ᠤᠰᠤᠨ ᠠᠰᠢᠭᠯᠠᠯᠲᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2019-05-29
ᠭᠤᠣᠯ ᠡᠭᠦᠷᠭᠡ ᠬᠠᠷᠢᠭᠤᠴᠠᠯᠭ᠎ᠠ  ᠄    ︵ᠨᠢᠭᠡ︶ ᠤᠰᠤᠨ ᠤ ᠰᠤᠷᠪᠤᠯᠵᠢ ᠶᠢ ᠵᠣᠬᠢᠰᠲᠠᠢ ᠨᠡᠭᠡᠭᠡᠨ ᠠᠰᠢᠭᠯᠠᠬᠤ ᠶᠢ ᠪᠠᠲᠤᠯᠠᠬᠤ ᠶᠢ ᠬᠠᠷᠢᠭᠤᠴᠠᠵᠤ᠂  ᠲᠦᠷᠪᠡᠤᠨ ᠬᠤᠰᠢᠭᠤᠨ ᠤ ᠣᠰᠣᠨ ᠠᠰᠢᠭᠯᠠᠯᠲᠠ ᠶᠢᠨ ᠲᠥᠯᠥᠪᠵᠢᠭᠦᠯᠭᠡ ᠪᠣᠯᠣᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠲᠦᠷᠪᠡᠤᠨ ᠬᠤᠰᠢᠭᠤᠨ ᠤ ᠨᠤᠲᠤᠭ ᠤᠨ ᠴᠢᠨᠠᠷᠲᠠᠢ ᠬᠤᠯᠪᠤᠭᠳᠠᠯ ᠪᠦᠬᠦᠢ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠦᠰᠦᠯ ᠢ ᠨᠤᠤᠷᠠᠭᠯᠠᠨ ᠪᠢᠴᠢᠵᠦ᠂ ᠲᠦᠷᠪᠡᠤᠨ ᠬᠤᠰᠢᠭᠤᠨ ᠤ ᠴᠢᠬᠤᠯᠠ ᠭᠤᠣᠯ ᠮᠥᠷᠡᠨ ᠨᠠᠭᠤᠷ ᠪᠦᠷᠢᠳᠤ ᠶᠢᠨ ᠤᠷᠤᠰᠬᠠᠯ ᠤᠨ ᠣᠷᠣᠨ ᠤ ᠶᠡᠷᠦᠩᠬᠡᠢ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ︔ ᠪᠦᠬᠦ ᠣᠷᠣᠨ ᠤ ᠴᠢᠨᠠᠷᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠳᠦᠷᠢᠮ ᠢ ᠲᠤᠭᠳᠠᠭᠠᠯ ᠶᠤᠰᠤᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠦᠷᠪᠡᠤᠨ ᠬᠤᠰᠢᠭᠤᠨ ᠤ ᠤᠰᠤᠨ ᠠᠰᠢᠭᠯᠠᠯᠲᠠ ᠶᠢᠨ ᠲᠣᠭᠲᠠᠮᠠᠯ ᠬᠦᠷᠥᠩᠭᠡ ᠶᠢᠨ ᠪᠡᠯᠡ ᠣᠷᠤᠭᠤᠯᠤᠯᠲᠠ ᠶᠢᠨ ᠲᠥᠯᠥᠪᠵᠢᠭᠦᠯᠭᠡ ᠪᠠ ᠴᠢᠭᠯᠡᠯ ᠢ ᠲᠣᠭᠲᠠᠭᠠᠬᠤ᠂ ᠲᠦᠷᠪᠡᠤᠨ ᠬᠤᠰᠢᠭᠤᠨ ᠤ ᠳᠡᠰ ᠤᠨ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢ ᠲᠣᠬᠢᠷᠠᠭᠤᠯᠬᠤ ᠰᠠᠨᠠᠯ ᠳᠤᠷᠠᠳᠬᠤ ᠶᠢ ᠬᠠᠷᠢᠭᠤᠴᠠᠵᠤ᠂ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠲᠣᠭᠲᠠᠮᠠᠯ ᠬᠦᠷᠥᠩᠭᠡ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ ᠢ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠬᠢᠨᠠᠨ ᠵᠥᠪᠰᠢᠶᠡᠷᠡᠬᠦ ᠪᠠ ᠬᠢᠨᠠᠨ ᠬᠠᠷᠭᠤᠭᠤᠯᠤᠨ᠎ᠠ︔ ᠲᠦᠷᠪᠡᠤᠨ ᠬᠤᠰᠢᠭᠤᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠳᠤᠬᠢᠷᠠᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠳᠤ ᠤᠰᠤ ᠬᠡᠷᠡᠭᠯᠡᠬᠦ ᠶᠢ ᠬᠠᠮᠳᠤ ᠳᠤᠨᠢ ᠬᠠᠷᠠᠭᠠᠯᠵᠠᠨ ᠨᠢᠭᠡᠳᠤᠯᠲᠠᠢ ᠲᠤᠭᠳᠠᠭᠠᠬᠤ ᠪᠠ ᠪᠠᠲᠤᠯᠠᠬᠤ ᠶᠢ ᠬᠠᠷᠢᠭᠤᠴᠠᠵᠤ᠂ ᠤᠰᠤᠨ ᠤ ᠰᠤᠷᠪᠤᠯᠵᠢ ᠶᠢ ᠨᠢᠭᠡᠳᠦᠯᠲᠡᠢ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠲᠦᠷᠪᠡᠤᠨ ᠬᠤᠰᠢᠭᠤᠨ ᠤ ᠤᠰᠤᠨ ᠤ ᠳᠤᠮᠳᠠ ᠤᠷᠲᠤ ᠬᠤᠭᠤᠴᠠᠭᠠᠨ ᠤ ᠬᠠᠩᠭᠠᠯᠭ᠎ᠠ ᠶᠢᠨ ᠲᠥᠯᠥᠪᠵᠢᠭᠦᠯᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠤᠰᠤᠨ ᠤ ᠰᠤᠷᠪᠤᠯᠵᠢ ᠶᠢ ᠪᠠᠶᠢᠴᠠᠭᠠᠵᠤ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠰᠣᠨ ᠡᠨᠧᠷᠭᠢ ᠶᠢᠨ ᠡᠬᠢ ᠪᠠᠶᠠᠯᠢᠭ ᠢ ᠪᠠᠶᠢᠴᠠᠭᠠᠬᠤ ᠠᠵᠢᠯ ᠢ ᠲᠤᠭᠲᠠᠭᠠᠯ ᠶᠣᠰᠣᠭᠠᠷ ᠥᠷᠨᠢᠭᠦᠯᠦᠨ᠎ᠡ︔ ᠲᠦᠷᠪᠡᠤᠨ ᠬᠤᠰᠢᠭᠤᠨ ᠤ ᠴᠢᠬᠤᠯᠠ ᠤᠷᠤᠰᠬᠠᠯ ᠤᠨ ᠣᠷᠣᠨ᠂ ᠣᠷᠣᠨ ᠪᠦᠰᠡ ᠵᠢᠴᠢ ᠴᠢᠬᠤᠯᠠ ᠶᠡᠭᠡ ᠤᠰᠤ ᠲᠣᠬᠢᠷᠠᠭᠤᠯᠬᠤ ᠢᠨᠵᠧᠨᠧᠷᠢᠩ ᠤᠨ ᠤᠰᠤᠨ ᠤ ᠰᠤᠷᠪᠤᠯᠵᠢ ᠶᠢᠨ ᠲᠣᠬᠢᠷᠠᠭᠤᠯᠤᠯᠲᠠ ᠶᠢ ᠬᠠᠷᠢᠭᠤᠴᠠᠵᠤ᠂ ᠤᠰᠤ ᠲᠠᠲᠠᠬᠤ ᠵᠥᠪᠰᠢᠶᠡᠷᠡᠯ᠂ ᠤᠰᠤᠨ ᠤ ᠰᠤᠷᠪᠤᠯᠵᠢ ᠶᠢ ᠲᠥᠯᠥᠪᠦᠷᠢ ᠲᠠᠢ ᠬᠡᠷᠡᠭᠯᠡᠬᠦ ᠳᠦᠷᠢᠮ ᠪᠠ ᠤᠰᠤᠨ ᠤ ᠰᠤᠷᠪᠤᠯᠵᠢ ᠶᠢ ᠨᠣᠲᠠᠯᠠᠬᠤ᠂ ᠦᠶᠡᠷ ᠰᠡᠷᠭᠡᠶᠢᠯᠡᠯᠲᠡ ᠶᠢ ᠨᠣᠲᠠᠯᠠᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠪᠠ ᠰᠢᠶᠠᠩ ᠪᠠᠯᠭᠠᠰᠤ ᠶᠢᠨ ᠤᠰᠤ ᠬᠠᠩᠭᠠᠬᠤ ᠠᠵᠢᠯ ᠢ ᠵᠢᠯᠣᠭᠤᠳᠤᠨ᠎ᠠ᠃    ︵ᠭᠤᠷᠪᠠ︶ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠵᠤ᠂ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠴᠢᠬᠤᠯᠠ ᠭᠤᠣᠯ ᠮᠥᠷᠡᠨ ᠨᠠᠭᠤᠷ ᠪᠦᠷᠢᠳᠤ ᠶᠢᠨ ᠤᠰᠣᠨ ᠤ ᠴᠢᠳᠠᠮᠵᠢᠲᠦ ᠣᠷᠣᠨ ᠤ ᠬᠤᠪᠢᠶᠠᠷᠢᠯᠠᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠤᠰᠤᠨ ᠣᠷᠣᠨ ᠤ ᠪᠣᠬᠢᠷᠳᠣᠯ ᠢ ᠠᠭᠤᠯᠬᠤ ᠴᠢᠳᠠᠪᠤᠷᠢ ᠶᠢ ᠬᠢᠨᠠᠨ ᠲᠣᠭᠲᠠᠭᠠᠵᠤ᠂ ᠪᠣᠬᠢᠷᠳᠣᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠰᠠᠨᠠᠭᠤᠯᠭ᠎ᠠ ᠲᠤᠷᠠᠳᠤᠨ᠎ᠠ︔ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠠᠵᠢᠯ ᠢ ᠵᠢᠯᠣᠭᠤᠳᠴᠤ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠪᠠ ᠬᠤᠲᠠ ᠶᠢᠨ ᠲᠥᠯᠥᠪᠵᠢᠭᠦᠯᠭᠡ ᠶᠢᠨ ᠤᠷᠤᠨ ᠤ ᠭᠠᠵᠠᠷ ᠳᠣᠣᠷᠠᠬᠢ ᠤᠰᠤᠨ ᠤ ᠰᠤᠷᠪᠤᠯᠵᠢ ᠶᠢ ᠬᠠᠮᠠᠭᠠᠯᠠᠬᠤ ᠠᠵᠢᠯ ᠢ ᠵᠢᠯᠣᠭᠤᠳᠤᠨ᠎ᠠ᠃    ︵ᠳᠦᠷᠪᠡ︶ ᠤᠰᠤᠳᠤᠯ ᠭᠠᠩᠳᠠᠯ ᠤᠨ ᠭᠠᠢ ᠭᠠᠮᠰᠢᠭ ᠢ ᠰᠡᠷᠭᠡᠶᠢᠯᠡᠬᠦ ᠶᠢ ᠬᠠᠷᠢᠭᠤᠴᠠᠵᠤ᠂ ᠲᠦᠷᠪᠡᠤᠨ ᠬᠤᠰᠢᠭᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠪᠤᠲᠠᠲᠠᠢ ᠠᠵᠢᠯ ᠢ ᠡᠭᠦᠷᠭᠡᠯᠡᠨ᠎ᠡ︔ ᠲᠦᠷᠪᠡᠤᠨ ᠬᠤᠰᠢᠭᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠵᠤ᠂ ᠬᠢᠨᠠᠯᠲᠠ ᠲᠠᠯᠪᠢᠵᠤ᠂ ᠵᠢᠯᠣᠭᠤᠳᠴᠤ᠂ ᠴᠢᠬᠤᠯᠠ ᠭᠤᠣᠯ ᠮᠥᠷᠡᠨ ᠨᠠᠭᠤᠷ ᠪᠦᠷᠢᠳᠤ ᠪᠠ ᠴᠢᠬᠤᠯᠠ ᠤᠰᠤᠨ ᠢᠨᠵᠧᠨᠧᠷᠢᠩ ᠳᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠲᠣᠬᠢᠷᠠᠭᠤᠯᠭ᠎ᠠ ᠬᠢᠬᠦ ᠪᠠ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠲᠣᠬᠢᠷᠠᠭᠤᠯᠭ᠎ᠠ ᠶᠢ ᠬᠡᠷᠡᠭᠵᠢᠭᠦᠯᠵᠦ᠂ ᠲᠦᠷᠪᠡᠤᠨ ᠬᠤᠰᠢᠭᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠰᠤᠨ ᠠᠰᠢᠭᠯᠠᠯᠲᠠ ᠶᠢᠨ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃    ︵ᠲᠠᠪᠤ︶ ᠤᠰᠤ ᠶᠢ ᠠᠷᠪᠢᠯᠠᠨ ᠬᠡᠷᠡᠭᠯᠡᠬᠦᠯᠬᠦ ᠠᠵᠢᠯ ᠢ ᠬᠠᠷᠢᠭᠤᠴᠠᠵᠤ᠂ ᠤᠰᠤ ᠠᠷᠪᠢᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠤᠰᠤ ᠠᠷᠪᠢᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠤᠯᠪᠣᠭᠳᠠᠯ ᠪᠦᠬᠦᠢ ᠪᠠᠷᠢᠮᠵᠢᠶ᠎ᠠ ᠲᠣᠭᠲᠠᠭᠠᠵᠤ᠂ ᠠᠷᠪᠢᠴᠢ ᠨᠡᠶᠢᠬᠡᠮ ᠤᠨ ᠪᠦᠲᠦᠭᠡᠨ ᠪᠠᠶᠢᠭᠤᠯᠤᠯᠳᠠ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃    ︵ᠵᠢᠷᠭᠤᠭ᠎ᠠ︶ ᠤᠰᠤᠨ ᠤ ᠰᠢᠨᠵᠢᠯᠡᠭᠡᠨ ᠤ ᠠᠵᠢᠯ ᠢ ᠵᠢᠯᠣᠭᠤᠳᠴᠤ᠂ ᠤᠰᠤᠨ ᠰᠢᠨᠵᠢᠯᠡᠭᠡᠨ ᠤ ᠡᠬᠢ ᠪᠠᠶᠠᠯᠢᠭ ᠤᠨ ᠬᠢᠨᠠᠨ ᠬᠡᠮᠵᠢᠯᠳᠡ᠂ ᠪᠦᠬᠦ ᠣᠷᠣᠨ ᠤ ᠤᠰᠤᠨ ᠰᠢᠨᠵᠢᠯᠡᠭᠡᠨ ᠤ ᠲᠣᠣᠷ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ︔ ᠭᠤᠣᠯ ᠮᠥᠷᠡᠨ ᠨᠠᠭᠤᠷ ᠴᠥᠬᠦᠷᠥᠮ ᠪᠠ ᠭᠠᠵᠠᠷ ᠳᠣᠣᠷᠠᠬᠢ ᠤᠰᠤᠨ ᠤ ᠬᠡᠮᠵᠢᠶ᠎ᠡ᠂ ᠤᠰᠤᠨ ᠤ ᠴᠢᠨᠠᠷ ᠲᠤ ᠬᠢᠨᠠᠨ ᠬᠡᠮᠵᠢᠯᠲᠡ ᠬᠢᠵᠦ᠂ ᠤᠰᠤᠨ ᠰᠢᠨᠵᠢᠯᠡᠭᠡᠨ ᠤ ᠡᠬᠢ ᠪᠠᠶᠠᠯᠢᠭ ᠤᠨ ᠮᠡᠳᠡᠭᠡ ᠵᠠᠩᠭᠢ᠂ ᠴᠢᠮᠡᠭᠡ ᠮᠡᠳᠡᠭᠡ ᠶᠢ ᠤᠷᠢᠳᠴᠢᠯᠠᠨ ᠮᠡᠳᠡᠭᠡᠯᠡᠬᠦ ᠪᠠ ᠤᠰᠤᠨ ᠤ ᠰᠤᠷᠪᠤᠯᠵᠢ ᠶᠢᠨ ᠠᠯᠪᠠᠨ ᠮᠡᠳᠡᠭᠡ ᠶᠢ ᠨᠡᠶᠢᠲᠡᠯᠡᠨ᠎ᠡ᠃    ︵ᠳᠣᠯᠤᠭ᠎ᠠ︶ ᠣᠰᠣᠨ ᠠᠰᠢᠭᠯᠠᠯᠲᠠ ᠶᠢᠨ ᠪᠡᠯᠡᠳᠬᠡᠮᠵᠢ᠂ ᠤᠷᠤᠰᠬᠠᠯ ᠤᠨ ᠤᠷᠤᠨ ᠵᠢᠴᠢ ᠡᠷᠭᠢ ᠳᠠᠭᠠᠤ ᠶᠢᠨ ᠬᠠᠮᠢᠶᠠᠷᠤᠯᠲᠠ ᠪᠠ ᠬᠠᠮᠠᠭᠠᠯᠠᠯᠲᠠ ᠶᠢ ᠵᠢᠯᠣᠭᠤᠳᠴᠤ᠂ ᠲᠦᠷᠪᠡᠤᠨ ᠬᠤᠰᠢᠭᠤᠨ ᠤ ᠴᠢᠬᠤᠯᠠ ᠭᠤᠣᠯ ᠮᠥᠷᠡᠨ᠂ ᠨᠠᠭᠤᠷ ᠪᠦᠷᠢᠳᠤ᠂ ᠴᠥᠬᠦᠷᠥᠮ ᠵᠢᠴᠢ ᠭᠤᠣᠯ ᠤᠨ ᠤᠯᠤᠮ ᠢ ᠵᠠᠰᠠᠬᠤ ᠪᠠ ᠨᠡᠭᠡᠭᠡᠨ ᠬᠦᠭᠵᠢᠭᠦᠯᠬᠦ ᠶᠢ ᠵᠢᠯᠣᠭᠤᠳᠤᠨ᠎ᠠ ︔ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠴᠤ᠂ ᠡᠵᠡᠮᠰᠢᠯ ᠤᠨ ᠴᠢᠨᠠᠷ ᠲᠠᠢ ᠪᠠ ᠠᠶᠢᠮᠠᠭ ᠬᠤᠲᠠ ᠰᠤᠨᠳᠠᠯᠠᠭᠰᠠᠨ ᠴᠢᠬᠤᠯᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ ᠠᠵᠢᠯᠯᠠᠭᠠᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠨᠠᠢᠮᠠ︶ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢ ᠬᠠᠷᠢᠭᠤᠴᠠᠵᠤ᠂ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠦᠷᠦᠰᠦ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠭᠰᠠᠨ ᠬᠤᠭᠤᠴᠠᠭ᠎ᠠ ᠲᠠᠢ ᠪᠠᠷ ᠤᠯᠠᠨ ᠳᠤ ᠵᠠᠷᠯᠠᠨ᠎ᠠ︔ ᠲᠦᠷᠪᠡᠤᠨ ᠬᠤᠰᠢᠭᠤᠨ ᠠᠴᠠ ᠲᠣᠭᠲᠠᠭᠠᠭᠰᠠᠨ ᠪᠦᠲᠦᠭᠡᠨ ᠪᠠᠶᠢᠭᠤᠯᠬᠤ ᠲᠦᠷᠦᠯ ᠵᠦᠢᠯ ᠤᠨ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠲᠦᠰᠦᠯ ᠢ ᠬᠢᠨᠠᠨ ᠵᠥᠪᠰᠢᠶᠡᠷᠡᠬᠦ᠂ ᠬᠢᠨᠠᠯᠲᠠ ᠲᠠᠯᠪᠢᠨ ᠬᠡᠷᠡᠭᠵᠢᠭᠦᠯᠬᠦ ᠵᠢᠴᠢ ᠬᠥᠷᠥᠰᠥ ᠰᠢᠷᠤᠢ ᠶᠢᠨ ᠬᠠᠮᠠᠭᠠᠯᠠᠯᠲᠠ ᠶᠢᠨ ᠪᠡᠯᠡᠳᠬᠡᠮᠵᠢ ᠶᠢᠨ ᠰᠢᠯᠭᠠᠨ ᠠᠪᠬᠤ ᠠᠵᠢᠯ ᠢ ᠬᠠᠷᠢᠭᠤᠴᠠᠨ᠎ᠠ︔ ᠭᠤᠤᠯᠳᠠᠯᠭ᠎ᠠ ᠲᠠᠢ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠡᠷᠡᠭᠵᠢᠭᠦᠯᠦᠯᠲᠡ ᠶᠢ ᠵᠢᠯᠣᠭᠤᠳᠤᠨ᠎ᠠ᠃    ︵ᠶᠢᠰᠦ︶ ᠮᠠᠯᠵᠢᠬᠤ ᠲᠠᠷᠢᠶᠠᠯᠠᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠴᠤ᠂ ᠲᠦᠷᠪᠡᠤᠨ ᠬᠤᠰᠢᠭᠤᠨ ᠤ ᠲᠠᠷᠢᠶᠠᠨ ᠭᠠᠵᠠᠷ ᠬᠠᠳᠤᠯᠠᠩ ᠪᠡᠯᠴᠢᠭᠡᠷ ᠤᠨ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤ ᠶᠢ ᠠᠶᠤᠯ ᠦᠭᠡᠢ ᠪᠠᠶᠢᠯᠭᠠᠬᠤ᠂ ᠤᠰᠤᠨ ᠳᠤ ᠠᠷᠪᠢᠲᠠᠢ ᠤᠰᠤᠯᠠᠯᠲᠠ ᠬᠢᠬᠦ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ︔ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠴᠤ᠂ ᠮᠠᠯᠵᠢᠬᠤ ᠲᠠᠷᠢᠶᠠᠯᠠᠬᠤ ᠣᠷᠣᠨ ᠤ ᠤᠰᠤᠨ ᠠᠰᠢᠭᠯᠠᠯᠲᠠ ᠪᠣᠯᠣᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ︔ ᠲᠤᠭᠳᠠᠭᠠᠯ ᠶᠤᠰᠤᠭᠠᠷ ᠮᠠᠯᠵᠢᠬᠤ ᠲᠠᠷᠢᠶᠠᠯᠠᠬᠤ ᠣᠷᠣᠨ ᠤ ᠤᠰᠤᠨ ᠡᠨᠧᠷᠭᠢ ᠶᠢᠨ ᠡᠬᠢ ᠪᠠᠶᠠᠯᠢᠭ ᠤᠨ ᠨᠡᠭᠡᠭᠡᠨ ᠬᠦᠭᠵᠢᠭᠦᠯᠬᠦ ᠠᠵᠢᠯ ᠢ ᠵᠢᠯᠣᠭᠤᠳᠴᠤ᠂ ᠤᠰᠤᠨ ᠴᠠᠬᠢᠯᠭᠠᠨ ᠢᠶᠠᠷ ᠬᠦᠳᠡᠭᠡ ᠲᠣᠰᠬᠤᠨ ᠢ ᠴᠠᠬᠢᠯᠭᠠᠨᠵᠢᠭᠤᠯᠬᠤ ᠪᠠ ᠵᠢᠵᠢᠭ ᠤᠰᠤᠨ ᠴᠠᠬᠢᠯᠭᠠᠨ ᠢᠶᠠᠷ ᠰᠢᠳᠠᠭᠠᠯᠭ᠎ᠠ ᠶᠢ ᠤᠷᠤᠯᠠᠭᠤᠯᠬᠤ ᠠᠵᠢᠯ ᠢ ᠵᠢᠯᠣᠭᠤᠳᠤᠨ᠎ᠠ᠃    ︵ᠠᠷᠪᠠ︶ ᠲᠦᠷᠪᠡᠤᠨ ᠬᠤᠰᠢᠭᠤᠨ ᠤ ᠤᠰᠤ ᠠᠰᠢᠭᠯᠠᠯᠲᠠ ᠲᠠᠢ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠠᠶᠢᠮᠠᠭ ᠬᠤᠲᠠ ᠰᠤᠨᠳᠠᠯᠠᠭᠰᠠᠨ ᠤᠰᠤᠨ ᠤ ᠶᠠᠪᠤᠳᠠᠯ ᠤᠨ ᠵᠢᠭᠤᠷᠠᠯᠳᠤᠭᠠᠨ ᠢ ᠵᠤᠬᠢᠴᠠᠭᠤᠯᠬᠤ ᠪᠠ ᠬᠦᠨᠳᠡᠯᠡᠨ ᠠᠴᠠ ᠲᠠᠰᠤᠯᠤᠨ ᠰᠢᠢᠳᠪᠤᠷᠢᠯᠠᠵᠦ᠂ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ︔ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠠᠤᠯᠢ ᠶᠤᠰᠤᠭᠠᠷ ᠬᠠᠷᠢᠭᠤᠴᠠᠵᠤ᠂ ᠤᠰᠤᠨ ᠴᠦᠭᠦᠷᠥᠮ᠂ ᠤᠰᠤᠨ ᠴᠠᠬᠢᠯᠭᠠᠨ ᠤ ᠥᠷᠲᠡᠭᠡ ᠶᠢᠨ ᠲᠣᠮᠣ ᠬᠠᠰᠢᠯᠭ᠎ᠠ ᠶᠢᠨ ᠠᠮᠤᠷ ᠲᠦᠪᠰᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠢᠯᠣᠭᠤᠳᠴᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃    ︵ᠠᠷᠪᠠᠨ ᠨᠢᠭᠡ︶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠭᠠᠳᠠᠭᠠᠳᠤ ᠶᠠᠪᠤᠳᠠᠯ ᠤᠨ ᠠᠵᠢᠯ ᠢ ᠥᠷᠨᠢᠭᠦᠯᠵᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠮᠡᠷᠭᠡᠵᠢᠯ ᠤᠨ ᠪᠠᠷᠢᠮᠵᠢᠶ᠎ᠠ᠂ ᠳᠦᠷᠢᠮ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠵᠦ᠂ ᠣᠯᠠᠨ ᠣᠯᠣᠰ ᠤᠨ ᠭᠤᠣᠯ ᠮᠥᠷᠡᠨ ᠤ ᠭᠠᠳᠠᠭᠠᠳᠤ ᠲᠠᠢ ᠬᠤᠯᠪᠤᠭᠳᠠᠬᠤ ᠬᠤᠯᠪᠤᠭᠳᠠᠯ ᠪᠦᠬᠦᠢ ᠬᠡᠷᠡᠭ ᠶᠠᠪᠤᠳᠠᠯ ᠢ ᠡᠷᠬᠢᠯᠡᠨ ᠭᠦᠢᠴᠡᠳᠬᠡᠨ᠎ᠡ᠃    ︵ᠠᠷᠪᠠᠨ ᠬᠤᠶᠠᠷ︶ ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠦᠢᠴᠡᠳᠭᠡᠯᠭᠡᠬᠦ ᠪᠠᠷ ᠲᠤᠰᠢᠶᠠᠭᠰᠠᠨ ᠪᠣᠰᠣᠳ ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃  
 
ᠢᠷᠡᠯᠲᠡ᠄ ᠤᠰᠤᠨ ᠠᠰᠢᠭᠯᠠᠯᠲᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2