ᠲᠤᠰᠬᠤᠨ ᠳᠤ ᠰᠠᠭᠤᠭ᠎ᠠ ᠠᠵᠢᠯ ᠢ ᠰᠠᠶᠢᠳᠤᠷ ᠬᠢᠵᠤ᠂ ᠶᠠᠳᠠᠭᠤ ᠠᠴᠠ ᠠᠩᠬᠢᠵᠢᠷᠠᠭᠤᠯᠬᠤ ᠰᠠᠶᠢᠨ ᠲᠠᠭᠠᠭᠤᠯᠤᠭᠴᠢ ᠪᠤᠯᠤᠶ᠎ᠠ — ᠲᠦᠷᠪᠡᠳ ᠬᠤᠰᠢᠭᠤᠨ ᠤ ᠬᠤᠵᠢᠷᠳᠤ ᠰᠢᠶᠠᠩ ᠤᠨ ᠰᠠᠶᠢᠨᠬᠤᠳᠳᠤᠭ ᠲᠤᠰᠬᠤᠨ ᠤ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠬᠠᠢ ᠴᠢᠤᠸᠠᠨ ᠢ ᠲᠡᠮᠳᠡᠭᠯᠡᠪᠡ
ᠨᠡᠶᠢᠲᠡᠯᠡᠭᠰᠡᠨ ᠴᠠᠭ᠄
2019-04-17
     ᠲᠦᠷᠪᠡᠳ ᠬᠤᠰᠢᠭᠤᠨ ᠤ ᠬᠤᠵᠢᠷᠳᠤ ᠰᠢᠶᠠᠩ ᠤᠨ ᠰᠠᠶᠢᠨᠬᠤᠳᠳᠤᠭ ᠲᠤᠰᠬᠤᠨ ᠤ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠪᠤᠯᠤᠨ ᠠᠵᠢᠯᠯᠠᠬᠤ ᠲᠤᠭᠤᠶᠢᠯᠠᠩ ᠤᠨ ᠲᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ ᠪᠠᠶᠢᠭ᠎ᠠ ᠬᠠᠢ ᠴᠢᠤᠸᠠᠨ᠂ ᠲᠦᠷᠪᠡᠳ ᠬᠤᠰᠢᠭᠤᠨ ᠤ ᠤᠢ ᠰᠢᠭᠤᠢ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠠᠴᠠ ᠢᠷᠡᠭᠰᠡᠨ ᠶᠤᠮ᠃ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠰᠢ᠂ ᠲᠡᠷᠡ ᠦᠨᠳᠦᠰᠦᠨ ᠱᠠᠳᠤ ᠪᠠᠷ ᠬᠦᠨᠵᠡᠭᠡᠶᠢᠷᠡᠨ ᠪᠠᠶᠢᠴᠠᠭᠠᠨ ᠰᠤᠳᠤᠯᠵᠤ᠂ ᠤᠯᠠᠨ ᠲᠦᠮᠡᠨ ᠪᠤᠯᠤᠨ ᠠᠬᠠᠮᠠᠳ ᠨᠠᠮ ᠤᠨ ᠬᠡᠰᠢᠭᠦᠳ ᠲᠠᠢ ᠰᠠᠨᠠᠯ ᠪᠤᠳᠤᠯ ᠢᠶᠠᠨ ᠰᠤᠯᠢᠯᠴᠠᠨ᠂ ᠰᠠᠭᠤᠳᠠᠯ ᠤᠨ ᠬᠤᠷᠠᠯ ᠢ ᠢᠳᠡᠪᠬᠢᠳᠠᠢ ᠪᠠᠷ ᠵᠤᠬᠢᠶᠠᠨ ᠪᠠᠶᠢᠭᠤᠯᠤᠨ ᠬᠤᠷᠠᠯᠳᠤᠭᠤᠯᠳᠠᠭ ᠪᠢᠯᠡ᠃ ᠲᠡᠷᠡ ᠲᠤᠰᠬᠤᠨ ᠤ ᠺᠠᠳ᠋ᠷ᠂ ᠠᠬᠠᠮᠠᠳ ᠨᠠᠮ  ᠤᠨ ᠡᠭᠦᠷ ᠤᠨ ᠱᠦᠵᠢ ᠠᠴᠠ ᠲᠤᠷᠰᠢᠯᠭ᠎ᠠ ᠰᠤᠷᠤᠯᠴᠠᠨ᠂ ᠲᠤᠰᠬᠤᠨ ᠤ ᠪᠤᠳᠠᠳᠤ ᠪᠠᠶᠢᠳᠠᠯ ᠢ ᠮᠠᠰᠢ ᠲᠦᠷᠭᠡᠨ ᠦᠢᠯᠠᠭᠠᠵᠤ᠂ ᠠᠵᠢᠯ ᠢᠶᠠᠨ ᠡᠮᠬᠢ ᠵᠢᠷᠤᠮ ᠲᠠᠢ ᠪᠤᠯᠭᠠᠭᠰᠠᠨ ᠪᠠᠶᠢᠨ᠎ᠠ᠃      ᠬᠠᠢ ᠴᠢᠤᠸᠠᠨ ᠭᠠᠴᠠᠭᠠᠨ ᠤ ᠵᠦᠪᠯᠡᠯ ᠤᠨ ᠤᠳᠤᠷᠢᠳᠬᠤ ᠪᠠᠭ ᠤᠨ ᠤᠯᠤᠰ ᠲᠦᠷᠦ ᠤᠨᠤᠯ ᠤᠨ ᠰᠤᠷᠤᠯᠴᠠᠯᠭ᠎ᠠ ᠶᠢ ᠰᠠᠶᠢᠳᠤᠷ ᠠᠳᠬᠤᠬᠤ ᠶᠢ ᠢᠮᠠᠭᠳᠠ ᠪᠠᠷᠢᠮᠳᠠᠯᠠᠨ᠂ ᠤᠳᠤᠷᠢᠳᠬᠤ ᠪᠠᠭ ᠤᠨ ᠪᠦᠷᠢᠯᠳᠦᠭᠦᠨ ᠤ ᠤᠯᠤᠰ ᠲᠦᠷᠦ ᠦᠵᠡᠯ ᠰᠠᠨᠠᠭᠠᠨ ᠤ ᠬᠡᠪ ᠴᠢᠨᠠᠷ ᠪᠤᠯᠤᠨ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢ ᠴᠢᠷᠮᠠᠶᠢᠨ ᠲᠡᠭᠡᠭᠰᠢᠯᠡᠭᠦᠯᠵᠤ᠂ ᠤᠳᠤᠷᠢᠳᠬᠤ ᠪᠠᠭ ᠤᠨ ᠡᠩᠨᠡᠭᠡᠨ ᠤ ᠬᠤᠪᠢ ᠪᠡᠶ᠎ᠡ ᠶᠢᠨ ᠪᠦᠳᠦᠭᠡᠨ ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠭᠰᠠᠨ ᠪᠠᠶᠢᠨ᠎ᠠ᠃ ᠴᠢᠷᠮᠠᠶᠢᠯᠠᠭ᠎ᠠ ᠪᠠᠷ ᠲᠠᠮᠵᠢᠨ᠂ ᠰᠠᠶᠢᠨᠬᠤᠳᠳᠤᠭ ᠲᠤᠰᠬᠤᠨ ᠤ ᠨᠠᠮ ᠤᠨ ᠡᠭᠦᠷ ᠤᠨ ᠱᠦᠵᠢ ᠨᠢ ᠤᠯᠠᠨ ᠲᠦᠮᠡᠨ ᠳᠤ ᠦᠨᠳᠦᠷ ᠦᠨᠡᠯᠡᠭᠳᠡᠭᠰᠡᠨ᠂ ᠠᠵᠢᠯ ᠤᠨ ᠴᠢᠳᠠᠪᠤᠷᠢ ᠨᠢ ᠴᠢᠩᠭ᠎ᠠ ᠬᠤᠶᠠᠷ ᠡᠭᠦᠷ ᠤᠨ ᠬᠡᠰᠢᠭᠦᠨ ᠢ ᠰᠢᠩᠭᠡᠭᠡᠨ ᠠᠪᠴᠦ᠂ ᠲᠤᠰᠬᠤᠨ ᠤ ᠵᠦᠪᠯᠡᠯ ᠤᠨ ᠬᠤᠭᠤᠴᠠᠭ᠎ᠠ ᠰᠤᠯᠢᠬᠤ ᠠᠵᠢᠯ ᠢ ᠠᠮᠵᠢᠯᠳᠠ ᠲᠠᠢ ᠪᠡᠶᠡᠯᠡᠭᠦᠯᠦᠨ᠂ ᠰᠠᠶᠢᠨᠬᠤᠳᠳᠤᠭ ᠲᠤᠰᠬᠤᠨ ᠤ ᠤᠳᠤᠷᠢᠳᠬᠤ ᠪᠠᠭ ᠤᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠪᠠ᠃       ︽ᠶᠠᠳᠠᠭᠤ ᠶᠢ ᠲᠡᠳᠬᠦᠬᠦ ᠳᠤ ᠤᠷᠢᠳᠠᠪᠠᠷ ᠡᠷᠴᠢ ᠵᠤᠷᠢᠭ ᠢ ᠬᠦᠪᠴᠢᠯᠡᠬᠦ ᠬᠡᠷᠡᠭᠳᠠᠢ᠂ ᠶᠠᠳᠠᠭᠤ ᠬᠦᠴᠢᠷᠳᠡᠯᠳᠠᠢ ᠤᠯᠠᠨ ᠲᠦᠮᠡᠨ ᠤᠬᠠᠮᠰᠠᠷ ᠠᠴᠠ ᠪᠠᠨ〈 ᠶᠠᠳᠠᠭᠤᠷᠠᠬᠤ ᠲᠤᠷ᠎ᠠ ᠦᠭᠡᠢ᠂ ᠬᠤᠴᠤᠷᠬᠤ ᠲᠤᠷ᠎ᠠ ᠦᠭᠡᠢ 〉ᠦᠵᠡᠯ ᠰᠠᠨᠠᠭ᠎ᠠ ᠲᠠᠢ ᠪᠤᠯᠵᠤ᠂ ᠦᠵᠡᠯ ᠰᠠᠨᠠᠭᠠᠨ ᠲᠡᠭᠡᠷ᠎ᠡ ᠪᠠᠨ〈 ᠶᠠᠳᠠᠭᠤ ᠠᠴᠠ ᠠᠩᠬᠢᠵᠢᠷᠠᠪᠠᠯ 〉ᠰᠠᠶ᠋ᠢ ᠤᠯᠤᠰ ᠤᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠬᠠᠮᠤᠭ ᠤᠨ ᠰᠠᠶᠢᠨ ᠦᠷ᠎ᠡ ᠳ᠋ᠦᠩ ᠳᠤ ᠬᠦᠷᠬᠦ ᠪᠤᠯᠤᠨ᠎ᠠ︾ ᠭᠡᠵᠤ ᠬᠠᠢ ᠴᠢᠤᠸᠠᠨ ᠬᠡᠯᠡᠪᠡ᠃ ᠠᠷᠠᠳ ᠤᠯᠠᠨ ᠤ ︽ᠶᠠᠳᠠᠭᠤ ᠠᠴᠠ ᠠᠩᠭᠢᠵᠢᠷᠠᠭᠤᠯᠵᠤ ᠪᠤᠭᠤᠮᠳᠠ ᠰᠢᠪᠳᠤᠯᠬᠤ︾ ᠲᠤᠬᠠᠢ ᠤᠶᠢᠯᠠᠭᠠᠯᠳᠠ ᠶᠢ ᠲᠡᠭᠡᠭᠰᠢᠯᠡᠭᠦᠯᠦᠨ᠂ ᠶᠠᠳᠠᠭᠤ ᠬᠦᠴᠢᠷᠳᠡᠯᠳᠠᠢ ᠤᠯᠠᠨ ᠲᠦᠮᠡᠨ ᠤ ᠦᠢᠯᠡᠳᠪᠦᠷᠢᠯᠡᠯ ᠤᠨ ᠲᠤᠳᠤᠭᠠᠳᠤ ᠬᠦᠳᠡᠯᠭᠡᠬᠦ ᠬᠦᠴᠦᠨ ᠢ ᠬᠦᠭᠵᠢᠭᠡᠬᠦ ᠶᠢᠨ ᠲᠦᠯᠦᠭᠡ᠂ ᠲᠡᠷᠡ ᠬᠠᠮᠳᠤ ᠠᠵᠢᠯᠯᠠᠭᠴᠢᠳ ᠲᠠᠢ ᠪᠠᠨ ᠵᠦᠪᠳᠡᠯᠴᠡᠨ ᠰᠠᠶᠢᠨᠬᠤᠳᠳᠤᠭ ᠲᠤᠰᠬᠤᠨ ᠤ ︽ᠰᠤᠯᠤᠩᠭ᠎ᠠ︾ ᠤᠷᠠᠨ ᠰᠠᠶᠢᠬᠠᠨ ᠤ ᠤᠬᠠᠭᠤᠯᠬᠤ ᠠᠩᠭᠢ ᠶᠢ ᠪᠠᠶᠢᠭᠤᠯᠵᠤ᠂ ᠠᠷᠠᠳ ᠤᠯᠠᠨ ᠤ ᠬᠠᠮᠤᠭ ᠤᠨ ᠲᠤᠷᠠᠳᠠᠢ ︽ᠬᠤᠶᠠᠷ ᠬᠦᠮᠦᠨ ᠤ ᠲᠠᠭᠠᠷᠢᠯᠴᠠᠭ᠎ᠠ︾᠂ ︽ᠴᠠᠷᠬᠢᠯ ᠬᠤᠯᠪᠤᠭ᠎ᠠ︾ ᠤᠷᠠᠨ ᠰᠠᠶᠢᠬᠠᠨ ᠤ ᠲᠤᠭᠯᠠᠯᠳᠠ ᠪᠠᠷ ᠲᠠᠮᠵᠢᠭᠤᠯᠤᠨ᠂ ᠲᠡᠷᠭᠡᠳᠡ ᠨᠢ ᠡᠭᠦᠰᠦᠭᠰᠡᠨ ᠶᠠᠳᠠᠭᠤ ᠶᠢ ᠲᠡᠳᠬᠦᠬᠦ ᠦᠯᠢᠭᠡᠷ ᠢ ᠵᠦᠴᠦᠭᠡ ᠶᠢ ᠵᠤᠬᠢᠶᠠᠯ ᠪᠤᠯᠭᠠᠨ ᠲᠤᠭᠯᠠᠵᠤ᠂ ᠶᠠᠳᠠᠭᠤ ᠶᠢ ᠲᠡᠳᠬᠦᠬᠦ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠳᠤ ᠠᠶ᠎ᠠ ᠲᠠᠭᠠᠷᠠᠭᠤᠯᠤᠨ ᠲᠠᠭᠤᠯᠠᠭᠠᠳ᠂ ᠶᠠᠳᠠᠭᠤ ᠬᠦᠴᠢᠷᠳᠡᠯᠳᠠᠢ ᠡᠷᠦᠭᠡ ᠶᠢ ᠶᠠᠳᠠᠭᠤ ᠠᠴᠠ ᠠᠩᠬᠢᠵᠢᠷᠠᠵᠤ ᠪᠠᠶᠠᠵᠢᠨ ᠴᠢᠨᠡᠭᠡᠯᠢᠭᠵᠢᠬᠦ ᠡᠷᠡᠰ ᠵᠤᠷᠢᠭ ᠪᠤᠯᠤᠨ ᠬᠦᠰᠡᠯ ᠰᠠᠨᠠᠭ᠎ᠠ ᠶᠢ ᠦᠨᠡᠨᠬᠦ ᠲᠡᠭᠡᠭᠰᠢᠯᠡᠭᠦᠯᠦᠭᠰᠡᠨ ᠪᠠᠶᠢᠨ᠎ᠠ᠃       ᠪᠤᠳᠠᠳᠠᠢ ᠠᠵᠢᠯ ᠤᠨ ᠲᠤᠮᠳᠠ᠂ ᠬᠠᠢ ᠴᠢᠤᠸᠠᠨ ᠲᠤᠰᠬᠤᠨ ᠤ ᠠᠷᠠᠳ ᠤᠨ ᠠᠮᠢᠳᠤᠷᠠᠯ ᠤᠨ ᠨᠦᠬᠦᠴᠡᠯ ᠢ ᠲᠡᠭᠡᠭᠰᠢᠯᠡᠭᠦᠯᠬᠦ ᠠᠴᠠ ᠭᠠᠷᠳᠠᠨ ᠬᠢᠵᠤ᠂ 11 ᠪᠠᠶᠢᠭᠠᠯᠢᠯᠢᠭ ᠲᠤᠰᠬᠤᠨ ᠤ ᠨᠤᠷᠠᠬᠤ ᠠᠶᠤᠯᠳᠠᠢ ᠭᠡᠷ ᠪᠠᠶᠢᠰᠢᠩ ᠢ ᠵᠠᠰᠠᠨ ᠰᠢᠨᠡᠳᠬᠡᠵᠤ᠂ 14 ᠶᠠᠳᠠᠭᠤ ᠬᠦᠴᠢᠷᠳᠡᠯᠳᠠᠢ ᠡᠷᠦᠭᠡ᠂ 21 ᠲᠤᠤᠷ᠎ᠠ ᠪᠠᠳᠤᠯᠭᠠᠳᠤ᠂ 6 ᠲᠠᠪᠤᠨ ᠪᠠᠳᠤᠯᠭᠠᠳᠤ ᠡᠷᠦᠭᠡ ᠶᠢᠨ ᠨᠤᠷᠠᠬᠤ ᠠᠶᠤᠯᠳᠠᠢ ᠭᠡᠷ ᠪᠠᠶᠢᠰᠢᠩ ᠢ ᠵᠠᠰᠠᠨ ᠰᠢᠨᠡᠳᠬᠡᠵᠤ᠂ ᠲᠤᠰᠬᠤᠨ ᠤ ᠠᠷᠠᠳ ᠤᠨ ᠤᠷᠤᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠂ ᠲᠤᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠤᠭᠰᠠᠨ ᠪᠠᠶᠢᠨ᠎ᠠ᠃ ᠲᠡᠷᠡ ᠪᠠᠰᠠ ᠢᠳᠡᠪᠬᠢᠳᠠᠢ ᠪᠠᠷ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠵᠤᠬᠢᠴᠠᠭᠤᠯᠵᠤ᠂ ᠲᠤᠰᠬᠤᠨ ᠤ ᠠᠷᠠᠳ ᠤᠨ ᠴᠠᠬᠢᠯᠭᠠᠨ ᠬᠡᠷᠡᠭᠯᠡᠬᠦ ᠬᠦᠴᠢᠷᠳᠡᠯ ᠪᠤᠯᠤᠨ ᠵᠠᠮ ᠬᠠᠷᠢᠯᠴᠠᠭᠠᠨ ᠤ ᠬᠦᠴᠢᠷᠳᠡᠯ ᠢ ᠰᠢᠢᠳᠪᠦᠷᠢᠯᠡᠭᠰᠡᠨ ᠪᠠᠶᠢᠨ᠎ᠠ᠃       ︽ᠨᠢᠭᠡᠳᠦᠭᠡᠷ ᠱᠦᠵᠢ︾ ᠨᠢᠭᠡ ᠲᠠᠯ᠎ᠠ ᠪᠠᠷ ᠵᠠᠰᠠᠭ ᠤᠨ ᠤᠷᠳᠤᠨ ᠲᠠᠢ ᠬᠤᠯᠪᠤᠯᠳᠠᠵᠤ᠂ ᠨᠦᠬᠦᠭᠡ ᠲᠠᠯ᠎ᠠ  ᠪᠠᠷ ᠠᠷᠠᠳ ᠲᠦᠮᠡᠨ ᠲᠠᠢ ᠬᠤᠯᠪᠤᠯᠳᠠᠨ᠂ ᠤᠷᠤᠨ ᠪᠠᠶᠢᠷᠢ ᠨᠢ ᠲᠤᠶᠢᠯ ᠤᠨ ᠴᠢᠬᠤᠯᠠ᠂ ᠪᠠᠶᠢᠷᠢ ᠰᠠᠭᠤᠷᠢ ᠨᠢ ᠴᠦ ᠤᠨᠴᠠᠭᠠᠢ ᠪᠠᠶᠢᠳᠠᠭ᠃ ᠲᠤᠰᠬᠤᠨ ᠤ ᠠᠷᠠᠳ ᠤᠨ ᠲᠤᠮᠳᠠ ᠬᠠᠢ ᠴᠢᠤᠸᠠᠨ ᠲᠡᠭᠡᠳᠦ ᠱᠠᠳᠤᠨ ᠤ ᠲᠦᠷᠦ ᠶᠢᠨ ᠪᠤᠳᠤᠯᠭ᠎ᠠ ᠶᠢ ᠬᠠᠮᠤᠭ ᠠᠴᠠ ᠢᠯᠡᠭᠦᠦ ᠤᠶᠢᠯᠠᠭᠠᠳᠠᠭ ᠤᠨ ᠨᠢᠭᠡ ᠨᠢ ᠪᠠᠶᠢᠵᠤ᠂ ᠺᠠᠳ᠋ᠷ ᠤᠨ ᠲᠤᠮᠳᠠ ᠬᠠᠢ ᠴᠢᠤᠸᠠᠨ ᠪᠤᠯ ᠦᠨᠳᠦᠰᠦᠨ ᠱᠠᠳᠤᠨ ᠤ ᠪᠠᠶᠢᠳᠠᠯ ᠢ ᠬᠠᠮᠤᠭ ᠢᠯᠡᠭᠦᠦ ᠤᠶᠢᠯᠠᠭᠠᠳᠠᠭ ᠤᠨ ᠨᠢᠭᠡ ᠪᠤᠯᠤᠨ᠎ᠠ᠃ ᠲᠡᠷᠡ ᠲᠤᠰᠬᠤᠨ  ᠤ ᠤᠯᠠᠨ ᠲᠦᠮᠡᠨ ᠤ ︽ᠨᠢᠭᠡᠳᠦᠭᠡᠷ ᠱᠦᠵᠢ︾ ᠳᠤ ᠲᠠᠯᠪᠢᠭᠰᠠᠨ ᠢᠳᠡᠭᠡᠯ ᠨᠠᠶᠢᠳᠠᠪᠤᠷᠢ ᠪᠤᠯᠤᠨ ᠬᠦᠰᠡᠯ ᠡᠷᠡᠮᠡᠯᠵᠡᠯ  ᠢ ᠡᠪᠦᠷᠯᠡᠨ ᠡᠭᠦᠷᠭᠡᠯᠡᠵᠤ᠂ ᠮᠦᠷᠦ ᠵᠡᠷᠭᠡᠴᠡᠨ ᠬᠠᠮᠳᠤᠪᠠᠷ ᠤᠷᠤᠭᠰᠢᠯᠡᠨ᠂ ᠪᠦᠯᠬᠦᠮᠳᠡᠨ ᠨᠢᠭᠳᠠᠷᠠᠵᠤ ᠵᠤᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠵᠤ᠂ ︽ᠶᠠᠳᠠᠭᠤ ᠶᠢ ᠲᠡᠳᠬᠦᠬᠦ ᠵᠠᠮ ᠳᠤ ᠨᠢᠭᠡ ᠬᠦᠮᠦᠨ ᠢ ᠴᠦ ᠤᠷᠬᠢᠭᠳᠠᠭᠤᠯᠬᠤ ᠦᠭᠡᠢ︾ ᠶᠢ ᠪᠠᠳᠤᠯᠠᠨ᠂ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠰᠢᠯᠢᠳᠡᠭ ᠰᠠᠶᠢᠨ ᠲᠠᠭᠠᠭᠤᠯᠤᠭᠴᠢ ᠪᠤᠯᠵᠤ᠂ ᠰᠠᠶᠢᠨᠬᠤᠳᠳᠤᠭ ᠲᠤᠰᠬᠤᠨ ᠢ ᠡᠷᠳᠡ ᠨᠢᠭᠡᠨ ᠡᠳᠦᠷ ᠴᠢᠨᠡᠭᠡᠯᠢᠭ ᠠᠮᠢᠳᠤᠷᠠᠯ ᠲᠠᠢ ᠪᠤᠯᠭᠠᠬᠤ ᠪᠠᠷ ᠴᠢᠷᠮᠠᠶᠢᠵᠤ ᠶᠠᠪᠤᠭ᠎ᠠ ᠪᠢᠯᠡ᠃
 
ᠢᠷᠡᠯᠲᠡ᠄ ᠤᠯᠠᠭᠠᠨᠴᠠᠪ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2