ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠲᠦᠷᠪᠡᠤᠨ ᠬᠤᠰᠢᠭᠤᠨ ᠤ ᠤᠢ ᠰᠢᠭᠤᠢ ᠵᠢᠴᠢ ᠠᠮᠢ ᠠᠬᠤᠢ ᠶᠢᠨ ᠪᠥᠲᠦᠭᠡᠨ ᠪᠠᠶᠢᠭᠤᠯᠦᠯᠲᠠ ᠶᠢᠨ | ᠲᠥᠷᠦ ᠶᠢᠨ ᠪᠤᠳᠦᠯᠭ᠎ᠠ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠳᠤᠮᠳᠠ ᠤᠷᠲᠤ ᠬᠤᠭᠤᠴᠠᠭᠠᠨ ᠤ | ᠲᠥᠯᠥᠪᠵᠢᠭᠦᠯᠭᠡ ᠶᠢ ᠲᠣᠭᠤᠷᠪᠢᠨ ᠲᠣᠭᠲᠠᠭᠠᠨ᠎ᠠ︔ ᠣᠷᠣᠨ ᠨᠤᠲᠤᠭ ᠤᠨ ᠴᠢᠨᠠᠷᠲᠠᠢ ᠬᠠᠮᠢᠶ᠎ᠠ ᠪᠦᠬᠦᠢ ᠬᠠᠤᠯᠢ | ᠲᠤᠭᠲᠠᠭᠠᠯ ᠲᠥᠷᠢᠮ ᠲᠣᠭᠲᠠᠭᠠᠯ ᠤᠨ ᠲᠥᠰᠦᠯ ᠢ ᠲᠣᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ | ᠬᠡᠷᠡᠭᠵᠢᠭᠦᠯᠦᠨ᠎ᠡ︔ ᠲᠦᠷᠪᠡᠤᠨ ᠬᠤᠰᠢᠭᠤᠨ ᠤ ᠤᠢ ᠰᠢᠭᠤᠢ ᠶᠢᠨ ᠡᠬᠢ ᠪᠠᠶᠠᠯᠢᠭ᠂ ᠡᠬᠢ ᠬᠭᠤᠷᠠᠢ ᠶᠢᠨ | ᠬᠡᠬᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ᠂ ᠨᠦᠢᠲᠠᠨ ᠭᠠᠵᠠᠷ ᠪᠣᠯᠣᠨ ᠴᠦᠯ ᠭᠠᠵᠠᠷ ᠢ ᠪᠠᠶᠢᠴᠠᠭᠠᠬᠤ᠂ | ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠦᠨᠡᠯᠡᠨ ᠵᠢᠱᠢᠬᠦ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠬᠦ ᠶᠢᠨ | ᠬᠠᠮᠲᠤ ᠬᠠᠮᠢᠶ᠎ᠠ ᠪᠥᠬᠦᠢ ᠮᠡᠳᠡᠭᠡ ᠵᠠᠩᠭᠢ ᠶᠢ ᠨᠢᠭᠡᠳᠦᠯᠲᠠᠢ ᠨᠡᠶᠢᠲᠡᠯᠡᠨ᠎ᠡ︔ ᠲᠦᠷᠪᠡᠤᠨ ᠬᠤᠰᠢᠭᠤᠨ ᠤ ᠤᠢ | ᠰᠢᠭᠤᠢ ᠶᠢᠨ ᠠᠮᠢ ᠠᠬᠤᠢ ᠶᠢᠨ ᠪᠤᠯᠪᠠᠰᠤᠨ ᠤ ᠪᠥᠲᠥᠭᠡᠨ ᠪᠠᠶᠢᠭᠤᠯᠤᠯᠲᠠ ᠶᠢᠨ ᠬᠤᠯᠪᠤᠭᠳᠠᠯ ᠪᠦᠬᠦᠢ ᠠᠵᠢᠯ ᠢ | ᠡᠬᠦᠷᠭᠡᠯᠡᠨ᠎ᠡ᠃ | ︵ᠬᠤᠶᠠᠷ︶ ᠲᠦᠷᠪᠡᠤᠨ ᠬᠤᠰᠢᠭᠤᠨ ᠤ ᠣᠶᠢᠵᠢᠭᠤᠯᠤᠨ ᠨᠣᠭᠤᠭᠠᠷᠠᠭᠤᠯᠬᠤ ᠠᠵᠢᠯ ᠢ ᠵᠤᠬᠢᠶᠠᠨ ᠪᠠᠶᠢᠭᠤᠯᠵᠤ᠂ | ᠵᠣᠬᠢᠴᠠᠭᠤᠯᠵᠣ᠂ ᠵᠢᠯᠣᠭᠤᠳᠬᠤ ᠪᠠ ᠬᠢᠨᠠᠯᠲᠠ ᠲᠠᠯᠪᠢᠵᠤ᠂ ᠲᠦᠷᠪᠡᠤᠨ ᠬᠤᠰᠢᠭᠤᠨ ᠤ ᠣᠶᠢᠵᠢᠭᠤᠯᠤᠨ | ᠨᠣᠭᠤᠭᠠᠷᠠᠭᠤᠯᠬᠤ ᠠᠵᠢᠯ ᠤᠨ ᠵᠢᠯᠤᠭᠤᠳᠬᠤ ᠴᠢᠨᠠᠷᠲᠠᠢ ᠲᠥᠯᠥᠪᠯᠡᠭᠡ ᠶᠢ ᠲᠤᠭᠲᠠᠭᠠᠵᠤ᠂ ᠲᠦᠷᠪᠡᠤᠨ ᠬᠤᠰᠢᠭᠤᠨ ᠤ | ᠳᠡᠰ ᠤᠨ ᠬᠠᠮᠢᠶ᠎ᠠ ᠪᠦᠬᠦᠢ ᠪᠠᠷᠢᠮᠵᠢᠶ᠎ᠠ ᠪᠠ ᠳᠥᠷᠢᠮ ᠢ ᠲᠣᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ | ᠬᠡᠷᠡᠭᠵᠢᠭᠦᠯᠦᠨ᠎ᠡ︔ ᠡᠯ᠎ᠡ ᠲᠥᠷᠦᠯ ᠤᠨ ᠨᠡᠶᠢᠲᠡ ᠶᠢᠨ ᠠᠰᠠᠷᠠᠮᠵᠢ ᠶᠢᠨ ᠤᠢ ᠪᠠ ᠲᠠᠸᠠᠷ ᠤᠨ ᠤᠢ ᠶᠢᠨ | ᠪᠤᠶᠢᠵᠢᠭᠤᠯᠲᠠ ᠶᠢ ᠵᠢᠯᠤᠭᠤᠳᠴᠤ᠂ ᠮᠤᠳᠤ ᠲᠠᠷᠢᠵᠤ ᠤᠶᠢᠵᠢᠭᠤᠯᠬᠤ᠂ ᠠᠭᠤᠯᠠ ︵ᠡᠯᠡᠰᠦ︶ ᠶᠢ ᠪᠢᠲᠡᠭᠦᠮᠵᠢᠯᠡᠨ | ᠣᠶᠢᠵᠢᠭᠤᠯᠬᠤ ᠪᠠ ᠮᠤᠳᠤ ᠡᠪᠡᠰᠦ ᠲᠠᠷᠢᠬᠤ ᠵᠡᠷᠭᠡ ᠠᠮᠢᠳᠤ ᠪᠤᠳᠠᠰ ᠤᠨ ᠠᠷᠭ᠎ᠠ ᠬᠡᠮᠵᠢᠶ᠎ᠡ ᠪᠠᠷ ᠤᠰᠤ ᠰᠢᠷᠤᠢ ᠶᠢᠨ | ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠢ ᠵᠢᠭᠠᠨ ᠵᠢᠯᠤᠭᠤᠳᠤᠨ᠎ᠠ︔ ᠲᠦᠷᠪᠡᠤᠨ ᠬᠤᠰᠢᠭᠤᠨ ᠤ ᠤᠯᠤᠰ ᠤᠨ | ᠥᠮᠴᠢᠯᠡᠯ ᠤᠨ ᠤᠢ ᠰᠢᠭᠤᠢ ᠶᠢᠨ ᠲᠠᠯᠠᠪᠠᠢ ︵ᠴᠢᠬᠢ ᠮᠤᠳᠤᠨ ᠤ ᠬᠦᠷᠢᠶᠡᠯᠡᠩ︶᠂ ᠤᠢ ᠶᠢᠨ ᠴᠡᠴᠡᠷᠯᠢᠭ ᠵᠢᠴᠢ | ᠦᠨᠳᠦᠰᠦᠨ ᠱᠠᠲᠤᠨ ᠤ ᠤᠢ ᠰᠢᠭᠤᠢ ᠶᠢᠨ ᠠᠵᠢᠯ ᠤᠨ ᠪᠠᠶᠢᠭᠤᠯᠤᠮᠵᠢ ᠶᠢᠨ ᠪᠥᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢ ᠵᠢᠭᠠᠨ ᠵᠢᠯᠤᠭᠤᠳᠤᠨ᠎ᠠ︔ ᠤᠢ ᠰᠢᠭᠤᠢ ᠶᠢᠨ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠲᠦᠷᠪᠡᠤᠨ ᠬᠤᠰᠢᠭᠤᠨ ᠤ ᠨᠣᠭᠤᠭᠠᠷᠠᠭᠤᠯᠬᠤ | ᠵᠦᠪᠯᠡᠯ ᠤᠨ ᠪᠤᠲᠠᠲᠠᠢ ᠠᠵᠢᠯ ᠢ ᠳᠠᠭᠠᠭᠠᠵᠤ ᠬᠢᠨ᠎ᠡ᠃ | ︵ᠭᠤᠷᠪᠠ︶ ᠲᠦᠷᠪᠡᠤᠨ ᠬᠤᠰᠢᠭᠤᠨ ᠤ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ ᠬᠥᠭᠵᠢᠭᠦᠯᠬᠦ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠵᠤ᠂ ᠤᠶᠢᠳᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ | ᠲᠣᠭᠤᠷᠪᠢᠨ ᠲᠣᠭᠲᠠᠭᠠᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠦᠨ᠎ᠡ︔ ᠲᠦᠷᠪᠡᠤᠨ ᠬᠤᠰᠢᠭᠤᠨ ᠤ ᠤᠢ | ᠰᠢᠭᠤᠢ ᠶᠢ ᠤᠭᠲᠤᠯᠬᠤ ᠲᠤᠭ᠎ᠠ ᠬᠢᠵᠠᠭᠠᠷ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠵᠦ᠂ ᠤᠢ ᠮᠣᠳᠤ ᠶᠢ ᠬᠡᠷᠡᠴᠢ ᠪᠠᠷᠢᠮᠲᠠ ᠲᠠᠢ ᠪᠠᠷ ᠤᠭᠲᠤᠯᠬᠤ᠂ ᠲᠡᠭᠡᠭᠡᠪᠦᠷᠢᠯᠡᠬᠦ ᠶᠢ ᠬᠢᠨᠠᠨ ᠪᠠᠶᠢᠴᠠᠭᠠᠵᠤ | ᠂ ᠣᠶᠢᠲᠤ ᠭᠠᠵᠠᠷ᠂ ᠤᠢ ᠮᠤᠳᠤᠨ ᠤ ᠡᠷᠬᠡ ᠶᠢᠨ ᠬᠠᠮᠢᠶᠠᠷᠤᠯᠲᠠ ᠶᠢ ᠵᠤᠬᠢᠶᠠᠨ ᠪᠠᠶᠢᠭᠤᠯᠬᠤ ᠪᠠ ᠵᠢᠯᠤᠭᠤᠳᠤᠨ᠎ᠠ︔ | ᠤᠢ ᠮᠣᠳᠣᠨ ᠤ ᠡᠷᠬᠡ ᠶᠢᠨ ᠳᠠᠩᠰᠠᠯᠠᠨ ᠲᠡᠮᠳᠡᠭᠯᠡᠬᠦ᠂ ᠦᠨᠡᠮᠯᠡᠯ ᠣᠯᠭᠤᠬᠤ ᠠᠵᠢᠯ ᠢ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠡ︔ ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠵᠥᠪᠰᠢᠶᠡᠷᠡᠭᠰᠡᠨ ᠣᠶᠢᠲᠣ | ᠭᠠᠵᠠᠷ ᠢ ᠲᠠᠲᠠᠪᠤᠷᠢᠯᠠᠨ ᠬᠡᠷᠡᠭᠯᠡᠬᠦ᠂ ᠡᠵᠡᠯᠡᠨ ᠬᠡᠷᠡᠭᠯᠡᠬᠦ ᠶᠠᠪᠤᠳᠠᠯ ᠢ ᠬᠠᠤᠯᠢ ᠶᠤᠰᠤᠭᠠᠷ ᠠᠩᠬ᠎ᠠ ᠬᠢᠨᠠᠬᠤ ᠠᠵᠢᠯ ᠢ | ᠡᠭᠦᠷᠭᠡᠯᠡᠨ᠎ᠡ᠃ | ︵ᠳᠦᠷᠪᠡ︶ ᠲᠦᠷᠪᠡᠤᠨ ᠬᠤᠰᠢᠭᠤᠨ ᠤ ᠨᠦᠢᠲᠠᠨ ᠭᠠᠵᠠᠷ ᠤᠨ ᠬᠠᠮᠠᠭᠠᠯᠠᠯᠲᠠ ᠶᠢᠨ ᠠᠵᠢᠯ ᠢ ᠵᠤᠬᠢᠶᠠᠨ | ᠪᠠᠶᠢᠭᠤᠯᠵᠤ᠂ ᠵᠣᠬᠢᠴᠠᠭᠤᠯᠵᠣ᠂ ᠵᠢᠯᠣᠭᠤᠳᠬᠤ ᠪᠠ ᠬᠢᠨᠠᠯᠲᠠ ᠲᠠᠯᠪᠢᠵᠤ᠂ ᠲᠦᠷᠪᠡᠤᠨ ᠬᠤᠰᠢᠭᠤᠨ ᠤ ᠨᠦᠢᠲᠠᠨ | ᠭᠠᠵᠠᠷ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠲᠣᠭᠤᠷᠪᠢᠨ ᠲᠣᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠡ︔ ᠨᠦᠢᠲᠠᠨ ᠭᠠᠵᠠᠷ ᠢ ᠵᠦᠢ ᠵᠣᠬᠢᠰᠲᠠᠢ ᠠᠰᠢᠭᠯᠠᠬᠤ ᠳᠤ ᠬᠢᠨᠠᠯᠲᠠ ᠲᠠᠯᠪᠢᠵᠤ᠂ ᠨᠦᠢᠲᠠᠨ | ᠭᠠᠵᠠᠷ ᠤᠨ ᠬᠠᠮᠠᠭᠠᠯᠠᠯᠲᠠ ᠶᠢᠨ ᠲᠤᠭᠤᠷᠢᠭ᠂ ᠨᠦᠢᠲᠠᠨ ᠭᠠᠵᠠᠷ ᠤᠨ ᠴᠡᠴᠡᠷᠯᠢᠭ ᠪᠠᠶᠢᠭᠤᠯᠬᠤ ᠵᠡᠷᠭᠡ ᠬᠠᠮᠠᠭᠠᠯᠠᠨ | ᠬᠠᠮᠢᠶᠠᠷᠬᠤ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠳᠡᠯᠡᠬᠡᠢ ᠶᠢᠨ ᠨᠦᠢᠲᠠᠨ ᠭᠠᠵᠠᠷ ᠤᠨ ᠬᠠᠮᠢᠶ᠎ᠠ | ᠪᠦᠬᠦᠢ ᠨᠡᠶᠢᠲᠡ ᠶᠢᠨ ᠭᠡᠷ᠎ᠡ ᠶᠢ ᠬᠦᠢᠴᠡᠳᠭᠡᠬᠦ ᠠᠵᠢᠯ ᠢ ᠵᠤᠬᠢᠶᠠᠨ ᠪᠠᠶᠢᠭᠤᠯᠤᠨ ᠵᠣᠬᠢᠴᠠᠭᠤᠯᠣᠨ᠎ᠠ᠃ | ︵ᠲᠠᠪᠤ︶ ᠲᠦᠷᠪᠡᠤᠨ ᠬᠤᠰᠢᠭᠤᠨ ᠤ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠠᠵᠢᠯ ᠢ ᠵᠤᠬᠢᠶᠠᠨ ᠪᠠᠶᠢᠭᠤᠯᠬᠤ | ᠂ ᠵᠤᠬᠢᠴᠠᠭᠤᠯᠬᠤ᠂ ᠵᠢᠯᠣᠭᠤᠳᠬᠤ ᠪᠠ ᠬᠢᠨᠠᠯᠲᠠ ᠲᠠᠯᠪᠢᠵᠤ᠂ ᠲᠦᠷᠪᠡᠤᠨ ᠬᠤᠰᠢᠭᠤᠨ ᠤ ᠡᠯᠡᠰᠦ ᠶᠢ ᠰᠡᠷᠭᠡᠶᠢᠯᠡᠨ | ᠵᠠᠰᠠᠬᠤ᠂ ᠡᠯᠡᠰᠤᠷᠬᠡᠭᠵᠢᠭᠰᠡᠨ ᠭᠠᠵᠠᠷ ᠰᠢᠷᠤᠢ ᠶᠢ ᠪᠢᠲᠡᠭᠦᠮᠵᠢᠯᠡᠨ ᠬᠠᠮᠠᠭᠠᠯᠠᠬᠤ ᠤᠷᠤᠨ ᠤ ᠪᠥᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠤᠷᠪᠢᠨ ᠲᠣᠭᠲᠠᠭᠠᠵᠤ᠂ ᠡᠯᠡᠰᠤᠷᠬᠡᠭᠵᠢᠭᠰᠡᠨ ᠭᠠᠵᠠᠷ ᠰᠢᠷᠤᠢ ᠶᠢ ᠵᠦᠢ | ᠵᠣᠬᠢᠰᠲᠠᠢ ᠪᠠᠷ ᠠᠰᠢᠭᠯᠠᠬᠤ ᠳᠤ ᠬᠢᠨᠠᠯᠲᠠ ᠲᠠᠯᠪᠢᠨ᠎ᠠ︔ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠭᠠᠵᠠᠷ | ᠰᠢᠷᠤᠢ ᠶᠢ ᠡᠯᠡᠰᠤᠷᠬᠡᠭᠵᠢᠬᠦᠯᠬᠦ ᠨᠦᠯᠤᠭᠡ ᠶᠢ ᠬᠢᠨᠠᠨ ᠰᠢᠯᠭᠠᠬᠤ ᠶᠢ ᠵᠣᠬᠢᠶᠠᠨ ᠪᠠᠶᠢᠭᠤᠯᠤᠨ ᠵᠢᠯᠤᠭᠤᠳᠴᠤ᠂ ᠡᠯᠡᠰᠦᠨ | ᠰᠢᠭᠤᠷᠭ᠎ᠠ ᠶᠢᠨ ᠭᠠᠢ ᠭᠠᠮᠰᠢᠭ ᠢ ᠤᠷᠢᠳᠴᠢᠯᠠᠨ ᠲᠥᠰᠦᠭᠡᠯᠡᠵᠦ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠵᠤ | ᠰᠢᠢᠳᠪᠦᠷᠢᠯᠡᠬᠦ ᠶᠢ ᠵᠤᠬᠢᠶᠠᠨ ᠪᠠᠶᠢᠭᠤᠯᠤᠨ ᠵᠢᠯᠤᠭᠤᠳᠤᠨ᠎ᠠ︔ ᠣᠯᠠᠨ ᠤᠯᠤᠰ ᠤᠨ ᠬᠠᠮᠢᠶ᠎ᠠ ᠪᠦᠬᠦᠢ ᠴᠦᠯᠵᠢᠯᠲᠡ ᠶᠢᠨ | ᠨᠡᠶᠢᠲᠡ ᠶᠢᠨ ᠭᠡᠷ᠎ᠡ ᠶᠢ ᠬᠦᠢᠴᠡᠳᠭᠡᠬᠦ ᠠᠵᠢᠯ ᠢ ᠡᠭᠦᠷᠭᠡᠯᠡᠨ᠎ᠡ᠃ | ︵ᠵᠢᠷᠭᠤᠭ᠎ᠠ︶ ᠲᠦᠷᠪᠡᠤᠨ ᠬᠤᠰᠢᠭᠤᠨ ᠤ ᠡᠬᠡ ᠬᠠᠭᠤᠷᠠᠢ ᠶᠢᠨ ᠬᠡᠬᠡᠷ᠎ᠡ ᠶᠢᠨ ᠠᠮᠢᠲᠠᠨ ᠤᠷᠭᠤᠮᠠᠯ ᠤᠨ ᠡᠬᠢ | ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠪᠠᠷ ᠨᠡᠭᠡᠭᠡᠨ ᠠᠰᠢᠭᠯᠠᠬᠤ ᠶᠢ ᠵᠤᠬᠢᠶᠠᠨ ᠪᠠᠶᠢᠭᠤᠯᠤᠨ ᠵᠢᠯᠤᠭᠤᠳᠴᠤ᠂ | ᠲᠦᠷᠪᠡᠤᠨ ᠬᠤᠰᠢᠭᠤᠨ ᠤ ᠭᠤᠤᠯᠳᠠᠯᠭ᠎ᠠ ᠲᠠᠢ ᠬᠠᠮᠠᠭᠠᠯᠠᠬᠤ ᠡᠬᠡ ᠬᠠᠭᠤᠷᠠᠢ ᠶᠢᠨ ᠬᠡᠬᠡᠷ᠎ᠡ ᠶᠢᠨ ᠠᠮᠢᠲᠠᠨ ᠪᠣᠯᠣᠨ | ᠤᠷᠭᠤᠮᠠᠯ ᠤᠨ ᠨᠡᠷᠡᠶᠢᠳᠦᠯ ᠢ ᠲᠤᠭᠤᠷᠪᠢᠨ ᠲᠤᠭᠳᠠᠭᠠᠬᠤ ᠪᠠ ᠲᠤᠬᠢᠷᠠᠭᠤᠯᠤᠯᠳᠠ ᠬᠢᠵᠦ᠂ ᠦᠪᠡᠷᠲᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠵᠦ ᠵᠦᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠨ᠎ᠡ︔ | ᠡᠬᠡ ᠬᠠᠭᠤᠷᠠᠢ ᠶᠢᠨ ᠬᠡᠬᠡᠷ᠎ᠡ ᠶᠢᠨ ᠠᠮᠢᠲᠠᠨ ᠤᠷᠭᠤᠮᠠᠯ ᠢ ᠠᠪᠤᠷᠠᠨ ᠬᠠᠮᠠᠭᠠᠯᠠᠵᠤ ᠪᠤᠶᠢᠵᠢᠭᠤᠯᠬᠤ᠂ ᠤᠷᠤᠰᠢᠨ | ᠠᠮᠢᠳᠤᠷᠠᠬᠤ ᠭᠠᠵᠠᠷ ᠢ ᠨᠢ ᠰᠡᠷᠭᠦᠭᠡᠨ ᠬᠥᠭᠵᠢᠭᠦᠯᠬᠦ᠂ ᠬᠢᠵᠢᠭ ᠤᠨ ᠡᠭᠦᠰᠤᠯ ᠰᠤᠷᠪᠤᠯᠵᠢ ᠶᠢ ᠬᠢᠨᠠᠨ ᠬᠡᠮᠵᠢᠬᠦ ᠠᠵᠢᠯ ᠢ | ᠬᠠᠤᠯᠢ ᠶᠤᠰᠤᠭᠠᠷ ᠵᠤᠬᠢᠶᠠᠨ ᠪᠠᠶᠢᠭᠤᠯᠤᠨ ᠵᠢᠯᠤᠭᠤᠳᠤᠨ᠎ᠠ︔ ᠲᠦᠷᠪᠡᠤᠨ ᠬᠤᠰᠢᠭᠤᠨ ᠤ ᠡᠬᠡ ᠬᠠᠭᠤᠷᠠᠢ ᠶᠢᠨ | ᠬᠡᠬᠡᠷ᠎ᠡ ᠶᠢᠨ ᠠᠮᠢᠲᠠᠨ ᠤᠷᠭᠤᠮᠠᠯ ᠢ ᠠᠩᠨᠠᠨ ᠪᠠᠷᠢᠬᠤ ᠪᠤᠶᠤ ᠲᠡᠭᠦᠨ ᠴᠤᠭᠯᠠᠭᠤᠯᠬᠤ᠂ ᠳᠠᠰᠬᠠᠨ ᠲᠡᠵᠢᠭᠡᠵᠦ | ᠦᠷᠡᠵᠢᠭᠦᠯᠬᠦ ᠪᠤᠶᠤ ᠵᠠᠶᠢᠯᠠᠵᠦ ᠪᠤᠶᠢᠵᠢᠭᠤᠯᠬᠤ᠂ ᠡᠵᠡᠩᠨᠡᠨ ᠠᠰᠢᠭᠯᠠᠬᠤ ᠶᠢ ᠬᠢᠨᠠᠨ ᠬᠠᠮᠢᠶᠠᠷᠴᠤ᠂ ᠬᠡᠬᠡᠷ᠎ᠡ ᠶᠢᠨ | ᠠᠮᠢᠲᠠᠨ ᠤᠷᠭᠤᠮᠠᠯ ᠢ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠶᠢ ᠬᠢᠨᠠᠨ ᠬᠠᠮᠢᠶᠠᠷᠤᠨ᠎ᠠ︔ | ᠮᠦᠬᠦᠬᠦ ᠰᠢᠬᠠᠭᠰᠠᠨ ᠠᠮᠢᠳᠠᠨ ᠤᠷᠭᠤᠮᠠᠯ ᠢ ᠭᠠᠳᠠᠭᠠᠳᠤ ᠠᠴᠠ ᠤᠷᠤᠭᠤᠯᠬᠤ ᠭᠠᠳᠠᠭᠠᠳᠤ ᠳᠤ ᠭᠠᠷᠭᠠᠬᠤ ᠪᠠ | ᠤᠯᠤᠰ ᠠᠴᠠ ᠬᠠᠮᠠᠭᠠᠯᠠᠵᠦ ᠪᠠᠶᠢᠭ᠎ᠠ ᠬᠡᠬᠡᠷ᠎ᠡ ᠶᠢᠨ ᠠᠮᠢᠲᠠᠨ᠂ ᠬᠤᠪᠤᠷ ᠴᠤᠬᠠᠭ ᠮᠤᠳᠤᠨ ᠤ ᠵᠦᠢᠯ᠂ ᠬᠤᠪᠤᠷ | ᠴᠤᠬᠠᠭ ᠬᠡᠬᠡᠷ᠎ᠡ ᠶᠢᠨ ᠤᠷᠭᠤᠮᠠᠯ ᠵᠢᠴᠢ ᠪᠥᠲᠦᠬᠡᠭᠳᠡᠭᠦᠨ ᠢ ᠭᠠᠳᠠᠭᠠᠳᠤ ᠳᠤ ᠭᠠᠷᠭᠠᠬᠤ ᠶᠢ ᠬᠢᠨᠠᠨ ᠬᠠᠷᠭᠤᠭᠤᠯᠵᠤ | ᠮᠡᠳᠡᠭᠦᠯᠤᠨ ᠵᠥᠪᠰᠢᠶᠡᠷᠡᠭᠦᠯᠬᠦ ᠠᠵᠢᠯ ᠢ ᠡᠭᠦᠷᠭᠡᠯᠡᠨ᠎ᠡ᠃ | ︵ᠲᠤᠯᠤᠭ᠎ᠠ︶ ᠲᠦᠷᠪᠡᠤᠨ ᠬᠤᠰᠢᠭᠤᠨ ᠤ ᠤᠢ ᠰᠢᠭᠤᠢ ᠶᠢᠨ ᠰᠢᠰᠲ᠋ᠧᠮ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠦᠷᠪᠡᠤᠨ ᠬᠤᠰᠢᠭᠤᠨ ᠤ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠤᠪᠢᠶᠠᠷᠢᠯᠠᠯ ᠪᠣᠯᠣᠨ ᠲᠥᠯᠥᠪᠵᠢᠭᠦᠯᠭᠡ ᠶᠢᠨ ᠵᠠᠷᠴᠢᠮ ᠤᠨ | ᠵᠢᠯᠤᠭᠤᠳᠤᠯᠭ᠎ᠠ ᠳᠤᠤᠷ᠎ᠠ᠂ ᠤᠢ ᠰᠢᠭᠤᠢ᠂ ᠨᠦᠢᠲᠠᠨ ᠭᠠᠵᠠᠷ᠂ ᠴᠦᠯᠡᠷᠬᠡᠭᠵᠢᠯ ᠪᠠ ᠡᠬᠡ ᠬᠠᠭᠤᠷᠠᠢ ᠶᠢᠨ | ᠬᠡᠬᠡᠷ᠎ᠡ ᠶᠢᠨ ᠠᠮᠢᠲᠠᠨ ᠤ ᠲᠥᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢ ᠬᠠᠤᠯᠢ ᠶᠤᠰᠤᠭᠠᠷ ᠵᠢᠯᠤᠭᠤᠳᠤᠨ᠎ᠠ︔ ᠤᠢ ᠰᠢᠭᠤᠢ ᠶᠢᠨ ᠠᠮᠢᠳᠤ ᠪᠤᠳᠠᠰ ᠤᠨ ᠦᠷ᠎ᠡ ᠶᠢᠨ ᠡᠬᠢ | ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠤᠳᠠᠰ ᠤᠨ ᠠᠮᠤᠷ ᠲᠥᠪᠰᠢᠨ᠂ ᠤᠷᠭᠤᠮᠠᠯ ᠤᠨ ᠰᠢᠨ᠎ᠡ ᠲᠥᠷᠥᠯ | ᠵᠦᠢᠯ ᠤᠨ ᠬᠠᠮᠠᠭᠠᠯᠠᠯᠲᠠ ᠶᠢ ᠬᠢᠨᠠᠨ ᠬᠠᠮᠢᠶᠠᠷᠤᠨ᠎ᠠ︔ ᠠᠮᠢᠳᠤ ᠪᠤᠳᠠᠰ ᠤᠨ ᠤᠯᠠᠨ ᠶᠠᠩᠵᠤᠲᠤ ᠴᠢᠨᠠᠷ ᠤᠨ | ᠬᠠᠮᠠᠭᠠᠯᠠᠯᠲᠠ ᠶᠢᠨ ᠬᠤᠯᠪᠤᠭᠳᠠᠯ ᠪᠥᠬᠦᠢ ᠠᠵᠢᠯ ᠢ ᠠᠵᠢᠯ ᠤᠨ ᠬᠤᠪᠢᠶᠠᠷᠢ ᠪᠠᠷ ᠢᠶᠠᠨ ᠬᠠᠷᠢᠭᠤᠴᠠᠵᠤ᠂ ᠳᠡᠯᠡᠬᠡᠢ ᠶᠢᠨ | ᠬᠠᠮᠢᠶ᠎ᠠ ᠪᠦᠬᠦᠢ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠵᠤᠬᠢᠶᠠᠨ ᠪᠠᠶᠢᠭᠤᠯᠵᠣ ᠵᠣᠬᠢᠴᠠᠭᠤᠯᠣᠨ | ᠲᠣᠬᠢᠷᠠᠭᠤᠯᠤᠨ᠎ᠠ᠃ | ︵ᠨᠠᠢᠮᠠ︶ ᠲᠦᠷᠪᠡᠤᠨ ᠬᠤᠰᠢᠭᠤᠨ ᠤ ᠤᠢ ᠰᠢᠭᠤᠢ ᠶᠢᠨ ᠥᠭᠡᠷᠡᠴᠢᠯᠡᠯᠲᠡ ᠶᠢ ᠠᠬᠢᠭᠤᠯᠵᠤ᠂ ᠮᠠᠯᠴᠢᠨ | ᠲᠠᠷᠢᠶᠠᠴᠢᠨ ᠤ ᠤᠢ ᠰᠢᠭᠤᠢ ᠡᠵᠡᠩᠨᠡᠬᠦ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠠᠷᠢᠭᠤᠴᠠᠯᠭ᠎ᠠ ᠶᠢ | ᠡᠭᠦᠷᠭᠡᠯᠡᠨ᠎ᠡ︔ ᠬᠠᠮᠲᠤ ᠶᠢᠨ ᠤᠢ ᠮᠤᠳᠤᠨ ᠤ ᠡᠷᠬᠡ ᠶᠢᠨ ᠳᠥᠷᠢᠮ᠂ ᠭᠤᠤᠯᠳᠠᠯᠭ᠎ᠠ ᠲᠠᠢ ᠤᠯᠤᠰ ᠤᠨ ᠥᠮᠴᠢᠯᠡᠯᠲᠦ | ᠤᠶᠢᠲᠤ ᠤᠷᠤᠨ᠂ ᠤᠯᠤᠰ ᠤᠨ ᠥᠮᠴᠢᠯᠡᠯᠲᠦ ᠤᠢ ᠰᠢᠭᠤᠢ ᠶᠢᠨ ᠲᠠᠯᠠᠪᠠᠢ ᠵᠡᠷᠭᠡ ᠲᠠᠯ᠎ᠠ ᠶᠢᠨ ᠴᠢᠬᠤᠯᠡ ᠶᠡᠭᠡ ᠤᠢ | ᠰᠢᠭᠤᠢ ᠶᠢᠨ ᠥᠭᠡᠷᠡᠴᠢᠯᠡᠯᠲᠡ ᠶᠢᠨ ᠰᠠᠨᠠᠯ ᠢ ᠲᠣᠭᠤᠷᠪᠢᠨ ᠲᠣᠭᠲᠠᠭᠠᠬᠤ ᠶᠢᠨ ᠬᠠᠮᠲᠤ ᠵᠢᠭᠠᠨ ᠵᠢᠯᠤᠭᠤᠳᠴᠤ | ᠬᠢᠨᠠᠯᠲᠠ ᠲᠠᠯᠪᠢᠨ ᠬᠡᠷᠡᠭᠵᠢᠭᠦᠯᠦᠨ᠎ᠡ︔ ᠲᠠᠷᠢᠶᠠᠯᠠᠬᠤ ᠮᠠᠯᠵᠢᠬᠤ ᠤᠷᠤᠨ ᠤ ᠤᠢ ᠰᠢᠭᠤᠢ ᠶᠢ ᠬᠥᠭᠵᠢᠭᠦᠯᠬᠦ᠂ ᠮᠠᠯᠴᠢᠨ | ᠲᠠᠷᠢᠶᠠᠴᠢᠨ ᠤ ᠤᠢ ᠰᠢᠭᠤᠢ ᠡᠵᠡᠩᠨᠡᠬᠦ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠤᠯᠭ᠎ᠠ | ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ︔ ᠲᠠᠷᠢᠶᠠᠯᠠᠬᠤ ᠮᠠᠯᠵᠢᠬᠤ ᠤᠷᠤᠨ ᠤ ᠣᠶᠢᠲᠤ ᠭᠠᠵᠠᠷ ᠢ | ᠳᠠᠭᠠᠭᠠᠴᠢᠯᠠᠨ ᠡᠵᠡᠩᠨᠡᠬᠦ ᠪᠠ ᠤᠢ ᠶᠢᠨ ᠡᠷᠬᠡ ᠶᠢᠨ ᠡᠷᠭᠢᠯᠲᠡ ᠶᠢ ᠵᠢᠭᠠᠨ ᠵᠢᠯᠤᠭᠤᠳᠤᠨ ᠬᠢᠨᠠᠯᠲᠠ ᠲᠠᠯᠪᠢᠵᠤ᠂ | ᠤᠢ ᠶᠢᠨ ᠡᠷᠬᠡ ᠶᠢᠨ ᠵᠢᠭᠤᠷᠠᠯᠳᠤᠭᠠᠨ ᠢ ᠪᠠᠶᠢᠴᠠᠭᠠᠨ ᠰᠢᠢᠳᠪᠤᠷᠢᠯᠡᠬᠦ ᠪᠠ ᠣᠶᠢᠲᠤ ᠭᠠᠵᠠᠷ ᠤᠨ ᠳᠠᠭᠠᠭᠠᠴᠢᠯᠠᠯᠲᠠ ᠶᠢᠨ | ᠭᠡᠷ᠎ᠡ ᠶᠢᠨ ᠵᠢᠭᠤᠷᠠᠯᠳᠤᠭᠠᠨ ᠢ ᠬᠦᠨᠳᠡᠯᠡᠨ ᠠᠴᠠ ᠲᠠᠰᠤᠯᠬᠤ ᠶᠢ ᠵᠢᠭᠠᠨ ᠵᠢᠯᠤᠭᠤᠳᠤᠨ᠎ᠠ︔ ᠲᠠᠷᠢᠶᠠᠯᠠᠬᠤ ᠶᠢ | ᠵᠤᠭᠰᠤᠭᠠᠵᠦ ᠣᠢ ᠰᠢᠭᠤᠢ ᠶᠢ ᠰᠡᠷᠭᠦᠭᠡᠬᠦ ᠠᠵᠢᠯ ᠢ ᠬᠠᠤᠯᠢ ᠶᠤᠰᠤᠭᠠᠷ ᠬᠠᠷᠢᠭᠤᠴᠠᠨ᠎ᠠ᠃ | ︵ᠶᠢᠰᠦ︶ ᠡᠯ᠎ᠡ ᠠᠵᠤ ᠦᠢᠯᠡᠰ ᠠᠴᠠ ᠣᠢ ᠰᠢᠭᠤᠢ᠂ ᠨᠦᠢᠲᠠᠨ ᠭᠠᠵᠠᠷ᠂ ᠡᠯᠡᠰᠦᠨ ᠴᠦᠯ ᠪᠣᠯᠣᠨ ᠡᠬᠡ | ᠬᠠᠭᠤᠷᠠᠢ ᠶᠢᠨ ᠬᠡᠬᠡᠷ᠎ᠠ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠨᠡᠬᠡᠬᠡᠨ ᠠᠰᠢᠭᠯᠠᠬᠤ ᠶᠢ ᠬᠢᠨᠠᠨ ᠪᠠᠶᠢᠴᠠᠭᠠᠨ᠎ᠠ | ︔ ᠲᠦᠷᠪᠡᠤᠨ ᠬᠤᠰᠢᠭᠤᠨ ᠤ ᠣᠢ ᠰᠢᠭᠤᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠲᠥᠷᠥ ᠶᠢᠨ | ᠪᠣᠳᠤᠯᠭ᠎ᠠ ᠶᠢ ᠲᠣᠭᠲᠠᠭᠠᠵᠤ᠂ ᠣᠢ ᠰᠢᠭᠤᠢ ᠶᠢᠨ ᠭᠠᠷᠤᠯᠳᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠶᠢ | ᠵᠣᠬᠢᠶᠠᠨ ᠪᠠᠶᠢᠭᠤᠯᠤᠨ ᠣᠳᠣᠷᠢᠳᠣᠨ᠎ᠠ︔ ᠲᠠᠸᠠᠷ ᠤᠨ ᠣᠢ ᠶᠢᠨ ᠬᠥᠭᠵᠢᠯᠲᠡ ᠪᠠ ᠠᠰᠢᠭᠯᠠᠯᠲᠠ ᠶᠢ ᠵᠢᠯᠤᠭᠤᠳᠴᠤ᠂ | ᠠᠭᠤᠯᠠᠷᠬᠠᠭ ︵ᠡᠯᠡᠰᠦᠷᠬᠡᠭ︶ ᠣᠷᠣᠨ ᠢ ᠶᠡᠷᠦᠩᠬᠡᠶᠢᠯᠡᠨ ᠨᠡᠬᠡᠬᠡᠨ ᠬᠦᠭᠵᠢᠬᠦᠯᠬᠦ ᠶᠢ ᠵᠢᠯᠤᠭᠤᠳᠤᠨ᠎ᠠ᠃ | ︵ᠠᠷᠪᠠ︶ ᠲᠦᠷᠪᠡᠤᠨ ᠬᠤᠰᠢᠭᠤᠨ ᠤ ᠣᠢ ᠰᠢᠭᠤᠢ ᠨᠣᠳᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ | ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠵᠢᠯᠤᠭᠤᠳᠬᠤ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠵᠦ᠂ | ᠣᠢ ᠰᠢᠭᠤᠢ ᠶᠢᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠪᠣᠯᠣᠨ ᠲᠣᠰᠬᠠᠢ ᠭᠠᠯ ᠣᠨᠲᠠᠷᠠᠭᠠᠬᠤ ᠡᠩᠨᠡᠭᠡ ᠶᠢᠨ | ᠭᠠᠯ ᠰᠡᠷᠭᠡᠶᠢᠯᠡᠨ ᠣᠨᠲᠠᠷᠠᠭᠠᠬᠤ ᠠᠵᠢᠯ ᠢ ᠵᠣᠬᠢᠶᠠᠨ ᠪᠠᠶᠢᠭᠤᠯᠤᠨ ᠵᠤᠬᠢᠴᠠᠭᠤᠯᠬᠤ ᠪᠠ ᠵᠢᠯᠣᠭᠤᠳᠣᠨ᠎ᠠ︔ ᠲᠦᠷᠪᠡᠤᠨ | ᠬᠤᠰᠢᠭᠤᠨ ᠤ ᠣᠢ ᠰᠢᠭᠤᠢ ᠨᠣᠳᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ | ᠪᠣᠲᠠᠲᠠᠢ ᠠᠵᠢᠯ ᠢ ᠡᠭᠦᠷᠭᠡᠯᠡᠵᠦ᠂ ᠣᠢ ᠰᠢᠭᠤᠢ ᠶᠢᠨ ᠵᠠᠰᠠᠭ ᠵᠠᠬᠢᠷᠭᠠᠨ ᠤ ᠬᠠᠦᠯᠢ ᠬᠡᠷᠡᠭᠵᠢᠭᠦᠯᠬᠦ ᠶᠢ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠲᠦᠷᠪᠡᠤᠨ ᠬᠤᠰᠢᠭᠤᠨ ᠤ ᠰᠢᠭᠤᠢ ᠶᠢᠨ ᠲᠣᠲᠣᠭᠠᠳᠣ ᠶᠢ | ᠬᠠᠮᠠᠭᠠᠯᠠᠬᠤ ᠠᠵᠢᠯ ᠢ ᠵᠢᠯᠤᠭᠤᠳᠴᠤ᠂ ᠣᠢ ᠰᠢᠭᠤᠢ ᠶᠢᠨ ᠲᠣᠲᠣᠭᠠᠳᠣ ᠶᠢ ᠬᠠᠮᠠᠭᠠᠯᠠᠬᠤ ᠡᠩᠨᠡᠭᠡ ᠶᠢ ᠬᠢᠨᠠᠨ | ᠬᠠᠮᠢᠶᠠᠷᠴᠤ᠂ ᠲᠦᠷᠪᠡᠤᠨ ᠬᠤᠰᠢᠭᠤᠨ ᠤ ᠣᠢ ᠰᠢᠭᠤᠢ ᠶᠢᠨ ᠬᠥᠨᠳᠣ ᠶᠡᠭᠡ ᠬᠠᠦᠯᠢ ᠠᠴᠠ ᠵᠦᠷᠢᠴᠡᠭᠰᠡᠨ ᠬᠡᠷᠡᠭ ᠢ | ᠪᠠᠶᠢᠴᠠᠭᠠᠨ ᠰᠢᠢᠳᠪᠦᠷᠢᠯᠡᠬᠦ ᠠᠵᠢᠯ ᠢ ᠵᠢᠯᠤᠭᠤᠳᠤᠨ᠎ᠠ︔ ᠣᠢ ᠰᠢᠭᠤᠢ ᠶᠢᠨ ᠬᠤᠣᠷ ᠬᠥᠨᠦᠭᠡᠯᠲᠡᠢ ᠠᠮᠢᠳᠤ ᠪᠣᠳᠠᠰ ᠢ | ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠠᠵᠢᠯ ᠢ ᠵᠢᠯᠤᠭᠤᠳᠤᠨ᠎ᠠ᠃ | ︵ᠠᠷᠪᠠᠨ ᠨᠢᠭᠡ︶ ᠲᠦᠷᠪᠡᠤᠨ ᠬᠤᠰᠢᠭᠤᠨ ᠤ ᠣᠢ ᠰᠢᠭᠤᠢ ᠶᠢᠨ ᠠᠵᠤ ᠠᠬᠤᠢ ᠶᠢᠨ ᠲᠣᠬᠢᠷᠠᠭᠤᠯᠭ᠎ᠠ ᠪᠠ ᠣᠢ | ᠰᠢᠭᠤᠢ ᠶᠢᠨ ᠪᠡᠯᠡ ᠣᠷᠤᠭᠤᠯᠤᠯᠲᠠ ᠶᠢᠨ ᠲᠥᠷᠥ ᠶᠢᠨ ᠪᠣᠳᠤᠯᠭ᠎ᠠ ᠶᠢ ᠲᠣᠭᠤᠷᠪᠢᠨ ᠲᠣᠭᠲᠠᠭᠠᠬᠤ ᠳᠤ ᠣᠷᠣᠯᠴᠠᠵᠤ᠂ | ᠲᠦᠷᠪᠡᠤᠨ ᠬᠤᠰᠢᠭᠤᠨ ᠤ ᠣᠢ ᠰᠢᠭᠤᠢ ᠵᠢᠴᠢ ᠠᠮᠢ ᠠᠬᠤᠢ ᠶᠢᠨ ᠪᠥᠲᠦᠭᠡᠨ ᠪᠠᠶᠢᠭᠤᠯᠣᠯᠲᠠ ᠶᠢᠨ ᠠᠮᠢ ᠠᠬᠤᠢ ᠶᠢᠨ | ᠨᠥᠬᠦᠪᠦᠷᠢ ᠶᠢᠨ ᠳᠦᠷᠢᠮ ᠪᠠᠶᠢᠭᠤᠯᠬᠤ ᠪᠠ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ ᠵᠢᠯᠤᠭᠤᠳᠤᠨ᠎ᠠ︔ ᠰᠠᠯᠠᠭ᠎ᠠ | ᠮᠦᠴᠢᠷ ᠤᠨ ᠲᠦᠰᠤᠪ ᠢ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ︔ ᠲᠦᠷᠪᠡᠤᠨ | ᠬᠤᠰᠢᠭᠤᠨ ᠤ ᠳᠠᠰ ᠤᠨ ᠣᠢ ᠰᠢᠭᠤᠢ ᠶᠢᠨ ᠪᠡᠯᠡ ᠮᠥᠩᠭᠦ ᠶᠢ ᠬᠠᠮᠢᠶᠠᠷᠴᠤ᠂ ᠲᠦᠷᠪᠡᠤᠨ ᠬᠤᠰᠢᠭᠤᠨ ᠤ ᠣᠢ | ᠰᠢᠭᠤᠢ ᠶᠢᠨ ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠨ᠎ᠠ︔ ᠤᠯᠤᠰ ᠤᠨ | ᠥᠮᠴᠢᠯᠡᠯ ᠤᠨ ᠣᠢ ᠰᠢᠭᠤᠢ ᠶᠢᠨ ᠡᠳ᠋ ᠬᠥᠷᠥᠩᠭᠡ ᠶᠢ ᠬᠢᠨᠠᠨ ᠬᠠᠮᠢᠶᠠᠷᠴᠤ᠂ ᠬᠤᠯᠪᠤᠭᠳᠠᠯ ᠪᠥᠬᠦᠢ ᠲᠣᠭᠲᠠᠭᠠᠯ | ᠶᠣᠰᠤᠭᠠᠷ ᠭᠤᠣᠯᠳᠠᠯᠭ᠎ᠠ ᠲᠠᠢ ᠣᠢ ᠰᠢᠭᠤᠢ ᠶᠢᠨ ᠪᠥᠲᠦᠭᠡᠨ ᠪᠠᠶᠢᠭᠤᠯᠣᠯᠲᠠ ᠶᠢᠨ ᠲᠥᠷᠥᠯ ᠵᠦᠢᠯ ᠤᠳ ᠢ ᠬᠢᠨᠠᠨ | ᠬᠠᠷᠭᠤᠭᠤᠯᠤᠨ᠎ᠠ︔ ᠲᠦᠷᠪᠡᠤᠨ ᠬᠤᠰᠢᠭᠤᠨ ᠤ ᠣᠢ ᠰᠢᠭᠤᠢ ᠵᠢᠴᠢ ᠠᠮᠢ ᠠᠬᠤᠢ ᠶᠢᠨ ᠪᠥᠲᠦᠭᠡᠨ | ᠪᠠᠶᠢᠭᠤᠯᠣᠯᠲᠠ ᠶᠢᠨ ᠣᠨ ᠤ ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ ᠲᠣᠭᠲᠠᠭᠠᠨ᠎ᠠ᠃ | ︵ᠠᠷᠪᠠᠨ ᠬᠤᠶᠠᠷ︶ ᠲᠦᠷᠪᠡᠤᠨ ᠬᠤᠰᠢᠭᠤᠨ ᠤ ᠣᠢ ᠰᠢᠭᠤᠢ ᠵᠢᠴᠢ ᠠᠮᠢ ᠠᠬᠤᠢ ᠶᠢᠨ ᠪᠥᠲᠦᠭᠡᠨ | ᠪᠠᠶᠢᠭᠤᠯᠣᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ᠂ ᠪᠣᠯᠪᠠᠰᠤᠷᠠᠯ ᠪᠠ ᠭᠠᠳᠠᠭᠠᠳᠤ ᠶᠠᠪᠤᠳᠠᠯ ᠤᠨ ᠠᠵᠢᠯ ᠢ | ᠵᠣᠬᠢᠶᠠᠨ ᠪᠠᠶᠢᠭᠤᠯᠣᠨ ᠵᠢᠯᠣᠭᠤᠳᠣᠨ᠎ᠠ︔ ᠲᠦᠷᠪᠡᠤᠨ ᠬᠤᠰᠢᠭᠤᠨ ᠤ ᠣᠢ ᠰᠢᠭᠤᠢ ᠶᠢᠨ ᠡᠩᠨᠡᠭᠡ ᠶᠢᠨ | ᠪᠠᠶᠢᠭᠤᠯᠣᠯᠲᠠ ᠶᠢ ᠵᠢᠯᠣᠭᠤᠳᠣᠨ᠎ᠠ᠃ | ︵ᠠᠷᠪᠠᠨ ᠭᠤᠷᠪᠡ︶ ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ | ᠬᠦᠢᠴᠡᠳᠭᠡᠯᠭᠡᠬᠦ ᠪᠠᠷ ᠲᠤᠰᠢᠶᠠᠭᠰᠠᠨ ᠪᠣᠰᠤᠳ ᠬᠡᠷᠡᠭ ᠶᠠᠪᠤᠳᠠᠯ ᠢ ᠳᠠᠭᠠᠭᠠᠨ ᠭᠦᠢᠴᠡᠳᠭᠡᠨ᠎ᠡ᠃ |