ᠲᠦᠬᠦᠶᠢᠮᠠ ᠨᠠᠰᠤᠳᠠᠨ ᠵᠢᠭᠰᠠᠭᠠᠭᠳᠠᠵᠤ ᠪᠤᠢ | 28 ᠨᠡᠷᠡᠰ ᠤᠯᠤᠰ ᠤᠨ ᠢᠷᠠᠭᠤ ᠠᠯᠳᠠᠷ ᠤᠨ ᠴᠤᠯᠠ ᠤᠯᠭᠤᠬᠤ ᠰᠠᠨᠠᠭᠤᠯᠭ᠎ᠠ ᠶᠢᠨ ᠵᠢᠱᠢᠭᠳᠡᠭᠴᠢ ᠳᠤ | ᠦᠪᠦᠷ ᠮᠤᠩᠭᠤᠯ ᠤᠷᠤᠨ ᠠᠴᠠ ᠲᠦᠭᠦᠶᠢᠮᠠ ᠨᠠᠰᠤᠳᠠᠨ ᠵᠢᠭᠰᠠᠭᠠᠭᠳᠠᠵᠠᠢ᠃ | ᠲᠦᠭᠦᠶᠢᠮᠠ᠂ ᠡᠮᠡᠭᠳᠠᠢ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠭᠦᠨ᠂ 1942 ᠤᠨ ᠤ 4 | ᠰᠠᠷ᠎ᠠ ᠳᠤ ᠲᠦᠷᠦᠪᠡ᠂ ᠦᠪᠦᠷ ᠮᠤᠩᠭᠤᠯ ᠤᠨ ᠲᠦᠷᠪᠡᠳ ᠬᠤᠰᠢᠭᠤᠨ ᠤ ᠬᠦᠮᠦᠨ᠂ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠬᠤᠳᠠ ᠶᠢᠨ ᠲᠦᠷᠪᠡᠳ ᠬᠤᠰᠢᠭᠤᠨ ᠤ ᠨᠤᠮᠤᠭᠠᠨ ᠰᠤᠮᠤᠨ ᠤ | ᠮᠠᠯᠴᠢᠨ᠃ ᠲᠡᠭᠡᠷ᠎ᠡ ᠵᠠᠭᠤᠨ ᠤ ᠵᠢᠷᠠᠭᠠᠳ ᠤᠨ ᠤ ᠡᠬᠢ ᠪᠠᠷ᠂ 19 ᠨᠠᠰᠤᠳᠠᠢ ᠲᠦᠬᠦᠶᠢᠮᠠ ᠤᠬᠠᠮᠰᠠᠷ ᠠᠴᠠ ᠪᠠᠨ | ᠱᠠᠩᠬᠠᠢ ᠶᠢᠨ 28 ᠦᠨᠦᠴᠢᠨ ᠬᠡᠤᠬᠡᠳ ᠢ ᠦᠰᠬᠡᠨ ᠬᠦᠮᠦᠵᠢᠭᠦᠯᠬᠦ ᠡᠭᠦᠷᠭᠡ ᠶᠢ ᠡᠭᠦᠷᠭᠡᠯᠡᠵᠤ᠂ ᠬᠠᠭᠠᠰ ᠵᠠᠭᠤᠨ ᠤ | ᠲᠤᠷᠰᠢ ᠦᠨᠡᠨᠴᠢ ᠰᠡᠳᠬᠢᠯᠭᠡ ᠪᠠᠷ ᠠᠭᠤᠤ ᠶᠡᠭᠡ ᠬᠠᠶᠢᠷ᠎ᠠ ᠶᠢ ᠢᠯᠡᠷᠡᠭᠦᠯᠵᠤ᠂ ᠮᠠᠨ ᠤ ᠤᠯᠤᠰ ᠤᠨ ᠦᠨᠳᠦᠰᠦᠳᠡᠨ | ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠯᠤᠳᠤ ᠶᠡᠭᠡ ᠬᠤᠪᠢ ᠨᠡᠮᠡᠷᠢ ᠦᠵᠡᠭᠦᠯᠵᠠᠢ᠃ ᠲᠡᠭᠡᠷ᠎ᠡ ᠵᠠᠭᠤᠨ ᠤ | ᠲᠠᠯᠠᠭᠠᠳ ᠤᠨ ᠳᠤ᠂ ᠲᠦᠭᠦᠶᠢᠮᠡ ᠮᠤᠩᠭᠤᠯ ᠡᠮ ᠡᠮᠨᠡᠯᠭᠡ ᠪᠠ ᠬᠦᠩᠭᠡᠵᠢᠭᠦᠯᠬᠦ ᠰᠠᠯᠠᠭᠠᠨ ᠤ ᠮᠡᠳᠡᠯᠭᠡ ᠶᠢ | ᠦᠪᠡᠰᠦᠪᠡᠨ ᠰᠤᠷᠤᠯᠴᠠᠵᠤ᠂ ᠤᠷᠢᠳ ᠬᠤᠵᠢᠳ 40 ᠭᠠᠷᠤᠢ ᠵᠠᠯᠠᠭᠤ ᠡᠬᠡᠴᠤᠤᠯ ᠤᠨ ᠠᠮᠢ ᠨᠠᠰᠤ ᠶᠢ ᠠᠪᠤᠷᠠᠵᠠᠢ᠃ | ︽ᠪᠦᠬᠦ ᠤᠯᠤᠰ ᠤᠨ ︿3·8﹀ ᠶᠢᠨ ᠤᠯᠠᠭᠠᠨ ᠲᠤᠭᠴᠢ︾᠂ ︽ᠪᠦᠬᠦ ᠤᠯᠤᠰ ᠤᠨ ᠦᠨᠳᠦᠰᠦᠳᠡᠨ ᠤ | ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠪᠢ ᠬᠦᠮᠦᠨ︾ ᠵᠡᠷᠭᠡ ᠢᠷᠠᠭᠤ ᠠᠯᠳᠠᠷ ᠢ ᠬᠦᠷᠳᠡᠵᠤ ᠦᠩᠭᠡᠷᠡᠪᠡ᠃ | | ᠡᠨᠡ ᠵᠢᠯ ᠪᠤᠯ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ | ᠪᠤᠯᠤᠨ᠎ᠠ᠂ ᠨᠠᠮ ᠤᠨ ᠲᠦᠪ ᠬᠤᠷᠢᠶ᠎ᠠ ᠠᠴᠠ ᠠᠩᠬ᠎ᠠ ᠤᠳᠠᠭ᠎ᠠ ᠤᠯᠤᠰ ᠤᠨ ᠢᠷᠠᠭᠤ ᠠᠯᠳᠠᠷ ᠤᠨ ᠴᠤᠯᠠ ᠶᠢ | ᠲᠦᠪᠯᠡᠷᠡᠭᠦᠯᠦᠨ ᠰᠢᠭᠠᠷᠠᠭᠤᠯᠵᠤ ᠱᠠᠩᠨᠠᠯ ᠤᠯᠭᠤᠬᠤ ᠠᠵᠢᠯ ᠢ ᠦᠷᠨᠢᠭᠦᠯᠵᠤ᠂ ᠨᠢᠭᠡ ᠪᠦᠯᠦᠭ ᠰᠢᠨ᠎ᠡ ᠲᠤᠮᠳᠠᠳᠤ | ᠤᠯᠤᠰ ᠤᠨ ᠪᠦᠳᠦᠭᠡᠨ ᠪᠠᠶᠢᠭᠤᠯᠤᠯᠳᠠ ᠪᠠ ᠬᠦᠭᠵᠢᠯᠳᠡ ᠳᠤ ᠬᠤᠪᠢ ᠨᠡᠮᠡᠷᠢ ᠦᠵᠡᠭᠦᠯᠦᠭᠰᠡᠨ ᠵᠢᠱᠢᠶᠡᠴᠢ ᠬᠦᠮᠦᠰ ᠢ | ᠦᠪᠡᠳᠡᠭᠰᠢ ᠶᠡᠭᠡ ᠪᠠᠷ ᠬᠦᠬᠢᠭᠦᠯᠦᠨ ᠰᠠᠶᠢᠰᠢᠶᠠᠬᠤ ᠪᠠᠷ ᠲᠤᠭᠳᠠᠪᠠ᠃ ᠰᠢᠯᠭᠠᠷᠠᠭᠤᠯᠵᠤ ᠱᠠᠩᠨᠠᠯ ᠤᠯᠭᠤᠬᠤ ᠠᠵᠢᠯ | ᠤᠨ ᠪᠠᠶᠢᠷᠢᠯᠠᠭᠤᠯᠤᠯᠳᠠ ᠶᠢ ᠦᠨᠳᠦᠰᠦᠯᠡᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠲᠠᠬᠢᠨ | ᠲᠠᠪᠳᠠᠨ ᠰᠤᠩᠭᠤᠨ ᠰᠢᠯᠭᠠᠷᠠᠭᠤᠯᠵᠤ᠂ ᠬᠠᠮᠳᠤ ᠪᠠᠷ ᠰᠤᠳᠤᠯᠤᠭᠰᠠᠨ ᠰᠠᠭᠤᠷᠢᠨ ᠲᠡᠭᠡᠷ᠎ᠡ᠂ ᠵᠤᠬᠢᠶᠠᠨ ᠪᠠᠶᠢᠭᠤᠯᠤᠯᠳᠠ | ᠠᠴᠠ ᠰᠢᠨᠵᠢᠯᠡᠨ ᠪᠠᠶᠢᠴᠠᠭᠠᠵᠤ᠂ ᠪᠦᠬᠦ ᠲᠠᠯ᠎ᠠ ᠶᠢ ᠪᠤᠳᠤᠯᠬᠢᠯᠠᠵᠤ᠂ 8 ᠨᠡᠷᠡᠰ ︽ ᠪᠦᠬᠦᠳᠡ ᠨᠠᠶᠢᠷᠠᠮᠳᠠᠬᠤ ᠤᠯᠤᠰ | ᠤᠨ ᠭᠠᠪᠢᠶᠠᠨ ᠲᠡᠮᠳᠡᠭ︾ ᠤᠨ ᠰᠠᠨᠠᠭᠤᠯᠭ᠎ᠠ ᠶᠢᠨ ᠵᠢᠱᠢᠭᠳᠡᠭᠴᠢ᠂ 28 ᠨᠡᠷᠡᠰ ᠤᠯᠤᠰ ᠤᠨ ᠢᠷᠠᠭᠤ ᠠᠯᠳᠠᠷ ᠤᠨ | ᠴᠤᠯᠠ ᠤᠯᠭᠤᠬᠤ ᠰᠠᠨᠠᠭᠤᠯᠭ᠎ᠠ ᠶᠢᠨ ᠵᠢᠱᠢᠭᠳᠡᠭᠴᠢ ᠶᠢ ᠭᠠᠷᠭᠠᠪᠠ᠃ ᠠᠷᠠᠳᠴᠢᠯᠠᠯ ᠢ ᠪᠠᠳᠠᠷᠠᠭᠤᠯᠤᠨ᠂ ᠰᠠᠨᠠᠯ | ᠰᠠᠨᠠᠭᠤᠯᠭ᠎ᠠ ᠶᠢ ᠰᠤᠨᠤᠰᠤᠨ᠂ ᠨᠡᠶᠢᠭᠡᠮ ᠤᠨ ᠬᠢᠨᠠᠯᠳᠠ ᠶᠢ ᠬᠦᠯᠢᠶᠡᠵᠤ᠂ ᠤᠳᠤ ᠬᠤᠯᠪᠤᠭᠳᠠᠯ ᠪᠦᠬᠦᠢ ᠵᠢᠱᠢᠭᠳᠡᠭᠴᠢ | ᠶᠢᠨ ᠪᠠᠶᠢᠳᠠᠯ ᠢ ᠵᠠᠷᠯᠠᠨ ᠨᠡᠶᠢᠳᠡᠯᠡᠶ᠎ᠡ᠂ ᠵᠠᠷᠯᠠᠨ ᠨᠡᠶᠢᠳᠡᠯᠡᠬᠦ ᠴᠠᠭ ᠨᠢ 2019 ᠤᠨ ᠤ 8 ᠰᠠᠷ᠎ᠠ ᠶᠢᠨ 27 ᠤ | ᠡᠳᠦᠷ ᠠᠴᠠ 9 ᠰᠠᠷ᠎ᠠ ᠶᠢᠨ 2 ᠤᠨ ᠡᠳᠦᠷ ᠪᠤᠯᠤᠨ᠎ᠠ᠃ ᠬᠡᠷᠪᠡ ᠰᠠᠨᠠᠭᠤᠯᠭ᠎ᠠ ᠶᠢᠨ ᠵᠢᠱᠢᠭᠳᠡᠭᠰᠡᠳ ᠲᠤ ᠰᠠᠨᠠᠯ ᠲᠠᠢ | ᠪᠤᠯ᠂ ᠢᠯᠡ ᠨᠡᠶᠢᠳᠡᠯᠡᠬᠦ ᠬᠤᠭᠤᠴᠠᠭᠠᠨ ᠳᠤ ᠤᠳᠠᠰᠤ᠂ ᠢᠮᠧᠯ᠂ ᠵᠠᠬᠢᠳᠠᠯ ᠵᠡᠷᠭᠡ ᠠᠷᠭ᠎ᠠ ᠬᠡᠯᠪᠡᠷᠢ ᠪᠠᠷ ᠨᠠᠮ ᠪᠤᠯᠤᠨ | ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠦᠬᠢᠭᠦᠯᠦᠨ ᠰᠠᠶᠢᠰᠢᠶᠠᠬᠤ ᠠᠵᠢᠯ ᠤᠨ ᠵᠦᠪᠯᠡᠯ ᠤᠨ ᠠᠯᠪᠠᠨ ᠭᠡᠷ | ᠲᠤ ᠲᠤᠰᠬᠠᠵᠤ ᠪᠤᠯᠤᠨ᠎ᠠ᠃ | ᠤᠳᠠᠰᠤ᠄ ︵010︶ 55604941 | ᠹᠠᠺᠰ᠄ ︵010︶ 55604946 | ᠢᠮᠧᠯ᠄ gxrybz@163.com | ᠵᠠᠬᠢᠳᠠᠯ ᠤᠨ ᠬᠠᠶ᠋ᠢᠭ᠄ ᠪᠡᠭᠡᠵᠢᠩ ᠬᠤᠳᠠ ᠶᠢᠨ ᠰᠢ ᠴᠧᠩ ᠲᠤᠭᠤᠷᠢᠭ ᠤᠨ ᠹᠧᠩ ᠱᠧᠩ ᠭᠤᠳᠤᠮᠵᠢ ᠶᠢᠨ 19 | ᠳ᠋ᠤᠭᠡᠷ ᠨᠤᠮᠧᠷ | ᠰᠢᠤᠳᠠᠨ ᠳ᠋ᠤᠭᠠᠷ᠄ 100032 | | ᠨᠠᠮ ᠪᠤᠯᠤᠨ ᠤᠯᠤᠰ ᠤᠨ ᠭᠠᠪᠢᠶ᠎ᠠ ᠵᠢᠳᠭᠦᠯ ᠢᠷᠠᠭᠤ ᠠᠯᠳᠠᠷ ᠢ | ᠬᠦᠬᠢᠭᠦᠯᠦᠨ ᠰᠠᠶᠢᠰᠢᠶᠠᠬᠤ ᠠᠵᠢᠯ ᠤᠨ ᠵᠦᠪᠯᠡᠯ ᠤᠨ ᠠᠯᠪᠠᠨ ᠭᠡᠷ | | | 2019 ᠤᠨ ᠤ 8 ᠰᠠᠷ᠎ᠠ ᠶᠢᠨ 27 ᠤ ᠡᠳᠦᠷ | | | | | ᠲᠤᠰ ᠰᠦᠯᠵᠢᠶᠡᠨ ᠳᠤ ᠲᠡᠪᠰᠢᠭᠦᠯᠦᠭᠰᠡᠨ ᠨᠢ ᠤᠶᠠᠩᠭ᠎ᠠ | |