ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠲᠤᠪᠴᠢᠶ᠎ᠠ
ᠨᠡᠶᠢᠲᠡᠯᠡᠭᠰᠡᠨ ᠴᠠᠭ᠄
2019-05-23
ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠤᠨ ᠭᠤᠤᠯ ᠡᠭᠦᠷᠭᠡ ᠬᠠᠷᠢᠭᠤᠴᠠᠯᠭ᠎ᠠ᠄    ︵ᠨᠢᠭᠡ︶ ᠣᠯᠣᠰ ᠤᠨ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠤᠬᠠᠢ ᠤᠯᠤᠰ ᠤᠨ ᠪᠠᠶᠢᠯᠳᠣᠬᠤ ᠪᠣᠳᠣᠯᠭ᠎ᠠ᠂ ᠴᠢᠭᠯᠡᠯᠳᠡ᠂ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠤ᠂ ᠪᠦᠬᠦ ᠣᠷᠣᠨ ᠤ ᠣᠯᠣᠰ ᠠᠷᠠᠳ ᠤᠨ ᠠᠵᠣ ᠠᠬᠤᠢ ᠬᠢᠭᠡᠣᠨ ᠨᠡᠶᠢᠭᠡᠮ ᠤᠨ ᠬᠦᠭᠵᠢᠯᠳᠡ ᠶᠢᠨ ᠤᠷᠲᠤᠪᠲᠤᠷ ᠪᠠ ᠣᠷᠲᠦ ᠬᠤᠭᠤᠴᠠᠭᠠᠨ ᠤ ᠲᠦᠯᠦᠪᠵᠢᠭᠦᠯᠭᠡ ᠬᠢᠭᠡᠳ ᠣᠨ ᠤ ᠲᠦᠯᠦᠪᠯᠡᠭᠡ ᠶᠢ ᠲᠣᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠵᠣ ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠦᠯᠲᠠᠢ ᠵᠤᠬᠢᠴᠠᠭᠤᠯᠣᠨ᠂ ᠣᠷᠣᠨ ᠤ ᠲᠣᠲᠤᠷ᠎ᠠ ᠭᠠᠳᠠᠨᠠᠬᠢ ᠠᠵᠣ ᠠᠬᠤᠢ ᠶᠢᠨ ᠪᠠᠶᠢᠳᠠᠯ ᠢ ᠰᠣᠳᠣᠯᠣᠨ ᠵᠠᠳᠠᠯᠵᠤ᠂ ᠪᠦᠬᠦ ᠣᠷᠣᠨ ᠤ ᠣᠯᠣᠰ ᠠᠷᠠᠳ ᠤᠨ ᠠᠵᠣ ᠠᠬᠤᠢ ᠶᠢᠨ ᠬᠦᠭᠵᠢᠯᠳᠡ᠂ ᠦᠨ᠎ᠡ ᠬᠠᠩᠰᠢ ᠶᠢᠨ ᠲᠤᠬᠢᠷᠠᠭᠤᠯᠭ᠎ᠠ ᠡᠵᠡᠮᠳᠡᠯ ᠪᠤᠯᠤᠨ ᠠᠵᠣ ᠠᠬᠤᠢ ᠶᠢᠨ ᠪᠦᠳᠦᠴᠡ ᠶᠢ ᠰᠢᠯᠢᠳᠡᠭᠵᠢᠭᠦᠯᠬᠦ ᠬᠠᠷᠠᠯᠳᠠ᠂ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠪᠠ ᠠᠷᠭ᠎ᠠ ᠬᠡᠮᠵᠢᠶ᠎ᠡ ᠠᠷᠭ᠎ᠠ ᠶᠢ ᠳᠤᠷᠠᠳᠴᠦ᠂ ᠡᠯ᠎ᠡ ᠵᠦᠢᠯ ᠤᠨ ᠠᠵᠣ ᠠᠬᠤᠢ ᠶᠢᠨ ᠠᠷᠭ᠎ᠠ ᠪᠠᠷᠢᠯ ᠪᠤᠯᠤᠨ ᠲᠦᠷᠦ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠬᠦ ᠰᠠᠨᠠᠭᠤᠯᠭ᠎ᠠ ᠲᠣᠷᠠᠳᠣᠨ᠎ᠠ︔ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠦᠪᠡᠷᠳᠡᠭᠡᠨ ᠵᠠᠰᠠᠬᠤ ᠣᠷᠣᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠳᠤ ᠣᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢᠨ ᠮᠡᠳᠡᠭᠦᠯᠦᠯᠳᠡ ᠶᠢ ᠳᠡᠪᠰᠢᠭᠦᠯᠥᠨ ᠲᠣᠰᠢᠶᠠᠨ᠎ᠠ᠃    ︵ᠬᠤᠶᠠᠷ︶ ᠪᠦᠬᠦ ᠤᠷᠤᠨ ᠤ ᠬᠤᠷᠸ᠎ᠠ ᠠᠵᠣ ᠠᠬᠤᠢ ᠬᠢᠭᠡᠳ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢ ᠬᠢᠨᠠᠨ ᠬᠡᠮᠵᠢᠬᠦ᠂ ᠲᠦᠰᠦᠭᠡᠯᠡᠵᠦ ᠰᠡᠷᠡᠮᠵᠢᠯᠡᠭᠦᠯᠬᠦ᠂ ᠮᠡᠳᠡᠭᠡ ᠵᠠᠩᠭᠢ ᠪᠠᠷ ᠬᠦᠲᠥᠯᠥᠨ ᠵᠢᠯᠤᠭᠤᠳᠬᠤ ᠬᠠᠷᠢᠭᠤᠴᠠᠯᠭ᠎ᠠ  ᠶᠢ ᠡᠭᠦᠷᠭᠡᠯᠡᠨ᠎ᠡ︔ ᠪᠦᠬᠦ ᠣᠷᠣᠨ ᠤ ᠠᠵᠣ ᠠᠬᠤᠢ ᠶᠢᠨ ᠠᠵᠢᠯᠯᠠᠭᠠᠨ᠂ ᠶᠡᠷᠦᠩᠬᠡᠢ ᠬᠡᠮᠵᠢᠶ᠎ᠡ ᠶᠢᠨ ᠲᠡᠩᠴᠡᠭᠦᠷᠢ᠂ ᠠᠵᠣ ᠠᠬᠤᠢ ᠶᠢᠨ ᠠᠮᠦᠷ ᠲᠦᠪᠰᠢᠨ ᠪᠠ ᠠᠵᠣ ᠦᠢᠯᠡᠰ ᠤᠨ ᠠᠮᠦᠷ ᠲᠦᠪᠰᠢᠨ ᠵᠡᠷᠭᠡ ᠴᠢᠬᠤᠯᠠ ᠠᠰᠠᠭᠤᠳᠠᠯ ᠢ ᠰᠣᠳᠣᠯᠬᠤ ᠶᠢᠨ ᠬᠠᠮᠲᠦ ᠲᠤᠬᠢᠷᠠᠭᠤᠯᠤᠨ ᠡᠵᠡᠮᠳᠡᠬᠦ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠲᠣᠷᠠᠳᠣᠨ᠎ᠠ᠃ ᠠᠵᠣ ᠠᠬᠤᠢ ᠶᠢᠨ ᠠᠵᠢᠯᠯᠠᠭᠠᠨ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠥᠷᠢᠯᠡᠵᠦ᠂ ᠠᠵᠣ ᠠᠬᠤᠢ ᠶᠢᠨ ᠠᠵᠢᠯᠯᠠᠭᠠᠨ ᠢ ᠲᠤᠬᠢᠷᠠᠭᠤᠯᠬᠤ ᠶᠢ ᠬᠠᠷᠢᠭᠤᠴᠠᠨ᠎ᠠ︔ ᠴᠢᠬᠤᠯᠠ ᠡᠳ᠋ ᠪᠠᠷᠠᠭ᠎ᠠ ᠶᠢ ᠪᠠᠴᠢᠮ ᠲᠤᠬᠢᠷᠠᠭᠤᠯᠬᠤ ᠪᠠ ᠵᠠᠮ ᠬᠠᠷᠢᠯᠴᠠᠭ᠎ᠠ ᠲᠡᠭᠡᠭᠡᠪᠦᠷᠢ ᠶᠢ ᠵᠣᠬᠢᠴᠠᠭᠤᠯᠬᠤ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃    ︵ᠭᠤᠷᠪᠠ︶ ᠪᠦᠬᠦ ᠣᠷᠣᠨ ᠤ ᠡᠳ᠋ ᠤᠨ ᠵᠠᠰᠠᠭ᠂ ᠮᠦᠩᠭᠦᠨ ᠭᠦᠢᠯᠭᠡᠭᠡᠨ ᠵᠡᠷᠭᠡ ᠲᠠᠯ᠎ᠠ ᠶᠢᠨ ᠪᠠᠶᠢᠳᠠᠯ ᠢ ᠬᠤᠷᠢᠶᠠᠩᠭᠤᠶᠢᠯᠠᠨ ᠵᠠᠳᠠᠯᠬᠤ ᠶᠢ ᠬᠠᠷᠢᠭᠤᠴᠠᠨ᠎ᠠ︔ ᠡᠳ᠋ ᠤᠨ ᠵᠠᠰᠠᠭ᠂ ᠮᠦᠩᠭᠦᠨ ᠭᠦᠢᠯᠭᠡᠭᠡᠨ᠂ ᠭᠠᠵᠠᠷ ᠰᠢᠷᠦᠢ ᠶᠢᠨ ᠲᠦᠷᠦ ᠶᠢᠨ ᠪᠣᠳᠣᠯᠭ᠎ᠠ ᠲᠣᠭᠳᠠᠭᠠᠬᠤ ᠳᠤ ᠣᠷᠣᠯᠴᠠᠨ᠂ ᠡᠳ᠋ ᠤᠨ ᠵᠠᠰᠠᠭ᠂ ᠮᠦᠩᠭᠦᠨ ᠭᠦᠢᠯᠭᠡᠭᠡᠨ᠂ ᠭᠠᠵᠠᠷ ᠰᠢᠷᠦᠢ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠳ᠋ᠦᠩ ᠢ ᠶᠡᠷᠦᠩᠬᠡᠶᠢᠯᠡᠨ ᠵᠠᠳᠠᠯᠣᠨ᠎ᠠ︔ ᠪᠦᠬᠦ ᠣᠷᠣᠨ ᠤ ᠪᠦᠬᠦ ᠲᠠᠯ᠎ᠠ ᠶᠢᠨ ᠭᠠᠳᠠᠭᠠᠲᠦ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠵᠣ᠂ ᠪᠦᠳᠦᠴᠡ ᠶᠢ ᠰᠢᠯᠢᠳᠡᠭᠵᠢᠭᠦᠯᠬᠦ ᠪᠠ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃    ︵ᠲᠦᠷᠪᠡ︶ ᠣᠯᠣᠰ ᠤᠨ ᠦᠨ᠎ᠡ ᠬᠠᠩᠰᠢ ᠰᠦᠢᠳᠭᠡᠯ ᠬᠤᠷᠢᠶᠠᠬᠤ ᠲᠦᠷᠦ ᠶᠢᠨ ᠪᠣᠳᠣᠯᠭ᠎ᠠ ᠶᠢ ᠲᠣᠣᠱᠯᠠᠭᠤᠯᠤᠨ ᠨᠠᠶᠢᠳᠠᠪᠥᠷᠢᠵᠢᠭᠤᠯᠵᠦ᠂ ᠦᠪᠡᠷᠳᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠲᠣᠬᠢᠷᠠᠭᠤᠯᠤᠨ ᠡᠵᠡᠮᠳᠡᠬᠦ ᠬᠠᠷᠠᠯᠳᠠ ᠶᠢ ᠲᠣᠷᠠᠳᠣᠨ᠎ᠠ︔ ᠦᠪᠡᠷᠳᠡᠭᠡᠨ ᠵᠠᠰᠠᠬᠤ ᠣᠷᠣᠨ ᠤ ᠬᠠᠮᠢᠶᠠᠷᠴᠣ ᠪᠦᠬᠦᠢ ᠲᠠᠸᠠᠷ ᠤᠨ ᠦᠢᠯᠡᠴᠢᠯᠡᠭᠡ ᠪᠤᠯᠤᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠳᠠᠭᠠᠬᠤ ᠪᠠ ᠲᠤᠬᠢᠷᠠᠭᠤᠯᠣᠨ᠎ᠠ︔ ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠳᠡ ᠳᠤ ᠬᠢᠨᠠᠯᠳᠠ ᠲᠠᠯᠪᠢᠨ ᠪᠠᠶᠢᠴᠠᠭᠠᠬᠤ ᠶᠢ ᠬᠠᠷᠢᠭᠤᠴᠠᠨ᠂ ᠪᠦᠬᠦ ᠣᠷᠣᠨ ᠤ ᠦᠨ᠎ᠡ ᠬᠠᠩᠰᠢ ᠶᠢᠨ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠪᠤᠯᠤᠨ ᠦᠨ᠎ᠡ ᠬᠠᠩᠰᠢ ᠶᠢᠨ ᠭᠠᠭᠴᠠᠭᠠᠷ ᠡᠵᠡᠮᠰᠢᠭᠰᠡᠨ ᠦᠢᠯᠡ ᠠᠵᠢᠯᠯᠠᠭ᠎ᠠ ᠵᠡᠷᠭᠡ ᠶᠢ ᠬᠠᠣᠯᠢ ᠶᠣᠰᠣᠭᠠᠷ ᠪᠠᠶᠢᠴᠠᠭᠠᠨ ᠰᠢᠢᠳᠪᠥᠷᠢᠯᠡᠨ᠎ᠡ᠃    ︵ᠲᠠᠪᠤ︶ ᠪᠦᠬᠦ ᠣᠷᠣᠨ ᠤ ᠠᠵᠣ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠬᠤ ᠶᠢ ᠵᠢᠯᠤᠭᠤᠳᠬᠤ ᠪᠠ ᠶᠡᠷᠦᠩᠬᠡᠶᠢᠯᠡᠨ ᠵᠣᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠂ ᠠᠵᠣ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠬᠢᠭᠡᠳ ᠭᠠᠳᠠᠭᠠᠲᠦ ᠨᠡᠭᠡᠭᠡᠯᠲᠡ ᠶᠢᠨ ᠴᠢᠬᠤᠯᠠ ᠶᠡᠭᠡ ᠠᠰᠠᠭᠤᠳᠠᠯ ᠢ ᠰᠣᠳᠣᠯᠣᠨ᠎ᠠ︔ ᠶᠡᠷᠦᠩᠬᠡᠶᠢᠯᠡᠭᠰᠡᠨ ᠴᠢᠨᠠᠷᠲᠠᠢ ᠠᠵᠣ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠲᠦᠰᠦᠯ ᠢ ᠵᠣᠬᠢᠶᠠᠨ ᠪᠠᠶᠢᠭᠤᠯᠤᠨ ᠲᠣᠭᠲᠠᠭᠠᠵᠦ᠂ ᠬᠤᠯᠪᠤᠭᠳᠠᠯ ᠪᠦᠬᠦᠢ ᠲᠣᠰᠬᠠᠢ ᠵᠦᠢᠯ ᠤᠨ ᠠᠵᠣ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠲᠦᠰᠦᠯ ᠢ ᠵᠣᠬᠢᠴᠠᠭᠤᠯᠣᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠲᠣᠰᠬᠠᠢ ᠵᠦᠢᠯ ᠤᠨ ᠠᠵᠣ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠬᠤᠭᠤᠷᠣᠨᠳᠦ ᠶᠢᠨ ᠵᠣᠯᠭᠠᠭᠤᠯᠤᠯᠲᠠ ᠶᠢ ᠰᠠᠶᠢᠳᠣᠷ ᠬᠢᠨ᠎ᠡ︔ ᠠᠵᠣ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠲᠣᠷᠰᠢᠯᠳᠠ ᠪᠤᠯᠤᠨ ᠦᠭᠡᠷᠡᠴᠢᠯᠡᠯᠳᠡ ᠶᠢᠨ ᠲᠣᠷᠰᠢᠯᠳᠠ ᠶᠢᠨ ᠣᠷᠣᠨ ᠤ ᠠᠵᠢᠯ ᠢ ᠵᠢᠯᠣᠭᠤᠳᠣᠨ᠎ᠠ᠃    ︵ᠵᠢᠷᠭᠤᠭ᠎ᠠ︶ ᠪᠦᠬᠦ ᠣᠷᠣᠨ ᠤ ᠴᠢᠬᠤᠯᠠ ᠶᠡᠭᠡ ᠪᠦᠲᠥᠭᠡᠨ ᠪᠠᠶᠢᠭᠤᠯᠤᠯᠳᠠ ᠶᠢᠨ ᠲᠦᠷᠦᠯ ᠵᠦᠢᠯ ᠪᠤᠯᠤᠨ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯ ᠢ ᠲᠦᠯᠦᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠂ ᠪᠦᠬᠦ ᠨᠡᠶᠢᠭᠡᠮ ᠤᠨ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢᠨ ᠶᠡᠷᠦᠩᠬᠡᠢ ᠬᠡᠪᠴᠢᠶ᠎ᠡ ᠪᠠ ᠪᠡᠯᠡ ᠣᠷᠣᠭᠤᠯᠬᠤ ᠪᠦᠳᠦᠴᠡ ᠶᠢᠨ ᠲᠤᠬᠢᠷᠠᠭᠤᠯᠤᠨ ᠡᠵᠡᠮᠳᠡᠬᠦ ᠬᠠᠷᠠᠯᠳᠠ᠂ ᠲᠦᠷᠦ ᠶᠢᠨ ᠪᠣᠳᠣᠯᠭ᠎ᠠ ᠬᠢᠭᠡᠳ ᠠᠷᠭ᠎ᠠ ᠬᠡᠮᠵᠢᠶ᠎ᠡ ᠶᠢ ᠲᠣᠭᠲᠠᠭᠠᠵᠦ᠂ ᠵᠠᠰᠠᠭ ᠤᠨ ᠣᠷᠳᠣᠨ ᠤ ᠲᠤᠬᠢᠷᠠᠭᠤᠯᠬᠤ ᠴᠢᠬᠤᠯᠠᠳᠠᠢ ᠪᠡᠯᠡ ᠣᠷᠣᠭᠤᠯᠣᠯᠳᠠ ᠪᠣᠯᠣᠨ ᠴᠢᠬᠤᠯᠠ ᠶᠡᠭᠡ ᠪᠦᠲᠥᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠲᠣᠰᠬᠠᠢ ᠵᠦᠢᠯ ᠤᠨ ᠲᠦᠯᠦᠪᠵᠢᠭᠦᠯᠭᠡ ᠶᠢ ᠵᠣᠯᠭᠠᠭᠤᠯᠣᠨ ᠲᠡᠩᠴᠡᠭᠦᠷᠢᠰᠢᠭᠦᠯᠦᠨ᠎ᠡ︔ ᠣᠯᠣᠰ ᠤᠨ ᠬᠢᠨᠠᠨ ᠵᠦᠪᠰᠢᠶᠡᠷᠡᠭᠰᠡᠨ ︵ᠬᠢᠨᠠᠨ ᠵᠦᠪᠰᠢᠶᠡᠷᠡᠭᠰᠡᠨ︶ ᠴᠢᠬᠤᠯᠠ ᠶᠡᠭᠡ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠬᠠᠷᠢᠭᠤᠴᠠᠨ ᠬᠢᠨᠠᠬᠤ ᠶᠢᠨ ᠬᠠᠮᠲᠦ ᠲᠡᠭᠡᠭᠰᠢ ᠮᠡᠳᠡᠭᠦᠯᠦᠨ᠎ᠡ︔ ᠲᠦᠪ ᠪᠠ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠢ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠭᠦ ᠶᠢ ᠲᠣᠭᠲᠠᠭᠠᠭᠰᠠᠨ ᠡᠷᠬᠡ ᠮᠡᠳᠡᠯ ᠤᠨ ᠶᠣᠰᠤᠭᠠᠷ ᠬᠢᠨᠠᠨ ᠵᠦᠪᠰᠢᠶᠡᠷᠡᠬᠦ᠂ ᠬᠠᠷᠭᠤᠭᠤᠯᠬᠤ᠂ ᠬᠢᠨᠠᠬᠤ᠂ ᠴᠢᠬᠤᠯᠠ ᠶᠡᠭᠡ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠲᠠᠩᠰᠠᠯᠠᠬᠤ᠂ ᠭᠠᠳᠠᠭᠠᠲᠦ ᠳᠤ ᠬᠤᠯᠪᠣᠭᠳᠠᠭᠰᠠᠨ ᠴᠢᠬᠤᠯᠠ ᠶᠡᠭᠡ ᠲᠦᠷᠦᠯ ᠵᠦᠢᠯ ᠪᠠ ᠶᠡᠭᠡ ᠲᠣᠭᠠᠨ ᠤ ᠭᠤᠪᠢᠭᠤᠯᠭ᠎ᠠ ᠶᠢᠨ ᠪᠡᠯᠡ ᠣᠷᠣᠭᠤᠯᠣᠯᠳᠠ ᠶᠢᠨ ᠲᠦᠷᠦᠯ ᠵᠦᠢᠯ ᠢ ᠲᠤᠬᠢᠷᠠᠭᠤᠯᠣᠨ᠎ᠠ︔ ᠪᠦᠬᠦ ᠣᠷᠣᠨ ᠤ ᠣᠯᠣᠰ ᠤᠨ ᠭᠠᠳᠠᠭᠠᠲᠦ ᠶᠢᠨ ᠵᠢᠭᠡᠯᠡᠯᠭᠡ ᠪᠠᠷ ᠪᠦᠲᠥᠭᠡᠨ ᠪᠠᠶᠢᠭᠤᠯᠬᠤ ᠪᠡᠯᠡ ᠮᠦᠩᠭᠦ ᠶᠢᠨ ᠬᠡᠷᠡᠭᠯᠡᠯᠲᠡ ᠶᠢ ᠵᠢᠯᠣᠭᠤᠳᠬᠤ ᠪᠠ ᠬᠢᠨᠠᠯᠳᠠ ᠲᠠᠯᠪᠢᠵᠤ᠂ ᠠᠷᠠᠳ ᠤᠨ ᠪᠡᠯᠡ ᠣᠷᠣᠭᠤᠯᠣᠯᠳᠠ ᠶᠢᠨ ᠴᠢᠭᠯᠡᠯ ᠢ ᠬᠦᠲᠥᠯᠥᠨ ᠵᠢᠯᠤᠭᠤᠳᠴᠦ᠂ ᠭᠠᠳᠠᠭᠠᠲᠦ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠣᠭᠤᠯᠣᠯᠳᠠ ᠶᠢᠨ ᠲᠦᠯᠦᠪᠵᠢᠭᠦᠯᠭᠡ᠂ ᠶᠡᠷᠦᠩᠬᠡᠢ ᠬᠡᠮᠵᠢᠶ᠎ᠡ ᠶᠢᠨ ᠲᠡᠩᠴᠡᠭᠦᠷᠢ ᠪᠠ ᠪᠦᠳᠦᠴᠡ ᠶᠢᠨ ᠰᠢᠯᠢᠳᠡᠭᠵᠢᠭᠦᠯᠦᠯᠳᠡ ᠶᠢᠨ ᠬᠠᠷᠠᠯᠳᠠ ᠬᠢᠭᠡᠳ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠣᠳᠣᠯᠣᠨ ᠲᠣᠷᠠᠳᠣᠨ᠎ᠠ ︔ ᠢᠨᠵᠧᠨᠧᠷᠢᠩ ᠤᠨ ᠯᠠᠪᠯᠠᠯᠭ᠎ᠠ ᠦᠭᠬᠦ ᠦᠢᠯᠡᠰ ᠤᠨ ᠬᠦᠭᠵᠢᠯᠳᠡ ᠶᠢ ᠵᠢᠯᠣᠭᠤᠳᠣᠨ᠎ᠠ᠃    ︵ᠲᠣᠯᠤᠭ᠎ᠠ︶ ᠪᠦᠬᠦ ᠣᠷᠣᠨ ᠤ ᠠᠵᠣ ᠠᠬᠤᠢ ᠶᠢᠨ ᠪᠦᠳᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠢ ᠠᠵᠣ ᠦᠢᠯᠡᠰ ᠤᠨ ᠲᠦᠷᠦ ᠶᠢᠨ ᠪᠤᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ︔ ᠪᠦᠬᠦ ᠣᠷᠣᠨ ᠤ ᠨᠢᠭᠡ᠂ ᠬᠤᠶᠠᠷ᠂ ᠭᠤᠷᠪᠠᠳᠣᠭᠠᠷ ᠠᠵᠣ ᠦᠢᠯᠡᠰ ᠤᠨ ᠬᠦᠭᠵᠢᠯᠳᠡ ᠶᠢᠨ ᠴᠢᠬᠤᠯᠠ ᠶᠡᠭᠡ ᠠᠰᠠᠭᠤᠳᠠᠯ ᠢ ᠬᠠᠷᠢᠭᠤᠴᠠᠨ ᠵᠣᠬᠢᠴᠠᠭᠤᠯᠬᠤ ᠶᠢᠨ ᠬᠠᠮᠲᠦ ᠬᠠᠮᠢᠶ᠎ᠠ ᠪᠦᠬᠦᠢ ᠬᠦᠭᠵᠢᠯᠳᠡ ᠶᠢᠨ ᠲᠦᠯᠦᠪᠵᠢᠭᠦᠯᠭᠡ ᠪᠠ ᠲᠦᠷᠦ ᠶᠢᠨ ᠪᠤᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠯᠭᠠᠭᠤᠯᠤᠨ ᠲᠡᠩᠴᠡᠭᠦᠷᠢᠰᠢᠭᠦᠯᠵᠦ᠂ ᠦᠪᠡᠷᠳᠡᠭᠡᠨ ᠵᠠᠰᠠᠬᠤ ᠣᠷᠣᠨ ᠤ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ᠂ ᠲᠦᠯᠦᠪᠯᠡᠭᠡ ᠯᠦᠭᠡ ᠵᠣᠯᠭᠠᠭᠤᠯᠤᠨ ᠲᠡᠩᠴᠡᠭᠦᠷᠢᠰᠢᠭᠦᠯᠬᠦ ᠶᠢ ᠰᠠᠶᠢᠳᠣᠷ ᠬᠢᠨ᠎ᠡ︔ ᠲᠠᠷᠢᠶᠠᠯᠠᠩ ᠮᠠᠯ ᠠᠵᠣ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠣᠨ᠂ ᠪᠦᠬᠦ ᠣᠷᠣᠨ ᠤ ᠦᠢᠯᠡᠴᠢᠯᠡᠭᠡᠨ ᠤ ᠦᠢᠯᠡᠰ᠂ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠬᠦᠭᠵᠢᠯᠳᠡ ᠶᠢᠨ ᠪᠠᠶᠢᠯᠳᠣᠬᠤ ᠪᠣᠳᠣᠯᠭ᠎ᠠ᠂ ᠲᠦᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠦ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠨ᠎ᠡ︔ ᠪᠦᠬᠦ ᠣᠷᠣᠨ ᠤ ᠳᠡᠭᠡᠳᠦ ᠮᠡᠷᠭᠡᠵᠢᠯ ᠤᠨ ᠠᠵᠦ ᠦᠢᠯᠡᠰ ᠤᠨ ᠬᠦᠭᠵᠢᠯᠳᠡ᠂ ᠠᠵᠣ ᠦᠢᠯᠡᠰ ᠤᠨ ᠮᠡᠷᠭᠡᠵᠢᠯ ᠤᠨ ᠳᠠᠪᠰᠢᠯᠲᠠ᠂ ᠠᠵᠣ ᠦᠢᠯᠡᠰ ᠤᠨ ᠲᠡᠰ ᠲᠡᠪᠰᠢᠬᠦ ᠲᠦᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠳᠠᠭᠠᠨ᠂ ᠴᠢᠬᠤᠯᠠ ᠶᠡᠭᠡ ᠮᠡᠷᠭᠡᠵᠢᠯ ᠤᠨ ᠲᠣᠨᠤᠭ ᠲᠦᠭᠦᠭᠡᠷᠦᠮᠵᠢ ᠶᠢ ᠲᠡᠯᠭᠡᠷᠡᠭᠦᠯᠥᠨ ᠬᠡᠷᠡᠭᠯᠡᠬᠦ ᠵᠡᠷᠭᠡ ᠲᠠᠯ᠎ᠠ ᠶᠢᠨ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠨ᠎ᠡ︔ ᠪᠦᠬᠦ ᠣᠷᠣᠨ ᠤ ᠬᠤᠪᠦᠷ ᠰᠢᠷᠣᠢ ᠶᠢᠨ ᠡᠬᠢ ᠪᠠᠶᠠᠯᠢᠭ ᠢ ᠬᠠᠮᠠᠭᠠᠯᠠᠵᠦ ᠨᠡᠭᠡᠭᠡᠨ ᠠᠰᠢᠭᠯᠠᠬᠤ ᠬᠤᠷᠸ᠎ᠠ ᠬᠠᠮᠢᠶᠠᠷᠣᠯᠳᠠ ᠶᠢᠨ ᠠᠵᠢᠯ ᠢ ᠬᠠᠷᠢᠭᠤᠴᠠᠨ᠎ᠠ᠃    ︵ᠨᠠᠢᠮᠠ︶ ᠪᠦᠬᠦ ᠣᠷᠣᠨ ᠤ ᠭᠤᠣᠯ ᠴᠣᠭᠴᠠ ᠪᠦᠬᠦᠢ ᠴᠢᠳᠠᠮᠵᠢᠲᠦ ᠣᠷᠣᠨ ᠤ ᠲᠦᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠦ ᠵᠣᠬᠢᠴᠠᠭᠤᠯᠤᠨ ᠬᠡᠷᠡᠭᠵᠢᠭᠦᠯᠬᠦ ᠪᠠ ᠬᠢᠨᠠᠨ ᠬᠡᠮᠵᠢᠵᠤ ᠦᠨᠡᠯᠡᠨ ᠵᠢᠱᠢᠬᠦ ᠬᠠᠷᠢᠭᠤᠴᠠᠯᠭ᠎ᠠ ᠶᠢ ᠡᠭᠦᠷᠭᠡᠯᠡᠨ᠎ᠡ︔ ᠪᠦᠬᠦ ᠣᠷᠣᠨ ᠤ ᠣᠷᠣᠨ ᠪᠦᠰᠡ ᠶᠢ ᠵᠣᠬᠢᠴᠠᠩᠭᠤᠢ ᠪᠠᠷ ᠬᠦᠭᠵᠢᠭᠦᠯᠬᠦ ᠪᠠ ᠦᠪᠡᠷᠳᠡᠭᠡᠨ ᠵᠠᠰᠠᠬᠤ ᠣᠷᠣᠨ ᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠦᠭᠵᠢᠭᠦᠯᠬᠦ᠂ ᠵᠡᠭᠦᠨ ᠬᠤᠶᠢᠲᠦ ᠣᠷᠣᠨ ᠵᠡᠷᠭᠡ ᠬᠠᠭᠤᠴᠢᠨ ᠠᠵᠣ ᠦᠢᠯᠡᠳᠪᠥᠷᠢ ᠶᠢᠨ ᠰᠠᠭᠤᠷᠢᠨ ᠭᠠᠵᠠᠷ ᠢ ᠬᠦᠭᠵᠢᠭᠦᠯᠥᠨ ᠮᠠᠨᠳᠤᠭᠤᠯᠬᠤ ᠲᠦᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠵᠦ᠂ ᠬᠤᠳᠠ ᠪᠠᠯᠭᠠᠰᠣᠴᠢᠯᠠᠨ ᠬᠦᠭᠵᠢᠭᠦᠯᠬᠦ ᠪᠠᠶᠢᠯᠳᠣᠬᠤ ᠪᠣᠳᠣᠯᠭ᠎ᠠ ᠪᠣᠯᠣᠨ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠣᠳᠣᠯᠣᠨ ᠲᠣᠷᠠᠳᠣᠨ᠎ᠠ︔ ᠭᠠᠵᠠᠷ ᠣᠷᠣᠨ ᠤ ᠠᠵᠣ ᠠᠬᠤᠢ ᠶᠢᠨ ᠬᠤᠷᠰᠢᠯᠴᠠᠭ᠎ᠠ ᠶᠢ ᠨᠢᠭᠡᠳᠦᠯᠲᠠᠢ ᠲᠦᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ︔ ᠪᠦᠬᠦ ᠣᠷᠣᠨ ᠤ ᠭᠠᠳᠠᠭᠠᠲᠦ ᠨᠡᠭᠡᠭᠡᠯᠲᠡ᠂ ᠠᠵᠣ ᠠᠬᠤᠢ ᠶᠢᠨ ᠬᠤᠷᠰᠢᠯᠴᠠᠭ᠎ᠠ ᠶᠢᠨ ᠠᠵᠢᠯ ᠢ ᠡᠭᠦᠷᠭᠡᠯᠡᠨ᠎ᠡ︔ ᠪᠦᠬᠦ ᠣᠷᠣᠨ ᠤ ᠨᠡᠭᠡᠭᠡᠯᠲᠡ ᠶᠢᠨ ᠣᠷᠣᠨ ᠤ ᠲᠦᠯᠦᠪᠵᠢᠭᠦᠯᠭᠡ ᠪᠠ ᠬᠦᠭᠵᠢᠯᠳᠡ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃    ︵ᠶᠢᠰᠦ︶ ᠪᠦᠬᠦ ᠣᠷᠣᠨ ᠤ ᠴᠢᠬᠤᠯᠠ ᠲᠠᠸᠠᠷ ᠤᠨ ᠶᠡᠷᠦᠩᠬᠡᠢ ᠬᠡᠮᠵᠢᠶ᠎ᠡ ᠶᠢ ᠲᠡᠩᠴᠡᠭᠦᠯᠬᠦ ᠪᠠ ᠲᠤᠬᠢᠷᠠᠭᠤᠯᠤᠨ ᠡᠵᠡᠮᠳᠡᠬᠦ ᠬᠠᠷᠢᠭᠤᠴᠠᠯᠭ᠎ᠠ ᠶᠢ ᠡᠭᠦᠷᠭᠡᠯᠡᠵᠣ᠂ ᠴᠢᠬᠤᠯᠠ ᠲᠠᠷᠢᠶᠠᠯᠠᠩ ᠤᠨ ᠪᠦᠳᠦᠭᠡᠭᠳᠡᠭᠦᠨ᠂ ᠠᠵᠣ ᠦᠢᠯᠡᠳᠪᠦᠷᠢ ᠶᠢᠨ ᠪᠦᠳᠦᠭᠡᠭᠳᠡᠭᠦᠨ ᠪᠠ ᠲᠦᠭᠦᠬᠡᠢ ᠮᠠᠲ᠋ᠧᠷᠢᠶᠠᠯ ᠤᠨ ᠭᠠᠳᠠᠭᠠᠳᠦ ᠠᠴᠠ ᠣᠷᠣᠭᠤᠯᠵᠣ ᠭᠠᠳᠠᠭᠠᠳᠦ ᠳᠤ ᠭᠠᠷᠭᠠᠬᠤ ᠶᠡᠷᠦᠩᠬᠡᠢ ᠬᠡᠮᠵᠢᠶ᠎ᠡ ᠶᠢᠨ ᠲᠦᠯᠦᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠦ ᠬᠢᠨᠠᠯᠳᠠ ᠲᠠᠯᠪᠢᠨ ᠬᠡᠷᠡᠭᠵᠢᠭᠦᠯᠵᠤ ᠂ ᠠᠵᠣ ᠠᠬᠤᠢ ᠶᠢᠨ ᠠᠵᠢᠯᠯᠠᠭᠠᠨ ᠤ ᠪᠠᠶᠢᠳᠠᠯ ᠢ ᠦᠨᠳᠥᠰᠥᠯᠡᠨ ᠭᠠᠳᠠᠭᠠᠳᠦ ᠠᠴᠠ ᠣᠷᠣᠭᠤᠯᠵᠦ ᠭᠠᠳᠠᠭᠠᠳᠦ ᠳᠤ ᠭᠠᠷᠭᠠᠬᠤ ᠶᠡᠷᠦᠩᠬᠡᠢ ᠬᠡᠮᠵᠢᠶ᠎ᠡ ᠶᠢᠨ ᠲᠦᠯᠦᠪᠯᠡᠭᠡ ᠳᠤ ᠲᠤᠬᠢᠷᠠᠭᠤᠯᠤᠯᠲᠠ ᠬᠢᠵᠦ᠂ ᠪᠠᠶᠢᠯᠳᠣᠬᠤ ᠪᠣᠳᠣᠯᠭ᠎ᠠ ᠶᠢᠨ ᠡᠳ᠋ ᠪᠠᠷᠠᠭ᠎ᠠ ᠨᠦᠭᠡᠴᠡᠯᠡᠬᠦ ᠲᠦᠯᠦᠪᠵᠢᠭᠦᠯᠭᠡ ᠶᠢ ᠲᠣᠭᠳᠠᠭᠠᠨ᠂ ᠪᠦᠬᠦ ᠣᠷᠣᠨ ᠤ ᠪᠠᠶᠢᠯᠳᠣᠬᠤ ᠪᠣᠳᠣᠯᠭ᠎ᠠ ᠶᠢᠨ ᠡᠳ᠋ ᠪᠠᠷᠠᠭ᠎ᠠ ᠬᠤᠳᠠᠯᠳᠤᠨ ᠠᠪᠴᠦ ᠨᠦᠭᠡᠴᠡᠯᠡᠬᠦ᠂ ᠬᠡᠷᠡᠭᠯᠡᠬᠦ᠂ ᠰᠣᠯᠢᠬᠤ ᠪᠠ ᠬᠠᠮᠢᠶᠠᠷᠬᠤ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃    ︵ᠠᠷᠪᠠ︶ ᠪᠦᠬᠦ ᠣᠷᠣᠨ ᠤ ᠨᠡᠶᠢᠭᠡᠮ ᠤᠨ ᠬᠦᠭᠵᠢᠯᠳᠡ ᠬᠢᠭᠡᠳ ᠣᠯᠣᠰ ᠠᠷᠠᠳ ᠤᠨ ᠠᠵᠣ ᠠᠬᠤᠢ ᠶᠢᠨ ᠬᠦᠭᠵᠢᠯᠳᠡ ᠶᠢᠨ ᠲᠦᠷᠦ ᠶᠢᠨ ᠪᠣᠳᠣᠯᠭ᠎ᠠ ᠶᠢ ᠵᠣᠯᠭᠠᠯᠳᠤᠭᠤᠯᠬᠤ ᠶᠢ ᠬᠠᠷᠢᠭᠤᠴᠠᠨ᠂ ᠨᠡᠶᠢᠭᠡᠮ ᠤᠨ ᠬᠦᠭᠵᠢᠯᠳᠡ ᠶᠢᠨ ᠪᠠᠶᠢᠯᠳᠣᠬᠤ ᠪᠣᠳᠣᠯᠭ᠎ᠠ᠂ ᠲᠦᠯᠦᠪᠵᠢᠭᠦᠯᠭᠡ ᠪᠤᠯᠤᠨ ᠣᠨ ᠤ ᠲᠦᠯᠦᠪᠯᠡᠭᠡ ᠶᠢ ᠵᠤᠬᠢᠶᠠᠨ ᠪᠠᠶᠢᠭᠤᠯᠤᠨ ᠲᠣᠭᠲᠠᠭᠠᠨ᠎ᠠ︔ ᠪᠦᠬᠦ ᠣᠷᠣᠨ ᠤ ᠨᠡᠶᠢᠭᠡᠮ ᠤᠨ ᠬᠦᠭᠵᠢᠯᠳᠡ ᠶᠢᠨ ᠲᠦᠷᠦ ᠶᠢᠨ ᠪᠣᠳᠣᠯᠭ᠎ᠠ ᠶᠢᠨ ᠠᠷᠭ᠎ᠠ ᠶᠢ ᠲᠤᠭᠳᠠᠭᠠᠬᠤ ᠳᠤ ᠣᠷᠣᠯᠴᠠᠨ᠂ ᠪᠦᠬᠦ ᠣᠷᠣᠨ ᠤ ᠠᠵᠢᠯ ᠣᠯᠭᠤᠯᠲᠠ᠂ ᠣᠷᠣᠯᠭ᠎ᠠ ᠶᠢᠨ ᠬᠤᠪᠢᠶᠠᠷᠢᠯᠠᠯᠳᠠ ᠶᠢ ᠲᠤᠬᠢᠷᠠᠭᠤᠯᠬᠤ᠂ ᠨᠡᠶᠢᠭᠡᠮ ᠤᠨ ᠪᠠᠳᠣᠯᠠᠭ᠎ᠠ ᠪᠤᠯᠤᠨ ᠠᠵᠣ ᠠᠬᠤᠢ ᠬᠦᠭᠵᠢᠯᠲᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠰᠠᠨᠠᠭᠤᠯᠭ᠎ᠠ ᠶᠢ ᠰᠤᠳᠤᠯᠤᠨ ᠳᠤᠷᠳᠴᠦ᠂ ᠨᠡᠶᠢᠭᠡᠮ ᠤᠨ ᠦᠢᠯᠡᠰ ᠤᠨ ᠬᠦᠭᠵᠢᠯᠳᠡ ᠪᠠ ᠦᠭᠡᠷᠡᠴᠢᠯᠡᠯᠳᠡ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠣᠨ᠎ᠠ᠃    ︵ᠠᠷᠪᠠᠨ ᠨᠢᠭᠡ︶ ᠪᠦᠬᠦ ᠣᠷᠣᠨ ᠤ ᠡᠨᠧᠷᠬᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠶᠡᠷᠥᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠂ ᠪᠦᠬᠦ ᠣᠷᠣᠨ ᠤ ᠬᠦᠭᠵᠢᠯᠳᠡ ᠶᠢᠨ ᠣᠷᠴᠢᠯ ᠠᠵᠣ ᠠᠬᠤᠢ᠂ ᠪᠦᠬᠦ ᠨᠡᠶᠢᠭᠡᠮ ᠤᠨ ᠡᠨᠧᠷᠬᠢ ᠡᠬᠢ ᠪᠠᠶᠠᠯᠢᠭ ᠪᠤᠯᠤᠨ ᠶᠡᠷᠥᠩᠬᠡᠶᠢᠯᠡᠨ ᠠᠰᠢᠭᠯᠠᠬᠤ ᠲᠦᠯᠦᠪᠵᠢᠭᠦᠯᠭᠡ ᠬᠢᠭᠡᠳ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠳᠠᠭᠠᠬᠤ ᠶᠢᠨ ᠬᠠᠮᠲᠦ ᠵᠣᠬᠢᠴᠠᠭᠤᠯᠣᠨ ᠬᠡᠷᠡᠭᠵᠢᠭᠦᠯᠦᠨ᠎ᠡ︔ ᠪᠦᠬᠦ ᠣᠷᠣᠨ ᠤ ᠠᠮᠢ ᠠᠬᠤᠢ ᠶᠢᠨ ᠪᠦᠲᠥᠭᠡᠨ ᠪᠠᠶᠢᠭᠤᠯᠤᠯᠳᠠ᠂ ᠣᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠨ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ᠂ ᠡᠨᠧᠷᠬᠢ ᠡᠬᠢ ᠪᠠᠶᠠᠯᠢᠭ ᠢ ᠠᠷᠪᠢᠯᠠᠬᠤ ᠪᠠ ᠶᠡᠷᠥᠩᠬᠡᠶᠢᠯᠡᠨ ᠠᠰᠢᠭᠯᠠᠬᠤ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠂ ᠪᠦᠬᠦ ᠣᠷᠣᠨ ᠤ ᠣᠷᠴᠢᠨ ᠲᠣᠭᠤᠷᠢᠨ ᠤ ᠬᠠᠮᠠᠭᠠᠯᠠᠯᠳᠠ ᠶᠢᠨ ᠠᠵᠣ ᠦᠢᠯᠡᠰ ᠪᠣᠯᠣᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠤᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠣᠨ᠎ᠠ᠃    ︵ᠠᠷᠪᠠᠨ ᠬᠤᠶᠠᠷ︶ ᠣᠯᠣᠰ ᠪᠣᠯᠣᠨ ᠦᠪᠡᠷᠳᠡᠭᠡᠨ ᠵᠠᠰᠠᠬᠤ ᠣᠷᠣᠨ ᠤ ᠴᠠᠭ ᠠᠭᠤᠷ ᠤᠨ ᠬᠤᠪᠢᠷᠠᠯᠳᠠ ᠶᠢᠨ ᠪᠠᠶᠢᠯᠳᠣᠬᠤ ᠪᠣᠳᠣᠯᠭ᠎ᠠ᠂ ᠲᠦᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠣᠷᠣᠨ ᠤ ᠴᠠᠭ ᠠᠭᠤᠷ ᠤᠨ ᠬᠤᠪᠢᠷᠠᠯᠳᠠ ᠶᠢ ᠠᠷᠭᠠᠴᠠᠬᠤ ᠲᠦᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠳᠠᠭᠠᠨ᠎ᠠ᠃    ︵ᠠᠷᠪᠠᠨ ᠭᠤᠷᠪᠠ︶ ᠪᠦᠬᠦ ᠣᠷᠣᠨ ᠤ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠳᠡ᠂ ᠠᠵᠣ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠳᠡ ᠬᠢᠭᠡᠳ ᠭᠠᠳᠠᠭᠠᠲᠦ ᠨᠡᠬᠡᠬᠡᠯᠳᠡ ᠶᠢᠨ ᠬᠤᠯᠪᠤᠭᠳᠠᠯ ᠪᠦᠬᠦᠢ ᠬᠠᠣᠯᠢ ᠲᠣᠭᠲᠠᠭᠠᠯ ᠳᠦᠷᠢᠮ ᠲᠣᠭᠳᠠᠭᠠᠯ ᠤᠨ ᠡᠬᠡ ᠨᠤᠤᠷᠠᠭ ᠪᠣᠯᠣᠨ ᠪᠣᠰᠣᠳ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ᠎ᠠ︔ ᠪᠦᠬᠦ ᠣᠷᠣᠨ ᠤ ᠲᠠᠭᠠᠭᠠᠴᠢᠯᠠᠯᠳᠠ ᠵᠠᠷᠯᠠᠵᠦ ᠲᠠᠭᠠᠭᠠᠴᠢᠯᠠᠯᠳᠠ ᠬᠦᠯᠢᠶᠡᠬᠦ ᠠᠵᠢᠯ ᠤᠨ ᠰᠠᠯᠠᠭ᠎ᠠ ᠮᠦᠴᠢᠷ ᠢ ᠲᠣᠭᠲᠠᠭᠠᠯ ᠶᠣᠰᠤᠭᠠᠷ ᠵᠢᠯᠣᠭᠤᠳᠬᠤ ᠪᠠ ᠵᠣᠬᠢᠴᠠᠭᠤᠯᠵᠦ ᠣᠯᠣᠰ ᠠᠷᠠᠳ ᠤᠨ ᠠᠵᠣ ᠠᠬᠤᠢ  ᠶᠢᠨ ᠲᠠᠶᠢᠴᠢᠯᠠᠯᠳᠠ ᠶᠢᠨ ᠲᠦᠷᠦ ᠶᠢᠨ ᠪᠣᠳᠣᠯᠭ᠎ᠠ᠂ ᠲᠦᠯᠦᠪᠵᠢᠭᠦᠯᠭᠡ ᠲᠦᠯᠦᠪᠯᠡᠭᠡ ᠶᠢ ᠲᠤᠭᠤᠰᠢᠯᠠᠭᠤᠯᠤᠨ ᠨᠠᠶᠢᠳᠠᠪᠥᠷᠢᠵᠢᠭᠤᠯᠬᠤ ᠠᠷᠭ᠎ᠠ ᠬᠡᠮᠵᠢᠶ᠎ᠡ ᠠᠷᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠦ᠂ ᠪᠦᠬᠦ ᠣᠷᠣᠨ ᠤ ᠣᠯᠣᠰ ᠠᠷᠠᠳ ᠤᠨ ᠠᠵᠣ ᠠᠬᠤᠢ ᠶᠢᠨ ᠲᠠᠶᠢᠴᠢᠯᠠᠯᠳᠠ ᠶᠢᠨ ᠬᠤᠯᠪᠤᠭᠳᠠᠯ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ    ︵ᠠᠷᠪᠠᠨ ᠲᠦᠷᠪᠡ︶ ᠴᠢᠬᠤᠯᠠ ᠶᠡᠭᠡ ᠪᠦᠳᠦᠭᠡᠨ ᠪᠠᠶᠢᠭᠤᠯᠣᠳᠠ ᠶᠢᠨ ᠲᠦᠷᠦᠯ ᠵᠦᠢᠯ ᠤᠨ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠨ᠂ ᠬᠤᠯᠪᠤᠭᠳᠠᠬᠤ ᠠᠵᠢᠯ ᠲᠦᠷᠦᠯ ᠪᠣᠯᠣᠨ ᠣᠷᠣᠨ ᠨᠣᠳᠤᠭ ᠤᠨ ᠣᠯᠣᠰ ᠪᠠ ᠦᠪᠡᠷᠳᠡᠭᠡᠨ ᠵᠠᠰᠠᠬᠤ ᠣᠷᠣᠨ ᠤ ᠪᠡᠯᠡ ᠣᠷᠣᠭᠤᠯᠣᠯᠳᠠ ᠶᠢᠨ ᠲᠦᠷᠦ ᠶᠢᠨ ᠪᠣᠳᠣᠯᠭ᠎ᠠ ᠪᠣᠯᠣᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠦᠷᠳᠡᠨ ᠪᠠᠶᠢᠴᠠᠭᠠᠨ᠎ᠠ︔ ᠲᠦᠪ ᠪᠠ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠢ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠭᠦ ᠶᠢᠨ ᠪᠡᠯᠡ ᠣᠷᠣᠭᠤᠯᠣᠯᠳᠠ ᠶᠢ ᠲᠣᠬᠢᠷᠠᠭᠤᠯᠣᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ ᠶᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃    ︵ᠠᠷᠪᠠᠨ ᠲᠠᠪᠤ︶ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠰᠢᠶᠠᠭᠰᠠᠨ ᠪᠣᠰᠣᠳ ᠵᠦᠢᠯ ᠢ ᠲᠠᠭᠠᠭᠠᠨ ᠬᠢᠨ᠎ᠡ᠃
 
ᠢᠷᠡᠯᠲᠡ᠄ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2