ᠵᠠᠬᠢᠳᠠᠯ ᠰᠤᠷᠪᠤᠯᠵᠢᠯᠠᠯ ᠤᠨ ᠲᠤᠪᠴᠢᠶ᠎ᠠ
ᠨᠡᠶᠢᠲᠡᠯᠡᠭᠰᠡᠨ ᠴᠠᠭ᠄
2019-05-29
ᠭᠤᠤᠯ ᠡᠭᠦᠷᠭᠡ ᠬᠠᠷᠢᠭᠤᠴᠠᠯᠭ᠎ᠠ᠄    ︵ᠨᠢᠭᠡ︶ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠢ  ᠲᠦᠷᠪᠡᠤᠨ ᠬᠤᠰᠢᠭᠤᠨ ᠤ ᠨᠠᠮ ᠤᠨ ᠬᠤᠷᠢᠶ᠎ᠠ ᠂ ᠵᠠᠰᠠᠭ ᠤᠨ ᠤᠷᠳᠤᠨ ᠤ ᠴᠢᠭᠯᠡᠯᠳᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠬᠦᠯᠦᠨ᠎ᠡ︔ ᠲᠦᠷᠪᠡᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠢᠭᠡᠳ ᠤᠳᠤᠷᠢᠳᠬᠤ ᠨᠦᠬᠦᠳ ᠤᠨ ᠴᠣᠬᠤᠯᠠᠪᠥᠷᠢᠯᠠᠨ ᠭᠦᠢᠴᠡᠳᠭᠡᠯᠭᠡᠬᠦ ᠵᠠᠬᠢᠳᠠᠯ ᠰᠤᠷᠪᠤᠯᠵᠢᠯᠠᠯ ᠤᠨ ᠭᠡᠷᠡᠭ ᠢ ᠲᠤᠰᠢᠶᠠᠨ ᠭᠦᠢᠴᠡᠳᠭᠡᠯᠭᠡᠬᠦ᠂ ᠰᠢᠮᠳᠠᠭᠤᠯᠤᠨ ᠭᠦᠢᠴᠡᠳᠭᠡᠯᠭᠡᠬᠦ᠂ ᠬᠡᠷᠡᠭ ᠰᠢᠢᠳᠪᠥᠷᠢᠯᠡᠵᠦ ᠳᠠᠭᠤᠰᠬᠠᠬᠤ ᠵᠡᠷᠭᠡ ᠠᠵᠢᠯ ᠢ ᠳᠠᠭᠠᠭᠠᠨ ᠬᠢᠨ᠎ᠡ︔ ᠲᠦᠷᠪᠡᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ᠂ ᠠᠷᠠᠳ ᠤᠨ ᠪᠦᠯᠬᠦᠮ ᠬᠢᠭᠡᠳ ᠡᠯ᠎ᠡ ᠠᠶᠢᠮᠠᠭ ᠬᠤᠳᠠ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠵᠢᠯᠤᠭᠤᠳᠬᠤ ᠶᠢ ᠬᠠᠷᠢᠭᠤᠴᠠᠨ᠎ᠠ᠃    ︵ᠬᠤᠶᠠᠷ︶ ᠤᠯᠠᠨ ᠲᠦᠮᠡᠨ ᠤ ᠢᠷᠡᠭᠦᠯᠥᠭᠰᠡᠨ ᠵᠠᠬᠢᠳᠠᠯ᠂ ᠢᠷᠡᠭᠦᠯᠥᠭᠰᠡᠨ ᠳ᠋ᠢᠶᠠᠩᠬᠤᠸᠠ᠂ ᠰᠤᠷᠪᠤᠯᠵᠢᠯᠠᠯ ᠳᠤ ᠲᠤᠷᠠᠳᠤᠭᠰᠠᠨ ᠴᠢᠬᠤᠯᠠ ᠰᠠᠨᠠᠭᠤᠯᠭ᠎ᠠ᠂ ᠰᠠᠨᠠᠯ ᠪᠠ ᠠᠰᠠᠭᠤᠳᠠᠯ ᠢ ᠲᠦᠷᠪᠡᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠢᠭᠡᠳ ᠤᠳᠤᠷᠢᠳᠬᠤ ᠨᠦᠬᠦᠳ ᠲᠤ ᠲᠤᠰᠬᠠᠬᠤ ᠶᠢ ᠬᠠᠷᠢᠭᠤᠴᠠᠨ᠎ᠠ︔ ᠠᠷᠠᠳ ᠢᠷᠭᠡᠳ᠂ ᠬᠠᠤᠯᠢ ᠶᠢᠨ ᠡᠷᠭᠡᠳᠡᠨ ᠬᠢᠭᠡᠳ ᠪᠤᠰᠤᠳ ᠵᠤᠬᠢᠶᠠᠨ ᠪᠠᠶᠢᠭᠤᠯᠤᠯᠳᠠ ᠠᠴᠠ ᠲᠦᠷᠪᠡᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠢᠭᠡᠳ ᠤᠳᠤᠷᠢᠳᠬᠤ ᠨᠦᠬᠦᠳ ᠲᠤ ᠢᠷᠡᠬᠦᠯᠦᠭᠰᠡᠨ ᠵᠠᠬᠢᠳᠠᠯ᠂ ᠢᠷᠡᠬᠦᠯᠦᠭᠰᠡᠨ ᠳ᠋ᠢᠶᠠᠩᠬᠤᠸᠠ ︵ᠢᠮᠸᠢᠢᠯ᠂ ᠳ᠋ᠢᠶᠠᠩᠬᠤᠸᠠ᠂ ᠹᠠᠺᠰ ᠵᠡᠷᠭᠡ︶ ᠶᠢ ᠰᠢᠢᠳᠪᠦᠷᠢᠯᠡᠬᠦ ᠶᠢ ᠬᠠᠷᠢᠭᠤᠴᠠᠵᠤ᠂ ᠰᠤᠷᠪᠤᠯᠵᠢᠯᠠᠷ᠎ᠠ ᠢᠷᠡᠭᠰᠡᠳ ᠢ ᠬᠦᠯᠢᠶᠡᠨ ᠠᠪᠤᠨ᠎ᠠ᠃    ︵ᠭᠤᠷᠪᠠ︶ ᠲᠦᠷᠪᠡᠤᠨ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠵᠤᠬᠢᠴᠠᠭᠤᠯᠤᠨ ᠵᠢᠯᠤᠭᠤᠳᠬᠤ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠢ ᠲᠦᠷᠦ ᠶᠢᠨ ᠪᠤᠳᠤᠯᠭ᠎ᠠ ᠶᠢ ᠰᠤᠳᠤᠯᠤᠨ᠂ ᠲᠤᠭᠤᠷᠪᠢᠵᠤ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠢ ᠬᠠᠯᠠᠨ ᠰᠠᠶᠢᠵᠢᠷᠠᠭᠤᠯᠵᠤ ᠴᠢᠩᠭᠠᠳᠬᠠᠬᠤ ᠰᠠᠨᠠᠯ ᠪᠠ ᠰᠠᠨᠠᠭᠤᠯᠭ᠎ᠠ ᠲᠤᠷᠠᠳᠤᠨ᠎ᠠ᠃    ︵ᠲᠦᠷᠪᠡ︶ ᠲᠦᠷᠪᠡᠤᠨ ᠬᠤᠰᠢᠭᠤᠨ ᠤ ᠤᠳᠤᠷᠢᠳᠬᠤ ᠨᠦᠬᠦᠳ ᠤᠨ ᠲᠤᠰᠢᠶᠠᠨ ᠭᠦᠢᠴᠡᠳᠭᠡᠯᠭᠡᠬᠦ ᠵᠠᠬᠢᠳᠠᠯ ᠰᠤᠷᠪᠤᠯᠵᠢᠯᠠᠯ ᠤᠨ ᠵᠦᠢᠯᠡᠰ ᠢ ᠵᠤᠬᠢᠴᠠᠭᠤᠯᠬᠤ᠂ ᠬᠢᠨᠠᠨ ᠵᠢᠯᠤᠭᠤᠳᠬᠤ᠂ ᠭᠦᠢᠴᠡᠳᠭᠡᠬᠦ ᠠᠵᠢᠯ ᠢ ᠬᠠᠷᠢᠭᠤᠴᠠᠬᠤ ᠶᠢᠨ ᠬᠠᠮᠳᠤ ᠨᠡᠶᠢᠳᠠᠪᠤᠷᠢᠵᠢᠭᠤᠯᠬᠤ ᠶᠢ ᠰᠠᠶᠢᠳᠦᠷ ᠠᠳᠬᠤᠨ᠎ᠠ︔ ᠵᠠᠬᠢᠳᠠᠯ ᠰᠤᠷᠪᠤᠯᠵᠢᠯᠠᠯ ᠤᠨ ᠵᠦᠢᠯᠡᠰ ᠢ ᠲᠦᠷᠪᠡᠤᠨ ᠬᠤᠰᠢᠭᠤᠨ ᠳᠤ ᠰᠢᠯᠵᠢᠬᠦᠯᠦᠨ ᠭᠦᠢᠴᠡᠳᠭᠡᠯᠭᠡᠬᠦ᠂ ᠲᠤᠰᠢᠶᠠᠨ ᠭᠦᠢᠴᠡᠳᠭᠡᠯᠭᠡᠬᠦ ᠶᠢ ᠬᠠᠷᠢᠭᠤᠴᠠᠵᠤ᠂ ᠴᠢᠬᠤᠯᠠ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠭᠰᠡᠨ ᠪᠠ ᠨᠡᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ︔ ᠭᠠᠵᠠᠷ ᠤᠷᠤᠨ ᠠᠯᠤᠰᠯᠠᠭᠰᠠᠨ᠂ ᠰᠠᠯᠠᠭ᠎ᠠ ᠮᠦᠴᠢᠷ ᠠᠯᠤᠰᠯᠠᠭᠰᠠᠨ ᠴᠢᠬᠤᠯᠠ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠵᠤᠬᠢᠴᠠᠭᠤᠯᠬᠤ᠂ ᠰᠢᠮᠳᠠᠭᠤᠯᠬᠤ᠂ ᠰᠢᠢᠳᠪᠦᠷᠢᠯᠡᠬᠦ ᠶᠢ ᠬᠠᠷᠢᠭᠤᠴᠠᠨ᠎ᠠ᠃    ︵ᠲᠠᠪᠤ︶ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠬᠢ ᠶᠢ ᠶᠡᠷᠥᠩᠬᠡᠶᠢᠯᠡᠨ ᠵᠠᠳᠠᠯᠵᠤ ᠰᠤᠳᠤᠯᠤᠨ ᠮᠠᠭᠠᠳᠯᠠᠬᠤ ᠶᠢ ᠬᠠᠷᠢᠭᠤᠴᠠᠨ᠂ ᠪᠠᠶᠢᠴᠠᠭᠠᠨ ᠰᠤᠳᠤᠯᠬᠤ ᠠᠵᠢᠯ ᠦᠷᠨᠢᠬᠦᠯᠵᠤ᠂ ᠲᠦᠷᠪᠡᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠠ ᠬᠠᠤᠯᠢ ᠲᠣᠭᠲᠠᠭᠠᠯ ᠲᠤᠭᠳᠠᠭᠠᠬᠤ᠂ ᠵᠠᠰᠠᠪᠥᠷᠢ ᠣᠷᠣᠭᠤᠯᠬᠤ᠂ ᠲᠡᠬᠦᠯᠳᠡᠷᠵᠢᠬᠦᠯᠬᠦ ᠰᠠᠨᠠᠯ ᠲᠤᠷᠠᠳᠤᠨ᠎ᠠ᠃    ︵ᠵᠢᠷᠭᠤᠭ᠎ᠠ︶ ᠲᠦᠷᠪᠡᠤᠨ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠬᠢ ᠶᠢᠨ ᠰᠢᠰᠲ᠋ᠧᠮ ᠢ ᠵᠢᠯᠤᠭᠤᠳᠤᠨ᠂ ᠬᠠᠮᠠᠭᠠᠯᠠᠵᠤ᠂ ᠬᠠᠮᠢᠶᠠᠷᠬᠤ ᠶᠢ ᠬᠠᠷᠢᠭᠤᠴᠠᠨ᠎ᠠ︔ ᠵᠠᠬᠢᠳᠠᠯ ᠰᠤᠷᠪᠤᠯᠵᠢᠯᠠᠯ ᠤᠨ ᠰᠢᠭᠤᠳ ᠨᠡᠪᠲᠡᠷᠡᠬᠦ ᠳ᠋ᠢᠶᠠᠩᠬᠤᠸᠠ᠂ ᠰᠦᠯᠵᠢᠶᠡᠨ ᠲᠡᠭᠡᠷᠡᠬᠢ ᠵᠠᠬᠢᠳᠠᠯ ᠰᠤᠷᠪᠤᠯᠵᠢᠯᠠᠯ᠂ ᠲᠡᠷᠢᠬᠦᠯᠡᠭᠴᠢ ᠶᠢᠨ ᠰᠢᠤᠳᠠᠨ ᠤ ᠬᠠᠶᠢᠷᠴᠠᠭ ᠤᠨ ᠬᠦᠯᠢᠶᠡᠨ ᠠᠪᠬᠤ᠂ ᠭᠦᠢᠴᠡᠳᠭᠡᠬᠦ᠂ ᠬᠠᠷᠢᠭᠤ ᠦᠭᠬᠦ ᠵᠡᠷᠭᠡ ᠠᠵᠢᠯ ᠢ ᠬᠠᠷᠢᠭᠤᠴᠠᠨ᠎ᠠ᠃    ︵ᠲᠤᠯᠤᠭ᠎ᠠ︶ ᠲᠦᠷᠪᠡᠤᠨ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠰᠠᠯᠠᠭ᠎ᠠ ᠮᠦᠴᠢᠷ ᠤᠨ ᠺᠠᠳ᠋ᠷ ᠤᠨ ᠡᠩᠨᠡᠭᠡᠨ ᠤ ᠪᠠᠶᠢᠭᠤᠯᠤᠯᠳᠠ ᠶᠢ ᠵᠢᠯᠤᠭᠤᠳᠬᠤ ᠶᠢ ᠬᠠᠷᠢᠭᠤᠴᠠᠵᠣ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢ ᠰᠠᠶᠢᠳᠤᠷ ᠠᠳᠬᠤᠨ᠎ᠠ︔ ᠵᠠᠬᠢᠳᠠᠯ ᠰᠤᠷᠪᠤᠯᠵᠢᠯᠠᠯ ᠤᠨ ᠰᠢᠰᠲ᠋ᠧᠮ ᠤᠨ ᠨᠠᠮ ᠤᠨ ᠰᠤᠷᠳᠠᠯ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠳᠠ ᠶᠢ ᠵᠢᠯᠤᠭᠤᠳᠬᠤ ᠶᠢ ᠬᠠᠷᠢᠭᠤᠴᠠᠨ᠎ᠠ︔ ᠲᠦᠷᠪᠡᠤᠨ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠺᠠᠳ᠋ᠷ ᠤᠨ ᠡᠩᠨᠡᠭᠡᠨ ᠤ ᠪᠤᠯᠪᠠᠰᠤᠷᠠᠭᠤᠯᠤᠯ ᠤᠨ ᠠᠵᠢᠯ ᠢ ᠬᠠᠷᠢᠭᠤᠴᠠᠨ᠎ᠠ᠃    ︵ᠨᠠᠢᠮᠠ︶ ᠲᠦᠷᠪᠡᠤᠨ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠤᠪᠤᠶᠢᠮ᠎ᠠ ᠠᠰᠠᠭᠤᠳᠠᠯ ᠬᠢᠭᠡᠳ ᠪᠦᠯᠥᠭᠯᠡᠯ ᠴᠢᠨᠠᠷᠳᠠᠢ ᠬᠡᠷᠡᠭ ᠢ ᠰᠢᠢᠳᠪᠦᠷᠢᠯᠡᠬᠦ ᠬᠠᠮᠳᠤᠷᠠᠭᠰᠠᠨ ᠬᠤᠷᠠᠯᠳᠤᠭᠠᠨ ᠤ ᠠᠯᠪᠠᠨ ᠭᠡᠷ ᠤᠨ ᠪᠤᠳᠠᠳᠠᠢ ᠠᠵᠢᠯ ᠢ ᠬᠠᠷᠢᠭᠤᠴᠠᠵᠤ᠂ ᠲᠦᠷᠪᠡᠤᠨ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠤᠪᠤᠶᠢᠮ᠎ᠠ ᠠᠰᠠᠭᠤᠳᠠᠯ ᠬᠢᠭᠡᠳ ᠪᠦᠯᠥᠭᠯᠡᠯ ᠴᠢᠨᠠᠷᠳᠠᠢ ᠬᠡᠷᠡᠭ ᠢ ᠰᠢᠢᠳᠪᠦᠷᠢᠯᠡᠬᠦ ᠬᠠᠮᠳᠤᠷᠠᠭᠰᠠᠨ ᠬᠤᠷᠠᠯᠳᠤᠭᠠᠨ ᠤ ᠲᠤᠭᠳᠠᠭᠠᠭᠰᠠᠨ ᠵᠦᠢᠯᠡᠰ ᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠤᠷᠤᠨ ᠨᠤᠳᠤᠭ ᠪᠠ ᠰᠠᠯᠠᠭ᠎ᠠ ᠮᠦᠴᠢᠷ ᠤᠨ ᠵᠠᠬᠢᠳᠠᠯ ᠰᠤᠷᠪᠤᠯᠵᠢᠯᠠᠯ ᠤᠨ ᠲᠤᠪᠤᠶᠢᠮ᠎ᠠ ᠠᠰᠠᠭᠤᠳᠠᠯ ᠬᠢᠭᠡᠳ ᠪᠦᠯᠥᠭᠯᠡᠯ ᠴᠢᠨᠠᠷᠳᠡᠢ ᠬᠡᠷᠡᠭ ᠢ ᠰᠢᠢᠳᠪᠦᠷᠢᠯᠡᠬᠦ ᠠᠵᠢᠯ ᠢ ᠶᠡᠷᠦᠩᠭᠡᠶᠢᠯᠡᠨ ᠵᠠᠳᠠᠯᠵᠤ᠂ ᠵᠤᠬᠢᠶᠠᠨ ᠪᠠᠶᠢᠭᠤᠯᠤᠨ ᠵᠤᠬᠢᠴᠠᠭᠤᠯᠵᠤ᠂ ᠰᠢᠮᠳᠠᠭᠤᠯᠤᠨ ᠪᠠᠶᠢᠴᠠᠭᠠᠵᠤ᠂ ᠠᠮᠵᠢᠯᠳᠠ ᠤᠯᠤᠭᠰᠠᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠭᠦᠨᠵᠡᠭᠡᠢ ᠦᠷᠨᠢᠬᠦ ᠶᠢ ᠲᠦᠯᠬᠢᠨ ᠠᠬᠢᠭᠤᠯᠤᠨ᠎ᠠ    ︵ᠶᠢᠰᠦ︶ ᠲᠦᠷᠪᠡᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠤᠰᠢᠶᠠᠨ ᠭᠦᠢᠴᠡᠳᠭᠡᠯᠭᠡᠬᠦ ᠪᠤᠰᠤᠳ ᠵᠦᠢᠯᠡᠰ ᠢ ᠳᠠᠭᠠᠭᠠᠨ ᠬᠢᠨ᠎ᠡ᠃  
 
ᠢᠷᠡᠯᠲᠡ᠄ ᠵᠠᠬᠢᠳᠠᠯ ᠰᠤᠷᠪᠤᠯᠵᠢᠯᠠᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2