ᠪᠦᠬᠦ ᠬᠤᠲᠠ ᠶᠢᠨ ᠲᠦᠷᠪᠡᠳᠦᠭᠡᠷ ᠬᠤᠭᠤᠴᠠᠭᠠᠨ ᠤ ᠦᠨᠳᠦᠰᠦᠲᠡᠨ ᠤ ᠳᠤᠮᠳᠠ ᠪᠠᠭ᠎ᠠ ᠰᠤᠷᠭᠠᠭᠤᠯᠢ ᠶᠢᠨ ᠬᠦᠷᠢᠶᠡᠨ ᠤ ᠨᠠᠭᠠᠳᠤᠮ ᠨᠢ ᠲᠦᠷᠪᠡᠤᠨ ᠬᠤᠰᠢᠭᠤᠨ ᠤ ᠬᠤᠨᠭ᠍ᠭᠤᠷ ᠰᠤᠮᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2019-06-20
ᠪᠦᠬᠦ ᠬᠤᠲᠠ ᠶᠢᠨ ᠲᠦᠷᠪᠡᠳᠦᠭᠡᠷ ᠬᠤᠭᠤᠴᠠᠭᠠᠨ ᠤ ᠦᠨᠳᠦᠰᠦᠲᠡᠨ ᠤ ᠳᠤᠮᠳᠠ ᠪᠠᠭ᠎ᠠ ᠰᠤᠷᠭᠠᠭᠤᠯᠢ ᠶᠢᠨ ᠬᠦᠷᠢᠶᠡᠨ  ᠤ ᠨᠠᠭᠠᠳᠤᠮ ᠨᠢ ᠲᠦᠷᠪᠡᠤᠨ ᠬᠤᠰᠢᠭᠤᠨ ᠤ ᠬᠤᠨᠭ᠍ᠭᠤᠷ ᠰᠤᠮᠤᠨ ᠳᠤ ᠶᠠᠪᠤᠭᠳᠠᠪᠠ    6 ᠰᠠᠷ᠎ᠠ ᠶᠢᠨ 16 ᠤ ᠡᠳᠦᠷ᠂ ᠪᠦᠬᠦ ᠬᠤᠲᠠ ᠶᠢᠨ ᠲᠦᠷᠪᠡᠳᠦᠭᠡᠷ ᠬᠤᠭᠤᠴᠠᠭᠠᠨ ᠤ ᠦᠨᠳᠦᠰᠦᠲᠡᠨ ᠤ ᠳᠤᠮᠳᠠ ᠪᠠᠭ᠎ᠠ ᠰᠤᠷᠭᠠᠭᠤᠯᠢ ᠶᠢᠨ ᠬᠦᠷᠢᠶᠡᠨ ᠤ ᠨᠠᠭᠠᠳᠤᠮ ᠨᠢ ᠲᠦᠷᠪᠡᠤᠨ ᠬᠤᠰᠢᠭᠤᠨ ᠤ ᠬᠤᠨᠭ᠍ᠭᠤᠷ ᠰᠤᠮᠤᠨ ᠳᠤ ᠶᠠᠪᠤᠭᠳᠠᠵᠤ᠂ ᠦᠨᠳᠦᠰᠦᠲᠡᠨ ᠤ ᠰᠤᠶᠤᠯ ᠤᠨ ᠤᠯᠠᠮᠵᠢᠯᠠᠯ ᠬᠦᠭᠵᠢᠯ ᠵᠢᠴᠢ ᠰᠤᠶᠤᠯ ᠤᠨ ᠬᠦᠳᠡᠯᠭᠡᠭᠡᠨ ᠪᠠᠷ ᠬᠦᠮᠦᠨ  ᠢ ᠬᠦᠮᠦᠵᠢᠬᠦᠯᠬᠦ ᠶᠢ ᠤᠯᠠᠮ ᠴᠢᠨᠠᠭᠰᠢᠳᠠ ᠳᠡᠭᠡᠭᠰᠢᠯᠡᠭᠦᠯᠪᠡ᠃
   ᠲᠤᠰ ᠤᠳᠠᠭᠠᠨ ᠤ ᠬᠦᠳᠡᠯᠭᠡᠭᠡᠨ ᠳᠤ ᠤᠯᠠᠭᠠᠨᠴᠠᠪ ᠬᠤᠲᠠ ᠶᠢᠨ ᠰᠤᠷᠭᠠᠨ ᠬᠦᠮᠦᠵᠢᠯ ᠤᠨ ᠲᠤᠪᠴᠢᠶᠠᠨ ᠳᠠᠷᠤᠭ᠎ᠠ ᠵᠣᠣ ᠰᠢ ᠸᠧᠨ᠂ ᠤᠯᠠᠭᠠᠨᠴᠠᠪ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠶᠦᠨ ᠱᠦ ᠫᠢᠩ᠂ ᠲᠦᠷᠪᠡᠤᠨ ᠬᠤᠰᠢᠭᠤᠨ ᠤ ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ ᠠᠯᠲᠠ᠂ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠪᠠᠤᠨᠮᠠᠰᠸ᠎ᠠ ᠨᠠᠷ ᠤᠷᠤᠯᠴᠠᠪᠠ᠃
   ᠲᠤᠰ ᠤᠳᠠᠭᠠᠨ ᠤ ᠬᠦᠳᠡᠯᠭᠡᠭᠡᠨ ᠨᠢ ᠡᠬᠢᠯᠡᠯᠲᠡ ᠶᠢᠨ ᠶᠤᠰᠤᠯᠠᠯ᠂ ᠤᠷᠠᠨ ᠰᠠᠶᠢᠬᠠᠨ ᠤ ᠲᠤᠭᠯᠠᠯᠲᠠ᠂ ᠤᠯᠠᠮᠵᠢᠯᠠᠯᠲᠤ ᠨᠠᠭᠠᠳᠤᠮ ᠤᠨ ᠲᠠᠮᠢᠷ ᠤᠨ ᠬᠦᠳᠡᠯᠭᠡᠭᠡᠨ᠂ ᠮᠤᠩᠭᠤᠯ ᠰᠢᠲᠠᠷ᠂ ᠱᠠᠭ᠎ᠠ ᠨᠠᠭᠠᠤᠨᠬᠤ ᠵᠡᠷᠭᠡ ᠠᠭᠤᠯᠭ᠎ᠠ ᠪᠠᠶᠢᠵᠤ᠂ ᠡᠨᠡᠬᠦ ᠤᠯᠠᠨ ᠬᠦᠳᠡᠯᠭᠡᠭᠡᠨ ᠪᠠᠷ ᠳᠠᠮᠵᠢᠨ ᠲᠠᠯ᠎ᠠ ᠨᠤᠲᠤᠭ ᠤᠨ ᠨᠠᠭᠠᠳᠤᠮ ᠤᠨ ᠰᠤᠶᠤᠯ ᠤᠨ ᠦᠡᠭ ᠵᠤᠵᠠᠭᠠᠨ ᠦᠨᠦᠷ ᠠᠮᠲᠠ ᠪᠤᠯᠤᠨ ᠵᠤᠷᠢᠭ ᠰᠠᠨᠠᠭ᠎ᠠ ᠶᠢ ᠬᠠᠷᠠᠭᠤᠯᠪᠠ᠃
 
 
ᠢᠷᠡᠯᠲᠡ᠄ ᠲᠦᠷᠪᠡᠤᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2