ᠨᠢᠬᠡ᠂ ᠶᠠᠭᠤ ᠶᠢ ︽ᠬᠤᠶᠠᠷ ᠲᠤ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ᠬᠡᠬᠦ ᠪᠤᠢ︖ | ᠢᠳᠡᠬᠦ ᠡᠮᠦᠰᠬᠦ ᠪᠠ ᠤᠰᠦ ᠤᠮᠳᠠ ᠶᠢᠨ ᠠᠮᠤᠷ ᠲᠦᠪᠰᠢᠨ ᠳᠤ ᠰᠡᠳᠬᠢᠯ ᠵᠤᠪᠠᠭ᠋ᠤ ᠦᠭᠡᠢ᠂ ᠠᠯᠪᠠᠨ ᠵᠢᠷᠤᠮ | ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠬᠡ ᠪᠠ ᠤᠷᠤᠨ ᠰᠠᠭᠤᠴᠠ ᠶᠢᠨ ᠠᠮᠤᠷ ᠲᠦᠪᠰᠢᠨ ᠢ ᠪᠠᠳᠤᠯᠠᠬᠤ | ᠶᠢ ᠲᠤᠭᠳᠠᠭᠤᠨ ᠢᠶᠠᠷ ᠪᠠᠶᠠᠯᠡᠬᠦᠯᠬᠦ ᠶᠢ ᠵᠢᠭᠠᠵᠦ ᠪᠤᠢ᠃ | ᠬᠤᠶᠠᠷ᠂ ︽ᠲᠠᠪᠤᠨ ᠨᠢᠬᠡ ᠪᠦᠯᠦᠭ︾ ᠬᠡᠵᠦ ᠶᠠᠭᠤ ᠪᠤᠢ︖ | ᠨᠢᠬᠡ ᠪᠦᠯᠦᠭ ᠬᠦᠮᠦᠰ ᠢ ᠦᠢᠯᠡᠳᠪᠦᠷᠢᠯᠡᠯ ᠢ ᠨᠢ ᠬᠦᠭᠵᠢᠬᠦᠯᠵᠦ ᠪᠠᠶᠢᠭᠠᠳ ᠶᠠᠳᠠᠭᠤ ᠠᠴᠠ | ᠠᠩᠭᠢᠵᠢᠷᠠᠭᠤᠯᠬᠤ᠂ ᠨᠢᠬᠡ ᠪᠦᠯᠦᠭ ᠢ ᠨᠢ ᠤᠨᠳᠤᠤ ᠭᠠᠵᠠᠷ ᠨᠡᠬᠦᠯᠬᠡᠨ ᠰᠢᠯᠵᠢᠬᠦᠯᠵᠦ ᠪᠠᠶᠢᠭᠠᠳ ᠶᠠᠳᠠᠭᠤ ᠠᠴᠠ | ᠠᠩᠭᠢᠵᠢᠷᠠᠭᠤᠯᠬᠤ᠂ ᠨᠢᠬᠡ ᠪᠦᠯᠦᠭ ᠢ ᠨᠢ ᠠᠮᠢ ᠠᠬᠤᠢ ᠶᠢᠨ ᠨᠦᠬᠦᠪᠦᠷᠢ ᠦᠭᠴᠦ ᠪᠠᠶᠢᠭᠠᠳ ᠶᠠᠳᠠᠭᠤ ᠠᠴᠠ | ᠠᠩᠭᠢᠵᠢᠷᠠᠭᠤᠯᠬᠤ᠂ ᠨᠢᠬᠡ ᠪᠦᠯᠦᠭ ᠢ ᠨᠢ ᠰᠤᠷᠭᠠᠨ ᠬᠦᠮᠦᠵᠢᠯ ᠢ ᠬᠦᠭᠵᠢᠬᠦᠯᠵᠦ ᠪᠠᠶᠢᠭᠠᠳ ᠶᠠᠳᠠᠭᠤ ᠠᠴᠠ | ᠠᠩᠭᠢᠵᠢᠷᠠᠭᠤᠯᠬᠤ᠂ ᠨᠢᠬᠡ ᠪᠦᠯᠦᠭ ᠢ ᠨᠢ ᠨᠠᠶᠢᠬᠡᠮ ᠤᠨ ᠪᠠᠳᠤᠯᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ᠃ | ᠭᠤᠷᠪᠠ᠂ ᠶᠠᠭᠤ ᠶᠢ ᠵᠢᠷᠭᠤᠭᠠᠨ ᠨᠠᠷᠢᠯᠢᠭ ᠤᠨᠤᠪᠴᠢᠳᠠᠢ ᠬᠡᠬᠦ ᠪᠤᠢ︖ | ᠶᠠᠳᠠᠭᠤ ᠬᠦᠴᠢᠷᠳᠠᠯᠳᠠᠢ ᠡᠷᠦᠬᠡ ᠶᠢ ᠨᠠᠷᠢᠯᠢᠭ ᠤᠨᠤᠪᠴᠢᠳᠠᠢ ᠪᠠᠷ ᠰᠤᠩᠭᠤᠨ ᠭᠠᠷᠭᠠᠬᠤ᠂ ᠲᠦᠷᠦᠯ ᠵᠦᠢᠯ | ᠤᠳ ᠢ ᠨᠠᠷᠢᠯᠢᠭ ᠤᠨᠤᠪᠴᠢᠳᠠᠢ ᠪᠠᠷ ᠲᠤᠬᠢᠷᠠᠭᠤᠯᠬᠤ᠂ ᠪᠠᠯᠠ ᠮᠦᠩᠭᠦ ᠶᠢ ᠨᠠᠷᠢᠯᠢᠭ ᠤᠨᠤᠪᠴᠢᠳᠠᠢ ᠪᠠᠷ ᠬᠡᠷᠡᠭᠯᠡᠬᠦ᠂ | ᠠᠷᠭ᠎ᠠ ᠪᠤᠳᠤᠯᠭ᠎ᠠ ᠶᠢ ᠨᠠᠷᠢᠯᠢᠭ ᠤᠨᠤᠪᠴᠢᠳᠠᠢ ᠪᠠᠷ ᠬᠡᠷᠡᠭᠵᠢᠬᠦᠯᠬᠦ᠂ ᠲᠤᠰᠬᠤᠨ ᠳᠤ ᠰᠠᠭᠤᠭ᠎ᠠ ᠠᠵᠢᠯᠳᠠᠳ ᠢ | ᠨᠠᠷᠢᠯᠢᠭ ᠤᠨᠤᠪᠴᠢᠳᠠᠢ ᠪᠠᠷ ᠲᠤᠮᠢᠯᠠᠬᠤ᠂ ᠶᠠᠳᠠᠭᠤ ᠠᠴᠠ ᠠᠩᠭᠢᠵᠢᠷᠠᠬᠤ ᠦᠷ᠎ᠡ ᠪᠦᠳᠦᠮᠵᠢ ᠶᠢ ᠨᠠᠷᠢᠯᠢᠭ | ᠤᠨᠤᠪᠴᠢᠳᠠᠢ ᠪᠠᠶᠢᠯᠭᠠᠬᠤ᠃ | ᠲᠦᠷᠪᠡ᠂ ᠶᠠᠳᠠᠭᠤ ᠬᠦᠴᠢᠷᠳᠠᠯᠳᠠᠢ ᠡᠷᠦᠬᠡ ᠪᠠᠷ ᠢᠯᠭᠠᠨ ᠲᠤᠭᠳᠠᠭᠠᠬᠤ ᠪᠠᠷᠢᠮᠵᠢᠶ᠎ᠠ ᠨᠢ ᠶᠠᠭᠤ ᠪᠤᠢ︖ | ᠡᠷᠦᠬᠡ ᠪᠠᠷ ᠨᠢᠬᠡᠴᠢ ᠪᠤᠯᠭᠠᠨ᠂ ︽ᠬᠤᠶᠠᠷ ᠲᠤ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ᠪᠠᠷᠢᠮᠵᠢᠶ᠎ᠠ | ᠳᠤ ᠬᠦᠷᠦᠭᠰᠡᠨ ᠡᠰᠡᠬᠦ ᠪᠠ ᠬᠦᠮᠦᠨ ᠲᠤᠮᠳᠠᠴᠢ ᠶᠢᠨ ᠴᠠᠪᠠᠷ ᠤᠷᠤᠯᠭ᠎ᠠ ᠨᠢ ᠤᠯᠤᠰ ᠤᠨ ᠶᠠᠳᠠᠭᠤ ᠶᠢ ᠲᠡᠳᠬᠦᠬᠦ | ᠪᠠᠷᠢᠮᠵᠢᠶ᠎ᠠ — 2952 ᠲᠦᠬᠦᠷᠢᠭ ᠠᠴᠠ ᠲᠤᠤᠷ᠎ᠠ ᠪᠠᠶᠢᠬᠤ ᠡᠰᠡᠬᠦ ᠪᠠᠷ ᠭᠤᠤᠯ ᠦᠨᠳᠦᠰᠦᠯᠡᠯ ᠪᠤᠯᠭᠠᠵᠦ᠂ ᠬᠡᠷ | ᠪᠦᠯᠢ ᠶᠢᠨ ᠡᠷᠬᠡᠪᠰᠢ ᠵᠠᠷᠤᠴᠠᠭᠤᠯᠬᠤ ᠵᠠᠷᠤᠳᠠᠯ ᠢ ᠨᠢ ᠬᠠᠷᠭᠤᠭᠤᠯᠤᠨ ᠵᠤᠬᠢᠴᠠᠭᠤᠯᠵᠦ ᠪᠠᠶᠢᠭᠠᠳ ᠶᠡᠷᠦᠩᠭᠡᠶᠢᠯᠡᠨ | ᠮᠠᠭᠠᠳᠯᠠᠨ᠎ᠠ᠃ | ᠲᠠᠪᠤ᠂ ᠶᠠᠳᠠᠭᠤ ᠬᠦᠴᠢᠷᠳᠠᠯᠳᠠᠢ ᠡᠷᠦᠬᠡ ᠪᠠᠷ ᠢᠯᠭᠠᠨ ᠲᠤᠭᠳᠠᠭᠠᠬᠤ ᠶᠠᠪᠤᠴᠠ ᠨᠢ ᠶᠠᠭᠤ ᠪᠤᠢ︖ | ᠮᠠᠯᠴᠢᠨ ᠲᠠᠷᠢᠶᠠᠴᠢᠨ ᠡᠷᠦᠬᠡ ᠶᠢᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠬᠠᠷᠭᠤᠭᠤᠯᠵᠦ᠂ ᠮᠠᠯᠴᠢᠨ | ᠲᠠᠷᠢᠶᠠᠴᠢᠨ ᠡᠷᠦᠬᠡ ᠠᠴᠠ ᠭᠤᠶᠤᠴᠢᠯᠠᠯ ᠡᠷᠬᠦᠨ᠎ᠠ᠂ ᠭᠠᠴᠠᠭ᠎ᠠ ᠲᠤᠰᠬᠤᠨ ᠠᠴᠠ ᠵᠦᠪᠯᠡᠨ᠎ᠡ᠂ ᠲᠤᠭ᠎ᠠ ᠪᠠᠷᠢᠮᠳᠠ ᠶᠢ | ᠨᠢ ᠬᠠᠷᠢᠴᠠᠭᠤᠯᠵᠦ ᠦᠵᠡᠨ᠎ᠡ᠂ ᠭᠠᠴᠠᠭ᠎ᠠ ᠲᠤᠰᠬᠤᠨ ᠠᠴᠠ ᠵᠦᠪᠯᠡᠨ ᠲᠤᠭᠳᠠᠨ᠎ᠠ᠂ ᠶᠠᠳᠠᠭᠤ ᠬᠦᠴᠢᠷᠳᠠᠯᠳᠠᠢ ᠡᠷᠦᠬᠡ | ᠶᠢᠨ ᠨᠠᠷᠠᠰ ᠢ ᠠᠩᠬ᠎ᠠ ᠠᠯᠬᠤᠮ ᠲᠤᠭᠳᠠᠨ᠎ᠠ᠂ ᠡᠬᠦᠨ ᠤ ᠬᠠᠮᠳᠦ ᠭᠠᠴᠠᠭ᠎ᠠ ᠲᠤᠰᠬᠤᠨ ᠳᠤ ᠠᠩᠬ᠎ᠠ ᠤᠳᠠᠭ᠎ᠠ | ᠨᠠᠶᠢᠳᠠᠯᠠᠨ᠎ᠠ᠂ ᠨᠡᠶᠢᠳᠡᠯᠡᠵᠦ ᠪᠠᠷᠠᠭᠰᠠᠨ ᠤ ᠲᠠᠷᠠᠭ᠎ᠠ ᠤᠨᠳᠦᠤ ᠰᠠᠨᠠᠯ ᠦᠭᠡᠢ ᠪᠤᠯ ᠰᠤᠮᠤ ᠰᠢᠶᠠᠩ ᠪᠠᠯᠭᠠᠰᠤᠨ ᠠᠴᠠ | ᠬᠢᠨᠠᠨ ᠬᠠᠷᠭᠤᠭᠤᠯᠤᠨ᠎ᠠ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠭᠠᠴᠠᠭ᠎ᠠ ᠲᠤᠰᠬᠤᠨ ᠳᠤ ᠬᠠᠷᠢᠭᠤ ᠲᠤᠰᠬᠠᠨ | ᠬᠤᠶᠠᠳᠤᠭᠠᠷ ᠤᠳᠠᠭ᠎ᠠ ᠨᠠᠶᠢᠳᠠᠯᠠᠨ᠎ᠠ᠂ ᠨᠠᠶᠢᠳᠠᠯᠡᠵᠦ ᠪᠠᠷᠠᠭᠰᠠᠨ ᠤ ᠲᠠᠷᠠᠭ᠎ᠠ ᠬᠤᠰᠢᠭᠤᠨ ᠤ ᠶᠠᠳᠠᠭᠤ ᠶᠢ ᠲᠡᠳᠬᠦᠨ | ᠨᠡᠬᠡᠬᠡᠨ ᠬᠦᠭᠵᠢᠬᠦᠯᠬᠦ ᠤᠳᠤᠷᠢᠳᠬᠤ ᠲᠤᠭᠤᠶᠢᠯᠠᠩ ᠳᠤ ᠮᠡᠳᠡᠬᠦᠯᠵᠦ ᠲᠠᠬᠢᠨᠳᠠ ᠬᠢᠨᠠᠯᠳᠠ ᠬᠢᠨ᠎ᠠ᠂ ᠲᠠᠬᠢᠨ ᠬᠢᠨᠠᠭᠰᠠᠨ | ᠤ ᠲᠠᠷᠠᠭᠠᠬᠢ ᠨᠠᠷᠠᠰ ᠤᠳ ᠢ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠠ ᠪᠠᠷ ᠲᠠᠮᠵᠢᠨ ᠨᠠᠶᠢᠳᠠᠯᠠᠨ᠎ᠠ | ᠂ ᠨᠠᠶᠢᠳᠠᠯᠡᠯ ᠲᠡᠬᠦᠰᠦᠭᠰᠡᠨ ᠤ ᠲᠠᠷᠠᠭ᠎ᠠ ᠶᠠᠳᠠᠭᠤ ᠬᠦᠴᠢᠷᠳᠠᠯᠳᠠᠢ ᠡᠷᠦᠬᠡ ᠪᠠᠷ ᠢᠯᠭᠠᠨ ᠲᠤᠭᠳᠠᠭᠠᠵᠦ᠂ ᠡᠬᠦᠨ ᠤ | ᠬᠠᠮᠳᠦ ᠲᠡᠳᠡᠨ ᠳᠤ ᠮᠡᠳᠡᠭᠳᠡᠨ᠎ᠡ᠃ | ᠵᠢᠷᠭᠤᠭ᠎ᠠ᠂ ᠶᠠᠳᠠᠭᠤ ᠬᠦᠴᠢᠷᠳᠠᠯᠳᠠᠢ ᠡᠷᠦᠬᠡ ᠠᠴᠠ ᠢᠯᠭᠠᠨ ᠭᠠᠷᠬᠤ ᠪᠠᠷᠢᠮᠵᠢᠶ᠎ᠠ ᠨᠢ ᠶᠠᠭᠤ ᠪᠤᠢ︖ | ᠶᠠᠳᠠᠭᠤ ᠬᠦᠴᠢᠷᠳᠠᠯᠳᠠᠢ ᠡᠷᠦᠬᠡ ᠶᠠᠳᠠᠭᠤ ᠠᠴᠠ ᠠᠩᠭᠢᠵᠢᠷᠠᠬᠤ ᠳᠠᠭᠠᠨ ᠡᠷᠦᠬᠡ ᠪᠠᠷ ᠨᠢᠬᠡᠴᠢ ᠪᠤᠯᠭᠠᠵᠦ᠂ ︽ | ᠬᠤᠶᠠᠷ ᠲᠤ ᠵᠤᠪᠠᠭ᠋ᠤ ᠦᠭᠡᠢ᠂ ᠭᠤᠷᠪᠠ ᠶᠢ ᠪᠠᠳᠤᠯᠠᠬᠤ᠂ ᠨᠢᠬᠡ ᠶᠢ ᠪᠠᠷᠢᠮᠵᠢᠶ᠎ᠠ ᠳᠤ ᠬᠦᠷᠬᠡᠬᠦ︾ ᠪᠠᠷᠢᠮᠵᠢᠶ᠎ᠠ ᠶᠢ | ᠡᠷᠬᠡᠪᠰᠢ ᠪᠠᠶᠠᠯᠡᠬᠦᠯᠦᠭᠰᠡᠨ ᠪᠠᠶᠢᠬᠤ ᠬᠡᠷᠡᠭᠳᠠᠢ᠃ ᠲᠠᠷᠤᠢ ᠢᠳᠡᠬᠦ ᠪᠠ ᠡᠮᠦᠰᠬᠦ ᠳᠡᠭᠡᠨ ᠵᠤᠪᠠᠭ᠋ᠤ ᠦᠭᠡᠢ᠂ ᠠᠯᠪᠠᠨ | ᠵᠢᠷᠤᠮ ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠬᠡ᠂ ᠤᠷᠤᠨ ᠰᠠᠭᠤᠴᠠ ᠪᠠ ᠤᠤᠭᠤᠬᠤ ᠤᠰᠤᠨ ᠤ | ᠠᠮᠤᠷ ᠲᠦᠪᠰᠢᠨ ᠤ ᠪᠠᠳᠤᠯᠠᠭ᠎ᠠ ᠲᠠᠢ ᠪᠦᠬᠡᠳ ᠬᠡᠷ ᠪᠦᠯᠢ ᠶᠢᠨ ᠬᠦᠮᠦᠨ ᠲᠤᠮᠳᠠᠴᠢ ᠶᠢᠨ ᠴᠠᠪᠠᠷ ᠤᠷᠤᠯᠭ᠎ᠠ ᠨᠢ | ᠦᠪᠡᠷᠳᠡᠬᠡᠨ ᠵᠠᠰᠠᠬᠤ ᠤᠷᠤᠨ ᠤ ᠲᠤᠭᠳᠠᠭᠠᠭᠰᠠᠨ ᠵᠢᠯ ᠤᠨ ᠶᠠᠳᠠᠭᠤ ᠠᠴᠠ ᠠᠩᠭᠢᠵᠢᠷᠠᠬᠤ ᠪᠠᠷᠢᠮᠵᠢᠶ᠎ᠠ ᠳᠤ | ᠲᠤᠭᠳᠠᠪᠤᠷᠢᠳᠠᠢ ᠬᠦᠷᠦᠨ᠎ᠠ᠃ 2019 ᠤᠨ ᠤ ᠶᠠᠳᠠᠭᠤ ᠠᠴᠠ ᠠᠩᠭᠢᠵᠢᠷᠠᠬᠤ ᠤᠷᠤᠯᠭ᠎ᠠ ᠶᠢᠨ ᠪᠠᠷᠢᠮᠵᠢᠶ᠎ᠠ — | 3600/ ᠵᠢᠯ/ ᠬᠦᠮᠦᠨ᠃ | ᠲᠤᠯᠤᠭ᠎ᠠ᠂ ᠶᠠᠳᠠᠭᠤ ᠬᠦᠴᠢᠷᠳᠠᠯᠳᠠᠢ ᠡᠷᠦᠬᠡ ᠠᠴᠠ ᠢᠯᠭᠠᠨ ᠭᠠᠷᠬᠤ ᠶᠠᠪᠤᠴᠠ ᠨᠢ ᠶᠠᠭᠤ ᠪᠤᠢ︖ | ᠭᠠᠴᠠᠭ᠎ᠠ ᠲᠤᠰᠬᠤᠨ ᠤ ᠡᠬᠦᠷ ᠵᠦᠪᠯᠡᠯ ᠠᠴᠠ ᠠᠷᠠᠳᠴᠢᠯᠠᠯ ᠢᠶᠠᠷ ᠦᠨᠡᠯᠡᠯᠳᠠ ᠦᠭᠴᠦ᠂ ᠲᠤᠷᠠᠳᠴᠦ | ᠭᠠᠷᠭᠠᠭᠰᠠᠨ ᠨᠠᠷᠠᠰ ᠤᠳ ᠢ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠶᠠᠳᠠᠭᠤ ᠶᠢ ᠲᠡᠳᠬᠦᠬᠦ ᠬᠠᠷᠢᠭᠤᠴᠠᠯᠭᠠᠳᠠᠨ | ᠠᠴᠠ ᠭᠠᠷ ᠤᠨ ᠦᠰᠦᠭ ᠵᠢᠷᠤᠨ᠎ᠠ᠂ ᠭᠠᠴᠠᠭ᠎ᠠ ᠲᠤᠰᠬᠤᠨ ᠤ ᠠᠷᠠᠳ ᠤᠨ ᠲᠦᠯᠦᠬᠡᠯᠡᠭᠴᠢᠳ ᠤᠨ ᠬᠤᠷᠠᠯ ᠢ | ᠡᠷᠬᠢᠯᠡᠨ ᠪᠠᠶᠢᠭᠤᠯᠵᠦ ᠠᠷᠠᠳᠴᠢᠯᠠᠯ ᠢᠶᠠᠷ ᠦᠨᠡᠯᠡᠯᠳᠠ ᠦᠭᠬᠦᠨ᠎ᠠ︔ ᠠᠷᠠᠳᠴᠢᠯᠠᠭᠰᠠᠨ ᠦᠨᠡᠯᠡᠯᠳᠠ ᠶᠢᠨ ᠦᠷ᠎ᠡ | ᠳ᠋ᠦᠩ ᠢ ᠦᠨᠳᠦᠰᠦᠯᠠᠵᠦ᠂ ᠶᠠᠳᠠᠭᠤ ᠠᠴᠠ ᠭᠠᠷᠬᠤ ᠨᠡᠷᠡᠰ ᠲᠤ ᠠᠩᠬ᠎ᠠ ᠤᠳᠠᠭᠠᠨ ᠤ ᠨᠠᠶᠢᠳᠠᠯᠠᠯ ᠬᠢᠨ᠎ᠠ︔ | ᠨᠠᠶᠢᠳᠠᠯᠠᠯ ᠳᠤ ᠤᠨᠳᠦᠦ ᠰᠠᠨᠠᠯ ᠦᠭᠡᠢ ᠪᠤᠯ ᠰᠤᠮᠤ ᠰᠢᠶᠠᠩ ᠪᠠᠯᠭᠠᠰᠤᠨ ᠳᠤ ᠮᠡᠳᠡᠬᠦᠯᠵᠦ᠂ ᠰᠤᠮᠤ ᠰᠢᠶᠠᠩ | ᠪᠠᠯᠭᠠᠰᠤᠨ ᠠᠴᠠ ᠡᠷᠦᠬᠡ ᠲᠠᠷᠠᠭᠠᠯᠠᠨ ᠬᠢᠨᠠᠨ ᠪᠠᠶᠢᠴᠠᠭᠠᠭᠰᠠᠨ ᠤ ᠲᠠᠷᠠᠭ᠎ᠠ᠂ ᠬᠤᠶᠠᠳᠤᠭᠠᠷ ᠤᠳᠠᠭ᠎ᠠ ᠪᠠᠨ | ᠨᠠᠶᠢᠳᠠᠯᠡᠨᠡ᠂ ᠨᠠᠶᠢᠳᠡᠯᠡᠭᠡᠳ ᠤᠨᠳᠤᠤ ᠰᠠᠨᠠᠯ ᠦᠭᠡᠢ ᠪᠤᠯ ᠬᠤᠰᠢᠭᠤᠨ ᠤ ᠶᠠᠳᠠᠭᠤ ᠶᠢ ᠲᠡᠳᠬᠦᠨ ᠨᠡᠬᠡᠬᠡᠨ | ᠬᠦᠭᠵᠢᠬᠦᠯᠬᠦ ᠤᠳᠤᠷᠢᠳᠬᠤ ᠲᠤᠭᠤᠶᠢᠯᠠᠩ ᠳᠤ ᠮᠡᠳᠡᠬᠦᠯᠵᠦ ᠲᠤᠬᠠᠢ ᠶᠢᠨ ᠭᠠᠵᠠᠷ ᠲᠤ ᠨᠢ ᠬᠦᠷᠴᠦ ᠰᠤᠭᠤᠴᠢᠨ | ᠪᠠᠶᠢᠴᠠᠭᠠᠨ᠎ᠠ᠂ ᠰᠤᠭᠤᠴᠢᠨ ᠪᠠᠶᠢᠴᠠᠭᠠᠯᠳᠠ ᠨᠢ ᠪᠤᠷᠤᠭᠤ ᠦᠭᠡᠢ ᠪᠤᠯ ᠭᠠᠴᠠᠭ᠎ᠠ ᠲᠤᠰᠬᠤᠨ ᠪᠠ ᠶᠠᠳᠠᠭᠤ | ᠬᠦᠴᠢᠷᠳᠠᠯᠳᠠᠢ ᠡᠷᠦᠬᠡ ᠶᠢᠨ ᠪᠠᠶᠢᠭ᠎ᠠ ᠭᠠᠴᠠᠭ᠎ᠠ ᠲᠤᠰᠬᠤᠨ ᠤ ᠵᠠᠰᠠᠭ ᠤᠨ ᠤᠷᠳᠤᠨ ᠤ ᠠᠯᠪᠠᠨ ᠰᠦᠯᠵᠢᠶᠠᠨ ᠳᠤ | ᠨᠠᠶᠢᠳᠡᠯᠡᠨ᠎ᠡ᠃ | ᠨᠠᠢᠮᠠ᠂ ᠶᠠᠳᠠᠭᠤ ᠬᠦᠴᠢᠷᠳᠠᠯᠳᠠᠢ ᠡᠷᠦᠬᠡ ᠶᠢᠨ ᠤᠷᠤᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠳᠤ | ᠶᠠᠮᠠᠷ ᠬᠡᠳᠦᠨ ᠠᠷᠭ᠎ᠠ ᠪᠤᠳᠤᠯᠭ᠎ᠠ ᠪᠠᠶᠢᠬᠤ ᠪᠤᠢ︖ | ︽ᠠᠮᠤᠷ ᠲᠦᠪᠰᠢᠨ ᠬᠡᠷᠡᠭᠴᠡᠭᠡ ᠲᠠᠢ ᠦᠨᠳᠦᠰᠦᠨ ᠵᠤᠶᠢᠯ ᠢ ᠪᠠᠳᠤᠯᠠᠬᠤ︾ ᠵᠠᠷᠴᠢᠮ ᠢ ᠦᠨᠳᠦᠰᠦᠯᠡᠨ᠂ | ᠶᠠᠳᠠᠭᠤ ᠬᠦᠴᠢᠷᠳᠠᠯᠳᠠᠢ ᠡᠷᠦᠬᠡ ᠶᠢᠨ ᠤᠷᠤᠨ ᠰᠠᠭᠤᠴᠠ ᠶᠢᠨ ᠠᠮᠤᠷ ᠲᠦᠪᠰᠢᠨ ᠢ ᠪᠠᠳᠤᠯᠠᠵᠦ᠂ ᠬᠠᠷᠢᠨ ᠡᠷᠦᠬᠡ | ᠪᠤᠯᠭᠠᠨ ᠳᠤ ᠦᠮᠴᠢᠯᠡᠯ ᠤᠨ ᠡᠷᠬᠡ ᠲᠠᠢ ᠤᠷᠤᠨ ᠰᠠᠭᠤᠴᠠ ᠬᠠᠩᠭᠠᠬᠤ ᠬᠡᠰᠡᠨ ᠪᠢᠰᠢ᠃ ᠪᠤᠳᠠᠳᠠᠢ ᠰᠢᠢᠳᠪᠦᠷᠢᠯᠡᠬᠦ | ᠠᠷᠭ᠎ᠠ ᠬᠡᠮᠵᠢᠶ᠎ᠠ ᠲᠤᠤᠷᠠᠬᠢ ᠮᠡᠳᠦ᠄ | ᠨᠢᠬᠡ ᠳᠤ᠂ ᠵᠢᠵᠢᠭ ᠪᠠᠭ᠎ᠠ ᠲᠤᠰᠬᠤᠨ ᠢ ᠨᠡᠶᠢᠯᠡᠬᠦᠯᠦᠨ ᠤᠨᠳᠤᠤ ᠭᠠᠵᠠᠷ ᠨᠡᠬᠦᠯᠬᠡᠬᠦ᠃ ᠪᠠᠶᠢᠭᠠᠯᠢ ᠶᠢᠨ | ᠨᠦᠬᠦᠴᠡᠯ ᠢᠶᠠᠷ ᠪᠠᠷᠤᠭᠳᠠᠢ᠂ ᠦᠨᠳᠦᠰᠦᠨ ᠲᠤᠨᠤᠭ ᠲᠦᠬᠦᠬᠡᠷᠦᠮᠵᠢ ᠶᠢᠨ ᠦᠷᠢ ᠦᠭᠴᠡᠭᠡ ᠠᠷᠪᠢᠨ᠂ ᠭᠠᠳᠠᠭᠰᠢ | ᠭᠠᠷᠤᠭᠰᠠᠨ ᠬᠦᠮᠦᠨ ᠠᠮᠠ ᠶᠢᠨ ᠬᠠᠷᠢᠴᠠᠯ ᠶᠡᠭᠡ ᠪᠠᠶᠢᠭ᠎ᠠ ᠶᠠᠳᠠᠭᠤ ᠬᠤᠴᠤᠷᠤᠩᠭᠤᠢ ᠲᠤᠰᠬᠤᠨ ᠤᠳ ᠲᠤ ᠬᠡᠳᠦᠨ | ᠲᠤᠰᠬᠤᠨ ᠢ ᠨᠡᠶᠢᠯᠡᠬᠦᠯᠬᠦ ᠠᠷᠭ᠎ᠠ ᠬᠡᠮᠵᠢᠶ᠎ᠠ ᠠᠪᠴᠦ᠂ ᠬᠦᠭᠵᠢᠬᠦᠯᠬᠦ ᠳᠤ ᠬᠢᠯᠪᠡᠷ ᠭᠠᠵᠠᠷ ᠲᠤ ᠰᠢᠨ᠎ᠠ ᠲᠤᠰᠬᠤᠨ | ᠲᠦᠪᠯᠡᠷᠡᠬᠦᠯᠦᠨ ᠪᠠᠶᠢᠭᠤᠯᠬᠤ ᠬᠡᠯᠪᠡᠷᠢ ᠪᠠᠷ ᠤᠷᠤᠨ ᠰᠠᠭᠤᠴᠠ ᠶᠢ ᠪᠠᠳᠤᠯᠠᠨ᠎ᠠ᠃ ᠬᠦᠮᠦᠨ ᠲᠤᠮᠳᠠᠴᠢ ᠶᠢᠨ ᠰᠠᠭᠤᠬᠤ | ᠬᠡᠷ ᠤᠨ ᠲᠠᠯᠠᠪᠠᠢ ᠨᠢ 25 ᠲᠡᠭᠰᠢ ᠲᠦᠷᠪᠡᠯᠵᠢᠨ ᠮᠧᠲᠷ ᠠᠴᠠ ᠲᠠᠪᠠᠵᠦ ᠪᠤᠯᠬᠤ ᠦᠭᠡᠢ᠂ ᠡᠷᠦᠬᠡ ᠪᠤᠯᠭᠠᠨ ᠤ | ᠲᠤᠰᠢᠶᠠᠬᠤ ᠵᠤᠭᠤᠰ ᠨᠢ 1 ᠲᠦᠮᠡᠨ ᠲᠦᠬᠦᠷᠢᠭ ᠠᠴᠠ ᠬᠡᠳᠦᠷᠡᠵᠦ ᠪᠤᠯᠬᠤ ᠦᠭᠡᠢ᠂ ᠰᠢᠨ᠎ᠠ ᠬᠡᠷ ᠲᠡᠭᠡᠨ ᠨᠡᠬᠦᠨ | ᠤᠷᠤᠭᠰᠠᠨ ᠤ ᠲᠠᠷᠠᠭ᠎ᠠ᠂ ᠤᠤᠯ ᠤᠨ ᠨᠤᠷᠠᠬᠤ ᠠᠶᠤᠯᠳᠠᠢ ᠬᠠᠭᠤᠴᠢᠨ ᠬᠡᠷ ᠢ ᠡᠷᠬᠡᠪᠰᠢ ᠨᠤᠷᠠᠭᠠᠬᠤ ᠬᠡᠷᠡᠭᠳᠠᠢ᠃ | ᠬᠤᠶᠠᠷ ᠲᠤ᠂ ᠵᠤᠭᠤᠰ ᠮᠦᠩᠭᠦ ᠪᠠᠷ ᠲᠤᠬᠢᠷᠠᠭᠤᠯᠬᠤ᠃ ᠦᠷ᠎ᠡ ᠬᠡᠤᠬᠡᠳ ᠪᠤᠶᠤ ᠦᠢᠷ᠎ᠠ ᠲᠦᠷᠦᠯ ᠨᠢ | ᠡᠷᠬᠡᠪᠰᠢ ᠠᠮᠤᠷ ᠲᠦᠪᠰᠢᠨ ᠤᠷᠤᠨ ᠰᠠᠭᠤᠴᠠ ᠲᠠᠢ ᠮᠦᠷᠳᠡᠬᠡᠨ ᠬᠤᠶᠠᠷ ᠲᠠᠯ᠎ᠠ ᠪᠠᠷ ᠢᠶᠠᠨ ᠠᠰᠠᠷᠠᠨ ᠲᠠᠵᠢᠬᠡᠬᠦ | ᠬᠡᠯᠡᠯᠴᠡᠬᠡᠷ ᠲᠤᠭᠳᠠᠭᠰᠠᠨ ᠤ ᠲᠠᠷᠠᠭ᠎ᠠ᠂ ᠨᠢᠬᠡ ᠬᠦᠮᠦᠨ ᠠᠮᠠ ᠲᠠᠢ ᠡᠷᠦᠬᠡ ᠳᠤ 3 ᠲᠦᠮᠡᠨ ᠲᠦᠬᠦᠷᠢᠭ ᠤᠨ | ᠨᠦᠬᠦᠪᠦᠷᠢ ᠦᠭᠴᠦ᠂ ᠬᠤᠶᠠᠷ ᠬᠦᠮᠦᠨ ᠠᠮᠠ ᠲᠠᠢ ᠡᠷᠦᠬᠡ ᠳᠤ 4 ᠲᠦᠮᠡᠨ ᠲᠦᠬᠦᠷᠢᠭ ᠤᠨ ᠨᠦᠬᠦᠪᠦᠷᠢ ᠦᠭᠴᠦ᠂ | 3 ᠬᠦᠮᠦᠨ ᠠᠴᠠ ᠲᠡᠭᠡᠭᠰᠢ ᠬᠦᠮᠦᠨ ᠠᠮᠠ ᠲᠠᠢ ᠡᠷᠦᠬᠡ ᠳᠤ ᠵᠤᠭᠤᠰ ᠮᠦᠩᠭᠦᠨ ᠤ ᠲᠤᠬᠢᠷᠠᠭᠤᠯᠭ᠎ᠠ ᠬᠢᠬᠦ ᠦᠭᠡᠢ᠃ | ᠭᠤᠷᠪᠠ ᠳᠤ᠂ ᠵᠤᠯ ᠵᠢᠷᠭᠠᠯᠳᠦ ᠬᠦᠷᠢᠶᠠᠯᠠᠩ ᠳᠤ ᠲᠤᠬᠢᠷᠠᠭᠤᠯᠬᠤ᠃ ᠭᠠᠭᠴᠠ ᠬᠦᠮᠦᠨ ᠲᠠᠢ ᠡᠷᠦᠬᠡ ᠶᠢ | ᠵᠠᠷᠴᠢᠮ ᠲᠠᠬᠡᠷ᠎ᠡ ᠪᠠᠨ ᠵᠤᠯ ᠵᠢᠷᠭᠠᠯᠳᠦ ᠬᠦᠷᠢᠶᠠᠯᠠᠩ ᠳᠤ ᠲᠤᠬᠢᠷᠠᠭᠤᠯᠬᠤ ᠪᠠᠷ ᠭᠤᠤᠯᠯᠠᠵᠦ᠂ ᠲᠦᠯᠦᠪᠦᠷᠢ ᠠᠪᠬᠤ | ᠦᠭᠡᠢ ᠪᠠᠷ ᠰᠠᠭᠤᠯᠭᠠᠨ᠎ᠠ᠂ ᠬᠡᠷ ᠪᠠᠶᠢᠰᠢᠩ ᠤᠨ ᠦᠮᠴᠢᠯᠡᠯ ᠤᠨ ᠡᠷᠬᠡ ᠨᠢ ᠭᠠᠴᠠᠭ᠎ᠠ ᠲᠤᠰᠬᠤᠨ ᠤ ᠬᠠᠮᠳᠦ ᠶᠢᠨ | ᠦᠮᠴᠢᠯᠡᠯ ᠳᠤ ᠬᠠᠷᠢᠶᠠᠯᠠᠭᠳᠠᠨ᠎ᠠ᠃ | ᠲᠦᠷᠪᠡ ᠳᠤ᠂ ᠤᠤᠯ ᠤᠨ ᠨᠤᠷᠠᠬᠤ ᠠᠶᠤᠯᠳᠠᠢ ᠬᠡᠷ ᠪᠠᠶᠢᠰᠢᠩ ᠢ ᠨᠢ ᠵᠠᠰᠠᠨ ᠰᠡᠯᠪᠢᠬᠦ᠃ ᠤᠷᠤᠨ ᠰᠠᠭᠤᠴᠠ | ᠶᠢᠨ ᠲᠠᠯᠠᠪᠠᠢ ᠶᠢᠨ ᠬᠢᠵᠠᠭᠠᠷᠯᠠᠯ᠄ ᠵᠠᠷᠴᠢᠮ ᠲᠡᠬᠡᠷ᠎ᠡ ᠪᠠᠨ 1 —3 ᠬᠦᠮᠦᠨ ᠠᠮᠠ ᠲᠠᠢ ᠡᠷᠦᠬᠡ ᠶᠢ 40 — 60 | ᠲᠡᠭᠰᠢ ᠲᠦᠷᠪᠡᠯᠵᠢᠨ ᠮᠧᠲᠷ ᠢᠶᠠᠷ ᠬᠢᠵᠠᠭᠠᠷᠯᠠᠵᠦ᠂ 1 ᠬᠦᠮᠦᠨ ᠠᠮᠠ ᠲᠠᠢ ᠡᠷᠦᠬᠡ 20 ᠲᠡᠭᠰᠢ ᠲᠦᠷᠪᠡᠯᠵᠢᠨ | ᠮᠧᠲᠷ ᠠᠴᠠ ᠪᠠᠭ᠎ᠠ ᠪᠠᠶᠢᠵᠦ ᠪᠤᠯᠬᠤ ᠦᠭᠡᠢ᠂ 2 ᠬᠦᠮᠦᠨ ᠠᠮᠠ ᠲᠠᠢ ᠡᠷᠦᠬᠡ 30 ᠲᠡᠭᠰᠢ ᠲᠦᠷᠪᠡᠯᠵᠢᠨ ᠮᠧᠲᠷ | ᠠᠴᠠ ᠪᠠᠭ᠎ᠠ ᠪᠠᠶᠢᠵᠦ ᠪᠤᠯᠬᠤ ᠦᠭᠡᠢ᠂ 3 ᠬᠦᠮᠦᠨ ᠠᠮᠠ ᠲᠠᠢ ᠡᠷᠦᠬᠡ 40 ᠲᠡᠭᠰᠢ ᠲᠦᠷᠪᠡᠯᠵᠢᠨ ᠮᠧᠲᠷ ᠠᠴᠠ | ᠪᠠᠭ᠎ᠠ ᠪᠠᠶᠢᠵᠦ ᠪᠤᠯᠬᠤ ᠦᠭᠡᠢ︔ 3 ᠬᠦᠮᠦᠨ ᠠᠮᠠ ᠠᠴᠠ ᠲᠡᠬᠡᠭᠰᠢ ᠡᠷᠦᠬᠡ ᠶᠢᠨ ᠬᠦᠮᠦᠨ ᠲᠤᠮᠳᠠᠴᠢ ᠶᠢᠨ ᠪᠠᠷᠢᠯᠭ᠎ᠠ | ᠶᠢᠨ ᠲᠠᠯᠠᠪᠠᠢ 18 ᠲᠡᠭᠰᠢ ᠲᠦᠷᠪᠡᠯᠵᠢᠨ ᠮᠧᠲᠷ ᠠᠴᠠ ᠬᠡᠳᠦᠷᠡᠵᠦ ᠪᠤᠯᠬᠤ ᠦᠭᠡᠢ᠂ 13 ᠲᠡᠭᠰᠢ ᠲᠦᠷᠪᠡᠯᠵᠢᠨ | ᠮᠧᠲᠷ ᠠᠴᠠ ᠪᠠᠭ᠎ᠠ ᠪᠠᠶᠢᠵᠦ ᠪᠤᠯᠬᠤ ᠦᠭᠡᠢ᠂ ᠦᠪᠡᠰᠦᠪᠡᠨ ᠲᠤᠰᠢᠶᠠᠬᠤ ᠵᠤᠭᠤᠰ ᠪᠠ ᠬᠦᠳᠡᠯᠮᠦᠷᠢ ᠶᠢᠨ ᠬᠦᠴᠦᠨ | ᠪᠠᠭᠤᠷᠠᠢ ᠬᠦᠮᠦᠰ ᠤᠨ ᠰᠠᠭᠤᠬᠤ ᠬᠡᠷ ᠤᠨ ᠲᠠᠯᠠᠪᠠᠢ ᠶᠢ ᠬᠠᠮᠤᠭ ᠲᠤᠤᠷ᠎ᠠ ᠪᠠᠷᠢᠮᠵᠢᠶ᠎ᠠ ᠪᠠᠷ ᠬᠢᠵᠠᠭᠠᠷᠯᠠᠨ᠎ᠠ᠃ | ᠶᠠᠳᠠᠭᠤ ᠬᠦᠴᠢᠷᠳᠠᠯᠳᠠᠢ ᠡᠷᠦᠬᠡ᠂ ᠲᠤᠤᠷ᠎ᠠ ᠪᠠᠳᠤᠯᠭᠠᠳᠦ ᠡᠷᠦᠬᠡ᠂ ᠲᠠᠪᠤᠨ ᠪᠠᠳᠤᠯᠭᠠᠳᠦ ᠡᠷᠦᠬᠡ᠂ ᠵᠡᠮᠳᠡᠭ | ᠡᠷᠦᠬᠡ ᠶᠢᠨ ᠨᠤᠷᠠᠬᠤ ᠠᠶᠤᠯᠳᠠᠢ ᠬᠡᠷ ᠪᠠᠶᠢᠰᠢᠩ ᠢ ᠵᠠᠰᠠᠨ ᠰᠡᠯᠪᠢᠬᠦ ᠨᠦᠬᠦᠪᠦᠷᠢ ᠶᠢᠨ ᠪᠠᠷᠢᠮᠵᠢᠶ᠎ᠠ ᠪᠤᠯ ᠲᠠᠷᠢᠶᠠᠯᠠᠬᠤ | ᠤᠷᠤᠨ ᠳᠤ 2.55 ᠲᠦᠮᠡᠨ ᠲᠦᠬᠦᠷᠢᠭ᠂ ᠮᠠᠯᠵᠢᠬᠤ ᠤᠷᠤᠨ ᠳᠤ 2.75 ᠲᠦᠮᠡᠨ ᠲᠦᠬᠦᠷᠢᠭ᠃ ᠶᠠᠳᠠᠭᠤ | ᠬᠦᠴᠢᠷᠳᠠᠯᠳᠠᠢ ᠡᠷᠦᠬᠡ ᠶᠢᠨ ᠤᠷᠤᠨ ᠰᠠᠭᠤᠴᠠ ᠶᠢᠨ ᠲᠠᠯᠠᠪᠠᠢ ᠶᠢ ᠬᠢᠵᠠᠭᠠᠷᠯᠠᠯ ᠲᠤᠳᠤᠷ᠎ᠠ ᠪᠠᠶᠢᠯᠭᠠᠵᠦ᠂ ᠡᠬᠦᠨ ᠤ | ᠲᠠᠭᠠᠤ ᠠᠵᠦ ᠦᠢᠯᠡᠰ ᠤᠨ ᠬᠦᠭᠵᠢᠯᠳᠠ ᠶᠢ ᠢᠯᠡᠬᠦᠬᠡᠨ ᠪᠤᠳᠤᠯᠬᠢᠯᠠᠨ᠂ ᠤᠯᠤᠰ ᠤᠨ ᠨᠦᠬᠦᠪᠦᠷᠢ ᠶᠢ ᠤᠯᠭᠤᠭᠰᠠᠨ | ᠰᠠᠭᠤᠷᠢᠨ ᠲᠡᠬᠡᠷ᠎ᠡ ᠵᠤᠬᠢᠬᠤ ᠬᠡᠮᠵᠢᠶᠠᠨ ᠤ ᠲᠤᠰᠠᠯᠠᠮᠵᠢ ᠦᠭᠴᠦ᠂ ᠲᠠᠷᠢᠶᠠᠯᠠᠬᠤ ᠤᠷᠤᠨ ᠤ ᠡᠷᠦᠬᠡ | ᠳᠤ ᠬᠠᠮᠤᠭ ᠶᠡᠭᠡ ᠳᠡᠭᠡᠨ 6 ᠲᠦᠮᠡᠨ ᠲᠦᠬᠦᠷᠢᠭ ᠤᠨ ᠨᠦᠬᠦᠪᠦᠷᠢ ᠪᠠᠷ ᠬᠢᠵᠠᠭᠠᠷᠯᠠᠵᠦ᠂ ᠮᠠᠯᠵᠢᠬᠤ ᠤᠷᠤᠨ ᠳᠤ 6. | 5 ᠲᠦᠮᠡᠨ ᠲᠦᠬᠦᠷᠢᠭ ᠢᠶᠠᠷ ᠬᠢᠵᠠᠭᠠᠷᠯᠠᠨ᠎ᠠ᠃ ᠮᠠᠯᠴᠢᠨ ᠲᠠᠷᠢᠶᠠᠴᠢᠨ ᠡᠷᠦᠬᠡ ᠪᠠᠷᠢᠯᠭ᠎ᠠ ᠪᠠᠨ ᠦᠪᠠᠰᠤᠪᠠᠨ | ᠰᠤᠩᠭᠤᠭᠰᠠᠨ ᠪᠤᠯ᠂ ᠪᠠᠷᠢᠯᠭ᠎ᠠ ᠲᠠᠭᠤᠰᠤᠭᠰᠠᠨ ᠤ ᠲᠠᠷᠠᠭ᠎ᠠ ᠪᠤᠳᠠᠳᠦ ᠪᠠᠷᠢᠮᠳᠠ ᠶᠢ ᠨᠢ ᠦᠵᠡᠵᠦ ᠨᠦᠬᠦᠪᠦᠷᠢ | ᠤᠯᠭᠤᠨ᠎ᠠ᠃ | ᠶᠢᠰᠦ᠂ ᠠᠮᠢ ᠠᠬᠤᠢ ᠶᠢᠨ ᠨᠦᠬᠦᠪᠦᠷᠢ ᠦᠭᠴᠦ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠠᠮᠠᠷ | ᠬᠡᠳᠦᠨ ᠵᠤᠶᠢᠯ ᠪᠠᠶᠢᠬᠤ ᠪᠤᠢ︖ | ᠲᠠᠷᠢᠶᠠᠯᠠᠬᠤ ᠤᠷᠤᠨ ᠤ ᠲᠠᠷᠢᠶᠠᠯᠠᠬᠤ ᠶᠢ ᠵᠤᠭᠰᠤᠭᠠᠵᠦ ᠤᠶᠢᠵᠢᠭᠤᠯᠤᠯᠳᠠ ᠬᠢᠬᠦ ᠲᠦᠷᠦ ᠶᠢᠨ ᠪᠤᠳᠤᠯᠭ᠎ᠠ ᠪᠠᠷ | ᠮᠤ᠋ ᠪᠦᠷᠢ ᠳᠤ 90 ᠲᠦᠬᠦᠷᠢᠭ ᠤᠨ ᠨᠦᠬᠦᠪᠦᠷᠢ ᠦᠭᠴᠦ᠂ ᠲᠠᠷᠢᠶ᠋ᠯᠠᠬᠤ ᠪᠠᠨ ᠪᠤᠯᠢᠵᠦ ᠮᠤᠳᠦ ᠲᠠᠷᠢᠭᠰᠠᠨ ᠪᠤᠳᠠᠳᠠᠢ | ᠮᠤ᠋ ᠪᠠᠷ ᠨᠢ ᠪᠤᠳᠤᠨ᠎ᠠ︔ ᠪᠡᠯᠴᠢᠬᠡᠷᠯᠡᠬᠦᠯᠬᠦ ᠶᠢ ᠴᠠᠭᠠᠵᠠᠯᠠᠬᠤ ᠤᠷᠤᠨ ᠳᠤ ᠮᠤ᠋ ᠪᠦᠷᠢ ᠳᠤ 7.2 ᠲᠦᠬᠦᠷᠢᠭ ᠤᠨ | ᠨᠦᠬᠦᠪᠦᠷᠢ ᠦᠭᠴᠦ᠂ ᠮᠠᠯ ᠪᠡᠯᠴᠢᠬᠡᠷ ᠢ ᠲᠡᠩᠴᠡᠬᠦᠷᠢᠰᠢᠬᠦᠯᠬᠦ ᠤᠷᠤᠨ ᠳᠤ ᠮᠤ᠋ ᠪᠦᠷᠢ ᠳᠤ 2.4 ᠲᠦᠬᠦᠷᠢᠭ | ᠱᠠᠩᠨᠠᠨ ᠨᠦᠬᠦᠪᠦᠷᠢᠯᠡᠨ᠎ᠡ᠃ ᠤᠯᠤᠰ ᠤᠨ ᠠᠮᠢ ᠠᠬᠤᠶᠢᠳᠦ ᠨᠠᠶᠢᠳᠠ ᠶᠢᠨ ᠠᠰᠠᠷᠠᠮᠵᠢ ᠶᠢᠨ ᠤᠢ ᠰᠢᠭᠤᠢ ᠶᠢᠨ ᠭᠠᠵᠠᠷ | ᠲᠤ ᠮᠤ᠋ ᠪᠦᠷᠢ ᠳᠡᠭᠡᠨ 14.75 ᠲᠦᠬᠦᠷᠢᠭ ᠨᠦᠬᠦᠪᠦᠷᠢᠯᠡᠨ᠎ᠡ︔ ᠬᠦᠳᠡᠯᠮᠦᠷᠢ ᠶᠢᠨ ᠬᠦᠴᠦᠨ ᠲᠠᠢ ᠶᠠᠳᠠᠭᠤ | ᠬᠦᠴᠢᠷᠳᠠᠯᠳᠠᠢ ᠬᠦᠮᠦᠰ ᠢ ᠤᠢ ᠰᠢᠭᠤᠢ ᠶᠢᠨ ᠬᠠᠮᠠᠭᠠᠯᠠᠭᠴᠢ᠂ ᠲᠤᠰᠬᠤᠨ ᠤ ᠠᠷᠢᠭᠤᠨ ᠴᠡᠪᠠᠷᠯᠡᠭᠴᠢ ᠪᠠᠷ ᠡᠯᠰᠡᠵᠦ᠂ | ᠰᠢᠷᠭᠠᠭᠤ ᠬᠢᠴᠢᠶᠠᠩᠭᠦᠢ ᠪᠠᠷ ᠡᠬᠦᠷᠬᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠠᠵᠢᠯᠳᠠᠨ ᠳᠤ ᠵᠢᠯ ᠪᠦᠷᠢ 5000 | ᠲᠦᠬᠦᠷᠢᠭ ᠤᠨ ᠬᠦᠯᠦᠰᠦ ᠬᠠᠷᠠᠮᠵᠢ ᠤᠯᠭᠤᠨ᠂ ᠨᠠᠷᠢᠨ ᠨᠢᠮᠪᠠᠢ ᠠᠵᠢᠯᠯᠠᠭᠰᠠᠨ ᠦᠭᠡᠢ ᠳᠤ ᠨᠢ ᠬᠦᠯᠦᠰᠦ ᠬᠠᠷᠠᠮᠵᠢ | ᠶᠢ ᠨᠢ ᠬᠠᠰᠤᠬᠤ ᠪᠤᠶᠤ ᠠᠵᠢᠯ ᠠᠴᠠ ᠨᠢ ᠤᠭᠴᠤᠷᠠᠭᠤᠯᠤᠨᠠ᠃ | ᠠᠷᠪᠠ᠂ ᠶᠠᠳᠠᠭᠤ ᠬᠦᠴᠢᠷᠳᠠᠯᠳᠠᠢ ᠬᠡᠷ ᠪᠦᠯᠢ ᠶᠢᠨ ᠰᠤᠷᠤᠭᠴᠢᠳ ᠲᠤ ᠤᠯᠭᠤᠬᠤ ᠨᠦᠬᠦᠪᠦᠷᠢ ᠶᠠᠮᠠᠷ | ᠬᠡᠳᠦᠨ ᠵᠦᠢᠯ ᠪᠤᠢ︖ | ᠶᠠᠳᠠᠭᠤ ᠬᠦᠴᠢᠷᠳᠠᠯᠳᠠᠢ ᠬᠡᠷ ᠪᠦᠯᠢ ᠶᠢᠨ ᠰᠤᠷᠭᠠᠭᠤᠯᠢ ᠳᠤ ᠰᠠᠭᠤᠭ᠎ᠠ ᠬᠡᠤᠬᠡᠳ ᠤᠳ ᠲᠤ ᠤᠯᠤᠰ ᠤᠨ ︽ | ᠡᠯᠳᠡᠪ ᠵᠤᠶᠢᠯ ᠤᠨ ᠰᠤᠯᠠ ᠵᠠᠷᠤᠳᠠᠯ ᠪᠠ ᠨᠤᠮ ᠤᠨ ᠵᠠᠷᠤᠳᠠᠯ ᠢ ᠨᠢ ᠬᠡᠯᠳᠦᠷᠢᠬᠦᠯᠦᠨ ᠠᠮᠢᠳᠤᠷᠠᠯ ᠤᠨ ᠵᠠᠷᠤᠳᠠᠯ ᠢ ᠨᠢ | ᠨᠦᠬᠦᠪᠦᠷᠢᠯᠡᠬᠦ︾ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠭᠰᠡᠨ ᠰᠠᠭᠤᠷᠢᠨ ᠲᠡᠬᠡᠷ᠎ᠡ ᠰᠤᠷᠤᠯᠭ᠎ᠠ ᠶᠢᠨ ᠨᠠᠮᠳᠠᠷ ᠤᠨ | ᠬᠠᠷᠢᠶ᠎ᠠ ᠪᠠᠶᠢᠭ᠎ᠠ ᠭᠠᠵᠠᠷ ᠢᠶᠠᠷ ᠨᠢ ᠦᠨᠳᠦᠰᠦᠯᠡᠵᠦ ᠵᠤᠬᠢᠬᠤ ᠬᠡᠮᠵᠢᠶᠠᠨ ᠤ ᠨᠦᠬᠦᠪᠦᠷᠢ ᠤᠯᠭᠤᠨ᠎ᠠ᠃ | ᠨᠢᠬᠡ ᠳᠤ᠂ ᠠᠮᠢᠳᠤᠷᠠᠯ ᠤᠨ ᠵᠠᠷᠤᠳᠠᠯ ᠢ ᠨᠢ ᠨᠦᠬᠦᠪᠦᠷᠢᠯᠡᠵᠦ ᠦᠭᠬᠦᠨ᠎ᠠ᠃ ᠪᠠᠭ᠎ᠠ ᠰᠤᠷᠭᠠᠭᠤᠯᠢ ᠶᠢᠨ | ᠰᠤᠷᠤᠭᠴᠢ ᠨᠢᠬᠡᠪᠦᠷᠢ ᠡᠳᠦᠷ ᠪᠦᠷᠢ 7 ᠲᠦᠬᠦᠷᠢᠭ᠂ ᠠᠩᠬ᠎ᠠ ᠲᠤᠮᠳᠠᠳᠦ ᠶᠢᠨ ᠰᠤᠷᠤᠭᠴᠢ ᠳᠤ 8 ᠲᠦᠬᠦᠷᠢᠭ᠂ | ᠦᠨᠳᠦᠷ ᠲᠤᠮᠳᠠᠳᠦ ᠶᠢᠨ ᠰᠤᠷᠤᠭᠴᠢ ᠳᠤ 15 ᠲᠦᠬᠦᠷᠢᠭ ᠨᠦᠬᠦᠪᠦᠷᠢᠯᠡᠵᠦ᠂ ᠨᠢᠬᠡ ᠵᠢᠯ ᠳᠤ 270 ᠡᠳᠦᠷ ᠢᠶᠠᠷ | ᠪᠤᠳᠤᠵᠦ ᠨᠦᠬᠦᠪᠦᠷᠢᠯᠡᠨ᠎ᠡ︔ ᠪᠦᠬᠦᠯᠢ ᠡᠳᠦᠷ ᠤᠨ ᠲᠦᠷᠢᠮᠳᠦ ᠲᠡᠬᠡᠳᠦ ᠵᠡᠷᠬᠡ ᠶᠢᠨ ᠰᠤᠷᠭᠠᠭᠤᠯᠢ ᠠᠴᠠ ᠲᠡᠭᠡᠭᠰᠢ | ᠰᠤᠷᠤᠭᠴᠢᠳ ᠲᠤ ᠬᠦᠮᠦᠨ ᠨᠢᠬᠡᠪᠦᠷᠢ ᠵᠢᠯ ᠪᠦᠷᠢ 1 ᠲᠦᠮᠡᠨ ᠲᠦᠬᠦᠷᠢᠭ ᠤᠨ ᠨᠦᠬᠦᠪᠦᠷᠢ ᠤᠯᠭᠤᠨ᠎ᠠ᠃ | ᠬᠤᠶᠠᠷ ᠲᠤ᠂ ᠵᠠᠮ ᠬᠠᠷᠢᠯᠴᠠᠭᠠᠨ ᠤ ᠨᠦᠬᠦᠪᠦᠷᠢ᠃ ᠶᠠᠳᠠᠭᠤ ᠬᠦᠴᠢᠷᠳᠠᠯᠳᠠᠢ ᠬᠡᠷ ᠪᠦᠯᠢ ᠶᠢᠨ ᠪᠠᠭ᠎ᠠ | ᠰᠤᠷᠭᠠᠭᠤᠯᠢ᠂ ᠠᠩᠬ᠎ᠠ ᠲᠤᠮᠳᠠᠳᠦ᠂ ᠦᠨᠳᠦᠷ ᠲᠤᠮᠳᠠᠳᠦ ᠰᠤᠷᠭᠠᠭᠤᠯᠢ ᠳᠤ ᠰᠤᠷᠤᠯᠴᠠᠵᠦ ᠪᠠᠶᠢᠭ᠎ᠠ ᠰᠤᠷᠤᠭᠴᠢ | ᠨᠢᠬᠡᠪᠦᠷᠢ ᠳᠤ ᠵᠢᠯ ᠪᠦᠷᠢ 300 ᠲᠦᠬᠦᠷᠢᠭ ᠤᠨ ᠨᠦᠬᠦᠪᠦᠷᠢ ᠤᠯᠭᠤᠨ᠎ᠠ᠃ | ᠭᠤᠷᠪᠠ ᠳᠤ᠂ ᠪᠠᠶᠢᠷᠢ ᠶᠢᠨ ᠰᠦᠢᠳᠬᠡᠯ ᠢ ᠨᠢ ᠨᠦᠬᠦᠪᠦᠷᠢᠯᠡᠨ᠎ᠡ᠃ ᠶᠠᠳᠠᠭᠤ ᠬᠦᠴᠢᠷᠳᠠᠯᠳᠠᠢ ᠬᠡᠷ ᠪᠦᠯᠢ | ᠳᠠᠬᠢ ᠦᠨᠳᠦᠷ ᠲᠤᠮᠳᠠᠳᠦ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠤᠷᠤᠭᠴᠢ ᠨᠢᠬᠡᠪᠦᠷᠢ ᠳᠤ ᠵᠢᠯ ᠪᠦᠷᠢ 500 | ᠲᠦᠬᠦᠷᠢᠭ ᠨᠦᠬᠦᠪᠦᠷᠢᠯᠡᠨ᠎ᠡ᠃ | ᠠᠷᠪᠠᠨ ᠨᠢᠬᠡ᠂ ᠲᠠᠵᠢᠬᠡᠨ ᠦᠷᠡᠵᠢᠬᠦᠯᠬᠦ ᠦᠢᠯᠡᠰ ᠡᠷᠬᠢᠯᠡᠵᠦ ᠪᠠᠶᠢᠭ᠎ᠠ ᠬᠦᠳᠡᠯᠮᠦᠷᠢ ᠶᠢᠨ ᠬᠦᠴᠦᠨ ᠲᠠᠢ | ᠶᠠᠳᠠᠭᠤ ᠬᠦᠴᠢᠷᠳᠠᠯᠳᠠᠢ ᠡᠷᠦᠬᠡ ᠳᠤ ᠶᠠᠮᠠᠷ ᠵᠤᠶᠢᠯ ᠤᠨ ᠠᠵᠦ ᠦᠢᠯᠡᠰ ᠤᠨ ᠲᠡᠳᠬᠦᠮᠵᠢ ᠶᠢᠨ ᠲᠦᠷᠦ ᠶᠢᠨ | ᠪᠤᠳᠤᠯᠭ᠎ᠠ ᠬᠡᠷᠡᠭᠵᠢᠬᠦᠯᠬᠦ ᠪᠤᠢ︖ | ᠨᠢᠬᠡ ᠳᠤ᠂ ︽ᠵᠠᠬᠢᠶᠠᠯᠠᠭ᠎ᠠ ᠶᠢᠨ ᠮᠠᠶ᠋ᠢᠭ︾ ᠢᠶᠠᠷ ᠶᠠᠳᠠᠭᠤ ᠶᠢ ᠲᠡᠳᠬᠦᠬᠦ᠃ ᠬᠦᠳᠡᠯᠮᠦᠷᠢᠯᠡᠵᠦ ᠲᠠᠶᠢᠯᠬᠦ | ᠪᠦᠬᠡᠳ ᠦᠪᠡᠰᠦᠪᠡᠨ ᠲᠠᠵᠢᠬᠡᠨ ᠦᠷᠡᠵᠢᠬᠦᠯᠬᠦ ᠦᠢᠯᠡᠰ ᠡᠷᠬᠢᠯᠡᠵᠦ ᠪᠠᠶᠢᠭ᠎ᠠ ᠶᠠᠳᠠᠭᠤ ᠬᠦᠴᠢᠷᠳᠠᠯᠳᠠᠢ ᠡᠷᠦᠬᠡ ᠡᠬᠡ | ᠮᠠᠯ ᠬᠤᠳᠠᠯᠳᠤᠨ ᠠᠪᠬᠤ ᠳᠤ ᠨᠢ ︽ᠲᠦᠷᠪᠡᠳ ᠬᠤᠰᠢᠭᠤᠨ ᠤ ᠠᠵᠦ ᠦᠢᠯᠡᠰ ᠢᠶᠠᠷ ᠶᠠᠳᠠᠭᠤ ᠶᠢ ᠲᠡᠳᠬᠦᠬᠦ | ᠵᠢᠯᠤᠭᠤᠳᠤᠯᠭ᠎ᠠ ᠶᠢᠨ ᠰᠠᠨᠠᠯ︾ ᠢ ᠦᠨᠳᠦᠰᠦᠯᠡᠨ᠂ ᠭᠠᠴᠠᠭ᠎ᠠ ᠲᠤᠰᠬᠤᠨ ᠪᠤᠯᠤᠨ ᠲᠤᠰᠬᠤᠨ ᠳᠤ ᠰᠠᠭᠤᠭ᠎ᠠ ᠠᠵᠢᠯ | ᠤᠨ ᠠᠩᠭᠢ ᠶᠢᠨ ᠰᠢᠯᠭᠠᠨ ᠪᠠᠶᠢᠴᠠᠭᠠᠯᠳᠠ ᠪᠠᠷ ᠲᠠᠮᠵᠢᠨ᠂ ᠪᠠᠷᠢᠮᠵᠢᠶᠠᠨ ᠳᠤ ᠬᠦᠷᠦᠭᠰᠡᠳ ᠲᠤ ᠵᠤᠬᠢᠬᠤ ᠬᠡᠮᠵᠢᠶᠠᠨ ᠤ | ᠨᠦᠬᠦᠪᠦᠷᠢ ᠦᠭᠬᠦᠨ᠎ᠡ︔ ᠴᠡᠪᠡᠷ ᠡᠭᠦᠯᠳᠡᠷ ᠤᠨ ᠭᠠᠳᠠᠭᠠᠳᠤ ᠠᠴᠠ ᠤᠷᠤᠭᠤᠯᠤᠭᠰᠠᠨ ᠡᠭᠦᠯᠳᠡᠷ ᠤᠨ ᠬᠤᠨᠢ | ᠬᠤᠳᠠᠯᠳᠤᠨ ᠠᠪᠬᠤ ᠳᠤ ᠡᠷᠦᠭᠡ ᠪᠤᠯᠭᠠᠨ ᠳᠤ ᠨᠢᠭᠡ ᠂ ᠦᠪᠡᠷ ᠢᠶᠠᠨ 1000 ᠲᠦᠭᠦᠷᠢᠭ ᠭᠠᠷᠭᠠᠨ᠂ | ᠵᠠᠰᠠᠭ ᠤᠨ ᠤᠷᠳᠤᠨ ᠠᠴᠠ 5000 ᠲᠦᠭᠦᠷᠢᠭ ᠨᠦᠬᠦᠨ ᠦᠭᠴᠦ᠂ 30 ᠲᠡᠭᠰᠢ ᠲᠦᠷᠪᠡᠯᠵᠢᠨ ᠮᠧᠲᠷ ᠤᠨ | ᠬᠤᠷᠢᠶ᠎ᠠ ᠬᠠᠰᠢᠶ᠎ᠠ ᠪᠠᠷᠢᠬᠤ ᠳᠤ᠂ ᠲᠡᠭᠰᠢ ᠲᠦᠷᠪᠡᠯᠵᠢᠨ ᠮᠧᠲᠷ ᠪᠤᠯᠭᠠᠨ ᠳᠤ ᠨᠢ 200 ᠲᠦᠬᠦᠷᠢᠭ ᠤᠨ ᠨᠦᠬᠦᠪᠦᠷᠢ | ᠤᠯᠭᠤᠵᠤ᠂ ᠮᠠᠯᠵᠢᠬᠤ ᠤᠷᠤᠨ ᠤ ᠮᠠᠯ ᠮᠠᠯᠵᠢᠵᠦ ᠪᠠᠶᠢᠭ᠎ᠠ ᠶᠠᠳᠠᠭᠤ ᠬᠦᠴᠢᠷᠳᠡᠯᠳᠠᠢ ᠡᠷᠦᠭᠡ 50 ᠲᠡᠭᠰᠢ | ᠲᠦᠷᠪᠡᠯᠵᠢᠨ ᠮᠧᠲᠷ ᠤᠨ ᠡᠪᠡᠰᠦᠨ ᠬᠤᠷᠢᠶ᠎ᠠ ᠪᠠᠷᠢᠬᠤ ᠳᠤ᠂ ᠲᠡᠭᠰᠢ ᠲᠦᠷᠪᠡᠯᠵᠢᠨ ᠮᠧᠲᠷ ᠪᠤᠯᠭᠠᠨ ᠳᠤ ᠨᠢ 150 | ᠲᠦᠬᠦᠷᠢᠭ ᠤᠨ ᠨᠦᠬᠦᠪᠦᠷᠢ ᠤᠯᠵᠦ ᠪᠤᠯᠤᠨ᠎ᠠ᠃ ᠶᠠᠳᠠᠭᠤ ᠬᠦᠴᠢᠷᠳᠡᠯᠳᠠᠢ ᠡᠷᠦᠭᠡ ᠦᠷᠡᠵᠢᠯ ᠤᠨ ᠡᠬᠡ ᠮᠠᠯ | ᠲᠡᠵᠢᠭᠡᠬᠦ ᠳᠤ ᠲᠡᠵᠢᠭᠡᠯ ᠡᠪᠡᠰᠦᠨ ᠤ ᠨᠦᠬᠦᠪᠦᠷᠢ ᠦᠭᠴᠦ᠂ ᠬᠤᠨᠢ ᠪᠠᠷ ᠨᠢᠭᠡᠴᠢ ᠪᠤᠯᠭᠠᠨ᠂ ᠬᠤᠨᠢ ᠪᠤᠯᠭᠠᠨ ᠳᠤ ᠨᠢ | ᠵᠢᠯ ᠤᠨ 200 ᠲᠦᠭᠦᠷᠢᠭ ᠤᠨ ᠨᠦᠬᠦᠪᠦᠷᠢ ᠤᠯᠭᠤᠵᠤ᠂ ᠲᠠᠷᠢᠶᠠᠯᠠᠬᠤ ᠤᠷᠤᠨ ᠤ ᠡᠷᠦᠭᠡ ᠪᠤᠯᠭᠠᠨ ᠳᠤ ᠬᠠᠮᠤᠭ | ᠶᠡᠭᠡ ᠳᠡᠭᠡᠨ 3000 ᠲᠦᠭᠦᠷᠢᠭ ᠢᠶᠠᠷ ᠬᠢᠵᠠᠭᠠᠷᠯᠠᠨ᠂ ᠮᠠᠯᠵᠢᠬᠤ ᠤᠷᠤᠨ ᠤ ᠲᠤᠰᠬᠠᠢ ᠮᠠᠯᠵᠢᠯ ᠤᠨ ᠡᠷᠦᠭᠡ ᠳᠤ᠂ | ᠡᠷᠦᠭᠡ ᠪᠤᠯᠭᠠᠨ ᠳᠤ ᠬᠠᠮᠤᠭ ᠶᠡᠭᠡ ᠳᠡᠭᠡᠨ 6000 ᠲᠦᠭᠦᠷᠢᠭ ᠢᠶᠠᠷ ᠬᠢᠵᠠᠭᠠᠷᠯᠠᠨ᠎ᠠ᠃ ᠡᠭᠦᠯᠳᠡᠷ ᠤᠨ ᠮᠠᠯ᠂ | ᠬᠤᠷᠢᠶ᠎ᠠ ᠬᠠᠰᠢᠶ᠎ᠠ᠂ ᠡᠪᠡᠰᠦᠨ ᠬᠤᠷᠢᠶ᠎ᠠ ᠪᠠᠷ ᠨᠢᠬᠡ ᠯᠡ ᠤᠳᠠᠭ᠎ᠠ ᠨᠦᠬᠦᠪᠦᠷᠢ ᠤᠯᠭᠤᠵᠤ᠂ ᠡᠪᠡᠰᠦ ᠲᠡᠵᠢᠭᠡᠯ ᠤᠨ | ᠨᠦᠬᠦᠪᠦᠷᠢ ᠶᠢ ᠲᠡᠪᠳᠡᠨ ᠡᠳ᠋ᠯᠠᠵᠦ ᠪᠤᠯᠬᠤ ᠪᠠ ᠡᠷᠦᠭᠡ ᠪᠤᠯᠭᠠᠨ ᠤ ᠲᠤᠬᠠᠢ ᠶᠢᠨ ᠵᠢᠯ ᠤᠨ ᠨᠦᠬᠦᠪᠦᠷᠢ ᠶᠢ 5000 | ᠲᠦᠭᠦᠷᠢᠭ ᠢᠶᠠᠷ ᠬᠢᠵᠠᠭᠠᠷᠯᠠᠨ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠬᠤᠭᠤᠴᠠᠭᠠᠨ ᠳᠤ᠂ | ᠡᠷᠦᠭᠡ ᠪᠤᠯᠭᠠᠨ ᠳᠤ ᠤᠯᠭᠤᠭᠰᠠᠨ ᠨᠦᠬᠦᠪᠦᠷᠢ ᠶᠢ ᠨᠡᠶᠢᠳᠡ 2 ᠲᠦᠮᠡᠨ ᠲᠦᠭᠦᠷᠢᠭ ᠠᠴᠠ ᠲᠠᠪᠠᠭᠤᠯᠵᠤ ᠪᠤᠯᠬᠤ | ᠦᠭᠡᠢ᠃ | ᠬᠤᠶᠠᠷ ᠲᠤ᠂ ︽ᠡᠬᠡ ᠮᠠᠯ ᠤᠨ ᠪᠠᠩᠭᠢ︾ ᠪᠠᠷ ᠶᠠᠳᠠᠭᠤ ᠶᠢ ᠲᠡᠳᠬᠦᠬᠦ᠃ ᠬᠦᠳᠡᠯᠮᠦᠷᠢᠯᠡᠬᠦ ᠴᠢᠳᠠᠪᠤᠷᠢ ᠨᠢ | ᠪᠠᠭᠤᠷᠠᠢ ᠪᠠ ᠠᠵᠦ ᠦᠢᠯᠡᠰ ᠢᠶᠠᠨ ᠦᠪᠡᠰᠦᠪᠡᠨ ᠬᠦᠭᠵᠢᠬᠦᠯᠵᠦ ᠲᠠᠶᠢᠯᠬᠦ ᠨᠢᠬᠡ ᠪᠦᠯᠦᠭ ᠬᠦᠮᠦᠰ ᠲᠤ | ᠬᠠᠨᠳᠤᠭᠤᠯᠤᠨ᠂ ᠬᠦᠳᠦᠴᠢ ᠠᠵᠤ ᠠᠬᠤᠶᠢᠯᠠᠯ ᠤᠨ ᠲᠠᠶᠢᠴᠢᠯᠠᠨ ᠲᠠᠭᠠᠭᠤᠯᠬᠤ ᠠᠷᠭ᠎ᠠ ᠶᠢ ᠬᠡᠷᠡᠭᠯᠡᠵᠤ᠂ ᠰᠠᠶᠢᠨᠤ | ᠺᠤᠮᠫᠠᠨᠢ ᠠᠴᠠ ᠶᠠᠳᠠᠭᠤ ᠬᠦᠴᠢᠷᠳᠡᠯᠳᠠᠢ ᠡᠷᠦᠭᠡ ᠳᠤ ᠰᠢᠯᠢᠳᠡᠭ ᠡᠭᠦᠯᠳᠡᠷ ᠤᠨ ᠡᠬᠡ ᠬᠤᠨᠢ ᠶᠢ ᠬᠠᠩᠭᠠᠨ ᠂ ᠶᠠᠳᠠᠭᠤ | ᠬᠦᠴᠢᠷᠳᠡᠯᠳᠠᠢ ᠡᠷᠦᠭᠡ ᠠᠴᠠ ᠲᠡᠵᠢᠭᠡᠵᠤ᠂ ᠡᠵᠡᠩᠨᠡᠵᠤ᠂ ᠬᠠᠮᠢᠶᠠᠷᠬᠤ ᠶᠢ ᠬᠠᠷᠢᠭᠤᠴᠠᠨ᠂ ᠵᠠᠰᠠᠭ ᠤᠨ ᠤᠷᠳᠤᠨ | ᠠᠴᠠ ᠡᠬᠡ ᠬᠤᠨᠢ ᠪᠤᠯᠭᠠᠨ ᠳᠤ 400 ᠲᠦᠭᠦᠷᠢᠭ ᠤᠨ ᠡᠪᠡᠰᠦ ᠲᠡᠵᠢᠭᠡᠯ ᠤᠨ ᠨᠦᠬᠦᠪᠦᠷᠢ ᠦᠭᠴᠦ᠂ ᠡᠬᠡ ᠬᠤᠨᠢ | ᠲᠦᠯᠯᠡᠵᠤ᠂ ᠰᠦᠨ ᠠᠴᠠ ᠰᠠᠯᠭᠠᠭᠰᠠᠨ ᠤ 2 ᠰᠠᠷ᠎ᠠ ᠶᠢᠨ ᠲᠠᠷᠠᠭ᠎ᠠ᠂ ᠡᠬᠡ ᠬᠤᠨᠢ ᠶᠢ ᠠᠵᠤ ᠠᠬᠤᠶᠢᠯᠠᠯ ᠳᠤ | ᠪᠤᠴᠠᠭᠠᠨ᠂ 4 ᠰᠠᠷ᠎ᠠ ᠪᠤᠯᠤᠭᠰᠠᠨ ᠲᠦᠯ ᠢ ᠨᠢ ᠠᠵᠤ ᠠᠬᠤᠶᠢᠯᠠᠯ ᠠᠴᠠ ᠡᠭᠡᠭᠦᠯᠦᠨ ᠬᠤᠳᠠᠯᠳᠤᠨ ᠠᠪᠴᠦ᠂ ᠶᠠᠳᠠᠭᠤ | ᠬᠦᠴᠢᠷᠳᠡᠯᠳᠠᠢ ᠡᠷᠦᠭᠡ ᠶᠢᠨ ᠤᠷᠤᠯᠭ᠎ᠠ ᠶᠢ ᠨᠡᠮᠡᠭᠳᠡᠭᠦᠯᠦᠨ᠎ᠡ᠃ | ᠠᠷᠪᠠᠨ ᠬᠤᠶᠠᠷ᠂ ᠲᠠᠷᠢᠮᠠᠯ ᠤᠨ ᠦᠢᠯᠡᠰ ᠢ ᠡᠷᠬᠢᠯᠡᠵᠤ ᠪᠠᠶᠢᠭ᠎ᠠ ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ | ᠬᠦᠴᠢᠷᠳᠡᠯᠳᠠᠢ ᠡᠷᠦᠭᠡ ᠳᠤ ᠶᠠᠮᠠᠷ ᠵᠦᠢᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ | ᠶᠢ ᠬᠡᠷᠡᠭᠵᠢᠬᠦᠯᠵᠦ ᠪᠠᠶᠢᠬᠤ ᠪᠤᠢ︖ | ︽ᠵᠠᠬᠢᠶᠠᠯᠠᠭ᠎ᠠ ᠶᠢᠨ ᠮᠠᠶ᠋ᠢᠭ︾ ᠤᠨ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ ᠶᠢᠨ ᠶᠤᠰᠤᠭᠠᠷ᠂ | ᠲᠦᠮᠦᠰᠦ ᠲᠠᠷᠢᠬᠤ ᠳᠤ ᠮᠦ ᠪᠤᠯᠭᠠᠨ ᠳᠤ 400 ᠲᠦᠭᠦᠷᠢᠭ ᠤᠨ ᠨᠦᠬᠦᠪᠦᠷᠢ ᠤᠯᠭᠤᠵᠦ᠂ ᠡᠷᠳᠡᠨᠢ ᠰᠢᠰᠢ ᠲᠠᠷᠢᠬᠤ | ᠳᠤ ᠮᠦ ᠪᠤᠯᠭᠠᠨ ᠳᠤ 200 ᠲᠦᠭᠦᠷᠢᠭ ᠤᠨ ᠨᠦᠬᠦᠪᠦᠷᠢ ᠤᠯᠭᠤᠨ᠎ᠠ︔ ᠤᠯᠠᠨ ᠨᠠᠰᠤᠳᠤ ᠪᠡᠯᠴᠢᠭᠡᠷ ᠡᠪᠡᠰᠦᠨ ᠤ | ᠲᠦᠷᠦᠯ ᠳᠤ ᠮᠦ ᠪᠤᠯᠭᠠᠨ ᠳᠤ 160 ᠲᠦᠭᠦᠷᠢᠭ ᠤᠨ ᠨᠦᠬᠦᠪᠦᠷᠢ ᠤᠯᠭᠤᠵᠦ᠂ ᠦᠭᠡᠷ᠎ᠡ ᠪᠤᠰᠤᠳ ᠲᠦᠷᠦᠯ ᠤᠨ | ᠲᠠᠷᠢᠮᠠᠯ ᠳᠤ 100 ᠲᠦᠭᠦᠷᠢᠭ ᠤᠨ ᠨᠦᠬᠦᠪᠦᠷᠢ ᠤᠯᠭᠤᠨ᠎ᠠ᠃ ᠡᠷᠦᠭᠡ ᠪᠤᠯᠭᠠᠨ ᠳᠤ ᠲᠤᠬᠠᠢ ᠶᠢᠨ ᠵᠢᠯ ᠤᠨ | ᠨᠦᠬᠦᠪᠦᠷᠢ ᠶᠢ ᠬᠦᠮᠦᠨ ᠲᠤᠮᠳᠠᠴᠢ ᠪᠠᠷ 3000 ᠲᠦᠭᠦᠷᠢᠭ ᠢᠶᠠᠷ ᠬᠢᠵᠠᠭᠠᠷᠯᠠᠵᠤ᠂ ᠡᠷᠦᠬᠡ ᠪᠤᠯᠭᠠᠨ ᠳᠤ 5000 | ᠲᠦᠭᠦᠷᠢᠭ ᠠᠴᠠ ᠲᠠᠪᠠᠭᠤᠯᠵᠤ ᠪᠤᠯᠬᠤ ᠦᠭᠡᠢ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ | ᠬᠤᠭᠤᠴᠠᠭᠠᠨ ᠳᠤ᠂ ᠨᠡᠶᠢᠳᠡ 2 ᠲᠦᠮᠡᠨ ᠲᠦᠭᠦᠷᠢᠭ ᠤᠨ ᠨᠦᠬᠦᠪᠦᠷᠢ ᠠᠴᠠ ᠲᠠᠪᠠᠭᠤᠯᠵᠤ ᠪᠤᠯᠬᠤ ᠦᠭᠡᠢ᠃ | ᠠᠷᠪᠠᠨ ᠭᠤᠷᠪᠠ᠂ ᠬᠦᠳᠡᠯᠮᠦᠷᠢᠯᠡᠬᠦ ᠴᠢᠳᠠᠪᠦᠷᠢ ᠪᠠᠨ ᠠᠯᠳᠠᠭᠰᠠᠨ ᠪᠠ ᠦᠨᠳᠦᠰᠦᠨ ᠳᠡᠭᠡᠨ ᠠᠯᠳᠠᠭᠰᠠᠳ᠂ | ᠡᠵᠡᠩᠨᠡᠬᠦ ᠴᠢᠳᠠᠪᠤᠷᠢ ᠲᠤᠳᠠᠭᠤ ᠪᠠᠶᠢᠭ᠎ᠠ ᠶᠠᠳᠠᠭᠤ ᠬᠦᠴᠢᠷᠳᠡᠯᠳᠠᠢ ᠡᠷᠦᠭᠡ ᠳᠤ ᠶᠠᠮᠠᠷ ᠵᠦᠢᠯ ᠤᠨ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ ᠪᠠᠶᠢᠬᠤ ᠪᠤᠢ︖ | ᠨᠢᠭᠡ ᠳᠤ᠂ ᠡᠷᠦᠭᠡ ᠪᠠᠷ ᠨᠢᠬᠡᠴᠢ ᠪᠤᠯᠭᠠᠨ ᠨᠠᠭᠠᠳᠦ ᠵᠠᠬ᠎ᠠ ᠶᠢᠨ ᠪᠠᠳᠤᠯᠠᠭ᠎ᠠ ᠶᠢ ᠪᠠᠳᠤᠯᠠᠨ᠎ᠠ᠃ ᠬᠤᠰᠢᠭᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠬᠦᠳᠡᠯᠮᠦᠷᠢᠯᠡᠬᠦ ᠴᠢᠳᠠᠪᠦᠷᠢ ᠪᠠᠨ ᠠᠯᠳᠠᠭᠰᠠᠨ ᠪᠠ ᠨᠦᠬᠦᠴᠡᠯ ᠳᠤ | ᠬᠦᠷᠦᠭᠰᠡᠨ ᠶᠠᠳᠠᠭᠤ ᠬᠦᠴᠢᠷᠳᠡᠯᠳᠠᠢ ᠪᠦᠬᠦᠨ ᠢ ᠬᠦᠳᠡᠭᠡ ᠲᠤᠰᠬᠤᠨ ᠤ ᠬᠠᠮᠤᠭ ᠤᠨ ᠲᠤᠤᠷ᠎ᠠ ᠠᠮᠢᠳᠤᠷᠠᠯ ᠤᠨ | ᠪᠠᠳᠤᠯᠠᠭ᠎ᠠ ᠶᠢᠨ ᠬᠡᠪᠴᠢᠶᠡᠨ ᠳᠤ ᠤᠷᠤᠭᠤᠯᠵᠤ᠂ ᠪᠦᠬᠦ ᠡᠷᠦᠭᠡ ᠶᠢᠨ ᠠᠮᠢᠳᠤᠷᠠᠯ ᠤᠨ ᠪᠠᠳᠤᠯᠠᠭ᠎ᠠ ᠶᠢ ᠪᠠᠳᠤᠯᠠᠨ᠎ᠠ᠃ | ᠬᠠᠮᠤᠭ ᠤᠨ ᠲᠤᠤᠷ᠎ᠠ ᠠᠮᠢᠳᠤᠷᠠᠯ ᠤᠨ ᠪᠠᠳᠤᠯᠠᠭ᠎ᠠ ᠶᠢ ᠲᠦᠷᠪᠡᠨ ᠲᠡᠰ ᠲᠤ ᠬᠤᠪᠢᠶᠠᠵᠤ᠂ ᠲᠤᠰ ᠲᠤᠰ ᠳᠠᠭᠠᠨ | ᠬᠦᠮᠦᠨ ᠪᠤᠯᠭᠠᠨ ᠤ ᠰᠠᠷ᠎ᠠ ᠳᠤ 350 ᠲᠦᠭᠦᠷᠢᠭ᠂ 300 ᠲᠦᠭᠦᠷᠢᠭ᠂ 200 ᠲᠦᠭᠦᠷᠢᠭ᠂ 100 ᠲᠦᠭᠦᠷᠢᠭ | ᠤᠯᠭᠤᠨ᠎ᠠ᠃ | ᠬᠤᠶᠠᠷ ᠲᠤ᠂ ︽ᠬᠦᠷᠦᠩᠭᠡ ᠶᠢᠨ ᠬᠤᠨᠵᠢᠪᠤᠷᠢ︾᠃ ︽ᠵᠠᠰᠠᠭ ᠪᠠᠩᠭᠢ ᠠᠵᠤ ᠠᠬᠤᠶᠢᠯᠠᠯ︾ ᠤᠨ | ᠬᠠᠮᠳᠤᠷᠠᠨ ᠶᠠᠳᠠᠭᠤ ᠶᠢ ᠲᠡᠳᠬᠦᠬᠦ ᠠᠷᠭ᠎ᠠ ᠶᠢ ᠬᠡᠷᠡᠭᠯᠡᠨ᠂ ᠵᠠᠰᠠᠭ ᠤᠨ ᠤᠷᠳᠤᠨ ᠠᠴᠠ 5 ᠲᠦᠮᠡᠨ ᠲᠦᠭᠦᠷᠢᠭ ᠤᠨ | ᠶᠠᠳᠠᠭᠤ ᠶᠢ ᠲᠡᠳᠬᠦᠬᠦ ᠪᠠᠭ᠎ᠠ ᠬᠡᠮᠵᠢᠶᠠᠨ ᠤ ᠵᠢᠭᠡᠯᠡᠯᠭᠡ ᠶᠢ ᠲᠡᠳᠬᠦᠵᠤ᠂ ᠪᠠᠰᠠ ᠶᠠᠳᠠᠭᠤ ᠬᠦᠴᠢᠷᠳᠡᠯᠳᠠᠢ ᠡᠷᠦᠭᠡ | ᠪᠤᠯᠭᠠᠨ ᠳᠤ 2 ᠲᠦᠮᠡᠨ ᠲᠦᠭᠦᠷᠢᠭ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠡᠯᠡ ᠮᠦᠩᠭᠦ ᠤᠷᠤᠭᠤᠯᠵᠤ᠂ | ᠵᠦᠩ ᠵᠢᠶᠠ ᠪᠤᠯᠤᠨ ᠰᠠᠶᠢᠨᠤ ᠺᠤᠮᠫᠠᠨᠢ ᠳᠤ ᠬᠠᠮᠳᠤ ᠳᠤ ᠨᠢ ᠬᠤᠪᠢ ᠤᠷᠤᠭᠤᠯᠤᠭᠰᠠᠨ ᠪᠠᠶᠢᠨ᠎ᠠ᠃ ᠵᠢᠭᠡᠯᠡᠯᠭᠡ ᠨᠢ ︽ | 2+2︾ ᠠᠷᠭ᠎ᠠ ᠶᠢ ᠬᠡᠷᠡᠭᠯᠡᠵᠤ᠂ ᠵᠢᠭᠡᠯᠡᠯᠭᠡ ᠶᠢᠨ ᠬᠤᠭᠤᠴᠠᠭᠠᠨ ᠳᠤ᠂ ᠠᠵᠤ ᠠᠬᠤᠶᠢᠯᠠᠯ ᠨᠢ 10% ᠪᠠᠷ | ᠶᠠᠳᠠᠭᠤ ᠬᠦᠴᠢᠷᠳᠡᠯᠳᠠᠢ ᠡᠷᠦᠭᠡ ᠳᠤ ᠬᠤᠪᠢᠴᠠᠭ᠎ᠠ ᠬᠦᠷᠳᠡᠭᠡᠵᠤ᠂ ᠡᠭᠦᠨ ᠳᠤ᠂ ᠪᠡᠯᠡᠨ ᠵᠤᠭᠤᠰ 4000 ᠲᠦᠭᠦᠷᠢᠭ | ᠂ ᠬᠤᠪᠢ ᠤᠷᠤᠭᠤᠯᠤᠭᠰᠠᠨ ᠬᠦᠷᠦᠩᠭᠡ ᠨᠡᠶᠢᠳᠡ 3000 ᠲᠦᠭᠦᠷᠢᠭ ᠪᠠᠭᠳᠠᠨ᠎ᠠ᠃ ᠵᠢᠭᠡᠯᠡᠯᠭᠡ ᠶᠢᠨ ᠬᠤᠭᠤᠴᠠᠭ᠎ᠠ | ᠲᠡᠭᠦᠰᠦᠭᠰᠡᠨ ᠤ ᠰᠡᠭᠦᠯᠡᠷ᠂ ᠠᠵᠤ ᠠᠬᠤᠶᠢᠯᠠᠯ ᠠᠴᠠ ᠵᠢᠭᠡᠯᠡᠯᠭᠡ ᠶᠢ ᠪᠤᠴᠠᠭᠠᠨ᠂ ᠬᠤᠪᠢ ᠤᠷᠤᠭᠤᠯᠤᠭᠰᠠᠨ | ᠬᠦᠷᠦᠩᠭᠡ ᠶᠢ ᠨᠡᠶᠢᠳᠡ 1.2 ᠲᠦᠮᠡᠨ ᠲᠦᠭᠦᠷᠢᠭ ᠬᠤᠷᠠᠮᠳᠤᠭᠤᠯᠵᠤ᠂ ᠵᠠᠰᠠᠭ ᠤᠨ ᠤᠷᠳᠤᠨ ᠠᠴᠠ ᠲᠡᠳᠬᠦᠭᠰᠡᠨ 2 | ᠲᠦᠮᠡᠨ ᠲᠦᠭᠦᠷᠢᠭ ᠢ ᠨᠡᠮᠡᠨ᠂ ᠠᠵᠤ ᠠᠬᠤᠶᠢᠯᠠᠯ ᠨᠢ 3.2 ᠲᠦᠮᠡᠨ ᠲᠦᠭᠦᠷᠢᠭ ᠤᠨ ᠬᠤᠪᠢ ᠤᠷᠤᠭᠤᠯᠤᠭᠰᠠᠨ | ᠮᠦᠩᠭᠦ ᠪᠠᠷ ᠪᠤᠳᠤᠵᠤ᠂ ᠶᠠᠳᠠᠭᠤ ᠬᠦᠴᠢᠷᠳᠡᠯᠳᠠᠢ ᠡᠷᠦᠭᠡ ᠳᠤ ᠦᠷᠬᠦᠯᠵᠢᠯᠡᠨ ᠬᠤᠪᠢᠴᠠᠭ᠎ᠠ ᠬᠦᠷᠳᠡᠭᠡᠵᠤ᠂ ᠵᠢᠯ | ᠪᠤᠯᠭᠠᠨ ᠳᠤ ᠬᠠᠮᠤᠭ ᠲᠤᠤᠷ᠎ᠠ 3000 ᠲᠦᠭᠦᠷᠢᠭ ᠤᠯᠬᠤ ᠶᠢ ᠪᠠᠳᠤᠯᠠᠨ᠎ᠠ᠃ | ᠭᠤᠷᠪᠠ ᠳᠤ᠂ ᠨᠠᠶᠢᠳᠠᠨ ᠬᠠᠮᠢᠶᠠᠷᠤᠭᠤᠯᠵᠤ ᠤᠷᠤᠯᠠᠨ ᠦᠰᠬᠡᠬᠦ᠃ ᠤᠷᠤᠯᠭ᠎ᠠ ᠶᠢᠨ ᠲᠦᠷᠦᠯ ᠵᠦᠢᠯ ᠨᠢ | ᠲᠠᠩ ᠴᠤᠯᠭᠤᠢ ᠪᠠᠶᠢᠳᠠᠯ ᠳᠤ ᠴᠢᠭᠯᠡᠭᠦᠯᠦᠨ᠂ ᠨᠠᠰᠤᠨ ᠤ ᠬᠢᠵᠠᠭᠠᠷ ᠢ ᠦᠨᠳᠦᠰᠦᠨ ᠪᠠᠳᠤᠯᠠᠭ᠎ᠠ ᠶᠢᠨ ᠬᠡᠪᠴᠢᠶᠡᠨ | ᠠᠴᠠ ᠭᠠᠷᠭᠠᠵᠤ᠂ ᠬᠦᠳᠡᠯᠮᠦᠷᠢᠯᠡᠬᠦ ᠴᠢᠳᠠᠪᠦᠷᠢ ᠪᠠᠨ ᠠᠯᠳᠠᠭᠰᠠᠨ ᠪᠠ ᠦᠨᠳᠦᠰᠦᠨ ᠳᠡᠭᠡᠨ ᠠᠯᠳᠠᠭᠰᠠᠳ᠂ ᠡᠵᠡᠩᠨᠡᠬᠦ | ᠴᠢᠳᠠᠪᠤᠷᠢ ᠲᠤᠳᠠᠭᠤ ᠪᠠᠶᠢᠭ᠎ᠠ ᠶᠠᠳᠠᠭᠤ ᠬᠦᠴᠢᠷᠳᠡᠯᠳᠠᠢ ᠡᠷᠦᠭᠡ ᠨᠢ᠂ ︽ᠬᠦᠷᠦᠩᠭᠡ ᠶᠢᠨ ᠬᠤᠨᠵᠢᠪᠤᠷᠢ︾ ᠶᠢᠨ | ᠨᠠᠶᠢᠳᠠᠨ ᠬᠠᠮᠢᠶᠠᠷᠤᠭᠤᠯᠵᠤ ᠤᠷᠤᠯᠠᠨ ᠦᠰᠬᠡᠬᠦ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠷᠭ᠎ᠠ ᠶᠢ ᠬᠡᠷᠡᠭᠯᠡᠪᠡ᠃ | ᠵᠠᠰᠠᠭ ᠤᠨ ᠤᠷᠳᠤᠨ ᠠᠴᠠ ᠶᠠᠳᠠᠭᠤ ᠬᠦᠴᠢᠷᠳᠡᠯᠳᠠᠢ ᠡᠷᠦᠭᠡ ᠳᠤ ᠰᠢᠯᠢᠳᠡᠭ ᠡᠭᠦᠯᠳᠡᠷ ᠦᠬᠡᠷ ᠢ ᠲᠡᠳᠬᠦᠨ | ᠦᠭᠴᠦ᠂ ᠬᠦᠳᠦᠴᠢ ᠠᠵᠤ ᠠᠬᠤᠶᠢᠯᠠᠯ ᠳᠤ 5 ᠵᠢᠯ ᠤᠨ ᠬᠤᠭᠤᠴᠠᠭ᠎ᠠ ᠲᠠᠢ ᠪᠠᠷ ᠨᠠᠶᠢᠳᠠᠨ ᠬᠠᠮᠢᠶᠠᠷᠤᠭᠤᠯᠵᠤ᠂ | ᠡᠨᠡᠬᠦ ᠬᠤᠭᠤᠴᠠᠭᠠᠨ ᠳᠠᠬᠢ ᠠᠶᠤᠯ ᠲᠦᠭᠰᠢᠭᠦᠷᠢ ᠶᠢ ᠪᠦᠷ ᠠᠵᠤ ᠠᠬᠤᠶᠢᠯᠠᠯ ᠠᠴᠠ ᠲᠠᠭᠠᠭᠠᠵᠤ᠂ ᠵᠢᠯ ᠪᠤᠯᠭᠠᠨ ᠳᠤ | ᠲᠤᠭᠳᠠᠭᠰᠠᠨ ᠬᠤᠭᠤᠴᠠᠭ᠎ᠠ ᠪᠠᠷ ᠨᠠᠶᠢᠳᠠᠨ ᠬᠠᠮᠢᠶᠠᠷᠤᠭᠤᠯᠬᠤ ᠬᠦᠷᠦᠩᠭᠡ ᠶᠢᠨ ᠦᠷᠳᠡᠭ ᠤᠨ 6% ᠶᠢᠨ ᠬᠠᠷᠢᠴᠠᠯ | ᠢᠶᠠᠷ ᠶᠠᠳᠠᠭᠤ ᠬᠦᠴᠢᠷᠳᠡᠯᠳᠠᠢ ᠡᠷᠦᠭᠡ ᠳᠤ ᠬᠦᠷᠦᠩᠭᠡ ᠶᠢᠨ ᠬᠤᠨᠵᠢᠪᠤᠷᠢ ᠶᠢᠨ ᠪᠡᠯᠡᠨ ᠵᠤᠭᠤᠰ ᠢ ᠭᠦᠢᠴᠡᠳ ᠲᠤᠭ᠎ᠠ | ᠪᠠᠷ ᠨᠢ ᠦᠭᠴᠦ᠂ ᠨᠠᠶᠢᠳᠠᠨ ᠬᠠᠮᠢᠶᠠᠷᠤᠭᠤᠯᠬᠤ ᠬᠤᠭᠤᠴᠠᠭ᠎ᠠ ᠨᠢ ᠲᠡᠭᠦᠰᠦᠭᠰᠡᠨ ᠤ ᠰᠡᠭᠦᠯᠡᠷ᠂ ᠠᠵᠤ ᠠᠬᠤᠶᠢᠯᠠᠯ | ᠠᠴᠠ ᠨᠠᠶᠢᠳᠠᠨ ᠬᠠᠮᠢᠶᠠᠷᠤᠭᠤᠯᠬᠤ ᠦᠶᠡᠰ ᠤᠨ ᠨᠠᠰᠤᠨ ᠤ ᠬᠡᠮᠵᠢᠶ᠎ᠠ ᠪᠠ ᠬᠦᠨᠳᠦ ᠶᠢ ᠬᠡᠮᠵᠢᠶ᠎ᠡ ᠲᠠᠢ ᠠᠳᠠᠯᠢ ᠡᠭᠦᠯᠳᠡᠷ | ᠦᠭᠡᠷ ᠢ ᠪᠤᠴᠠᠭᠠᠨ ᠦᠭᠬᠦᠨ᠎ᠡ᠃ | ᠲᠦᠷᠪᠡ ᠳᠤ᠂ ᠬᠡᠷᠡᠯ ᠴᠠᠬᠢᠯᠭᠠᠨ ᠢᠶᠠᠷ ᠶᠠᠳᠠᠭᠤ ᠶᠢ ᠲᠡᠳᠬᠦᠬᠦ᠃ ᠶᠠᠳᠠᠭᠤ ᠬᠦᠴᠢᠷᠳᠡᠯᠳᠠᠢ ᠡᠷᠦᠭᠡ ᠶᠢᠨ | ᠤᠷᠤᠯᠭ᠎ᠠ ᠶᠢ ᠨᠡᠮᠡᠭᠳᠡᠭᠦᠯᠬᠦ ᠪᠠ ᠨᠡᠶᠢᠳᠡ ᠶᠢᠨ ᠠᠵᠤ ᠠᠬᠤᠢ ᠶᠢᠨ ᠬᠦᠭᠵᠢᠯᠳᠡ ᠶᠢ ᠲᠠᠶᠢᠴᠢᠯᠠᠨ ᠲᠠᠭᠠᠭᠤᠯᠵᠤ᠂ | ᠲᠤᠰᠬᠤᠨ ᠤ ᠲᠡᠰ ᠤᠨ ᠬᠡᠷᠡᠯ ᠴᠠᠬᠢᠯᠭᠠᠨ ᠤ ᠶᠠᠳᠠᠭᠤ ᠶᠢ ᠲᠡᠳᠬᠦᠬᠦ ᠴᠬᠢᠯᠭᠠᠨ ᠦᠷᠳᠡᠭᠡ ᠪᠠᠶᠢᠭᠤᠯᠵᠤ᠂ | ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ᠂ ᠵᠡᠮᠳᠡᠭ ᠶᠠᠳᠠᠭᠤ ᠬᠦᠴᠢᠷᠳᠡᠯᠳᠠᠢ ᠡᠷᠦᠭᠡ ᠪᠦᠷᠢ ᠳᠤ ᠵᠢᠯ ᠪᠤᠯᠭᠠᠨ | 3000 ᠲᠦᠭᠦᠷᠢᠭ ᠤᠨ ᠭᠡᠷᠡᠯ ᠴᠠᠬᠢᠯᠭᠠᠨ ᠤ ᠶᠠᠳᠠᠭᠤ ᠶᠢ ᠲᠡᠳᠬᠦᠬᠦ ᠨᠦᠬᠦᠪᠦᠷᠢ ᠶᠢ ᠤᠯᠭᠤᠨ᠎ᠠ᠃ | ᠠᠷᠪᠠᠨ ᠲᠦᠷᠪᠡ᠂ ᠶᠠᠳᠠᠭᠤ ᠬᠦᠴᠢᠷᠳᠡᠯᠳᠠᠢ ᠬᠦᠮᠦᠰ ᠤᠨ ᠡᠪᠡᠳᠴᠢᠨ ᠦᠵᠡᠭᠦᠯᠬᠦ ᠳᠤ ᠶᠠᠮᠠᠷ ᠬᠠᠷᠠᠭᠠᠯᠵᠠᠯ | ᠦᠵᠡᠭᠦᠯᠬᠦ ᠲᠦᠷᠦ ᠶᠢᠨ ᠪᠤᠳᠤᠯᠭ᠎ᠠ ᠲᠠᠢ ᠪᠤᠢ︖ | ᠨᠢᠭᠡ ᠳᠤ᠂ ᠦᠨᠳᠦᠰᠦᠨ ᠡᠮ ᠡᠮᠨᠡᠯᠭᠡ ᠶᠢᠨ ᠲᠠᠭᠠᠳᠬᠠᠯ ᠳᠤ ᠤᠷᠤᠭᠤᠯᠬᠤ ᠨᠦᠬᠦᠪᠦᠷᠢ᠃ 2019 ᠤᠨ | ᠳᠤ ᠶᠠᠳᠠᠭᠤ ᠬᠦᠴᠢᠷᠳᠡᠯᠳᠠᠢ ᠡᠷᠦᠭᠡ ᠶᠢᠨ ᠨᠠᠰᠤᠨ ᠳᠤ ᠬᠦᠷᠦᠭᠰᠡᠳ ᠦᠨᠳᠦᠰᠦᠨ ᠡᠮ ᠡᠮᠨᠡᠯᠭᠡ ᠶᠢᠨ ᠲᠠᠭᠠᠳᠬᠠᠯ ᠢ | ᠬᠦᠮᠦᠨ ᠪᠦᠷᠢ 260 ᠲᠦᠭᠦᠷᠢᠭ ᠲᠤᠰᠢᠶᠠᠵᠤ᠂ ᠡᠳ᠋ ᠤᠨ ᠵᠠᠰᠠᠭ ᠠᠴᠠ ᠬᠦᠮᠦᠨ ᠪᠦᠷᠢ ᠳᠤ 110 ᠲᠦᠭᠦᠷᠢᠭ | ᠤᠨ ᠨᠦᠬᠦᠪᠦᠷᠢ ᠤᠯᠭᠤᠨ᠎ᠠ︔ ᠰᠤᠷᠤᠭᠴᠢ ᠬᠡᠤᠬᠡᠳ ᠵᠢᠯ ᠪᠤᠯᠭᠠᠨ ᠳᠤ ᠬᠦᠮᠦᠨ ᠪᠦᠷᠢ 160 ᠲᠦᠭᠦᠷᠢᠭ | ᠲᠤᠰᠢᠶᠠᠵᠤ᠂ ᠡᠳ᠋ ᠤᠨ ᠵᠠᠰᠠᠭ ᠠᠴᠠ ᠬᠦᠮᠦᠨ ᠪᠦᠷᠢ ᠳᠤ 100 ᠲᠦᠭᠦᠷᠢᠭ ᠤᠨ ᠨᠦᠬᠦᠪᠦᠷᠢ ᠤᠯᠭᠤᠨ᠎ᠠ᠃ | ᠬᠤᠶᠠᠷ ᠲᠤ᠂ ᠵᠠᠰᠠᠭ ᠤᠨ ᠤᠷᠳᠤᠨ ᠠᠴᠠ ᠶᠠᠳᠠᠭᠤ ᠬᠦᠴᠢᠷᠳᠡᠯᠳᠠᠢ ᠡᠷᠦᠭᠡ ᠶᠢᠨ ᠬᠦᠮᠦᠨ ᠪᠤᠯᠭᠠᠨ ᠳᠤ | ᠵᠢᠯ ᠤᠨ 100 ᠲᠦᠭᠦᠷᠢᠭ ᠤᠨ ᠬᠤᠳᠠᠯᠳᠤᠭᠠᠨ ᠤ ᠲᠠᠭᠠᠳᠬᠠᠯ ᠢ ᠲᠤᠰᠢᠶᠠᠨ᠎ᠠ᠃ | ᠭᠤᠷᠪᠠ ᠳᠤ᠂ ᠶᠠᠳᠠᠭᠤ ᠬᠦᠴᠢᠷᠳᠡᠯᠳᠠᠢ ᠡᠪᠡᠳᠴᠢᠳᠡᠨ ᠲᠤᠰ ᠬᠤᠰᠢᠭᠤᠨ ᠤ ᠡᠷᠡᠭᠦᠯ ᠢᠶᠠᠷ ᠲᠡᠳᠬᠦᠬᠦ | ᠲᠤᠭᠳᠠᠭᠰᠠᠨ ᠡᠮᠴᠢᠯᠡᠭᠡᠨ ᠤ ᠭᠠᠵᠠᠷ ᠲᠤ ᠡᠮᠴᠢᠯᠡᠭᠦᠯᠪᠡᠯ᠂ ᠤᠷᠢᠳᠴᠢᠯᠠᠨ ᠦᠵᠡᠭᠦᠯᠵᠤ ᠰᠡᠬᠦᠯ ᠳᠤᠨᠢ ᠵᠤᠭᠤᠰ | ᠲᠤᠰᠢᠶᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠡᠮᠨᠡᠯᠭᠡ ᠠᠴᠠ ᠭᠠᠷᠬᠤ ᠳᠤ ︽ᠪᠦᠷᠢᠨ ᠦᠢᠯᠡᠴᠢᠯᠡᠭᠡᠨ︾ | ᠤ ᠲᠠᠩᠰᠠ ᠴᠠᠶᠢᠷᠠᠭᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠂ ᠴᠠᠶᠢᠷᠠᠭᠤᠯᠬᠤ ᠬᠠᠷᠢᠴᠠᠯ ᠨᠢ ᠲᠦᠷᠢᠮ | ᠳᠤ ᠨᠡᠶᠢᠴᠡᠬᠦ ᠨᠡᠶᠢᠳᠡ ᠵᠠᠷᠤᠯᠭ᠎ᠠ ᠶᠢᠨ 90% ᠪᠤᠯᠤᠨ᠎ᠠ᠃ ᠬᠤᠰᠢᠭᠤᠨ ᠠᠴᠠ ᠭᠠᠳᠠᠨ᠎ᠠ᠂ ᠲᠤᠭᠳᠠᠭᠰᠠᠨ | ᠡᠮᠴᠢᠯᠡᠭᠡᠨ ᠤ ᠭᠠᠵᠠᠷ ᠲᠤ ᠰᠠᠭᠤᠵᠤ ᠡᠮᠴᠢᠯᠡᠭᠦᠯᠪᠡᠯ᠂ ᠬᠡᠷ ᠪᠦᠯᠢ ᠶᠢᠨ ᠬᠡᠷ᠎ᠡ ᠲᠤᠭᠳᠠᠭᠰᠠᠨ ᠡᠮᠴᠢ᠂ ᠰᠤᠮᠤ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠱᠠᠳᠤ | ᠲᠠᠷᠠᠭᠠᠯᠠᠨ ᠡᠮᠨᠡᠯᠭᠡ ᠰᠢᠯᠵᠢᠪᠡᠯ ᠮᠦᠨ ᠴᠦ 90% ᠪᠠᠷ ᠴᠠᠶᠢᠷᠠᠭᠤᠯᠵᠤ᠂ ᠡᠮᠨᠡᠯᠭᠡ ᠰᠢᠯᠵᠢᠭᠰᠡᠨ ᠭᠠᠷ ᠭᠦᠢᠴᠡᠳᠬᠡᠯ | ᠪᠠᠶᠢᠬᠤ ᠦᠭᠡᠢ ᠪᠤᠯ᠂ ᠴᠠᠶᠢᠷᠠᠭᠤᠯᠬᠤ ᠬᠠᠷᠢᠴᠠᠯ ᠨᠢ 5% ᠪᠠᠷ ᠲᠤᠷᠤᠭᠰᠢᠯᠠᠨ᠂ ᠠᠶᠤᠯᠳᠠᠢ ᠲᠦᠷᠭᠡᠨ ᠡᠮᠴᠢᠯᠡᠭᠡᠨ | ᠤ ᠡᠪᠳᠴᠢᠳᠡᠨ ᠠᠴᠠ ᠭᠠᠳᠠᠨ᠎ᠠ᠂ ᠦᠭᠡᠷ᠎ᠡ ᠬᠦᠮᠦᠰ ᠵᠠᠰᠠᠭ ᠤᠨ ᠤᠷᠳᠤᠨ ᠤ ᠠᠪᠤᠷᠠᠨ ᠲᠤᠰᠠᠯᠠᠬᠤ ᠪᠠᠳᠤᠯᠠᠭ᠎ᠠ ᠶᠢᠨ | ᠴᠢᠨᠠᠷᠳᠠᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ ᠪᠤᠯᠬᠤ ᠦᠭᠡᠢ᠃ ᠬᠤᠰᠢᠭᠤᠨ ᠤ ᠭᠠᠳᠠᠨᠠᠬᠢ ᠲᠤᠭᠳᠠᠭᠰᠠᠨ | ᠡᠮᠴᠢᠯᠡᠭᠡᠨ ᠤ ᠭᠠᠵᠠᠷ ᠲᠤ ᠰᠢᠯᠵᠢᠭᠰᠡᠨ ᠡᠪᠡᠳᠴᠢᠳᠡᠳ᠂ ᠡᠮᠨᠡᠯᠭᠡ ᠠᠴᠠ ᠭᠠᠷᠬᠤ ᠳᠤ ᠤᠨᠤᠰᠢᠯᠠᠯᠳᠠ ᠶᠢᠨ ᠪᠠᠷᠢᠮᠳᠠ | ᠂ ᠪᠠᠷᠢᠮᠳᠠ ᠶᠢᠨ ᠬᠠᠭᠤᠳᠠᠰᠤ᠂ ᠵᠠᠷᠤᠳᠠᠯ ᠤᠨ ᠨᠠᠷᠢᠨ ᠲᠠᠩᠰᠠ᠂ ᠲᠤᠰ ᠬᠦᠮᠦᠨ ᠤ ᠪᠡᠶ᠎ᠡ ᠶᠢᠨ ᠦᠨᠡᠮᠯᠡᠯ ᠤᠨ | ᠬᠠᠭᠤᠯᠪᠤᠷᠢ᠂ ᠲᠤᠰ ᠬᠦᠮᠦᠨ ᠤ ᠦᠪᠡᠷ ᠤᠨ ᠲᠤᠰ ᠬᠤᠰᠢᠭᠤᠨ ᠤ ᠪᠠᠩᠭᠢ ᠶᠢᠨ ᠺᠠᠷᠲ ᠶᠢᠨ ᠬᠠᠭᠤᠯᠪᠤᠷᠢ ᠶᠢ | ᠠᠪᠴᠦ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠤᠴᠢᠵᠤ ︽ᠪᠦᠷᠢᠨ | ᠦᠢᠯᠡᠴᠢᠯᠡᠭᠡᠨ︾ ᠤ ᠲᠤᠭᠠᠴᠠᠨ ᠪᠤᠳᠤᠬᠤ ᠭᠠᠵᠠᠷ ᠲᠠᠩᠰᠠ ᠪᠠᠨ ᠪᠤᠳᠤᠨ᠎ᠠ᠃ | ᠲᠦᠷᠪᠡ ᠳᠤ᠂ ᠶᠠᠳᠠᠭᠤ ᠬᠦᠴᠢᠷᠳᠡᠯᠳᠠᠢ ᠡᠪᠳᠴᠢᠳᠡᠳ ᠡᠪᠳᠴᠢᠨ ᠠᠴᠠ ᠪᠤᠯᠵᠤ ᠡᠷᠦᠭᠡ ᠠᠮᠠ ᠤᠨ | ᠪᠠᠶᠢᠬᠤ ᠭᠠᠵᠠᠷ ᠲᠤ ᠬᠠᠷᠢᠶᠠᠯᠠᠭᠳᠠᠬᠤ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠲᠠᠰᠤᠭ ᠲᠤ | ᠡᠮᠴᠢᠯᠡᠭᠦᠯᠪᠡᠯ᠂ ᠡᠮᠴᠢᠯᠡᠭᠡᠨ ᠤ ᠲᠠᠭᠠᠳᠬᠠᠯ ᠨᠢ ᠲᠦᠷᠢᠮ ᠳᠤ ᠨᠡᠶᠢᠴᠡᠭᠰᠡᠨ ᠵᠠᠷᠤᠳᠠᠯ ᠤᠨ 80% ᠶᠢ | ᠴᠠᠶᠢᠷᠠᠭᠤᠯᠤᠨ᠎ᠠ᠃ ᠬᠤᠶᠠᠷ ᠲᠡᠰ ᠠᠴᠠ ᠲᠡᠭᠡᠭᠰᠢᠬᠢ ᠠᠯᠪᠠᠨ ᠤ ᠡᠮᠨᠡᠯᠭᠡ ᠶᠢᠨ ᠭᠠᠵᠠᠷ ᠤᠨ ᠭᠠᠷᠭᠠᠭᠰᠠᠨ ᠤᠳᠠᠭᠠᠨ | ᠴᠢᠨᠠᠷᠳᠠᠢ ᠡᠪᠳᠴᠢᠨ ᠬᠡᠵᠤ ᠤᠨᠤᠰᠢᠯᠠᠭᠰᠠᠨ ᠪᠠᠷᠢᠮᠳᠠ ᠪᠠᠶᠢᠪᠠᠯ᠂ ᠬᠦᠬᠡ ᠲᠦᠷᠦᠯ ᠤᠨ ᠤᠳᠠᠭᠠᠨ ᠴᠢᠨᠠᠷᠳᠠᠢ | ᠡᠪᠡᠳᠴᠢᠨ ᠤ ᠲᠦᠷᠢᠮ ᠳᠤ ᠨᠡᠶᠢᠴᠡᠭᠰᠡᠨ ᠵᠠᠷᠤᠳᠠᠯ ᠢ ᠰᠠᠭᠤᠵᠤ ᠡᠮᠴᠢᠯᠡᠭᠦᠯᠦᠭᠰᠡᠨ ᠶᠤᠰᠤᠭᠠᠷ ᠴᠠᠶᠢᠷᠠᠭᠤᠯᠵᠤ᠂ | ᠬᠤᠶᠠᠳᠤᠭᠠᠷ ᠲᠦᠷᠦᠯ ᠤᠨ ᠪᠠ ᠭᠤᠳᠠᠭᠠᠷ ᠲᠦᠷᠦᠯ ᠤᠨ ᠤᠳᠠᠭᠠᠨ ᠴᠢᠨᠠᠷᠳᠠᠢ ᠡᠪᠡᠳᠴᠢᠨ ᠪᠤᠯ ᠡᠷᠡᠭᠦᠯ ᠬᠠᠮᠠᠭᠠᠯᠠᠯ | ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠲᠠᠰᠤᠭ ᠤᠨ ᠡᠮ ᠬᠦᠷᠭᠡᠬᠦ ᠦᠢᠯᠡᠴᠢᠯᠡᠭᠡ᠂ ᠦᠨᠳᠦᠰᠦᠨ ᠡᠮ ᠡᠮᠨᠡᠯᠭᠡᠨ ᠤ | ᠲᠠᠭᠠᠳᠬᠠᠯ ︵ᠬᠤᠶᠠᠳᠤᠭᠠᠷ ᠲᠦᠷᠦᠯ ᠤᠨ ᠬᠢᠨ ᠵᠢᠯ ᠳᠤ ᠬᠦᠮᠦᠨ ᠤ 4000 ᠲᠦᠭᠦᠷᠢᠭ ᠠᠴᠠ ᠬᠡᠳᠡᠷᠡᠭᠦ ᠦᠭᠡᠢ᠂ | ᠭᠤᠳᠠᠭᠠᠷ ᠲᠦᠷᠦᠯ ᠤᠨ ᠬᠢᠨ ᠵᠢᠯ ᠳᠤ ᠬᠦᠮᠦᠨ ᠤ 1500 ᠲᠦᠭᠦᠷᠢᠭ ᠠᠴᠠ ᠬᠡᠳᠡᠷᠡᠬᠦ ᠦᠭᠡᠢ︶ ᠢ ᠬᠦᠷᠳᠡᠨ᠎ᠡ᠃ | ᠲᠤᠰ ᠬᠤᠰᠢᠭᠤᠨ ᠳᠠᠬᠢ ᠲᠤᠭᠳᠠᠭᠰᠠᠨ ᠡᠮᠴᠢᠯᠡᠭᠡᠨ ᠤ ᠭᠠᠵᠠᠷ ᠲᠤ ᠦᠵᠡᠭᠦᠯᠦᠭᠰᠡᠨ ᠤᠳᠠᠭᠠᠨ ᠴᠢᠨᠠᠷᠳᠠᠢ | ᠡᠪᠡᠳᠴᠢᠨ ᠢ ᠲᠦᠷᠢᠮ ᠳᠤ ᠨᠡᠶᠢᠴᠡᠭᠰᠡᠨ ᠵᠠᠷᠤᠳᠠᠯ ᠤᠨ 90% ᠶᠢ ᠴᠠᠶᠢᠷᠠᠭᠤᠯᠵᠤ᠂ ᠬᠤᠰᠢᠭᠤᠨ ᠤ ᠭᠠᠳᠠᠨ᠎ᠠ | ᠦᠵᠡᠭᠦᠯᠦᠭᠰᠡᠨ ᠤᠳᠠᠭᠠᠨ ᠴᠢᠨᠠᠷᠳᠠᠢ ᠡᠪᠡᠳᠴᠢᠨ ᠢ ᠲᠦᠷᠢᠮ ᠳᠤ ᠨᠡᠶᠢᠴᠡᠭᠰᠡᠨ ᠵᠠᠷᠤᠳᠠᠯ ᠤᠨ 70% ᠶᠢ | ᠴᠠᠶᠢᠷᠠᠭᠤᠯᠤᠨ᠂ ᠬᠦᠮᠦᠨ ᠪᠤᠯᠭᠠᠨ ᠨᠢᠭᠡ ᠯᠡ ᠵᠦᠢᠯ ᠤᠨ ᠤᠳᠠᠭᠠᠨ ᠴᠢᠨᠠᠷᠳᠠᠢ ᠡᠪᠳᠴᠢᠨ ᠤ ᠵᠠᠷᠤᠳᠠᠯ ᠢ | ᠴᠠᠶᠢᠷᠠᠭᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ ᠪᠤᠯᠤᠨ᠎ᠠ᠃ | ᠠᠷᠪᠠᠨ ᠲᠠᠪᠤ᠂ ︽ᠨᠠᠢᠮᠠᠨ ᠲᠦᠷᠦᠯ ᠤᠨ ᠬᠦᠮᠦᠰ︾ ᠨᠢ ᠠᠯᠢ ᠨᠠᠢᠮᠠᠨ ᠲᠦᠷᠦᠯ ᠢ ᠬᠡᠯᠡᠵᠤ ᠪᠠᠶᠢᠬᠤ ᠪᠤᠢ︖ | | ᠨᠢᠭᠡ ᠳᠤ᠂ ᠨᠢᠭᠡ ᠭᠡᠷ ᠪᠦᠯᠢ ᠲᠤᠳᠤᠷ᠎ᠠ᠂ ᠭᠡᠷ ᠪᠦᠯᠢ ᠶᠢᠨ ᠪᠦᠷᠢᠯᠳᠦᠭᠦᠨ ᠨᠢ ᠤᠯᠤᠰ ᠤᠨ ᠪᠠᠶᠢᠭᠤᠯᠤᠯᠭ᠎ᠠ | ᠂ ᠠᠵᠢᠯ ᠦᠢᠯᠡᠰ ᠤᠨ ᠨᠢᠭᠡᠴᠡ ᠡᠰᠡᠭᠦᠯ᠎ᠡ ᠤᠯᠤᠰ ᠤᠨ ᠶᠡᠭᠡ᠂ ᠲᠤᠮᠳᠠ ᠶᠢᠨ ᠴᠢᠨᠠᠷᠳᠠᠢ ᠠᠵᠤ ᠠᠬᠤᠶᠢᠯᠠᠯ ᠤᠨ | ᠠᠵᠢᠯᠳᠠᠨ ᠪᠠᠶᠢᠬᠤ︔ ᠦᠷ᠎ᠡ ᠬᠡᠤᠬᠡᠳ ᠨᠢ ᠠᠰᠠᠷᠠᠨ ᠲᠡᠵᠢᠭᠡᠬᠦ ᠴᠢᠳᠠᠪᠦᠷᠢ ᠲᠠᠢ ᠡᠰᠡᠭᠦᠯ᠎ᠡ ᠦᠷ᠎ᠡ ᠬᠡᠤᠬᠡᠳ ᠨᠢ | ᠤᠯᠤᠰ ᠤᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠪᠠ ᠤᠯᠤᠰ ᠤᠨ ᠶᠡᠭᠡ᠂ ᠲᠤᠮᠳᠠ ᠶᠢᠨ ᠴᠢᠨᠠᠷᠳᠠᠢ | ᠠᠵᠤ ᠠᠬᠤᠶᠢᠯᠠᠯ ᠳᠤ ᠵᠢᠩᠭᠢᠨᠢ ᠠᠵᠢᠯ ᠲᠠᠢ ᠪᠠᠶᠢᠵᠤ᠂ ᠵᠤᠷᠢᠭᠤᠳᠠ ᠡᠬᠡ ᠡᠴᠢᠭᠡ ᠲᠠᠢ ᠪᠠᠨ ᠡᠷᠦᠭᠡ ᠰᠠᠯᠭᠠᠵᠤ | ᠬᠤᠪᠢ ᠪᠠᠷ ᠨᠢ ᠰᠠᠭᠤᠯᠭᠠᠬᠤ ᠪᠠᠶᠢᠳᠠᠯ᠃ | ᠬᠤᠶᠠᠷ ᠲᠤ᠂ ᠭᠡᠷ ᠪᠦᠯᠢ ᠳᠡᠭᠡᠨ ᠠᠴᠢᠶᠠᠨ ᠤ ᠮᠠᠰᠢᠨ᠂ ᠪᠠᠭ᠎ᠠ ᠲᠡᠷᠭᠡ᠂ ᠮᠤᠬᠤᠯᠠᠭ ᠮᠠᠰᠢᠨ᠂ ᠬᠡᠭᠡᠷᠡᠯᠡᠭᠴᠢ | ᠮᠠᠰᠢᠨ ᠵᠡᠷᠭᠡ ︵3 ᠲᠦᠮᠡᠨ ᠲᠦᠭᠦᠷᠢᠭ ᠠᠴᠠ ᠲᠡᠭᠡᠭᠰᠢ ᠦᠨ᠎ᠡ ᠦᠷᠳᠡᠭ ᠲᠠᠢ︶ ᠮᠠᠰᠢᠨ ᠲᠡᠷᠭᠡ᠂ ᠪᠠᠷᠢᠯᠭ᠎ᠠ ᠶᠢᠨ | ᠲᠡᠷᠭᠡ᠂ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠬᠡᠷᠡᠭᠰᠡᠯ ᠪᠠᠶᠢᠬᠤ ᠪᠠᠶᠢᠳᠠᠯ᠃ | ᠭᠤᠷᠪᠠ ᠳᠤ᠂ ᠭᠡᠷ ᠪᠦᠯᠢ ᠶᠢᠨ ᠪᠦᠷᠢᠯᠳᠦᠭᠦᠨ ᠨᠢ ᠰᠢᠶᠠᠨ ᠬᠤᠳᠠ ᠡᠰᠡᠭᠦᠯ᠎ᠡ ᠪᠠᠯᠭᠠᠰᠤᠨ ᠳᠤ | ᠬᠤᠳᠠᠯᠳᠤᠭᠠᠨ ᠤ ᠤᠷᠤᠨ ᠰᠠᠭᠤᠴᠠ᠂ ᠲᠡᠯᠭᠡᠭᠦᠷ᠂ ᠦᠪᠡᠷ ᠢᠶᠠᠨ ᠪᠠᠷᠢᠭᠰᠠᠨ ᠰᠠᠭᠤᠬᠤ ᠭᠡᠷ ᠪᠠᠶᠢᠬᠤ ᠪᠠᠶᠢᠳᠠᠯ᠃ | ᠲᠦᠷᠪᠡ ᠳᠤ᠂ ᠭᠡᠷ ᠪᠦᠯᠢ ᠶᠢᠨ ᠪᠦᠷᠢᠯᠳᠦᠭᠦᠨ ᠲᠤᠮᠳᠠ ᠺᠤᠮᠫᠠᠨᠢ ᠲᠠᠩᠰᠠᠯᠠᠵᠤ᠂ ᠬᠤᠭᠤᠯᠠᠨ ᠭᠡᠷ᠂ | ᠪᠠᠭᠤᠳᠠᠯ᠂ ᠦᠢᠯᠡᠳᠪᠦᠷᠢ᠂ ᠲᠠᠷᠢᠶᠠᠯᠠᠩ ᠤᠨ ᠲᠠᠯᠠᠪᠠᠢ ᠵᠡᠷᠭᠡ ᠠᠵᠤ ᠠᠬᠠᠤᠢ ᠶᠢᠨ ᠪᠤᠳᠠᠳᠤ ᠪᠤᠳᠠᠰ ᠪᠠᠶᠢᠵᠤ᠂ ᠪᠠᠰᠠ | ᠦᠢᠯᠡᠳᠪᠦᠷᠢ ᠬᠤᠳᠠᠯᠳᠤᠭᠠᠨ ᠤ ᠲᠠᠩᠰᠠᠯᠠᠯᠳᠠ ᠬᠢᠭᠰᠡᠨ ᠪᠠᠶᠢᠳᠠᠯ᠃ | ᠲᠠᠪᠤ ᠳᠤ᠂ ᠪᠠᠷᠢᠯᠭ᠎ᠠ ᠶᠢ ᠨᠤᠷᠠᠭᠠᠵᠤ ᠨᠡᠭᠦᠯᠭᠡᠬᠦ ᠳᠤ ᠶᠡᠭᠡ ᠬᠡᠮᠵᠢᠶᠡᠨ ᠤ ᠲᠦᠯᠦᠪᠦᠷᠢ ᠤᠯᠵᠤ᠂ ᠤᠷᠤᠯᠭ᠎ᠠ | ᠨᠢ ᠲᠤᠬᠠᠢ ᠶᠢᠨ ᠭᠠᠵᠠᠷ ᠤᠨ ᠲᠤᠮᠳᠠᠴᠢ ᠬᠢᠷᠢ ᠲᠦᠪᠰᠢᠨ ᠠᠴᠠ ᠲᠠᠪᠠᠭᠰᠠᠨ ᠪᠠᠶᠢᠳᠠᠯ᠃ | ᠵᠢᠷᠭᠤᠭ᠎ᠠ ᠳᠤ᠂ ᠭᠡᠷ ᠪᠦᠯᠢ ᠶᠢᠨ ᠬᠡᠰᠢᠬᠦᠨ ᠲᠤᠳᠤᠷ᠎ᠠ ᠠᠴᠠ ᠰᠤᠷᠭᠠᠭᠤᠯᠢ ᠳᠤ ᠰᠠᠭᠤᠭ᠎ᠠ ᠬᠦᠮᠦᠨ ᠨᠢ ᠦᠨᠳᠦᠷ | ᠵᠠᠷᠤᠳᠠᠯ ᠲᠠᠢ ᠰᠤᠷᠭᠠᠭᠤᠯᠢ ᠶᠢ ᠰᠤᠩᠭᠤᠨ ᠤᠩᠰᠢᠬᠤ᠂ ᠦᠨᠳᠦᠷ ᠵᠠᠷᠤᠳᠠᠯ ᠲᠠᠢ ᠬᠤᠪᠢ ᠶᠢᠨ ᠰᠤᠷᠭᠠᠭᠤᠯᠢ ᠳᠤ | ᠤᠩᠰᠢᠬᠤ ᠡᠰᠡᠭᠦᠯ᠎ᠡ ᠭᠠᠳᠠᠭᠠᠳᠤ ᠳᠤ ᠰᠤᠷᠤᠯᠴᠠᠬᠤ ᠪᠠᠶᠢᠳᠠᠯ᠃ | ᠲᠤᠯᠤᠭ᠎ᠠ ᠳᠤ᠂ ᠤᠳᠤ ᠲᠤᠰᠢᠶᠠᠯ ᠡᠭᠦᠷᠭᠡᠯᠡᠵᠤ ᠪᠠᠶᠢᠭ᠎ᠠ ᠭᠠᠴᠠᠭ᠎ᠠ ᠲᠤᠰᠬᠤᠨ ᠤ ᠨᠠᠮ ᠤᠨ ᠡᠭᠦᠷ ᠤᠨ | ᠱᠦᠵᠢ ᠮᠡᠳᠦ ᠶᠢᠨ ᠲᠤᠭᠳᠠᠭᠰᠠᠨ ᠴᠠᠯᠢᠩ ᠪᠠ ᠨᠦᠬᠦᠪᠦᠷᠢ ᠲᠠᠢ ᠪᠠᠶᠢᠳᠠᠯ᠃ | ᠨᠠᠢᠮᠠ ᠳᠤ᠂ ᠭᠡᠷ ᠪᠦᠯᠢ ᠨᠢ ᠪᠦᠬᠦᠳᠡᠭᠡᠷ ᠭᠠᠴᠠᠭ᠎ᠠ ᠲᠤᠰᠬᠤᠨ ᠳᠤ ᠪᠠᠨ ᠰᠠᠭᠤᠵᠤ ᠪᠠᠶᠢᠬᠤ ᠦᠭᠡᠢ | ᠪᠠᠶᠢᠳᠠᠯ᠃ | | | | |