ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠢᠯᠵᠠᠷᠠᠯ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ᠤ ︽ᠬᠠᠮᠠᠭᠠᠯᠠᠭᠴᠢ︾ ᠪᠤᠯᠤᠭᠰᠠᠨ ᠨᠠᠮ ᠤᠨ ᠭᠡᠰᠢᠭᠦᠨ ᠺᠠᠳ᠋ᠷ ᠪᠠ ᠠᠯᠪᠠᠨ ᠲᠤᠰᠢᠶᠠᠯᠲᠠᠨ ᠢ ᠰᠠᠨᠠᠭᠠᠴᠢᠯᠠᠭ᠎ᠠ ᠠᠴᠠ ᠪᠠᠨ ᠬᠡᠷᠡᠭ ᠢᠶᠠᠨ ᠮᠡᠳᠡᠷᠡᠵᠦ ᠪᠡᠶ᠎ᠡ ᠪᠠᠨ ᠲᠤᠰᠢᠶᠠᠬᠤ ᠶᠢ ᠨᠢ ᠱᠠᠯᠠᠪᠳᠠᠭᠤᠯᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2019-06-05
      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠥᠷᠨᠢᠭᠦᠯᠬᠦ ᠲᠤᠬᠠᠢ ᠮᠡᠳᠡᠭᠳᠡᠯ ᠤᠨ ᠵᠣᠷᠢᠭ ᠰᠠᠨᠠᠭ᠎ᠠ ᠪᠣᠯᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠲᠤᠮᠳᠠᠬᠢ ᠬᠠᠮᠢᠶ᠎ᠠ ᠪᠦᠬᠦᠢ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠢᠯᠵᠢᠷᠡᠯ ᠪᠣᠯᠤᠨ ᠬᠠᠷ᠎ᠠ ᠪᠦᠯᠦᠭᠲᠡᠨ ᠬᠠᠷᠭᠢᠰ ᠬᠦᠴᠦᠨ ᠤ ︽ᠬᠠᠮᠠᠭᠠᠯᠠᠯᠲᠠ ᠶᠢᠨ ᠰᠢᠬᠦᠷ︾ ᠪᠣᠯᠬᠤ ᠠᠰᠠᠭᠤᠳᠠᠯ ᠢ ᠵᠠᠯᠬᠠᠭᠠᠨ ᠰᠢᠢᠳᠬᠡᠬᠦ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠬᠤ ᠶᠢᠨ ᠲᠤᠯᠠᠳᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾᠂ ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠲᠤᠤᠷᠠᠬᠢ ᠵᠠᠷᠯᠠᠯ ᠢ ᠨᠠᠶᠢᠳᠠᠯᠠᠪᠠ᠃      ᠨᠢᠭᠡ᠂ ᠨᠠᠮ ᠤᠨ ᠭᠡᠰᠢᠭᠦᠨ ᠺᠠᠳ᠋ᠷ ᠪᠠ ᠠᠯᠪᠠᠨ ᠲᠤᠰᠢᠶᠠᠯᠳᠠᠳ ᠲᠤ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠢᠯᠵᠢᠷᠡᠯ᠂ ᠬᠠᠷ᠎ᠠ ᠪᠦᠯᠦᠭᠲᠡᠨ ᠬᠠᠷᠭᠢᠰ ᠬᠦᠴᠦᠨ ᠤ ︽ᠬᠠᠮᠠᠭᠠᠯᠠᠭᠴᠢ︾ ᠪᠣᠯᠤᠭᠰᠠᠨ ᠠᠰᠠᠭᠤᠳᠠᠯ ᠣᠷᠣᠰᠢᠵᠤ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠯᠢᠪᠠ ᠠᠵᠢᠯᠯᠠᠭ᠎ᠠ ᠪᠠᠨ ᠳᠠᠷᠤᠢ ᠲᠦᠷᠭᠡᠨ ᠵᠣᠭᠰᠣᠭᠠᠬᠤ ᠬᠡᠷᠡᠭᠲᠡᠢ ᠪᠥᠭᠡᠳ ᠵᠣᠬᠢᠶᠠᠨ ᠪᠠᠶᠢᠭᠤᠯᠤᠯᠳᠠ ᠳᠤ ᠣᠷᠣᠰᠢᠵᠤ ᠪᠠᠶᠢᠭ᠎ᠠ ᠠᠰᠠᠭᠤᠳᠠᠯ ᠢᠶᠠᠨ ᠰᠠᠨᠠᠭᠠᠴᠢᠯᠠᠭ᠎ᠠ ᠠᠴᠠ ᠪᠠᠨ ᠲᠤᠰᠢᠶᠠᠬᠤ ᠬᠡᠷᠡᠭᠲᠡᠢ᠃      ᠬᠤᠶᠠᠷ᠂ ᠲᠤᠰ ᠵᠠᠷᠯᠠᠯ ᠢ ᠨᠠᠶᠢᠳᠠᠯᠡᠭᠰᠡᠨ ᠡᠳᠦᠷ ᠠᠴᠠ ᠡᠬᠢᠯᠡᠨ 2019 ᠣᠨ 6 ᠰᠠᠷ᠎ᠠ ᠶᠢᠨ 10 ᠤ ᠡᠳᠦᠷ ᠪᠣᠯᠲᠠᠯ᠎ᠠ᠂ ᠬᠠᠷ᠎ᠠ ᠪᠦᠯᠦᠭᠲᠡᠨ ᠬᠠᠷᠭᠢᠰ ᠬᠦᠴᠦᠨ ᠲᠠᠢ ᠬᠤᠯᠪᠣᠭᠳᠠᠭᠰᠠᠨ ᠢᠯᠵᠢᠷᠡᠯ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ᠤ ︽ᠬᠠᠮᠠᠭᠠᠯᠠᠭᠴᠢ︾ ᠪᠣᠯᠤᠭᠰᠠᠨ ᠠᠰᠠᠭᠤᠳᠠᠯ ᠢᠶᠠᠨ ᠰᠠᠨᠠᠭᠠᠴᠢᠯᠠᠭ᠎ᠠ ᠠᠴᠠ ᠪᠠᠨ  ᠲᠤᠰᠢᠶᠠᠪᠠᠯ᠂ ᠰᠠᠬᠢᠯᠭ᠎ᠠ ᠪᠠᠲᠤ ᠬᠠᠤᠯᠢ ᠶᠣᠰᠣᠭᠠᠷ ᠬᠥᠩᠭᠡᠨ ᠢᠶᠠᠷ ᠰᠢᠢᠳᠬᠡᠬᠦ ᠪᠤᠶᠤ ᠬᠥᠩᠭᠡᠷᠡᠭᠦᠯᠦᠨ ᠰᠢᠢᠳᠪᠦᠷᠢᠯᠡᠵᠦ ᠪᠣᠯᠤᠨ᠎ᠠ᠃ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠦᠢᠯᠡ ᠪᠠᠶᠢᠳᠠᠯ ᠨᠢ ᠨᠡᠯᠢᠶᠡᠳ ᠬᠥᠩᠭᠡᠨ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠪᠦᠷᠢᠯᠡᠯᠲᠡ ᠠᠴᠠ ᠬᠡᠯᠲᠦᠷᠢᠭᠦᠯᠵᠦ ᠪᠣᠯᠤᠨ᠎ᠠ᠃ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠪᠠᠨ ᠲᠤᠰᠢᠶᠠᠬᠤ ᠶᠢ ᠲᠡᠪᠴᠢᠭᠰᠡᠨ ᠪᠠᠶᠢᠪᠠᠯ᠂ ᠰᠠᠬᠢᠯᠭ᠎ᠠ ᠪᠠᠲᠤ ᠶᠣᠰᠣᠭᠠᠷ ᠬᠠᠤᠯᠢ ᠶᠣᠰᠣᠭᠠᠷ ᠴᠢᠩᠭ᠎ᠠ ᠰᠢᠢᠳᠬᠡᠨ᠎ᠡ᠃ ᠰᠠᠬᠢᠯᠭ᠎ᠠ ᠪᠠᠲᠤ ᠶᠢ ᠵᠥᠷᠢᠴᠡᠵᠦ ᠂ ᠰᠠᠨᠠᠭ᠎ᠠ ᠪᠠᠨ ᠬᠤᠷᠢᠶᠠᠬᠤ ᠦᠭᠡᠢ ᠭᠠᠷ ᠢᠶᠠᠨ ᠲᠠᠲᠠᠬᠤ ᠦᠭᠡᠢ ᠪᠣᠯ ᠴᠢᠩᠭ᠎ᠠ ᠪᠥᠭᠡᠳ ᠬᠦᠨᠳᠦ ᠪᠠᠷ ᠰᠢᠢᠳᠪᠦᠷᠢᠯᠡᠬᠦ ᠬᠡᠷᠡᠭᠲᠡᠢ᠃      ᠭᠤᠷᠪᠠ᠂ ᠬᠠᠷ᠎ᠠ ᠪᠦᠯᠦᠭᠲᠡᠨ ᠬᠠᠷᠭᠢᠰ ᠬᠦᠴᠦᠨ ᠲᠠᠢ ᠬᠤᠯᠪᠣᠭᠳᠠᠭᠰᠠᠨ ᠨᠠᠮ ᠤᠨ ᠭᠡᠰᠢᠭᠦᠨ ᠺᠠᠳ᠋ᠷ ᠪᠣᠯᠤᠨ ᠠᠯᠪᠠᠨ ᠲᠤᠰᠢᠶᠠᠯᠲᠠᠨ ᠬᠡᠷᠪᠡ ᠬᠠᠮᠲᠤ ᠬᠡᠷᠡᠭᠲᠡᠨ ᠪᠤᠶᠤ ᠪᠤᠰᠤᠳ ᠬᠥᠮᠦᠨ ᠤ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠬᠦᠯᠦᠬᠡᠳ᠂ ᠪᠠᠶᠢᠴᠠᠭᠠᠭᠰᠠᠨ ᠢᠶᠠᠷ ᠦᠨᠡᠨ ᠪᠤᠳᠠᠳᠠᠢ ᠪᠤᠯ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠬᠥᠩᠭᠡᠨ ᠢᠶᠠᠷ ᠰᠢᠢᠳᠬᠡᠬᠦ ᠪᠤᠶᠤ ᠬᠥᠩᠭᠡᠷᠡᠭᠦᠯᠦᠨ ᠰᠢᠢᠳᠪᠦᠷᠢᠯᠡᠵᠦ ᠪᠣᠯᠤᠨ᠎ᠠ᠃      ᠳᠥᠷᠪᠡ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠢᠯᠵᠠᠷᠠᠯ ᠪᠠ ᠬᠠᠷ᠎ᠠ ᠪᠦᠯᠦᠭᠲᠡᠨ ᠬᠠᠷᠭᠢᠰ ᠬᠦᠴᠦᠨ ᠤ ︽ᠬᠠᠮᠠᠭᠠᠯᠠᠭᠴᠢ︾ ᠪᠣᠯᠤᠭᠰᠠᠨ ᠠᠰᠠᠭᠤᠳᠠᠯ ᠢᠶᠠᠨ ᠰᠠᠨᠠᠭᠠᠴᠢᠯᠠᠭ᠎ᠠ ᠠᠴᠠ ᠪᠠᠨ ᠲᠤᠰᠢᠶᠠᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠦᠨᠡᠨ ᠠᠴᠠ ᠵᠥᠪ ᠢ ᠡᠷᠢᠬᠦ᠂ ᠢᠯᠭᠠᠭ᠎ᠠ ᠲᠠᠢ ᠬᠠᠨᠳᠤᠬᠤ᠂ ᠠᠭᠤᠴᠢᠯᠠᠨ ᠰᠢᠢᠳᠬᠡᠬᠦ ᠪᠠ ᠴᠢᠩᠭ᠎ᠠ ᠰᠢᠢᠳᠬᠡᠬᠦ ᠶᠢ ᠤᠶᠠᠯᠳᠤᠭᠤᠯᠬᠤ ᠶᠢ ᠪᠠᠷᠢᠮᠲᠠᠯᠠᠨ᠎ᠠ᠃      ᠲᠠᠪᠤ᠂ ᠨᠠᠮ ᠤᠨ ᠭᠡᠰᠢᠭᠦᠨ ᠺᠠᠳ᠋ᠷ ᠪᠣᠯᠤᠨ ᠠᠯᠪᠠᠨ ᠲᠤᠰᠢᠶᠠᠯᠲᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠢᠯᠵᠢᠷᠡᠯ᠂ ᠬᠠᠷ᠎ᠠ ᠪᠦᠯᠦᠭᠲᠡᠨ ᠬᠠᠷᠭᠢᠰ ᠬᠦᠴᠦᠨ ᠤ ︽ᠬᠠᠮᠠᠭᠠᠯᠠᠭᠴᠢ︾ ᠪᠣᠯᠤᠭᠰᠠᠨ ᠰᠦᠪᠡᠭᠴᠢ ᠶᠢ ᠣᠶᠢᠯᠠᠭᠠᠵᠤ ᠡᠵᠡᠮᠰᠢᠭᠰᠡᠨ ᠪᠠᠶᠢᠪᠠᠯ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠠᠷᠭ᠎ᠠ ᠬᠡᠯᠪᠡᠷᠢ ᠪᠠᠷ ᠲᠤᠬᠠᠢ ᠶᠢᠨ ᠭᠠᠵᠠᠷ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠢᠭᠤᠯᠭ᠎ᠠ ᠳᠤ ᠢᠯᠡᠴᠢᠯᠡᠨ ᠮᠡᠳᠡᠭᠦᠯᠵᠦ ᠪᠣᠯᠤᠨ᠎ᠠ᠃ ᠪᠠᠶᠢᠴᠠᠭᠠᠨ ᠲᠤᠳᠤᠯᠠᠬᠤ ᠪᠠᠷ ᠲᠠᠮᠵᠢᠨ ᠦᠨᠡᠨ ᠪᠤᠳᠠᠳᠠᠢ ᠪᠤᠯ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠦᠭᠰᠡᠳ ᠢ ᠱᠠᠩᠨᠠᠨ ᠬᠥᠬᠢᠭᠦᠯᠦᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠢᠯᠡᠴᠢᠯᠡᠨ ᠮᠡᠳᠡᠭᠦᠯᠦᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠪᠠ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠨ᠎ᠠ᠃ ᠬᠤᠷᠢᠭᠳᠠᠵᠤ ᠪᠠᠶᠢᠭ᠎ᠠ ᠬᠥᠮᠦᠰ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠢᠯᠵᠠᠷᠠᠯ᠂ ᠬᠠᠷ᠎ᠠ ᠪᠦᠯᠦᠭᠲᠡᠨ ᠬᠠᠷᠭᠢᠰ ᠬᠦᠴᠦᠨ ᠤ ︽ᠬᠠᠮᠠᠭᠠᠯᠠᠭᠴᠢ︾ ᠪᠣᠯᠤᠭᠰᠠᠨ ᠠᠰᠠᠭᠤᠳᠠᠯ ᠢ ᠢᠯᠡᠴᠢᠯᠡᠨ ᠮᠡᠳᠡᠬᠦᠯᠪᠠᠯ᠂ ᠪᠠᠶᠢᠴᠠᠭᠠᠨ ᠲᠤᠳᠤᠯᠠᠬᠤ ᠪᠠᠷ ᠲᠠᠮᠵᠢᠨ ᠦᠨᠡᠨ ᠪᠤᠳᠠᠳᠠᠢ ᠪᠤᠯ᠂ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠥᠩᠭᠡᠨ ᠢᠶᠠᠷ ᠰᠢᠢᠳᠬᠡᠬᠦ᠂ ᠬᠥᠩᠭᠡᠷᠡᠭᠦᠯᠦᠨ ᠰᠢᠢᠳᠬᠡᠬᠦ ᠪᠤᠶᠤ ᠰᠢᠢᠳᠬᠡᠯ ᠠᠴᠠ ᠬᠡᠯᠲᠦᠷᠢᠭᠦᠯᠬᠦ ᠰᠠᠨᠠᠭᠤᠯᠭ᠎ᠠ ᠲᠤᠷᠠᠳᠴᠦ ᠪᠣᠯᠤᠨ᠎ᠠ᠃      ᠵᠢᠷᠭᠤᠭ᠎ᠠ᠂ ᠲᠤᠰ ᠵᠠᠷᠯᠠᠯ ᠢ ᠨᠡᠶᠢᠳᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                           ᠤᠨᠴᠠᠭᠠᠶᠢᠯᠠᠨ ᠵᠠᠷᠯᠠᠪᠠ᠃                   2019 ᠤᠨ ᠤ 6 ᠰᠠᠷ᠎ᠠ ᠶᠢᠨ 1 ᠤ ᠡᠳᠦᠷ
 
ᠢᠷᠡᠯᠲᠡ᠄ ᠲᠦᠷᠪᠡᠳ ᠬᠤᠰᠢᠭᠤᠨ ᠤ ᠰᠠᠬᠢᠯᠭ᠎ᠠ ᠪᠠᠳᠦ ᠪᠠᠶᠢᠴᠠᠭᠠᠬᠤ ᠬᠤᠷᠢᠶᠠᠨ ᠤ ᠤᠷᠴᠢᠭᠤᠯᠬᠤ ᠮᠠᠲ᠋ᠧᠷᠢᠶᠠᠯ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2