ᠠᠵᠤ ᠤᠶᠢᠯᠡᠤᠨᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2019-05-27
ᠭᠤᠣᠯ ᠡᠭᠦᠷᠭᠡ ᠬᠠᠷᠢᠭᠤᠴᠠᠯᠭ᠎ᠠ᠄    ︵ᠨᠢᠭᠡ︶ ᠰᠢᠨ᠎ᠡ ᠬᠡᠯᠪᠡᠷᠢ ᠶᠢᠨ ᠦᠢᠯᠡᠳᠪᠦᠷᠢᠵᠢᠭᠦᠯᠦᠯᠲᠡ ᠶᠢᠨ ᠬᠥᠭᠵᠢᠯᠲᠡ ᠶᠢᠨ ᠲᠤᠬᠠᠢ ᠬᠤᠰᠢᠭᠤᠨ ᠤ ᠪᠠᠶᠢᠯᠳᠤᠬᠤ ᠪᠣᠳᠤᠯᠭ᠎ᠠ ᠪᠠ ᠲᠥᠷᠥ ᠶᠢᠨ ᠪᠣᠳᠤᠯᠭ᠎ᠠ ᠶᠢ ᠲᠤᠤᠱᠯᠠᠭᠤᠯᠵᠤ᠂ ᠬᠤᠰᠢᠭᠤᠨ ᠤ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠤᠷᠪᠢᠨ ᠲᠣᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠤᠰᠢᠭᠤᠨ ᠤ ᠰᠢᠨ᠎ᠡ ᠬᠡᠯᠪᠡᠷᠢ ᠶᠢᠨ ᠦᠢᠯᠡᠳᠪᠦᠷᠢᠵᠢᠭᠦᠯᠦᠯᠲᠡ ᠶᠢᠨ ᠠᠬᠢᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠵᠦ᠂ ᠠᠵᠤ ᠦᠢᠯᠡᠰ ᠤᠨ ᠪᠥᠲᠦᠴᠡ ᠶᠢᠨ ᠪᠠᠶᠢᠯᠳᠤᠬᠤ ᠪᠣᠳᠤᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠬᠢᠭᠡᠳ ᠰᠢᠯᠢᠳᠡᠭᠵᠢᠭᠦᠯᠦᠨ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ︔ ᠮᠡᠳᠡᠭᠡ ᠵᠠᠩᠭᠢᠵᠢᠯᠲᠠ ᠬᠢᠭᠡᠳ ᠠᠵᠤ ᠦᠢᠯᠡᠳᠪᠦᠷᠢᠵᠢᠭᠦᠯᠦᠯᠲᠡ ᠶᠢᠨ ᠨᠡᠶᠢᠯᠡᠯ ᠢ ᠲᠦᠯᠬᠢᠨ ᠠᠬᠢᠭᠤᠯᠵᠣ᠂ ᠴᠡᠷᠢᠭ ᠤᠨ ᠬᠡᠷᠡᠭᠯᠡᠭᠡᠨ ᠤ ᠪᠠ ᠠᠷᠠᠳ ᠤᠨ ᠬᠡᠷᠡᠭᠯᠡᠭᠡᠨ ᠤ ᠬᠢ ᠶᠢ ᠤᠶᠠᠯᠳᠤᠭᠤᠯᠬᠤ᠂ ᠴᠡᠷᠢᠭ ᠤᠨ ᠬᠡᠷᠡᠭᠯᠡᠭᠡᠨ ᠤᠨ ᠬᠢ ᠳᠤ ᠠᠷᠠᠳ ᠤᠨ ᠬᠡᠷᠡᠭᠯᠡᠭᠡᠨ ᠤ ᠬᠢ ᠶᠢ ᠪᠠᠭᠲᠠᠭᠠᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠦᠢᠯᠡᠳᠪᠦᠷᠢᠯᠡᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    ︵ᠬᠤᠶᠠᠷ︶ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ᠂ ᠬᠠᠮᠢᠶ᠎ᠡ ᠪᠥᠬᠦᠢ ᠮᠡᠳᠡᠭᠡ ᠵᠠᠩᠭᠢ ᠶᠢ ᠪᠦᠷᠢᠳᠬᠡᠬᠦ ᠶᠢᠨ ᠬᠠᠮᠲᠤ ᠨᠡᠶᠢᠲᠡᠯᠡᠵᠦ᠂ ᠲᠥᠰᠦᠭᠡᠯᠡᠵᠦ ᠰᠡᠷᠡᠮᠵᠢᠯᠡᠭᠦᠯᠬᠦ᠂ ᠮᠡᠳᠡᠭᠡ ᠵᠠᠩᠭᠢ ᠨᠡᠶᠢᠲᠡᠯᠡᠬᠦ ᠪᠠ ᠮᠡᠳᠡᠭᠡ ᠵᠠᠩᠭᠢ ᠪᠠᠷ ᠬᠥᠲᠥᠯᠦᠨ ᠵᠢᠯᠤᠭᠤᠳᠬᠤ ᠶᠢ ᠶᠠᠪᠤᠭᠳᠠᠭᠤᠯᠤᠨ᠎ᠠ᠃ ᠠᠵᠢᠯ ᠲᠥᠷᠥᠯ ᠤᠨ ᠠᠵᠢᠯᠯᠠᠭᠠᠨ ᠤ ᠬᠥᠭᠵᠢᠯᠲᠡ ᠳᠠᠬᠢ ᠬᠤᠯᠪᠤᠭᠳᠠᠯ ᠪᠥᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠲᠥᠷᠥ ᠶᠢᠨ ᠪᠣᠳᠤᠯᠭ᠎ᠠ ᠶᠢᠨ ᠰᠠᠨᠠᠭᠤᠯᠭ᠎ᠠ ᠳᠣᠷᠠᠳᠣᠨ᠎ᠠ︔ ᠨᠡᠭᠦᠷᠡᠰᠦ᠂ ᠴᠠᠬᠢᠯᠭᠠᠨ ᠲᠣᠰᠤ ᠲᠡᠭᠡᠭᠡᠪᠥᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠬᠦᠷᠢᠶᠡᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠵᠤ ᠦᠢᠯᠡᠰ ᠤᠨ ᠠᠶᠤᠯ ᠦᠭᠡᠢ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠤᠯᠪᠤᠭᠳᠠᠯ ᠪᠥᠬᠦᠢ ᠠᠵᠢᠯ ᠢ ᠬᠠᠷᠢᠭᠤᠴᠠᠨ᠎ᠠ︔ ᠡᠮ ᠡᠮᠨᠡᠯᠭᠡ ᠶᠢᠨ ᠨᠥᠭᠡᠴᠡ ᠶᠢᠨ ᠠᠵᠢᠯ ᠳᠤ ᠣᠷᠣᠯᠴᠠᠵᠤ ᠬᠠᠮᠢᠶᠠᠷᠤᠨ᠎ᠠ︔ ᠬᠤᠯᠪᠤᠭᠳᠠᠯ ᠪᠥᠬᠦᠢ ᠰᠠᠯᠠᠭ᠎ᠠ ᠮᠦᠴᠢᠷ ᠲᠠᠢ ᠬᠠᠮᠲᠤᠷᠠᠨ ᠪᠠᠶᠢᠭᠠᠯᠢ ᠶᠢᠨ ᠭᠠᠮᠰᠢᠭ ᠢ ᠠᠷᠭᠠᠴᠠᠬᠤ ᠵᠡᠷᠭᠡ ᠳᠤ ᠬᠡᠷᠡᠭᠰᠡᠬᠦ ᠭᠠᠮᠰᠢᠭ ᠠᠴᠠ ᠠᠪᠤᠷᠠᠬᠤ ᠡᠳ᠋ ᠪᠠᠷᠠᠭ᠎ᠠ ᠦᠢᠯᠡᠳᠪᠦᠷᠢᠯᠡᠬᠦ᠂ ᠨᠥᠭᠡᠴᠡᠯᠡᠬᠦ ᠪᠠ ᠲᠣᠬᠢᠷᠠᠭᠤᠯᠤᠨ ᠲᠡᠭᠡᠭᠡᠪᠥᠷᠢᠯᠡᠬᠦ ᠠᠵᠢᠯ ᠢ ᠰᠠᠶᠢᠲᠤᠷ ᠬᠢᠨ᠎ᠡ︔ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠪᠣᠯᠣᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃    ︵ᠭᠤᠷᠪᠠ︶ ᠬᠤᠰᠢᠭᠤᠨ ᠤ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠬᠡᠪᠴᠢᠶ᠎ᠡ ᠪᠠ ᠴᠢᠭᠯᠡᠯ ︵ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠤᠭᠤᠯᠤᠯᠲᠠ ᠪᠠᠭᠲᠠᠨ᠎ᠠ︶᠂ ᠬᠤᠰᠢᠭᠤᠨ ᠤ ᠡᠳ᠋ ᠤᠨ ᠵᠠᠰᠠᠭ ᠤᠨ ᠴᠢᠨᠠᠷᠲᠠᠢ ᠪᠥᠲᠦᠭᠡᠨ ᠪᠠᠶᠢᠭᠤᠯᠣᠯᠲᠠ ᠶᠢᠨ ᠪᠡᠯᠡ ᠮᠥᠩᠭᠦ ᠲᠣᠬᠢᠷᠠᠭᠤᠯᠬᠤ ᠰᠠᠨᠠᠯ ᠳᠤᠷᠠᠳᠬᠤ ᠶᠢ ᠬᠠᠷᠢᠭᠤᠴᠠᠨ᠎ᠠ︔ ᠲᠣᠭᠲᠠᠭᠠᠭᠰᠠᠨ ᠡᠷᠬᠡ ᠮᠡᠳᠡᠯ ᠢ ᠦᠨᠳᠦᠰᠦᠯᠡᠨ᠂ ᠬᠤᠰᠢᠭᠤᠨ ᠤ ᠲᠥᠯᠥᠪᠵᠢᠭᠦᠯᠭᠡ ᠶᠢᠨ ᠲᠣᠲᠣᠷ᠎ᠠ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ ᠢ ᠬᠢᠨᠠᠨ ᠴᠣᠬᠤᠯᠠᠪᠦᠷᠢᠯᠠᠵᠦ᠂ ᠬᠢᠨᠠᠨ ᠵᠦᠪᠰᠢᠶᠡᠷᠡᠨ᠎ᠡ︔ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠨᠡᠬᠡᠬᠡᠯᠲᠡ ᠶᠢᠨ ᠣᠷᠣᠨ ᠪᠣᠯᠣᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ ᠵᠢᠯᠣᠭᠤᠳᠣᠨ᠎ᠠ᠃    ︵ᠳᠥᠷᠪᠡ︶ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠪᠣᠯᠣᠨ ᠠᠵᠤ ᠦᠢᠯᠡᠰ ᠤᠨ ᠬᠥᠭᠵᠢᠯᠲᠡ ᠶᠢᠨ ᠣᠳᠣᠷᠢᠳᠣᠮᠵᠢ ᠪᠠ ᠲᠥᠷᠥ ᠶᠢᠨ ᠪᠣᠳᠤᠯᠭ᠎ᠠ ᠶᠢ ᠦᠨᠳᠦᠰᠦᠯᠡᠨ᠂ ᠠᠵᠤ ᠦᠢᠯᠡᠰ ᠤᠨ ᠪᠥᠲᠦᠴᠡ ᠶᠢ ᠲᠣᠬᠢᠷᠠᠭᠤᠯᠬᠤ ᠰᠠᠨᠠᠯ ᠳᠣᠷᠠᠳᠣᠨ᠎ᠠ︔ ᠠᠵᠤ ᠦᠢᠯᠡᠳᠪᠦᠷᠢ ᠶᠢᠨ ᠬᠦᠷᠢᠶᠡᠨ ᠤ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠵᠤ᠂ ᠠᠵᠤ ᠦᠢᠯᠡᠳᠪᠦᠷᠢ ᠶᠢᠨ ᠠᠵᠢᠯ ᠲᠥᠷᠥᠯ ᠤᠨ ᠲᠥᠯᠥᠪᠵᠢᠭᠦᠯᠭᠡ ᠶᠢ ᠲᠣᠭᠤᠷᠪᠢᠨ ᠲᠣᠭᠲᠠᠭᠠᠵᠦ᠂ ᠭᠤᠣᠯᠳᠠᠯᠭ᠎ᠠ ᠲᠠᠢ ᠠᠵᠢᠯ ᠲᠥᠷᠥᠯ ᠳᠤ ᠵᠦᠪᠰᠢᠶᠡᠷᠡᠨ ᠣᠷᠤᠭᠤᠯᠬᠤ ᠳᠦᠷᠢᠮ ᠲᠣᠭᠲᠠᠭᠠᠨ᠂ ᠠᠵᠤ ᠦᠢᠯᠡᠳᠪᠦᠷᠢ ᠶᠢᠨ ᠪᠠᠶᠢᠷᠢᠰᠢᠭᠤᠯᠤᠯ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃    ︵ᠲᠠᠪᠤ︶ ᠬᠤᠰᠢᠭᠤᠨ ᠤ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠦᠭᠵᠢᠭᠦᠯᠬᠦ ᠶᠢ ᠵᠣᠬᠢᠶᠠᠨ ᠪᠠᠶᠢᠭᠤᠯᠣᠨ ᠵᠣᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠴᠢᠬᠤᠯᠠ ᠶᠡᠭᠡ ᠮᠡᠷᠭᠡᠵᠢᠯ ᠲᠣᠨᠣᠭᠯᠠᠯ ᠤᠨ ᠬᠥᠭᠵᠢᠯᠲᠡ ᠪᠣᠯᠣᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ ᠲᠣᠭᠤᠷᠪᠢᠨ ᠲᠣᠭᠲᠠᠭᠠᠬᠤ ᠶᠢ ᠵᠣᠬᠢᠶᠠᠨ ᠪᠠᠶᠢᠭᠤᠯᠤᠨ᠎ᠠ︔ ᠬᠤᠰᠢᠭᠤᠨ ᠤ ᠭᠤᠣᠯᠳᠠᠯᠭ᠎ᠠ ᠲᠠᠢ ᠪᠠᠷᠢᠯᠭ᠎ᠠ ᠶᠢᠨ ᠪᠥᠲᠦᠭᠡᠨ ᠪᠠᠶᠢᠭᠤᠯᠤᠯᠲᠠ ᠳᠤ ᠲᠦᠰᠢᠭᠯᠡᠨ ᠬᠤᠯᠪᠤᠭᠳᠠᠯ ᠪᠥᠬᠦᠢ ᠴᠢᠬᠤᠯᠠ ᠶᠡᠭᠡ ᠲᠤᠰᠬᠠᠢ ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠣᠨ᠂ ᠴᠢᠬᠤᠯᠠ ᠶᠡᠭᠡ ᠮᠡᠷᠭᠡᠵᠢᠯ ᠲᠣᠨᠤᠭ ᠲᠥᠬᠦᠭᠡᠷᠦᠮᠵᠢ ᠣᠷᠤᠭᠤᠯᠵᠦ ᠢᠷᠡᠬᠦ᠂ ᠰᠢᠩᠭᠡᠭᠡᠨ ᠡᠵᠡᠮᠰᠢᠵᠦ ᠰᠢᠨ᠎ᠡ ᠶᠢ ᠡᠭᠦᠳᠬᠦ ᠪᠠ ᠣᠯᠣᠰ ᠲᠠᠭᠠᠨ ᠦᠢᠯᠡᠳᠪᠦᠷᠢᠯᠡᠬᠦ ᠶᠢ ᠲᠦᠯᠬᠢᠨ ᠠᠬᠢᠭᠤᠯᠣᠨ᠎ᠠ᠃    ︵ᠵᠢᠷᠭᠤᠭ᠎ᠠ︶ ᠠᠵᠢᠯ ᠲᠥᠷᠥᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠳᠠᠪᠰᠢᠯᠲᠠ ᠶᠢ ᠬᠠᠷᠢᠭᠤᠴᠠᠨ᠂ ᠮᠡᠷᠭᠡᠵᠢᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠦ᠂ ᠲᠡᠷᠢᠭᠦᠨ ᠤ ᠮᠡᠷᠭᠡᠵᠢᠯ ᠤᠨ ᠥᠭᠡᠷᠡᠴᠢᠯᠡᠯᠲᠡ ᠪᠠᠷ ᠤᠯᠠᠮᠵᠢᠯᠠᠯᠲᠤ ᠠᠵᠤ ᠦᠢᠯᠡᠰ ᠢ ᠳᠡᠭᠡᠭᠰᠢᠯᠡᠭᠦᠯᠦᠨ᠎ᠡ︔ ᠬᠤᠰᠢᠭᠤᠨ ᠤ ᠬᠤᠯᠪᠤᠭᠳᠠᠯ ᠪᠦᠬᠦᠢ ᠠᠵᠤ ᠦᠢᠯᠡᠳᠪᠦᠷᠢ ᠮᠡᠳᠡᠭᠡ ᠵᠠᠩᠭᠢᠵᠢᠯᠲᠡ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠢ ᠵᠣᠬᠢᠴᠠᠭᠤᠯᠵᠣ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠬᠠᠮᠢᠶ᠎ᠡ ᠪᠥᠬᠦᠢ ᠰᠢᠨᠵᠢᠯᠡᠬᠦ ᠤᠬᠠᠭᠠᠨ ᠤ ᠦᠷ᠎ᠡ ᠪᠥᠲᠦᠭᠡᠯ ᠢ ᠠᠵᠤ ᠦᠢᠯᠡᠰᠵᠢᠭᠦᠯᠬᠦ ᠶᠢ ᠲᠦᠯᠬᠢᠨ ᠠᠬᠢᠭᠤᠯᠤᠨ᠎ᠠ︔ ᠣᠷᠣᠨ ᠨᠤᠲᠤᠭ ᠤᠨ ᠮᠡᠳᠡᠭᠡ ᠵᠠᠩᠭᠢ ᠶᠢᠨ ᠮᠡᠷᠭᠡᠵᠢᠯ ᠤᠨ ᠪᠠᠷᠢᠮᠵᠢᠶ᠎ᠠ ᠶᠢ ᠵᠣᠬᠢᠴᠠᠭᠤᠯᠵᠣ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠬᠤᠯᠪᠤᠭᠳᠠᠯ ᠪᠥᠬᠦᠢ ᠰᠠᠯᠠᠭ᠎ᠠ ᠮᠦᠴᠢᠷ ᠲᠠᠢ ᠬᠠᠮᠲᠤᠷᠠᠨ ᠬᠤᠰᠢᠭᠤᠨ ᠤ ᠮᠡᠳᠡᠭᠡ ᠵᠠᠩᠭᠢᠵᠢᠯᠲᠡ ᠶᠢᠨ ᠠᠵᠢᠯ ᠳᠠᠬᠢ ᠮᠡᠷᠭᠡᠵᠢᠯ ᠤᠨ ᠪᠠᠷᠢᠮᠵᠢᠶ᠎ᠠ ᠶᠢ ᠰᠣᠳᠤᠯᠤᠨ ᠳᠣᠷᠠᠳᠣᠨ᠎ᠠ︔ ᠵᠥᠭᠡᠯᠡᠨ ᠬᠡᠷᠡᠭᠰᠡᠯ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠪᠣᠯᠣᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠮᠡᠳᠡᠭᠡ ᠵᠠᠩᠭᠢᠵᠢᠯᠲᠠ ᠬᠢᠭᠡᠳ ᠠᠵᠤ ᠦᠢᠯᠡᠰᠴᠢᠯᠡᠯᠲᠡ ᠶᠢᠨ ᠨᠡᠶᠢᠯᠡᠯ ᠢ ᠲᠦᠯᠬᠢᠨ ᠠᠬᠢᠭᠤᠯᠤᠨ᠎ᠠ᠃    ︵ᠳᠤᠯᠤᠭ᠎ᠠ︶ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠵᠤ᠂ ᠠᠷᠢᠭᠤᠨ ᠴᠡᠪᠡᠷ ᠦᠢᠯᠡᠳᠪᠦᠷᠢᠯᠡᠬᠦ ᠶᠢ ᠠᠬᠢᠭᠤᠯᠬᠤ ᠲᠥᠷᠥ ᠶᠢᠨ ᠪᠣᠳᠤᠯᠭ᠎ᠠ ᠬᠢᠭᠡᠳ ᠲᠥᠯᠥᠪᠵᠢᠭᠦᠯᠭᠡ ᠶᠢ ᠲᠣᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠵᠤ ᠦᠢᠯᠡᠳᠪᠦᠷᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠳᠪᠦᠷᠢ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠪᠣᠯᠣᠨ ᠠᠵᠤ ᠦᠢᠯᠡᠳᠪᠦᠷᠢ ᠶᠢᠨ ᠣᠰᠣᠨ ᠤ ᠡᠬᠢ ᠪᠠᠶᠠᠯᠢᠭ ᠢ ᠨᠡᠬᠡᠬᠡᠨ ᠠᠰᠢᠭᠯᠠᠬᠤ ᠶᠢ ᠵᠣᠬᠢᠶᠠᠨ ᠪᠠᠶᠢᠭᠤᠯᠵᠣ ᠵᠣᠬᠢᠴᠠᠭᠤᠯᠣᠨ᠎ᠠ︔ ᠬᠠᠮᠢᠶ᠎ᠡ ᠪᠥᠬᠦᠢ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠵᠣ ᠵᠣᠬᠢᠴᠠᠭᠤᠯᠣᠨ᠎ᠠ᠃     ︵ᠨᠠᠢᠮᠠ︶ ᠬᠤᠰᠢᠭᠤᠨ ᠤ ᠬᠤᠯᠪᠤᠭᠳᠠᠯ ᠪᠥᠬᠦᠢ ᠣᠯᠣᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠴᠢᠭᠯᠯᠡᠲᠡ᠂ ᠲᠥᠷᠥ ᠶᠢᠨ ᠪᠣᠳᠤᠯᠭ᠎ᠠ ᠪᠣᠯᠣᠨ ᠬᠠᠦᠯᠢ ᠴᠠᠭᠠᠵᠠ᠂ ᠬᠠᠦᠯᠢ ᠲᠣᠭᠲᠠᠭᠠᠯ ᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠬᠠᠮᠢᠶ᠎ᠡ ᠪᠥᠬᠦᠢ ᠲᠥᠬᠦᠷ ᠲᠥᠷᠥ ᠶᠢᠨ ᠪᠣᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ︔ ᠬᠤᠰᠢᠭᠤᠨ ᠤ ᠴᠡᠷᠢᠭ ᠤᠨ ᠬᠡᠷᠡᠭᠯᠡᠭᠡᠨ ᠤ ᠪᠠ ᠠᠷᠠᠳ ᠤᠨ ᠬᠡᠷᠡᠭᠯᠡᠭᠡᠨ ᠤ ᠬᠢ ᠶᠢ ᠤᠶᠠᠯᠳᠤᠭᠤᠯᠤᠭᠰᠠᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠴᠡᠷᠢᠭ ᠤᠨ ᠠᠵᠤ ᠦᠢᠯᠡᠳᠪᠦᠷᠢ ᠠᠷᠠᠳ ᠤᠨ ᠬᠡᠷᠡᠭᠯᠡᠭᠡᠨ ᠤ ᠬᠡᠷᠡᠭᠰᠡᠯ ᠦᠢᠯᠡᠳᠪᠥᠷᠢᠯᠡᠬᠦ ᠠᠵᠤ ᠦᠢᠯᠡᠰ ᠲᠡᠰᠢ ᠬᠥᠭᠵᠢᠬᠦ ᠪᠠ ᠴᠡᠷᠢᠭ ᠤᠨ ᠬᠡᠷᠡᠭᠯᠡᠭᠡᠨ ᠤ ᠬᠢᠭᠡᠳ ᠠᠷᠠᠳ ᠤᠨ ᠬᠡᠷᠡᠭᠯᠡᠭᠡᠨ ᠤ ᠬᠤᠶᠠᠷ ᠬᠡᠷᠡᠭᠴᠡᠭᠡᠲᠦ ᠮᠡᠷᠭᠡᠵᠢᠯ ᠤᠨ ᠬᠤᠣᠰ ᠴᠢᠭᠯᠡᠯ ᠢᠶᠠᠷ ᠰᠢᠯᠵᠢᠬᠦ ᠶᠢ ᠵᠢᠯᠤᠭᠤᠳᠴᠤ᠂ ᠴᠡᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠰᠣᠳᠤᠯᠤᠯ ᠤᠨ ᠦᠢᠯᠡᠳᠪᠦᠷᠢᠯᠡᠯ ᠤᠨ ᠬᠠᠮᠢᠶᠠᠷᠤᠯᠲᠠ ᠶᠢ ᠬᠠᠷᠢᠭᠤᠴᠠᠨ᠎ᠠ︔ ᠬᠤᠰᠢᠭᠤᠨ ᠤ ᠴᠡᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠶᠤᠯ ᠦᠭᠡᠢ᠂ ᠨᠢᠭᠤᠴᠠ ᠶᠢ ᠬᠠᠮᠠᠭᠠᠯᠠᠬᠤ᠂ ᠠᠮᠤᠷ ᠢ ᠬᠠᠮᠠᠭᠠᠯᠠᠬᠤ ᠠᠵᠢᠯ ᠳᠤ ᠬᠢᠨᠠᠯᠲᠠ ᠲᠠᠯᠪᠢᠵᠦ ᠪᠠᠶᠢᠴᠠᠭᠠᠬᠤ ᠶᠢ ᠬᠠᠷᠢᠭᠤᠴᠠᠨ᠎ᠠ︔ ᠴᠡᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ ᠢ ᠠᠩᠬ᠎ᠠ ᠬᠢᠨᠠᠬᠤ᠂ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠣᠨ᠎ᠠ︔ ᠪᠥᠬᠦ ᠣᠷᠣᠨ ᠤ ᠠᠷᠠᠳ ᠤᠨ ᠬᠡᠷᠡᠭᠯᠡᠭᠡᠨ ᠤ ᠳᠡᠯᠪᠡᠷᠡᠬᠦ ᠪᠤᠳᠠᠰ ᠦᠢᠯᠡᠳᠪᠦᠷᠢᠯᠡᠬᠦ ᠬᠠᠮᠢᠶᠠᠷᠤᠯᠲᠠ ᠶᠢ ᠬᠠᠷᠢᠭᠤᠴᠠᠵᠤ᠂  ᠬᠤᠰᠢᠭᠤᠨ ᠤ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠠᠶᠤᠯ ᠦᠭᠡᠢ ᠦᠢᠯᠡᠳᠪᠦᠷᠢᠯᠡᠬᠦ ᠬᠠᠷᠢᠭᠤᠴᠠᠯᠭ᠎ᠠ ᠶᠢ ᠡᠭᠦᠷᠭᠡᠯᠡᠨ᠎ᠡ᠃    ︵ᠶᠢᠰᠦ︶ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠶᠢ ᠦᠨᠳᠦᠰᠦᠯᠡᠨ᠂ ᠠᠵᠤ ᠦᠢᠯᠡᠳᠪᠦᠷᠢ ᠶᠢᠨ ᠠᠵᠤ ᠠᠬᠤᠢ ᠪᠣᠯᠣᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠣᠨ ᠤ ᠲᠥᠯᠥᠪᠯᠡᠭᠡ ᠶᠢ ᠲᠣᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠵᠤ ᠦᠢᠯᠡᠳᠪᠦᠷᠢ ᠶᠢᠨ ᠠᠵᠤ ᠠᠬᠤᠢ ︵ᠡᠨᠧᠷᠭᠢ ᠶᠢᠨ ᠠᠵᠤ ᠦᠢᠯᠡᠳᠪᠦᠷᠢ ᠠᠴᠠ ᠪᠣᠰᠤᠳ︶ ᠶᠢᠨ ᠪᠠᠶᠢᠷᠢᠰᠢᠭᠤᠯᠤᠯ ᠪᠣᠯᠣᠨ ᠪᠥᠲᠦᠴᠡ ᠶᠢᠨ ᠲᠣᠬᠢᠷᠠᠭᠤᠯᠤᠯᠲᠠ ᠶᠢᠨ ᠲᠥᠷᠥ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠶᠢ ᠰᠣᠳᠤᠯᠤᠨ᠎ᠠ︔ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠨ᠂ ᠬᠤᠰᠢᠭᠤᠨ ᠤ ᠠᠵᠤ ᠦᠢᠯᠡᠰ ᠤᠨ ᠲᠥᠷᠥ ᠶᠢᠨ ᠪᠣᠳᠤᠯᠭ᠎ᠠ ᠪᠣᠯᠣᠨ ᠪᠠᠷᠢᠮᠵᠢᠶ᠎ᠡ ᠶᠢ ᠲᠣᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠠᠵᠤ ᠦᠢᠯᠡᠳᠪᠦᠷᠢ ᠬᠢᠭᠡᠳ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢ ᠬᠥᠲᠦᠯᠦᠨ ᠵᠢᠯᠤᠭᠤᠳᠬᠤ ᠪᠠ ᠲᠡᠳᠭᠦᠨ᠎ᠡ᠃     ︵ᠠᠷᠪᠠ︶ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ᠂ ᠠᠵᠤ ᠠᠬᠤᠶᠢᠯᠠᠯ ᠤᠨ ᠮᠡᠳᠡᠭᠡ ᠵᠠᠩᠭᠢᠵᠢᠯᠲᠠ᠂ ᠡᠯᠧᠺᠲᠷᠤᠨ‌ᠵᠠᠰᠠᠭ ᠤᠨ ᠶᠠᠪᠤᠳᠠᠯ ᠤᠨ ᠬᠥᠭᠵᠢᠯᠲᠡ ᠪᠣᠯᠣᠨ ᠡᠯᠧᠺᠲᠷᠤᠨ ᠬᠤᠳᠠᠯᠳᠣᠭᠠᠨ ᠤ ᠶᠠᠪᠤᠳᠠᠯ ᠤᠨ ᠳᠡᠯᠭᠡᠷᠡᠭᠦᠯᠦᠯᠲᠡ ᠵᠢᠴᠢ ᠨᠡᠶᠢᠭᠡᠮ ᠪᠣᠯᠣᠨ ᠠᠵᠤ ᠠᠬᠤᠢ ᠶᠢᠨ ᠡᠯ᠎ᠡ ᠬᠦᠷᠢᠶᠡᠨ ᠤ ᠮᠡᠳᠡᠭᠡ ᠵᠠᠩᠭᠢᠵᠢᠯᠲᠡ ᠶᠢᠨ ᠬᠡᠷᠡᠭᠯᠡᠯᠲᠡ ᠶᠢ ᠲᠦᠯᠬᠢᠨ ᠠᠬᠢᠭᠤᠯᠬᠤ ᠠᠵᠢᠯ ᠢ ᠵᠢᠯᠤᠭᠤᠳᠤᠨ ᠵᠣᠬᠢᠴᠠᠭᠤᠯᠣᠨ᠎ᠠ︔ ᠨᠡᠶᠢᠭᠡᠮ ᠤᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠵᠣᠬᠢᠴᠠᠭᠤᠯᠣᠨ ᠬᠠᠷᠢᠭᠤᠴᠠᠵᠤ᠂ ᠰᠠᠯᠠᠭ᠎ᠠ ᠮᠦᠴᠢᠷ ᠠᠯᠤᠰᠯᠠᠨ᠂ ᠠᠵᠢᠯ ᠲᠥᠷᠥᠯ ᠠᠯᠤᠰᠯᠠᠵᠤ᠂ ᠬᠦᠷᠢᠶ᠎ᠡ ᠬᠡᠪᠴᠢᠶ᠎ᠡ ᠠᠯᠤᠰᠯᠠᠬᠰᠠᠨ ᠮᠡᠳᠡᠭᠡ ᠵᠠᠩᠭᠢᠵᠢᠯᠲᠠ ᠶᠢᠨ ᠬᠡᠷᠡᠭᠯᠡᠯᠲᠡ ᠶᠢ ᠵᠣᠬᠢᠶᠠᠨ ᠪᠠᠶᠢᠭᠤᠯᠵᠣ ᠵᠣᠬᠢᠴᠠᠭᠤᠯᠣᠨ᠎ᠠ᠃    ︵ᠠᠷᠪᠠᠨ ᠨᠢᠭᠡ︶ ᠬᠠᠮᠢᠶ᠎ᠡ ᠪᠥᠬᠦᠢ ᠰᠠᠯᠠᠭ᠎ᠠ ᠮᠦᠴᠢᠷ ᠢ ᠵᠣᠬᠢᠴᠠᠭᠤᠯᠣᠨ ᠴᠢᠮᠡᠭᠡ ᠬᠤᠯᠪᠤᠭᠠᠨ ᠤ ᠬᠤᠭᠤᠯᠠᠢ ᠱᠤᠭᠤᠮ᠂ ᠣᠯᠠᠨ ᠨᠡᠶᠢᠲᠡ ᠶᠢᠨ ᠴᠢᠮᠡᠭᠡ ᠬᠤᠯᠪᠤᠭᠠᠨ ᠤ ᠰᠦᠯᠵᠢᠶ᠎ᠡ᠂ ᠲᠤᠰᠬᠠᠢ ᠬᠡᠷᠡᠭᠯᠡᠬᠦ ᠮᠡᠳᠡᠭᠡ ᠵᠠᠩᠭᠢ ᠶᠢᠨ ᠰᠦᠯᠵᠢᠶᠡᠨ ᠤ ᠲᠥᠯᠥᠪᠵᠢᠭᠦᠯᠭᠡ ᠶᠢ ᠲᠣᠭᠲᠠᠭᠠᠨ᠎ᠠ︔ ᠴᠠᠬᠢᠯᠭᠠᠨ ᠬᠤᠯᠪᠤᠭᠠᠨ ᠤ ᠵᠠᠬ᠎ᠠ ᠳᠡᠯᠭᠡᠭᠦᠷ ᠤᠨ ᠨᠡᠶᠢᠭᠡᠮ ᠤᠨ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠤᠭᠳᠠᠭᠰᠠᠨ ᠴᠢᠬᠤᠯᠠ ᠶᠡᠭᠡ ᠤᠴᠢᠷ ᠢ ᠵᠣᠬᠢᠴᠠᠭᠤᠯᠣᠨ᠎ᠠ︔ ᠠᠵᠢᠯ ᠲᠥᠷᠥᠯ ᠠᠯᠤᠰᠯᠠᠵᠤ᠂ ᠰᠠᠯᠠᠭ᠎ᠠ ᠮᠦᠴᠢᠷ ᠠᠯᠤᠰᠯᠠᠨ ᠨᠡᠶᠢᠭᠡᠮ ᠳᠤ ᠬᠠᠨᠳᠤᠭᠤᠯᠤᠭᠰᠠᠨ ᠦᠢᠯᠡᠴᠢᠯᠡᠭᠡᠨ ᠤ ᠰᠦᠯᠵᠢᠶ᠎ᠡ ᠶᠢᠨ ᠬᠤᠯᠪᠤᠯᠳᠤᠨ ᠨᠡᠪᠲᠡᠷᠡᠯᠴᠡᠬᠦ ᠶᠢ ᠬᠠᠷᠢᠭᠤᠴᠠᠵᠤ᠂ ᠪᠥᠬᠦ ᠣᠷᠣᠨ ᠤ ᠵᠥᠭᠡᠯᠡᠨ ᠬᠡᠷᠡᠭᠰᠡᠯ ᠤᠨ ᠦᠢᠯᠡᠰ ᠤᠨ ᠬᠥᠭᠵᠢᠯᠲᠡ ᠶᠢ ᠵᠢᠯᠣᠭᠤᠳᠣᠨ᠎ᠠ︔ ᠡᠯᠧᠺᠲᠷᠤᠨ ᠮᠡᠳᠡᠭᠡ ᠵᠠᠩᠭᠢ ᠶᠢᠨ ᠦᠢᠯᠡᠳᠬᠦᠨ ᠦᠢᠯᠡᠳᠬᠦ ᠦᠢᠯᠡᠰ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃    ︵ᠠᠷᠪᠠᠨ ᠬᠤᠶᠠᠷ︶ ᠬᠤᠰᠢᠭᠤᠨ ᠤ ᠮᠡᠳᠡᠭᠡ ᠵᠠᠩᠭᠢ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠮᠡᠳᠡᠭᠡ ᠵᠠᠩᠭᠢ ᠶᠢᠨ ᠠᠶᠤᠯ ᠦᠭᠡᠢ ᠶᠢ ᠪᠠᠲᠤᠯᠠᠬᠤ ᠰᠢᠰᠲ᠋ᠧᠮᠵᠢ ᠪᠠᠶᠢᠭᠤᠯᠬᠤ ᠶᠢ ᠵᠣᠬᠢᠶᠠᠨ ᠪᠠᠶᠢᠭᠤᠯᠵᠣ ᠵᠣᠬᠢᠴᠠᠭᠤᠯᠣᠨ᠎ᠠ︔ ᠮᠡᠳᠡᠭᠡ ᠵᠠᠩᠭᠢ ᠶᠢᠨ ᠠᠶᠤᠯ ᠦᠭᠡᠢ ᠶᠢᠨ ᠰᠡᠷᠭᠡᠶᠢᠯᠡᠯᠲᠡ ᠶᠢᠨ ᠠᠵᠢᠯ ᠢ ᠵᠢᠯᠤᠭᠤᠳᠤᠨ ᠵᠣᠬᠢᠴᠠᠭᠤᠯᠬᠤ ᠶᠢ ᠬᠠᠷᠢᠭᠤᠴᠠᠵᠤ᠂ ᠰᠦᠯᠵᠢᠶ᠎ᠡ ᠪᠣᠯᠣᠨ ᠮᠡᠳᠡᠭᠡ ᠵᠠᠩᠭᠢ ᠶᠢᠨ ᠠᠶᠤᠯ ᠦᠭᠡᠢ ᠶᠢᠨ ᠴᠢᠬᠤᠯᠠ ᠶᠡᠭᠡ ᠬᠡᠷᠡᠭ ᠢ ᠵᠣᠬᠢᠴᠠᠭᠤᠯᠣᠨ ᠰᠢᠢᠳᠪᠦᠷᠢᠯᠡᠨ᠎ᠡ︔ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠮᠡᠳᠡᠭᠡ ᠵᠠᠩᠭᠢ ᠶᠢᠨ ᠰᠦᠯᠵᠢᠶᠡᠨ ᠤ ᠠᠶᠤᠯ ᠦᠭᠡᠢ ᠶᠢᠨ ᠮᠡᠷᠭᠡᠵᠢᠯ᠂ ᠲᠥᠬᠦᠭᠡᠷᠦᠮᠵᠢ ᠪᠣᠯᠣᠨ ᠦᠢᠯᠡᠳᠬᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃     ︵ᠠᠷᠪᠠᠨ ᠭᠤᠷᠪᠡ︶ ᠨᠡᠭᠦᠷᠡᠰᠦᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠪᠣᠯᠣᠨ ᠠᠵᠤ ᠦᠢᠯᠡᠰ ᠤᠨ ᠪᠥᠲᠦᠴᠡ ᠶᠢ ᠲᠣᠬᠢᠷᠠᠭᠤᠯᠬᠤ ᠰᠠᠨᠠᠯ ᠢ ᠰᠣᠳᠤᠯᠤᠨ ᠲᠣᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠨᠡᠭᠦᠷᠡᠰᠦᠨ ᠤ ᠦᠢᠯᠡᠳᠪᠦᠷᠢᠯᠡᠯ᠂ ᠡᠵᠡᠩᠨᠡᠯᠲᠡ ᠶᠢᠨ ᠵᠦᠪᠰᠢᠶᠡᠷᠡᠯ ᠪᠣᠯᠣᠨ ᠦᠢᠯᠡᠳᠪᠦᠷᠢᠯᠡᠯ ᠤᠨ ᠠᠶᠤᠯ ᠦᠭᠡᠢ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠪᠥᠬᠦ ᠣᠷᠣᠨ ᠤ ᠨᠡᠭᠦᠷᠡᠰᠦᠨ ᠠᠭᠤᠷᠬᠠᠢ ᠶᠢᠨ ᠭᠠᠯ ᠨᠣᠴᠣᠭᠰᠠᠨ ᠣᠷᠣᠨ ᠢ ᠶᠡᠷᠦᠩᠬᠡᠶᠢᠯᠡᠨ ᠵᠠᠰᠠᠬᠤ ᠪᠠ ᠭᠠᠰ ᠢ ᠶᠡᠷᠦᠩᠬᠡᠶᠢᠯᠡᠨ ᠠᠰᠢᠭᠯᠠᠬᠤ ᠶᠢ ᠨᠢᠬᠡᠳᠦᠯᠲᠡᠢ ᠲᠥᠯᠥᠪᠯᠡᠵᠦ᠂ ᠨᠡᠭᠦᠷᠡᠰᠦᠨ ᠤ ᠠᠵᠢᠯ ᠲᠥᠷᠥᠯ ᠤᠨ ᠠᠵᠤ ᠠᠬᠤᠢ ᠶᠢᠨ ᠠᠵᠢᠯᠯᠠᠭᠠᠨ ᠢ ᠬᠤᠷᠸ᠎ᠠ ᠲᠠᠯ᠎ᠠ ᠠᠴᠠ ᠵᠢᠯᠤᠭᠤᠳᠬᠤ ᠠᠵᠢᠯ ᠢ ᠡᠭᠦᠷᠭᠡᠯᠡᠨ᠎ᠡ᠃    ︵ᠠᠷᠪᠠᠨ ᠳᠥᠷᠪᠡ︶  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠨ ᠭᠦᠢᠴᠡᠳᠭᠡᠯᠭᠡᠬᠦ ᠪᠣᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃  
 
ᠢᠷᠡᠯᠲᠡ᠄ ᠠᠵᠤ ᠤᠶᠢᠯᠡᠤᠨᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2