᠴᠢᠯᠠᠭᠰᠠᠳ ᠤᠨ ᠲᠦᠪ ᠵᠡᠷᠭᠡ ᠤᠯᠠᠨ | ᠨᠡᠶᠢᠳᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢ ᠢᠵᠢ ᠪᠦᠷᠢᠳᠦᠭᠦᠯᠦᠨ ᠪᠠᠶᠢᠭᠤᠯᠵᠤ᠂ 2 — 3 | ᠵᠢᠭᠤᠯᠴᠢᠯᠠᠯ ᠤᠨ ᠵᠢᠱᠢᠶᠡᠴᠢ ᠴᠡᠭ ᠢ ᠪᠠᠶᠢᠭᠤᠯᠬᠤ ᠪᠠᠷ ᠴᠢᠷᠮᠠᠶᠢᠨ᠎ᠠ᠃ ᠤᠷᠤᠨ ᠪᠦᠰᠡ ᠶᠢᠨ ᠵᠢᠭᠤᠯᠴᠢᠯᠠᠯ ᠤᠨ | ᠬᠠᠮᠳᠤᠷᠠᠯᠴᠠᠭ᠎ᠠ ᠪᠠᠨ ᠴᠢᠩᠭᠠᠳᠬᠠᠵᠤ᠂ ᠬᠦᠬᠡᠬᠤᠳᠠ᠂ ᠪᠤᠭᠤᠳᠤ᠂ ᠡᠷᠢᠶᠡᠨ ᠵᠡᠷᠭᠡ ᠤᠶᠢᠷ᠎ᠠ ᠬᠠᠪᠢ ᠶᠢᠨ ᠭᠠᠵᠠᠷ | ᠤᠷᠤᠨ ᠤ ᠵᠢᠭᠤᠯᠴᠢᠯᠠᠯ ᠤᠨ ᠵᠠᠮ ᠱᠤᠭᠤᠮ ᠳᠤ ᠤᠷᠤᠭᠤᠯᠤᠨ᠎ᠠ᠃ ᠮᠤᠩᠭᠤᠯ ᠤᠯᠤᠰ ᠲᠠᠢ ᠬᠢᠯᠢ ᠠᠯᠤᠰᠯᠠᠭᠰᠠᠨ | ᠵᠢᠭᠤᠯᠴᠢᠯᠠᠯ ᠢ ᠢᠳᠡᠪᠬᠢᠳᠠᠢ ᠡᠷᠢᠯᠬᠢᠯᠡᠨ᠂ ᠵᠢᠭᠤᠯᠴᠢᠯᠠᠯ ᠤᠨ ᠬᠦᠭᠵᠢᠯᠳᠠ ᠶᠢᠨ ᠶᠡᠭᠡ ᠪᠠᠶᠢᠷᠢᠰᠢᠯ ᠢ ᠪᠤᠢ ᠪᠤᠯᠭᠠᠨ᠎ᠠ᠃ | ᠬᠠᠶᠠᠭᠳᠠᠮᠠᠯ ᠬᠠᠭᠤᠴᠢᠷᠠᠭᠰᠠᠨ ᠠᠭᠤᠷᠬᠠᠢ ᠶᠢ ᠦᠭᠡᠷᠡᠴᠢᠯᠡᠨ ᠵᠠᠰᠠᠵᠤ᠂ ᠬᠡᠬᠡᠷᠯᠢᠭ ᠲᠡᠷᠭᠡᠨ ᠤ ᠰᠠᠭᠤᠷᠢᠨ ᠭᠠᠵᠠᠷ ᠢ | ᠪᠠᠶᠢᠭᠤᠯᠤᠨ᠂ ᠲᠡᠷᠭᠡ᠂ ᠮᠤᠲ᠋ᠤᠷ ᠤᠨ ᠤᠷᠤᠯᠳᠤᠭᠠᠨ ᠶᠠᠪᠤᠭᠳᠠᠭᠤᠯᠬᠤ ᠢ ᠵᠤᠷᠢᠭᠵᠢᠭᠤᠯᠵᠤ᠂ ᠪᠦᠬᠦ ᠤᠯᠠᠷᠢᠯ ᠤᠨ | ᠵᠢᠭᠤᠯᠴᠢᠯᠠᠯ ᠤᠨ ᠲᠦᠷᠦᠯ ᠵᠦᠢᠯ ᠢ ᠨᠡᠭᠡᠭᠡᠨ ᠬᠦᠭᠵᠢᠭᠦᠯᠦᠨ᠎ᠡ᠃ ᠵᠢᠭᠤᠯᠴᠢᠯᠠᠯ ᠤᠨ ᠤᠬᠠᠭᠤᠯᠬᠤ ᠬᠦᠴᠦᠯᠡᠴᠡ ᠪᠠᠨ | ᠴᠢᠩᠭᠠᠳᠬᠠᠨ᠂ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠨᠠᠭᠠᠳᠤᠮ ᠤᠨ ᠬᠤᠷᠠᠯ᠂ ᠲᠠᠯ᠎ᠠ ᠨᠤᠳᠤᠭ ᠤᠨ | ᠲᠭᠤᠤ ᠬᠦᠭᠵᠢᠮ ᠤᠨ ᠨᠠᠶᠢᠷ᠂ ᠠᠮᠳᠠᠳᠤ ᠢᠳᠡᠭᠡᠨ ᠤ ᠨᠠᠶᠢᠷ᠂ ᠲᠡᠮᠡᠭᠡᠨ ᠵᠡᠯ᠎ᠡ ᠶᠢᠨ ᠲᠠᠬᠢᠯᠭ᠎ᠠ᠂ ᠦᠨᠳᠦᠰᠦᠳᠡᠨ ᠤ | ᠬᠤᠪᠴᠠᠰᠤ ᠵᠠᠰᠠᠯ ᠤᠨ ᠦᠵᠡᠭᠦᠯᠦᠯᠭᠡ ᠵᠡᠷᠭᠡ ᠨᠠᠶᠢᠷ ᠨᠠᠭᠠᠳᠤᠮ ᠢ ᠦᠷᠭᠦᠯᠵᠢᠯᠡᠨ ᠦᠷᠨᠢᠭᠦᠯᠵᠤ᠂ ᠵᠢᠭᠤᠯᠴᠢᠯᠠᠯ ᠤᠨ | ᠠᠯᠳᠠᠷᠰᠢᠯ ᠤᠨ ᠬᠡᠮᠵᠢᠶ᠎ᠡ ᠪᠠᠨ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ | ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠬᠦᠮᠦᠷᠭᠡᠯᠡᠯ᠂ | ᠲᠦᠷᠭᠡᠨ ᠭᠤᠪᠢᠭᠤᠯᠭ᠎ᠠ ᠪᠤᠯᠤᠨ ᠬᠦᠷᠦᠭᠡᠭᠴᠢᠳᠦ ᠭᠦᠢᠯᠭᠡᠭᠡ ᠶᠢᠨ ᠦᠢᠯᠡᠰ ᠢ ᠪᠦᠬᠦ ᠬᠦᠴᠦᠨ ᠢᠶᠠᠷ ᠬᠦᠭᠵᠢᠭᠦᠯᠵᠤ᠂ | ᠭᠥᠸᠧ ᠲᠥᠩ ᠡᠳ᠋ ᠪᠠᠷᠠᠭᠠᠨ ᠤ ᠭᠦᠢᠯᠭᠡᠭᠡᠨ ᠤ ᠲᠤᠭᠤᠷᠢᠭ ᠤᠨ ᠲᠦᠷᠦᠯ ᠵᠦᠢᠯ ᠤᠨ ᠪᠠᠶᠢᠭᠤᠯᠤᠯᠳᠠ ᠶᠢᠨ ᠠᠬᠢᠴᠠ | ᠶᠢ ᠲᠦᠷᠭᠡᠳᠭᠡᠨ᠂ ᠠᠯᠬᠤᠮ ᠠᠯᠬᠤᠮ ᠢᠶᠠᠷ ᠤᠷᠤᠨ ᠨᠤᠳᠤᠭ ᠤᠨ ᠡᠳ᠋ ᠪᠠᠷᠠᠭᠠᠨ ᠤ ᠭᠦᠢᠯᠭᠡᠭᠡᠨ ᠤ ᠲᠤᠭᠤᠷᠢᠭ ᠤᠨ | ᠵᠠᠩᠭᠢᠯᠠᠭ᠎ᠠ ᠶᠢᠨ ᠴᠡᠭ ᠪᠠ ᠲᠦᠪᠯᠡᠷᠡᠭᠦᠯᠦᠨ ᠲᠠᠷᠬᠠᠭᠠᠬᠤ ᠭᠠᠵᠠᠷ ᠪᠤᠯᠭᠠᠵᠤ᠂ ᠪᠠᠯᠭᠠᠰᠤᠨ ᠲᠤᠳᠤᠷᠠᠬᠢ ᠠᠷᠠᠯᠵᠢᠶ᠎ᠠ | ᠬᠤᠳᠠᠯᠳᠤᠭᠠᠨ ᠤ ᠭᠦᠢᠯᠭᠡᠭᠡᠨ ᠤ ᠠᠵᠤ ᠦᠢᠯᠡᠰ ᠤᠨ ᠭᠠᠳᠠᠭᠰᠢ ᠦᠷᠭᠡᠳᠭᠡᠬᠦ ᠶᠢ ᠵᠢᠭᠠᠨ ᠵᠢᠯᠤᠭᠤᠳᠴᠦ᠂ ᠵᠢᠯ ᠤᠨ | ᠲᠤᠳᠤᠷ᠎ᠠ ᠲᠡᠮᠦᠷᠯᠢᠭ ᠪᠠᠷᠢᠯᠭ᠎ᠠ ᠶᠢᠨ ᠮᠠᠲ᠋ᠧᠷᠢᠶᠠᠯ ᠤᠨ ᠤᠷᠤᠨ᠂ ᠮᠠᠰᠢᠨ ᠲᠡᠷᠭᠡᠨ ᠤ ᠰᠡᠯᠪᠢᠩ ᠬᠡᠷᠡᠭᠰᠡᠯ᠂ ᠮᠠᠰᠢᠨ | ᠲᠡᠷᠭᠡᠨ ᠤ ᠠᠷᠠᠯᠵᠢᠶᠠᠨ ᠤ ᠤᠷᠤᠨ ᠵᠡᠷᠭᠡ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠤᠨ᠂ | ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ ᠡᠯᠧᠺᠲᠷᠤᠨ ᠬᠤᠳᠠᠯᠳᠤᠭ᠎ᠠ ᠶᠢ ᠬᠦᠳᠡᠭᠡ ᠲᠤᠰᠬᠤᠨ ᠳᠤ | ᠤᠷᠤᠭᠤᠯᠬᠤ ᠵᠢᠱᠢᠶᠡᠴᠢ ᠰᠢᠶᠠᠨ ᠤ ᠲᠦᠷᠦᠯ ᠵᠦᠢᠯ ᠢ ᠪᠦᠬᠦ ᠲᠠᠯ᠎ᠠ ᠪᠠᠷ ᠬᠡᠷᠡᠭᠵᠢᠭᠦᠯᠵᠤ᠂ ᠬᠤᠰᠢᠭᠤ ᠱᠠᠳᠤᠨ ᠤ | ᠡᠯᠧᠺᠲᠷᠤᠨ ᠬᠤᠳᠠᠯᠳᠤᠭᠠᠨ ᠤ ᠤᠯᠠᠨ ᠨᠡᠶᠢᠳᠡ ᠶᠢᠨ ᠦᠢᠯᠡᠴᠢᠯᠡᠭᠡᠨ ᠤ ᠲᠦᠪ ᠪᠠ ᠬᠦᠳᠡᠭᠡᠨ ᠲᠤᠰᠬᠤᠨ ᠤ | ᠱᠠᠳᠤᠨ ᠤ ᠦᠢᠯᠡᠴᠢᠯᠡᠭᠡᠨ ᠤ ᠦᠷᠳᠡᠭᠡ ᠶᠢ ᠵᠠᠰᠠᠨ ᠲᠡᠭᠦᠯᠳᠡᠷᠵᠢᠭᠦᠯᠦᠨ᠂ ᠬᠦᠮᠦᠷᠭᠡᠯᠡᠯ ᠤᠨ ᠬᠤᠪᠢᠶᠠᠷᠢᠯᠠᠨ | ᠲᠤᠬᠢᠷᠠᠭᠤᠯᠬᠤ ᠲᠦᠪ ᠢ ᠰᠢᠨ᠎ᠡ ᠪᠠᠷ ᠪᠠᠶᠢᠭᠤᠯᠵᠤ᠂ ᠬᠤᠰᠢᠭᠤ᠂ ᠰᠢᠶᠠᠩ᠂ ᠲᠤᠰᠬᠤᠨ ᠭᠤᠷᠪᠠᠨ ᠱᠠᠳᠤᠨ ᠤ | ᠭᠦᠢᠯᠭᠡᠭᠡᠨ ᠤ ᠰᠢᠰᠲ᠋ᠧᠮ ᠢ ᠪᠠᠶᠢᠭᠤᠯᠤᠨ᠂ ᠡᠯᠧᠺᠲᠷᠤᠨ ᠬᠤᠳᠠᠯᠳᠤᠭᠠᠨ ᠤ ᠬᠦᠭᠵᠢᠯᠳᠡ ᠶᠢᠨ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ ᠤᠯᠤᠰ ᠤᠨ ︽ᠨᠢᠭᠡ ᠪᠦᠰᠡ ᠨᠢᠭᠡ ᠵᠠᠮ︾ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ | ᠶᠢ ᠴᠢᠩᠭ᠎ᠠ ᠠᠳᠬᠤᠨ᠂ ᠮᠤᠩᠭᠤᠯ ᠤᠯᠤᠰ ᠤᠨ ᠲᠤᠷᠤᠨ᠎ᠠ ᠭᠤᠪᠢ ᠠᠶᠢᠮᠠᠭ ᠤᠨ ᠰᠠᠶᠢᠨ ᠱᠠᠩᠳᠠ ᠬᠤᠳᠠ ᠶᠢᠨ | ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠵᠡᠷᠭᠡ ᠬᠦᠷᠢᠶ᠎ᠡ ᠬᠡᠪᠴᠢᠶᠡᠨ ᠳᠠᠬᠢ ᠬᠦᠨᠵᠡᠭᠡᠢ ᠬᠠᠮᠳᠤᠷᠠᠯᠴᠠᠭ᠎ᠠ ᠪᠠᠨ | ᠠᠬᠢᠭᠤᠯᠵᠤ᠂ ᠭᠠᠳᠠᠭᠠᠳᠤ ᠠᠷᠠᠯᠵᠢᠶ᠎ᠠ ᠶᠢᠨ ᠬᠢᠷᠢ ᠲᠦᠪᠰᠢᠨ ᠢᠶᠠᠨ ᠲᠡᠭᠡᠭᠰᠢᠯᠡᠭᠦᠯᠦᠨ᠎ᠡ᠃ ᠪᠡᠭᠡᠵᠢᠩ ᠦᠪᠦᠷ | ᠮᠤᠩᠭᠤᠯ ᠤᠨ ᠬᠠᠮᠳᠤᠷᠠᠯᠴᠠᠭ᠎ᠠ ᠶᠢᠨ ᠠᠰᠢᠭᠳᠠᠢ ᠲᠤᠬᠢᠶᠠᠯ ᠢ ᠠᠰᠢᠭᠯᠠᠵᠤ᠂ ᠤᠳᠤᠬᠢ ᠪᠠᠶᠢᠭ᠎ᠠ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠡᠬᠢ ᠪᠠᠶᠠᠯᠢᠭ ᠲᠤ ᠲᠦᠰᠢᠭᠯᠡᠵᠤ᠂ ᠬᠤᠸᠠᠢ ᠷᠧᠦ ᠲᠤᠭᠤᠷᠢᠭ ᠤᠨ ᠦᠨᠳᠦᠰᠦᠳᠡᠨ ᠤ ᠤᠨᠴᠠᠯᠢᠭ | ᠲᠠᠢ ᠢᠳᠡᠭᠡᠨ ᠤᠮᠳᠠᠭᠠᠨ ᠤ ᠤᠶᠢᠯᠠᠭᠠᠯᠳᠠ ᠶᠢᠨ ᠲᠡᠯᠭᠡᠭᠦᠷ ᠪᠤᠯᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠤᠨᠴᠠᠯᠢᠭᠳᠤ ᠦᠵᠡᠭᠦᠯᠦᠯᠭᠡ ᠶᠢᠨ ᠲᠢᠩᠭᠢᠮ ᠤᠨ ᠪᠠᠶᠢᠭᠤᠯᠤᠯᠳᠠ ᠶᠢᠨ ᠠᠬᠢᠴᠨ ᠶᠢ ᠲᠦᠷᠭᠡᠳᠭᠡᠵᠤ᠂ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠪᠤᠷᠤᠯᠠᠭᠤᠯᠬᠤ ᠠᠷᠭ᠎ᠠ ᠵᠠᠮ ᠢ ᠦᠷᠭᠡᠳᠬᠡᠨ᠂ ᠴᠢᠨᠠᠷ ᠰᠠᠶᠢᠨ ᠬᠠᠩᠰᠢ | ᠲᠤᠬᠢᠷᠠᠮᠵᠢᠳᠠᠢ ᠪᠠᠶᠢᠳᠠᠯ ᠢ ᠪᠤᠢ ᠪᠤᠯᠭᠠᠨ᠎ᠠ᠃ | ︵ᠭᠤᠷᠪᠠ︶ ᠬᠦᠳᠡᠭᠡ ᠲᠤᠰᠬᠤᠨ ᠤ ᠵᠤᠬᠢᠴᠠᠭᠤᠯᠤᠨ ᠬᠦᠭᠵᠢᠬᠦ ᠶᠢ ᠨᠢᠭᠡᠳᠬᠡᠵᠤ᠂ ᠶᠡᠷᠥᠩᠭᠡᠶᠢᠯᠡᠭᠰᠡᠨ | ᠲᠠᠭᠠᠭᠠᠬᠤ ᠴᠢᠳᠠᠪᠤᠷᠢ ᠶᠢ ᠲᠡᠭᠡᠭᠰᠢᠯᠡᠭᠦᠯᠦᠨ᠎ᠡ᠃ | ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠤᠷᠴᠢᠨ ᠲᠤᠭᠤᠷᠢᠨ ᠤ ᠰᠠᠶᠢᠵᠢᠷᠠᠭᠤᠯᠤᠯᠳᠠ ᠳᠤ ᠬᠦᠴᠦ ᠪᠠᠨ ᠨᠢᠭᠡᠳᠬᠡᠨ᠂ | ︽ᠲᠠᠪᠤᠨ ᠬᠤᠳᠠᠴᠢᠯᠠᠯᠳᠠ︾ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠤᠨ᠂ ᠵᠢᠯ ᠤᠨ ᠲᠤᠳᠤᠷ᠎ᠠ ᠦᠪᠡᠷᠳᠡᠭᠡᠨ | ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠬᠤᠳᠠ ᠪᠠᠯᠭᠠᠰᠤ ᠶᠢ ᠪᠠᠶᠢᠭᠤᠯᠬᠤ ᠪᠠᠷ ᠴᠢᠷᠮᠠᠶᠢᠵᠤ᠂ ᠦᠪᠡᠷᠳᠡᠭᠡᠨ | ᠵᠠᠰᠠᠬᠤ ᠤᠷᠤᠨ ᠤ ᠴᠡᠴᠡᠷᠯᠢᠭᠳᠦ ᠬᠤᠳᠠ ᠪᠠᠯᠭᠠᠰᠤ᠂ ᠢᠳᠡᠭᠡᠨ ᠤᠮᠳᠠᠭᠠᠨ ᠤ ᠠᠮᠤᠷ ᠲᠦᠪᠰᠢᠨ ᠬᠤᠳᠠ ᠪᠠᠯᠭᠠᠰᠤ᠂ | ᠤᠷᠴᠢᠨ ᠲᠤᠭᠤᠷᠢᠨ ᠶᠢ ᠬᠠᠮᠠᠭᠠᠯᠠᠬᠤ ᠵᠢᠱᠢᠶᠡᠴᠢ ᠬᠤᠳᠠ ᠪᠠᠯᠭᠠᠰᠤ ᠪᠠ ᠪᠤᠯᠪᠠᠰᠤᠨ ᠬᠤᠳᠠ ᠪᠠᠯᠭᠠᠰᠤ ᠶᠢ | ᠪᠠᠶᠢᠭᠤᠯᠬᠤ ᠠᠵᠢᠯ ᠤᠨ ᠠᠬᠢᠴᠠ ᠪᠠᠨ ᠲᠦᠷᠭᠡᠳᠬᠡᠵᠤ᠂ ᠦᠷᠭᠡᠨ ᠤᠯᠠᠨ ᠠᠷᠠᠳ ᠲᠦᠮᠡᠨ ᠳᠤ ᠨᠡᠩ | ᠲᠤᠬᠢᠷᠠᠮᠵᠢᠳᠠᠢ ᠰᠠᠶᠢᠬᠠᠨ ᠤᠷᠴᠢᠨ ᠠᠬᠤᠢ ᠶᠢ ᠪᠤᠢ ᠪᠤᠯᠭᠠᠨ᠎ᠠ ︕ | ᠬᠤᠳᠠ ᠪᠠᠯᠭᠠᠰᠤᠨ ᠤ ᠶᠡᠷᠥᠩᠭᠡᠶᠢᠯᠡᠭᠰᠡᠨ ᠲᠠᠭᠠᠭᠠᠬᠤ ᠴᠢᠳᠠᠪᠤᠷᠢ ᠶᠢ ᠲᠡᠭᠡᠭᠰᠢᠯᠡᠭᠦᠯᠦᠨ᠎ᠡ᠃ ᠲᠦᠯᠦᠪᠵᠢᠭᠦᠯᠦᠨ | ᠵᠢᠯᠤᠭᠤᠳᠬᠤ ᠪᠠ ᠬᠢᠵᠠᠭᠠᠷᠯᠠᠬᠤ ᠦᠢᠯᠡᠳᠦᠯ ᠢ ᠴᠢᠩᠭᠠᠳᠬᠠᠵᠤ᠂ ᠲᠦᠭᠦᠮ ᠪᠦᠳᠦᠴᠡᠳᠦ ᠤᠷᠤᠨ ᠰᠠᠭᠤᠴᠠ ᠶᠢᠨ | ᠦᠭᠡᠷᠡᠴᠢᠯᠡᠯᠳᠡ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠤᠨ᠂ ᠪᠡᠯᠡ ᠮᠦᠩᠭᠦ ᠶᠢ ᠲᠡᠮᠡᠴᠡᠨ ᠤᠯᠵᠤ᠂ | ᠲᠦᠭᠦᠮ ᠪᠦᠳᠦᠴᠡᠳᠦ ᠤᠷᠤᠨ ᠰᠠᠭᠤᠴᠠ ᠶᠢᠨ ᠦᠭᠡᠷᠡᠴᠢᠯᠡᠯᠳᠡ ᠶᠢᠨ ᠦᠯᠡᠳᠡᠭᠰᠡᠨ ᠭᠠᠵᠠᠷ ᠢ ᠨᠡᠭᠡᠭᠡᠨ ᠠᠰᠢᠭᠯᠠᠵᠤ᠂ | ᠬᠤᠳᠠᠴᠢᠯᠠᠬᠤ ᠬᠡᠯᠪᠡᠷᠢ ᠮᠠᠶ᠋ᠢᠭ ᠪᠤᠯᠤᠨ ᠵᠠᠰᠠᠬᠤ ᠠᠷᠭ᠎ᠠ ᠮᠠᠶ᠋ᠢᠭ ᠤᠨ ᠦᠭᠡᠷᠡᠴᠢᠯᠡᠯᠳᠡ ᠶᠢ ᠠᠬᠢᠭᠤᠯᠤᠨ᠂ ᠤᠷᠤᠰᠢᠨ | ᠰᠠᠭᠤᠬᠤ᠂ ᠠᠵᠤ ᠦᠢᠯᠡᠰ ᠪᠤᠰᠬᠠᠬᠤ᠂ ᠠᠷᠠᠯᠵᠢᠶᠠᠯᠠᠨ ᠬᠤᠳᠠᠯᠳᠤᠬᠤ ᠪᠤᠯᠤᠨ ᠵᠢᠭᠤᠯᠴᠢᠯᠠᠨ ᠲᠤᠭᠤᠷᠢᠬᠤ ᠳᠤ | ᠲᠤᠬᠢᠷᠠᠮᠵᠢᠳᠠᠢ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠬᠤᠳᠠ ᠶᠢᠨ ᠶᠠᠪᠤᠳᠠᠯ ᠤᠨ ᠰᠠᠭᠤᠷᠢ | ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ᠄ ᠭᠡᠭᠡᠨᠳᠠᠯ᠎ᠠ ᠵᠠᠮ᠂ ᠢ ᠡᠯ ᠵᠠᠮ ᠵᠡᠷᠭᠡ ᠵᠠᠮ ᠱᠤᠭᠤᠮ ᠵᠢᠴᠢ ᠢᠵᠢ | ᠪᠦᠷᠢᠳᠦᠭᠦᠯᠦᠭᠰᠡᠨ ᠬᠤᠭᠤᠯᠠᠢ ᠶᠢᠨ ᠲᠤᠤᠷ ᠤᠨ ᠪᠠᠶᠢᠭᠤᠯᠤᠯᠳᠠ ᠶᠢ ᠭᠦᠢᠴᠡᠳᠬᠡᠨ᠎ᠡ᠃ ᠤᠯᠠᠭᠠᠨᠬᠤᠸᠠ ᠪᠠᠯᠭᠠᠰᠤᠨ ᠤ | ᠳ᠋ᠦᠩ ᠱᠠᠨ ᠴᠡᠴᠡᠷᠯᠢᠭ ᠤᠨ ᠤᠰᠤ ᠲᠠᠮᠵᠢᠭᠤᠯᠬᠤ ᠢᠨᠵᠧᠨᠧᠷᠢᠩ᠂ ᠮᠢᠨ ᠱᠧᠩ ᠲᠤᠭᠤᠷᠢᠭ ᠤᠨ ᠵᠡᠭᠦᠨ ᠲᠠᠯ᠎ᠠ᠂ | ᠰᠡᠩᠭᠡ ᠶᠢᠨ ᠲᠤᠰᠬᠤᠨ ᠤ ᠲᠤᠤᠷᠠᠳᠤ ᠤᠷᠤᠰᠬᠠᠯ ᠵᠡᠷᠭᠡ ᠪᠠᠭ᠎ᠠ ᠬᠡᠯᠪᠡᠷᠢ ᠶᠢᠨ ᠦᠶᠡᠷ ᠲᠠᠳᠠᠷᠠᠭᠤᠯᠬᠤ ᠢᠨᠵᠧᠨᠧᠷᠢᠩ | ᠢ ᠭᠦᠢᠴᠡᠳᠬᠡᠨ᠎ᠡ᠃ ᠤᠯᠠᠭᠠᠨᠬᠤᠸᠠ ᠪᠠᠯᠭᠠᠰᠤᠨ ᠤ ᠤᠰᠤᠨ ᠤ ᠡᠬᠢ ᠰᠤᠷᠪᠤᠯᠵᠢ ᠶᠢ ᠠᠰᠢᠭᠯᠠᠬᠤ ppp ᠲᠦᠷᠦᠯ | ᠵᠦᠢᠯ ᠤᠨ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ᠂ ᠬᠤᠶᠠᠳᠤᠭᠠᠷ | ᠤᠰᠤᠨ ᠰᠤᠷᠪᠤᠯᠵᠢ ᠶᠢ ᠲᠡᠭᠡᠭᠰᠢᠯᠡᠭᠦᠯᠬᠦ ᠵᠢᠴᠢ ᠤᠰᠤᠨ ᠤ ᠦᠢᠯᠡᠳᠪᠦᠷᠢ ᠪᠠᠶᠢᠭᠤᠯᠬᠤ ᠠᠬᠢᠴᠠ ᠪᠠᠨ ᠲᠦᠷᠭᠡᠳᠬᠡᠨ᠎ᠡ | ᠃ ᠭᠡᠷ ᠬᠦᠷᠦᠩᠭᠡ ᠶᠢ ᠨᠡᠭᠡᠭᠡᠨ ᠬᠦᠭᠵᠢᠭᠦᠯᠬᠦ ᠲᠠᠯ᠎ᠠ ᠪᠠᠷ᠄ ᠲᠠᠢ ᠾᠧ ᠴᠡᠴᠡᠭᠯᠢᠭ ᠲᠤᠭᠤᠷᠢᠭ᠂ ᠱᠧᠩ ᠲᠠᠢ ᠰᠢᠨ᠎ᠡ | ᠲᠤᠭᠤᠷᠢᠭ ᠵᠡᠷᠭᠡ ᠲᠡᠭᠡᠳᠦ ᠲᠡᠰ ᠤᠨ ᠬᠤᠳᠠᠯᠳᠤᠭᠠᠨ ᠤ ᠤᠷᠤᠨ ᠰᠠᠭᠤᠴᠠ ᠶᠢᠨ ᠲᠤᠭᠤᠷᠢᠭ ᠤᠨ ᠪᠠᠶᠢᠭᠤᠯᠤᠯᠳᠠ | ᠶᠢᠨ ᠲᠦᠷᠦᠯ ᠵᠦᠢᠯ ᠢ ᠬᠡᠷᠡᠭᠵᠢᠭᠦᠯᠵᠤ᠂ 25 ᠲᠦᠮᠡᠨ ᠺᠦᠸᠠᠲ ᠮᠧᠲᠷ ᠪᠠᠷᠢᠯᠭ᠎ᠠ ᠶᠢᠨ ᠲᠠᠯᠠᠪᠤᠷ ᠢ ᠰᠢᠨ᠎ᠡ ᠪᠠᠷ | ᠨᠡᠮᠡᠭᠳᠡᠭᠦᠯᠦᠨ᠎ᠡ᠃ ᠬᠤᠳᠠ ᠪᠠᠯᠭᠠᠰᠤᠨ ᠤ ᠬᠠᠮᠢᠶᠠᠷᠤᠯᠳᠠ ᠶᠢᠨ ᠲᠠᠯ᠎ᠠ ᠪᠠᠷ᠄ ᠲᠤᠭᠠᠴᠢᠯᠠᠭᠰᠠᠨ ᠬᠤᠳᠠ ᠶᠢᠨ | ᠬᠠᠮᠢᠶᠠᠷᠤᠯᠳᠠ ᠶᠢᠨ ᠲᠡᠪᠴᠡᠩ ᠢ ᠢᠳᠡᠪᠬᠢᠳᠠᠢ ᠪᠡᠯᠡᠳᠬᠡᠨ ᠪᠠᠶᠢᠭᠤᠯᠵᠤ᠂ ᠬᠤᠳᠠ ᠶᠢᠨ ᠬᠠᠮᠢᠶᠠᠷᠤᠯᠳᠠ ᠶᠢᠨ ᠠᠵᠢᠯ | ᠤᠨ ᠲᠤᠭᠠᠴᠢᠯᠠᠯᠳᠠ᠂ ᠨᠠᠷᠢᠯᠢᠭᠵᠢᠭᠤᠯᠤᠯᠳᠠ᠂ ᠤᠶᠤᠨᠴᠢᠯᠠᠯᠳᠠ ᠶᠢ ᠠᠬᠢᠭᠤᠯᠤᠨ᠎ᠠ᠃ ᠬᠤᠤᠷ ᠬᠦᠨᠦᠭᠡᠯ ᠦᠭᠡᠢ | ᠬᠤᠭ ᠨᠤᠪᠰᠢ ᠶᠢ ᠰᠢᠢᠳᠪᠦᠷᠢᠯᠡᠬᠦ ᠲᠠᠯᠠᠪᠤᠷ᠂ ᠬᠤᠭ ᠨᠤᠪᠰᠢ ᠲᠠᠮᠵᠢᠭᠤᠯᠬᠤ ᠦᠷᠳᠡᠭᠡ ᠶᠢ ᠲᠦᠯᠦᠪᠯᠡᠨ | ᠪᠠᠶᠢᠭᠤᠯᠤᠨ᠎ᠠ᠃ ᠵᠤᠷᠯᠤᠩ ᠤᠨ ᠦᠭᠡᠷᠡᠴᠢᠯᠡᠯᠳᠡ ᠶᠢ ᠭᠦᠨᠵᠡᠭᠡᠢ ᠠᠬᠢᠭᠤᠯᠤᠨ᠂ ᠵᠤᠷᠯᠤᠩ ᠳᠤ ᠤᠷᠤᠬᠤ ᠳᠤ | ᠬᠦᠴᠢᠷᠳᠠᠢ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠬᠤᠳᠠ ᠪᠠᠯᠭᠠᠰᠤᠨ ᠤ ᠶᠡᠷᠥᠩᠭᠡᠶᠢᠯᠡᠨ ᠬᠠᠤᠯᠢ | ᠬᠡᠷᠡᠭᠵᠢᠭᠦᠯᠦᠨ ᠬᠠᠮᠢᠶᠠᠷᠬᠤ ᠬᠦᠴᠦᠯᠡᠴᠡ ᠪᠠᠨ ᠶᠡᠬᠡᠰᠬᠡᠵᠤ᠂ ᠵᠠᠮ ᠡᠵᠡᠯᠡᠨ ᠡᠵᠡᠩᠨᠡᠬᠦ᠂ ᠲᠡᠯᠭᠡᠭᠦᠷ ᠤᠨ ᠭᠠᠳᠠᠨ᠎ᠠ | ᠡᠵᠡᠩᠨᠡᠬᠦ ᠪᠠ ᠲᠤᠷ᠎ᠠ ᠪᠠᠷ ᠲᠡᠷᠭᠡ ᠵᠤᠭᠰᠤᠭᠠᠬᠤ ᠵᠡᠷᠭᠡ ᠦᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠨ᠎ᠠ᠃ | | ᠰᠠᠭᠤᠷᠢ ᠲᠦᠭᠦᠭᠡᠷᠦᠮᠵᠢ ᠶᠢᠨ ᠲᠤᠯᠭᠠᠭᠤᠷᠢᠯᠠᠬᠤ ᠴᠢᠳᠠᠮᠵᠢ ᠶᠢ ᠲᠡᠭᠡᠭᠰᠢᠯᠡᠭᠦᠯᠦᠨ᠎ᠡ᠃ ᠤᠰᠤᠨ ᠠᠰᠢᠭᠯᠠᠯᠳᠠ | ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠵᠤ᠂ 7 ᠰᠤᠮᠤ ᠰᠢᠶᠠᠩ | ᠪᠠᠯᠭᠠᠰᠤᠨ ᠳᠤ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠨ | ᠲᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠭᠦᠯᠦᠨ᠂ 2.87 ᠲᠦᠮᠡᠨ ᠲᠤᠯᠤᠭᠠᠢ ᠮᠠᠯ ᠤᠨᠤᠭᠠᠨ ᠤ ᠤᠤᠭᠤᠬᠤ ᠤᠰᠤ | ᠶᠢ ᠰᠢᠢᠳᠪᠦᠷᠢᠯᠡᠨ᠎ᠡ᠃ ᠲᠠᠪᠤᠨ ᠬᠠᠨ ᠭᠤᠤᠯ᠂ 6 ᠰᠤᠮᠤ ᠰᠢᠶᠠᠩ ᠪᠠᠯᠭᠠᠰᠤᠨ ᠤ ᠤᠨᠳᠤᠤ ᠭᠠᠵᠠᠷ ᠲᠤ ᠨᠡᠭᠦᠯᠭᠡᠨ | ᠶᠠᠳᠠᠭᠤ ᠶᠢ ᠲᠡᠳᠬᠦᠬᠦ ᠰᠢᠨ᠎ᠡ ᠲᠤᠰᠬᠤᠨ ᠤ ᠦᠶᠡᠷ ᠲᠠᠳᠠᠷᠠᠭᠤᠯᠬᠤ ᠢᠨᠵᠧᠨᠧᠷᠢᠩ ᠢ ᠭᠦᠢᠴᠡᠳᠬᠡᠨ᠎ᠡ᠃ ᠵᠢᠯ ᠤᠨ | ᠲᠤᠳᠤᠷ᠎ᠠ ᠬᠤᠩᠭᠤᠷ ᠤᠰᠤᠨ ᠴᠦᠬᠦᠷᠦᠮ ᠤᠨ ᠠᠩᠬ᠎ᠠ ᠠᠯᠬᠤᠮ ᠤᠰᠤ ᠬᠠᠳᠠᠭᠠᠯᠠᠬᠤ ᠠᠵᠢᠯ ᠢ ᠪᠡᠶᠡᠯᠡᠭᠦᠯᠦᠨ᠎ᠡ᠃ | ᠵᠠᠮ ᠬᠠᠷᠢᠯᠴᠠᠭᠠᠨ ᠤ ᠲᠤᠤᠷ ᠢ ᠰᠢᠯᠢᠳᠡᠭᠵᠢᠭᠦᠯᠦᠨ᠎ᠡ᠃ ᠤᠯᠠᠭᠠᠨᠬᠤᠸᠠ ᠠᠴᠠ ᠠᠶᠢᠷᠠᠭ ᠬᠦᠷᠳᠡᠯᠡᠬᠢ ᠬᠤᠶᠠᠳᠤᠭᠠᠷ | ᠲᠡᠰ ᠤᠨ ᠵᠠᠰᠠᠮᠠᠯ ᠵᠠᠮ ᠪᠠᠶᠢᠭᠤᠯᠬᠤ ᠢᠨᠵᠧᠨᠧᠷᠢᠩ ᠢ ᠪᠦᠬᠦ ᠬᠦᠴᠦᠨ ᠢᠶᠠᠷ ᠭᠦᠢᠴᠡᠳᠬᠡᠨ᠎ᠡ᠃ ᠤᠯᠤᠰ ᠤᠨ ᠵᠠᠮ ᠤᠨ | 331 ᠳ᠋ᠤᠭᠡᠷ ᠱᠤᠭᠤᠮ ︵ᠠᠶᠢᠷᠠᠭ ᠰᠦᠮ᠎ᠡ — ᠬᠤᠸᠠ ᠤᠪᠤᠭ᠎ᠠ ᠬᠡᠰᠡᠭ︶ ᠤᠨ ᠬᠤᠶᠠᠳᠤᠭᠠᠷ ᠲᠡᠰ ᠤᠨ | ᠵᠠᠰᠠᠮᠠᠯ ᠵᠠᠮ ᠤᠨ ᠢᠨᠵᠧᠨᠧᠷᠢᠩ ᠪᠤᠯᠤᠨ ᠤᠯᠤᠰ ᠤᠨ ᠵᠠᠮ ᠤᠨ 335 ᠳ᠋ᠤᠭᠠᠷ ᠱᠤᠭᠤᠮ ︵ᠬᠤᠸᠠᠩ ᠵᠢᠶᠠ ᠲᠠᠨ | — ᠰᠡᠭᠦᠵᠢ ᠬᠡᠰᠡᠭ︶ ᠤᠨ ᠬᠤᠶᠠᠳᠤᠭᠠᠷ ᠵᠠᠰᠠᠮᠠᠯ ᠵᠠᠮ ᠤᠨ ᠢᠨᠵᠧᠨᠧᠷᠢᠩ ᠤᠨ ᠲᠠᠳᠠᠪᠤᠷᠢᠯᠠᠨ ᠨᠤᠷᠠᠭᠠᠬᠤ ᠵᠡᠷᠭᠡ | ᠡᠮᠦᠨ᠎ᠡ ᠬᠤᠭᠤᠴᠠᠭᠠᠨ ᠤ ᠠᠵᠢᠯ ᠢ ᠰᠠᠶᠢᠳᠤᠷ ᠬᠢᠨ᠎ᠠ᠃ 3 ᠵᠠᠬ᠎ᠠ ᠨᠡᠶᠢᠯᠡᠭᠰᠡᠨ ᠪᠠᠶᠢᠭᠠᠯᠢᠯᠢᠭ ᠲᠤᠰᠬᠤᠨ ᠤ ᠱᠦᠢᠨᠢ | ᠵᠠᠮ ᠲᠡᠪᠢᠰᠬᠦ ᠲᠦᠷᠦᠯ ᠵᠦᠢᠯ ᠢ ᠪᠦᠬᠦ ᠬᠦᠴᠦᠨ ᠢᠶᠠᠷ ᠠᠬᠢᠭᠤᠯᠵᠤ᠂ ᠭᠡᠭᠡᠨᠳᠠᠯ᠎ᠠ — ᠬᠤᠩᠭᠤᠷ ᠬᠦᠷᠬᠦ ᠬᠡᠰᠡᠭ | ᠵᠠᠮ ᠤᠨ ᠲᠤᠤᠷ ᠤᠨ ᠦᠭᠡᠷᠡᠴᠢᠯᠡᠯᠳᠡ ᠵᠢᠴᠢ ᠵᠢᠷᠭᠠᠯᠠᠩᠳᠤ — ᠵᠠᠩᠭᠠᠨ ᠬᠦᠷᠬᠦ᠂ ᠪᠠᠶᠠᠨᠰᠢᠷᠡᠭᠡ ᠠᠴᠠ ᠪᠤᠶᠢᠨ | ᠰᠦᠮ᠎ᠡ ᠬᠦᠷᠬᠦ᠂ ᠰᠢ ᠬᠤᠥ ᠠᠴᠠ ᠳ᠋ᠠ ᠨᠠᠨ ᠬᠤᠣ ᠬᠦᠷᠬᠦ 3 ᠲᠦᠷᠦᠯ ᠤᠨ ᠤᠰᠤᠨ ᠳᠤ ᠡᠪᠳᠡᠭᠳᠡᠭᠰᠡᠨ ᠢ ᠵᠠᠰᠠᠬᠤ | ᠢᠨᠵᠧᠨᠧᠷᠢᠩ ᠢ ᠴᠢᠷᠮᠠᠶᠢᠨ ᠪᠡᠶᠡᠯᠡᠭᠦᠯᠦᠨ᠎ᠡ᠃ ᠵᠠᠯᠭᠠᠴᠢᠨ — ᠮᠤᠩᠭᠤᠯ ᠰᠦᠮ᠎ᠡ ᠬᠦᠷᠬᠦ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ ᠢᠨᠵᠧᠨᠧᠷᠢᠩ ᠵᠢᠴᠢ ᠵᠢᠦᠢ ᠪᠤᠥ ᠵᠤᠸᠠᠩ — ᠬᠢᠷᠰᠡᠳᠠᠢ ᠬᠦᠷᠬᠦ᠂ ᠾᠦᠩ ᠹᠠᠩ ᠽᠢ | — ᠬᠤᠵᠢᠷᠳᠤ ᠬᠦᠷᠬᠦ 2 ᠨᠠᠷᠢᠨ ᠵᠠᠮ ᠢ ᠦᠷᠭᠡᠳᠬᠡᠨ ᠦᠭᠡᠷᠡᠴᠢᠯᠡᠬᠦ ᠢᠨᠵᠧᠨᠧᠷᠢᠩ ᠢ ᠭᠦᠢᠴᠡᠳᠬᠡᠨ᠎ᠡ᠃ | ᠪᠤᠰᠤᠭ᠎ᠠ ᠴᠤᠭᠴᠠᠳᠤ ᠵᠠᠮ ᠬᠠᠷᠢᠯᠴᠠᠭᠠᠨ ᠤ ᠰᠦᠯᠵᠢᠶ᠎ᠡ ᠶᠢ ᠲᠦᠷᠭᠡᠪᠴᠢᠯᠡᠨ ᠲᠡᠭᠡᠭᠰᠢᠯᠡᠭᠦᠯᠵᠤ᠂ ᠵᠢᠯ ᠤᠨ ᠲᠤᠳᠤᠷ᠎ᠠ | ᠨᠡᠶᠢᠳᠡᠮ ᠬᠡᠷᠡᠭᠯᠡᠭᠳᠡᠬᠦ ᠨᠢᠰᠬᠡᠯ ᠤᠨ ᠪᠠᠭᠤᠳᠠᠯ ᠤᠨ ᠲᠦᠷᠦᠯ ᠵᠦᠢᠯ ᠤᠨ ᠭᠠᠵᠠᠷ ᠰᠤᠩᠭᠤᠬᠤ ᠵᠡᠷᠭᠡ ᠡᠮᠦᠨᠡᠬᠢ | ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ ᠴᠠᠬᠢᠯᠭᠠᠨ ᠬᠦᠴᠦᠨ ᠤ ᠪᠠᠳᠤᠯᠠᠭ᠎ᠠ ᠶᠢᠨ ᠴᠢᠳᠠᠮᠵᠢ ᠶᠢ | ᠲᠡᠭᠡᠭᠰᠢᠯᠡᠭᠦᠯᠦᠨ᠎ᠡ᠃ 3.4 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠭᠤᠤ ᠵᠢᠶᠠ ᠭᠧᠦ᠂ ᠺᠧ ᠮᠧᠢ | ᠲᠤᠰᠬᠤᠨ ᠤ 2 ᠲᠦᠷᠦᠯ ᠤᠨ ᠴᠠᠬᠢᠯᠭᠠᠨ ᠲᠠᠮᠵᠢᠭᠤᠯᠬᠤ ᠢᠨᠵᠧᠨᠧᠷᠢᠩ ᠢ ᠬᠡᠷᠡᠭᠵᠢᠭᠦᠯᠵᠤ᠂ 10 ᠺᠢᠯᠤᠮᠧᠲᠷ ᠤᠨ | ᠬᠤᠳᠠ ᠶᠢᠨ ᠴᠠᠬᠢᠯᠭᠠᠨ ᠲᠤᠤᠷ ᠤᠨ ᠦᠭᠡᠷᠡᠴᠢᠯᠡᠯᠳᠡ ᠪᠠ 1526 ᠡᠷᠦᠭᠡ ᠳᠤ ᠬᠦᠳᠡᠭᠡ ᠲᠤᠰᠬᠤᠨ ᠳᠤ | ᠴᠠᠬᠢᠯᠭᠠᠨ ᠨᠡᠪᠳᠡᠷᠡᠬᠦ ᠢᠨᠵᠧᠨᠧᠷᠢᠩ ᠢ ᠶᠠᠪᠤᠭᠳᠠᠭᠤᠯᠤᠨ᠎ᠠ᠃ ᠬᠠᠰᠢᠶᠠᠳᠤ ᠠᠵᠤ ᠦᠢᠯᠡᠳᠪᠦᠷᠢ ᠶᠢᠨ ᠤᠷᠤᠨ | ᠲᠤᠭᠤᠷᠢᠭ ᠲᠤ ᠴᠠᠬᠢᠯᠭᠠᠨ ᠲᠠᠮᠵᠢᠭᠤᠯᠬᠤ ᠲᠦᠷᠦᠯ ᠵᠦᠢᠯ ᠢ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ | ︵ᠲᠦᠷᠪᠡ︶ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠶᠢᠨ ᠠᠬᠢᠴᠠ ᠶᠢ ᠠᠬᠢᠭᠤᠯᠤᠨ᠎ᠠ᠃ | ︽ᠠᠵᠤ ᠦᠢᠯᠡᠰ ᠬᠦᠭᠵᠢᠩᠭᠦᠢ᠂ ᠰᠠᠭᠤᠷᠢᠰᠢᠬᠤ ᠳᠤ ᠲᠤᠬᠢᠷᠠᠮᠵᠢᠳᠠᠢ᠂ ᠬᠦᠳᠡᠭᠡ ᠲᠤᠰᠬᠤᠨ ᠤ ᠵᠠᠩ ᠰᠤᠷᠳᠠᠯ | ᠪᠤᠯᠪᠠᠰᠤᠨ᠂ ᠵᠠᠰᠠᠨ ᠰᠠᠶᠢᠵᠢᠷᠠᠭᠤᠯᠤᠯᠳᠠ ᠦᠷ᠎ᠡ ᠪᠦᠳᠦᠮᠵᠢᠳᠠᠢ᠂ ᠠᠮᠢᠳᠤᠷᠠᠯ ᠪᠠᠶᠠᠨ ᠴᠢᠨᠡᠭᠡᠯᠢᠭ︾ ᠱᠠᠭᠠᠷᠳᠠᠯᠭ᠎ᠠ | ᠶᠤᠰᠤᠭᠠᠷ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠠᠬᠢᠭᠤᠯᠤᠨ᠂ ᠤᠳᠤᠬᠢᠴᠢᠯᠠᠯᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠪᠠᠶᠢᠭᠤᠯᠤᠯᠳᠠ ᠶᠢ | ᠲᠦᠷᠭᠡᠳᠬᠡᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠬᠦ ᠲᠠᠯ᠎ᠠ ᠪᠠᠷ ᠲᠡᠪᠰᠢᠨ ᠬᠦᠭᠵᠢᠬᠦ ᠶᠢ ᠠᠬᠢᠭᠤᠯᠤᠨ᠎ᠠ᠃ | ᠬᠦᠳᠡᠭᠡ ᠲᠤᠰᠬᠤᠨ ᠤ ᠦᠪᠡᠷᠮᠢᠴᠡ ᠤᠨᠴᠠᠯᠢᠭᠳᠤ ᠪᠦᠳᠦᠭᠡᠭᠳᠡᠭᠦᠨ ᠢ ᠴᠢᠬᠤᠯᠠᠴᠢᠯᠠᠨ ᠬᠦᠭᠵᠢᠭᠦᠯᠦᠨ᠎ᠡ᠃ ︽ | ᠲᠠᠷᠢᠵᠤ ᠲᠡᠵᠢᠭᠡᠬᠦ ᠶᠢ ᠤᠶᠠᠯᠳᠤᠭᠤᠯᠤᠨ᠂ ᠲᠠᠷᠢᠬᠤ ᠪᠠᠷ ᠲᠡᠵᠢᠭᠡᠬᠦ ᠶᠢ ᠠᠬᠢᠭᠤᠯᠬᠤ︾ ᠪᠦᠳᠦᠴᠨ ᠶᠢᠨ | ᠲᠤᠬᠢᠷᠠᠭᠤᠯᠤᠯᠳᠠ ᠶᠢᠨ ᠰᠡᠳᠬᠢᠬᠦᠢ ᠶᠢᠨ ᠲᠤᠭᠤᠷᠢᠨ ᠳᠤ᠂ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ | ᠴᠢᠩᠭᠠᠳᠬᠠᠨ᠂ ᠲᠦᠮᠦᠰᠦ ᠪᠤᠯᠤᠨ ᠬᠤᠨᠢᠨ ᠮᠢᠬᠠᠨ ᠤ ᠴᠢᠳᠠᠮᠵᠢᠳᠤ ᠦᠢᠯᠡᠳᠪᠦᠷᠢᠯᠡᠯ ᠢ ᠬᠦᠴᠦᠷᠭᠡᠭᠵᠢᠭᠦᠯᠵᠤ᠂ | ᠲᠡᠵᠢᠭᠡᠯ ᠪᠤᠷᠳᠤᠭ᠎ᠠ ᠶᠢ ᠲᠠᠷᠢᠬᠤ ᠲᠠᠯᠠᠪᠤᠷ ᠢ ᠦᠷᠭᠡᠳᠬᠡᠨ᠂ ᠤᠨᠴᠠᠯᠢᠭᠳᠤ ᠲᠠᠷᠢᠵᠤ ᠲᠡᠵᠢᠭᠡᠬᠦ ᠦᠢᠯᠡᠰ ᠢ | ᠲᠡᠳᠬᠦᠵᠤ᠂ ᠪᠤᠷᠤᠯᠠᠭᠤᠯᠤᠯᠳᠠ ᠶᠢᠨ ᠠᠷᠭ᠎ᠠ ᠵᠠᠮ ᠢᠶᠠᠨ ᠰᠢᠯᠤᠭᠤᠳᠬᠠᠨ᠂ ᠠᠵᠤ ᠦᠢᠯᠡᠳᠪᠦᠷᠢᠯᠡᠯ ᠤᠨ ᠡᠷᠡᠭᠦᠯ | ᠬᠦᠭᠵᠢᠯᠳᠡ ᠶᠢ ᠪᠡᠶᠡᠯᠡᠭᠦᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠢ ᠲᠡᠭᠡᠭᠰᠢᠯᠡᠭᠦᠯᠦᠨ ᠦᠷ᠎ᠡ ᠪᠦᠳᠦᠮᠵᠢ | ᠶᠢ ᠨᠡᠮᠡᠭᠳᠡᠭᠦᠯᠦᠨ᠂ ᠮᠠᠯᠴᠢᠳ ᠲᠠᠷᠢᠶᠠᠴᠢᠳ ᠤᠨ ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠭᠦᠯᠦᠨ᠎ᠡ᠃ ᠲᠠᠷᠢᠶᠠᠯᠠᠩ | ᠤᠨ ᠲᠠᠯ᠎ᠠ ᠪᠠᠷ᠄ ᠲᠦᠮᠦᠰᠦ ᠶᠢ ᠭᠤᠤᠯ ᠠᠮᠤ ᠪᠤᠳᠠᠭ᠎ᠠ ᠪᠤᠯᠭᠠᠬᠤ ᠤᠯᠤᠰ ᠤᠨ ᠲᠤᠷᠰᠢᠯᠳᠠ ᠶᠢᠨ ᠴᠡᠭ ᠤᠨ ᠠᠵᠢᠯ | ᠢ ᠭᠡᠷᠡᠭᠵᠢᠭᠦᠯᠵᠤ᠂ ᠵᠦᠩ ᠵᠢᠶᠠ ᠺᠤᠮᠫᠠᠨᠢ ᠪᠠᠷ ᠭᠤᠤᠯᠯᠠᠬᠤ ᠦᠷ᠎ᠡ ᠶᠢᠨ ᠲᠦᠮᠦᠰᠦ ᠶᠢ ᠪᠤᠶᠢᠵᠢᠭᠤᠯᠬᠤ ᠬᠦᠳᠦᠴᠢ | ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠲᠠᠭᠠᠭᠤᠯᠬᠤ ᠦᠢᠯᠡᠳᠦᠯ ᠢ ᠴᠢᠩᠭᠠᠳᠬᠠᠨ᠂ ᠦᠷ᠎ᠡ ᠶᠢᠨ ᠲᠦᠮᠦᠰᠦ | ᠶᠢᠨ ᠲᠠᠷᠢᠬᠤ ᠬᠡᠪᠴᠢᠶ᠎ᠡ ᠪᠠᠨ ᠦᠷᠭᠡᠳᠬᠡᠵᠤ᠂ ᠲᠦᠮᠦᠰᠦ ᠶᠢ ᠬᠦᠨᠵᠡᠭᠡᠢ ᠡᠳ᠋ᠰᠢᠭᠦᠯᠦᠨ ᠪᠤᠯᠪᠠᠰᠤᠷᠠᠭᠤᠯᠬᠤ ᠶᠢ | ᠠᠬᠢᠭᠤᠯᠤᠨ᠂ ᠦᠪᠡᠷᠳᠡᠭᠡᠨ ᠵᠠᠰᠠᠬᠤ ᠤᠷᠤᠨ ᠤ ᠲᠡᠰ ᠤᠨ ᠲᠦᠮᠦᠰᠦᠨ ᠠᠵᠤ ᠦᠢᠯᠡᠳᠪᠦᠷᠢ ᠶᠢᠨ ᠤᠷᠤᠨ | ᠲᠤᠭᠤᠷᠢᠭ ᠢ ᠴᠢᠷᠮᠠᠶᠢᠨ ᠪᠠᠶᠢᠭᠤᠯᠤᠨ᠎ᠠ᠃ ᠲᠦᠮᠦᠰᠦᠨ ᠤ ᠠᠵᠦ ᠦᠢᠯᠡᠰ ᠤᠨ ᠬᠡᠯᠬᠢᠶᠡᠯᠡᠨ ᠬᠦᠭᠵᠢᠬᠦ ᠶᠢ | ᠠᠬᠢᠭᠤᠯᠤᠨ᠎ᠠ᠃ ᠲᠦᠮᠦᠰᠦᠨ ᠲᠠᠷᠢᠮᠠᠯ ᠤᠨ ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠶᠢ ᠰᠠᠶᠢᠳᠤᠷ | ᠭᠡᠷᠡᠭᠵᠢᠭᠦᠯᠵᠤ᠂ ᠵᠢᠯ ᠤᠨ ᠲᠤᠳᠤᠷ᠎ᠠ 8 ᠲᠦᠮᠡᠨ ᠮᠦ ᠦᠷ᠎ᠡ ᠶᠢᠨ ᠲᠦᠮᠦᠰᠦ ᠲᠠᠷᠢᠨ᠂ ᠵᠢᠯ ᠳᠤ 6500 ᠲᠦᠮᠡᠨ | ᠰᠠᠭᠤᠷᠢ ᠦᠨᠳᠦᠷ ᠤᠨᠠᠯᠳᠠ ᠲᠠᠢ ᠬᠤᠤᠷ ᠦᠭᠡᠶᠢᠳᠡᠭᠦᠯᠦᠭᠰᠡᠨ ᠴᠢᠬᠢ᠂ 9750 ᠲᠦᠮᠡᠨ ᠮᠦᠬᠦᠯᠢᠭ ᠤᠤᠯ ᠦᠷ᠎ᠡ | ᠂ 4.5 ᠲᠦᠮᠡᠨ ᠲᠤᠨ ᠤ ᠬᠠᠷᠠᠯᠳᠠ ᠶᠢᠨ ᠠᠩᠬᠠᠨ ᠤ ᠦᠷ᠎ᠡ ᠶᠢ ᠪᠤᠶᠢᠵᠢᠭᠤᠯᠵᠤ᠂ ᠪᠦᠬᠦ ᠬᠤᠰᠢᠭᠤᠨ ᠳᠤ | ᠰᠠᠭᠤᠷᠢᠯᠠᠨ᠂ ᠪᠦᠬᠦ ᠬᠤᠳᠠ ᠴᠢᠨᠠᠭᠰᠢᠯᠠᠪᠠᠯ ᠪᠦᠬᠦ ᠤᠷᠤᠨ ᠢ ᠬᠠᠮᠤᠷᠬᠤ ᠲᠦᠮᠦᠰᠦ ᠲᠠᠷᠢᠵᠤ ᠪᠤᠶᠢᠵᠢᠭᠤᠯᠬᠤ ᠭᠤᠤᠯ | ᠰᠠᠭᠤᠷᠢᠨ ᠭᠠᠵᠠᠷ ᠢ ᠪᠠᠶᠢᠭᠤᠯᠤᠨ᠎ᠠ᠃ 26 ᠲᠦᠮᠡᠨ ᠮᠦ ᠶᠢᠨ ᠲᠤᠰᠬᠠᠢ ᠬᠡᠷᠡᠭᠯᠡᠭᠡᠨ ᠤ ᠲᠦᠮᠦᠰᠦ ᠶᠢ ᠲᠠᠷᠢᠨ | ᠪᠤᠶᠢᠵᠢᠭᠤᠯᠵᠤ᠂ ᠵᠢᠯ ᠳᠤ ᠪᠤᠯᠪᠠᠰᠤᠷᠠᠭᠤᠯᠤᠭᠰᠠᠨ ᠲᠤᠰᠬᠠᠢ ᠬᠡᠷᠡᠭᠯᠡᠭᠡᠨ ᠤ ᠲᠦᠮᠦᠰᠦ 20 ᠲᠦᠮᠡᠨ ᠲᠤᠨ᠂ | ᠴᠠᠷᠳᠠᠭᠤᠯ 2 ᠲᠦᠮᠡᠨ ᠲᠤᠨ᠂ ᠲᠡᠰ ᠬᠤᠪᠢᠶᠠᠭᠰᠠᠨ ᠲᠠᠸᠠᠷ ᠤᠨ ᠲᠦᠮᠦᠰᠦ ᠶᠢ 1 ᠲᠦᠮᠡᠨ ᠲᠤᠨ ᠴᠡᠪᠡᠷᠯᠡᠬᠦ | ᠬᠠᠷᠠᠯᠳᠠ ᠳᠤ ᠬᠦᠷᠭᠡᠨ᠎ᠡ᠃ ᠲᠦᠮᠦᠰᠦ ᠶᠢ ᠪᠤᠶᠢᠵᠢᠭᠤᠯᠬᠤ ᠮᠡᠷᠭᠡᠵᠢᠯ ᠤᠨ ᠲᠦᠪ ᠢ ᠪᠠᠶᠢᠭᠤᠯᠵᠤ᠂ ᠲᠦᠮᠡᠨ ᠲᠤᠨ ᠤ | ᠲᠡᠰ ᠤᠨ ᠲᠦᠮᠦᠰᠤᠨ ᠤ ᠤᠶᠤᠨᠴᠢᠯᠠᠭᠰᠠᠨ ᠬᠦᠮᠦᠷᠭᠡᠯᠡᠯ ᠨᠢᠭᠡ ᠶᠢ ᠪᠠᠶᠢᠭᠤᠯᠤᠨ᠎ᠠ᠃ ᠤᠰᠤ ᠠᠷᠪᠢᠯᠠᠵᠤ ᠤᠰᠤᠯᠠᠬᠤ | ᠲᠠᠷᠢᠶᠠᠯᠠᠩ ᠤᠨ ᠲᠠᠯᠠᠪᠠᠢ ᠶᠢ ᠦᠷᠬᠦᠯᠵᠢᠯᠡᠨ ᠦᠷᠭᠡᠳᠬᠡᠵᠤ᠂ ᠲᠠᠷᠢᠮᠠᠯ ᠤᠨ ᠠᠩᠬᠠᠨ ᠤ ᠰᠠᠶᠢᠨ ᠡᠭᠦᠯᠳᠡᠷ ᠤᠨ | ᠲᠠᠷᠢᠶᠠᠨ ᠦᠷ᠎ᠡ ᠶᠢ 135 ᠲᠦᠮᠡᠨ ᠮᠦ ᠲᠦᠬᠡᠮᠡᠯᠵᠡᠭᠦᠯᠦᠨ᠂ ᠭᠤᠤᠯ ᠲᠠᠷᠢᠮᠠᠯ ᠤᠨ ᠰᠢᠯᠢᠳᠡᠭ ᠲᠠᠷᠢᠶᠠᠨ ᠦᠷ᠎ᠡ | ᠶᠢᠨ ᠪᠦᠷᠬᠦᠯᠳᠡ ᠶᠢᠨ ᠨᠤᠷᠮ᠎ᠠ ᠶᠢ 90% ᠠᠴᠠ ᠲᠡᠭᠡᠭᠰᠢ ᠬᠦᠷᠭᠡᠵᠤ᠂ ᠰᠢᠨ᠎ᠡ ᠪᠦᠳᠦᠭᠡᠭᠳᠡᠭᠦᠨ ᠤ ᠬᠡᠷᠡᠭᠯᠡᠯᠳᠡ | ᠶᠢᠨ ᠨᠤᠷᠮ᠎ᠠ ᠶᠢ 30% ᠳᠤ ᠬᠦᠷᠭᠡᠨ᠎ᠡ᠃ ᠲᠠᠷᠢᠶᠠᠨ ᠭᠠᠵᠠᠷ ᠤᠨ ᠰᠦᠯᠢᠶᠤᠤ ᠪᠦᠷᠬᠦᠪᠴᠢ ᠶᠢ ᠪᠤᠴᠠᠭᠠᠵᠤ | ᠬᠤᠷᠢᠶᠠᠬᠤ ᠦᠷᠳᠡᠭᠡ 7 ᠶᠢ ᠪᠠᠶᠢᠭᠤᠯᠤᠨ᠎ᠠ᠃ 40 ᠲᠦᠮᠡᠨ ᠮᠦ ᠡᠭᠡᠯᠵᠢᠯᠡᠨ ᠲᠠᠷᠢᠬᠤ ᠲᠦᠷᠦᠯ ᠵᠦᠢᠯ ᠢ | ᠭᠦᠢᠴᠡᠳᠬᠡᠬᠦ ᠶᠢ ᠪᠠᠳᠤᠯᠠᠨ᠎ᠠ᠃ ᠡᠭᠦᠨ ᠠᠴᠠ ᠭᠠᠳᠠᠨ᠎ᠠ᠂ ᠦᠨᠳᠦᠷ ᠤᠨᠠᠯᠳᠠ᠂ ᠬᠤᠷᠤᠬᠠᠢ ᠶᠢᠨ ᠭᠠᠮᠰᠢᠭ ᠢ | ᠰᠡᠷᠭᠡᠶᠢᠯᠡᠨ ᠵᠠᠰᠠᠬᠤ ᠵᠡᠷᠭᠡ ᠮᠡᠷᠭᠡᠵᠢᠯ ᠪᠠ ᠲᠠᠷᠢᠶᠠᠯᠠᠩ ᠤᠨ ᠲᠠᠭᠠᠳᠬᠠᠯ ᠤᠨ ᠦᠢᠯᠡᠴᠢᠯᠡᠭᠡ ᠶᠢ ᠶᠡᠭᠡ ᠬᠦᠴᠦᠨ ᠢᠶᠠᠷ | ᠲᠦᠬᠡᠮᠡᠯᠵᠢᠭᠦᠯᠦᠨᠡ᠃ ᠮᠠᠯ ᠠᠵᠤ ᠠᠬᠤᠢ ᠶᠢᠨ ᠲᠠᠯ᠎ᠠ ᠪᠠᠷ᠄ ᠮᠢᠬᠠᠨ ᠤ ᠬᠤᠨᠢᠨ ᠤ ᠡᠭᠦᠯᠳᠡᠷ ᠰᠠᠶᠢᠵᠢᠷᠠᠭᠤᠯᠤᠯᠳᠠ | ᠪᠤᠯᠤᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠠᠷᠭ᠎ᠠ ᠠᠪᠴᠢᠯ ᠢ ᠲᠦᠬᠡᠮᠡᠯᠵᠢᠭᠦᠯᠵᠤ᠂ ᠳ᠋ᠦ᠋ ᠮᠧᠩ | ᠡᠷᠯᠢᠰᠵᠢᠭᠦᠯᠦᠭᠰᠡᠨ ᠮᠢᠬᠠᠨ ᠤ ᠬᠤᠨᠢ ᠪᠠᠷ ᠦᠨᠳᠦᠷ ᠪᠦᠳᠦᠮᠵᠢᠳᠦ ᠮᠠᠯ ᠠᠵᠤ ᠠᠬᠤᠢ ᠶᠢᠨ ᠬᠦᠳᠦᠴᠢ ᠠᠵᠤ | ᠠᠬᠤᠶᠢᠯᠠᠯ ᠪᠤᠯᠭᠠᠨ᠂ ᠵᠠᠬ᠎ᠠ ᠲᠡᠯᠭᠡᠭᠦᠷ ᠲᠤ ᠤᠷᠤᠭᠤᠯᠵᠤ᠂ ᠠᠵᠤ ᠠᠬᠤᠶᠢᠯᠠᠯ ᠢᠶᠠᠷ ᠭᠤᠤᠯᠯᠠᠨ᠂ ᠵᠠᠰᠠᠭ ᠤᠨ | ᠤᠷᠳᠤᠨ ᠠᠴᠠ ᠲᠡᠳᠬᠦᠨ ᠲᠡᠮᠵᠢᠵᠤ᠂ ᠮᠠᠯᠴᠢᠨ ᠲᠠᠷᠢᠶᠠᠴᠢᠨ ᠤᠷᠤᠯᠴᠠᠬᠤ ᠵᠠᠷᠴᠢᠮ ᠢ ᠪᠠᠷᠢᠮᠳᠠᠯᠠᠨ᠂ ᠰᠠᠶᠢᠨᠤ | ᠺᠤᠮᠫᠠᠨᠢ ᠪᠠᠷ ᠭᠤᠤᠯᠯᠠᠭᠰᠠᠨ ᠬᠦᠳᠦᠴᠢ ᠠᠵᠤ ᠠᠬᠤᠶᠢᠯᠠᠯ ᠪᠠ ᠮᠠᠯᠴᠢᠨ ᠲᠠᠷᠢᠶᠠᠴᠢᠳ ᠤᠨ ᠠᠰᠢᠭ ᠲᠤ | ᠬᠤᠯᠪᠤᠭᠳᠠᠬᠤ ᠲᠤᠭᠳᠠᠯᠴᠠᠭ᠎ᠠ ᠶᠢ ᠪᠠᠶᠢᠭᠤᠯᠤᠨ᠎ᠠ᠃ ᠮᠢᠬᠠᠨ ᠤ ᠬᠤᠨᠢ ᠶᠢ ᠦᠷᠡᠵᠢᠭᠦᠯᠬᠦ ᠠᠮᠢᠳᠤ ᠪᠤᠳᠠᠰ ᠤᠨ | ᠢᠨᠵᠧᠨᠧᠷᠢᠩ ᠤᠨ ᠲᠦᠪ ᠢ ᠪᠠᠶᠢᠭᠤᠯᠵᠤ᠂ ᠳ᠋ᠦ᠋ ᠪᠥᠸᠧ ᠬᠤᠨᠢ ᠪᠠ ᠰᠠ ᠹᠦ᠋ ᠺᠧ ᠬᠤᠨᠢ ᠶᠢ ᠡᠷᠯᠢᠰᠵᠢᠭᠦᠯᠦᠭᠰᠡᠨ | ᠰᠢᠨ᠎ᠡ ᠡᠭᠦᠯᠳᠡᠷ ᠪᠤᠯᠤᠨ ᠳ᠋ᠦ᠋ ᠮᠧᠩ ᠬᠤᠨᠢᠨ ᠤ ᠰᠢᠨ᠎ᠡ ᠡᠭᠦᠯᠳᠡᠷ ᠢ ᠪᠤᠶᠢᠵᠢᠭᠤᠯᠤᠨ᠂ ᠵᠢᠯ ᠳᠤ 5 ᠲᠦᠮᠡᠨ ᠦᠷ᠎ᠡ | ᠶᠢᠨ ᠮᠠᠯ ᠢ ᠬᠠᠩᠭᠠᠬᠤ ᠬᠡᠷᠡᠭᠴᠡᠭᠡ ᠳᠤ ᠬᠦᠷᠭᠡᠨ᠎ᠡ᠃ ᠳ᠋ᠦ᠋ ᠮᠧᠩ ᠡᠷᠯᠢᠰᠵᠢᠭᠦᠯᠦᠭᠰᠡᠨ ᠮᠢᠬᠠᠨ ᠤ ᠬᠤᠨᠢ ᠶᠢᠨ | ᠬᠡᠪᠴᠢᠶ᠎ᠡ ᠶᠢ 35 ᠲᠦᠮᠡᠨ ᠲᠤᠯᠤᠭᠠᠢ ᠳᠤ ᠬᠦᠷᠭᠡᠵᠤ᠂ 200 ᠬᠠᠮᠳᠤᠷᠠᠯᠴᠠᠭᠠᠨ ᠤ ᠡᠷᠦᠭᠡ ᠶᠢ ᠰᠢᠨ᠎ᠡ ᠪᠠᠷ | ᠨᠡᠮᠡᠭᠳᠡᠭᠦᠯᠦᠨ᠎ᠡ᠃ ᠪᠡᠯᠴᠢᠭᠡᠷᠯᠡᠭᠦᠯᠬᠦ ᠶᠢ ᠴᠠᠭᠠᠵᠢᠯᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ | ᠴᠢᠩᠭ᠎ᠠ ᠬᠡᠷᠡᠭᠵᠢᠭᠦᠯᠵᠤ᠂ ᠰᠤᠯᠠ ᠲᠡᠵᠢᠭᠡᠬᠦ ᠬᠡᠪᠴᠢᠶ᠎ᠡ ᠪᠠᠨ ᠬᠦᠴᠦᠯᠡᠨ ᠪᠠᠭᠠᠰᠬᠠᠨ᠂ ᠬᠡᠪᠴᠢᠶᠠᠵᠢᠭ᠍ᠰᠡᠨ ᠲᠠᠵᠢᠬᠡᠪᠦᠷᠢ | ᠶᠢᠨ ᠲᠦᠪᠰᠢᠨ ᠢ ᠲᠡᠬᠡᠭᠰᠢᠯᠡᠬᠦᠯᠵᠦ᠂ 16 ᠢᠵᠢ ᠪᠠᠷᠢᠮᠵᠢᠶᠠᠵᠢᠭᠰᠠᠨ ᠲᠠᠵᠢᠬᠡᠪᠦᠷᠢ ᠶᠢᠨ ᠲᠠᠯᠠᠪᠤᠷ ᠪᠠᠶᠢᠭᠤᠯᠤᠨ᠎ᠠ᠃ | ᠬᠠᠮᠳᠦ ᠶᠢᠨ ᠠᠵᠦ ᠠᠬᠤᠢ᠂ ᠲᠡᠷᠢᠵᠦ ᠲᠡᠵᠢᠬᠡᠬᠦ ᠲᠤᠮᠦ ᠡᠷᠦᠬᠡ᠂ ᠮᠠᠯᠴᠢᠨ ᠲᠠᠷᠢᠶᠠᠴᠢᠨ ᠤ ᠠᠰᠢᠭ ᠬᠤᠯᠪᠤᠭᠠᠯᠠᠯ | ᠵᠡᠷᠬᠡ ᠲᠤᠭᠳᠠᠴᠠ ᠶᠢᠨ ᠲᠤᠭᠤᠷᠢᠨ ᠳᠤ᠂ ᠰᠠᠶᠢᠨᠤ᠂ ᠵᠦᠩ ᠹᠧᠩ᠂ ᠶᠡᠭᠡ ᠭᠤᠪᠢ᠂ ᠯᠢ ᠮᠤ᠋ ᠵᠡᠷᠬᠡ ᠬᠦᠳᠦᠴᠢ | ᠠᠵᠦ ᠠᠬᠤᠶᠢᠯᠠᠯ ᠢ ᠢᠳᠡᠪᠬᠢᠳᠠᠢ ᠲᠠᠮᠵᠢᠵᠦ᠂ ᠰᠢᠨ᠎ᠠ ᠮᠠᠶ᠋ᠢᠭ ᠤᠨ ᠡᠵᠡᠩᠨᠡᠯᠳᠠ ᠶᠢᠨ ᠭᠤᠤᠯ ᠴᠤᠭᠴᠠ ᠪᠠ ᠪᠤᠳᠠᠳᠦ | ᠬᠦᠴᠦᠨ ᠲᠠᠢ ᠦᠢᠯᠡᠳᠪᠦᠷᠢᠯᠡᠨ ᠪᠤᠯᠪᠠᠰᠤᠷᠠᠭᠤᠯᠬᠤ ᠠᠵᠦ ᠠᠬᠤᠶᠢᠯᠠᠯ ᠢ ᠪᠠᠶᠢᠭᠤᠯᠤᠨ᠂ ᠨᠡᠷᠡᠳᠦ ᠲᠡᠮᠳᠡᠭᠳᠦ | ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠦᠪᠡᠷᠳᠡᠬᠡᠨ ᠵᠠᠰᠠᠬᠤ ᠤᠷᠤᠨ ᠤ ᠪᠤᠬᠢᠷᠳᠤᠯ ᠦᠭᠡᠢ ᠮᠠᠯ ᠲᠠᠷᠢᠶᠠᠯᠠᠩ | ᠤᠨ ᠪᠦᠳᠦᠭᠡᠭᠳᠡᠬᠦᠨ ᠪᠤᠯᠪᠠᠰᠤᠷᠠᠭᠤᠯᠤᠨ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠮᠠᠯ ᠲᠠᠷᠢᠶᠠᠯᠠᠩ ᠤᠨ | ᠪᠦᠳᠦᠬᠡᠭᠳᠡᠬᠦᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠦ᠂ ᠶᠡᠰᠦ ᠴᠢᠨᠠᠷ ᠤᠨ ᠠᠮᠤᠷ ᠲᠦᠪᠰᠢᠨ ᠢ ᠮᠦᠷᠳᠡᠨ | ᠪᠠᠳᠤᠯᠠᠬᠤ ᠲᠤᠭᠳᠠᠯᠴᠠᠭ᠎ᠠ ᠶᠢ ᠪᠠᠶᠢᠭᠤᠯᠤᠨ᠎ᠠ᠃ | ᠦᠪᠡᠷᠮᠢᠴᠠ ᠤᠨᠴᠠᠯᠢᠭᠳᠦ ᠨᠠᠷᠠᠳᠦ ᠲᠡᠮᠳᠡᠭ ᠤᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠦᠨ᠎ᠠ᠃ ︽ᠲᠦᠷᠪᠡᠳ ᠬᠤᠨᠢ︾ ᠬᠡᠮᠡᠬᠦ ᠭᠠᠵᠠᠷ ᠤᠷᠤᠨ ᠤ ᠤᠨᠴᠠᠯᠢᠭ ᠢ ᠬᠠᠷᠠᠭᠤᠯᠤᠭᠰᠠᠨ ᠲᠠᠸᠠᠷ ᠤᠨ | ᠲᠡᠮᠳᠡᠭ ᠪᠤᠯᠤᠨ ︽ᠲᠦᠷᠪᠡᠳ ᠭᠤᠪᠢ ᠶᠢᠨ ᠬᠤᠨᠢ ᠵᠢᠴᠢ ᠪᠤᠰᠤᠳ ᠪᠦᠳᠦᠭᠡᠭᠳᠡᠬᠦᠨ︾ ᠬᠡᠮᠡᠬᠦ ᠤᠯᠤᠰ ᠤᠨ ᠠᠮᠢ | ᠠᠬᠤᠢ ᠶᠢᠨ ᠭᠠᠷᠤᠯᠳᠠ ᠶᠢᠨ ᠤᠷᠤᠨ ᠤ ᠬᠠᠮᠠᠭᠠᠯᠠᠯᠳᠠ ᠶᠢᠨ ᠪᠦᠳᠦᠭᠡᠭᠳᠡᠬᠦᠨ ᠤ ᠲᠠᠩᠰᠠᠯᠠᠯᠳᠠ ᠳᠤ ᠲᠦᠰᠢᠭᠯᠡᠨ᠂ | ᠮᠠᠯ ᠲᠠᠷᠢᠶᠠᠯᠠᠩ ᠤᠨ ᠪᠦᠳᠦᠭᠡᠭᠳᠡᠭᠦᠨ ᠢ ᠮᠦᠷᠳᠡᠬᠦ ᠰᠢᠰᠲ᠋ᠧᠮ ᠤᠨ ᠪᠠᠶᠢᠭᠤᠯᠤᠯᠳᠠ ᠶᠢ ᠬᠡᠷᠡᠭᠵᠢᠭᠦᠯᠵᠤ᠂ ︽ | ᠲᠦᠷᠪᠡᠳ ᠬᠤᠨᠢ︾ ᠶᠢᠨ ᠨᠡᠷᠡᠳᠦ ᠲᠡᠮᠳᠡᠭ ᠢ ᠬᠦᠴᠦᠷᠭᠡᠭᠵᠢᠭᠦᠯᠦᠨ ᠪᠤᠵᠠᠭᠠᠶᠢᠷᠠᠭᠤᠯᠤᠨ᠎ᠠ᠃ ︽ᠭᠤᠷᠪᠠᠨ | ᠪᠦᠳᠦᠭᠡᠭᠳᠡᠭᠦᠨ ᠨᠢᠭᠡ ᠲᠠᠷᠢᠶᠠᠯᠠᠩ ᠤᠨ ᠭᠠᠵᠠᠷ ᠵᠦᠢ ᠶᠢᠨ ᠪᠡᠯᠭᠡ ᠲᠡᠮᠳᠡᠭ︾ ᠢ ᠰᠢᠨ᠎ᠡ ᠪᠠᠷ ᠨᠡᠮᠡᠭᠳᠡᠭᠦᠯᠦᠨ᠎ᠡ᠃ | ︵ᠲᠠᠪᠤ︶ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠦᠨᠳᠦᠷ ᠶᠠᠰᠤ ᠴᠢᠨᠠᠷ ᠲᠠᠢ | ᠬᠦᠭᠵᠢᠯᠲᠡ ᠶᠢᠨ ᠬᠦᠴᠦᠨ ᠢ ᠨᠡᠮᠡᠭᠳᠡᠭᠦᠯᠦᠨ᠎ᠡ᠃ | ᠦᠭᠡᠷᠡᠴᠢᠯᠡᠯᠡᠲᠡ ᠶᠢ ᠭᠦᠨᠵᠡᠭᠡᠶᠢᠷᠡᠭᠦᠯᠦᠨ᠂ ᠬᠦᠭᠵᠢᠯᠲᠡ ᠶᠢᠨ ᠤᠷᠴᠢᠨ ᠲᠤᠭᠤᠷᠢᠨ ᠢ ᠰᠠᠶᠢᠵᠢᠷᠠᠭᠤᠯᠵᠤ᠂ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠪᠠᠶᠢᠭᠤᠯᠤᠮᠵᠢ ᠶᠢᠨ ᠦᠭᠡᠷᠡᠴᠢᠯᠡᠯᠲᠡ ᠶᠢ | ᠬᠢᠨᠠᠮᠠᠭᠠᠢ ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ ︽ᠭᠤᠷᠪᠠᠨ ᠬᠤᠪᠢᠷᠠᠯᠲᠠ︾ ᠶᠢᠨ | ᠦᠭᠡᠷᠡᠴᠢᠯᠡᠯᠡᠲᠡ ᠪᠤᠯᠤᠨ ᠨᠡᠶᠢᠲᠡ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠡᠷᠦᠬᠡ ᠨᠢ ᠭᠠᠵᠠᠷ ᠰᠢᠷᠤᠢ᠂ ᠪᠡᠯᠴᠢᠭᠡᠷ ᠤᠨ ᠡᠵᠡᠩᠨᠡᠬᠦ ᠡᠷᠬᠡ ᠪᠠᠷ | ᠢᠶᠠᠨ ᠬᠦᠳᠦᠴᠢ ᠠᠵᠤ ᠠᠬᠤᠶᠢᠯᠠᠯ ᠪᠤᠯᠤᠨ ᠲᠤᠰᠬᠠᠢ ᠬᠤᠷᠰᠢᠶᠠᠵᠢᠯ ᠳᠤ ᠪᠡᠯᠡ ᠤᠷᠤᠭᠤᠯᠤᠨ᠂ ᠤᠯᠠᠨ ᠵᠤᠶᠢᠯ ᠤᠨ | ᠬᠡᠯᠪᠡᠷᠢ ᠪᠠᠷ ᠡᠵᠡᠩᠨᠡᠬᠦ ᠶᠢ ᠬᠦᠭᠵᠢᠭᠦᠯᠦᠨ᠎ᠡ᠃ ᠵᠠᠰᠠᠭ ᠢᠶᠠᠨ ᠴᠤᠮᠬᠠᠤᠨᠬᠠᠵᠤ ᠡᠷᠬᠡ ᠪᠠᠨ ᠲᠠᠯᠪᠢᠬᠤ᠂ ᠬᠠᠮᠢᠶᠠᠷᠤᠯᠲᠠ | ᠶᠢ ᠰᠤᠯᠠᠷᠠᠭᠤᠯᠵᠤ ᠤᠶᠢᠯᠡᠴᠢᠯᠡᠭᠡ ᠬᠠᠨᠭ᠍ᠭᠠᠬᠤ᠂ ᠤᠶᠢᠯᠡᠴᠢᠯᠡᠭᠡᠨ ᠤ ᠦᠭᠡᠷᠡᠴᠢᠯᠡᠯᠲᠡ ᠶᠢ ᠰᠠᠶᠢᠵᠢᠷᠠᠭᠤᠯᠬᠤ ᠵᠡᠷᠭᠡ | ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ | ᠪᠠᠷᠢᠮᠵᠢᠶᠠᠲᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠪᠡᠯᠡ ᠤᠷᠤᠭᠤᠯᠬᠤ ᠲᠦᠰᠦᠯ ᠤᠨ ᠨᠢᠭᠡᠳᠦᠮᠡᠯ ᠺᠤᠳ᠋ ᠪᠤᠯᠤᠨ | ᠬᠢᠨᠠᠨ ᠵᠦᠪᠰᠢᠶᠡᠷᠡᠬᠦ ᠬᠢᠨᠠᠨ ᠬᠠᠮᠢᠶᠠᠷᠬᠤ ᠬᠡᠷᠡᠭ ᠤᠴᠢᠷ ᠢ ᠲᠡᠪᠴᠡᠩ ᠪᠠᠶᠢᠭᠤᠯᠤᠨ ᠬᠦᠯᠢᠶᠡᠨ ᠰᠢᠢᠤᠨᠪᠦᠷᠢᠯᠡᠬᠦ | ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠯᠡ ᠤᠷᠤᠭᠤᠯᠬᠤ ᠲᠦᠰᠦᠯ ᠢ ᠰᠢᠢᠤᠨᠪᠦᠷᠢᠯᠡᠬᠦ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠠᠵᠢᠯ ᠢ ᠴᠢᠩᠭᠠᠳᠬᠠᠨ᠎ᠠ᠃ ︽ᠢᠨᠲ᠋ᠧᠷᠨᠧᠲ ᠰᠦᠯᠵᠢᠶ᠎ᠡ+ ᠵᠠᠰᠠᠭ ᠤᠨ ᠶᠠᠪᠤᠳᠠᠯ | ᠤᠨ ᠤᠶᠢᠯᠡᠴᠢᠯᠡᠭᠡ︾ ᠶᠢ ᠬᠦᠨᠵᠡᠭᠡᠶᠢᠷᠡᠭᠦᠯᠵᠦ᠂ ᠤᠷᠤᠰᠢᠭᠤᠯᠤᠯᠭ᠎ᠠ ᠶᠢᠨ ᠲᠠᠯᠠᠪᠠᠢ ᠶᠢᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠎ᠡ᠃ ᠤᠶᠢᠯᠡᠴᠢᠯᠡᠭᠡᠨ ᠤ ᠬᠡᠷᠡᠭ ᠤᠴᠢᠷ ᠢ ᠰᠦᠯᠵᠢᠶᠡᠨ ᠳᠡᠭᠡᠷ᠎ᠡ ᠭᠤᠶᠤᠴᠢᠯᠠᠬᠤ ᠶᠢ ᠠᠬᠢᠭᠤᠯᠤᠨ᠂ | ᠰᠦᠯᠵᠢᠶᠡᠨ ᠳᠡᠭᠡᠷ᠎ᠡ ᠭᠤᠶᠤᠴᠢᠯᠠᠬᠤ ᠵᠠᠮ ᠱᠤᠭᠤᠮ ᠢ ᠨᠡᠪᠲᠡᠷᠡᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ | ︾ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠠᠵᠤ ᠠᠬᠤᠶᠢᠯᠠᠯ ᠪᠤᠯᠤᠨ ᠤᠯᠠᠨ ᠲᠦᠮᠡᠨ ᠳᠤ ᠲᠦᠬᠦᠮ | ᠦᠵᠡᠭᠦᠯᠦᠨ᠎ᠡ᠃ ᠠᠷᠠᠯᠵᠢᠶᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ | ᠬᠡᠷᠡᠴᠢ ᠦᠨᠡᠮᠯᠡᠯ ᠢ ᠰᠠᠯᠭᠠᠬᠤ︾ ᠦᠭᠡᠷᠡᠴᠢᠯᠡᠯᠲᠡ ᠶᠢ ᠠᠬᠢᠭᠤᠯᠵᠤ᠂ ︽ᠤᠷᠤᠯᠴᠠᠬᠤ ᠶᠢ ᠵᠦᠪᠰᠢᠶᠡᠷᠡᠵᠦ ᠡᠵᠡᠩᠨᠡᠬᠦ | ᠶᠢ ᠵᠦᠪᠰᠢᠶᠡᠷᠡᠬᠦ ᠦᠭᠡᠢ︾ ᠠᠰᠠᠭᠤᠳᠠᠯ ᠢ ᠬᠦᠯᠢᠶᠡᠨ ᠰᠢᠢᠤᠨᠪᠦᠷᠢᠯᠡᠨ᠎ᠡ᠃ ᠢᠲᠡᠭᠡᠮᠵᠢᠲᠦ ᠲᠦᠷᠪᠡᠤᠨ ᠤᠨ | ᠪᠠᠶᠢᠭᠤᠯᠤᠯᠲᠠ ᠶᠢ ᠠᠬᠢᠭᠤᠯᠤᠨ᠂ ᠠᠵᠤ ᠠᠬᠤᠶᠢᠯᠠᠯ ᠤᠨ ᠶᠡᠷᠦ ᠪᠤᠰᠤ ᠶᠢᠨ ᠪᠠᠶᠢᠳᠠᠯ ᠤᠨ ᠨᠡᠷᠡᠶᠢᠳᠦᠯ ᠪᠤᠯᠤᠨ | ᠬᠦᠨᠳᠦ ᠨᠤᠴᠢᠲᠠᠢ ᠬᠠᠤᠯᠢ ᠵᠦᠷᠢᠴᠡᠭᠰᠡᠨ ᠠᠵᠤ ᠠᠬᠤᠶᠢᠯᠠᠯ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠢ | ᠰᠠᠶᠢᠳᠤᠷ ᠬᠢᠨ᠎ᠡ᠃ ᠬᠤᠪᠢ ᠶᠢᠨ ᠠᠵᠤ ᠠᠬᠤᠶᠢᠯᠠᠯ ᠤᠨ ᠭᠠᠶᠢᠯᠢ ᠬᠤᠷᠢᠶᠠᠬᠤ ᠳᠠᠷᠤᠭᠠᠰᠤ ᠶᠢ ᠬᠦᠡᠭᠭᠡᠯᠡᠵᠦ᠂ ᠬᠤᠪᠢ | ᠶᠢᠨ ᠠᠵᠤ ᠠᠬᠤᠶᠢᠯᠠᠯ ᠤᠨ ᠭᠤᠤᠯ ᠡᠯᠧᠮᠧᠨ᠋ᠲ ᠤᠨ ᠪᠡᠯᠡ ᠮᠦᠡᠭᠭᠦ ᠶᠢ ᠳᠤᠷᠤᠭᠰᠢᠯᠠᠭᠤᠯᠤᠨ᠂ ᠪᠡᠯᠡ ᠤᠷᠤᠭᠤᠯᠬᠤ | ᠪᠤᠯᠤᠨ ᠬᠦᠭᠵᠢᠯᠲᠡ ᠶᠢᠨ ᠢᠲᠡᠭᠡᠯ ᠢ ᠲᠡᠭᠡᠭᠰᠢᠯᠡᠭᠦᠯᠦᠨ᠎ᠡ᠃ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ | ᠰᠢᠷᠤᠢ ᠶᠢᠨ ᠪᠠᠶᠢᠴᠠᠭᠠᠯᠲᠠ᠂ ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠤᠨ᠎ᠠ᠃ | ︵ᠵᠢᠷᠭᠤᠭ᠎ᠠ︶ ᠠᠷᠠᠤᠨ ᠤᠨ ᠠᠮᠢᠳᠤᠷᠠᠯ ᠢ ᠦᠷᠭᠦᠯᠵᠢᠯᠡᠨ ᠪᠠᠳᠤᠯᠠᠨ ᠰᠠᠶᠢᠵᠢᠷᠠᠭᠤᠯᠤᠨ᠂ ᠤᠯᠠᠨ ᠲᠦᠮᠡᠨ ᠤ | ᠵᠤᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ | ᠠᠷᠠᠤᠨ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠦᠨᠳᠦᠷ | ᠶᠠᠰᠤ ᠴᠢᠨᠠᠷ ᠲᠠᠢ ᠠᠷᠠᠤᠨ ᠤᠨ ᠠᠮᠢᠳᠤᠷᠠᠯ ᠤᠨ ᠢᠨᠵᠧᠨᠧᠷᠢᠩ ᠢ ᠠᠬᠢᠭᠤᠯᠵᠤ᠂ ᠤᠯᠠᠨ ᠲᠦᠮᠡᠨ ᠤ ᠰᠠᠶᠢᠨ | ᠰᠠᠶᠢᠬᠠᠨ ᠠᠮᠢᠳᠤᠷᠠᠯ ᠳᠠᠬᠢ ᠬᠠᠨᠭ᠍ᠭᠠᠯᠭ᠎ᠠ ᠶᠢ ᠲᠠᠰᠤᠷᠠᠯᠲᠠ ᠦᠭᠡᠢ ᠪᠡᠶᠡᠯᠡᠭᠦᠯᠦᠨ᠎ᠡ᠃ | ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠤᠷᠭᠠᠨ ᠬᠦᠮᠦᠵᠢᠯ ᠤᠨ ᠶᠡᠷᠦᠩᠭᠡᠢ | ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠳᠤᠮᠳᠠ ᠪᠠᠭ᠎ᠠ ᠰᠤᠷᠭᠠᠭᠤᠯᠢ ᠶᠢᠨ ᠠᠵᠢᠯ ᠤᠨ ᠪᠦᠲᠦᠮᠵᠢ ᠶᠢᠨ ᠴᠠᠯᠢᠩ | ᠤᠨ ᠲᠦᠷᠢᠮ ᠢ ᠠᠬᠢᠭᠤᠯᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠦᠷᠲᠡᠭᠡᠮᠵᠢ ᠶᠢᠨ ᠪᠠᠲᠤᠯᠠᠭ᠎ᠠ ᠶᠢᠨ | ᠲᠤᠭᠲᠠᠯᠴᠠᠭ᠎ᠠ ᠶᠢ ᠲᠡᠭᠦᠯᠳᠡᠷᠵᠢᠭᠦᠯᠦᠨ᠂ ᠪᠠᠭᠰᠢ ᠪᠠᠨ ᠬᠦᠨᠳᠦᠯᠡᠵᠦ᠂ ᠰᠤᠷᠭᠠᠨ ᠬᠦᠮᠦᠵᠢᠯ ᠢ ᠬᠦᠨᠳᠦᠤᠨᠬᠡᠬᠦ ᠰᠠᠶᠢᠨ | ᠰᠠᠶᠢᠬᠠᠨ ᠨᠡᠶᠢᠭᠡᠮ ᠤᠨ ᠤᠷᠴᠢᠨ ᠲᠤᠭᠤᠷᠢᠨ ᠢ ᠪᠦᠷᠢᠯᠳᠦᠬᠦᠯᠦᠨ᠎ᠡ᠃ ᠬᠤᠪᠢ ᠶᠢᠨ ᠡᠷᠬᠢᠯᠡᠭᠰᠡᠨ ᠰᠤᠷᠭᠠᠭᠤᠯᠢ | ᠪᠠᠶᠢᠭᠤᠯᠬᠤ ᠬᠡᠯᠪᠡᠷᠢ ᠶᠢ ᠰᠤᠳᠤᠯᠤᠨ᠂ ᠰᠤᠷᠭᠠᠭᠤᠯᠢ ᠶᠢᠨ ᠪᠦᠲᠦᠴᠡ ᠶᠢ ᠲᠤᠬᠢᠷᠠᠭᠤᠯᠵᠤ᠂ ᠵᠢᠭᠠᠨ ᠰᠤᠷᠭᠠᠬᠤ ᠡᠬᠢ | ᠪᠠᠶᠠᠯᠢᠭ ᠤᠨ ᠲᠤᠬᠢᠷᠠᠭᠤᠯᠤᠯᠲᠠ ᠶᠢ ᠰᠠᠶᠢᠵᠢᠷᠠᠭᠤᠯᠤᠨ᠎ᠠ᠃ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭᠵᠢᠯᠲᠡ | ᠶᠢ ᠴᠢᠬᠤᠯᠠᠴᠢᠯᠠᠵᠤ᠂ ᠬᠤᠨᠭ᠍ᠭᠤᠷ ᠮᠤᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠶᠡᠷᠦᠩᠭᠡᠶᠢᠯᠡᠭᠰᠡᠨ ᠠᠰᠠᠷ | ᠵᠢᠴᠢ ᠤᠶᠢᠯᠡᠴᠢᠯᠡᠭᠡᠨ ᠤ ᠲᠦᠭᠦᠭᠡᠷᠦᠮᠵᠢ ᠶᠢᠨ ᠲᠦᠰᠦᠯ ᠤᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠨᠠᠨ ᠬᠤᠣ᠂ | ᠭᠦ᠋ ᠶᠢᠩ ᠽᠢ ᠬᠤᠶᠠᠷ ᠴᠡᠴᠡᠷᠯᠢᠭ ᠵᠢᠴᠢ ᠲᠤᠷᠰᠢᠯᠲᠠ ᠶᠢᠨ ᠲᠤᠮᠳᠠᠳᠤ ᠰᠤᠷᠭᠠᠭᠤᠯᠢ ᠶᠢ ᠬᠡᠷᠡᠭᠯᠡᠭᠡᠨ ᠳᠤ | ᠤᠷᠤᠭᠤᠯᠬᠤ ᠶᠢ ᠪᠠᠲᠤᠯᠠᠨ᠎ᠠ᠃ ᠰᠤᠷᠭᠠᠭᠤᠯᠢ ᠶᠢᠨ ᠭᠠᠯ ᠰᠡᠷᠭᠡᠶᠢᠯᠡᠬᠦ ᠠᠰᠠᠭᠤᠳᠠᠯ ᠢ ᠰᠢᠢᠤᠨᠪᠦᠷᠢᠯᠡᠵᠦ᠂ ᠠᠶᠤᠯ ᠲᠠᠢ | ᠬᠡᠷᠡᠭ ᠤᠴᠢᠷ ᠡᠭᠦᠰᠭᠦ ᠶᠢ ᠰᠡᠷᠭᠡᠶᠢᠯᠡᠨ᠎ᠡ᠃ ᠪᠦᠬᠦ ᠠᠷᠠᠤᠨ ᠢᠶᠠᠷ ᠢᠶᠠᠨ ᠪᠡᠶ᠎ᠡ ᠪᠠᠨ ᠪᠤᠯᠪᠠᠰᠤᠷᠠᠭᠤᠯᠬᠤ ᠬᠦᠳᠡᠯᠭᠡᠭᠡᠨ | ᠢ ᠬᠦᠨᠵᠡᠭᠡᠢ ᠦᠷᠨᠢᠭᠦᠯᠵᠦ᠂ ᠰᠤᠷᠭᠠᠭᠤᠯᠢ ᠶᠢᠨ ᠬᠦᠯ ᠪᠦᠮᠪᠦᠭᠡᠨ ᠤ ᠬᠦᠳᠡᠯᠭᠡᠭᠡᠨ ᠤ ᠬᠢᠷᠢ ᠲᠦᠪᠰᠢᠨ ᠢ ᠤᠯᠠᠮ | ᠴᠢᠨᠠᠭᠰᠢᠳᠠ ᠳᠡᠭᠡᠭᠰᠢᠯᠡᠭᠦᠯᠦᠨ᠂ ︽ᠬᠤᠲᠠ ᠶᠢᠨ ᠳᠠᠷᠤᠭ᠎ᠠ ᠬᠤᠨᠳᠠᠭᠠᠳᠤ︾᠂ ︽ᠲᠡᠷᠢᠭᠦᠯᠡᠭᠴᠢ ᠬᠤᠨᠳᠠᠭᠠᠲᠤ︾ | ᠤᠷᠤᠯᠳᠤᠭᠠᠨ ᠳᠤ ᠰᠢᠯᠢᠳᠡᠭ ᠠᠮᠵᠢᠯᠲᠠ ᠤᠯᠬᠤ ᠪᠠᠷ ᠴᠢᠷᠮᠠᠶᠢᠨ᠎ᠠ᠃ | ᠡᠷᠡᠭᠦᠯ ᠴᠢᠬᠢᠷᠠᠭ ᠤᠶᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠦᠪᠡᠷᠲᠡᠭᠡᠨ ᠵᠠᠰᠠᠬᠤ | ᠤᠷᠤᠨ ᠤ ᠡᠷᠡᠭᠦᠯ ᠴᠢᠬᠢᠷᠠᠭ ᠬᠤᠰᠢᠭᠤ ᠶᠢ ᠪᠠᠶᠢᠭᠤᠯᠬᠤ︾ ᠪᠠᠶᠢᠭᠤᠯᠤᠯᠲᠠ ᠶᠢ ᠠᠬᠢᠭᠤᠯᠤᠨ᠎ᠠ᠃ ᠡᠮ ᠡᠮᠨᠡᠯᠭᠡ ᠶᠢᠨ | ᠲᠤᠭᠲᠠᠯᠴᠠᠭᠠᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠦᠳᠡᠭᠡ ᠲᠤᠰᠬᠤᠨ ᠤ ᠦᠨᠳᠦᠰᠦᠨ ᠡᠮ ᠡᠮᠨᠡᠯᠭᠡ | ᠶᠢᠨ ᠪᠦᠷᠬᠦᠴᠡ᠂ ᠨᠡᠶᠢᠲᠡ ᠶᠢᠨ ᠠᠷᠢᠭᠤᠨ ᠴᠡᠪᠡᠷ ᠪᠤᠯᠤᠨ ᠤᠳᠤᠬᠢᠴᠢᠯᠠᠭᠰᠠᠨ ᠡᠮᠨᠡᠯᠭᠡ ᠶᠢᠨ ᠬᠠᠮᠢᠶᠠᠷᠤᠯᠲᠠ ᠶᠢᠨ | ᠲᠦᠷᠢᠮ ᠤᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠤᠨᠬᠠᠨ᠎ᠠ᠃ ᠬᠤᠰᠢᠭᠤᠨ ᠤ ᠠᠷᠠᠤᠨ ᠤᠨ ᠡᠮᠨᠡᠯᠭᠡ ᠶᠢᠨ | ᠬᠤᠷᠢᠶ᠎ᠠ᠂ ᠮᠤᠩᠭᠤᠯ ᠬᠢᠳᠡᠳ ᠡᠮᠨᠡᠯᠭᠡ ᠶᠢᠨ ᠬᠤᠷᠢᠶ᠎ᠠ ᠶᠢ ᠵᠤᠷᠢᠭᠵᠢᠭᠤᠯᠤᠨ ᠵᠢᠯᠤᠭᠤᠤᠨᠴᠤ᠂ ᠪᠡᠭᠡᠵᠢᠩ ᠪᠤᠯᠤᠨ | ᠦᠪᠡᠷᠲᠡᠭᠡᠨ ᠵᠠᠰᠠᠬᠤ ᠤᠷᠤᠨ ᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ︽ᠡᠮ ᠡᠮᠨᠡᠯᠭᠡ ᠶᠢᠨ | ᠬᠠᠮᠲᠤᠷᠠᠭᠰᠠᠨ ᠴᠤᠭᠴᠠ︾ ᠳᠤ ᠤᠷᠤᠯᠴᠠᠭᠤᠯᠤᠨ᠂ ᠡᠮ ᠡᠮᠨᠡᠯᠭᠡ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ | ᠪᠡᠶᠡᠯᠡᠭᠦᠯᠦᠨ᠎ᠡ᠃ ᠬᠢᠵᠢᠭ ᠡᠪᠡᠤᠨᠴᠢᠨ ᠢ ᠰᠡᠷᠭᠡᠶᠢᠯᠡᠬᠦ ᠠᠵᠢᠯ ᠢ ᠴᠢᠩᠭᠠᠤᠨᠬᠠᠨ᠂ ᠠᠹᠷᠢᠺᠠ ᠶᠢᠨ ᠭᠠᠭ᠋ᠠᠢ ᠶᠢᠨ ᠬᠢᠵᠢᠭ | ᠂ ᠬᠤᠯᠤᠭᠠᠨ᠎ᠠ ᠶᠢᠨ ᠬᠢᠵᠢᠭ᠂ ᠰᠢᠨ᠎ᠡ ᠬᠡᠷᠦᠬᠦ ᠡᠪᠡᠤᠨᠴᠢᠨ᠂ ᠪᠡᠳᠡᠬᠢ ᠡᠪᠡᠤᠨᠴᠢᠨ ᠵᠡᠷᠭᠡ ᠬᠠᠯᠳᠠᠪᠤᠷᠢᠲᠦ ᠡᠪᠡᠤᠨᠴᠢᠨ | ᠤ ᠲᠠᠷᠬᠠᠬᠤ ᠶᠢ ᠴᠢᠩᠭ᠎ᠠ ᠰᠡᠷᠭᠡᠶᠢᠯᠡᠵᠦ᠂ ᠨᠡᠶᠢᠲᠡ ᠶᠢᠨ ᠠᠷᠢᠭᠤᠨ ᠴᠡᠪᠡᠷ ᠤᠨ ᠬᠡᠷᠡᠭ ᠤᠴᠢᠷ ᠳᠠᠬᠢ ᠪᠠᠴᠢᠮ ᠢ | ᠠᠷᠭᠠᠴᠠᠭᠠᠬᠤ ᠴᠢᠳᠠᠮᠵᠢ ᠶᠢ ᠳᠡᠭᠡᠭᠰᠢᠯᠡᠭᠦᠯᠦᠨ᠎ᠡ᠃ ᠬᠠᠤᠯᠢ ᠪᠤᠰᠤ ᠪᠠᠷ ᠡᠮᠴᠢᠯᠡᠭᠡ ᠬᠢᠬᠦ ᠶᠢ ᠡᠷᠡᠰ ᠴᠠᠭᠠᠵᠢᠯᠠᠵᠤ᠂ | ᠡᠮᠴᠢᠯᠡᠭᠡᠨ ᠤ ᠬᠠᠶᠠᠭᠳᠠᠮᠠᠯ ᠪᠤᠳᠠᠰ ᠪᠤᠯᠤᠨ ᠤᠤᠭᠤᠬᠤ ᠤᠰᠤᠨ ᠤ ᠠᠷᠢᠭᠤᠨ ᠴᠡᠪᠡᠷ ᠵᠡᠷᠭᠡ ᠲᠤᠰᠬᠠᠢ ᠪᠠᠶᠢᠴᠠᠭᠠᠯᠲᠠ | ᠶᠢ ᠭᠦᠨᠵᠡᠭᠡᠢ ᠦᠷᠨᠢᠭᠦᠯᠦᠨ᠂ ᠡᠮ ᠡᠮᠨᠡᠯᠭᠡ ᠠᠷᠢᠭᠤᠨ ᠴᠡᠪᠡᠷ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠢᠳᠡᠭᠡᠨ ᠤᠮᠳᠠᠭᠠᠨ ᠤ ᠠᠮᠤᠷ ᠲᠦᠪᠰᠢᠨ ᠤ ᠬᠠᠷᠢᠭᠤᠴᠠᠯᠭᠠᠲᠤ ᠲᠦᠷᠢᠮ | ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠷᠠᠤᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ | ᠪᠠᠲᠤᠯᠠᠨ᠎ᠠ᠃ ᠲᠠᠷᠢᠶᠠᠯᠡᠩ ᠤᠨ ᠠᠷᠠᠯᠵᠢᠶᠠᠨ ᠤ ᠵᠠᠬ᠎ᠠ ᠳᠡᠯᠭᠡᠭᠦᠷ ᠪᠤᠯᠤᠨ ᠢᠳᠡᠭᠡᠨ ᠤᠮᠳᠠᠭᠠᠨ ᠡᠳ᠋ᠰᠢᠯᠡᠭᠦᠯᠬᠦ | ᠬᠦᠷᠢᠶᠡᠯᠡᠩ ᠤᠨ ᠪᠠᠶᠢᠭᠤᠯᠤᠯᠲᠠ ᠶᠢ ᠲᠦᠷᠭᠡᠤᠨᠬᠡᠵᠦ᠂ ︽ᠭᠤᠷᠪᠠᠨ ᠪᠠᠭ᠎ᠠ︾ ᠢᠳᠡᠭᠡᠨ ᠤᠮᠳᠠᠭᠠᠨ ᠤ ᠵᠠᠬ᠎ᠠ | ᠳᠡᠯᠭᠡᠭᠦᠷ ᠤᠨ ᠦᠭᠡᠷᠡᠴᠢᠯᠡᠨ ᠬᠠᠮᠢᠶᠠᠷᠤᠯᠲᠠ ᠶᠢ ᠴᠢᠩᠭᠠᠤᠨᠬᠠᠨ᠎ᠠ᠃ | ᠰᠤᠶᠤᠯ ᠪᠤᠯᠪᠠᠰᠤᠨ ᠤ ᠬᠦᠭᠵᠢᠯᠲᠡ ᠶᠢ ᠠᠬᠢᠭᠤᠯᠤᠨ᠎ᠠ᠃ ᠤᠯᠠᠭᠠᠨᠮᠦ᠋ᠴᠢᠷ ᠤᠨ ᠠᠵᠤ ᠤᠶᠢᠯᠡᠰ ᠪᠤᠯᠤᠨ | ᠰᠤᠶᠤᠯ ᠤᠨ ᠤᠶᠢᠯᠡᠰ ᠢ ᠬᠦᠭᠵᠢᠭᠦᠯᠦᠨ᠂ ᠤᠷᠤᠨ ᠨᠤᠲᠤᠭ ᠤᠨ ᠴᠢᠨᠠᠷᠲᠠᠢ ᠰᠤᠶᠤᠯ ᠪᠤᠯᠪᠠᠰᠤᠨ ᠢ ᠭᠦᠨᠵᠡᠭᠡᠢ | ᠠᠳᠬᠤᠵᠤ᠂ ᠪᠦᠬᠦ ᠬᠤᠲᠠ᠂ ᠪᠦᠬᠦ ᠤᠷᠤᠨ ᠪᠤᠯᠤᠨ ᠪᠦᠬᠦ ᠤᠯᠤᠰ ᠲᠤ ᠨᠦᠯᠦᠭᠡᠯᠡᠬᠦ ᠴᠢᠨᠠᠷ ᠲᠠᠢ ᠰᠤᠶᠤᠯ ᠤᠨ | ᠪᠦᠲᠦᠭᠳᠡᠭᠦᠨ ᠢ ᠴᠤᠭᠴᠠᠵᠢᠭᠤᠯᠤᠨᠠ᠃ ᠤᠯᠠᠭᠠᠨᠮᠦ᠋ᠴᠢᠷ ᠤᠨ ᠪᠤᠯᠪᠠᠰᠤᠷᠠᠯ ᠤᠨ ᠶᠡᠭᠡ ᠲᠢᠩᠭᠢᠮ ᠤᠨ ᠪᠠᠶᠢᠭᠤᠯᠤᠯᠲᠠ | ᠶᠢ ᠲᠦᠷᠭᠡᠤᠨᠬᠡᠵᠦ᠂ ᠵᠢᠯ ᠤᠨ ᠳᠤᠲᠤᠷ᠎ᠠ ᠬᠡᠷᠡᠭᠯᠡᠯᠲᠡ ᠳᠤ ᠤᠷᠤᠭᠤᠯᠤᠨ᠎ᠠ᠃ ᠲᠡᠤᠬᠡ ᠶᠢᠨ ᠳᠤᠷᠠᠰᠬᠠᠯᠲᠤ ᠵᠤᠶᠢᠯ ᠢ | ᠬᠠᠮᠠᠭᠠᠯᠠᠨ ᠬᠦᠭᠵᠢᠭᠦᠯᠬᠦ ᠪᠤᠯᠤᠨ ᠠᠰᠢᠭᠯᠠᠬᠤ ᠶᠢ ᠴᠢᠩᠭᠠᠳᠬᠠᠨ᠎ᠠ᠃ ᠪᠤᠳᠠᠰ ᠤᠨ ᠪᠤᠰᠤ ᠰᠤᠶᠤᠯ ᠤᠨ ᠦᠪ ᠢ | ᠬᠠᠮᠠᠭᠠᠯᠠᠬᠤ ᠨᠡᠷᠡᠶᠢᠳᠦᠯ ᠢ ᠪᠠᠶᠢᠭᠤᠯᠤᠨ ᠲᠡᠭᠦᠯᠳᠡᠷᠵᠢᠭᠦᠯᠵᠦ᠂ ︽ᠲᠦᠷᠪᠡᠤᠨ ᠲᠤᠯᠤᠭᠠᠢ ᠶᠢᠨ ᠵᠠᠰᠠᠯ︾ ᠤᠨ ᠭᠠᠵᠠᠷ | ᠤᠷᠤᠨ ᠤ ᠤᠨᠴᠠᠯᠢᠭ ᠲᠠᠢ ᠲᠠᠸᠠᠷ ᠤᠨ ᠲᠡᠮᠳᠡᠭ ᠭᠤᠶᠤᠴᠢᠯᠠᠬᠤ ᠠᠬᠢᠴᠠ ᠶᠢ ᠲᠦᠷᠭᠡᠤᠨᠬᠡᠨ᠂ ᠴᠦᠬᠡᠨ ᠲᠤᠭᠠᠲᠤ | ᠦᠨᠳᠦᠰᠦᠳᠡᠨ ᠤ ᠭᠠᠯ ᠤᠷᠠᠯᠠᠯ ᠤᠨ ᠤᠯᠠᠮᠵᠢᠯᠠᠯ ᠪᠤᠯᠤᠨ ᠬᠦᠭᠵᠢᠯᠲᠠ ᠶᠢ ᠴᠢᠩᠭᠠᠤᠨᠬᠠᠵᠤ᠂ ᠮᠠᠨ ᠤ ᠬᠤᠲᠠ ᠶᠢᠨ | ︽ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠤᠨ ᠵᠢᠱᠢᠶᠡᠴᠢ ᠬᠤᠲᠠ︾ ᠶᠢ ᠪᠠᠶᠢᠭᠤᠯᠬᠤ ᠳᠤ ᠬᠦᠴᠦ ᠪᠠᠨ | ᠡᠷᠭᠦᠨ᠎ᠡ᠃ ᠰᠤᠶᠤᠯ ᠢᠶᠠᠷ ᠠᠷᠠᠤᠨ ᠲᠤ ᠲᠤᠰᠠᠯᠠᠬᠤ ᠢᠨᠵᠧᠨᠧᠷᠢᠩ᠂ ︽ᠰᠤᠶᠤᠯ ᠢ ᠬᠦᠳᠡᠭᠡ ᠪᠠᠭᠤᠯᠭᠠᠬᠤ︾ | ᠠᠵᠢᠯᠯᠠᠭ᠎ᠠ ᠪᠤᠯᠤᠨ ᠤᠯᠠᠨ ᠲᠦᠮᠡᠨᠴᠢ ᠴᠢᠨᠠᠷ ᠲᠠᠢ ᠰᠤᠶᠤᠯ ᠲᠠᠮᠢᠷ ᠤᠨ ᠠᠵᠢᠯᠯᠠᠭ᠎ᠠ ᠶᠢ ᠬᠦᠴᠦᠯᠡᠨ ᠦᠷᠨᠢᠭᠦᠯᠵᠦ᠂ | ᠤᠯᠠᠨ ᠲᠦᠮᠡᠨ ᠤ ᠰᠤᠶᠤᠯ ᠤᠨ ᠡᠷᠬᠡ ᠠᠰᠢᠭ ᠢ ᠪᠠᠲᠤᠯᠠᠨ᠎ᠠ᠃ ᠨᠡᠶᠢᠭᠡᠮ ᠤᠨ ᠦᠰᠦᠭ ᠪᠢᠴᠢᠭ ᠬᠡᠷᠡᠭᠯᠡᠬᠦ | ᠬᠠᠮᠢᠶᠠᠷᠤᠯᠲᠠ ᠶᠢᠨ ᠠᠵᠢᠯ ᠢ ᠲᠦᠷᠢᠮᠵᠢᠭᠦᠯᠵᠦ᠂ ᠮᠤᠩᠭᠤᠯ ᠬᠢᠲᠡᠤᠨ ᠦᠰᠦᠭ ᠪᠢᠴᠢᠭ ᠢ ᠬᠠᠮᠲᠤ ᠳᠤᠨᠢ ᠬᠡᠷᠡᠭᠯᠡᠬᠦ | ᠲᠦᠷᠢᠮᠵᠢᠲᠦ ᠴᠢᠨᠠᠷ ᠪᠠᠷᠢᠮᠵᠢᠶᠠᠲᠦ ᠴᠢᠨᠠᠷ ᠢ ᠳᠡᠭᠡᠭᠰᠢᠯᠡᠭᠦᠯᠦᠨ᠎ᠡ᠃ ᠰᠤᠶᠤᠯ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠤᠨᠬᠠᠵᠤ᠂ ᠰᠠᠶᠢᠨ ᠰᠠᠶᠢᠬᠠᠨ ᠰᠤᠶᠤᠯ ᠤᠨ ᠤᠷᠴᠢᠨ ᠲᠤᠭᠤᠷᠢᠨ ᠢ ᠪᠤᠢ ᠪᠤᠯᠭᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠬᠦᠴᠦᠯᠡᠴᠠ ᠶᠢ ᠶᠡᠬᠡᠰᠬᠡᠨ᠎ᠡ᠃ ᠪᠦᠬᠦ ᠲᠠᠯ᠎ᠠ ᠪᠠᠷ ᠳᠠᠭᠠᠤᠨᠬᠠᠯ ᠳᠤ | ᠤᠷᠤᠯᠴᠠᠬᠤ ᠲᠦᠯᠦᠪᠯᠡᠯᠭᠡ ᠶᠢ ᠭᠦᠨᠵᠡᠭᠡᠢ ᠬᠡᠷᠡᠭᠵᠢᠭᠦᠯᠵᠦ᠂ ᠪᠠᠶᠢᠭᠤᠯᠤᠮᠵᠢ ᠶᠢᠨ ᠠᠵᠢᠯ ᠤᠶᠢᠯᠡᠰ ᠤᠨ ᠨᠢᠭᠡᠴᠡ ᠶᠢᠨ | ᠨᠠᠰᠤᠵᠢᠯ ᠤᠨ ᠳᠠᠭᠠᠤᠬᠠᠯ ᠤᠨ ᠲᠦᠷᠢᠮ ᠤᠨ ᠦᠭᠡᠷᠡᠴᠢᠯᠡᠯᠲᠡ ᠶᠢᠨ ᠠᠬᠢᠴᠠ ᠶᠢ ᠲᠦᠷᠭᠡᠤᠨᠬᠡᠨᠡ᠃ ᠨᠡᠶᠢᠭᠡᠮ ᠤᠨ | ᠪᠠᠲᠤᠯᠠᠭ᠎ᠠ ᠶᠢᠨ ᠰᠠᠭᠤᠷᠢ ᠮᠦᠡᠭᠭᠦᠨ ᠤ ᠠᠶᠤᠯᠬᠦᠢ ᠬᠠᠮᠢᠶᠠᠷᠤᠯᠲᠠ ᠶᠢ ᠴᠢᠩᠭᠠᠤᠨᠬᠠᠵᠤ᠂ ᠬᠠᠤᠯᠢ ᠪᠤᠰᠤ ᠪᠠᠷ | ᠳᠠᠭᠠᠤᠨᠬᠠᠯ ᠮᠡᠬᠡᠯᠡᠬᠦ ᠠᠵᠢᠯᠯᠠᠭᠠᠨ ᠳᠤ ᠴᠤᠬᠢᠯᠲᠠ ᠦᠭᠬᠦᠨ᠎ᠡ᠃ ᠬᠤᠲᠠ ᠬᠦᠳᠡᠭᠡ ᠶᠢᠨ ᠨᠠᠭᠠᠳᠤ ᠵᠠᠬ᠎ᠠ ᠶᠢᠨ | ᠨᠡᠶᠢᠭᠡᠮ ᠤᠨ ᠪᠠᠲᠤᠯᠠᠭ᠎ᠠ᠂ ᠲᠦᠷ ᠴᠠᠭ ᠤᠨ ᠠᠪᠤᠷᠠᠯᠲᠠ᠂ ᠦᠨᠦᠴᠢᠷᠡᠭᠰᠡᠨ ᠢ ᠳᠡᠤᠨᠬᠦᠬᠦ ᠮᠦᠡᠭᠭᠦ ᠵᠡᠷᠭᠡ ᠶᠢᠨ | ᠲᠦᠷᠢᠮ ᠢ ᠲᠡᠭᠦᠯᠳᠡᠷᠵᠢᠭᠦᠯᠵᠦ᠂ ᠤᠯᠠᠨ ᠲᠦᠮᠡᠨ ᠤᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠪᠠᠲᠤᠯᠠᠨ᠎ᠠ᠃ | ᠡᠯ᠎ᠡ ᠲᠦᠷᠦᠯ ᠤᠨ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠤᠰᠬᠠᠢ ᠮᠡᠷᠭᠡᠵᠢᠯ ᠤᠨ | ᠪᠤᠯᠪᠠᠰᠤᠷᠠᠯ ᠬᠢᠬᠦ᠂ ᠠᠵᠤ ᠠᠬᠤᠶᠢᠯᠠᠯ ᠤᠨ ᠠᠵᠢᠯᠲᠠᠨ ᠢ ᠰᠠᠶᠢᠳᠤᠷ ᠠᠤᠨᠬᠤᠬᠤ᠂ ᠴᠡᠷᠢᠭ ᠤᠨ ᠠᠯᠪᠠ ᠠᠴᠠ | ᠬᠠᠯᠠᠭᠳᠠᠭᠰᠠᠤᠨ ᠪᠠ ᠶᠡᠭᠡ ᠰᠤᠷᠭᠠᠭᠤᠯᠢ ᠠᠴᠠ ᠲᠡᠭᠦᠰᠦᠭᠰᠡᠳ ᠤᠨ ᠲᠤᠭᠲᠠᠭᠤᠨ ᠢᠶᠠᠷ ᠠᠵᠢᠯ ᠤᠯᠬᠤ᠂ ᠠᠵᠢᠯ | ᠠᠯᠳᠠᠭᠰᠠᠤᠨ ᠤᠨ ᠳᠠᠬᠢᠨ ᠠᠵᠢᠯ ᠤᠯᠬᠤ ᠵᠡᠷᠭᠡ ᠠᠵᠢᠯ ᠢ ᠴᠢᠩᠭᠠᠤᠨᠬᠠᠨ᠎ᠠ᠃ | ᠨᠡᠶᠢᠭᠡᠮ ᠤᠨ ᠬᠠᠮᠢᠶᠠᠷᠤᠯᠲᠠ ᠶᠢᠨ ᠲᠤᠭᠲᠠᠯᠴᠠᠭ᠎ᠠ ᠶᠢ ᠴᠢᠩᠭᠠᠤᠨᠬᠠᠨ᠎ᠠ᠃ ᠬᠠᠷ᠎ᠠ ᠪᠦᠯᠦᠭᠲᠡᠨ ᠬᠠᠷᠬᠢᠰ ᠬᠦᠴᠦᠨ | ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠦᠷᠨᠢᠭᠦᠯᠵᠦ᠂ ᠬᠠᠤᠯᠢ ᠪᠤᠰᠤ ᠪᠠᠷ ᠵᠢᠭᠡᠯᠡᠯᠭᠡ ᠲᠠᠯᠪᠢᠬᠤ᠂ | ᠠᠭᠤᠷᠬᠠᠢ ᠶᠢ ᠡᠵᠡᠮᠳᠡᠬᠦ᠂ ᠲᠠᠯ᠎ᠠ ᠨᠤᠲᠤᠭ ᠤᠢ ᠰᠢᠭᠤᠢ ᠶᠢᠨ ᠬᠠᠮᠠᠭᠠᠯᠠᠯᠳᠠ ᠪᠠ ᠵᠠᠮ ᠬᠠᠷᠢᠯᠴᠠᠭ᠎ᠠ ᠪᠤᠳᠠᠰ ᠤᠨ | ᠵᠦᠭᠡᠭᠡᠪᠦᠷᠢᠯᠡᠯᠲᠡ ᠵᠡᠷᠭᠡ ᠬᠦᠷᠢᠶ᠎ᠡ ᠬᠡᠪᠴᠢᠶᠡᠨ ᠳᠠᠬᠢ ᠡᠯ᠎ᠡ ᠵᠤᠶᠢᠯ ᠤᠨ ᠬᠠᠷᠬᠢᠰ ᠬᠦᠴᠦᠨ ᠳᠤ ᠴᠢᠩᠭ᠎ᠠ ᠴᠤᠬᠢᠯᠲᠠ | ᠦᠭᠬᠦᠨ᠎ᠡ᠃ ᠬᠦᠯᠦᠰᠦᠨ ᠠᠵᠢᠯᠴᠢᠨ ᠤ ︽ᠬᠤᠶᠠᠷ ᠮᠦᠡᠭᠭᠦ ᠭᠤᠷᠪᠠᠨ ᠲᠦᠷᠢᠮ ᠨᠢᠭᠡ ᠺᠠᠷᠲ︾ ᠤᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠬᠦᠯᠦᠰᠦᠨ ᠠᠵᠢᠯᠴᠢᠨ ᠤ ᠡᠷᠬᠡ ᠠᠰᠢᠭ ᠢ ᠬᠠᠮᠠᠭᠠᠯᠠᠨ᠎ᠠ᠃ ᠨᠡᠶᠢᠭᠡᠮ ᠤᠨ ᠠᠮᠤᠷ | ᠲᠦᠪᠰᠢᠨ ᠢ ᠰᠡᠷᠭᠡᠶᠢᠯᠡᠨ ᠵᠠᠰᠠᠬᠤ ᠶᠢ ᠴᠢᠩᠭᠠᠤᠨᠬᠠᠬᠤ ᠪᠠ ᠰᠢᠨ᠎ᠡ ᠶᠢ ᠡᠭᠦᠤᠨᠴᠦ᠂ ᠠᠷᠢᠭᠤᠨ ᠴᠢᠭᠡᠴᠢ ᠵᠠᠬᠢᠳᠠᠯ | ᠰᠤᠷᠪᠤᠯᠵᠢᠯᠠᠯ᠂ ᠬᠠᠷᠢᠭᠤᠴᠠᠯᠭᠠᠲᠤ ᠵᠠᠬᠢᠳᠠᠯ ᠰᠤᠷᠪᠤᠯᠵᠢᠯᠠᠯ ᠪᠤᠯᠤᠨ ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠯ ᠢ | ᠠᠬᠢᠭᠤᠯᠤᠨ᠂ ᠵᠠᠬᠢᠳᠠᠯ ᠰᠤᠷᠪᠤᠯᠵᠢᠯᠠᠯ ᠤᠨ ᠵᠠᠮ ᠱᠤᠭᠤᠮ ᠢ ᠦᠷᠭᠡᠤᠨᠬᠡᠨ᠂ ᠵᠠᠬᠢᠳᠠᠯ ᠰᠤᠷᠪᠤᠯᠵᠢᠯᠠᠯ ᠤᠨ | ᠮᠠᠷᠭᠤᠯᠳᠤᠭᠠᠨ ᠢ ᠦᠭᠡᠶᠢᠰᠭᠡᠵᠦ᠂ ᠠᠵᠤ ᠠᠬᠤᠢ ᠶᠢᠨ ᠬᠦᠭᠵᠢᠯᠲᠡ ᠳᠤ ᠡᠶ᠎ᠡ ᠨᠠᠶᠢᠷᠠᠮᠳᠠᠭᠤ ᠲᠤᠭᠲᠠᠭᠤᠨ ᠨᠡᠶᠢᠭᠡᠮ | ᠤᠨ ᠤᠷᠴᠢᠨ ᠲᠤᠭᠤᠷᠢᠨ ᠢ ᠪᠤᠢ ᠪᠤᠯᠭᠠᠨ᠎ᠠ᠃ | ︵ᠳᠤᠯᠤᠭ᠎ᠠ︶ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠤᠨᠬᠠᠵᠤ᠂ ᠤᠳᠤᠬᠢᠴᠢᠯᠠᠭᠰᠠᠨ ᠦᠢᠯᠡᠴᠢᠯᠡᠭᠡᠨ | ᠤ ᠬᠡᠯᠪᠡᠷᠢ ᠶᠢᠨ ᠵᠠᠰᠠᠭ ᠤᠨ ᠤᠷᠳᠦᠨ ᠢ ᠬᠦᠴᠦᠯᠡᠨ ᠪᠠᠶᠢᠭᠤᠯᠤᠨ᠎ᠠ᠃ | ᠰᠢᠨ᠎ᠡ ᠴᠠᠭ ᠦᠶ᠎ᠡ᠂ ᠰᠢᠨ᠎ᠡ ᠡᠭᠦᠷᠭᠡ ᠬᠠᠷᠢᠭᠤᠴᠠᠯᠭ᠎ᠠ᠂ ᠰᠢᠨ᠎ᠡ ᠠᠶᠠᠨ ᠵᠠᠮ ᠨᠢ ᠵᠠᠰᠠᠭ ᠤᠨ ᠤᠷᠳᠤᠨ ᠤ | ᠠᠵᠢᠯ ᠳᠤ ᠰᠢᠨ᠎ᠡ ᠱᠠᠭᠠᠷᠳᠠᠯᠭ᠎ᠠ ᠳᠤᠷᠠᠤᠨᠴᠦ᠂ ᠪᠢᠳᠡ ᠤᠭ ᠵᠤᠷᠢᠯᠳᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠨ᠂ ᠤᠯᠤᠰ ᠲᠦᠷᠦ ᠶᠢᠨ | ᠵᠤᠭᠰᠤᠴᠠ ᠪᠠᠨ ᠪᠠᠲᠤᠲᠠᠢ ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾ ᠢ ᠪᠠᠲᠤᠵᠢᠭᠤᠯᠤᠨ᠂ ᠠᠷᠢᠭᠤᠨ ᠴᠢᠭᠡᠴᠢ | ᠵᠠᠰᠠᠭ ᠤᠨ ᠤᠷᠳᠤᠨ᠂ ᠬᠠᠤᠯᠢ ᠪᠠᠷ ᠵᠠᠰᠠᠬᠤ ᠵᠠᠰᠠᠭ ᠤᠨ ᠤᠷᠳᠤᠨ᠂ ᠤᠶᠢᠯᠡᠴᠢᠯᠡᠭᠡᠨ ᠤ ᠬᠡᠯᠪᠡᠷᠢ ᠶᠢᠨ ᠵᠠᠰᠠᠭ ᠤᠨ | ᠤᠷᠳᠤᠨ ᠢ ᠴᠢᠷᠮᠠᠶᠢᠨ ᠪᠠᠶᠢᠭᠤᠯᠤᠨ᠎ᠠ᠃ | ᠨᠠᠮ ᠢ ᠴᠢᠩᠭ᠎ᠠ ᠵᠠᠰᠠᠬᠤ ᠶᠢ ᠨᠠᠶᠢᠳᠠᠪᠤᠷᠢᠵᠢᠭᠤᠯᠤᠨ᠂ ᠠᠷᠢᠭᠤᠨ ᠴᠢᠭᠡᠴᠢ ᠵᠠᠰᠠᠭ ᠤᠨ ᠤᠷᠳᠤᠨ ᠢ ᠪᠠᠶᠢᠭᠤᠯᠤᠨ᠎ᠠ᠃ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠬᠠᠷᠢᠭᠤᠴᠠᠯᠭ᠎ᠠ ᠪᠤᠯᠤᠨ ︽ᠨᠢᠭᠡ ᠪᠠᠶᠢᠷᠢ ᠬᠤᠶᠠᠷ | ᠬᠠᠷᠢᠭᠤᠴᠠᠯᠭ᠎ᠠ︾ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ | ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠬᠡᠪᠰᠢᠮᠡᠯ ᠴᠢᠨᠠᠷ ᠲᠦᠷᠢᠮᠵᠢᠲᠦ ᠴᠢᠨᠠᠷ ᠢ ᠭᠦᠨᠵᠡᠭᠡᠢ | ᠠᠬᠢᠭᠤᠯᠤᠨ᠂ ︽ᠤᠭ ᠵᠤᠷᠢᠯᠳᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠭᠦ︾ | ᠭᠤᠤᠯ ᠰᠡᠳᠦᠪᠲᠦ ᠬᠦᠮᠦᠵᠢᠯ ᠢ ᠦᠷᠨᠢᠭᠦᠯᠵᠦ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠢᠶᠠᠨ ᠴᠢᠩᠭ᠎ᠠ | ᠬᠠᠮᠢᠶᠠᠷᠬᠤ ᠨᠠᠮ ᠢᠶᠠᠨ ᠴᠢᠩᠭ᠎ᠠ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠦᠪ ᠤᠨ ᠨᠠᠢᠮᠠᠨ ᠵᠤᠷᠪᠤᠰ | ᠵᠠᠷᠴᠢᠮ ᠵᠢᠴᠢ ᠬᠡᠷᠡᠭᠵᠢᠭᠦᠯᠬᠦ ᠨᠠᠷᠢᠨ ᠲᠦᠷᠢᠮ ᠢ ᠵᠠᠰᠠᠭ ᠢᠶᠠᠨ ᠴᠢᠩᠭ᠎ᠠ ᠬᠡᠷᠡᠭᠵᠢᠭᠦᠯᠬᠦ ᠳᠤᠮᠳᠠ ᠨᠠᠶᠢᠳᠠᠪᠤᠷᠢᠵᠢᠭᠤᠯᠵᠤ | ᠂ ︽ᠲᠦᠷᠪᠡᠨ ᠰᠤᠷᠲᠠᠯ︾ ᠤᠨ ᠡᠭᠦᠰᠭᠦ ᠶᠢ ᠰᠡᠷᠭᠡᠶᠢᠯᠡᠨ᠂ ᠢᠯᠵᠢᠷᠠᠯ ᠢ ᠴᠢᠩᠭ᠎ᠠ ᠡᠰᠡᠷᠭᠦᠴᠡᠬᠦ ᠶᠢ | ᠭᠦᠨᠵᠡᠭᠡᠶᠢᠷᠡᠭᠦᠯᠦᠨ᠎ᠡ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤᠵᠢᠭᠤᠯᠤᠨ᠂ ᠭᠤᠷᠪᠠᠨ ᠵᠤᠶᠢᠯ ᠤᠨ | ᠠᠯᠪᠠᠨ ᠤ ᠵᠠᠷᠤᠳᠠᠯ ᠢ ᠴᠢᠩᠭ᠎ᠠ ᠬᠢᠵᠠᠭᠠᠷᠯᠠᠨ᠎ᠠ᠃ ᠴᠢᠭᠡᠴᠢ ᠵᠠᠰᠠᠭ ᠤᠨ ᠪᠠᠶᠢᠭᠤᠯᠤᠯᠳᠠ ᠶᠢ ᠠᠬᠢᠭᠤᠯᠤᠨ᠂ ᠵᠠᠰᠠᠭ | ᠤᠨ ᠤᠷᠳᠤᠨ ᠤ ᠪᠡᠯᠡ ᠤᠷᠤᠭᠤᠯᠬᠤ ᠲᠦᠰᠦᠯ ᠤᠨ ᠬᠠᠮᠢᠶᠠᠷᠤᠯᠲᠠ ᠢ ᠲᠦᠷᠢᠮᠵᠢᠭᠦᠯᠵᠦ᠂ ᠬᠢᠨᠠᠨ ᠪᠤᠳᠤᠯᠲᠠ ᠶᠢᠨ | ᠬᠢᠨᠠᠯᠲᠠ ᠲᠠᠯᠪᠢᠬᠤ᠂ ᠡᠳ᠋ ᠤᠨ ᠵᠠᠰᠠᠭ ᠤᠨ ᠬᠢᠨᠠᠯᠲᠠ ᠲᠠᠯᠪᠢᠬᠤ ᠪᠤᠯᠤᠨ ᠪᠡᠯᠡ ᠤᠷᠤᠭᠤᠯᠤᠯᠲᠠ ᠶᠢᠨ ᠲᠦᠰᠦᠯ ᠤᠨ | ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠤᠨᠬᠠᠨ᠂ ᠴᠢᠭᠡᠴᠢ ᠪᠤᠰᠤ ᠰᠤᠷᠲᠠᠯ ᠢ ᠡᠷᠡᠰ ᠵᠠᠰᠠᠬᠤ ᠬᠡᠷᠡᠭᠲᠠᠢ᠃ | ᠬᠠᠤᠯᠢ ᠶᠤᠰᠦᠭᠠᠷ ᠵᠠᠰᠠᠭ ᠬᠡᠷᠡᠭᠵᠢᠭᠦᠯᠬᠦ ᠶᠢ ᠪᠠᠷᠢᠮᠲᠠᠯᠠᠨ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ | ᠪᠠᠶᠢᠭᠤᠯᠤᠨ᠎ᠠ᠃ ᠦᠨᠳᠦᠰᠦᠨ ᠬᠠᠤᠯᠢ ᠪᠤᠯᠤᠨ ᠬᠠᠤᠯᠢ ᠴᠠᠭᠠᠵᠠ ᠶᠢ ᠴᠢᠩᠭ᠎ᠠ ᠰᠠᠬᠢᠨ᠂ ᠤᠬᠠᠮᠰᠠᠷ ᠠᠴᠠ ᠪᠠᠨ | ᠬᠠᠤᠯᠢ ᠪᠠᠷ ᠵᠠᠰᠠᠬᠤ ᠰᠡᠳᠬᠢᠬᠦᠢ ᠪᠤᠯᠤᠨ ᠬᠠᠤᠯᠢ ᠪᠠᠷ ᠵᠠᠰᠠᠬᠤ ᠬᠡᠯᠪᠡᠷᠢ ᠪᠠᠷ ᠠᠵᠢᠯ ᠢᠶᠠᠨ ᠠᠬᠢᠭᠤᠯᠤᠨ᠎ᠠ᠃ ᠬᠠᠤᠯᠢ | ᠶᠢᠨ ᠵᠦᠪᠯᠡᠭᠴᠢ ᠶᠢᠨ︽ᠲᠤᠯᠤᠳᠤᠭᠠᠷ ᠲᠠᠪᠤᠨ ᠵᠢᠯ︾ ᠤᠨ ᠬᠠᠤᠯᠢ ᠶᠢᠨ ᠮᠠᠳᠡᠯᠭᠡ ᠶᠢ ᠲᠦᠬᠡᠮᠡᠯᠵᠢᠭᠦᠯᠬᠦ ᠠᠵᠢᠯ ᠤᠨ | ᠬᠦᠴᠦᠯᠡᠴᠡ ᠪᠠᠨ ᠶᠡᠬᠡᠰᠬᠡᠵᠦ᠂ ᠬᠠᠤᠯᠢ ᠳᠤ ᠲᠤᠭᠲᠠᠭᠠᠭᠰᠠᠨ ᠡᠷᠬᠡ ᠬᠢᠵᠠᠭᠠᠷ ᠪᠤᠯᠤᠨ ᠶᠠᠪᠤᠴᠠ ᠶᠤᠰᠤᠭᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠨ᠂ ᠵᠠᠰᠠᠭ ᠤᠨ ᠤᠷᠳᠤᠨ ᠤ ᠠᠵᠢᠯ ᠤᠨ ᠳᠦᠷᠢᠮᠵᠢᠲᠦ ᠴᠢᠨᠠᠷ᠂ ᠶᠠᠪᠤᠴᠠᠲᠤ ᠴᠢᠨᠠᠷ | ᠂ ᠬᠠᠤᠯᠢ ᠪᠠᠷ ᠵᠠᠰᠠᠬᠤ ᠴᠢᠨᠠᠷ ᠢ ᠠᠬᠢᠭᠤᠯᠤᠨ᠎ᠠ᠃ ᠵᠠᠰᠠᠭ ᠤᠨ ᠶᠠᠪᠤᠳᠠᠯ ᠢ ᠢᠯᠡ ᠨᠡᠶᠢᠳᠡᠯᠡᠬᠦ ᠶᠢ ᠢᠳᠡᠪᠬᠢᠲᠠᠢ | ᠠᠬᠢᠭᠤᠯᠤᠨ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢ ᠴᠢᠩᠭᠠᠤᠨᠬᠠᠵᠤ᠂ ᠤᠯᠠᠨ ᠲᠦᠮᠡᠨ ᠤ ᠬᠠᠯᠠᠮᠰᠢᠯ | ᠠᠰᠠᠭᠤᠳᠠᠯ ᠳᠤ ᠤᠬᠠᠮᠰᠠᠷ ᠠᠴᠠ ᠪᠠᠨ ᠬᠠᠷᠢᠭᠤᠯᠲᠠ ᠦᠭᠬᠦᠨ᠎ᠡ᠃ ᠠᠷᠠᠤᠨ ᠤᠨ ᠲᠦᠯᠦᠭᠡᠯᠡᠭᠴᠢᠤᠨ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠲᠠᠯᠪᠢᠬᠤ᠂ | ᠨᠡᠶᠢᠭᠡᠮ ᠤᠨ ᠬᠢᠨᠠᠯᠲᠠ ᠲᠠᠯᠪᠢᠬᠤ᠂ ᠶᠡᠷᠢᠶ᠎ᠡ ᠬᠡᠯᠡᠯᠴᠡᠭᠡᠨ ᠤ ᠬᠢᠨᠠᠯᠲᠠ ᠲᠠᠯᠪᠢᠬᠤ ᠪᠤᠯᠤᠨ ᠬᠢᠨᠠᠨ ᠪᠤᠳᠤᠯᠲᠠ ᠶᠢᠨ | ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠨ ᠠᠪᠴᠦ᠂ ᠵᠠᠰᠠᠭ ᠤᠨ ᠤᠷᠳᠤᠨ ᠤ ᠢᠯᠡ ᠲᠤᠳᠤ ᠪᠠᠶᠢᠳᠠᠯ | ᠢ ᠠᠬᠢᠭᠤᠯᠤᠨ᠎ᠠ᠃ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠶᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠤᠷᠳᠤᠨ | ᠢ ᠪᠠᠶᠢᠭᠤᠯᠤᠨ᠎ᠠ᠃ ᠬᠡᠵᠢᠶᠡᠳᠡ ᠠᠷᠠᠤᠨ ᠤᠨ ᠲᠦᠯᠦᠭᠡ ᠤᠶᠢᠯᠡᠴᠢᠯᠡᠬᠦ ᠪᠠᠷ ᠵᠠᠰᠠᠭ ᠤᠨ ᠤᠷᠳᠤᠨ ᠤ ᠠᠵᠢᠯ ᠤᠨ | ᠡᠬᠢᠯᠡᠯᠲᠡ ᠪᠠᠨ ᠪᠤᠯᠭᠠᠨ᠎ᠠ᠃ ᠠᠷᠠᠤᠨ ᠤᠨ ᠲᠦᠯᠦᠭᠡ ᠤᠶᠢᠯᠡᠴᠢᠯᠡᠬᠦ ᠪᠤᠯᠤᠨ ᠦᠨᠳᠦᠰᠦᠨ ᠵᠤᠷᠢᠯᠲᠠ ᠪᠠᠨ ᠪᠠᠲᠤ | ᠴᠡᠬᠡᠵᠢᠯᠡᠵᠦ᠂ ︽ᠤᠭ ᠵᠤᠷᠢᠯᠳᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠤᠯ ᠰᠡᠳᠦᠪᠲᠦ ᠬᠦᠮᠦᠵᠢᠯ ᠤᠨ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠤᠶᠢᠯᠡᠴᠢᠯᠡᠭᠡ ᠶᠢ ᠠᠷᠠᠤᠨ ᠤᠨ | ᠲᠦᠯᠦᠭᠡ ᠬᠠᠩᠭᠠᠬᠤ᠂ ᠡᠬᠢ ᠪᠠᠶᠠᠯᠢᠭ ᠢ ᠠᠷᠠᠳ ᠤᠨ ᠠᠮᠢᠳᠤᠷᠠᠯ ᠳᠤ ᠬᠡᠷᠡᠭᠯᠡᠬᠦ ᠶᠢ ᠠᠬᠢᠭᠤᠯᠤᠨ᠂ ᠵᠠᠰᠠᠭ ᠤᠨ | ᠤᠷᠳᠤᠨ ᠤ ᠡᠯ᠎ᠡ ᠵᠤᠶᠢᠯ ᠤᠨ ᠲᠦᠷᠦ ᠶᠢᠨ ᠪᠤᠳᠤᠯᠭ᠎ᠠ ᠶᠢ ᠠᠷᠠᠤᠨ ᠲᠦᠮᠡᠨ ᠲᠠᠢ ᠤᠯᠠᠮ ᠤᠶᠢᠷᠠᠳᠤᠭᠤᠯᠬᠤ ᠪᠠᠷ | ᠴᠢᠷᠮᠠᠶᠢᠨ᠎ᠠ᠃ ᠨᠠᠮ ᠤᠨ ᠤᠯᠠᠨ ᠲᠦᠮᠡᠨᠴᠢ ᠱᠤᠭᠤᠮ ᠢ ᠤᠶᠢᠯᠡᠳᠦᠯᠭᠡᠵᠢᠭᠦᠯᠦᠨ᠂ ᠤᠯᠠᠨ ᠲᠦᠮᠡᠨ ᠳᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠦᠭᠵᠢᠯᠲᠡ ᠶᠢᠨ ᠬᠦᠴᠢᠷ ᠠᠰᠠᠭᠤᠳᠠᠯ ᠢ ᠤᠨᠤᠪᠴᠢᠲᠠᠢ | ᠰᠢᠢᠤᠨᠪᠦᠷᠢᠯᠡᠨ᠎ᠡ᠃ ᠠᠷᠠᠤᠨ ᠤᠨ ᠠᠮᠢᠳᠤᠷᠠᠯ ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠠᠷᠠᠳ ᠤᠨ ᠠᠮᠢᠳᠤᠷᠠᠯ ᠤᠨ ᠪᠡᠯᠡ ᠮᠦᠡᠭᠭᠦ ᠶᠢ ᠪᠠᠲᠤᠯᠠᠵᠤ᠂ ᠠᠷᠠᠤᠨ ᠤᠨ ᠲᠦᠯᠦᠭᠡᠯᠡᠭᠴᠢᠤᠨ ᠤᠨ ᠰᠠᠨᠠᠯ ᠪᠤᠯᠤᠨ | ᠤᠯᠤᠰ ᠲᠦᠷᠦ ᠶᠢᠨ ᠵᠦᠪᠯᠡᠯᠭᠡᠨ ᠤ ᠰᠠᠨᠠᠯ ᠳᠤᠷᠠᠳᠤᠯᠭ᠎ᠠ ᠶᠢ ᠬᠢᠨᠠᠮᠠᠭᠠᠢ ᠭᠦᠢᠴᠡᠤᠨᠬᠡᠨ᠂ ᠤᠯᠠᠨ ᠲᠦᠮᠡᠨ ᠤ | ᠬᠠᠯᠠᠮᠵᠢᠯᠠᠵᠤ ᠪᠠᠶᠢᠭ᠎ᠠ ᠰᠤᠷᠭᠠᠭᠤᠯᠢ ᠳᠤ ᠤᠷᠤᠬᠤ᠂ ᠤᠷᠤᠨ ᠰᠠᠭᠤᠴᠠ᠂ ᠡᠮ ᠡᠮᠨᠡᠯᠭᠡ ᠵᠡᠷᠭᠡ ᠬᠠᠯᠠᠮᠰᠢᠯ | ᠠᠰᠠᠭᠤᠳᠠᠯ ᠢ ᠬᠦᠴᠦᠯᠡᠨ ᠰᠢᠢᠤᠨᠪᠦᠷᠢᠯᠡᠵᠦ᠂ ᠤᠯᠠᠨ ᠲᠦᠮᠡᠨ ᠤ ᠬᠦᠷᠲᠡᠭᠡᠮᠵᠢ ᠶᠢᠨ ᠲᠦᠷᠦᠭᠳᠡᠯ ᠪᠤᠯᠤᠨ ᠵᠤᠯ | ᠵᠢᠷᠭᠠᠯ ᠲᠠᠢ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠲᠦᠯᠦᠭᠡᠯᠡᠭᠴᠢᠤᠨ ᠡ᠂ ᠦᠨᠡᠨᠴᠢ ᠪᠤᠳᠠᠳᠠᠢ ᠰᠢᠷᠭᠠᠭᠤ ᠠᠵᠢᠯᠯᠠᠵᠤ᠂ ᠵᠤᠯ ᠵᠢᠷᠭᠠᠯᠲᠦ ᠢᠷᠡᠭᠡᠳᠦᠢ ᠶᠢ | ᠪᠠᠶᠢᠭᠤᠯᠤᠨ᠎ᠠ᠃ ᠪᠢᠳᠡ ᠰᠢ ᠶᠢᠨ ᠫᠢᠩ ᠨᠦᠬᠦᠷ ᠢᠶᠠᠷ ᠭᠤᠤᠯᠯᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ | ᠳᠤ ᠨᠢᠭᠲᠠᠷᠠᠨ ᠪᠦᠯᠬᠦᠮᠳᠡᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠨ᠂ ᠤᠭ ᠵᠤᠷᠢᠯᠳᠠ ᠪᠠᠨ ᠦᠯᠦ ᠮᠠᠷᠲᠠᠨ᠂ | ᠡᠷᠡᠮᠬᠡᠶᠢᠯᠡᠨ ᠴᠢᠷᠮᠠᠶᠢᠵᠤ᠂ ᠲᠦᠷᠪᠡᠤᠨ ᠬᠤᠰᠢᠭᠤᠨ ᠤ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ | ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠨ᠂ ᠰᠢᠯᠢᠳᠡᠭ ᠠᠮᠵᠢᠯᠲᠠ ᠪᠠᠷ ᠪᠦᠬᠦᠳᠡ ᠨᠠᠶᠢᠷᠠᠮᠳᠠᠬᠤ ᠳᠤᠮᠳᠠᠳᠤ | ᠠᠷᠠᠤᠨ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠨ ᠤᠭᠳᠤᠶ᠎ᠠ︕ | |