ᠤᠭ ᠰᠠᠨᠠᠭ᠎ᠠ ᠪᠠᠷ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠨ᠎ᠡ | ︵ᠪᠦᠬᠦ ᠬᠤᠳᠠ ᠶᠢᠨ ︽ᠬᠤᠶᠠᠷ ᠰᠢᠯᠢᠳᠡᠭ ᠨᠢᠭᠡ ᠲᠡᠷᠢᠭᠦᠨ︾ ᠤ ᠨᠡᠶᠢᠳᠡᠯᠢᠭ ᠵᠢᠱᠢᠶ᠎ᠡ | ᠶᠡᠷᠦ ᠨᠢ ᠡᠶᠢᠮᠤ ᠨᠢᠭᠡᠨ ᠬᠦᠮᠦᠨ ᠪᠠᠶᠢᠳᠠᠭ᠃ ᠤᠯᠠᠨ ᠲᠦᠮᠡᠨ ᠤ ᠨᠢᠳᠤᠨ ᠳᠤ ᠲᠡᠷᠡ ᠪᠤᠯ ᠨᠢᠭᠡᠨ ᠲᠡᠳᠡᠨ | ᠲᠠᠢ ᠦᠷᠭᠦᠯᠵᠢ ᠰᠡᠳᠬᠢᠯ ᠤᠨ ᠦᠭᠡ ᠪᠠᠨ ᠶᠠᠷᠢᠯᠴᠠᠳᠠᠭ ᠰᠠᠶᠢᠨ ᠺᠠᠳ᠋ᠷ ᠮᠦᠨ᠃ ᠬᠠᠮᠳᠤ ᠠᠵᠢᠯᠯᠠᠭᠴᠢ ᠶᠢᠨ ᠨᠢᠳᠦᠨ | ᠳᠤ᠂ ᠲᠡᠷᠡ ᠪᠤᠯ ᠠᠵᠢᠯ ᠤᠨ ᠰᠤᠯᠢᠶᠠᠳᠤ᠃ ᠡᠬᠡᠨᠡᠷ ᠤᠨ ᠬᠢᠨᠢ ᠨᠢᠳᠤᠨ ᠳᠤ᠂ ᠲᠡᠷᠡ ᠪᠤᠯ ︽ᠭᠡᠷ ᠤᠨ ᠪᠠᠷ᠎ᠠ | ᠬᠠᠷᠠᠳᠠᠭ ᠦᠭᠡᠢ︾ ᠡᠷ᠎ᠡ ᠨᠦᠬᠦᠷ ᠪᠢᠯᠡ᠃ ᠲᠡᠷᠡ ᠪᠤᠯ ᠲᠠᠷᠤᠢ ᠲᠦᠷᠪᠡᠳ ᠬᠤᠰᠢᠭᠤᠨ ᠤ ᠬᠤᠵᠢᠷᠳᠤ ᠰᠢᠶᠠᠩ ᠤᠨ | ᠠᠷᠠᠳ ᠤᠨ ᠵᠠᠰᠠᠭ ᠤᠨ ᠤᠷᠳᠤᠨ ᠤ ᠠᠵᠤ ᠠᠬᠠᠤᠢ ᠶᠢᠨ ᠠᠯᠪᠠᠨ ᠭᠡᠷ ᠤᠨ ᠡᠷᠬᠢᠯᠡᠭᠴᠢ ᠪᠦᠭᠡᠳ ᠾᠥᠸᠧ ᠹᠦ᠋ | ᠲᠠᠨ ᠵᠠᠰᠠᠭ ᠵᠠᠬᠢᠷᠭᠠᠨ ᠤ ᠲᠤᠰᠬᠤᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠪᠰᠤᠷᠭᠠᠨ | ᠬᠠᠷᠢᠭᠤᠴᠠᠵᠤ ᠪᠠᠶᠢᠭ᠎ᠠ ᠵᠣᠣ ᠬᠤᠢ ᠴᠢᠶᠠᠩ ᠪᠤᠯᠤᠨ᠎ᠠ᠃ | ᠵᠣᠣ ᠬᠤᠢ ᠴᠢᠶᠠᠩ ᠤᠨ ᠪᠡᠶ᠎ᠡ ᠪᠢᠯᠳᠠᠷ ᠦᠨᠳᠦᠷ ᠲᠤᠷᠪᠢᠯᠢᠭ᠂ ᠬᠦᠷᠦᠰᠦᠯᠢᠭ ᠪᠤᠷᠤ ᠴᠢᠷᠠᠢ ᠵᠢᠰᠦ ᠨᠢ | ᠬᠦᠮᠦᠨ ᠳᠤ ᠨᠠᠮ ᠲᠦᠯᠭᠡᠨ᠂ ᠪᠤᠷᠤᠭᠵᠢᠭᠤᠨ᠂ ᠬᠠᠰᠢᠷ ᠲᠤᠬᠢ ᠲᠦᠷᠦᠭᠳᠡᠯ ᠦᠭᠬᠦᠨ᠎ᠡ᠃ ᠡᠨᠡ ᠵᠢᠯ 55 ᠨᠠᠰᠤᠳᠠᠢ | ᠲᠡᠷᠡ 1985 ᠤᠨ ᠤ 10 ᠰᠠᠷ᠎ᠠ ᠳᠤ ᠴᠡᠷᠢᠭ ᠠᠴᠠ ᠪᠠᠨ ᠬᠠᠯᠠᠭᠳᠠᠨ ᠠᠵᠢᠯ ᠳᠤ ᠤᠷᠤᠵᠤ᠂ 1991 ᠤᠨ ᠤ | 4 ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠤᠷᠤᠵᠤ᠂ ᠦᠨᠳᠦᠰᠦᠨ ᠱᠠᠳᠤᠨ ᠳᠤ ᠠᠵᠢᠯᠯᠠᠭᠠᠳ | 34 ᠵᠢᠯ ᠪᠤᠯᠪᠠ᠃ ᠭᠤᠴᠢ ᠭᠠᠷᠤᠢ ᠵᠢᠯ ᠤᠨ ᠲᠤᠷᠰᠢ᠂ ᠲᠡᠷᠡ ᠢᠮᠠᠭᠳᠠ ᠤᠯᠠᠨ ᠲᠦᠮᠡᠨ ᠢ ᠰᠡᠳᠬᠢᠯ ᠳᠡᠭᠡᠨ | ᠪᠤᠳᠤᠵᠤ᠂ ᠴᠠᠭ ᠢᠮᠠᠭᠳᠠ ᠶᠠᠪᠤᠳᠠᠯ ᠪᠦᠬᠦᠨ ᠳᠤ ᠤᠯᠠᠨ ᠲᠦᠮᠡᠨ ᠤ ᠲᠦᠯᠦᠭᠡ ᠪᠤᠳᠤᠯᠬᠢᠯᠠᠵᠤ᠂ ᠨᠢᠭᠡᠨ ᠨᠠᠮ ᠤᠨ | ᠬᠡᠰᠢᠭᠦᠨ ᠺᠠᠳ᠋ᠷ ᠤᠨ ᠬᠠᠷᠢᠭᠤᠴᠠᠯᠭ᠎ᠠ ᠪᠤᠯᠤᠨ ᠡᠭᠦᠷᠭᠡᠯᠡᠯ ᠢᠶᠠᠨ ᠦᠨᠡᠨ ᠬᠦ ᠭᠦᠢᠴᠡᠳᠬᠡᠵᠤ ᠶᠠᠪᠤᠨ᠎ᠠ᠃ | ᠦᠨᠳᠦᠰᠦᠨ ᠱᠠᠳᠤᠨ ᠳᠤ ᠠᠵᠢᠯᠯᠠᠭᠰᠠᠨ 30 ᠵᠢᠯ ᠤᠨ ᠲᠤᠷᠰᠢ᠂ ᠲᠡᠷᠡ ᠦᠪᠡᠷ ᠤᠨ ᠬᠠᠮᠤᠭ ᠤᠨ ᠶᠡᠭᠡ | ᠴᠢᠷᠮᠠᠶᠢᠯᠭ᠎ᠠ ᠪᠠᠷ ᠢᠶᠠᠨ ᠬᠦᠳᠡᠭᠡ ᠲᠤᠰᠬᠤᠨ ᠳᠤ ᠦᠢᠯᠡᠴᠢᠯᠡᠵᠤ᠂ ᠲᠠᠷᠢᠶᠠᠴᠢᠳ ᠲᠠᠭᠠᠨ ᠦᠢᠯᠡᠴᠢᠯᠡᠨ᠎ᠡ᠃ ᠤᠯᠠᠨ | ᠵᠢᠯ ᠤᠨ ᠦᠨᠳᠦᠰᠦᠨ ᠱᠠᠳᠤᠨ ᠳᠤ ᠠᠵᠢᠯᠯᠠᠬᠤ ᠳᠠᠭᠠᠨ᠂ ᠲᠡᠷᠡ ︽ᠦᠨᠡᠨᠴᠢ︾ ᠪᠠ ︽ᠭᠤᠤᠯᠴᠢ︾ ᠪᠠᠶᠢᠬᠤ ᠶᠢ | ᠢᠮᠠᠭᠳᠠ ᠪᠠᠷᠢᠮᠳᠠᠯᠠᠭᠰᠠᠭᠠᠷ ᠢᠷᠡᠯ᠎ᠡ᠃ ᠭᠠᠭᠴᠠ ᠬᠦ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠢᠩ ᠰᠡᠳᠬᠢᠯ | ᠠᠴᠠ ᠪᠠᠨ ᠰᠤᠨᠤᠰᠴᠦ᠂ ᠤᠴᠢᠷ ᠶᠠᠪᠤᠳᠠᠯ ᠢ ᠲᠦᠪ ᠭᠤᠤᠯᠴᠢ ᠪᠠᠷ ᠰᠢᠢᠳᠪᠤᠷᠢᠯᠡᠳᠡᠭ ᠯᠡ ᠶᠤᠮ ᠪᠤᠯ ᠠᠷᠠᠳ | ᠤᠯᠠᠨ ᠤ ᠬᠦᠷᠢᠶᠡᠯᠡᠯ ᠢ ᠤᠯᠬᠤ ᠨᠢ ᠯᠠᠪᠳᠠᠢ ᠶᠤᠮ ᠭᠡᠵᠤ ᠲᠡᠷᠡ ᠦᠷᠭᠦᠯᠵᠢ ᠬᠡᠯᠡᠳᠡᠭ᠃ ᠮᠦᠨᠴᠦ ᠢᠩᠭᠢᠵᠤ ᠬᠢᠵᠤ | ᠢᠷᠡᠭᠰᠡᠨ ᠪᠠᠶᠢᠳᠠᠭ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠦᠷᠨᠢᠭᠦᠯᠬᠦ ᠶᠢᠨ ᠬᠠᠮᠤᠭ ᠤᠨ ᠶᠡᠭᠡ | ᠤᠨᠴᠠᠯᠢᠭ ᠪᠤᠯ ᠲᠠᠷᠤᠢ ᠤᠯᠠᠨ ᠲᠦᠮᠡᠨ ᠤ ᠲᠤᠮᠳᠠ ᠭᠦᠨᠵᠡᠭᠡᠶᠢᠷᠡᠵᠤ᠂ ᠤᠯᠠᠨ ᠲᠦᠮᠡᠨ ᠤ ᠬᠦᠴᠢᠷ ᠠᠰᠠᠭᠤᠳᠠᠯ ᠢ | ᠦᠨᠡᠨ ᠬᠦ ᠰᠢᠢᠳᠪᠤᠷᠢᠯᠡᠵᠤ ᠦᠭᠬᠦ ᠶᠠᠪᠤᠳᠠᠯ ᠪᠤᠯᠤᠨ᠎ᠠ᠃ ᠾᠥᠸᠧ ᠹᠦ᠋ ᠲᠠᠨ ᠵᠠᠰᠠᠭ ᠵᠠᠬᠢᠷᠭᠠᠨ ᠤ ᠲᠤᠰᠬᠤᠨ ᠳᠤ | ᠶᠠᠳᠠᠭᠤ ᠬᠦᠴᠢᠷᠳᠡᠯᠳᠠᠢ ᠡᠷᠦᠭᠡ ᠨᠡᠶᠢᠳᠡ 73 ᠡᠷᠦᠭᠡ 168 ᠬᠦᠮᠦᠨ ᠪᠠᠶᠢᠵᠤ᠂ ᠶᠠᠳᠠᠭᠤ ᠠᠴᠠ | ᠠᠩᠭᠢᠵᠢᠷᠠᠭᠤᠯᠤᠭᠠᠳᠤᠢ ᠨᠢ 8 ᠡᠷᠦᠭᠡ 16 ᠬᠦᠮᠦᠨ᠂ ᠶᠠᠳᠠᠭᠤ ᠠᠴᠠ ᠠᠩᠭᠢᠵᠢᠷᠠᠭᠰᠠᠨ ᠨᠢ 65 ᠡᠷᠦᠭᠡ 152 | ᠬᠦᠮᠦᠨ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠮᠳᠠ᠂ ᠲᠡᠷᠡ ᠦᠷᠭᠦᠯᠵᠢ | ᠲᠤᠰᠬᠤᠨ ᠤ ᠬᠤᠶᠠᠷ ᠵᠦᠪᠯᠡᠯ ᠤᠨ ᠪᠠᠭ ᠤᠨ ᠬᠡᠰᠢᠭᠦᠳ ᠢᠶᠠᠨ ᠲᠠᠭᠠᠭᠤᠯᠤᠨ᠂ ᠲᠤᠰᠬᠤᠨ ᠳᠤ ᠰᠠᠭᠤᠭ᠎ᠠ ᠬᠦᠮᠦᠰ | ᠲᠠᠢ ᠢᠳᠡᠪᠬᠢᠳᠠᠢ ᠬᠠᠮᠵᠢᠯᠴᠠᠨ ᠡᠷᠦᠭᠡ ᠳᠤ ᠬᠦᠷᠴᠦ ᠪᠠᠶᠢᠴᠠᠭᠠᠯᠳᠠ ᠬᠢᠬᠦ᠂ ᠶᠠᠷᠢᠯᠴᠠᠬᠤ᠂ ᠰᠤᠳᠤᠯᠬᠤ ᠠᠵᠢᠯ ᠢ | ᠦᠷᠨᠢᠭᠦᠯᠵᠤ᠂ ᠠᠷᠠᠳ ᠤᠨ ᠰᠠᠨᠠᠯ ᠢ ᠰᠤᠨᠤᠰᠴᠦ᠂ ᠠᠷᠠᠳ ᠤᠨ ᠰᠠᠨᠠᠭ᠎ᠠ ᠶᠢ ᠤᠶᠢᠯᠠᠭᠠᠳᠠᠭ᠃ ᠡᠭᠦᠨ ᠤ ᠬᠠᠮᠳᠤ᠂ | ᠲᠠᠷᠢᠶᠠᠨ ᠭᠠᠵᠠᠷ ᠲᠤ ᠬᠦᠨᠵᠡᠭᠡᠶᠢᠷᠡᠨ᠂ ᠲᠠᠷᠢᠶᠠᠨ ᠤ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠤ᠂ | ᠲᠠᠷᠢᠶᠠᠴᠢᠳ ᠢ ᠬᠠᠪᠰᠤᠷᠤᠨ ᠲᠠᠷᠢᠶᠠᠨ ᠠᠵᠢᠯ ᠬᠢᠵᠤ᠂ ᠠᠵᠤ ᠦᠢᠯᠡᠰ ᠤᠨ ᠬᠦᠭᠵᠢᠯᠳᠡ ᠶᠢ ᠵᠢᠯᠤᠭᠤᠳᠤᠭ᠃ | ᠾᠥᠸᠧ ᠹᠦ᠋ ᠲᠠᠨ ᠵᠠᠰᠠᠭ ᠵᠠᠬᠢᠷᠭᠠᠨ ᠤ ᠲᠤᠰᠬᠤᠨ ᠤ ᠠᠷᠠᠳ ᠯᠢᠦ ᠴᠧᠩ ᠺᠤᠸᠠᠨ ᠲᠠᠨᠢᠯᠴᠠᠭᠤᠯᠬᠤ ᠳᠠᠭᠠᠨ | ᠂ ᠵᠣᠣ ᠱᠦᠵᠢ ᠾᠥᠸᠧ ᠹᠦ᠋ ᠲᠠᠨ ᠲᠤᠰᠬᠤᠨ ᠤ ᠵᠦᠪᠯᠡᠯ ᠳᠤ ᠰᠢᠯᠵᠢᠵᠤ ᠢᠷᠡᠭᠡᠳ ᠨᠢᠭᠡᠨᠳᠡ ᠨᠠᠢᠮᠠᠨ ᠰᠠᠷ᠎ᠠ | ᠢᠯᠡᠭᠦᠦ ᠪᠤᠯᠵᠠᠢ᠃ ᠲᠡᠷᠡ ᠡᠩ ᠤᠨ ᠴᠠᠭ ᠲᠠᠭᠠᠨ ᠦᠭᠡ ᠲᠠᠭᠤ ᠴᠦᠬᠡᠨ ᠲᠠᠢ ᠪᠤᠯᠪᠠᠴᠤ ᠠᠵᠢᠯ ᠳᠠᠭᠠᠨ ᠨᠠᠷᠢᠨ | ᠬᠢᠨᠠᠮᠠᠭᠠᠢ᠂ ᠠᠵᠢᠯᠴᠢ ᠬᠦᠳᠡᠯᠮᠦᠷᠢᠴᠢ ᠪᠠᠶᠢᠳᠠᠭ᠃ ᠡᠩ ᠤᠨ ᠦᠶ᠎ᠡ ᠳᠤ ᠠᠵᠢᠯ ᠨᠢ ᠬᠡᠳᠦᠶᠢᠪᠡᠷ ᠶᠠᠭᠠᠷᠠᠤ ᠪᠤᠯᠪᠠᠴᠤ | ᠲᠡᠷᠡ ᠵᠠᠪ ᠴᠢᠯᠦᠭᠡ ᠲᠠᠢ ᠪᠤᠯᠤᠭᠰᠠᠭᠠᠷ ᠯᠡ ᠶᠠᠳᠠᠭᠤ ᠬᠦᠴᠢᠷᠳᠡᠯᠳᠠᠢ ᠡᠷᠦᠭᠡ ᠶᠢᠨ ᠳᠤ ᠬᠦᠷᠴᠦ᠂ ᠬᠠᠯᠠᠭᠤᠨ | ᠪᠦᠯᠢᠶᠡᠨ ᠢ ᠨᠢ ᠠᠰᠠᠭᠤᠵᠤ᠂ ᠪᠤᠳᠠᠳᠤ ᠬᠦᠴᠢᠷᠳᠡᠯ ᠢ ᠨᠢ ᠬᠠᠪᠰᠦᠷᠦᠨ ᠰᠢᠢᠳᠪᠤᠷᠢᠯᠡᠵᠤ ᠦᠭᠳᠡᠭ᠃ ᠲᠤᠰᠬᠤᠨ | ᠲᠦᠬᠡᠬᠡᠯ ᠤᠰᠤ ᠲᠠᠢ ᠪᠤᠯᠤᠭᠠᠳ ᠨᠢᠭᠡᠨᠳᠡ ᠲᠠᠪᠤ ᠵᠢᠷᠭᠤᠭᠠᠨ ᠵᠢᠯ ᠪᠤᠯᠵᠠᠢ᠂ ᠬᠡᠪᠡᠴᠦ ᠡᠪᠦᠯ ᠪᠤᠯᠤᠭᠰᠠᠭᠠᠷ ᠯᠡ | ᠬᠦᠯᠳᠡᠭᠡᠳ ᠬᠡᠷᠡᠭᠯᠡᠬᠦ ᠶᠢᠨ ᠠᠷᠭ᠎ᠠ ᠦᠭᠡᠢ ᠪᠤᠯᠵᠤ᠂ ᠲᠤᠰᠬᠤᠨ ᠤ ᠠᠷᠠᠳ ᠠᠷᠭ᠎ᠠ ᠪᠤᠰᠤ ᠨᠡᠯᠢᠶᠡᠳ ᠬᠤᠯᠠ ᠭᠠᠵᠠᠷ | ᠠᠴᠠ ᠤᠰᠤ ᠲᠠᠮᠨᠠᠵᠤ ᠢᠳᠡᠳᠡᠭ᠃ ᠡᠨᠡ ᠵᠢᠯ ᠲᠡᠷᠡ ᠭᠠᠴᠠᠭᠠᠨ ᠤ ᠠᠷᠠᠳ ᠤᠨ ᠵᠦᠪᠯᠡᠯ ᠤᠨ ᠤᠳᠤᠷᠢᠳᠬᠤ ᠪᠠᠭ | ᠲᠠᠢ ᠬᠠᠮᠳᠤ ᠲᠦᠬᠡᠬᠡᠯ ᠤᠰᠤᠨ ᠤ ᠠᠰᠠᠭᠤᠳᠠᠯ ᠢ ᠰᠢᠢᠳᠪᠤᠷᠢᠯᠡᠬᠦ ᠶᠢ ᠲᠡᠷᠢᠭᠦᠨ ᠴᠢᠬᠤᠯᠠ ᠡᠭᠦᠷᠭᠡ ᠪᠠᠨ | ᠪᠤᠯᠭᠠᠭᠰᠠᠨ ᠪᠦᠭᠡᠳ ᠲᠦᠬᠡᠬᠡᠯ ᠤᠰᠤᠨ ᠤ ᠲᠦᠬᠦᠭᠡᠷᠦᠮᠵᠢ ᠬᠡᠷᠡᠭᠰᠡᠯ ᠢ ᠪᠦᠬᠦ ᠲᠠᠯ᠎ᠠ ᠪᠠᠷ ᠰᠢᠨᠡᠳᠬᠡᠨ ᠵᠠᠰᠠᠵᠤ | ᠤᠳᠤ ᠨᠢᠭᠡᠨᠳᠡ ᠠᠵᠢᠯ ᠲᠠᠭᠤᠰᠪᠠ᠂ ᠡᠨᠡ ᠡᠪᠦᠯ ᠤᠰᠤ ᠲᠠᠮᠨᠠᠬᠤ ᠭᠡᠷᠡᠭ ᠦᠭᠡᠢ ᠪᠤᠯᠵᠠᠢ᠃ ᠦᠷᠭᠡᠨ ᠤᠯᠠᠨ | ᠭᠠᠴᠠᠭᠠᠨ ᠤ ᠠᠷᠠᠳ ᠲᠡᠬᠦᠨ ᠢ ᠨᠢᠭᠡᠨ ᠠᠵᠢᠯ ᠪᠦᠳᠦᠭᠡᠳᠡᠭ ᠰᠠᠶᠢᠨ ᠺᠠᠳ᠋ᠷ ᠭᠡᠵᠤ ᠨᠡᠶᠢᠳᠡᠮ ᠳᠡᠭᠡᠨ ᠲᠠᠭᠠᠰᠢᠶᠠᠵᠤ | ᠪᠠᠶᠢᠨ᠎ᠠ᠃ | ᠰᠢᠶᠠᠩ ᠪᠠᠯᠭᠠᠰᠤᠨ ᠤ ᠦᠨᠳᠦᠰᠦᠨ ᠱᠠᠳᠤᠨ ᠤ ᠺᠠᠳ᠋ᠷ ᠪᠤᠯᠤᠭᠰᠠᠨ ᠤ ᠬᠤᠪᠢ ᠳᠤ᠂ ᠵᠤᠬᠢᠬᠤ ᠴᠢᠳᠠᠪᠤᠷᠢ | ᠪᠠ ᠬᠡᠪ ᠴᠢᠨᠠᠷ ᠢ ᠪᠦᠷᠢᠯᠳᠦᠭᠦᠯᠦᠭᠰᠡᠨ ᠪᠠᠶᠢᠬᠤ ᠶᠢ ᠱᠠᠭᠠᠷᠳᠠᠨ᠎ᠠ᠂ ᠪᠢᠴᠢᠵᠤ ᠪᠤᠳᠤᠵᠤ ᠴᠢᠳᠠᠬᠤ ᠪᠠᠷ ᠪᠠᠷᠠᠬᠤ ᠦᠭᠡᠢ | ᠂ ᠪᠠᠰᠠ ᠬᠡᠯᠡᠵᠤ ᠶᠠᠷᠢᠵᠤ ᠴᠢᠳᠠᠬᠤ ᠬᠡᠷᠡᠭᠳᠠᠢ᠂ ᠲᠡᠭᠡᠳᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ | ᠠᠯᠢ ᠤᠯᠠᠨ ᠴᠢᠭᠯᠡᠯᠳᠡ ᠲᠦᠷᠦ ᠶᠢᠨ ᠪᠤᠳᠤᠯᠭ᠎ᠠ᠂ ᠠᠵᠢᠯ ᠤᠨ ᠡᠭᠦᠷᠭᠡ ᠶᠢ ᠦᠷᠭᠡᠨ ᠤᠯᠠᠨ ᠭᠠᠴᠠᠭᠠᠨ ᠤ ᠠᠷᠠᠳ | ᠤᠨ ᠲᠤᠮᠳᠠ ᠨᠠᠶᠢᠳᠠᠪᠤᠷᠢᠵᠢᠭᠤᠯᠬᠤ ᠬᠡᠷᠡᠭᠳᠠᠢ᠂ ᠡᠶᠢᠮᠤ ᠠᠴᠠ ᠡᠩ ᠤᠨ ᠦᠶ᠎ᠡ ᠳᠤ ᠲᠠᠰᠤᠷᠠᠯᠳᠠ ᠦᠭᠡᠢ ᠲᠠᠪᠳᠠᠨ | ᠪᠤᠯᠪᠠᠰᠤᠷᠠᠭᠤᠯᠬᠤ ᠪᠠ ᠰᠤᠷᠤᠯᠴᠠᠵᠤ ᠲᠡᠭᠡᠭᠰᠢᠯᠡᠬᠦᠯᠬᠦ ᠴᠢᠬᠤᠯᠠᠳᠠᠢ ᠪᠠᠶᠢᠳᠠᠭ᠃ ᠰᠢᠶᠠᠩ ᠤᠨ ᠭᠠᠷᠠᠭ ᠪᠦᠷᠢ ᠶᠢᠨ | ᠬᠠᠮᠳᠤ ᠶᠢᠨ ᠰᠤᠷᠤᠯᠴᠠᠯᠭ᠎ᠠ ᠪᠠ ᠰᠠᠷ᠎ᠠ ᠪᠦᠷᠢ ᠶᠢᠨ ᠭᠤᠤᠯ ᠰᠡᠳᠦᠪᠳᠤ ᠨᠠᠮ ᠤᠨ ᠡᠳᠦᠷ ᠤᠨ ᠠᠵᠢᠯᠯᠠᠭᠠᠨ ᠳᠤ | ᠲᠡᠷᠡ ᠬᠡᠵᠢᠶᠡᠳᠡ ᠬᠤᠵᠢᠭᠳᠠᠳᠠᠭ ᠦᠭᠡᠢ᠂ ᠠᠵᠢᠯ ᠤᠨ ᠴᠢᠯᠦᠭᠡ ᠪᠠᠷ ᠢᠶᠠᠨ ᠤᠨᠤᠯ ᠤᠨ ᠮᠠᠲ᠋ᠧᠷᠢᠶᠠᠯ ᠢ | ᠤᠷᠪᠠᠭᠤᠯᠵᠤ᠂ ᠲᠤᠳᠤᠷ᠎ᠠ ᠲᠠᠮᠢᠷ ᠢᠶᠠᠨ ᠲᠠᠪᠳᠠᠨ ᠪᠤᠯᠪᠠᠰᠤᠷᠠᠭᠤᠯᠳᠠᠭ᠃ | 2018 ᠤᠨ ᠤ 10 ᠰᠠᠷ᠎ᠠ ᠳᠤ᠂ ᠠᠵᠢᠯ ᠤᠨ ᠬᠡᠷᠡᠭᠴᠡᠭᠡ ᠠᠴᠠ ᠪᠤᠯᠵᠤ᠂ ᠰᠢᠶᠠᠩ ᠤᠨ ᠨᠠᠮ ᠤᠨ | ᠬᠤᠷᠢᠶ᠎ᠠ ᠲᠡᠭᠦᠨ ᠢ ᠾᠥᠸᠧ ᠹᠦ᠋ ᠲᠠᠨ ᠵᠠᠰᠠᠭ ᠵᠠᠬᠢᠷᠭᠠᠨ ᠤ ᠲᠤᠰᠬᠤᠨ ᠳᠤ ᠰᠢᠯᠵᠢᠭᠦᠯᠦᠨ ᠲᠤᠰᠬᠤᠨ ᠤ ᠨᠠᠮ ᠤᠨ | ᠡᠭᠦᠷ ᠤᠨ ᠱᠦᠵᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠭᠤᠯᠪᠠ᠃ ᠮᠡᠳᠡᠭᠳᠡᠯ ᠢ ᠤᠯᠤᠭᠰᠠᠨ ᠤ ᠲᠠᠷᠠᠭ᠎ᠠ᠂ | ᠲᠡᠷᠡ ᠦᠭᠡ ᠲᠠᠭᠤᠨ ᠦᠭᠡᠢ ᠲᠤᠰᠢᠶᠠᠯ ᠳᠤ ᠭᠠᠷᠪᠠ᠃ ᠠᠬᠠᠮᠠᠳ ᠨᠠᠮ ᠤᠨ ᠬᠡᠰᠢᠭᠦᠨ᠂ ᠠᠬᠠᠮᠠᠳ ᠺᠠᠳ᠋ᠷ | ᠪᠤᠯᠤᠭᠰᠠᠨ ᠤ ᠬᠤᠪᠢ ᠳᠤ᠂ ᠵᠠᠯᠠᠭᠤ ᠤᠳᠤᠷᠢᠳᠤᠯᠭ᠎ᠠ ᠶᠢᠨ ᠡᠮᠦᠨ᠎ᠡ ᠨᠦᠬᠦᠴᠡᠯ ᠲᠤᠷᠠᠳᠴᠤ ᠪᠤᠯᠬᠤ ᠦᠭᠡᠢ ᠬᠡᠵᠤ | ᠲᠡᠷᠡ ᠬᠡᠯᠡᠪᠡ᠃ ᠰᠢᠨ᠎ᠡ ︽ᠬᠤᠶᠠᠷ ᠵᠦᠪᠯᠡᠯ︾ ᠤᠨ ᠤᠳᠤᠷᠢᠳᠬᠤ ᠪᠠᠭ ᠪᠠᠶᠢᠭᠤᠯᠤᠭᠳᠠᠬᠤ ᠦᠭᠡᠢ ᠳᠤ᠂ ᠨᠠᠮ ᠤᠨ | ᠪᠠᠶᠢᠭᠤᠯᠤᠯᠳᠠ ᠶᠢᠨ ᠠᠵᠢᠯ ᠬᠠᠷᠢᠴᠠᠩᠭᠤᠢ ᠪᠠᠷ ᠬᠤᠴᠤᠷᠤᠩᠭᠤᠢ ᠪᠠᠶᠢᠵᠤ᠂ ᠢᠯᠠᠩᠭᠤᠶ᠎ᠠ ᠨᠠᠮ ᠤᠨ ᠪᠠᠶᠢᠭᠤᠯᠤᠯᠳᠠ | ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠶᠢᠨ ᠠᠬᠢᠭᠤᠯᠬᠤ ᠦᠢᠯᠡᠳᠦᠯ ᠢ ᠪᠠᠳᠠᠷᠠᠭᠤᠯᠬᠤ ᠳᠤ ᠬᠦᠴᠢᠷᠳᠠᠢ | ᠪᠠᠶᠢᠪᠠ᠃ ᠲᠡᠷᠡ ᠡᠩ ᠲᠡᠷᠢᠭᠦᠨ ᠳᠤ ᠨᠠᠮ ᠤᠨ ᠬᠡᠰᠢᠭᠦᠨ ᠤ ᠬᠦᠮᠦᠵᠢᠯ ᠬᠠᠮᠢᠶᠠᠷᠤᠯᠳᠠ ᠶᠢ ᠠᠳᠬᠤᠬᠤ ᠠᠴᠠ | ᠭᠠᠷᠳᠠᠵᠤ᠂ ᠤᠷᠢᠳ ᠬᠤᠵᠢᠳ 7 ᠤᠳᠠᠭ᠎ᠠ ᠨᠠᠮ ᠤᠨ ᠬᠡᠰᠢᠭᠦᠨ ᠤ ᠶᠡᠭᠡ ᠬᠤᠷᠠᠯ ᠢ ᠵᠤᠬᠢᠶᠠᠨ ᠪᠠᠶᠢᠭᠤᠯᠤᠨ | ᠬᠤᠷᠠᠯᠳᠤᠭᠤᠯᠵᠤ᠂ ᠨᠠᠮ ᠤᠨ ᠬᠡᠰᠢᠭᠦᠨ ᠤ ᠨᠠᠮᠴᠢ ᠴᠢᠨᠠᠷ ᠤᠨ ᠬᠦᠮᠦᠵᠢᠯ ᠪᠤᠯᠤᠨ ᠲᠠᠷᠢᠶᠠᠯᠠᠩ ᠮᠠᠯ ᠠᠵᠤ ᠠᠬᠠᠤᠢ | ᠶᠢᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠦᠷᠦᠭᠦᠯᠡᠨ ᠵᠢᠱᠢᠶ᠎ᠡ ᠦᠵᠡᠭᠦᠯᠬᠦ ᠵᠡᠷᠭᠡ ᠲᠠᠯ᠎ᠠ ᠪᠠᠷ ᠪᠤᠯᠪᠠᠰᠤᠷᠠᠯ ᠬᠢᠵᠠᠢ | ᠃ ᠲᠠᠷᠠᠭ᠎ᠠ ᠨᠢ ᠪᠠᠰᠠ ᠪᠦᠬᠦ ᠲᠤᠰᠬᠤᠨ ᠤ ᠶᠠᠳᠠᠭᠤ ᠬᠦᠴᠢᠷᠳᠡᠯᠳᠠᠢ ᠡᠷᠦᠭᠡ ᠳᠤ ᠶᠠᠳᠠᠭᠤ ᠶᠢ ᠲᠡᠳᠬᠦᠬᠦ ᠲᠦᠷᠦ ᠶᠢᠨ | ᠪᠤᠳᠤᠯᠭ᠎ᠠ ᠲᠦᠷᠦ ᠶᠢᠨ ᠪᠤᠳᠤᠯᠭ᠎ᠠ ᠪᠤᠯᠤᠨ ᠶᠠᠳᠠᠭᠤ ᠶᠢ ᠲᠡᠳᠬᠦᠬᠦ ᠤᠷᠤᠨ ᠰᠠᠨᠠᠭ᠎ᠠ ᠡᠷᠴᠢ ᠵᠤᠷᠢᠭ ᠢ ᠲᠡᠳᠬᠦᠬᠦ | ᠲᠠᠯ᠎ᠠ ᠪᠠᠷ ᠪᠦᠬᠦ ᠲᠠᠯ᠎ᠠ ᠪᠠᠷ ᠰᠢᠰᠲ᠋ᠧᠮ ᠲᠠᠢ ᠪᠤᠯᠪᠠᠰᠤᠷᠠᠯ ᠬᠢᠵᠤ᠂ ᠨᠠᠮ ᠤᠨ ᠪᠠᠶᠢᠭᠤᠯᠤᠯᠳᠠ ᠶᠢ ᠠᠳᠬᠤᠬᠤ ᠪᠠᠷ | ᠲᠠᠮᠵᠢᠨ ᠶᠠᠳᠠᠭᠤ ᠶᠢ ᠲᠡᠳᠬᠦᠬᠦ ᠠᠯᠢ ᠤᠯᠠᠨ ᠠᠵᠢᠯ ᠢ ᠠᠬᠢᠭᠤᠯᠵᠤ᠂ ᠨᠠᠮ ᠤᠨ ᠬᠡᠰᠢᠭᠦᠨ ᠤ ᠬᠤᠰᠢᠭᠤᠴᠢ | ᠦᠢᠯᠡᠳᠦᠯ ᠪᠠ ᠶᠠᠳᠠᠭᠤ ᠬᠦᠴᠢᠷᠳᠡᠯᠳᠠᠢ ᠡᠷᠦᠭᠡ ᠶᠢᠨ ᠲᠤᠳᠤᠭᠠᠳᠤ ᠬᠦᠭᠵᠢᠯᠳᠡ ᠶᠢᠨ ᠬᠦᠳᠡᠯᠭᠡᠬᠦ ᠬᠦᠴᠦᠨ ᠢ | ᠤᠯᠠᠮ ᠴᠢᠨᠠᠭᠰᠢᠳᠠ ᠲᠠᠶᠢᠴᠢᠯᠠᠨ ᠬᠦᠭᠵᠢᠭᠡᠪᠡ᠃ | ᠵᠣᠣ ᠾᠦᠢ ᠴᠢᠶᠠᠩ ᠤᠨ ᠠᠵᠢᠯᠴᠢ ᠬᠢᠴᠢᠶᠡᠩᠭᠦᠢ ᠠᠵᠢᠯ ᠤᠨ ᠤᠪᠤᠷ᠂ ᠦᠨᠡᠨ ᠪᠤᠳᠠᠳᠠᠢ ᠠᠵᠢᠯ ᠤᠨ | ᠰᠤᠷᠳᠠᠯ ᠨᠢ ᠬᠠᠮᠳᠤ ᠠᠵᠢᠯᠯᠠᠭᠰᠠᠳ ᠤᠨ ᠮᠠᠭᠳᠠᠭᠠᠯ ᠰᠠᠶᠢᠰᠢᠶᠠᠯ ᠢ ᠤᠯᠵᠤ᠂ ᠲᠡᠭᠦᠨ ᠢ ᠲᠠᠭᠠᠵᠤ ᠠᠵᠢᠯᠯᠠᠬᠤ ᠳᠤ | ᠤᠷᠮ᠎ᠠ ᠵᠤᠷᠢᠭ ᠲᠠᠢ᠂ ᠦᠷ᠎ᠡ ᠪᠦᠳᠦᠮᠵᠢ ᠦᠨᠳᠦᠷ ᠬᠡᠵᠤ ᠤᠯᠠᠨ ᠢᠶᠠᠷ ᠢᠶᠠᠨ ᠦᠵᠡᠬᠦ ᠶᠤᠮ᠃ ᠵᠣᠣ ᠾᠦᠢ ᠴᠢᠶᠠᠩ | ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠭᠰᠠᠨ ᠤ ᠲᠠᠷᠠᠭ᠎ᠠ ᠤᠳᠤᠷᠢᠳᠬᠤ ᠪᠠᠭ ᠢ ᠲᠠᠬᠢᠨ | ᠪᠠᠶᠢᠭᠤᠯᠵᠤ᠂ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠭᠤᠤᠯᠳᠠᠯᠭ᠎ᠠ ᠲᠠᠢ ᠠᠳᠬᠤᠪᠠ᠃ ᠲᠡᠷᠡ ᠡᠳᠦᠷ | ᠨᠢ ᠲᠠᠩᠰᠠ ᠡᠪᠬᠡᠮᠡᠯ ᠬᠢᠵᠤ᠂ ᠤᠷᠤᠢ ᠨᠢ ᠲᠤᠰᠬᠤᠨ ᠡᠷᠦᠭᠡ ᠪᠠᠷ ᠬᠦᠷᠴᠦ᠂ ᠶᠠᠳᠠᠭᠤ ᠬᠦᠴᠢᠷᠳᠡᠯᠳᠠᠢ ᠡᠷᠦᠭᠡ ᠶᠢᠨ | ᠠᠮᠢᠳᠤᠷᠠᠯ ᠦᠢᠯᠡᠳᠪᠦᠷᠢᠯᠡᠯ ᠤᠨ ᠬᠦᠴᠢᠷ ᠠᠰᠠᠭᠤᠳᠠᠯ ᠢ ᠤᠶᠢᠯᠠᠭᠠᠳᠠᠭ᠃ ᠲᠡᠭᠦᠨ ᠢ ᠢᠷᠡᠭᠰᠡᠨ ᠠᠴᠠ ᠬᠤᠶᠢᠰᠢ᠂ | ᠲᠤᠰᠬᠤᠨ ᠤ ᠲᠦᠷᠰᠦ ᠪᠠᠶᠢᠳᠠᠯ᠂ ᠠᠵᠢᠯᠯᠠᠬᠤ ᠠᠷᠭ᠎ᠠ ᠮᠠᠰᠢ ᠶᠡᠭᠡ ᠰᠠᠶᠢᠵᠢᠷᠠᠵᠠᠢ᠃ ᠲᠡᠷᠡ ᠬᠡᠵᠢᠶᠡᠳᠡ ᠨᠢᠭᠡᠨ ᠨᠠᠮ | ᠤᠨ ᠬᠡᠰᠢᠭᠦᠨ ᠤ ᠪᠠᠷᠢᠮᠵᠢᠶ᠎ᠠ ᠪᠠᠷ ᠦᠪᠡᠷ ᠢ ᠪᠠᠨ ᠱᠠᠭᠠᠷᠳᠠᠵᠤ᠂ ᠠᠵᠢᠯ ᠳᠠᠭᠠᠨ ᠰᠢᠷᠭᠠᠭᠤ ᠬᠢᠴᠢᠶᠡᠩᠭᠦᠢ ᠪᠠᠶᠢᠵᠤ᠂ | ᠤᠯᠠᠨ ᠲᠦᠮᠡᠨ ᠢ ᠤᠷᠢᠳᠠᠪᠠᠷ ᠪᠤᠳᠤᠯᠬᠢᠯᠠᠨ᠂ ᠤᠯᠠᠨ ᠲᠦᠮᠡᠨ ᠤ ᠵᠤᠪᠠᠭᠤᠷᠢ ᠵᠦᠳᠡᠭᠦᠷᠢ ᠶᠢ ᠰᠡᠳᠬᠢᠯ ᠳᠡᠭᠡᠨ | ᠲᠠᠯᠪᠢᠳᠠᠭ᠃ ᠮᠠᠨ ᠤ ᠨᠠᠮ ᠤᠨ ᠬᠡᠰᠢᠭᠦᠨ ᠨᠢᠭᠡᠪᠦᠷᠢ ᠶᠢᠨ ᠰᠤᠷᠤᠯᠴᠠᠭᠤᠰᠢᠳᠠᠢ ᠲᠠᠭᠤᠷᠢᠶᠠᠯ ᠪᠤᠯᠤᠭᠰᠠᠨ ᠶᠤᠮ ᠬᠡᠵᠤ | ᠾᠥᠸᠧ ᠹᠦ᠋ ᠲᠠᠨ ᠵᠠᠰᠠᠭ ᠵᠠᠬᠢᠷᠭᠠᠨ ᠤ ᠲᠤᠰᠬᠤᠨ ᠤ ᠵᠦᠪᠯᠡᠯ ᠤᠨ ᠨᠢᠭᠳᠠᠯᠠᠨ ᠪᠤᠳᠤᠭᠴᠢ ᠸᠠᠩ ᠳ᠋ᠧᠩ ᠮᠢᠩ ᠴᠢᠩ | ᠰᠡᠳᠬᠢᠯ ᠠᠴᠠ ᠪᠠᠨ ᠪᠢᠰᠢᠷᠡᠨ ᠶᠠᠷᠢᠵᠤ ᠪᠠᠶᠢᠯ᠎ᠠ᠃ | ᠤᠯᠠᠨ ᠵᠢᠯ ᠤᠨ ᠲᠤᠷᠰᠢ᠂ ᠵᠣᠣ ᠾᠦᠢ ᠴᠢᠶᠠᠩ ᠨᠦᠬᠦᠷ ᠬᠠᠮᠢᠭ᠎ᠠ ᠤᠴᠢᠵᠤ ᠶᠠᠮᠠᠷ ᠠᠵᠢᠯ ᠢ | ᠡᠭᠦᠷᠭᠡᠯᠡᠭᠰᠡᠨ ᠴᠦ ᠲᠡᠷᠡ᠂ ᠬᠠᠷᠢᠭᠤᠴᠠᠯᠭ᠎ᠠ ᠪᠠᠨ ᠲᠡᠭᠡᠳᠦᠯᠡᠵᠤ᠂ ᠠᠷᠠᠳ ᠤᠯᠠᠨ ᠢ ᠰᠡᠳᠬᠢᠯ ᠳᠡᠭᠡᠨ ᠪᠤᠳᠤᠵᠤ᠂ | ᠲᠤᠰᠬᠤᠨ ᠪᠤᠯᠭᠠᠨ ᠳᠤ ᠠᠷᠭ᠎ᠠ ᠤᠬᠠᠭᠠᠨ ᠭᠠᠷᠭᠠᠵᠤ᠂ ᠬᠦᠴᠢᠷ ᠠᠰᠠᠭᠤᠳᠠᠯ ᠢ ᠰᠢᠢᠳᠪᠤᠷᠢᠯᠡᠵᠤ᠂ ᠲᠡᠭᠡᠳᠦ ᠱᠠᠳᠤᠨ | ᠠᠴᠠ ᠲᠤᠰᠢᠶᠠᠭᠰᠠᠨ ᠡᠯ᠎ᠡ ᠵᠦᠢᠯ ᠤᠨ ᠠᠵᠢᠯ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠤ᠂ ᠨᠢᠭᠡᠨ ᠰᠢᠯᠢᠳᠡᠭ ᠡᠪ | ᠬᠠᠮᠳᠤ ᠨᠠᠮ ᠤᠨ ᠬᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠢᠳᠡᠪᠬᠢᠳᠠᠢ ᠪᠠᠳᠠᠷᠠᠭᠤᠯᠵᠤ ᠶᠠᠪᠤᠨ᠎ᠠ᠃ | ᠬᠤᠶᠢᠰᠢᠳᠠ ᠶᠢᠨ ᠠᠵᠢᠯ ᠤᠨ ᠲᠤᠬᠠᠢ ᠶᠠᠷᠢᠬᠤ ᠳᠠᠭᠠᠨ᠂ ᠵᠣᠣ ᠾᠦᠢ ᠴᠢᠶᠠᠩ᠂ ᠠᠬᠠᠮᠠᠳ ᠨᠠᠮ ᠤᠨ | ᠬᠡᠰᠢᠭᠦᠨ᠂ ᠠᠬᠠᠮᠠᠳ ᠺᠠᠳ᠋ᠷ ᠪᠤᠯᠤᠭᠰᠠᠨ ᠤ ᠬᠤᠪᠢ ᠳᠤ᠂ ᠬᠠᠮᠢᠭ᠎ᠠ ᠤᠴᠢᠭᠰᠠᠨ ᠴᠦ ᠲᠡᠷᠡ᠂ ᠶᠠᠮᠠᠷ ᠠᠵᠢᠯ ᠬᠢᠭᠰᠡᠨ | ᠴᠦ ᠲᠡᠷᠡ᠂ ᠴᠦᠮ ᠨᠢᠭᠡᠨ ᠨᠠᠮ ᠤᠨ ᠬᠡᠰᠢᠭᠦᠨ ᠤ ᠵᠢᠱᠢᠶᠡᠴᠢ ᠲᠠᠭᠠᠭᠤᠯᠤᠭᠴᠢ ᠶᠢᠨ ᠦᠢᠯᠡᠳᠦᠯ ᠢᠶᠠᠨ | ᠪᠠᠳᠠᠷᠠᠭᠤᠯᠤᠨ᠎ᠠ᠃ ᠲᠡᠵᠢᠭᠡᠨ ᠦᠷᠡᠵᠢᠭᠦᠯᠬᠦ ᠦᠢᠯᠡᠰ ᠢ ᠲᠦᠷᠭᠡᠳᠬᠡᠨ ᠬᠦᠭᠵᠢᠭᠦᠯᠬᠦ ᠪᠠᠷ ᠭᠤᠤᠯᠳᠠᠯᠭ᠎ᠠ ᠪᠤᠯᠭᠠᠵᠤ᠂ | ᠰᠠᠶᠢᠨᠤ ᠺᠤᠮᠫᠠᠨᠢ ᠶᠢᠨ ᠳ᠋ᠦ᠋ ᠪᠦᠸᠧ ᠡᠭᠦᠯᠳᠡᠷ ᠤᠨ ᠬᠤᠨᠢ ᠶᠢ ᠤᠷᠤᠭᠤᠯᠤᠨ ᠠᠪᠴᠢᠷᠠᠵᠤ᠂ ᠲᠡᠵᠢᠭᠡᠨ ᠦᠷᠡᠵᠢᠭᠦᠯᠬᠦ | ᠡᠷᠦᠭᠡ ᠳᠤ ᠰᠦᠢᠳᠬᠡᠯ ᠬᠤᠷᠢᠶᠠᠬᠤ ᠦᠭᠡᠢ ᠪᠠᠷ ᠬᠡᠬᠡᠯᠳᠦᠭᠦᠯᠬᠡ ᠬᠢᠵᠤ᠂ ᠲᠤᠰᠬᠤᠨ ᠤ ᠠᠷᠠᠳ ᠤᠨ ᠠᠮᠢᠳᠤᠷᠠᠯ | ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠦᠨ᠎ᠡ ᠬᠡᠵᠤ ᠵᠤᠷᠢᠯᠳᠠ ᠪᠠᠨ ᠢᠯᠡᠳᠬᠡᠨ᠎ᠡ᠃ | |