ᠰᠤᠶᠤᠯ ᠪᠠ ᠵᠢᠭᠤᠯᠴᠢᠯᠠᠯ ᠤᠨ ᠲᠤᠪᠴᠢᠶ᠎ᠠ
ᠨᠡᠶᠢᠲᠡᠯᠡᠭᠰᠡᠨ ᠴᠠᠭ᠄
2019-05-29
ᠭᠤᠤᠯ ᠡᠭᠦᠷᠬᠡ ᠬᠠᠷᠢᠭᠤᠴᠠᠯᠭ᠎ᠠ᠄    ︵ᠨᠢᠭᠡ︶ ᠰᠣᠶᠣᠯ ᠣᠷᠠᠯᠢᠭ ᠤᠨ ᠠᠵᠢᠯ ᠤᠨ ᠲᠤᠬᠠᠢ ᠤᠯᠤᠰ ᠤᠨ ᠬᠤᠯᠪᠤᠭᠳᠠᠯ ᠪᠥᠬᠦᠢ ᠴᠢᠭᠯᠡᠯᠳᠡ᠂ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠤ᠂ ᠪᠦᠬᠦ ᠣᠷᠣᠨ ᠤ ᠰᠣᠶᠣᠯ ᠤᠨ ᠪᠠᠶᠢᠭᠤᠯᠤᠯᠳᠠ ᠶᠢᠨ ᠣᠷᠣᠨ ᠨᠤᠲᠤᠭ ᠤᠨ ᠴᠢᠨᠠᠷᠲᠠᠢ ᠬᠠᠣᠯᠢ ᠲᠣᠭᠲᠠᠭᠠᠯ ᠲᠦᠷᠢᠮ ᠲᠤᠭᠳᠠᠭᠠᠯ ᠤᠨ ᠡᠬᠡ ᠲᠦᠰᠥᠯ ᠪᠤᠯᠤᠨ ᠲᠦᠷᠦ ᠶᠢᠨ ᠪᠣᠳᠣᠯᠭ᠎ᠠ ᠶᠢ ᠲᠤᠭᠤᠷᠪᠢᠨ᠎ᠠ︔ ᠲᠦᠷᠪᠡᠤᠨ ᠬᠤᠰᠢᠭᠤᠨ ᠤ ᠰᠣᠶᠣᠯ ᠣᠷᠠᠯᠢᠭ ᠤᠨ ᠦᠢᠯᠡᠰ᠂ ᠰᠣᠶᠣᠯ ᠤᠨ ᠠᠵᠣ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ ᠪᠤᠯᠤᠨ ᠣᠨ ᠤ ᠲᠦᠯᠦᠪᠯᠡᠭᠡ ᠶᠢ ᠲᠣᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠲᠦᠷᠪᠡᠤᠨ ᠬᠤᠰᠢᠭᠤᠨ ᠤ ᠰᠣᠶᠣᠯ ᠤᠨ ᠰᠢᠰᠢᠲ᠋ᠧᠮ ᠤᠨ ᠪᠠᠶᠢᠭᠤᠯᠤᠯ ᠲᠣᠭᠲᠠᠴᠠ ᠶᠢᠨ ᠦᠭᠡᠷᠡᠴᠢᠯᠡᠯᠳᠡ ᠶᠢᠨ ᠠᠵᠢᠯ ᠢ ᠵᠢᠯᠣᠭᠤᠳᠤᠨ᠎ᠠ᠃    ︵ᠬᠤᠶᠠᠷ︶ ᠣᠳᠬ᠎ᠠ ᠵᠤᠬᠢᠶᠠᠯ ᠣᠷᠠᠯᠢᠭ ᠤᠨ ᠦᠢᠯᠡᠰ ᠢ ᠵᠢᠯᠣᠭᠤᠳᠣᠨ ᠬᠠᠮᠢᠶᠠᠷᠴᠣ᠂ ᠣᠳᠬ᠎ᠠ ᠵᠣᠬᠢᠶᠠᠯ ᠣᠷᠠᠯᠢᠭ ᠤᠨ ᠵᠣᠬᠢᠶᠠᠨ ᠪᠦᠳᠦᠭᠡᠬᠦ ᠪᠠ ᠦᠢᠯᠡᠳᠬᠦ ᠶᠢ ᠵᠢᠯᠣᠭᠤᠳᠣᠨ᠎ᠠ︔ ᠲᠦᠯᠦᠭᠡᠯᠡᠬᠦ ᠴᠢᠨᠠᠷ᠂ ᠵᠢᠱᠢᠶ᠎ᠠ ᠦᠵᠡᠭᠦᠯᠬᠦ ᠴᠢᠨᠠᠷ᠂ ᠲᠤᠷᠰᠢᠯᠳᠠ ᠶᠢᠨ ᠴᠢᠨᠠᠷ ᠲᠠᠢ ᠰᠣᠶᠣᠯ ᠣᠷᠠᠯᠢᠭ ᠤᠨ ᠲᠦᠷᠦᠯ ᠵᠦᠢᠯ ᠢ ᠲᠡᠳᠭᠦᠨ᠂ ᠡᠯ᠎ᠡ ᠲᠦᠷᠦᠯ ᠵᠦᠢᠯ ᠤᠨ ᠣᠳᠬ᠎ᠠ ᠵᠣᠬᠢᠶᠠᠯ ᠣᠷᠠᠯᠢᠭ ᠤᠨ ᠬᠦᠭᠵᠢᠯᠳᠡ ᠶᠢ ᠲᠦᠯᠬᠢᠨ ᠣᠷᠣᠭᠰᠢᠯᠠᠭᠤᠯᠵᠤ᠂ ᠲᠦᠷᠪᠡᠤᠨ ᠬᠤᠰᠢᠭᠤᠨ ᠤ ᠴᠢᠨᠠᠷᠲᠠᠢ ᠴᠢᠬᠤᠯᠠ ᠶᠡᠭᠡ ᠰᠣᠶᠣᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠵᠤ ᠬᠠᠮᠢᠶᠠᠷᠤᠨ᠎ᠠ︔ ᠲᠦᠷᠪᠡᠤᠨ ᠬᠤᠰᠢᠭᠤᠨ ᠤ ᠰᠣᠶᠣᠯ ᠣᠷᠠᠯᠢᠭ ᠤᠨ ᠴᠢᠳᠠᠪᠦᠷᠢᠳᠠᠨ ᠪᠣᠯᠪᠠᠰᠤᠷᠠᠭᠤᠯᠬᠤ ᠠᠵᠢᠯ ᠢ ᠵᠢᠯᠣᠭᠤᠳᠣᠨ᠂ ᠰᠤᠶᠤᠯ ᠤᠨ ᠰᠢᠨᠵᠢᠯᠡᠬᠦ ᠤᠬᠠᠭᠠᠨ ᠤ ᠰᠣᠳᠣᠯᠤᠯ ᠤᠨ ᠠᠵᠢᠯ ᠪᠤᠯᠤᠨ ᠰᠣᠶᠣᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠪᠠᠶᠢᠭᠤᠯᠤᠯᠳᠠ ᠶᠢ ᠵᠢᠯᠤᠭᠤᠳᠤᠨ᠎ᠠ᠃    ︵ᠭᠤᠷᠪᠠ︶ᠲᠦᠷᠪᠡᠤᠨ ᠬᠤᠰᠢᠭᠤᠨ ᠤ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡ ᠶᠢ ᠲᠦᠯᠬᠢᠨ ᠠᠬᠢᠭᠤᠯᠵᠤ᠂ ᠣᠯᠠᠨ ᠨᠡᠶᠢᠳᠡ ᠶᠢᠨ ᠰᠣᠶᠣᠯ ᠤᠨ ᠪᠥᠲᠦᠬᠡᠭᠳᠡᠭᠦᠨ ᠦᠢᠯᠡᠳᠬᠦ ᠶᠢ ᠲᠥᠯᠥᠪᠵᠢᠭᠦᠯᠬᠦ ᠪᠠ ᠬᠥᠲᠥᠯᠥᠨ ᠵᠢᠯᠣᠭᠤᠳᠴᠣ᠂ ᠪᠦᠬᠦ ᠣᠷᠣᠨ ᠤ ᠭᠤᠣᠯᠳᠠᠯᠭ᠎ᠠ ᠲᠠᠢ ᠰᠣᠶᠣᠯ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠪᠤᠯᠤᠨ ᠦᠨᠳᠦᠰᠦᠨ ᠱᠠᠳᠣᠨ ᠤ ᠰᠣᠶᠣᠯ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢ ᠵᠢᠯᠣᠭᠤᠳᠤᠨ᠎ᠠ᠃    ︵ᠲᠦᠷᠪᠡ︶ ᠲᠦᠷᠪᠡᠤᠨ ᠬᠤᠰᠢᠭᠤᠨ ᠤ ᠨᠡᠶᠢᠭᠡᠮ ᠤᠨ ᠰᠣᠶᠣᠯ ᠤᠨ ᠦᠢᠯᠡᠰ ᠢ ᠵᠢᠯᠤᠭᠤᠳᠤᠨ ᠬᠠᠮᠢᠶᠠᠷᠴᠣ᠂ ᠲᠦᠷᠪᠡᠤᠨ ᠬᠤᠰᠢᠭᠤᠨ ᠤ ᠨᠣᠮ ᠤᠨ ᠰᠠᠩ᠂ ᠦᠵᠡᠰᠭᠦᠯᠡᠩ ᠤᠨ ᠣᠷᠳᠣᠨ᠂ ᠣᠯᠠᠨ ᠲᠦᠮᠡᠨ ᠤ ᠣᠷᠠᠯᠢᠭ ᠤᠨ ᠣᠷᠳᠣᠨ᠂ ᠰᠣᠶᠣᠯ ᠤᠨ ᠣᠷᠳᠣᠨ ︵ᠦᠷᠳᠡᠭᠡ︶ ᠤ ᠠᠵᠢᠯ ᠦᠢᠯᠡᠰ ᠪᠤᠯᠤᠨ ᠦᠨᠳᠣᠰᠦᠨ ᠱᠠᠳᠣᠨ ᠤ ᠰᠣᠶᠣᠯ ᠤᠨ ᠪᠠᠶᠢᠭᠤᠯᠤᠯᠳᠠ ᠶᠢ ᠵᠢᠯᠤᠭᠤᠳᠤᠨ᠎ᠠ᠃    ︵ᠲᠠᠪᠤ︶ ᠲᠦᠷᠪᠡᠤᠨ ᠬᠤᠰᠢᠭᠤᠨ ᠤ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ ᠲᠦᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠦ ᠬᠢᠨᠠᠯᠳᠠ ᠲᠠᠯᠪᠢᠨ ᠬᠡᠷᠡᠭᠵᠢᠭᠦᠯᠵᠣ᠂ ᠣᠷᠣᠨ ᠨᠤᠲᠤᠭ ᠤᠨ ᠴᠢᠨᠠᠷᠲᠠᠢ ᠬᠠᠮᠢᠶ᠎ᠠ ᠪᠦᠬᠦᠢ ᠬᠠᠣᠯᠢ ᠲᠦᠷᠢᠮ ᠲᠤᠭᠳᠠᠭᠠᠯ ᠤᠨ ᠡᠬᠡ ᠨᠤᠤᠷᠠᠭ ᠢ ᠲᠤᠭᠤᠷᠪᠢᠨ᠎ᠠ᠃ ᠲᠦᠷᠪᠡᠤᠨ ᠬᠤᠰᠢᠭᠤᠨ ᠤ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ ᠠᠵᠢᠯ ᠪᠤᠯᠤᠨ ᠦᠨᠳᠦᠰᠦᠳᠡᠨ ᠤ ᠰᠢᠯᠢᠳᠡᠭ ᠰᠣᠶᠣᠯ ᠢ ᠣᠯᠠᠮᠵᠢᠯᠠᠨ ᠲᠦᠭᠡᠮᠡᠯᠵᠢᠭᠦᠯᠬᠦ ᠠᠵᠢᠯ ᠢ ᠵᠤᠬᠢᠶᠠᠨ ᠪᠠᠶᠢᠭᠤᠯᠵᠤ ᠶᠠᠪᠤᠭᠳᠠᠭᠤᠯᠤᠨ᠎ᠠ᠃    ︵ᠵᠢᠷᠭᠤᠭ᠎ᠠ︶ ᠲᠦᠷᠪᠡᠤᠨ ᠬᠤᠰᠢᠭᠤᠨ ᠤ ᠰᠣᠶᠣᠯ ᠤᠨ ᠵᠠᠬ᠎ᠠ ᠲᠡᠯᠭᠡᠭᠦᠷ ᠤᠨ ᠬᠦᠭᠵᠢᠯᠳᠡ ᠶᠢᠨ ᠲᠦᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠦ ᠬᠢᠨᠠᠯᠳᠠ ᠲᠠᠯᠪᠢᠨ ᠬᠡᠷᠡᠭᠵᠢᠭᠦᠯᠵᠣ᠂ ᠰᠣᠶᠣᠯ ᠤᠨ ᠵᠠᠬ᠎ᠠ ᠲᠡᠯᠭᠡᠭᠦᠷ ᠢ ᠪᠤᠶᠢᠵᠢᠭᠤᠯᠬᠤ ᠪᠠ ᠲᠡᠭᠦᠯᠳᠡᠷᠵᠢᠭᠦᠯᠦᠨ᠎ᠡ︔ ᠰᠣᠶᠣᠯ ᠤᠨ ᠵᠠᠬ᠎ᠠ ᠲᠡᠯᠭᠡᠭᠦᠷ ᠤᠨ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠬᠦ ᠠᠵᠢᠯ ᠢ ᠵᠢᠯᠤᠭᠤᠳᠴᠤ᠂ ᠬᠢᠨᠠᠯᠳᠠ ᠲᠠᠯᠪᠢᠨ ᠬᠠᠮᠢᠶᠠᠷᠴᠣ᠂ ᠲᠦᠷᠪᠡᠤᠨ ᠬᠤᠰᠢᠭᠤᠨ ᠤ ᠰᠣᠶᠣᠯ ᠣᠷᠠᠯᠢᠭ ᠡᠵᠡᠩᠨᠡᠬᠦ ᠠᠵᠢᠯᠯᠠᠭ᠎ᠠ ᠳᠤ ᠠᠵᠢᠯ ᠲᠦᠷᠦᠯ ᠤᠨ ᠬᠢᠨᠠᠨ ᠬᠠᠮᠢᠶᠠᠷᠬᠤ ᠶᠢ ᠬᠠᠷᠢᠭᠤᠴᠠᠨ᠂ ᠲᠣᠭᠯᠠᠯᠲᠠ ᠶᠢᠨ ᠣᠷᠠᠯᠢᠭ ᠤᠨ ᠠᠵᠢᠯᠯᠠᠭ᠎ᠠ ᠡᠷᠬᠢᠯᠡᠵᠣ ᠪᠠᠶᠢᠭ᠎ᠠ ᠠᠷᠠᠳ ᠠᠴᠠ ᠡᠷᠬᠢᠯᠡᠭᠰᠡᠨ ᠪᠠᠶᠢᠭᠤᠯᠤᠮᠵᠢ ᠶᠢ ᠬᠢᠨᠠᠨ ᠬᠠᠮᠢᠶᠠᠷᠬᠤ ᠠᠵᠢᠯ ᠢ ᠵᠢᠯᠤᠭᠤᠳᠤᠨ᠎ᠠ᠃    ︵ᠲᠤᠯᠤᠭ᠎ᠠ︶ ᠲᠦᠷᠪᠡᠤᠨ ᠬᠤᠰᠢᠭᠤᠨ ᠤ ᠤᠳᠬ᠎ᠠ ᠣᠷᠠᠯᠢᠭ ᠤᠨ ᠲᠥᠷᠥᠯ ᠤᠨ ᠪᠥᠲᠦᠬᠡᠭᠳᠡᠭᠦᠨ ᠢ ᠰᠦᠯᠵᠢᠶ᠎ᠡ ᠪᠠᠷ ᠨᠡᠪᠲᠡᠷᠡᠭᠦᠯᠬᠦ ᠶᠢᠨ ᠤᠷᠢᠳᠠᠴᠢ ᠬᠢᠨᠠᠨ ᠬᠠᠷᠭᠤᠭᠤᠯᠬᠤ ᠪᠠ ᠮᠡᠳᠡᠭᠦᠯᠦᠨ ᠵᠦᠪᠰᠢᠶᠡᠷᠡᠭᠦᠯᠬᠦ ᠠᠵᠢᠯ ᠢ ᠬᠠᠷᠢᠭᠤᠴᠠᠨ᠂ ᠰᠦᠯᠵᠢᠶ᠎ᠡ ᠶᠢᠨ ᠪᠠᠭᠠᠷ ᠵᠡᠷᠭᠡ ᠰᠦᠯᠵᠢᠶ᠎ᠡ ᠳᠤ ᠭᠠᠷᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠲᠤ ᠡᠵᠡᠩᠨᠡᠬᠦ ᠵᠦᠪᠰᠢᠶᠡᠷᠡᠯ ᠤᠨ ᠦᠨᠡᠮᠯᠡᠯ ᠢᠶᠠᠷ ᠬᠠᠮᠢᠶᠠᠷᠬᠤ ᠶᠢ ᠬᠠᠷᠢᠭᠤᠴᠠᠵᠣ᠂ ᠰᠦᠯᠵᠢᠶᠡᠨ ᠲᠤᠭᠯᠠᠭᠠᠮ ᠤᠨ ᠦᠢᠯᠡᠴᠢᠯᠡᠭᠡ ᠶᠢ ᠬᠢᠨᠠᠨ ᠬᠠᠮᠢᠶᠠᠷᠣᠨ᠎ᠠ ︵ᠰᠦᠯᠵᠢᠶᠡᠨ ᠲᠤᠭᠯᠠᠭᠠᠮ ᠤᠨ ᠰᠦᠯᠵᠢᠶ᠎ᠡ ᠳᠡᠭᠡᠷ᠎ᠡ ᠭᠠᠷᠭᠠᠬᠤ ᠶᠢᠨ ᠤᠷᠢᠳᠠᠴᠢ ᠬᠢᠨᠠᠨ ᠵᠦᠪᠰᠢᠶᠡᠷᠡᠬᠦ ᠪᠠᠭᠳᠠᠭᠠᠬᠤ ᠦᠭᠡᠢ︶᠃    ︵ᠨᠠᠢᠮᠠ︶ ᠲᠦᠷᠪᠡᠤᠨ ᠬᠤᠰᠢᠭᠤᠨ ᠤ ᠺᠠᠷᠲ᠋ᠣᠨ ᠵᠢᠷᠤᠭ ᠱᠤᠭ ᠵᠢᠷᠤᠭ᠂ ᠲᠤᠭᠯᠠᠭᠠᠮ ᠤᠨ ᠠᠵᠤ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠦᠷᠪᠡᠤᠨ ᠬᠤᠰᠢᠭᠤᠨ ᠤ ᠺᠠᠷᠲ᠋ᠣᠨ ᠵᠢᠷᠤᠭ ᠱᠤᠭ ᠵᠢᠷᠤᠭ᠂ ᠰᠦᠯᠵᠢᠶᠡᠨ ᠲᠣᠭᠯᠠᠭᠠᠮ ᠤᠨ ᠠᠵᠤ ᠦᠢᠯᠡᠰ ᠤᠨ ᠬᠦᠭᠵᠢᠯᠳᠡ ᠶᠢ ᠵᠢᠯᠤᠭᠤᠳᠣᠨ ᠵᠣᠬᠢᠴᠠᠭᠤᠯᠤᠨ᠎ᠠ᠃    ︵ᠶᠢᠰᠦ︶ ᠲᠡᠣᠬᠡ ᠶᠢᠨ ᠲᠣᠷᠠᠰᠬᠠᠯᠲᠦ ᠵᠦᠢᠯᠡᠰ ᠤᠨ ᠬᠠᠭᠤᠴᠢ ᠰᠣᠳᠣᠯᠣᠯ᠂ ᠮᠦᠽᠸᠢ ᠶᠢᠨ ᠦᠢᠯᠡᠰ ᠢ ᠵᠢᠯᠤᠭᠤᠳᠬᠤ ᠪᠠ ᠬᠠᠮᠢᠶᠠᠷᠴᠣ᠂ ᠲᠡᠣᠬᠡ ᠶᠢᠨ ᠲᠣᠷᠠᠰᠬᠠᠯᠲᠦ ᠵᠦᠢᠯᠡᠰ ᠢ ᠠᠪᠣᠷᠠᠬᠤ᠂ ᠬᠠᠮᠠᠭᠠᠯᠠᠬᠤ ᠪᠠ ᠠᠰᠢᠭᠯᠠᠬᠤ ᠠᠵᠢᠯ ᠳᠤ ᠬᠢᠨᠠᠯᠲᠠ ᠲᠠᠯᠪᠢᠵᠦ ᠵᠢᠯᠣᠭᠤᠳᠣᠨ᠎ᠠ︔ ᠲᠦᠷᠪᠡᠤᠨ ᠬᠤᠰᠢᠭᠤᠨ ᠤ ᠲᠡᠣᠬᠡ ᠶᠢᠨ ᠲᠣᠷᠠᠰᠬᠠᠯᠲᠦ ᠵᠦᠢᠯᠡᠰ ᠤᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠠᠵᠢᠯ ᠳᠤ ᠬᠢᠨᠠᠯᠳᠠ ᠲᠠᠯᠪᠢᠵᠤ᠂ ᠪᠠᠶᠢᠴᠠᠭᠠᠨ ᠵᠢᠯᠤᠭᠤᠳᠤᠨ᠎ᠠ︔ ᠲᠦᠷᠪᠡᠤᠨ ᠬᠤᠰᠢᠭᠤᠨ ᠳᠠᠬᠢ ᠲᠡᠯᠡᠬᠡᠢ ᠤᠨ ᠰᠣᠶᠣᠯ ᠤᠨ ᠦᠪ ᠤᠨ ᠲᠦᠷᠦᠯ ᠵᠦᠢᠯ ᠢᠶᠠᠷ ᠮᠡᠳᠡᠭᠦᠯᠬᠦ ᠪᠠ ᠲᠦᠷᠪᠡᠤᠨ ᠬᠤᠰᠢᠭᠤᠨ ᠳᠠᠬᠢ ᠲᠤᠮᠳᠠᠳᠦ ᠣᠯᠣᠰ ᠤᠨ ᠲᠡᠯᠡᠭᠡᠢ ᠶᠢᠨ ᠰᠣᠶᠣᠯ ᠤᠨ ᠦᠪ ᠤᠨ ᠭᠠᠵᠠᠷ ᠢ ᠬᠠᠮᠢᠶᠠᠷᠬᠤ ᠠᠵᠢᠯ ᠢ ᠵᠢᠯᠤᠭᠤᠳᠴᠦ ᠵᠣᠬᠢᠴᠠᠭᠤᠯᠣᠨ᠎ᠠ᠃    ︵ᠠᠷᠪᠠ︶ ᠲᠦᠷᠪᠡᠤᠨ ᠬᠤᠰᠢᠭᠤᠨ ᠤ ᠭᠠᠳᠠᠭᠠᠲᠦ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠤᠯᠤᠨ ᠭᠠᠳᠠᠭᠠᠲᠦ ᠯᠤᠭ᠎ᠠ ᠶᠢᠨ ᠰᠣᠶᠣᠯ ᠤᠨ ᠣᠬᠠᠭᠤᠯᠭ᠎ᠠ ᠶᠢᠨ ᠠᠵᠢᠯ ᠢ ᠵᠢᠯᠤᠭᠤᠳᠣᠨ ᠬᠠᠮᠢᠶᠠᠷᠴᠣ᠂ ᠭᠠᠳᠠᠭᠠᠲᠦ ᠯᠤᠭ᠎ᠠ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠶᠢᠨ ᠲᠦᠯᠦᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠥᠨ᠎ᠡ︔ ᠭᠠᠳᠠᠭᠠᠲᠦ ᠯᠤᠭ᠎ᠠ ᠶᠢᠨ ᠰᠣᠶᠣᠯ ᠤᠨ ᠰᠣᠯᠢᠯᠴᠠᠭ᠎ᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ︵ᠠᠷᠪᠠᠨ ᠨᠢᠭᠡ︶ ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠲᠣᠰᠢᠶᠠᠵᠣ ᠭᠦᠢᠴᠡᠳᠭᠡᠯᠭᠡᠬᠦ ᠪᠣᠰᠣᠳ ᠵᠦᠢᠯᠡᠰ ᠢ ᠳᠠᠭᠠᠭᠠᠨ ᠬᠢᠨ᠎ᠡ᠃  
 
ᠢᠷᠡᠯᠲᠡ᠄ ᠰᠤᠶᠤᠯ ᠪᠠ ᠵᠢᠭᠤᠯᠴᠢᠯᠠᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2