ᠨᠠᠮᠤᠷ ᠤᠨ ᠤᠯᠠᠷᠢᠯ ᠬᠦᠷᠴᠦ ᠢᠷᠡᠬᠦ ᠶᠢ ᠲᠠᠭᠠᠯᠳᠤᠨ ᠠᠭᠤᠷ ᠠᠮᠢᠰᠬᠤᠯ ᠰᠡᠷᠢᠭᠦᠭᠡᠨ ᠪᠤᠯᠵᠤ᠂ | ᠦᠷᠯᠦᠭᠡ ᠦᠳᠡᠰᠢ ᠶᠢᠨ ᠲᠤᠯᠠᠭᠠᠨ ᠤ ᠵᠦᠷᠢᠶ᠎ᠡ ᠶᠡᠬᠡᠰᠦᠨ᠂ ᠶᠠᠩᠵᠤ ᠶᠢᠨ ᠡᠪᠡᠳᠴᠢᠨ ᠤ ᠪᠠᠺᠲ᠋ᠧᠷᠢ ᠲᠠᠪᠠᠷᠠᠨ᠂ | ᠬᠠᠭᠤᠴᠢᠨ ᠡᠪᠡᠳᠴᠢᠨ ᠲᠠᠬᠢᠨ ᠰᠡᠷᠬᠦᠬᠦ ᠪᠤᠯᠤᠨ᠎ᠠ᠃ ᠵᠢᠱᠢᠶᠡᠯᠡᠪᠡᠯ᠂ ᠰᠠᠯᠪᠤᠷᠢ ᠮᠦᠭᠡᠷᠰᠦᠨ ᠬᠤᠭᠤᠯᠠᠢ ᠶᠢᠨ | ᠦᠷᠪᠢᠰᠦᠯ᠂ ᠠᠭᠰᠠᠭ᠎ᠠ ᠡᠪᠡᠳᠴᠢᠨ ᠲᠠᠬᠢᠬᠤ ᠪᠠ ᠬᠤᠳᠤᠭᠤᠳᠤ ᠬᠡᠳᠡᠰᠦᠨ ᠤ ᠬᠡᠮ ᠠᠷᠬᠠᠭ ᠤᠯᠠᠰᠢᠷᠠᠨ ︽ | ᠬᠠᠯᠠᠭᠤᠨ ᠬᠢᠮᠤᠷᠠᠭ᠎ᠠ︾ ᠠᠮᠠᠷᠬᠠᠨ ᠬᠦᠷᠬᠦ ᠵᠡᠷᠭᠡ᠃ ᠨᠠᠮᠤᠷ ᠤᠨ ᠤᠯᠠᠷᠢᠯ ᠳᠤ ᠠᠷᠭ᠎ᠠ ᠲᠤᠷᠤᠶᠢᠳᠠᠨ᠂ ᠪᠢᠯᠢᠭ | ᠴᠢᠩᠭᠠᠷᠠᠬᠤ ᠠᠴᠠ ᠪᠤᠯᠵᠤ᠂ ᠬᠤᠳᠤᠭᠤᠳᠤ ᠬᠡᠳᠡᠰᠦᠨ ᠤ ᠡᠪᠡᠳᠴᠢᠨ ᠢ ᠡᠰᠡᠷᠭᠦᠴᠡᠬᠦ ᠴᠢᠳᠠᠪᠤᠷᠢ ᠲᠤᠷᠤᠶᠢᠳᠠᠨ᠂ | ᠡᠪᠡᠳᠴᠢᠨ ᠤ ᠪᠠᠺᠲ᠋ᠧᠷᠢ ᠵᠠᠪᠰᠢᠶᠠᠨ ᠢ ᠲᠠᠯᠢᠮᠳᠠᠭᠤᠯᠤᠨ᠂ ᠲᠡᠯᠢᠭᠦᠦ ᠬᠤᠳᠤᠭᠤᠳᠤ ᠶᠢ ᠬᠤᠬᠢᠷᠠᠭᠤᠯᠬᠤ ᠠᠴᠠ | ᠬᠤᠳᠤᠭᠤᠳᠤ ᠬᠡᠳᠡᠰᠦᠨ ᠤ ᠡᠪᠡᠳᠴᠢᠨ ᠢ ᠡᠭᠦᠰᠭᠡᠳᠡᠭ ᠪᠠᠶᠢᠨ᠎ᠠ᠃ ᠡᠶᠢᠮᠤ ᠠᠴᠠ ᠬᠤᠳᠤᠭᠤᠳᠤᠨ ᠡᠪᠡᠳᠴᠢᠨ ᠲᠠᠢ | ᠬᠦᠮᠦᠨ ᠬᠡᠪᠡᠯᠢ ᠶᠢᠨ ᠬᠡᠰᠡᠭ ᠢᠶᠠᠨ ᠲᠤᠯᠠᠭᠠᠯᠠᠬᠤ ᠶᠢ ᠤᠨᠴᠠ ᠠᠩᠬᠠᠷᠬᠤ ᠴᠢᠬᠤᠯᠠᠳᠠᠢ᠃ ᠲᠤᠤᠷ᠎ᠠ ᠬᠡᠳᠦᠨ ᠵᠦᠢᠯ | ᠤᠨ ᠨᠠᠮᠤᠷ ᠤᠨ ᠤᠯᠠᠷᠢᠯ ᠳᠠᠬᠢ ᠪᠡᠶ᠎ᠡ ᠰᠤᠪᠢᠯᠠᠬᠤ ᠠᠷᠭ᠎ᠠ ᠶᠢ ᠲᠠᠨᠢᠯᠴᠠᠭᠤᠯᠵᠤ ᠦᠭᠬᠦᠶ᠎ᠡ᠃ | 1. ᠪᠡᠶ᠎ᠡ ᠳᠤ ᠬᠠᠯᠠᠭᠤᠨ ᠡᠨᠧᠷᠬᠢ ᠬᠡᠳᠡ ᠦᠯᠡᠳᠡᠬᠦ ᠶᠢ ᠠᠩᠬᠠᠷᠬᠤ ᠴᠢᠬᠤᠯᠠᠳᠠᠢ᠃ ᠨᠠᠮᠤᠷ ᠤᠨ ᠤᠯᠠᠷᠢᠯ | ᠳᠤ ᠬᠡᠳᠤ ᠴᠠᠳᠳᠠᠯ᠎ᠠ ᠢᠳᠡᠵᠤ ᠤᠤᠭᠤᠬᠤ ᠶᠢ ᠴᠡᠭᠡᠷᠯᠡᠨ ᠬᠤᠭᠤᠯᠠᠨ ᠤ ᠬᠡᠮᠵᠢᠶ᠎ᠡ ᠪᠠᠨ ᠬᠢᠵᠠᠭᠠᠷᠯᠠᠪᠠᠯ ᠵᠤᠬᠢᠨ᠎ᠠ᠃ | ᠬᠡᠬᠦ ᠳᠡᠭᠡᠨ ᠰᠡᠳᠡᠯᠳᠡ ᠶᠢᠨ ᠴᠢᠨᠠᠷ ᠢᠶᠠᠷ ᠴᠢᠩᠭ᠎ᠠ᠂ ᠬᠠᠯᠠᠭᠤᠨ ᠭᠤᠱᠤᠭᠤᠨ ᠢᠳᠡᠭᠡᠨ ᠢ ᠴᠦᠬᠡᠨ ᠢᠳᠡᠬᠦ ᠬᠡᠷᠡᠭᠳᠠᠢ᠃ | ᠵᠢᠱᠢᠶᠡᠯᠡᠪᠡᠯ᠂ ᠦᠵᠦᠭᠦᠷᠳᠦ ᠯᠠᠵᠤᠤ᠂ ᠬᠤᠵᠤᠤ ᠵᠡᠷᠭᠡ᠃ ᠬᠠᠷᠢᠨ ᠳ᠋ᠦᠩᠭᠤᠸᠠ᠂ ᠯᠤᠤᠪᠠᠩ᠂ ᠬᠠᠰᠢ᠂ | ᠠᠯᠮᠤᠷᠠᠳ᠂ ᠪᠠᠨᠠᠨᠠ ᠴᠤᠭᠤᠷ ᠵᠡᠷᠭᠡ ᠨᠤᠭᠤᠭ᠎ᠠ ᠵᠢᠮᠢᠰ ᠢ ᠢᠯᠡᠭᠦᠭᠡᠨ ᠢᠳᠡᠪᠡᠯ ᠰᠠᠶᠢᠨ᠃ | 2. ᠵᠤᠨ ᠤ ᠤᠯᠠᠷᠢᠯ ᠠᠴᠠ ᠨᠠᠮᠤᠷ ᠤᠨ ᠤᠯᠠᠷᠢᠯ ᠳᠤ ᠰᠢᠯᠵᠢᠨ ᠠᠭᠠᠷ ᠤᠨ ᠲᠤᠯᠠᠭᠠᠨ ᠲᠤᠷᠤᠭᠰᠢᠯᠠᠬᠤ ᠶᠢ | ᠲᠠᠭᠠᠯᠳᠤᠨ ᠪᠡᠶ᠎ᠡ ᠴᠤᠭᠴᠠᠰ ᠡᠨᠡᠬᠦ ᠬᠤᠪᠢᠷᠠᠯᠳᠠ ᠲᠠᠢ ᠵᠤᠬᠢᠴᠠᠬᠤ ᠶᠢᠨ ᠲᠤᠯᠠᠳᠠ ᠬᠡᠳᠡᠰᠤ ᠬᠤᠳᠤᠭᠤᠳᠤ ᠶᠢᠨ | ᠠᠵᠢᠯᠯᠠᠭ᠎ᠠ ᠴᠦ ᠬᠤᠪᠢᠷᠠᠯᠳᠠ ᠲᠠᠢ ᠪᠤᠯᠳᠠᠭ ᠪᠠᠶᠢᠨ᠎ᠠ᠃ ᠡᠨᠡ ᠦᠶ᠎ᠡ ᠳᠤ ᠬᠡᠷᠪᠡ ᠬᠦᠢᠳᠡᠨ ᠨᠤᠶᠢᠳᠠᠨ ᠢᠳᠡᠭᠡᠨ | ᠢᠳᠡᠪᠡᠯ ᠰᠢᠩᠭᠡᠭᠡᠯᠳᠡ ᠮᠠᠭᠤᠳᠠᠨ᠂ ᠡᠯ᠎ᠡ ᠵᠦᠢᠯ ᠤᠨ ᠰᠢᠩᠭᠡᠭᠡᠯᠳᠡ ᠶᠢᠨ ᠡᠮ ᠤᠨ ᠡᠪᠳᠴᠢᠨ ᠢ ᠠᠮᠠᠷᠬᠠᠨ | ᠡᠭᠦᠰᠭᠡᠳᠡᠭ ᠪᠠᠶᠢᠨ᠎ᠠ᠃ ᠡᠶᠢᠮᠤ ᠠᠴᠠ ᠰᠡᠷᠢᠭᠦᠨ ᠴᠢᠨᠠᠷᠳᠠᠢ ᠢᠳᠡᠭᠡᠨ ᠢᠳᠡᠬᠦ ᠠᠴᠠ ᠵᠠᠶᠢᠯᠠᠰᠬᠢᠵᠤ᠂ ᠪᠦᠯᠢᠶᠡᠨ | ᠴᠢᠨᠠᠷᠳᠠᠢ ᠢᠳᠡᠭᠡᠨ ᠢ ᠰᠤᠩᠭᠤᠨ ᠢᠳᠡᠪᠡᠯ ᠵᠤᠬᠢᠰᠳᠠᠢ ᠪᠠᠶᠢᠳᠠᠭ ᠶᠤᠮ᠃ | 3. ᠲᠠᠯᠠᠢ ᠶᠢᠨ ᠵᠠᠮᠠᠭ ᠲᠤ ᠤᠭᠤᠷᠠᠭ᠂ ᠰᠢᠬᠢᠷᠯᠢᠭ ᠡᠳ᠋᠂ ᠸᠢᠲ᠋ᠠᠮᠢᠨ ᠪᠠ ᠡᠷᠦᠳᠡᠰᠦ ᠪᠤᠳᠠᠰ ᠡᠯᠪᠡᠭ | ᠠᠭᠤᠯᠵᠤ ᠪᠠᠶᠢᠳᠠᠭ᠃ ᠲᠠᠯᠠᠢ ᠶᠢᠨ ᠬᠦᠪᠳᠦ ᠬᠠᠶᠢᠯᠤᠮᠠᠬᠠᠢ ᠴᠢᠨᠠᠷ ᠤᠨ ᠰᠢᠬᠢᠷᠯᠢᠭ ᠬᠦᠴᠢᠯ ᠡᠯᠪᠡᠭ ᠠᠬᠤᠭᠤᠯᠳᠠᠭ | ᠪᠤᠯᠬᠤᠷ ᠡᠳᠡᠭᠡᠷ ᠢᠳᠡᠭᠡᠨ ᠢ ᠶᠡᠷᠦ ᠳᠡᠭᠡᠨ ᠢᠳᠡᠪᠡᠯ ᠬᠦᠮᠦᠨ ᠤ ᠪᠡᠶ᠎ᠡ ᠶᠢᠨ ᠰᠠᠴᠤᠷᠠᠭ ᠲᠤᠶᠠᠭ᠎ᠠ ᠶᠢᠨ ᠬᠦᠨᠦᠭᠡᠯ | ᠠᠴᠠ ᠰᠡᠷᠭᠡᠶᠢᠯᠡᠬᠦ ᠴᠢᠳᠠᠪᠤᠷᠢ ᠶᠢ ᠲᠡᠭᠡᠭᠰᠢᠯᠡᠭᠦᠯᠵᠤ ᠴᠢᠳᠠᠨ᠎ᠠ᠃ | 4. ᠨᠠᠮᠤᠷ ᠤᠨ ᠤᠯᠠᠷᠢᠯ ᠳᠤ ᠬᠦᠮᠦᠨ ᠠᠮᠠᠷᠬᠠᠨ ᠪᠠᠴᠢᠮᠳᠠᠬᠤ ᠪᠠᠶᠢᠳᠠᠯ ᠢᠯᠡᠷᠡᠳᠡᠭ᠃ ᠡᠨᠡ ᠦᠶ᠎ᠡ ᠳᠤ | ᠤᠰᠤ᠂ ᠰᠢᠩᠭᠡᠨ ᠪᠤᠳᠠᠭ᠎ᠠ᠂ ᠪᠤᠷᠴᠠᠭ ᠤᠨ ᠵᠤᠳᠠᠩ ᠵᠡᠷᠭᠡ ᠶᠢ ᠢᠯᠡᠭᠦᠭᠡᠨ ᠤᠤᠭᠤᠵᠤ᠂ ᠯᠤᠤᠪᠠᠩ᠂ ᠯᠢᠩᠬᠤᠸ᠎ᠠ | ᠶᠢᠨ ᠦᠨᠳᠦᠰᠦ᠂ ᠰᠦᠨ ᠦᠨᠳᠦᠰᠦ᠂ ᠠᠯᠢᠮ᠎ᠠ ᠵᠡᠷᠭᠡ ᠶᠢ ᠢᠳᠡᠨ ᠠᠭᠤᠰᠬᠢ ᠪᠠᠨ ᠰᠢᠮᠡᠵᠢᠭᠦᠯᠦᠨ᠂ ᠬᠠᠯᠠᠭᠤᠨ ᠢ | ᠠᠷᠢᠯᠭᠠᠬᠤ ᠢᠳᠡᠭᠡᠨ ᠢ ᠢᠯᠡᠭᠦᠭᠡᠨ ᠰᠤᠩᠭᠤᠵᠤ ᠢᠳᠡᠪᠡᠯ ᠰᠠᠶᠢᠨ᠃ | 5. ᠨᠠᠮᠤᠷ ᠤᠨ ᠤᠯᠠᠷᠢᠯ ᠳᠤ ᠦᠷᠯᠦᠭᠡ ᠳᠡᠭᠡᠨ ᠡᠷᠳᠡᠭᠡᠨ ᠪᠤᠰᠤᠨ᠎ᠠ᠃ ᠬᠡᠬᠦ ᠳᠡᠭᠡᠨ ᠰᠡᠷᠢᠭᠰᠡᠨ ᠤ | ᠲᠠᠷᠤᠶᠢᠬᠠᠨ ᠰᠤᠴᠢᠮᠠᠭ ᠪᠤᠰᠬᠤ ᠶᠢ ᠬᠢᠴᠢᠶᠡᠨ᠂ ᠤᠷᠤᠨ ᠲᠡᠭᠡᠷ᠎ᠡ ᠪᠠᠨ ᠵᠢᠭᠠᠬᠠᠨ ᠬᠡᠪᠳᠡᠵᠤ ᠪᠠᠶᠢᠭᠠᠳ ᠪᠤᠰᠪᠠᠯ | ᠵᠤᠬᠢᠰᠳᠠᠢ᠃ ᠢᠩᠬᠢᠬᠦ ᠨᠢ ᠴᠢᠰᠤᠨ ᠪᠦᠯᠦᠩ ᠢ ᠰᠡᠷᠭᠡᠶᠢᠯᠡᠬᠦ ᠳᠤ ᠴᠢᠬᠤᠯᠠ ᠠᠴᠢ ᠬᠤᠯᠪᠤᠭᠳᠠᠯ ᠲᠠᠢ ᠪᠠᠶᠢᠳᠠᠭ᠃ | ᠡᠩ ᠤᠨ ᠴᠠᠭ ᠲᠠᠭᠠᠨ ᠪᠠᠶᠠᠰᠤᠩᠭᠤᠢ ᠤᠪᠤᠷ ᠪᠠᠶᠢᠳᠠᠯ ᠲᠠᠢ ᠪᠠᠶᠢᠵᠤ᠂ ᠰᠢᠨ᠎ᠡ ᠰᠤᠷᠭᠤᠭ ᠠᠭᠤᠷ ᠠᠮᠢᠰᠬᠤᠯ ᠲᠠᠢ | ᠤᠷᠴᠢᠨ ᠳᠤ ᠰᠤᠯᠠ ᠰᠡᠯᠡᠭᠦᠦ ᠠᠯᠬᠤᠪᠠᠯ ᠪᠡᠶ᠎ᠡ ᠰᠡᠳᠬᠢᠯ ᠤᠨ ᠴᠤᠭ ᠵᠢᠪᠬᠤᠭ᠎ᠠ ᠶᠢ ᠲᠡᠳᠬᠦᠨ᠂ ᠨᠠᠮᠤᠷ ᠤᠨ | ᠤᠯᠠᠷᠢᠯ ᠤᠨ ᠪᠠᠴᠢᠮᠳᠠᠭᠤ ᠰᠡᠳᠬᠢᠯᠭᠡ ᠶᠢᠨ ᠵᠤᠬᠢᠰᠳᠠᠢ ᠨᠠᠮᠳᠠᠭᠤᠯᠵᠤ ᠴᠢᠳᠠᠨ᠎ᠠ᠃ | 6. ᠴᠠᠭᠠᠨ ᠰᠢᠬᠦᠳᠡᠷᠢ ᠤᠷᠤᠭᠰᠠᠨ ᠤ ᠲᠠᠷᠠᠭ᠎ᠠ᠂ ᠠᠭᠤᠷ ᠠᠮᠢᠰᠬᠤᠯ ᠰᠡᠷᠢᠭᠦᠨ ᠪᠤᠯᠵᠤ᠂ ᠦᠷᠯᠦᠭᠡ ᠦᠳᠡᠰᠢ | ᠳᠡᠭᠡᠨ ᠨᠡᠩ ᠴᠦ ᠬᠦᠢᠳᠡᠨ ᠪᠤᠯᠳᠠᠭ᠃ ᠬᠡᠷᠪᠡ ᠡᠨᠡ ᠦᠶ᠎ᠡ ᠳᠤ ᠮᠦᠷᠦ ᠲᠠᠯᠤ ᠪᠠᠨ ᠭᠠᠷᠭᠠᠭᠰᠠᠨ ᠬᠤᠪᠴᠠᠰᠤ | ᠬᠤᠨᠠᠷ ᠡᠮᠦᠰᠪᠡᠯ ᠠᠮᠠᠷᠬᠠᠨ ᠲᠠᠭᠠᠷᠠᠵᠤ ᠵᠢᠩᠬᠢᠨᠡᠨ ᠬᠢᠮᠤᠷᠠᠵᠤ᠂ ᠬᠡᠴᠡᠭᠦᠳᠡᠪᠡᠯ ᠠᠭᠤᠰᠬᠢᠨ ᠡᠪᠡᠳᠴᠢᠨ ᠪᠤᠯᠵᠤ | ᠬᠤᠪᠢᠷᠠᠳᠠᠭ᠃ |