ᠪᠦᠬᠦ ᠬᠤᠰᠢᠭᠤᠨ ᠤ ᠦᠷᠬᠡᠨ ᠤᠯᠠᠨ ᠠᠷᠠᠳ ᠲᠦᠮᠡᠨ ᠳᠤ ᠦᠭᠬᠦ ᠨᠢᠬᠡᠨ ᠬᠤᠪᠢ ᠵᠠᠬᠢᠳᠠᠯ
ᠨᠡᠶᠢᠲᠡᠯᠡᠭᠰᠡᠨ ᠴᠠᠭ᠄
2019-06-04
        ᠪᠦᠬᠦ ᠬᠤᠰᠢᠭᠤᠨ ᠤ ᠦᠷᠬᠡᠨ ᠤᠯᠠᠨ ᠠᠷᠠᠳ ᠲᠦᠮᠡᠨ ᠳᠤ ᠦᠭᠬᠦ ᠨᠢᠬᠡᠨ ᠬᠤᠪᠢ ᠵᠠᠬᠢᠳᠠᠯ      ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠬᠦᠯᠬᠦ ᠲᠤᠬᠠᠢ ᠮᠡᠳᠡᠭᠳᠡᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠬᠡᠢ ᠦᠷᠨᠢᠬᠦᠯᠦᠨ᠂ ᠪᠦᠬᠦ ᠬᠤᠰᠢᠭᠤᠨ ᠤ ᠨᠠᠶᠢᠬᠡᠮ ᠤᠨ ᠠᠮᠤᠷ ᠲᠦᠪᠰᠢᠨ ᠢ ᠲᠤᠭᠳᠠᠪᠤᠷᠢᠵᠢᠭᠤᠯᠤᠨ ᠬᠠᠮᠠᠭᠠᠯᠠᠵᠦ᠂ ᠠᠷᠠᠳ ᠲᠦᠮᠡᠨ ᠤ ᠠᠮᠤᠷ ᠲᠠᠶᠢᠪᠤᠩ ᠠᠵᠦ ᠠᠮᠢᠳᠤᠷᠠᠯ ᠢ ᠦᠨᠡᠨᠬᠦ ᠪᠠᠳᠤᠯᠠᠨ᠂ ᠨᠠᠮ ᠤᠨ ᠵᠠᠰᠠᠭ ᠪᠠᠷᠢᠬᠤ ᠰᠠᠭᠤᠷᠢ ᠶᠢ ᠤᠯᠠᠮ ᠨᠢᠬᠡ ᠠᠯᠬᠤᠮ ᠪᠠᠬᠢᠵᠢᠬᠦᠯᠵᠦ᠂ ᠠᠷᠠᠳ ᠤᠯᠠᠨ ᠤ ᠠᠵᠠ ᠵᠢᠷᠭᠠᠯᠳᠦ ᠲᠦᠷᠦᠭᠳᠡᠯ ᠢ ᠨᠡᠮᠡᠭᠳᠡᠬᠦᠯᠬᠦ ᠶᠢᠨ ᠲᠤᠯᠠᠳᠠ᠂ ᠦᠷᠬᠡᠨ ᠤᠯᠠᠨ ᠲᠦᠮᠡᠨ ᠢᠶᠠᠷ ᠢᠶᠠᠨ ᠢᠳᠡᠪᠬᠢᠳᠠᠢ ᠬᠦᠳᠡᠯᠦᠯᠴᠠᠵᠦ᠂ ᠲᠤᠤᠷᠠᠬᠢ ᠮᠠᠳᠦ 10 ᠵᠦᠢᠯ ᠤᠨ ᠬᠠᠷ᠎ᠠ ᠪᠦᠯᠦᠭᠳᠡᠨ ᠬᠠᠷᠬᠢᠰ ᠬᠦᠴᠦᠨ ᠤ ᠶᠠᠯᠠᠳᠦ ᠠᠵᠢᠯᠯᠠᠭ᠎ᠠ   ᠶᠢ ᠢᠯᠡᠷᠡᠬᠦᠯᠪᠠᠯ ᠢᠯᠡᠴᠢᠯᠡᠨ ᠮᠡᠳᠡᠬᠦᠯᠬᠦ ᠪᠤᠯᠪᠠᠤ︕1᠂ ᠤᠯᠤᠰ ᠲᠦᠷᠦ ᠶᠢᠨ ᠠᠮᠤᠷ ᠲᠦᠪᠰᠢᠨ ᠤᠨᠴᠠᠭᠠᠶᠢᠯᠠᠨ ᠤᠯᠤᠰ ᠲᠦᠷᠦ ᠶᠢᠨ ᠡᠷᠬᠡ ᠶᠢᠨ ᠠᠮᠤᠷ ᠲᠦᠪᠰᠢᠨ᠂ ᠲᠦᠷᠢᠮ ᠲᠤᠭᠳᠠᠭᠠᠯ ᠤᠨ ᠠᠮᠤᠷ ᠲᠦᠪᠰᠢᠨ ᠵᠢᠴᠢ ᠤᠯᠤᠰ ᠲᠦᠷᠦ ᠶᠢᠨ ᠬᠦᠷᠢᠶ᠎ᠠ ᠴᠠᠷ᠎ᠠ ᠳᠤ ᠨᠠᠪᠴᠢᠨ ᠤᠷᠤᠭᠰᠠᠨ ᠬᠠᠷ᠎ᠠ ᠪᠦᠯᠦᠭᠳᠡᠨ ᠬᠠᠷᠬᠢᠰ ᠬᠦᠴᠦᠨ᠃2᠂ ᠦᠨᠳᠦᠰᠦᠨ ᠱᠠᠳᠤᠨ ᠤ ᠵᠠᠰᠠᠭ ᠤᠨ ᠡᠷᠬᠡ ᠶᠢ ᠵᠠᠬᠢᠷᠤᠨ ᠡᠷᠬᠡᠰᠢᠶᠠᠵᠦ᠂ ᠦᠨᠳᠦᠰᠦᠨ ᠱᠠᠳᠤᠨ ᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠡᠷᠬᠡ ᠶᠢ ᠡᠵᠡᠮᠳᠠᠨ᠂ ᠬᠠᠮᠳᠦ ᠶᠢᠨ ᠡᠳ᠋ ᠬᠦᠷᠦᠩᠭᠡ ᠶᠢ ᠡᠵᠡᠷᠬᠡᠭᠯᠡᠨ ᠵᠠᠯᠬᠢᠭᠰᠠᠨ ᠬᠠᠷ᠎ᠠ ᠪᠦᠯᠦᠭᠳᠡᠨ ᠬᠠᠷᠬᠢᠰ ᠬᠦᠴᠦᠨ᠃3᠂ ᠬᠡᠷ ᠪᠦᠯᠢ ᠶᠢᠨ ᠪᠤᠶᠤ ᠤᠪᠤᠭ ᠲᠦᠷᠦᠯ ᠤᠨ ᠬᠦᠴᠦ ᠶᠢ ᠠᠰᠢᠭᠯᠠᠨ ᠤᠷᠤᠨ ᠨᠤᠳᠤᠭ ᠲᠠᠭᠠᠨ ᠬᠠᠷᠬᠢᠰᠯᠠᠨ ᠡᠵᠡᠷᠬᠡᠵᠦ᠂ ᠠᠷᠠᠳ ᠤᠯᠠᠨ ᠢ ᠲᠠᠷᠤᠯᠠᠨ ᠬᠤᠬᠢᠷᠠᠭᠤᠯᠤᠭᠰᠠᠨ ︽ᠲᠤᠰᠬᠤᠨ ᠤ ᠬᠠᠷᠬᠢᠰ︾ ᠵᠠᠷᠬᠡ ᠬᠠᠷ᠎ᠠ ᠪᠦᠯᠦᠭᠳᠡᠨ ᠬᠠᠷᠬᠢᠰ ᠬᠦᠴᠦᠨ᠃4᠂ ᠭᠠᠵᠠᠷ ᠲᠠᠳᠠᠪᠤᠷᠢᠯᠠᠬᠤ᠂ ᠭᠠᠵᠠᠷ ᠲᠦᠷᠢᠶᠠᠰᠦᠯᠠᠬᠦ᠂ ᠨᠤᠷᠠᠭᠠᠵᠦ ᠨᠡᠬᠦᠯᠬᠡᠬᠦ᠂ ᠢᠨᠵᠧᠨᠧᠷᠢᠩ ᠤᠨ ᠲᠦᠷᠦᠯ ᠤᠨ ᠪᠦᠳᠦᠬᠡᠨ ᠪᠠᠶᠢᠭᠤᠯᠤᠯᠳᠠ ᠵᠡᠷᠬᠡ ᠶᠠᠪᠤᠴᠠ ᠲᠤᠮᠳᠠ ᠤᠯᠠᠨ ᠢ ᠦᠳᠦᠬᠡᠵᠦ ᠬᠡᠷᠡᠭ ᠡᠳᠦᠳᠡᠭ ᠬᠠᠷ᠎ᠠ ᠪᠦᠯᠦᠭᠳᠡᠨ ᠬᠠᠷᠬᠢᠰ ᠬᠦᠴᠦᠨ᠃5᠂ ᠪᠠᠷᠢᠯᠭ᠎ᠠ ᠶᠢᠨ ᠢᠨᠵᠧᠨᠧᠷᠢᠩ᠂ ᠵᠠᠮ ᠬᠠᠷᠢᠯᠴᠠᠭ᠎ᠠ ᠲᠡᠭᠡᠭᠡᠪᠦᠷᠢ᠂ ᠠᠭᠤᠷᠬᠠᠢ ᠡᠬᠢ ᠪᠠᠶᠠᠯᠢᠭ ᠵᠡᠷᠬᠡ ᠠᠵᠢᠯ ᠲᠦᠷᠦᠯ ᠤᠨ ᠬᠦᠷᠢᠶ᠎ᠠ ᠬᠡᠪᠴᠢᠶᠠᠨ ᠳᠤ ᠬᠦᠴᠦ ᠪᠠᠷ ᠢᠨᠵᠧᠨᠧᠷᠢᠩ ᠢ ᠠᠪᠴᠦ᠂ ᠮᠠᠭᠤ ᠰᠠᠨᠠᠭ᠎ᠠ ᠪᠠᠷ ᠤᠨᠤᠭᠠᠨ ᠦᠷᠢᠰᠦᠯᠳᠦᠵᠦ᠂ ᠬᠠᠤᠯᠢ ᠪᠤᠰᠦ ᠪᠠᠷ ᠭᠠᠵᠠᠷ ᠡᠵᠡᠯᠡᠨ᠂ ᠬᠡᠮᠵᠢᠶᠠᠨ ᠠᠴᠠ ᠪᠠᠨ ᠬᠡᠳᠦᠷᠡᠳᠡᠯ᠎ᠡ ᠨᠡᠬᠡᠬᠡᠵᠦ ᠠᠰᠢᠭᠯᠠᠬᠤ ᠠᠵᠢᠯᠯᠠᠭ᠎ᠠ ᠶᠠᠪᠤᠭᠳᠠᠭᠤᠯᠳᠠᠭ ᠬᠠᠷ᠎ᠠ ᠪᠦᠯᠦᠭᠳᠡᠨ ᠬᠠᠷᠬᠢᠰ ᠬᠦᠴᠦᠨ᠃6᠂ ᠬᠤᠳᠠᠯᠳᠤᠭᠠᠨ ᠤ ᠵᠠᠬ᠎ᠠ᠂ ᠪᠦᠬᠡᠮ ᠢᠶᠠᠷ ᠬᠤᠳᠠᠯᠳᠤᠬᠤ ᠵᠠᠬ᠎ᠠ᠂ ᠮᠠᠰᠢᠨ ᠲᠡᠷᠬᠡᠨ ᠤ ᠦᠷᠳᠡᠭᠡ᠂ ᠠᠶᠠᠯᠠᠯ ᠵᠢᠭᠤᠯᠴᠢᠯᠠᠯ ᠤᠨ ᠤᠷᠤᠨ ᠵᠡᠷᠬᠡ ᠭᠠᠵᠠᠷ ᠲᠤ ᠵᠠᠬ᠎ᠠ ᠲᠡᠯᠬᠡᠬᠦᠷ ᠢ ᠬᠠᠷᠬᠢᠰᠯᠠᠨ ᠡᠵᠡᠯᠡᠵᠦ᠂ ᠬᠦᠴᠦ ᠪᠠᠷ ᠠᠶᠤᠯᠭᠠᠨ ᠬᠤᠳᠠᠯᠳᠤᠭ᠎ᠠ ᠬᠢᠯᠬᠡᠬᠦ᠂ ᠬᠠᠷᠠᠵᠦ ᠬᠠᠮᠠᠭᠠᠯᠠᠬᠤ ᠰᠦᠢᠳᠬᠡᠯ ᠬᠤᠷᠢᠶᠠᠳᠠᠭ ︽ᠵᠠᠬ᠎ᠠ ᠲᠡᠯᠬᠡᠬᠦᠷ ᠤᠨ ᠬᠠᠷᠬᠢᠰ︾᠂ ︽ᠠᠵᠢᠯ ᠲᠦᠷᠦᠯ ᠤᠨ ᠬᠠᠷᠬᠢᠰ︾ ᠵᠡᠷᠬᠡ ᠬᠠᠷ᠎ᠠ ᠪᠦᠯᠦᠭᠳᠡᠨ ᠬᠠᠷᠬᠢᠰ ᠬᠦᠴᠦᠨ᠃7᠂ ︽ᠱᠠᠯᠢᠭ ᠵᠠᠪᠠᠭ᠋ᠠᠢ᠂ ᠮᠦᠷᠦᠢ ᠲᠠᠢ ᠲᠤᠭᠯᠠᠭᠠᠮ᠂ ᠬᠤᠤᠷᠠᠳᠦ ᠪᠤᠳᠠᠰ︾ ᠵᠡᠷᠬᠡ ᠶᠠᠯᠠᠳᠦ ᠠᠵᠢᠯᠯᠠᠭ᠎ᠠ ᠶᠢ ᠡᠵᠡᠮᠳᠠᠨ ᠡᠵᠡᠩᠨᠡᠳᠡᠭ ᠬᠠᠷ᠎ᠠ ᠪᠦᠯᠦᠭᠳᠡᠨ ᠬᠠᠷᠬᠢᠰ ᠬᠦᠴᠦᠨ᠃8᠂ ᠬᠠᠤᠯᠢ ᠪᠤᠰᠦ ᠪᠠᠷ ᠦᠨᠳᠦᠷ ᠬᠦᠦ ᠲᠠᠢ ᠵᠢᠭᠡᠯᠡᠯᠬᠡ ᠲᠠᠯᠪᠢᠭᠰᠠᠨ ᠵᠢᠴᠢ ᠬᠦᠴᠦᠷᠬᠡᠭᠯᠡᠯ ᠤᠨ ᠠᠷᠭ᠎ᠠ ᠪᠠᠷ ᠦᠷᠢ ᠨᠡᠬᠡᠭᠰᠡᠨ ᠬᠠᠷ᠎ᠠ ᠪᠦᠯᠦᠭᠳᠡᠨ ᠬᠠᠷᠬᠢᠰ ᠬᠦᠴᠦᠨ᠃9᠂ ᠠᠷᠠᠳ ᠤᠨ ᠬᠤᠭᠤᠷᠤᠨᠳᠤᠬᠢ ᠠᠵᠦ ᠠᠬᠤᠢ ᠶᠢᠨ ᠵᠢᠭᠤᠷᠠᠯᠳᠤᠭᠠᠨ ᠳᠤ ᠭᠠᠷ ᠲᠦᠷᠦᠳᠡᠭ ︽ᠭᠠᠵᠠᠷ ᠲᠤᠤᠷᠠᠬᠢ ᠴᠠᠭᠳᠠᠭ᠎ᠠ︾ ᠵᠡᠷᠬᠡ ᠬᠠᠷ᠎ᠠ ᠪᠦᠯᠦᠭᠳᠡᠨ ᠬᠠᠷᠬᠢᠰ ᠬᠦᠴᠦᠨ᠃10᠂ ᠬᠢᠯᠢ ᠶᠢᠨ ᠭᠠᠳᠠᠨᠠᠬᠢ ᠬᠠᠷ᠎ᠠ ᠪᠦᠯᠦᠭᠳᠡᠨ ᠬᠢᠯᠢ ᠲᠠᠪᠠᠵᠦ ᠨᠡᠪᠴᠢᠬᠦ ᠠᠵᠢᠯᠯᠠᠭ᠎ᠠ ᠦᠷᠨᠢᠬᠦᠯᠬᠦ ᠪᠤᠶᠤ ᠤᠯᠤᠰ ᠠᠯᠤᠰᠯᠠᠭᠰᠠᠨ᠂ ᠬᠢᠯᠢ ᠠᠯᠤᠰᠯᠠᠭᠰᠠᠨ ᠬᠠᠷ᠎ᠠ ᠪᠦᠯᠦᠭᠳᠡᠨ ᠬᠠᠷᠬᠢᠰ ᠬᠦᠴᠦᠨ᠃ ᠬᠠᠷ᠎ᠠ ᠪᠦᠯᠦᠭᠳᠡᠨ ᠬᠠᠷᠬᠢᠰ ᠬᠦᠴᠦᠨ ᠢ ᠢᠯᠡᠴᠢᠯᠡᠨ ᠮᠡᠳᠡᠬᠦᠯᠦᠭᠰᠡᠳ ᠤᠨ ᠨᠢᠭᠤᠴᠠ ᠶᠢ ᠪᠢᠳᠠ ᠴᠢᠩᠭ᠎ᠠ ᠬᠠᠮᠠᠭᠠᠯᠠᠵᠦ᠂ ᠪᠠᠶᠢᠴᠠᠭᠠᠬᠤ ᠪᠠᠷ ᠲᠡᠮᠵᠢᠨ ᠪᠤᠳᠠᠳᠢ ᠪᠤᠯ ︽ᠲᠦᠷᠪᠡᠳ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠢᠯᠡᠴᠢᠯᠡᠨ ᠮᠡᠳᠡᠬᠦᠯᠦᠭᠰᠡᠳ ᠢ ᠱᠠᠩᠨᠠᠨ ᠬᠦᠬᠢᠬᠦᠯᠬᠦ ᠠᠷᠭ᠎ᠠ︾ ᠶᠢ ᠦᠨᠳᠦᠰᠦᠯᠡᠨ ᠱᠠᠩᠨᠠᠨ ᠬᠦᠬᠢᠬᠦᠯᠦᠨ᠎ᠠ᠃ ᠢᠯᠡᠴᠢᠯᠡᠨ ᠮᠡᠳᠡᠬᠦᠯᠬᠦ ᠤᠳᠠᠰᠦ᠄ ᠲᠦᠷᠪᠡᠳ ᠬᠤᠰᠢᠭᠤᠨ ᠤ ᠲᠤᠳᠤᠭᠠᠳᠦ ᠶᠢ ᠬᠠᠮᠠᠭᠠᠯᠬᠤ ᠲᠤᠪᠴᠢᠶᠠᠨ ᠤ ᠢᠯᠡᠴᠢᠯᠡᠨ ᠮᠡᠳᠡᠬᠦᠯᠬᠦ ᠤᠳᠠᠰᠦ᠄ 0474 —5202705 ᠪᠤᠶᠤ 5210225 ᠲᠦᠷᠪᠡᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠢᠯᠡᠴᠢᠯᠡᠨ ᠮᠡᠳᠡᠬᠦᠯᠬᠦ ᠤᠳᠠᠰᠦ᠄ 12309 ᠪᠤᠶᠤ 0474 —5201622 ᠲᠦᠷᠪᠡᠳ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠢᠯᠡᠴᠢᠯᠡᠨ ᠮᠡᠳᠡᠬᠦᠯᠬᠦ ᠤᠳᠠᠰᠦ᠄ 0474 —5214708 ᠲᠦᠷᠪᠡᠳ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠯᠪᠠᠨ ᠬᠡᠷ ᠤᠨ ᠢᠯᠡᠴᠢᠯᠡᠨ ᠮᠡᠳᠡᠬᠦᠯᠬᠦ ᠤᠳᠠᠰᠦ᠄ 0474 —5204486             ᠲᠦᠷᠪᠡᠳ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ  ᠤᠨ ᠤᠳᠤᠷᠢᠳᠬᠤ ᠪᠠᠭ ᠤᠨ ᠠᠯᠪᠠᠨ ᠬᠡᠷ                      2019 ᠤᠨ ᠤ 5 ᠰᠠᠷ᠎ᠠ ᠶᠢᠨ 24 ᠤ ᠡᠳᠦᠷ
 
ᠢᠷᠡᠯᠲᠡ᠄ ᠲᠦᠷᠪᠡᠳ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2