ᠬᠢᠨᠠᠨ ᠪᠤᠳᠤᠬᠤ ᠲᠤᠪᠴᠢᠶ᠎ᠠ
ᠨᠡᠶᠢᠲᠡᠯᠡᠭᠰᠡᠨ ᠴᠠᠭ᠄
2019-05-29
ᠭᠤᠤᠯ ᠡᠬᠦᠷᠭᠡ ᠴᠢᠳᠠᠪᠤᠷᠢ ᠪᠤᠯ᠄   ︵ᠨᠢᠭᠡ︶ ᠬᠢᠨᠠᠨ ᠪᠤᠳᠤᠬᠤ ᠠᠵᠢᠯ ᠤᠨ ᠲᠤᠬᠠᠢ ᠲᠦᠷᠦ ᠶᠢᠨ ᠴᠢᠭᠯᠡᠯᠳᠡ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠦᠷᠢᠮ ᠢ ᠲᠤᠤᠱᠯᠠᠭᠤᠯᠤᠨ ᠬᠡᠷᠡᠭᠵᠢᠬᠦᠯᠦᠨ᠎ᠡ︔ ᠲᠦᠷᠪᠡᠤᠨ ᠬᠤᠰᠢᠭᠤᠨ ᠤ ᠬᠢᠨᠠᠨ ᠪᠤᠳᠤᠬᠤ᠂ ᠡᠳ᠋ ᠤᠨ ᠵᠠᠰᠠᠭ ᠠᠵᠤ ᠠᠬᠤᠢ ᠶᠢᠨ ᠲᠠᠯ᠎ᠠ ᠶᠢᠨ ᠲᠦᠷᠢᠮ ᠲᠤᠭᠳᠠᠭᠠᠯ ᠢ ᠲᠤᠭᠳᠠᠭᠠᠬᠤ ᠳᠤ ᠤᠷᠤᠯᠴᠠᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠦᠨ᠎ᠡ᠃ ᠡᠯ᠎ᠡ ᠱᠠᠳᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠢ ᠵᠤᠬᠢᠶᠠᠨ ᠪᠠᠶᠢᠭᠤᠯᠤᠨ ᠤᠳᠤᠷᠢᠳᠴᠤ᠂ ᠵᠤᠬᠢᠴᠠᠭᠤᠯᠤᠨ ᠬᠢᠨᠠᠯᠳᠠ ᠲᠠᠯᠪᠢᠨ᠎ᠠ᠃   ︵ᠬᠤᠶᠠᠷ︶ ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠬᠦ ᠪᠠ ᠲᠦᠷᠪᠡᠤᠨ ᠬᠤᠰᠢᠭᠤᠨ ᠤ ᠬᠤᠯᠪᠤᠭᠳᠠᠯ ᠪᠦᠬᠦᠢ ᠰᠠᠯᠭ᠎ᠠ ᠮᠦᠴᠢᠷ ᠳᠤ ᠬᠢᠨᠠᠨ ᠪᠤᠳᠤᠭᠰᠠᠨ ᠪᠠᠶᠢᠳᠠᠯ ᠢ ᠨᠡᠪᠳᠡᠷᠡᠬᠦᠯᠵᠦ᠂ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠬᠠᠤᠯᠢ ᠲᠤᠭᠳᠠᠭᠠᠯ ᠢ ᠲᠤᠭᠳᠠᠭᠠᠬᠤ ᠪᠠ ᠪᠦᠷᠢᠨᠰᠢᠬᠦᠯᠬᠦ ᠰᠠᠨᠠᠯ ᠲᠤᠷᠠᠳᠤᠨ᠎ᠠ᠃   ︵ᠭᠤᠷᠪᠠ︶ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ︾ ᠶᠢᠨ ᠲᠤᠭᠳᠠᠭᠠᠯ ᠶᠤᠰᠤᠭᠠᠷ᠂ ᠲᠤᠤᠷᠠᠬᠢ ᠬᠢᠨᠠᠨ ᠪᠤᠳᠤᠯᠳᠠ ᠶᠢᠨ ᠠᠵᠢᠯ ᠢ ᠬᠢᠨ᠎ᠡ᠄     1. ᠲᠦᠷᠪᠡᠤᠨ ᠬᠤᠰᠢᠭᠤᠨ ᠤ ᠡᠳ᠋ ᠤᠨ ᠵᠠᠰᠠᠭ ᠤᠨ ᠲᠦᠰᠦᠪ ᠤᠨ ᠬᠡᠷᠡᠭᠵᠢᠬᠦᠯᠦᠭᠰᠡᠨ ᠪᠠᠶᠢᠳᠠᠯ ᠪᠠ ᠡᠳ᠋ ᠤᠨ ᠶᠠᠪᠤᠳᠠᠯ ᠤᠨ ᠪᠤᠰᠤᠳ ᠤᠷᠤᠯᠭ᠎ᠠ ᠵᠠᠷᠤᠯᠭ᠎ᠠ ᠶᠢ ᠬᠢᠨᠠᠨ ᠪᠤᠳᠤᠬᠤ᠃     2. ᠲᠦᠷᠪᠡᠤᠨ ᠬᠤᠰᠢᠭᠤᠨ ᠤ ᠡᠯ᠎ᠡ ᠰᠠᠯᠠᠭ᠎ᠠ ᠮᠦᠴᠢᠷ᠂ ᠠᠵᠢᠯ ᠦᠢᠯᠡᠰ ᠤᠨ ᠨᠢᠭᠡᠴᠡ ᠵᠢᠴᠢ ᠲᠡᠭᠦᠨ ᠤ ᠬᠠᠷᠢᠶ᠎ᠠ ᠪᠦᠬᠦᠢ ᠨᠢᠭᠡᠴᠡ ᠶᠢᠨ ᠡᠳ᠋ ᠤᠨ ᠶᠠᠪᠤᠳᠠᠯ ᠤᠨ ᠤᠷᠤᠯᠭ᠎ᠠ ᠵᠠᠷᠤᠯᠭ᠎ᠠ ᠶᠢ ᠬᠢᠨᠠᠨ ᠪᠤᠳᠤᠬᠤ᠃     3.  ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ ᠤ ᠲᠦᠰᠦᠪ ᠤᠨ ᠬᠡᠷᠡᠭᠵᠢᠬᠦᠯᠦᠭᠰᠡᠨ ᠪᠠᠶᠢᠳᠠᠯ ᠪᠠ ᠲᠦᠰᠦᠪ ᠤᠨ ᠬᠦᠢᠴᠡᠳᠭᠡᠯ ᠢ ᠬᠢᠨᠠᠨ ᠪᠤᠳᠤᠬᠤ᠃     4. ᠲᠦᠷᠪᠡᠤᠨ ᠬᠤᠰᠢᠭᠤᠨ ᠤ ᠬᠠᠷᠢᠶ᠎ᠠ ᠪᠦᠬᠦᠢ ᠤᠯᠤᠰ ᠤᠨ ᠦᠮᠴᠢᠯᠠᠯ ᠤᠨ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠡᠳ᠋ ᠬᠦᠷᠦᠩᠭᠡ᠂ ᠦᠷᠢ ᠰᠢᠷᠢ᠂ ᠠᠰᠢᠭ ᠬᠤᠬᠢᠷᠠᠯ ᠢ ᠬᠢᠨᠠᠨ ᠪᠤᠳᠤᠬᠤ᠃     5. ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠬᠠᠮᠢᠶᠠᠷᠴᠤ ᠪᠠᠶᠢᠭ᠎ᠠ ᠪᠠ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠨᠡᠶᠢᠭᠡᠮ ᠤᠨ ᠪᠦᠯᠬᠦᠮ ᠤᠨ ᠬᠠᠮᠢᠶᠠᠷᠴᠤ ᠪᠠᠶᠢᠭ᠎ᠠ ᠨᠡᠶᠢᠭᠡᠮ ᠤᠨ ᠪᠠᠳᠤᠯᠠᠭ᠎ᠠ ᠶᠢᠨ ᠰᠠᠭᠤᠷᠢ ᠮᠦᠩᠬᠦ᠂ ᠤᠷᠴᠢᠨ ᠲᠤᠭᠤᠷᠢᠨ ᠢ ᠬᠠᠮᠠᠭᠠᠯᠠᠬᠤ ᠪᠡᠯᠡ ᠮᠦᠩᠬᠦ᠂ ᠨᠡᠶᠢᠭᠡᠮ ᠠᠴᠠ ᠪᠡᠯᠡᠭᠯᠡᠨ ᠬᠦᠷᠭᠡᠭᠰᠡᠨ ᠪᠡᠯᠡ ᠮᠦᠩᠬᠦ ᠵᠢᠴᠢ ᠪᠤᠰᠤᠳ ᠬᠤᠯᠪᠤᠭᠳᠠᠯ ᠪᠦᠬᠦᠢ ᠰᠠᠭᠤᠷᠢ ᠮᠦᠩᠬᠦ᠂ ᠪᠡᠯᠡ ᠮᠦᠩᠬᠦ ᠶᠢᠨ ᠡᠳ᠋ ᠤᠨ ᠶᠠᠪᠤᠳᠠᠯ ᠤᠨ ᠤᠷᠤᠯᠭ᠎ᠠ ᠵᠠᠷᠤᠯᠭ᠎ᠠ ᠶᠢ ᠬᠢᠨᠠᠨ ᠪᠤᠳᠤᠬᠤ᠃     6. ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠪᠠ ᠭᠠᠳᠠᠭᠠᠳᠤ ᠤᠯᠤᠰ ᠤᠨ ᠵᠠᠰᠠᠭ ᠤᠨ ᠤᠷᠳᠤᠨ ᠤ ᠲᠤᠰᠠᠯᠠᠮᠵᠢ᠂ ᠵᠢᠭᠡᠯᠡᠯᠭᠡ ᠶᠢᠨ ᠲᠦᠷᠦᠯ ᠵᠦᠢᠯ ᠤᠨ ᠡᠳ᠋ ᠤᠨ ᠶᠠᠪᠤᠳᠠᠯ ᠤᠨ ᠤᠷᠤᠯᠭ᠎ᠠ ᠵᠠᠷᠤᠯᠭ᠎ᠠ ᠶᠢ ᠬᠢᠨᠠᠨ ᠪᠤᠳᠤᠬᠤ     7. ᠬᠠᠤᠯᠢ ᠴᠠᠭᠠᠵᠠ ᠬᠠᠤᠯᠢ ᠲᠤᠭᠳᠠᠭᠠᠯ ᠳᠤ ᠬᠢᠨᠠᠨ ᠪᠤᠳᠤᠬᠤ ᠲᠢᠩᠬᠢᠮ ᠢᠶᠠᠷ ᠬᠢᠯᠭᠡᠬᠦ ᠪᠠᠷ ᠲᠤᠭᠳᠠᠭᠠᠭᠰᠠᠨ ᠪᠤᠰᠤᠳ ᠵᠦᠢᠯ ᠤᠨ ᠬᠢᠨᠠᠨ ᠪᠤᠳᠤᠯᠳᠠ᠃   ︵ᠲᠦᠷᠪᠡ︶ ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠪᠠ ᠤᠯᠤᠰ ᠤᠨ ᠬᠢᠨᠠᠨ ᠪᠤᠳᠤᠬᠤ ᠵᠠᠬᠢᠷᠭ᠎ᠠ ᠳᠤ ᠲᠦᠷᠪᠡᠤᠨ ᠬᠤᠰᠢᠭᠤᠨ ᠤ ᠲᠦᠰᠦᠪ ᠤᠨ ᠬᠡᠷᠡᠭᠵᠢᠬᠦᠯᠦᠭᠰᠡᠨ ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ ᠬᠠᠷᠢᠭᠤ ᠮᠡᠳᠡᠬᠦᠯᠦᠯᠳᠡ ᠶᠢ ᠳᠡᠪᠰᠢᠬᠦᠯᠤᠨ᠎ᠠ︔ ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠲᠦᠷᠪᠡᠤᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠦᠪᠡᠷᠳᠡᠭᠡᠨ ᠵᠠᠰᠠᠬᠤ ᠤᠷᠤᠨ ᠤ ᠲᠦᠰᠦᠪ ᠤᠨ ᠬᠡᠷᠡᠭᠵᠢᠬᠦᠯᠦᠭᠰᠡᠨ ᠪᠠᠶᠢᠳᠠᠯ ᠪᠠ ᠡᠳ᠋ ᠤᠨ ᠵᠠᠰᠠᠭ ᠤᠨ ᠪᠤᠰᠤᠳ ᠤᠷᠤᠯᠭ᠎ᠠ ᠵᠠᠷᠤᠯᠭ᠎ᠠ ᠶᠢ ᠬᠢᠨᠠᠨ ᠪᠤᠳᠤᠭᠰᠠᠨ ᠠᠵᠢᠯ ᠤᠨ ᠮᠡᠳᠡᠬᠦᠯᠦᠯᠳᠡ ᠶᠢ ᠲᠤᠷᠠᠳᠤᠨ᠎ᠠ᠃   ︵ᠲᠠᠪᠤ︶ ᠲᠦᠷᠪᠡᠤᠨ ᠬᠤᠰᠢᠭᠤᠨ ᠤ ᠡᠳ᠋ ᠤᠨ ᠵᠠᠰᠠᠭ ᠠᠵᠤ ᠠᠬᠤᠢ ᠶᠢᠨ ᠴᠢᠭᠯᠡᠯᠳᠡ ᠲᠦᠷᠦ ᠶᠢᠨ ᠪᠤᠳᠤᠯᠭ᠎ᠠ ᠪᠠ ᠬᠤᠷᠸ᠎ᠠ ᠲᠤᠬᠢᠷᠠᠭᠤᠯᠭ᠎ᠠ ᠡᠵᠡᠮᠳᠡᠯ ᠤᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠬᠡᠷᠡᠭᠵᠢᠬᠦᠯᠦᠭᠰᠡᠨ ᠪᠠᠶᠢᠳᠠᠯ ᠳᠤ ᠠᠵᠢᠯ ᠲᠦᠷᠦᠯ ᠤᠨ ᠬᠢᠨᠠᠨ ᠪᠤᠳᠤᠯᠳᠠ᠂ ᠲᠤᠰᠬᠠᠢ ᠲᠦᠷᠦᠯ ᠤᠨ ᠬᠢᠨᠠᠨ ᠪᠤᠳᠤᠯᠳᠠ ᠪᠠ ᠬᠢᠨᠠᠨ ᠪᠤᠳᠤᠯᠳᠠ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠲᠤᠤᠷ᠎ᠠ ᠱᠠᠳᠤᠨ ᠤ ᠬᠢᠨᠠᠨ ᠪᠤᠳᠤᠬᠤ ᠪᠠᠶᠢᠭᠤᠯᠭ᠎ᠠ ᠶᠢ ᠵᠤᠬᠢᠶᠠᠨ ᠪᠠᠶᠢᠭᠤᠯᠤᠨ ᠨᠠᠮ ᠵᠠᠰᠠᠭ ᠤᠨ ᠤᠳᠤᠷᠢᠳᠬᠤ ᠺᠠᠳ᠋ᠷ ᠪᠤᠯᠤᠨ ᠤᠯᠤᠰ ᠤᠨ ᠦᠮᠴᠢᠯᠡᠯ ᠵᠢᠴᠢ ᠤᠯᠤᠰ ᠤᠨ ᠦᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠤᠳᠤᠷᠢᠳᠬᠤ ᠬᠦᠮᠤᠰ ᠲᠤ ᠲᠤᠰᠢᠶᠠᠯ ᠤᠨ ᠬᠤᠭᠤᠴᠠᠭᠠᠨ ᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠬᠢᠨ᠎ᠠ︔ ᠬᠢᠨᠠᠨ ᠪᠤᠳᠤᠯᠳᠠ ᠶᠢ ᠬᠦᠯᠢᠶᠡᠭᠰᠡᠨ ᠨᠢᠭᠡᠴᠡ ᠠᠴᠠ ᠳᠤᠷᠠᠳᠤᠭᠰᠠᠨ ᠬᠢᠨᠠᠨ ᠪᠤᠳᠤᠬᠤ ᠪᠠᠶᠢᠭᠤᠯᠭ᠎ᠠ ᠶᠢᠨ ᠬᠢᠨᠠᠨ ᠪᠤᠳᠤᠭᠰᠠᠨ ᠰᠢᠢᠳᠪᠦᠷᠢ ᠲᠠᠬᠢᠨ ᠵᠦᠪᠯᠡᠬᠦᠯᠬᠦ ᠭᠤᠶᠤᠴᠢᠯᠠᠯ ᠢ ᠬᠠᠤᠯᠢ ᠶᠤᠰᠤᠭᠠᠷ ᠬᠦᠯᠢᠶᠡᠨ ᠠᠪᠴᠤ ᠰᠢᠢᠳᠪᠦᠷᠢᠯᠡᠨ᠎ᠡ᠃   ︵ᠵᠢᠷᠭᠤᠭ᠎ᠠ︶  ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ ᠲᠠᠢ ᠬᠠᠮᠳᠤᠷᠠᠨ ᠠᠶᠢᠮᠠᠭ ᠬᠤᠳᠠ ᠶᠢᠨ ᠬᠢᠨᠠᠨ ᠪᠤᠳᠤᠬᠤ ᠪᠠᠶᠢᠭᠤᠯᠭ᠎ᠠ ᠶᠢ ᠤᠳᠤᠷᠢᠳᠴᠤ᠂  ᠰᠤᠮᠤ ᠰᠢᠶᠠᠩ ᠪᠠᠯᠭᠠᠰᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠬᠠᠷᠢᠭᠤᠴᠠᠯᠭᠠᠳᠠᠨ ᠢ ᠲᠤᠮᠢᠯᠠᠬᠤ ᠪᠠᠭᠤᠯᠭᠠᠬᠤ ᠶᠠᠪᠤᠳᠠᠯ ᠢ ᠬᠠᠮᠵᠢᠨ ᠬᠦᠢᠴᠡᠳᠭᠡᠨ᠎ᠠ᠃ ︵ᠲᠤᠯᠤᠭ᠎ᠠ︶ ᠬᠠᠮᠢᠶ᠎ᠠ ᠪᠦᠬᠦᠢ ᠬᠠᠤᠯᠢ ᠴᠠᠭᠠᠵᠠ ᠪᠠ ᠲᠦᠷᠦ ᠶᠢᠨ ᠶᠠᠪᠤᠳᠠᠯ ᠤᠨ ᠬᠤᠷᠢᠶ᠎ᠠ᠂ ᠲᠦᠷᠪᠡᠤᠨ ᠬᠤᠰᠢᠭᠤᠨ  ᠤ ᠠᠷᠠᠳ ᠤᠨ ᠵᠠᠰᠠᠭ ᠤᠨ ᠤᠷᠳᠤᠨ ᠤ ᠲᠤᠭᠳᠠᠭᠠᠯ ᠢ ᠦᠨᠳᠦᠰᠦᠯᠡᠨ᠂ ᠤᠯᠤᠰ ᠤᠨ ᠦᠮᠴᠢᠯᠡᠯ ᠤᠨ ᠪᠠ ᠤᠯᠤᠰ ᠤᠨ ᠦᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠪᠤᠯᠤᠨ ᠲᠦᠷᠪᠡᠤᠨ ᠬᠤᠰᠢᠭᠤᠨ ᠤ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠳᠤ ᠬᠢᠨᠠᠨ ᠪᠤᠳᠤᠵᠦ ᠬᠢᠨᠠᠯᠳᠠ ᠲᠠᠯᠪᠢᠬᠤ ᠶᠢ ᠵᠤᠬᠢᠶᠠᠨ ᠪᠠᠶᠢᠭᠤᠯᠤᠨ᠎ᠠ᠃   ︵ᠨᠠᠢᠮᠠ︶ ᠲᠤᠳᠤᠭᠠᠳᠤ ᠶᠢᠨ ᠬᠢᠨᠠᠨ ᠪᠤᠳᠤᠯᠳᠠ ᠳᠤ ᠵᠢᠯᠤᠭᠤᠳᠬᠤ ᠬᠢᠭᠡᠳ ᠬᠢᠨᠠᠯᠳᠠ ᠲᠠᠯᠪᠢᠬᠤ ᠶᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠨᠡᠶᠢᠭᠡᠮ ᠤᠨ ᠬᠢᠨᠠᠨ ᠪᠤᠳᠤᠬᠤ ᠵᠤᠬᠢᠶᠠᠨ ᠪᠠᠶᠢᠭᠤᠯᠤᠯᠳᠠ ᠠᠴᠠ ᠬᠢᠨᠠᠨ ᠪᠤᠳᠤᠵᠦ ᠬᠢᠨᠠᠯᠳᠠ ᠲᠠᠯᠪᠢᠬᠤ ᠳᠤ ᠬᠠᠤᠯᠢ ᠶᠤᠰᠤᠭᠠᠷ ᠬᠠᠷᠢᠶᠠᠯᠠᠭᠳᠠᠬᠤ ᠨᠢᠭᠡᠴᠡ ᠳᠤ ᠤᠯᠭᠤᠭᠰᠠᠨ ᠬᠠᠮᠢᠶ᠎ᠠ ᠪᠦᠬᠦᠢ ᠬᠢᠨᠠᠨ ᠪᠤᠳᠤᠭᠰᠠᠨ ᠮᠡᠳᠡᠬᠦᠯᠦᠯᠳᠡ ᠶᠢ ᠬᠢᠨᠠᠨ ᠪᠠᠶᠢᠴᠠᠭᠠᠨ᠎ᠠ᠃   ︵ᠶᠢᠰᠦ︶ ᠲᠦᠷᠪᠡᠤᠨ ᠬᠤᠰᠢᠭᠤᠨ ᠤ ᠡᠯ᠎ᠡ ᠱᠠᠳᠤᠨ ᠤ ᠬᠢᠨᠠᠨ ᠪᠤᠳᠤᠬᠤ ᠪᠠᠶᠢᠭᠤᠯᠤᠯᠭ᠎ᠠ ᠳᠤ ᠮᠡᠳᠡᠭᠡ ᠵᠠᠩᠬᠢ ᠮᠡᠷᠭᠡᠵᠢᠯ ᠢ ᠬᠡᠷᠡᠭᠯᠡᠬᠦ ᠶᠢ ᠵᠢᠯᠤᠭᠤᠳᠤᠨ ᠲᠡᠯᠭᠡᠷᠡᠬᠦᠯᠵᠤ᠂ ᠲᠦᠷᠪᠡᠤᠨ ᠬᠤᠰᠢᠭᠤᠨ ᠤ ᠬᠢᠨᠠᠨ ᠪᠤᠳᠤᠬᠤ ᠮᠡᠳᠡᠭᠡ ᠵᠠᠩᠬᠢ ᠶᠢᠨ ᠰᠢᠰᠲ᠋ᠧᠮ ᠢ ᠵᠤᠬᠢᠶᠠᠨ ᠪᠠᠶᠢᠭᠤᠯᠤᠨ ᠪᠦᠳᠦᠭᠡᠨ ᠪᠠᠶᠢᠭᠤᠯᠵᠤ᠂ ᠲᠦᠷᠪᠡᠤᠨ ᠬᠤᠰᠢᠭᠤᠨ ᠤ ᠤᠳᠤᠬᠢᠴᠢᠯᠠᠭᠰᠠᠨ ᠬᠢᠨᠠᠨ ᠪᠤᠳᠤᠬᠤ ᠮᠡᠷᠭᠡᠵᠢᠯ ᠤᠨ ᠬᠡᠷᠡᠭᠯᠡᠯᠳᠡ ᠶᠢ ᠬᠠᠮᠢᠶᠠᠷᠤᠨ ᠵᠢᠯᠤᠭᠤᠳᠤᠨ᠎ᠠ᠃   ︵ᠠᠷᠪᠠ︶ ᠲᠦᠷᠪᠡᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠪᠠ ᠤᠯᠤᠰ ᠤᠨ ᠬᠢᠨᠠᠨ ᠪᠤᠳᠤᠬᠤ ᠵᠠᠬᠢᠷᠭ᠎ᠠ ᠠᠴᠠ ᠬᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠲᠠᠭᠠᠭᠠᠨ ᠬᠦᠢᠴᠡᠳᠭᠡᠨ᠎ᠡ  
 
ᠢᠷᠡᠯᠲᠡ᠄ ᠬᠢᠨᠠᠨ ᠪᠤᠳᠤᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2