ᠰᠢᠨ᠎ᠡ ᠪᠠᠷ ᠲᠠᠷᠬᠠᠭᠠᠬᠤ ᠬᠤᠳᠠᠯᠳᠤᠭᠠᠨ ᠤ ᠴᠢᠨᠠᠷᠳᠠᠢ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ ᠶᠢᠨ ᠬᠦᠦ ᠮᠦᠩᠭᠦ ᠶᠢᠨ ᠨᠤᠷᠮ᠎ᠠ ᠶᠢᠨ ᠲᠦᠷᠦ ᠶᠢᠨ ᠪᠤᠳᠤᠯᠭ᠎ᠠ ᠳᠤ ᠲᠤᠬᠢᠷᠠᠭᠤᠯᠤᠯᠳᠠ ᠬᠢᠬᠦ  ᠪᠠᠷ ᠪᠤᠢ
ᠨᠡᠶᠢᠲᠡᠯᠡᠭᠰᠡᠨ ᠴᠠᠭ᠄
2019-08-28
     ᠠᠷᠠᠳ ᠤᠨ ᠡᠳᠦᠷ ᠤᠨ ᠰᠤᠨᠢᠨ ᠤ ᠪᠡᠭᠡᠵᠢᠩ ᠤᠨ 8 ᠰᠠᠷ᠎ᠠ ᠶᠢᠨ 25 ᠤ ᠡᠳᠦᠷ ᠤᠨ ᠮᠡᠳᠡᠭᠡ  ︵ᠰᠤᠷᠪᠤᠯᠵᠢᠯᠠᠭᠴᠢ ᠸᠠᠩ ᠭᠤᠸᠠᠨ︶ ᠲᠤᠮᠳᠠᠳᠤ ᠤᠯᠤᠰ ᠤᠨ ᠠᠷᠠᠳ ᠤᠨ ᠪᠠᠩᠭᠢ 25 ᠤ ᠡᠳᠦᠷ ᠠᠯᠪᠠᠨ ᠵᠠᠷ ᠨᠡᠶᠢᠳᠡᠯᠡᠵᠤ᠂ ᠡᠨᠡ ᠵᠢᠯ ᠤᠨ 10 ᠰᠠᠷ᠎ᠠ ᠶᠢᠨ 8 ᠤ ᠡᠳᠦᠷ ᠠᠴᠠ ᠡᠬᠢᠯᠡᠨ᠂ ᠰᠢᠨ᠎ᠡ ᠪᠠᠷ ᠲᠠᠷᠬᠠᠭᠠᠬᠤ ᠬᠤᠳᠠᠯᠳᠤᠭᠠᠨ ᠤ ᠴᠢᠨᠠᠷᠳᠠᠢ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ ᠶᠢᠨ ᠬᠦᠦ ᠮᠦᠩᠭᠦ ᠶᠢᠨ ᠨᠤᠷᠮ᠎ᠠ ᠶᠢ ᠤᠶᠢᠷ᠎ᠠ ᠶᠢᠨ ᠨᠢᠭᠡ ᠰᠠᠷ᠎ᠠ ᠶᠢᠨ ᠬᠠᠷᠠᠭᠠᠯᠵᠠᠭᠰᠠᠨ ᠬᠤᠭᠤᠴᠠᠭ᠎ᠠ ᠬᠢᠵᠠᠭᠠᠷ ᠪᠦᠬᠦᠢ ᠵᠢᠭᠡᠯᠡᠯᠭᠡ ᠶᠢᠨ ᠵᠠᠬ᠎ᠠ ᠲᠡᠯᠭᠡᠭᠦᠷ ᠤᠨ ᠮᠡᠳᠡᠭᠡᠯᠡᠭᠰᠡᠨ ᠦᠨ᠎ᠡ ᠶᠢᠨ ᠬᠦᠦ ᠮᠦᠩᠭᠦ ᠶᠢᠨ ᠨᠤᠷᠮ᠎ᠠ ︵LPR) ᠪᠠᠷ ᠦᠨ᠎ᠡ ᠲᠤᠭᠳᠠᠭᠠᠬᠤ ᠰᠠᠭᠤᠷᠢ ᠪᠠᠷᠢᠮᠵᠢᠶ᠎ᠠ ᠪᠤᠯᠭᠠᠨ ᠴᠡᠭ ᠨᠡᠮᠡᠵᠤ ᠪᠦᠷᠢᠯᠳᠦᠭᠦᠯᠦᠨ᠎ᠡ ᠬᠡᠪᠡ᠃       ᠡᠨᠡ ᠬᠦ ᠬᠤᠪᠢᠷᠠᠯᠳᠠ ᠨᠢ ᠭᠤᠤᠯᠳᠠᠭᠤ ᠰᠢᠨ᠎ᠡ ᠪᠠᠷ ᠲᠠᠷᠬᠠᠭᠠᠬᠤ ᠬᠤᠪᠢ ᠬᠦᠮᠦᠨ ᠤ ᠤᠷᠤᠨ ᠰᠠᠭᠤᠴᠠ  ᠶᠢᠨ ᠵᠢᠭᠡᠯᠡᠯᠭᠡ ᠶᠢᠨ ᠬᠦᠦ ᠮᠦᠩᠭᠦ ᠶᠢᠨ ᠨᠤᠷᠮ᠎ᠠ ᠳᠤ ᠴᠢᠭᠯᠡᠭᠳᠡᠵᠤ᠂ ᠬᠤᠪᠢ ᠬᠦᠮᠦᠨ ᠤ ᠤᠷᠤᠨ ᠰᠠᠭᠤᠴᠠ ᠶᠢᠨ ᠨᠦᠬᠡᠴᠡ ᠵᠢᠭᠡᠯᠡᠯᠳᠡ ᠶᠢᠨ ᠬᠦᠦ ᠮᠦᠩᠭᠦ ᠶᠢᠨ ᠨᠤᠷᠮ᠎ᠠ ᠶᠢ ᠮᠦᠨ ᠤᠤᠯ ᠤᠨ ᠬᠡᠷ᠎ᠡ ᠶᠤᠰᠤᠭᠠᠷ ᠬᠡᠷᠡᠭᠵᠢᠭᠦᠯᠦᠨ᠎ᠡ᠃       ᠦᠨ᠎ᠡ ᠲᠤᠭᠳᠠᠭᠠᠬᠤ ᠰᠠᠭᠤᠷᠢ ᠪᠠᠷᠢᠮᠵᠢᠶ᠎ᠠ ᠶᠢ ᠰᠤᠯᠢᠭᠰᠠᠨ ᠤ ᠲᠠᠷᠠᠭ᠎ᠠ᠂ ᠪᠦᠬᠦ ᠤᠯᠤᠰ ᠤᠨ ᠬᠡᠪᠴᠢᠶᠡᠨ  ᠳᠤ ᠰᠢᠨ᠎ᠡ ᠪᠠᠷ ᠲᠠᠷᠬᠠᠭᠠᠬᠤ ᠠᠩᠬᠠᠨ ᠤ ᠢᠵᠢ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ ᠶᠢᠨ ᠬᠦᠦ ᠮᠦᠩᠭᠦ ᠶᠢᠨ ᠨᠤᠷᠮ᠎ᠠ ᠶᠢ ᠬᠠᠷᠠᠭᠠᠯᠵᠠᠭᠰᠠᠨ ᠬᠤᠭᠤᠴᠠᠭ᠎ᠠ ᠬᠢᠵᠠᠭᠠᠷ ᠤᠨ LPR ᠠᠴᠠ ᠲᠤᠤᠷ᠎ᠠ ᠪᠠᠶᠢᠯᠭᠠᠵᠤ ᠪᠤᠯᠬᠤ ᠦᠭᠡᠢ ︵8 ᠰᠠᠷ᠎ᠠ ᠶᠢᠨ 20 ᠤ ᠡᠳᠦᠷ ᠤᠨ ᠬᠤᠭᠤᠴᠠᠭ᠎ᠠ 5 ᠵᠢᠯ ᠤᠨ ᠬᠤᠭᠤᠴᠠᠭ᠎ᠠ ᠠᠴᠠ ᠲᠡᠭᠡᠭᠰᠢᠬᠢ LPR  ᠨᠢ 4.85% ᠪᠤᠯᠤᠨ᠎ᠠ︶᠃ ᠬᠤᠶᠠᠳᠤᠭᠠᠷ ᠢᠵᠢ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ ᠶᠢᠨ ᠬᠦᠦ ᠮᠦᠩᠭᠦ ᠶᠢᠨ ᠨᠤᠷᠮ᠎ᠠ ᠶᠢ ᠬᠠᠷᠠᠭᠠᠯᠵᠠᠭᠰᠠᠨ ᠬᠤᠭᠤᠴᠠᠭ᠎ᠠ ᠬᠢᠵᠠᠭᠠᠷ ᠤᠨ LPR ᠲᠡᠭᠡᠷ᠎ᠡ 60 ᠰᠠᠭᠤᠷᠢ ᠴᠡᠭ ᠨᠡᠮᠡᠭᠰᠡᠨ ᠠᠴᠠ ᠲᠤᠤᠷ᠎ᠠ ᠪᠠᠶᠢᠯᠠᠭᠠᠵᠤ ᠪᠤᠯᠬᠤ ᠦᠭᠡᠢ ︵8 ᠰᠠᠷ᠎ᠠ ᠶᠢᠨ 20 ᠤ ᠡᠳᠦᠷ ᠤᠨ ᠬᠤᠭᠤᠴᠠᠭ᠎ᠠ 5 ᠵᠢᠯ  ᠤᠨ ᠬᠤᠭᠤᠴᠠᠭ᠎ᠠ ᠠᠴᠠ ᠲᠡᠭᠡᠭᠰᠢᠬᠢ LPR ᠨᠢ 5.45% ᠪᠤᠯᠤᠨ᠎ᠠ︶᠂ ᠤᠳᠤᠬᠠᠨ ᠤ ᠮᠠᠨ ᠤ ᠤᠯᠤᠰ ᠤᠨ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ ᠶᠢᠨ ᠬᠠᠮᠤᠭ ᠤᠨ ᠲᠤᠤᠷ᠎ᠠ ᠪᠤᠳᠠᠳᠠᠢ ᠬᠦᠦ ᠮᠦᠩᠭᠦ ᠶᠢᠨ ᠨᠤᠷᠮ᠎ᠠ ᠶᠢᠨ ᠬᠢᠷᠢ ᠲᠦᠪᠰᠢᠨ ᠲᠠᠢ ᠦᠨᠳᠦᠰᠦᠨ ᠳᠡᠭᠡᠨ ᠠᠳᠠᠯᠢ ᠪᠠᠶᠢᠯᠭᠠᠨ᠎ᠠ᠃ ᠡᠭᠦᠨ ᠤ ᠬᠠᠮᠳᠤ᠂ ᠠᠷᠠᠳ ᠤᠨ ᠪᠠᠩᠭᠢ ᠶᠢᠨ ᠬᠤᠪᠢᠶᠠᠷᠢ ᠪᠠᠶᠢᠭᠤᠯᠤᠮᠵᠢ ᠨᠢ ᠡᠯ᠎ᠡ ᠮᠤᠵᠢ ᠶᠢᠨ ᠱᠠᠳᠤᠨ ᠤ ᠵᠠᠬ᠎ᠠ ᠲᠡᠯᠭᠡᠭᠦᠷ ᠤᠨ ᠬᠦᠦ ᠮᠦᠩᠭᠦ ᠶᠢᠨ ᠨᠤᠷᠮ᠎ᠠ ᠶᠢᠨ ᠦᠨ᠎ᠡ ᠲᠤᠭᠳᠠᠭᠠᠬᠤ ᠲᠠᠯ᠎ᠠ ᠪᠠᠷ ᠬᠢ ᠦᠪᠡᠷ ᠢ ᠪᠠᠨ ᠱᠠᠭᠠᠷᠳᠠᠬᠤ ᠲᠤᠭᠳᠠᠴᠠ ᠶᠢ ᠵᠢᠯᠤᠭᠤᠳᠴᠦ ᠪᠠᠶᠢᠭᠠᠳ ᠲᠤᠬᠠᠢ ᠶᠢᠨ ᠭᠠᠵᠠᠷ ᠤᠨ LPR ᠤᠨ ᠴᠡᠭ ᠨᠡᠮᠡᠬᠦ ᠲᠤᠤᠷᠠᠳᠤ ᠬᠢᠵᠠᠭᠠᠷ ᠢ ᠴᠠᠭ ᠲᠤᠬᠠᠢ ᠳᠤᠨᠢ ᠲᠤᠭᠳᠠᠭᠠᠨ᠎ᠠ᠃ ᠴᠡᠭ ᠨᠡᠮᠡᠬᠦ ᠲᠤᠭ᠎ᠠ ᠬᠡᠮᠵᠢᠭᠳᠡᠯ ᠨᠢ ᠪᠦᠬᠦ ᠤᠯᠤᠰ ᠪᠤᠯᠤᠨ ᠲᠤᠬᠠᠢ ᠶᠢᠨ ᠭᠠᠵᠠᠷ ᠤᠨ ᠤᠷᠤᠨ ᠰᠠᠭᠤᠴᠠ ᠶᠢᠨ ᠢᠳᠡᠭᠡᠮᠵᠢᠳᠦ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ ᠨᠡᠶᠢᠴᠡᠵᠤ᠂ ᠵᠢᠭᠡᠯᠡᠯᠭᠡ ᠶᠢᠨ ᠲᠦᠭᠰᠢᠭᠦᠷᠢ ᠶᠢᠨ ᠪᠠᠶᠢᠳᠠᠯ ᠢ ᠢᠯᠡᠷᠡᠭᠦᠯᠵᠤ᠂ ᠬᠡᠷ᠎ᠡ ᠶᠢᠨ ᠬᠤᠭᠤᠴᠠᠭᠠᠨ ᠳᠤ ᠬᠤᠪᠢᠷᠠᠭᠤᠯᠬᠤ ᠦᠭᠡᠢ ᠲᠤᠭᠳᠠᠮᠠᠯ ᠪᠠᠶᠢᠯᠭᠠᠪᠠᠯ ᠵᠤᠬᠢᠨ᠎ᠠ᠃ ᠦᠭᠡᠷᠡᠴᠢᠯᠡᠯᠳᠡ ᠬᠢᠬᠦ ᠠᠴᠠ ᠡᠮᠦᠨᠡᠬᠢ ᠲᠠᠢ ᠬᠠᠷᠢᠴᠠᠭᠤᠯᠪᠠᠯ᠂ ᠰᠠᠭᠤᠭᠠᠯᠢ ᠠᠷᠠᠳ ᠤᠨ ᠬᠡᠷ ᠪᠦᠯᠢ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ ᠭᠤᠶᠤᠴᠢᠯᠠᠬᠤ ᠳᠤ᠂ ᠬᠦᠦ ᠮᠦᠩᠭᠦ ᠶᠢᠨ ᠵᠠᠷᠤᠯᠭ᠎ᠠ ᠨᠢ ᠦᠨᠳᠦᠰᠦᠨ ᠳᠡᠭᠡᠨ ᠨᠦᠯᠦᠭᠡᠯᠡᠭᠳᠡᠬᠦ ᠦᠭᠡᠢ ᠶᠤᠮ᠃       ᠤᠳᠤᠬᠠᠨ ᠳᠤ᠂ ᠵᠢᠭᠡᠯᠡᠯᠭᠡ ᠶᠢᠨ ᠵᠠᠬ᠎ᠠ ᠲᠡᠯᠭᠡᠭᠦᠷ ᠤᠨ ᠮᠡᠳᠡᠭᠡᠯᠡᠭᠰᠡᠨ ᠦᠨ᠎ᠡ ᠶᠢᠨ ᠬᠦᠦ ᠮᠦᠩᠭᠦ ᠶᠢᠨ ᠨᠤᠷᠮ᠎ᠠ ᠳᠤ 1 ᠵᠢᠯ ᠪᠠ 5 ᠵᠢᠯ ᠠᠴᠠ ᠲᠡᠭᠡᠭᠰᠢ ᠬᠡᠬᠦ ᠬᠤᠶᠠᠷ ᠬᠤᠭᠤᠴᠠᠭ᠎ᠠ ᠬᠢᠵᠠᠭᠠᠷ ᠤᠨ ᠲᠦᠷᠦᠯ ᠵᠦᠢᠯ ᠪᠤᠢ᠃ 1 ᠵᠢᠯ ᠤᠨ ᠬᠤᠭᠤᠴᠠᠭ᠎ᠠ ᠪᠠ 5 ᠵᠢᠯ ᠤᠨ ᠬᠤᠭᠤᠴᠠᠭ᠎ᠠ ᠠᠴᠠ ᠲᠡᠭᠡᠭᠰᠢᠬᠢ ᠬᠤᠪᠢ ᠬᠦᠮᠦᠨ ᠤ ᠤᠷᠤᠨ ᠰᠠᠭᠤᠴᠠ  ᠶᠢᠨ ᠵᠢᠭᠡᠯᠡᠯᠭᠡ ᠶᠢᠨ ᠬᠦᠦ ᠮᠦᠩᠭᠦ ᠶᠢᠨ ᠨᠤᠷᠮ᠎ᠠ ᠨᠢ ᠰᠢᠭᠤᠳ ᠬᠠᠷᠠᠭᠠᠯᠵᠠᠭᠰᠠᠨ ᠰᠠᠭᠤᠷᠢ ᠪᠠᠷᠢᠮᠵᠢᠶ᠎ᠠ ᠲᠠᠢ ᠪᠠᠶᠢᠵᠤ ᠂ 1 ᠵᠢᠯ ᠤᠨ ᠬᠤᠭᠤᠴᠠᠭᠠᠨ ᠲᠤᠳᠤᠷᠠᠬᠢ᠂ 1 ᠵᠢᠯ ᠠᠴᠠ 5 ᠵᠢᠯ ᠤᠨ ᠬᠤᠭᠤᠴᠠᠭ᠎ᠠ ᠬᠦᠷᠬᠦ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ ᠶᠢᠨ ᠬᠦᠦ ᠮᠦᠩᠭᠦ ᠶᠢᠨ ᠨᠤᠷᠮ᠎ᠠ ᠶᠢᠨ ᠰᠠᠭᠤᠷᠢ ᠪᠠᠷᠢᠮᠵᠢᠶ᠎ᠠ ᠶᠢ ᠵᠢᠭᠡᠯᠡᠯᠭᠡ ᠦᠭᠬᠦ ᠪᠠᠩᠭᠢ ᠠᠴᠠ ᠬᠤᠶᠠᠷ ᠬᠤᠭᠤᠴᠠᠭ᠎ᠠ ᠬᠢᠵᠠᠭᠠᠷ ᠤᠨ ᠲᠦᠷᠦᠯ ᠵᠦᠢᠯ ᠤᠨ ᠬᠤᠭᠤᠷᠤᠨᠳᠤ ᠡᠵᠡᠨ ᠮᠡᠳᠡᠵᠤ ᠰᠤᠩᠭᠤᠵᠤ ᠪᠤᠯᠤᠨ᠎ᠠ᠃ ᠯᠠᠪᠯᠠᠬᠤ ᠰᠠᠭᠤᠷᠢ ᠪᠠᠷᠢᠮᠵᠢᠶ᠎ᠠ ᠶᠢ ᠲᠤᠭᠳᠠᠭᠠᠭᠰᠠᠨ ᠤ ᠲᠠᠷᠠᠭ᠎ᠠ᠂ ᠴᠡᠭ ᠨᠡᠮᠡᠬᠦ ᠲᠤᠭ᠎ᠠ ᠬᠡᠮᠵᠢᠭᠳᠡᠯ ᠳᠤ ᠲᠤᠬᠢᠷᠠᠭᠤᠯᠤᠯᠳᠠ ᠬᠢᠬᠦ ᠪᠠᠷ ᠲᠠᠮᠵᠢᠨ᠂ ᠬᠤᠭᠤᠴᠠᠭ᠎ᠠ ᠬᠢᠵᠠᠭᠠᠷ ᠤᠨ ᠠᠰᠢᠭ ᠤᠨ ᠵᠦᠷᠢᠶ᠎ᠡ ᠶᠢᠨ ᠬᠦᠴᠦᠨ ᠵᠦᠢᠯ ᠢ ᠢᠯᠡᠷᠡᠭᠦᠯᠵᠤ ᠪᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ ᠶᠢᠨ ᠮᠤᠩᠭᠤᠯ ᠮᠡᠳᠡᠭᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2