ᠭᠤᠣᠯ ᠡᠭᠦᠷᠭᠡ ᠬᠠᠷᠢᠭᠤᠴᠠᠯᠭ᠎ᠠ᠄ | ︵1︶᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ ᠶᠢᠨ | ᠪᠠᠶᠢᠷᠢᠯᠠᠭᠤᠯᠤᠯᠲᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠪᠦᠬᠦ ᠬᠤᠰᠢᠭᠤᠨ ᠤ ᠰᠤᠷᠭᠠᠨ | ᠬᠥᠮᠦᠵᠢᠯ ᠤᠨ ᠬᠥᠭᠵᠢᠯᠲᠡ ᠶᠢᠨ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠰᠤᠳᠤᠯᠤᠨ ᠳᠣᠭᠲᠠᠭᠠᠬᠤ ᠶᠢᠨ | ᠬᠠᠮᠲᠤ ᠵᠣᠬᠢᠴᠠᠭᠤᠯᠬᠤ᠂ ᠬᠢᠨᠠᠯᠲᠠ ᠲᠠᠯᠪᠢᠨ ᠬᠡᠷᠡᠭᠵᠢᠭᠦᠯᠬᠦ ᠪᠠ ᠪᠠᠶᠢᠴᠠᠭᠠᠨ ᠰᠢᠯᠭᠠᠬᠤ ᠶᠢ ᠬᠠᠷᠢᠭᠤᠴᠠᠨ᠎ᠠ᠃ | ︵2︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠵᠠᠷᠤᠳᠠᠯ ᠤᠨ | ᠲᠥᠯᠥᠪᠯᠡᠭᠡ᠂ ᠴᠤᠭᠯᠠᠭᠤᠯᠬᠤ᠂ ᠵᠣᠭᠤᠰ ᠥᠭᠬᠦ᠂ ᠬᠡᠷᠡᠭᠯᠡᠬᠦ ᠪᠠ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠨ᠎ᠡ᠃ | ︵3︶᠂ ᠪᠦᠬᠦ ᠬᠤᠰᠢᠭᠤᠨ ᠤ ᠬᠡᠦᠬᠡᠳ ᠤᠨ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ᠂ | ᠰᠠᠭᠤᠷᠢ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ | ᠬᠥᠮᠦᠵᠢᠯ᠂ ᠡᠩ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠶᠡᠷᠦᠩᠬᠡᠶᠢᠯᠡᠨ | ᠬᠠᠮᠢᠶᠠᠷᠴᠤ᠂ ᠡᠯ᠎ᠡ ᠰᠠᠯᠠᠭ᠎ᠠ ᠮᠥᠴᠢᠷ ᠠᠴᠠ ᠰᠤᠷᠭᠠᠭᠤᠯᠢ ᠡᠷᠬᠢᠯᠡᠬᠦ ᠪᠠ ᠨᠡᠶᠢᠭᠡᠮ ᠤᠨ ᠬᠦᠴᠦᠨ ᠢᠶᠠᠷ ᠰᠤᠷᠭᠠᠭᠤᠯᠢ | ᠡᠷᠬᠢᠯᠡᠬᠦ ᠶᠢ ᠵᠢᠯᠣᠭᠤᠳᠴᠤ᠂ ᠵᠣᠬᠢᠴᠠᠭᠤᠯᠵᠤ ᠬᠠᠮᠢᠶᠠᠷᠤᠨ᠎ᠠ᠃ | ︵4︶᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠂ ᠵᠠᠯᠠᠭᠤ ᠢᠳᠠᠷ ᠰᠣᠶᠣᠯ ᠤᠨ ᠪᠠᠯᠠᠢ ᠢ | ᠠᠷᠢᠯᠭᠠᠬᠤ ᠪᠠ ᠳᠤᠮᠳᠠᠳᠤ ᠪᠠᠭ᠎ᠠ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠠᠵᠢᠯ ᠢ | ᠬᠢᠨᠠᠨ ᠵᠢᠯᠣᠭᠤᠳᠬᠤ ᠪᠠ ᠦᠨᠡᠯᠡᠯᠲᠡ ᠬᠢᠬᠦ ᠶᠢ ᠬᠠᠷᠢᠭᠤᠴᠠᠨ᠎ᠠ᠃ | ︵5︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠪᠥᠬᠦ ᠬᠤᠰᠢᠭᠤᠨ ᠤ ᠡᠯ᠎ᠡ ᠱᠠᠲᠤᠨ ᠤ | ᠡᠯ᠎ᠡ ᠲᠦᠷᠦᠯ ᠤᠨ ᠰᠤᠷᠭᠠᠭᠤᠯᠢ ᠶᠢᠨ ᠣᠷᠣᠨ ᠲᠤᠭ᠎ᠠ ᠶᠢᠨ ᠪᠠᠷᠢᠮᠵᠢᠶ᠎ᠠ ᠶᠢ ᠰᠤᠳᠤᠯᠤᠨ ᠳᠤᠷᠠᠳᠴᠤ᠂ ᠪᠦᠬᠦ | ᠬᠤᠲᠠ ᠶᠢᠨ ᠪᠠᠭᠰᠢ ᠶᠢᠨ ᠬᠦᠴᠦᠨ ᠢ ᠬᠥᠮᠦᠵᠢᠭᠦᠯᠬᠦ ᠪᠠ ᠪᠠᠭᠰᠢ ᠶᠢᠨ ᠡᠩᠨᠡᠭᠡᠨ ᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵6︶᠂ ᠡᠯ᠎ᠡ ᠲᠥᠷᠥᠯ ᠤᠨ ᠰᠤᠷᠭᠠᠭᠤᠯᠢ ᠶᠢᠨ ᠬᠡᠪ ᠰᠤᠷᠲᠠᠯ ᠤᠨ ᠰᠤᠷᠭᠠᠨ ᠬᠥᠮᠦᠵᠢᠯ᠂ ᠪᠡᠶ᠎ᠡ ᠶᠢᠨ ᠲᠠᠮᠢᠷ | ᠡᠷᠡᠭᠦᠯ ᠬᠠᠮᠠᠭᠠᠯᠠᠯ ᠤᠷᠠᠯᠢᠭ ᠬᠥᠮᠦᠵᠢᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ | ᠠᠵᠢᠯ ᠢ ᠨᠢᠭᠡᠳᠦᠯᠲᠡᠶ ᠲᠥᠯᠥᠪᠯᠡᠵᠦ ᠵᠢᠯᠣᠭᠤᠳᠤᠨ᠎ᠠ᠃ | ︵7︶᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ | ᠬᠠᠷᠢᠭᠤᠴᠠᠵᠤ᠂ ᠰᠤᠷᠭᠠᠭᠤᠯᠢ ᠶᠢᠨ ᠬᠠᠷᠢᠶᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ | ︵8︶᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ | ᠴᠢᠭᠯᠡᠯᠲᠡ ᠶᠢ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠲᠦᠷᠦᠯ ᠤᠨ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠶᠢ ᠵᠢᠯᠣᠭᠤᠳᠤᠨ᠎ᠠ᠃ | ︵9︶᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠦᠨᠳᠦᠰᠦᠨ ᠮᠡᠳᠡᠭᠡ ᠵᠠᠩᠭᠢ ᠶᠢᠨ ᠲᠤᠭ᠎ᠠ ᠪᠦᠷᠢᠳᠬᠡᠯ | ᠂ ᠵᠠᠳᠠᠯᠤᠯᠲᠠ ᠵᠢᠴᠢ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠨ ᠠᠰᠢᠭᠯᠠᠬᠤ ᠪᠦᠲᠦᠭᠡᠨ ᠪᠠᠶᠢᠭᠤᠯᠤᠯᠲᠠ ᠶᠢᠨ | ᠠᠵᠢᠯ ᠢ ᠬᠠᠷᠢᠭᠤᠴᠠᠨ᠎ᠠ᠃ | ︵10︶᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢ ᠬᠠᠮᠢᠶᠠᠷᠴᠤ᠂ ᠰᠤᠷᠭᠠᠨ ᠬᠥᠮᠦᠵᠢᠯ ᠡᠷᠳᠡᠮ | ᠰᠢᠨᠵᠢᠯᠡᠭᠡᠨ ᠤ ᠨᠡᠶᠢᠭᠡᠮᠯᠢᠭ᠂ ᠨᠡᠶᠢᠭᠡᠮᠯᠢᠭ᠂ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ | ᠠᠵᠢᠯ ᠥᠷᠨᠢᠭᠦᠯᠬᠦ ᠶᠢ ᠵᠢᠭᠠᠨ ᠵᠢᠯᠣᠭᠤᠳᠤᠨ᠎ᠠ᠃ | ︵11︶᠂ ᠺᠠᠳ᠋ᠷ ᠢ ᠬᠠᠮᠢᠶᠠᠷᠬᠤ ᠡᠷᠬᠡ ᠶᠢᠨ ᠬᠡᠪᠴᠢᠶ᠎ᠡ ᠶᠢ ᠦᠨᠳᠦᠰᠦᠯᠡᠨ ᠬᠤᠯᠪᠣᠭᠳᠠᠯ ᠪᠦᠬᠦᠢ ᠨᠢᠭᠡᠴᠡ ᠶᠢᠨ | ᠤᠳᠤᠷᠢᠳᠬᠤ ᠺᠠᠳ᠋ᠷ ᠲᠣᠮᠢᠯᠠᠬᠤ ᠪᠠ ᠪᠠᠭᠤᠯᠭᠠᠬᠤ ᠫᠷᠤᠭ᠍ᠷᠠᠮ ᠢ ᠬᠢᠨᠠᠨ ᠰᠢᠯᠭᠠᠵᠤ᠂ ᠪᠥᠬᠦ ᠬᠤᠲᠠ ᠶᠢᠨ | ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠪᠠ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ | ᠵᠢᠯᠣᠭᠤᠳᠴᠤ᠂ ᠰᠤᠷᠭᠠᠭᠤᠯᠢ ᠶᠢᠨ ᠺᠠᠳ᠋ᠷ ᠤᠨ ᠠᠵᠢᠯ ᠢ ᠬᠠᠮᠢᠶᠠᠷᠤᠨ᠎ᠠ᠃ | ︵12︶᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠤᠯᠠᠭᠠᠨᠴᠠᠪ ᠬᠤᠲᠠ ᠶᠢᠨ ᠰᠤᠷᠭᠠᠨ | ᠬᠥᠮᠦᠵᠢᠯ ᠤᠨ ᠲᠢᠩᠬᠢᠮ ᠤᠨ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃ | | |