ᠮᠠᠨ ᠤ ᠬᠤᠰᠢᠭᠤᠨ ᠠᠴᠠ ᠦᠨᠳᠦᠷ ᠤᠨ ᠬᠡᠮᠵᠢᠶ᠎ᠠ ᠪᠠ ᠬᠦᠨᠳᠦ ᠤᠨ ᠬᠢᠵᠠᠭᠠᠷᠯᠠᠯ ᠠᠴᠠ ᠬᠡᠲᠦᠷᠡᠭᠦᠯᠦᠨ | ᠠᠴᠢᠶᠠᠯᠠᠭᠰᠠᠨ ᠵᠢᠴᠢ ᠲᠠᠩᠰᠠᠯᠠᠭᠰᠠᠨ ᠦᠭᠡᠢ ᠲᠡᠷᠬᠡ ᠤᠨᠤᠭ᠎ᠠ ᠤᠳ ᠢ ᠴᠡᠭᠴᠡᠯᠡᠨ ᠵᠠᠰᠠᠬᠤ ᠠᠵᠢᠯ ᠢ ᠬᠦᠨᠵᠡᠬᠡᠢ | ᠦᠷᠨᠢᠬᠦᠯᠵᠦ᠂ ᠶᠡᠷᠦᠩᠭᠡᠶᠢᠯᠡᠨ ᠵᠠᠰᠠᠬᠤ ᠬᠦᠴᠦᠯᠡᠴᠡ ᠪᠠᠨ ᠤᠯᠠᠮ ᠨᠢᠬᠡ ᠠᠯᠬᠤᠮ ᠴᠢᠩᠭᠠᠳᠬᠠᠨ᠂ ᠠᠵᠢᠯ ᠤᠨ | ᠦᠷ᠎ᠡ ᠪᠦᠳᠦᠮᠵᠢ ᠪᠠᠨ ᠪᠠᠬᠢᠵᠢᠬᠦᠯᠵᠦ᠂ ᠬᠦᠮᠦᠰ ᠤᠨ ᠵᠠᠰᠠᠮᠠᠯ ᠵᠠᠮ ᠲᠡᠬᠡᠷ᠎ᠡ ᠠᠮᠤᠷ ᠲᠦᠪᠰᠢᠨ ᠢᠶᠠᠷ ᠨᠠᠪᠳᠡᠷᠡᠬᠦ ᠶᠢ | ᠪᠠᠳᠤᠯᠠᠨ᠂ ᠤᠯᠠᠨ ᠲᠦᠮᠡᠨ ᠤ ᠠᠮᠢ ᠨᠠᠰᠦ ᠡᠳ᠋ ᠬᠦᠷᠦᠩᠭᠡ ᠶᠢ ᠬᠠᠮᠠᠭᠠᠯᠠᠬᠤ ᠶᠢᠨ ᠲᠤᠯᠠᠳᠠ᠂ ︽ᠪᠦᠬᠦᠳᠠ | ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠂ ︽ᠪᠦᠬᠦᠳᠠ ᠨᠠᠶᠢᠷᠠᠮᠳᠠᠬᠤ ᠲᠤᠮᠳᠠᠳᠦ | ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠵᠠᠰᠠᠮᠠᠯ ᠵᠠᠮ ᠲᠡᠬᠡᠷᠡᠬᠢ ᠠᠮᠤᠷ | ᠲᠦᠪᠰᠢᠨ ᠢ ᠪᠠᠳᠤᠯᠠᠬᠤ ᠲᠦᠷᠢᠮ︾᠂ ︽ᠬᠢᠵᠠᠭᠠᠷᠯᠠᠯ ᠠᠴᠠ ᠭᠡᠳᠦᠷᠡᠭᠰᠡᠨ ᠲᠡᠷᠬᠡ ᠤᠨᠤᠭ᠎ᠠ ᠶᠢᠨ ᠵᠠᠰᠠᠮᠠᠯ ᠵᠠᠮ | ᠢᠶᠠᠷ ᠶᠠᠪᠤᠬᠤ ᠬᠠᠮᠢᠶᠠᠷᠤᠯᠳᠠ ᠶᠢᠨ ᠲᠤᠭᠳᠠᠭᠠᠯ︾᠂ ︽ᠬᠢᠵᠠᠭᠠᠷᠯᠠᠯ ᠤᠨ ᠬᠡᠮᠵᠢᠶᠠᠨ ᠠᠴᠠ ᠬᠡᠳᠦᠷᠡᠭᠰᠡᠨ ᠲᠠᠷᠬᠡ | ᠤᠨᠤᠭᠠᠨ ᠤ ᠠᠴᠢᠶ᠎ᠠ ᠶᠢ ᠬᠠᠮᠢᠶᠠᠷᠬᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠭ᠎ᠠ︾ ᠵᠢᠴᠢ ︽ | ᠬᠢᠵᠠᠭᠠᠷᠯᠠᠯ ᠤᠨ ᠬᠡᠮᠵᠢᠶᠠᠨ ᠠᠴᠠ ᠬᠡᠳᠦᠷᠡᠭᠰᠡᠨ ᠠᠴᠢᠶ᠎ᠠ ᠶᠢ ᠵᠠᠰᠠᠬᠤ ᠠᠵᠢᠯ ᠢ ᠬᠦᠨᠵᠡᠬᠡᠶᠢᠷᠡᠬᠦᠯᠦᠨ ᠬᠡᠷᠡᠭᠵᠢᠬᠦᠯᠬᠦ | ᠤᠯᠠᠭᠠᠨᠴᠠᠪ ᠬᠤᠳᠠ ᠶᠢᠨ ᠠᠷᠭ᠎ᠠ ᠲᠦᠰᠦᠯ︾ ︵ᠤᠯᠠᠭᠠᠨᠴᠠᠪ ᠤᠨ ᠵᠠᠮ ᠬᠠᠷᠢᠯᠴᠠᠭᠠᠨ ᠤ ᠲᠤᠪᠴᠢᠶᠠᠨ ᠠᠴᠠ | ᠲᠠᠷᠬᠠᠭᠠᠭᠰᠠᠨ ﹇2018﹈ ᠤᠨ ᠤ 315 ᠳ᠋ᠤᠭᠠᠷ ᠲᠤᠭᠠᠳᠦ︶ ᠵᠡᠷᠬᠡ ᠬᠠᠤᠯᠢ ᠲᠦᠷᠢᠮ ᠪᠤᠯᠤᠨ ᠪᠢᠴᠢᠭ | ᠮᠠᠲ᠋ᠧᠷᠢᠶᠠᠯ ᠢ ᠦᠨᠳᠦᠰᠦᠯᠡᠨ᠂ 2018 ᠤᠨ ᠤ 8 ᠰᠠᠷ᠎ᠠ ᠶᠢᠨ 3 ᠤ ᠡᠳᠦᠷ ᠬᠤᠷᠠᠯᠳᠤᠭᠰᠠᠨ ᠪᠦᠬᠦ ᠤᠷᠤᠨ ᠤ | ᠬᠢᠵᠠᠭᠠᠷᠯᠠᠯ ᠤᠨ ᠬᠡᠮᠵᠢᠶᠠᠨ ᠠᠴᠠ ᠬᠡᠳᠦᠷᠡᠭᠰᠡᠨ ᠵᠠᠮ ᠲᠡᠭᠡᠭᠡᠪᠦᠷᠢ ᠶᠢᠨ ᠲᠡᠷᠬᠡ ᠤᠨᠤᠭ᠎ᠠ ᠤᠳ ᠢ ᠴᠡᠭᠴᠡᠯᠡᠬᠦ | ᠵᠢᠯᠤᠭᠤᠳᠬᠤ ᠲᠦᠪ ᠤᠨ ᠠᠵᠢᠯ ᠤᠨ ᠬᠤᠷᠠᠯ ᠤᠨ ᠪᠠᠶᠢᠷᠢᠯᠠᠭᠤᠯᠤᠯᠳᠠ ᠵᠢᠴᠢ ᠠᠢ ᠯᠢ ᠬᠤᠸᠠ ᠲᠡᠳ᠋ ᠲᠡᠷᠢᠬᠦᠯᠡᠭᠴᠢ | ᠶᠢᠨ ᠶᠠᠷᠢᠶᠠᠨ ᠤ ᠵᠤᠷᠢᠭ ᠰᠠᠨᠠᠭ᠎ᠠ ᠶᠤᠰᠤᠭᠠᠷ᠂ ᠬᠤᠰᠢᠭᠤᠨ ᠤ ᠵᠠᠰᠠᠭ ᠤᠨ ᠤᠷᠳᠤᠨ ᠤ ᠰᠤᠳᠤᠯᠤᠯ ᠢᠶᠠᠷ ᠲᠠᠮᠵᠢᠨ᠂ | ᠪᠦᠬᠦ ᠬᠤᠰᠢᠭᠤᠨ ᠤ ᠬᠡᠪᠴᠢᠶᠠᠨ ᠲᠤᠳᠤᠷ᠎ᠠ ᠬᠢᠵᠠᠭᠠᠷᠯᠠᠯ ᠤᠨ ᠬᠡᠮᠵᠢᠶᠠᠨ ᠠᠴᠠ ᠬᠡᠳᠦᠷᠡᠭᠰᠡᠨ ᠵᠠᠮ ᠲᠡᠭᠡᠭᠡᠪᠦᠷᠢ ᠶᠢᠨ | ᠲᠡᠷᠬᠡ ᠤᠨᠤᠭ᠎ᠠ ᠪᠤᠯᠤᠨ ᠲᠠᠩᠰᠠᠯᠠᠭᠰᠠᠨ ᠦᠭᠡᠢ ᠲᠦᠷᠢᠶᠠᠰᠤᠨ ᠮᠠᠰᠢᠨ ᠲᠡᠷᠬᠡ ᠤᠳ ᠢ ᠤᠷᠳᠦ ᠬᠤᠭᠤᠴᠠᠭ᠎ᠠ ᠲᠠᠢ | ᠪᠠᠷ ᠶᠡᠷᠦᠩᠭᠡᠶᠢᠯᠡᠨ ᠴᠡᠭᠴᠡᠯᠡᠬᠦ ᠠᠵᠢᠯ ᠦᠷᠨᠢᠬᠦᠯᠬᠦ ᠪᠠᠷ ᠲᠤᠭᠳᠠᠪᠠ᠃ ᠬᠤᠯᠪᠣᠭᠳᠠᠯ ᠪᠦᠬᠦᠢ ᠤᠴᠢᠷ ᠶᠠᠪᠤᠳᠠᠯ ᠨᠢ | ᠳᠣᠤᠷᠠᠬᠢ ᠮᠡᠲᠦ᠄ | ᠨᠢᠭᠡ᠂ ᠤᠷᠲᠤ ᠬᠤᠭᠤᠴᠠᠭ᠎ᠠ ᠲᠠᠢ ᠪᠠᠷ ᠬᠠᠮᠲᠤᠷᠠᠨ ᠬᠠᠤᠯᠢ ᠬᠡᠷᠡᠭᠵᠢᠭᠦᠯᠬᠦ ᠪᠦᠲᠦᠮᠵᠢᠲᠡᠶ ᠲᠣᠭᠲᠠᠴᠠ ᠶᠢ | ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠲᠤᠰᠬᠠᠶ ᠴᠡᠭᠴᠡᠯᠡᠨ ᠵᠠᠰᠠᠬᠤ ᠠᠵᠢᠯ ᠤᠨ | ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠯᠠᠳᠠ᠂ ᠬᠤᠰᠢᠭᠤ ᠵᠠᠰᠠᠭ ᠤᠨ ᠣᠷᠳᠣᠨ ᠠᠴᠠ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ᠂ ᠲᠡᠭᠡᠭᠡᠪᠦᠷᠢ ᠶᠢᠨ | ᠬᠠᠮᠢᠶᠠᠷᠤᠯᠲᠠ ᠶᠢᠨ ᠲᠤᠪᠴᠢᠶ᠎ᠠ ᠵᠡᠷᠭᠡ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ᠂ ᠬᠤᠰᠢᠭᠤᠨ ᠤ ᠲᠤᠰᠬᠠᠶ | ᠠᠵᠢᠯᠯᠠᠭ᠎ᠠ ᠶᠢᠨ ᠤᠳᠤᠷᠢᠳᠬᠤ ᠲᠤᠭᠤᠶᠢᠯᠠᠩ ᠢ ᠪᠠᠶᠢᠭᠤᠯᠤᠨ᠂ ᠠᠯᠪᠠᠨ ᠭᠡᠷ ᠲᠤᠬᠢᠷᠠᠭᠤᠯᠵᠦ᠂ ᠡᠳᠦᠷ ᠲᠤᠲᠤᠮ ᠤᠨ | ᠠᠵᠢᠯ ᠢ ᠬᠠᠷᠢᠭᠤᠴᠠᠨ᠎ᠠ᠃ ᠠᠯᠪᠠᠨ ᠭᠡᠷ ᠢ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠳᠤ ᠪᠠᠶᠢᠷᠢᠯᠠᠭᠤᠯᠵᠤ᠂ | ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ | ᠤᠳᠤᠷᠢᠳᠤᠯᠭ᠎ᠠ ᠠᠴᠠ ᠬᠠᠪᠰᠤᠷᠭᠠᠨ ᠬᠠᠷᠢᠭᠤᠴᠠᠵᠦ᠂ ᠬᠠᠤᠯᠢ ᠬᠡᠷᠡᠭᠵᠢᠭᠦᠯᠬᠦ ᠠᠵᠢᠯᠲᠠᠨ ᠢ ᠡᠯ᠎ᠡ ᠪᠠᠶᠢᠭᠤᠯᠭ᠎ᠠ | ᠨᠢᠬᠡᠴᠡ ᠠᠴᠠ ᠰᠣᠩᠭᠤᠨ᠎ᠠ᠃ | ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠬᠠᠮᠲᠤᠷᠠᠨ | ᠬᠠᠤᠯᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ | ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠦ᠂ ᠰᠠᠷ᠎ᠠ ᠪᠦᠷᠢ ᠶᠢᠨ 1 ᠤ ᠡᠳᠦᠷ ᠠᠴᠠ 7 ᠤ | ᠡᠳᠦᠷ ᠬᠦᠷᠳᠡᠯᠡᠬᠡᠢ ᠡᠳᠦᠷ ᠤᠳ ᠢ ᠬᠤᠯᠪᠣᠭᠠᠯᠠᠨ ᠬᠠᠤᠯᠢ ᠬᠡᠷᠡᠭᠵᠢᠭᠦᠯᠬᠦ ᠡᠳᠦᠷ ᠢᠶᠠᠷ ᠲᠣᠭᠲᠠᠭᠠᠵᠤ᠂ ᠵᠠᠮ ᠤᠨ | ᠬᠢᠵᠠᠭᠠᠷᠯᠠᠯ ᠤᠨ ᠬᠡᠮᠵᠢᠶ᠎ᠡ ᠠᠴᠠ ᠬᠡᠲᠦᠷᠡᠭᠰᠡᠨ ᠲᠡᠷᠭᠡ ᠤᠨᠤᠭ᠎ᠠ ᠪᠣᠯᠤᠨ ︽ᠬᠠᠤᠯᠢ ᠪᠤᠰᠤ ᠪᠠᠷ ᠲᠦᠷᠢᠶᠡᠰᠦᠯᠡᠭᠦᠯᠬᠦ︾ | ᠶᠢ ᠲᠥᠪᠯᠡᠷᠡᠭᠦᠯᠦᠨ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠡᠭᠦᠨ ᠤ ᠬᠠᠮᠲᠤ᠂ ᠨᠡᠭᠦᠳᠡᠯ ᠪᠠᠶᠢᠴᠠᠭᠠᠯᠲᠠ ᠶᠢᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ | ᠰᠠᠷ᠎ᠠ ᠪᠦᠷᠢ ᠨᠡᠭᠦᠳᠡᠯ ᠪᠠᠶᠢᠴᠠᠭᠠᠯᠲᠠ ᠶᠢᠨ ᠠᠷᠭ᠎ᠠ ᠮᠠᠶ᠋ᠢᠭ ᠠᠪᠴᠤ᠂ ᠥᠷᠲᠡᠭᠡ ᠠᠴᠠ ᠵᠠᠶᠢᠯᠠᠵᠤ ᠲᠣᠭᠤᠷᠢᠨ ᠶᠠᠪᠤᠬᠤ | ᠵᠡᠷᠭᠡ ᠬᠢᠵᠠᠭᠠᠷ ᠠᠴᠠ ᠬᠡᠲᠦᠷᠡᠭᠰᠡᠨ ᠲᠡᠭᠡᠭᠡᠪᠦᠷᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠴᠣᠬᠢᠯᠲᠠ ᠥᠭᠬᠦ ᠡᠷᠴᠢᠮ ᠢ ᠨᠡᠮᠡᠭᠳᠡᠭᠦᠯᠦᠨ᠂ ᠪᠦᠬᠦ ᠵᠠᠮ ᠤᠨ ᠲᠣᠬᠢᠷᠠᠭᠤᠯᠭ᠎ᠠ ᠶᠢ ᠪᠡᠶᠡᠯᠡᠭᠦᠯᠦᠨ᠎ᠡ᠃ | ᠬᠤᠶᠠᠷ᠂ ᠵᠠᠰᠠᠮᠠᠯ ᠵᠠᠮ ᠤᠨ ᠬᠢᠵᠠᠭᠠᠷᠯᠠᠯ ᠠᠴᠠ ᠬᠡᠲᠦᠷᠡᠭᠦᠯᠦᠨ ᠠᠴᠢᠶᠠᠯᠠᠬᠤ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠬᠤ ᠬᠡᠷᠡᠭᠲᠡᠶ᠃ ᠪᠠᠷᠠᠭ᠎ᠠ ᠶᠢᠨ ᠲᠡᠭᠡᠭᠡᠪᠦᠷᠢ ᠶᠢᠨ ᠡᠬᠢ ᠡᠭᠦᠰᠦᠯ ᠤᠨ | ᠬᠠᠮᠢᠶᠠᠷᠤᠯᠲᠠ ᠶᠢ ᠴᠢᠩᠭᠠᠳᠬᠠᠨ᠂ ᠵᠠᠰᠠᠮᠠᠯ ᠵᠠᠮ ᠤᠨ ᠲᠦᠷ ᠴᠠᠭ ᠤᠨ ᠬᠡᠮᠵᠢᠶ᠎ᠡ ᠠᠴᠠ ᠬᠡᠲᠦᠷᠡᠭᠰᠡᠨ ᠢ ᠬᠢᠨᠠᠨ ᠬᠡᠮᠵᠢᠬᠦ | ᠥᠷᠲᠡᠭᠡ ᠪᠠᠶᠢᠭᠤᠯᠵᠤ᠂ ᠵᠠᠮ ᠤᠨ ᠴᠠᠭᠳᠠᠭ᠎ᠠ ᠶᠢᠨ ᠴᠢᠭ᠋ ᠲᠣᠭᠲᠠᠭᠠᠬᠤ ᠪᠠ ᠨᠡᠭᠦᠳᠡᠯ ᠢᠶᠠᠷ ᠬᠠᠮᠲᠤᠷᠠᠨ ᠬᠠᠤᠯᠢ | ᠬᠡᠷᠡᠭᠵᠢᠭᠦᠯᠬᠦ ᠶᠢ ᠥᠷᠨᠢᠭᠦᠯᠦᠨ᠂ ᠬᠠᠤᠯᠢ ᠪᠤᠰᠤ ᠬᠡᠮᠵᠢᠶ᠎ᠡ ᠠᠴᠠ ᠬᠡᠲᠦᠷᠡᠭᠰᠡᠨ ᠲᠡᠭᠡᠭᠡᠪᠦᠷᠢ ᠶᠢᠨ ᠲᠡᠷᠭᠡ | ᠤᠨᠤᠭ᠎ᠠ ᠶᠢᠨ ᠡᠬᠢ ᠡᠭᠦᠰᠦᠯ ᠠᠴᠠ ᠨᠢ ᠪᠦᠲᠦᠮᠵᠢᠲᠡᠢ ᠬᠠᠮᠢᠶᠠᠷᠤᠨ ᠡᠵᠡᠮᠳᠡᠬᠦ ᠶᠢ ᠪᠡᠶᠡᠯᠡᠭᠦᠯᠦᠨ᠎ᠡ᠃ | ᠨᠢᠭᠡ ᠳᠤ ᠪᠠᠷᠠᠭ᠎ᠠ ᠶᠢᠨ ᠲᠡᠭᠡᠭᠡᠪᠦᠷᠢ ᠶᠢᠨ ᠡᠬᠢ ᠡᠭᠦᠰᠦᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠵᠠᠮ | ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠠᠷᠢᠶ᠎ᠠ ᠣᠷᠣᠨ ᠤ ᠪᠠᠨ ᠳᠣᠲᠣᠷᠠᠬᠢ ᠠᠵᠤ ᠦᠢᠯᠡᠳᠪᠦᠷᠢ᠂ | ᠭᠤᠤᠯᠳᠠᠯᠭ᠎ᠠ ᠲᠠᠢ ᠥᠷᠲᠡᠭᠡ ᠲᠠᠯᠠᠪᠤᠷ ᠢ ᠲᠣᠭᠤᠷᠢᠨ ᠪᠠᠶᠢᠴᠠᠭᠠᠬᠤ ᠶᠢ ᠬᠠᠷᠢᠭᠤᠴᠠᠵᠤ᠂ ᠪᠦᠲᠦᠮᠵᠢᠲᠡᠶ ᠲᠣᠭᠤᠷᠢᠨ | ᠪᠠᠶᠢᠴᠠᠭᠠᠵᠤ᠂ ᠮᠡᠷᠭᠡᠵᠢᠯ ᠤᠨ ᠬᠢᠨᠠᠨ ᠡᠵᠡᠮᠳᠡᠬᠦ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠶ᠃ ᠲᠣᠭᠤᠷᠢᠨ | ᠪᠠᠶᠢᠴᠠᠭᠠᠬᠤ ᠳᠤᠮᠳᠠ ᠪᠠᠷᠠᠭ᠎ᠠ ᠶᠢᠨ ᠲᠡᠭᠡᠭᠡᠪᠦᠷᠢ ᠶᠢᠨ ᠡᠬᠢ ᠡᠭᠦᠰᠦᠯ ᠨᠢᠭᠡᠴᠡ ᠨᠢ ᠪᠠᠷᠠᠭ᠎ᠠ ᠶᠢᠨ ᠲᠡᠭᠡᠭᠡᠪᠦᠷᠢ ᠶᠢᠨ | ᠲᠡᠷᠭᠡ ᠬᠥᠰᠬᠡ ᠶᠢᠨ ᠬᠢᠵᠠᠭᠠᠷ ᠠᠴᠠ ᠬᠡᠲᠦᠷᠡᠭᠰᠡᠨ ᠪᠠ ᠳᠠᠭᠠᠭᠠᠴᠠ ᠠᠴᠠ ᠬᠡᠲᠦᠷᠡᠭᠰᠡᠨ ᠢ ᠣᠯᠵᠤ ᠮᠡᠳᠡᠪᠡᠯ᠂ | ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ᠂ ᠠᠵᠤ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠥᠴᠢᠷ ᠬᠠᠤᠯᠢ | ᠶᠣᠰᠣᠭᠠᠷ ᠲᠣᠭᠤᠷᠢᠨ ᠪᠠᠶᠢᠴᠠᠭᠠᠬᠤ ᠬᠡᠷᠡᠭᠲᠡᠢ᠃ | ᠬᠤᠶᠠᠷ ᠲᠤ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ︽ᠪᠠᠷᠠᠭ᠎ᠠ ᠶᠢᠨ ᠲᠡᠷᠭᠡ ᠶᠢᠨ | ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠪᠠ ᠬᠢᠵᠠᠭᠠᠷᠯᠠᠯ ᠠᠴᠠ ᠬᠡᠲᠦᠷᠡᠭᠰᠡᠨ ᠢ ᠵᠠᠰᠠᠬᠤ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠬᠦ ᠲᠤᠬᠠᠶ ᠰᠠᠨᠠᠯ︾ ᠪᠣᠯᠤᠨ ︽ᠲᠡᠷᠭᠡ ᠬᠥᠰᠬᠡ ᠶᠢᠨ ᠬᠢᠵᠠᠭᠠᠷᠯᠠᠯ ᠠᠴᠠ ᠬᠡᠲᠦᠷᠡᠭᠰᠡᠨ ᠢ | ᠵᠠᠰᠠᠬᠤ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢ ᠪᠠᠶᠢᠩᠭᠤᠵᠢᠭᠤᠯᠬᠤ᠂ ᠳᠦᠷᠢᠮᠵᠢᠭᠦᠯᠬᠦ ᠠᠵᠢᠯ ᠢ ᠬᠡᠷᠡᠭᠵᠢᠭᠦᠯᠬᠦ | ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠮᠠᠰᠢᠨ ᠲᠡᠷᠭᠡ᠂ ᠴᠢᠷᠦᠭᠦᠯ | ᠲᠡᠷᠭᠡ ᠵᠢᠴᠢ ᠮᠠᠰᠢᠨ ᠲᠡᠷᠭᠡᠨ ᠤ ᠭᠠᠯᠲᠤ ᠲᠡᠷᠭᠡᠨ ᠤ ᠭᠠᠳᠠᠷ ᠬᠡᠮᠵᠢᠶ᠎ᠡ᠂ ᠲᠡᠩᠭᠡᠯᠢᠭ ᠤᠨ ᠳᠠᠭᠠᠭᠠᠴᠠ ᠵᠢᠴᠢ ᠶᠠᠰᠤ | ᠴᠢᠨᠠᠷ ᠤᠨ ᠬᠢᠵᠠᠭᠠᠷ ᠬᠡᠮᠵᠢᠭᠳᠡᠯ︾ ᠳᠤ ᠲᠣᠭᠲᠠᠭᠠᠭᠰᠠᠨ ᠪᠠᠷᠢᠮᠵᠢᠶ᠎ᠠ ᠶᠣᠰᠣᠭᠠᠷ᠂ ᠬᠤᠰᠢᠭᠤᠨ ᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠳ᠋ᠦᠩ ᠪᠠ ᠬᠤᠤ ᠵᠠᠰᠠᠮᠠᠯ ᠵᠠᠮ ᠤᠨ | ᠬᠢᠵᠠᠭᠠᠷᠯᠠᠯ ᠠᠴᠠ ᠬᠡᠲᠦᠷᠡᠭᠰᠡᠨ ᠬᠡᠮᠵᠢᠶ᠎ᠡ ᠶᠢ ᠪᠠᠶᠢᠴᠠᠭᠠᠨ ᠬᠡᠮᠵᠢᠬᠦ ᠥᠷᠲᠡᠭᠡ ᠳᠤ ᠲᠦᠰᠢᠭᠯᠡᠨ᠂ ᠰᠢᠶᠤᠤ ᠳ᠋ᠦᠩ | ᠶᠢᠩ ᠥᠷᠲᠡᠭᠡᠨ ᠤ ᠬᠦᠨᠳᠦ ᠶᠢ ᠪᠤᠳᠤᠬᠤ ᠲᠥᠬᠦᠭᠡᠷᠦᠮᠵᠢ᠂ ᠲᠠᠶᠢᠫᠢᠩ ᠵᠤᠸᠠᠩ᠂ ᠵᠠᠩᠭᠠᠨ᠂ ᠰᠢ ᠾᠧ ᠽᠢ᠂ ᠵᠢᠶ | ᠱᠧᠩ ᠲᠠᠢ᠂ ᠵᠢᠤᠢ ᠫᠠᠨ ᠬᠤᠤ᠂ ᠴᠤᠭ ᠦᠨᠳᠦᠷ᠂ ᠱᠦᠶ ᠺᠧᠤ ᠵᠡᠷᠬᠡ ᠭᠠᠵᠠᠷ ᠤᠨ ᠲᠦᠷ ᠴᠠᠭ ᠵᠠᠰᠠᠬᠤ | ᠴᠡᠭ ᠠᠴᠠ ᠬᠡᠲᠦᠷᠡᠭᠰᠡᠨ ᠬᠦᠨᠳᠦ ᠶᠢ ᠪᠤᠳᠤᠬᠤ ᠲᠥᠬᠦᠭᠡᠷᠦᠮᠵᠢ ᠶᠢ ᠬᠠᠮᠲᠤᠷᠠᠨ ᠬᠠᠤᠯᠢ ᠬᠡᠷᠡᠭᠵᠢᠭᠦᠯᠬᠦ ᠵᠠᠭᠪᠤᠷ ᠢᠶᠠᠷ | ᠬᠡᠮᠵᠢᠶ᠎ᠡ ᠠᠴᠠ ᠬᠡᠲᠦᠷᠡᠭᠦᠯᠦᠨ ᠵᠠᠰᠠᠬᠤ ᠠᠵᠢᠯ ᠢ ᠥᠷᠨᠢᠭᠦᠯᠦᠨ᠎ᠡ᠃ | ᠭᠤᠷᠪᠠ᠂ ᠬᠠᠤᠯᠢ ᠪᠤᠰᠤ ᠪᠠᠷ ᠡᠵᠡᠩᠨᠡᠬᠦ ︽ᠬᠠᠤᠯᠢ ᠪᠤᠰᠤ ᠪᠠᠷ ᠲᠦᠷᠢᠶᠡᠰᠦᠯᠡᠭᠦᠯᠬᠦ︾ ᠳᠤ ᠴᠢᠩᠭ᠎ᠠ | ᠴᠣᠬᠢᠯᠲᠠ ᠥᠭᠬᠦ ᠬᠡᠷᠡᠭᠲᠡᠶ᠃ ᠫᠠᠶᠢᠰᠠ ᠦᠨᠡᠮᠯᠡᠯ ᠦᠭᠡᠢ᠂ ᠬᠠᠤᠯᠢ ᠪᠤᠰᠤ ᠪᠠᠷ ᠬᠥᠮᠦᠨ ᠲᠡᠭᠡᠭᠡᠭᠰᠡᠨ ᠵᠡᠷᠭᠡ ᠵᠠᠮ | ᠬᠠᠷᠢᠯᠴᠠᠭᠠᠨ ᠤ ᠠᠮᠤᠷ ᠲᠦᠪᠰᠢᠨ ᠢ ᠬᠦᠨᠳᠦ ᠨᠣᠴᠢᠲᠠᠢ ᠬᠤᠬᠢᠷᠠᠭᠤᠯᠤᠭᠰᠠᠨ ᠬᠠᠤᠯᠢ ᠪᠤᠰᠤ ᠠᠵᠢᠯᠯᠠᠭ᠎ᠠ ᠶᠢ | ᠠᠷᠢᠯᠭᠠᠬᠤ ᠶᠢᠨ ᠲᠥᠯᠥᠭᠡ᠂ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠲᠦᠷᠦᠭᠦᠯᠡᠵᠦ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠬᠠᠮᠵᠢᠯᠴᠠᠨ᠂ ︽ᠬᠠᠷ᠎ᠠ | ᠲᠦᠷᠢᠶᠡᠰᠦᠯᠡᠭᠦᠯᠭᠡ︾ ᠶᠢᠨ ᠬᠠᠤᠯᠢ ᠪᠤᠰᠤ ᠪᠠᠷ ᠡᠵᠡᠩᠨᠡᠬᠦ ᠴᠠᠭ ᠪᠠ ᠵᠢᠮ᠎ᠡ ᠶᠣᠰᠣᠨ ᠳᠤ ᠴᠢᠭᠯᠡᠭᠦᠯᠦᠨ᠂ | ᠲᠣᠭᠲᠠᠭᠰᠠᠨ ᠴᠡᠭ ᠲᠤ ᠲᠣᠭᠤᠷᠢᠨ ᠪᠠᠶᠢᠴᠠᠭᠠᠬᠤ ᠪᠠ ᠴᠠᠭᠳᠠᠨ ᠪᠠᠶᠢᠴᠠᠭᠠᠵᠤ ᠪᠠᠶᠢᠴᠠᠭᠠᠨ ᠰᠢᠢᠳᠪᠦᠷᠢᠯᠡᠬᠦ ᠪᠠ | ᠣᠯᠠᠨ ᠲᠦᠮᠡᠨ ᠢᠯᠡᠴᠢᠯᠡᠨ ᠮᠡᠳᠡᠭᠦᠯᠬᠦ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠫᠠᠶᠢᠰᠠ ᠦᠭᠡᠢ | ᠦᠨᠡᠮᠯᠡᠯ ᠦᠭᠡᠢ᠂ ᠫᠠᠶᠢᠰᠠ ᠲᠣᠬᠤᠬᠤ᠂ ᠬᠠᠤᠯᠢ ᠠᠴᠠ ᠵᠥᠷᠢᠴᠡᠨ ᠠᠶᠠᠨᠴᠢᠳ ᠢ ᠲᠡᠭᠡᠭᠡᠬᠦ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠰᠡᠨ ︽ᠬᠠᠤᠯᠢ ᠪᠤᠰᠤ ᠪᠠᠷ ᠲᠦᠷᠢᠶᠡᠰᠦᠯᠡᠭᠦᠯᠬᠦ︾ ᠶᠢ ᠴᠥᠮ | ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠪᠠᠶᠢᠴᠠᠭᠠᠨ ᠦᠯᠡᠳᠡᠭᠡᠵᠦ᠂ ᠲᠡᠷᠭᠡ | ᠬᠥᠰᠬᠡ᠂ ᠵᠢᠯᠣᠭᠤᠴᠢ ᠶᠢᠨ ᠦᠨᠡᠮᠯᠡᠯ᠂ ᠳᠠᠭᠠᠳᠬᠠᠯ ᠵᠡᠷᠭᠡ ᠭᠠᠷᠳᠠᠮ ᠢ ᠪᠦᠷᠢᠨ ᠬᠦᠢᠴᠡᠳ ᠪᠣᠯᠭᠠᠨ᠎ᠠ᠃ ᠭᠡᠪᠡᠴᠦ | ᠡᠵᠡᠩᠨᠡᠯᠲᠡ ᠶᠢᠨ ᠲᠦᠷᠢᠶᠡᠰᠦᠨ ᠮᠠᠰᠢᠨ ᠲᠡᠷᠭᠡᠨ ᠤ ᠭᠠᠷᠳᠠᠮ ᠢ ᠬᠠᠤᠯᠢ ᠶᠣᠰᠣᠭᠠᠷ ᠵᠦᠶ ᠶᠣᠰᠣᠭᠠᠷ ᠣᠯᠤᠭᠰᠠᠨ | ᠦᠭᠡᠢ ᠪᠠᠷ ᠬᠠᠤᠯᠢ ᠪᠤᠰᠤ ᠪᠠᠷ ᠡᠵᠡᠩᠨᠡᠵᠦ ᠠᠶᠠᠨᠴᠢᠳ ᠢ ᠲᠡᠭᠡᠭᠡᠭᠰᠡᠨ ︽ᠬᠠᠷ᠎ᠠ ᠲᠦᠷᠢᠶᠡᠰᠦᠯᠡᠯ︾ ᠢ ᠴᠥᠮ ᠬᠠᠮᠢᠶ᠎ᠠ | ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠬᠦᠨᠳᠦ ᠪᠠᠷ ᠴᠢᠩᠭ᠎ᠠ ᠰᠢᠢᠳᠬᠡᠨ ᠲᠣᠷᠭᠠᠬᠤ ᠬᠡᠷᠡᠭᠲᠡᠶ᠃ | ᠲᠦᠷᠪᠡ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ︽ᠨᠢᠭᠡ ᠶᠢ ᠬᠡᠲᠦᠷᠡᠭᠦᠯᠵᠦ ᠳᠥᠷᠪᠡ ᠶᠢ ᠲᠣᠷᠭᠠᠬᠤ | ︾ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠪᠠᠶᠢᠴᠠᠭᠠᠨ ᠰᠢᠢᠳᠪᠦᠷᠢᠯᠡᠭᠰᠡᠨ ᠬᠡᠮᠵᠢᠶ᠎ᠡ ᠠᠴᠠ | ᠬᠡᠲᠦᠷᠡᠲᠡᠯ᠎ᠡ ᠠᠴᠢᠶᠠᠯᠠᠭᠰᠠᠨ ᠲᠡᠷᠭᠡ ᠬᠥᠰᠬᠡ ᠳᠤ᠂ ᠬᠠᠤᠯᠢ ᠠᠴᠠ ᠵᠥᠷᠢᠴᠡᠭᠰᠡᠨ ᠪᠠᠶᠢᠳᠠᠯ ᠢ ᠬᠠᠤᠯᠢ ᠶᠣᠰᠣᠭᠠᠷ | ᠠᠷᠢᠯᠭᠠᠬᠤ ᠶᠢᠨ ᠬᠠᠮᠲᠤ ᠰᠢᠢᠳᠬᠡᠨ ᠲᠣᠷᠭᠠᠬᠤ᠂ ᠬᠤᠪᠢ ᠲᠡᠮᠳᠡᠭᠯᠡᠬᠦ ᠠᠴᠠ ᠭᠠᠳᠠᠨ᠎ᠠ᠂ ᠵᠠᠮ ᠤᠨ ᠶᠠᠪᠤᠳᠠᠯ ᠤᠨ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠲᠣᠭᠲᠠᠮᠠᠯ ᠬᠤᠭᠤᠴᠠᠭ᠎ᠠ ᠲᠠᠢ ᠪᠠᠷ ᠲᠡᠷᠭᠡ ᠬᠥᠰᠬᠡ᠂ ᠵᠢᠯᠣᠭᠤᠴᠢ᠂ | ᠵᠠᠮ ᠲᠡᠭᠡᠭᠡᠪᠦᠷᠢ ᠶᠢᠨ ᠠᠵᠤ ᠠᠬᠤᠶᠢᠯᠠᠯ᠂ ᠡᠳ᠋ ᠪᠠᠷᠠᠭ᠎ᠠ ᠠᠴᠢᠶᠠᠯᠠᠬᠤ ᠡᠬᠢ ᠡᠭᠦᠰᠦᠯ ᠨᠢᠭᠡᠴᠡ ᠵᠡᠷᠭᠡ ᠮᠡᠳᠡᠭᠡ | ᠵᠠᠩᠭᠢ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠠᠴᠠ ᠵᠥᠷᠢᠴᠡᠨ ᠬᠡᠮᠵᠢᠶ᠎ᠡ ᠠᠴᠠ | ᠬᠡᠲᠦᠷᠡᠲᠡᠯ᠎ᠡ ᠲᠡᠭᠡᠭᠡᠪᠦᠷᠢᠯᠡᠭᠰᠡᠨ ᠲᠡᠷᠭᠡ ᠬᠥᠰᠬᠡ ᠶᠢ ᠬᠠᠭᠤᠯᠤᠨ ᠮᠡᠳᠡᠭᠳᠡᠬᠦ ᠳᠦᠷᠢᠮ ︵ᠲᠤᠷᠰᠢᠨ ᠬᠡᠷᠡᠭᠵᠢᠭᠦᠯᠬᠦ︶︾ | ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤᠨᠢ ᠬᠤᠰᠢᠭᠤᠨ ᠤ ᠵᠠᠮ ᠲᠡᠭᠡᠭᠡᠪᠦᠷᠢ ᠶᠢᠨ | ᠬᠠᠮᠢᠶᠠᠷᠤᠯᠲᠠ ᠶᠢᠨ ᠭᠠᠵᠠᠷ ᠲᠤ ᠮᠡᠳᠡᠭᠳᠡᠵᠦ᠂ ᠬᠤᠰᠢᠭᠤᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ | ᠭᠠᠵᠠᠷ ᠠᠴᠠ ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠤᠨ ᠵᠢᠷᠠᠨ ᠵᠢᠷᠭᠤᠳᠤᠭᠠᠷ ᠵᠦᠢᠯ | ᠪᠣᠯᠤᠨ ︽ᠵᠠᠮ ᠲᠡᠭᠡᠭᠡᠪᠦᠷᠢ ᠶᠢᠨ ᠳᠦᠷᠢᠮ︾ ᠤᠨ ᠳᠠᠯᠠᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ | ᠰᠢᠢᠳᠬᠡᠨ ᠲᠣᠷᠭᠠᠬᠤ ᠬᠡᠷᠡᠭᠲᠡᠶ᠃ ᠬᠤᠰᠢᠭᠤᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠲᠤ ᠵᠣᠬᠢᠬᠤ | ᠰᠢᠢᠳᠬᠡᠯ ᠢ ᠬᠡᠷᠡᠭᠵᠢᠭᠦᠯᠦᠭᠰᠡᠨ ᠤ ᠳᠠᠷᠠᠭ᠎ᠠ ᠲᠣᠷᠭᠠᠭᠳᠠᠭᠰᠠᠨ ᠨᠢᠭᠡᠴᠢ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃ | | ᠲᠠᠪᠤ᠂ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠰᠢᠮᠳᠠᠭᠤᠯᠤᠨ ᠪᠠᠶᠢᠴᠠᠭᠠᠬᠤ ᠲᠣᠭᠲᠠᠴᠠ ᠶᠢ | ᠪᠠᠶᠢᠭᠤᠯᠬᠤ ᠬᠡᠷᠡᠭᠲᠡᠶ᠃ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠤᠪᠴᠢᠶ᠎ᠠ ᠵᠢᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠮ ᠳᠡᠭᠡᠷᠡᠬᠢ ᠬᠠᠤᠯᠢ | ᠬᠡᠷᠡᠭᠵᠢᠭᠦᠯᠬᠦ ᠳᠤᠮᠳᠠ ᠬᠢᠵᠠᠭᠠᠷᠯᠠᠯ ᠠᠴᠠ ᠬᠡᠲᠦᠷᠡᠭᠰᠡᠨ᠂ ᠬᠡᠮᠵᠢᠶ᠎ᠡ ᠠᠴᠠ ᠬᠡᠲᠦᠷᠡᠭᠰᠡᠨ᠂ ᠬᠡᠮᠵᠢᠶ᠎ᠡ ᠠᠴᠠ ᠬᠡᠲᠦᠷᠡᠭᠰᠡᠨ | ᠵᠠᠰᠠᠯᠲᠠ ︽ᠠᠷᠪᠠᠨ ᠦᠯᠦ ᠵᠥᠪᠰᠢᠶᠡᠷᠡᠬᠦ︾ ᠰᠠᠬᠢᠯᠭ᠎ᠠ ᠪᠠᠲᠤ᠂ ︽ᠲᠠᠪᠤ ᠶᠢ ᠪᠠᠷᠢᠮᠲᠠᠯᠠᠬᠤ︾ ᠵᠠᠷᠴᠢᠮ ᠪᠣᠯᠤᠨ ︽ | ᠨᠠᠢᠮᠠᠨ ᠵᠦᠢᠯ ᠤᠨ ᠳᠦᠷᠢᠮ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠠᠤᠯᠢ | ᠬᠡᠷᠡᠭᠵᠢᠭᠦᠯᠬᠦ ᠪᠠᠷᠢᠮᠵᠢᠶ᠎ᠠ ᠪᠣᠯᠤᠨ ᠰᠢᠢᠳᠬᠡᠬᠦ ᠪᠠᠷᠢᠮᠵᠢᠶ᠎ᠠ ᠶᠢ ᠴᠢᠩᠭ᠎ᠠ ᠨᠢᠭᠡᠳᠬᠡᠵᠦ᠂ ᠬᠠᠤᠯᠢ ᠬᠡᠷᠡᠭᠵᠢᠭᠦᠯᠬᠦ ᠳᠡᠰ | ᠳᠠᠷᠠᠭᠠᠯᠠᠯ ᠪᠣᠯᠤᠨ ᠬᠠᠤᠯᠢ ᠬᠡᠷᠡᠭᠵᠢᠭᠦᠯᠦᠭᠰᠡᠨ ᠦᠷ᠎ᠡ ᠳ᠋ᠦᠩ ᠢ ᠨᠠᠶᠢᠳᠠ ᠳᠤ ᠵᠠᠷᠯᠠᠬᠤ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠬᠢᠵᠠᠭᠠᠷᠯᠠᠯ ᠠᠴᠠ ᠬᠡᠲᠦᠷᠡᠭᠰᠡᠨ ᠡᠳ᠋ ᠪᠣᠳᠠᠰ᠂ ᠲᠠᠷᠢᠶᠠᠯᠠᠩ ᠤᠨ ᠪᠦᠲᠦᠭᠡᠭᠳᠡᠬᠦᠨ ᠪᠣᠯᠤᠨ | ᠠᠶᠤᠯᠲᠠᠶ ᠬᠢᠮᠢ ᠶᠢᠨ ᠪᠣᠳᠠᠰ ᠢ ᠲᠡᠭᠡᠭᠡᠪᠦᠷᠢᠯᠡᠬᠦ ᠲᠡᠷᠭᠡ ᠬᠥᠰᠬᠡ ᠶᠢ ᠤᠯᠤᠰ ᠠᠴᠠ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠰᠢᠢᠳᠪᠦᠷᠢᠯᠡᠨ᠎ᠠ᠃ ᠡᠭᠦᠨ ᠤ ᠬᠠᠮᠲᠤ᠂ ᠬᠢᠵᠠᠭᠠᠷᠯᠠᠯ ᠠᠴᠠ ᠬᠡᠲᠦᠷᠡᠭᠦᠯᠦᠨ ᠠᠴᠢᠶᠠᠯᠠᠬᠤ ᠦᠵᠡᠭᠳᠡᠯ | ᠬᠦᠨᠳᠦ ᠨᠣᠴᠢᠲᠠᠶ ᠪᠠᠶ᠋ᠭ᠎ᠠ ᠭᠠᠵᠠᠷ ᠣᠷᠣᠨ ᠢ ᠫᠠᠶᠢᠰᠠ ᠡᠯᠭᠦᠨ ᠰᠢᠮᠳᠠᠭᠤᠯᠤᠨ ᠰᠢᠢᠳᠪᠦᠷᠢᠯᠡᠬᠦ ᠬᠡᠷᠡᠭᠲᠡᠶ᠃ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠡᠯ᠎ᠡ ᠵᠤᠶᠢᠯ ᠤᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ | ᠴᠢᠩᠭᠠᠳᠬᠠᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠳᠠᠪᠲᠠᠮᠵᠢ ᠪᠠᠨ ᠨᠡᠮᠡᠭᠳᠡᠭᠦᠯᠦᠨ᠂ ᠬᠠᠤᠯᠢ | ᠬᠡᠷᠡᠭᠵᠢᠭᠦᠯᠬᠦ ᠦᠭᠡᠢ ᠵᠢᠷᠤᠮᠵᠢᠯ ᠦᠭᠡᠢ ᠦᠢᠯᠡ ᠠᠵᠢᠯᠯᠠᠭ᠎ᠠ ᠶᠢ ᠴᠢᠩᠭ᠎ᠠ ᠰᠢᠢᠳᠪᠦᠷᠢᠯᠡᠵᠦ᠂ ᠵᠠᠰᠠᠮᠠᠯ ᠵᠠᠮ ᠤᠨ ︽ | ᠭᠤᠷᠪᠠᠨ ᠳᠤᠷ᠎ᠠ ᠪᠠᠷ ᠢᠶᠠᠨ︾ ᠦᠢᠯᠡ ᠠᠵᠢᠯᠯᠠᠭ᠎ᠠ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ᠃ | ᠵᠠᠭᠤᠴᠢᠯᠠᠭᠤᠷ ᠤᠨ ᠨᠡᠶᠢᠲᠡᠯᠡᠭᠰᠡᠨ ᠪᠠ ᠣᠯᠠᠨ ᠲᠦᠮᠡᠨ ᠤ ᠵᠠᠭᠠᠯᠳᠤᠭᠰᠠᠨ᠂ ᠢᠯᠡᠴᠢᠯᠡᠨ ᠮᠡᠳᠡᠭᠦᠯᠦᠭᠰᠡᠨ ᠬᠠᠤᠯᠢ | ᠲᠣᠭᠲᠠᠭᠠᠯ ᠠᠴᠠ ᠵᠥᠷᠢᠴᠡᠨ ᠬᠠᠤᠯᠢ ᠬᠡᠷᠡᠭᠵᠢᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠪᠠᠶᠢᠴᠠᠭᠠᠵᠤ᠂ ᠴᠢᠩᠭ᠎ᠠ | ᠰᠢᠢᠳᠪᠦᠷᠢᠯᠡᠵᠦ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠶ᠃ | ᠵᠢᠷᠭᠤᠭ᠎ᠠ᠃ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠲᠦᠷᠪᠡᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2019 ᠤᠨ ᠤ 7 ᠰᠠᠷ᠎ᠠ ᠶᠢᠨ 31 ᠤ ᠡᠳᠦᠷ | |