ᠲᠦᠷᠪᠡᠤᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ
ᠨᠡᠶᠢᠲᠡᠯᠡᠭᠰᠡᠨ ᠴᠠᠭ᠄
2019-05-27
    ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠪᠤᠯ  ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠢ ᠬᠠᠪᠰᠤᠷᠤᠨ ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠡᠳᠦᠷ ᠲᠤᠳᠤᠮ ᠤᠨ ᠠᠵᠢᠯ ᠢ ᠰᠢᠢᠳᠪᠦᠷᠢᠯᠡᠬᠦ ᠪᠠᠶᠢᠭᠤᠯᠤᠮᠵᠢ ᠪᠤᠯᠤᠨ᠎ᠠ᠃ ᠭᠤᠤᠯ ᠪᠤᠯᠬᠤ ᠡᠭᠦᠷᠭᠡ ᠴᠢᠳᠠᠪᠤᠷᠢ ᠡᠬᠦᠷᠭᠡ ᠬᠠᠷᠢᠭᠤᠴᠠᠯᠭ᠎ᠠ᠄    ︵ᠨᠢᠭᠡ︶  ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠢ ᠬᠠᠪᠰᠤᠷᠤᠨ ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ᠂ ᠵᠠᠰᠠᠭ ᠤᠨ ᠤᠷᠳᠤᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠬᠦ ᠠᠯᠪᠠᠨ ᠪᠢᠴᠢᠭ ᠢ ᠲᠤᠭᠤᠷᠪᠢᠬᠤ ᠪᠤᠶᠤ ᠬᠢᠨᠠᠬᠤ ᠠᠵᠢᠯ ᠢ ᠵᠤᠬᠢᠶᠠᠨ ᠪᠠᠶᠢᠭᠤᠯᠤᠨ᠎ᠠ︔ ︽ ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠪᠠ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠶᠠᠷᠢᠶ᠎ᠠ ᠵᠡᠷᠭᠡ ᠠᠯᠪᠠᠨ ᠪᠢᠴᠢᠭ ᠤᠨ ᠡᠬᠡ ᠨᠤᠤᠷᠠᠭ ᠲᠤᠭᠤᠷᠪᠢᠬᠤ ᠶᠢ ᠵᠤᠬᠢᠶᠠᠨ ᠪᠠᠶᠢᠭᠤᠯᠤᠨ᠎ᠠ᠃    ︵ᠬᠤᠶᠠᠷ︶ ᠡᠯ᠎ᠡ ᠰᠤᠮᠤ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠤᠷᠳᠤᠨ ᠪᠣᠯᠣᠨ  ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠵᠢᠭᠠᠪᠤᠷᠢ ᠠᠪᠬᠤ ᠬᠤᠯᠪᠤᠭᠳᠠᠯ ᠪᠦᠬᠦᠢ ᠠᠰᠠᠭᠤᠳᠠᠯ ᠢ ᠰᠤᠳᠤᠯᠵᠤ᠂ ᠬᠢᠨᠠᠭᠰᠠᠨ ᠰᠠᠨᠠᠯ ᠲᠤᠷᠠᠳᠤᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠲᠤ ᠮᠡᠳᠡᠭᠦᠯᠵᠦ ᠬᠢᠨᠠᠨ ᠵᠦᠪᠰᠢᠶᠡᠷᠡᠬᠦᠯᠦᠨ᠎ᠡ᠃    ︵ᠭᠤᠷᠪᠠ︶  ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠵᠢᠭᠠᠪᠤᠷᠢ ᠶᠢ ᠦᠨᠳᠦᠰᠦᠯᠡᠨ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠬᠤᠭᠤᠷᠤᠨᠳᠤᠬᠢ ᠴᠢᠬᠤᠯᠠ ᠠᠰᠠᠭᠤᠳᠠᠯ ᠳᠤ ᠵᠤᠬᠢᠴᠠᠭᠤᠯᠭ᠎ᠠ ᠬᠢᠵᠤ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠲᠤ ᠮᠡᠳᠡᠭᠦᠯᠵᠦ ᠰᠢᠢᠳᠪᠦᠷᠢ ᠭᠠᠷᠭᠠᠯᠭᠠᠨ᠎ᠠ᠃    ︵ᠲᠦᠷᠪᠡ︶ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠬᠤᠷᠠᠯᠳᠤᠭᠤᠯᠬᠤ ᠬᠤᠷᠠᠯ ᠢ ᠵᠤᠬᠢᠶᠠᠨ ᠪᠠᠶᠢᠭᠤᠯᠤᠨ ᠪᠡᠯᠡᠳᠭᠡᠬᠦ ᠪᠠ ᠬᠢᠨᠠᠨ ᠵᠦᠪᠰᠢᠶᠡᠷᠡᠭᠦᠯᠬᠦ ᠠᠵᠢᠯ ᠢ ᠬᠠᠷᠢᠭᠤᠴᠠᠵᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠢ ᠬᠠᠪᠰᠤᠷᠤᠨ ᠬᠤᠷᠠᠯ ᠠᠴᠠ ᠲᠣᠭᠲᠠᠭᠠᠭᠰᠠᠨ ᠵᠦᠢᠯᠡᠰ ᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃    ︵ᠲᠠᠪᠤ︶ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠪᠠ ᠶᠡᠷᠦᠩᠭᠡᠢ ᠵᠢᠵᠢᠬᠦᠷ ᠤᠨ ᠠᠵᠢᠯ ᠢ ᠬᠠᠷᠢᠭᠤᠴᠠᠵᠤ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠲᠤ ᠴᠢᠬᠤᠯᠠ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠬᠦᠯᠵᠤ᠂ ᠬᠠᠮᠢᠶ᠎ᠠ ᠪᠦᠬᠦᠢ ᠤᠴᠢᠷ ᠶᠠᠪᠤᠳᠠᠯ ᠢ ᠬᠠᠪᠰᠤᠷᠤᠨ ᠰᠢᠢᠳᠪᠦᠷᠢᠯᠡᠨ᠎ᠡ᠃    ︵ᠵᠢᠷᠭᠤᠭ᠎ᠠ︶ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠪᠢᠴᠢᠭ᠂ ᠬᠤᠷᠠᠯ ᠢᠶᠠᠷ ᠲᠣᠭᠲᠠᠭᠠᠭᠰᠠᠨ ᠵᠦᠢᠯᠡᠰ ᠬᠢᠭᠡᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠳᠠᠭᠠᠭᠠᠯᠭᠠᠭᠰᠠᠨ ᠵᠦᠢᠯ ᠤᠨ ᠬᠤᠯᠪᠤᠭᠳᠠᠯ ᠪᠦᠬᠦᠢ ᠬᠡᠷᠡᠭᠵᠢᠬᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠ ᠮᠥᠷᠳᠡᠵᠦ ᠪᠠᠶᠢᠴᠠᠭᠠᠨ ᠰᠤᠳᠤᠯᠤᠭᠰᠠᠨ ᠠᠵᠢᠯ ᠢᠶᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠲᠤ ᠴᠠᠭ ᠲᠤᠬᠠᠢ ᠳᠤᠨᠢ ᠮᠡᠳᠡᠬᠦᠯᠦᠨ᠎ᠡ︔ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠢᠰᠲ᠋ᠧᠮ ᠤᠨ ᠬᠢᠨ ᠤ ᠡᠬᠦᠷᠭᠡᠯᠡᠭᠰᠡᠨ ᠪᠦᠬᠦ ᠤᠯᠤᠰ ᠤᠨ᠂  ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠢ ᠵᠤᠬᠢᠶᠠᠨ ᠪᠠᠶᠢᠭᠤᠯᠬᠤ ᠪᠠ ᠵᠢᠯᠣᠭᠤᠳᠤᠨ᠎ᠠ᠃    ︵ᠲᠤᠯᠤᠭ᠎ᠠ︶ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠴᠤᠭᠯᠠᠭᠤᠯᠬᠤ᠂ ᠡᠮᠬᠢᠯᠡᠬᠦ᠂ ᠤᠯᠠᠮᠵᠢᠯᠠᠬᠤ ᠵᠡᠷᠭᠡ ᠠᠵᠢᠯ ᠢ ᠬᠠᠷᠢᠭᠤᠴᠠᠵᠤ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠰᠢᠢᠳᠪᠦᠷᠢᠲᠦ ᠪᠤᠳᠤᠯᠭ᠎ᠠ ᠲᠤᠭᠳᠠᠭᠠᠬᠤ ᠳᠤ ᠯᠠᠪᠯᠠᠯᠳᠠ ᠬᠠᠩᠭᠠᠨ᠎ᠠ᠃    ︵ᠨᠠᠢᠮᠠ︶  ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠡᠯ᠎ᠡ ᠲᠦᠷᠦᠯ ᠤᠨ ᠪᠢᠴᠢᠭ ᠮᠠᠲ᠋ᠧᠷᠢᠶᠠᠯ᠂ ᠬᠤᠷᠠᠯ ᠤᠨ ᠮᠠᠲ᠋ᠧᠷᠢᠶᠠᠯ ᠤᠨ ᠮᠣᠩᠭᠤᠯᠴᠢᠯᠠᠬᠤ ᠠᠵᠢᠯ ᠢ ᠬᠠᠷᠢᠭᠤᠴᠠᠨ᠎ᠠ᠃    ︵ᠶᠢᠰᠦ︶ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠢᠰᠲ᠋ᠧᠮ ᠤᠨ ᠬᠢᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠮᠢᠶᠠᠷᠴᠤ᠂ ᠰᠢᠮᠳᠠᠭᠤᠯᠬᠤ ᠪᠠ ᠪᠠᠶᠢᠴᠠᠭᠠᠨ᠎ᠠ᠃    ︵ᠠᠷᠪᠠ︶ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠢᠰᠲ᠋ᠧᠮ ᠤᠨ ᠬᠢᠨ ᠤ ᠠᠯᠪᠠᠨ ᠠᠵᠢᠯ ᠢ ᠠᠦ᠋ᠲ᠋ᠣᠴᠢᠯᠠᠬᠤ ᠪᠠᠶᠢᠭᠤᠯᠤᠯᠳᠠ ᠶᠢᠨ ᠠᠵᠢᠯ ᠢ ᠬᠠᠷᠢᠭᠤᠴᠠᠨ᠎ᠠ︔    ︵ᠠᠷᠪᠠᠨ ᠨᠢᠭᠡ︶  ᠬᠤᠰᠢᠭᠤᠨ ᠤ ᠷᠠᠳᠢᠤ᠋ ᠶᠢᠨ ᠬᠠᠮᠢᠶᠠᠷᠤᠯᠳᠠ ᠶᠢᠨ ᠵᠦᠪᠯᠡᠯ ᠤᠨ ᠠᠯᠪᠠᠨ ᠭᠡᠷ ᠢ ᠬᠠᠮᠢᠶᠠᠷᠤᠨ᠎ᠠ    ︵ᠠᠷᠪᠠᠨ ᠬᠤᠶᠠᠷ︶ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠪᠣᠯᠣᠨ  ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠭᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ ᠵᠦᠢᠯᠡᠰ ᠢ ᠭᠦᠢᠴᠡᠳᠭᠡᠨ᠎ᠡ᠃
 
ᠢᠷᠡᠯᠲᠡ᠄ ᠲᠦᠷᠪᠡᠤᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2