ᠦᠨᠳᠦᠰᠦᠨ ᠱᠠᠳᠤᠨ ᠤ ᠰᠤᠷᠭᠠᠨ ᠬᠦᠮᠦᠵᠢᠯ ᠳᠤ ᠦᠨᠳᠦᠰᠦᠯᠡᠵᠤ ᠦᠵᠡᠰᠭᠦᠯᠡᠩᠳᠦ ᠰᠠᠶᠢᠬᠠᠨ ᠲᠤᠮᠳᠠᠳᠤ  ᠶᠢᠨ ᠬᠦᠰᠡᠯ ᠮᠦᠷᠦᠭᠡᠳᠦᠯ ᠢᠶᠠᠨ ᠲᠡᠷᠬᠡᠯᠰᠢᠯᠡᠭᠦᠯᠦᠨᠡᠮ— 2018 ᠤᠨ ᠤ ᠪᠦᠬᠦ ᠬᠤᠳᠠ ᠶᠢᠨ ︽ᠠᠷᠪᠠᠨ ᠰᠢᠯᠢᠳᠡᠭ ᠶᠤᠰᠤ ᠰᠤᠷᠳᠠᠬᠤᠨ ᠤ ᠵᠢᠱᠢᠶᠡᠴᠢ︾ ᠲᠦᠪᠰᠢᠨᠪᠠᠶᠠᠷ ᠢ ᠲᠡᠮᠳᠡᠭ᠊
ᠨᠡᠶᠢᠲᠡᠯᠡᠭᠰᠡᠨ ᠴᠠᠭ᠄
2019-08-05
     ᠲᠦᠪᠰᠢᠨᠪᠠᠶᠠᠷ ᠪᠤᠯ ᠲᠦᠷᠪᠡᠳ ᠬᠤᠰᠢᠭᠤᠨ ᠤ ᠬᠤᠩᠭᠤᠷ ᠮᠤᠩᠭᠤᠯ ᠰᠤᠷᠭᠠᠭᠤᠯᠢ ᠶᠢᠨ ᠨᠢᠭᠡᠨ ᠡᠭᠡᠯ ᠵᠢᠷ  ᠤᠨ ᠪᠠᠭᠰᠢ ᠪᠤᠯᠤᠨ᠎ᠠ᠂ ᠲᠡᠭᠦᠨ ᠳᠤ ᠰᠦᠷ ᠲᠠᠯᠠᠶᠢᠴᠢᠳᠠᠢ ᠲᠡᠷᠢᠭᠦᠨ ᠤ ᠦᠢᠯᠡ ᠶᠠᠪᠤᠳᠠᠯ ᠪᠠᠶᠢᠬᠤ ᠦᠭᠡᠢ᠂ ᠪᠠᠰᠠ ᠬᠦᠮᠦᠨ ᠤ ᠰᠡᠳᠬᠢᠯ ᠢ ᠬᠦᠳᠡᠯᠭᠡᠮ᠎ᠡ ᠤᠶᠠᠷᠠᠭᠤᠨ ᠦᠯᠢᠭᠡᠷ ᠴᠦ ᠪᠠᠶᠢᠬᠤ ᠦᠭᠡᠢ᠂ ᠭᠡᠪᠡᠴᠦ ᠲᠡᠭᠦᠨ ᠳᠤ ᠡᠷᠡᠰ ᠴᠢᠩᠭ᠎ᠠ ᠵᠤᠷᠢᠭ ᠰᠠᠨᠠᠭ᠎ᠠ ᠪᠠ ᠬᠠᠷᠠᠮ ᠦᠭᠡᠢ ᠵᠢᠳᠬᠦᠬᠦ ᠬᠠᠳᠠᠨ ᠵᠤᠷᠢᠭ ᠲᠠᠢ ᠪᠠᠶᠢᠳᠠᠭ᠃ ᠲᠡᠷᠡ ᠰᠤᠷᠭᠠᠨ ᠬᠦᠮᠦᠵᠢᠯ ᠤᠨ ᠦᠢᠯᠡᠰ ᠲᠡᠭᠡᠨ ᠲᠤᠩ ᠬᠠᠶᠢᠷᠠᠳᠠᠢ ᠪᠠᠶᠢᠵᠤ᠂ ᠲᠤᠯᠤᠭᠠᠨ ᠵᠢᠯ ᠢ ᠨᠢᠭᠡ ᠯᠡ ᠡᠳᠦᠷ ᠮᠡᠳᠦ ᠪᠠᠷ ᠨᠦᠬᠦᠴᠡᠯ ᠬᠠᠳᠠᠭᠤᠵᠢᠯᠳᠠᠢ ᠦᠨᠳᠦᠰᠦᠨ ᠱᠠᠳᠤᠨ ᠳᠤ ᠦᠨᠳᠦᠰᠦᠯᠡᠵᠤ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠲᠡᠭᠡᠳᠦᠯᠡᠵᠤ᠂ ᠬᠠᠷᠠᠮ ᠦᠭᠡᠢ ᠵᠢᠳᠬᠦᠵᠤ᠂ ᠵᠤᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠤ᠂ ᠦᠪᠡᠷ ᠤᠨ ᠢᠶᠠᠨ ᠯᠠᠪᠳᠠᠭᠤᠨ ᠪᠠᠳᠤᠳᠠᠢ ᠰᠠᠭᠤᠷᠢ ᠮᠡᠳᠡᠯᠭᠡ ᠪᠠ ᠪᠠᠭᠰᠢ ᠬᠦᠮᠦᠨ ᠤ ᠰᠠᠶᠢᠨ ᠰᠠᠶᠢᠬᠠᠨ ᠲᠦᠷᠢ ᠲᠦᠷᠬᠦ ᠪᠠᠷ ᠢᠶᠠᠨ ᠤᠯᠠᠨ ᠠᠷᠪᠢᠨ ᠰᠤᠷᠤᠭᠴᠢᠳ ᠢ ᠬᠦᠮᠦᠵᠢᠭᠦᠯᠵᠤ ᠪᠠᠶᠢᠪᠠ᠃ ᠲᠦᠪᠰᠢᠨᠪᠠᠶᠠᠷ ᠤᠯᠠᠨ ᠤᠳᠠᠭ᠎ᠠ ᠬᠤᠰᠢᠭᠤᠨ ᠤ ᠲᠡᠰ ᠤᠨ ᠰᠢᠯᠢᠳᠡᠭ ᠪᠠᠭᠰᠢ᠂ ᠤᠯᠠᠭᠠᠨᠴᠠᠪ ᠬᠤᠳᠠ ᠶᠢᠨ ᠲᠤᠮᠳᠠᠳᠤ ᠪᠠᠭ᠎ᠠ ᠰᠤᠷᠭᠠᠭᠤᠯᠢ ᠶᠢᠨ ᠤᠳᠤ ᠦᠶ᠎ᠡ ᠶᠢᠨ ᠰᠤᠷᠭᠠᠨ ᠬᠦᠮᠦᠵᠢᠯ ᠤᠨ ᠮᠡᠷᠭᠡᠵᠢᠯ ᠤᠨ ᠵᠢᠭᠠᠨ ᠰᠤᠷᠭᠠᠬᠤ ᠴᠢᠳᠠᠪᠤᠷᠢᠳᠠᠨ ᠢᠶᠠᠷ ᠦᠨᠡᠯᠡᠭᠳᠡᠵᠤ᠂ ᠪᠠᠰᠠ ᠤᠯᠠᠭᠠᠨᠴᠠᠪ ᠬᠤᠳᠠ ᠶᠢᠨ ᠪᠠᠭᠰᠢ ᠶᠢᠨ ᠵᠢᠭᠠᠨ ᠰᠤᠷᠭᠠᠯᠳᠠ ᠶᠢᠨ ᠪᠢᠴᠢᠯ ᠬᠢᠴᠢᠶᠠᠯ ᠤᠨ ᠤᠷᠤᠯᠳᠤᠭᠠᠨ ᠤ ᠨᠢᠭᠡᠳᠦᠭᠡᠷ ᠲᠡᠰ ᠤᠨ ᠱᠠᠩᠨᠠᠯ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠳᠤ ᠦᠶ᠎ᠡ ᠶᠢᠨ ᠰᠤᠷᠭᠠᠨ ᠬᠦᠮᠦᠵᠢᠯ ᠤᠨ ᠮᠡᠷᠭᠡᠵᠢᠯ ᠤᠨ ᠦᠷ᠎ᠡ ᠪᠦᠳᠦᠭᠡᠯ ᠤᠨ ᠭᠤᠷᠪᠠᠳᠤᠭᠠᠷ ᠲᠡᠰ ᠤᠨ ᠱᠠᠩᠨᠠᠯ ᠢ ᠤᠯᠠᠨᠳᠠ ᠬᠦᠷᠳᠡᠪᠡ᠃      ᠵᠢᠭᠠᠨ ᠰᠤᠷᠭᠠᠯᠳᠠ ᠶᠢᠨ ᠶᠠᠪᠤᠴᠠ ᠳᠤ᠂ ᠲᠦᠪᠰᠢᠨᠪᠠᠶᠠᠷ ᠰᠤᠷᠤᠭᠴᠢᠳ ᠤᠨ ᠢᠶᠠᠨ ᠪᠡᠶ᠎ᠡ ᠪᠠᠨ ᠲᠠᠭᠠᠭᠠᠵᠤ ᠰᠤᠷᠤᠯᠴᠠᠬᠤ ᠴᠢᠳᠠᠪᠤᠷᠢ ᠶᠢ ᠰᠠᠨᠠᠭᠠᠴᠢᠯᠠᠨ ᠬᠦᠮᠦᠵᠢᠭᠦᠯᠵᠤ᠂ ᠰᠤᠷᠤᠭᠴᠢ ᠪᠠᠷ ᠭᠤᠤᠯ ᠴᠤᠭᠴᠠ ᠪᠤᠯᠭᠠᠨ ᠪᠠᠭᠰᠢ  ᠪᠠᠷ ᠭᠤᠤᠯ ᠤᠳᠤᠷᠢᠳᠤᠮᠵᠢ ᠪᠤᠯᠭᠠᠭᠰᠠᠨ ᠵᠢᠭᠠᠨ ᠰᠤᠷᠭᠠᠯᠳᠠ ᠶᠢᠨ ᠵᠠᠭᠪᠤᠷ ᠢ ᠬᠡᠷᠡᠭᠯᠡᠵᠤ᠂ ᠨᠠᠭᠠᠳᠤᠮ ᠲᠤᠭᠯᠠᠭᠠᠮ᠂ ᠤᠷᠤᠯᠳᠤᠭᠠᠨ ᠵᠡᠷᠭᠡ ᠵᠢᠭᠠᠨ ᠰᠤᠷᠭᠠᠯᠳᠠ ᠶᠢᠨ ᠠᠷᠭ᠎ᠠ ᠪᠠᠷᠢᠯ ᠢᠶᠠᠷ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠪᠠ ᠢᠳᠡᠪᠬᠢᠵᠢᠯ ᠢ ᠭᠦᠢᠴᠡᠳ ᠲᠠᠶᠢᠴᠢᠯᠠᠵᠤ᠂ ᠲᠡᠳᠡᠨ ᠤ ᠲᠦᠷᠦᠯᠬᠢ ᠠᠪᠢᠶᠠᠰ ᠪᠤᠯᠤᠨ ᠦᠪᠡᠷᠮᠢᠴᠡ ᠤᠨᠴᠠᠯᠢᠭ ᠢ  ᠨᠢ ᠬᠢᠴᠢᠶᠠᠯ ᠤᠨ ᠲᠢᠩᠬᠢᠮ ᠳᠤ ᠭᠦᠢᠴᠡᠳ ᠪᠠᠳᠠᠷᠠᠭᠤᠯᠤᠨ᠂ ᠰᠤᠷᠤᠭᠴᠢᠳ ᠤᠨ ᠬᠠᠷᠠᠭ᠎ᠠ᠂ ᠰᠤᠨᠤᠷ᠂ ᠬᠦᠷᠦᠯᠴᠡᠬᠦ ᠰᠡᠷᠡᠯ ᠠᠴᠠ ᠪᠦᠳᠦᠭᠡᠯᠴᠢ ᠰᠡᠳᠬᠢᠬᠦᠢ ᠶᠢ ᠨᠢ ᠬᠦᠮᠦᠵᠢᠭᠦᠯᠵᠤ᠂ ᠡᠶᠢᠮᠦᠷᠭᠦᠦ ᠰᠢᠨ᠎ᠡ ᠰᠡᠪᠡᠭᠦᠨ ᠵᠢᠭᠠᠨ ᠰᠤᠷᠭᠠᠯᠳᠠ  ᠶᠢᠨ ᠵᠠᠭᠪᠤᠷ ᠨᠢ ᠬᠢᠴᠢᠶᠠᠯ ᠤᠨ ᠲᠢᠩᠭᠢᠮ ᠤᠨ ᠠᠭᠤᠷ ᠠᠮᠢᠰᠬᠤᠯ ᠢ ᠶᠡᠭᠡ ᠪᠠᠷ ᠬᠦᠭᠵᠢᠭᠡᠵᠤ᠂ ᠬᠢᠴᠢᠶᠠᠯ ᠤᠨ ᠲᠢᠩᠬᠢᠮ ᠤᠨ ᠵᠢᠭᠠᠨ ᠰᠤᠷᠭᠠᠯᠳᠠ ᠶᠢᠨ ᠦᠷ᠎ᠡ ᠪᠦᠳᠦᠮᠵᠢ ᠶᠢ ᠶᠡᠭᠡ ᠪᠠᠷ ᠲᠡᠭᠡᠭᠰᠢᠯᠡᠭᠦᠯᠦᠭᠰᠡᠨ ᠪᠠᠶᠢᠨ᠎ᠠ᠃ ᠪᠠᠭᠰᠢ ᠪᠤᠯᠤᠭᠰᠠᠨ ᠤ ᠬᠤᠪᠢ ᠳᠤ᠂ ᠲᠦᠪᠰᠢᠨᠪᠠᠶᠠᠷ ᠰᠤᠷᠤᠭᠴᠢᠳ ᠤᠨ ᠠᠳᠠᠯᠢ ᠪᠤᠰᠤ ᠲᠤᠷ᠎ᠠ ᠰᠤᠨᠢᠷᠬᠠᠯ᠂ ᠠᠮᠢᠳᠤᠷᠠᠯ ᠤᠨ ᠲᠦᠷᠦᠭᠳᠡᠯ ᠪᠠ ᠢᠯᠡᠳᠬᠡᠬᠦ ᠬᠡᠯᠪᠡᠷᠢ ᠶᠢ ᠬᠦᠨᠳᠦᠳᠬᠡᠵᠤ᠂ ᠤᠷ᠎ᠠ ᠠᠪᠢᠶᠠᠰ ᠲᠤᠨᠢ ᠲᠤᠬᠢᠷᠠᠭᠤᠯᠤᠨ ᠵᠢᠭᠠᠨ ᠰᠤᠷᠭᠠᠵᠤ᠂ ᠰᠤᠷᠤᠭᠴᠢᠳ ᠢ ᠦᠪᠡᠷ ᠤᠨ ᠠᠳᠠᠯᠢ ᠪᠤᠰᠤ ᠰᠤᠷᠤᠯᠴᠠᠬᠤ ᠬᠡᠪ ᠨᠠᠮᠪᠠ ᠲᠠᠢ ᠪᠤᠯᠭᠠᠵᠠᠢ᠃ ᠰᠤᠷᠤᠭᠴᠢᠳ ᠤᠨ ᠶᠤᠰᠤ ᠰᠤᠷᠳᠠᠬᠤᠨ᠂ ᠤᠶᠤᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ᠂ ᠬᠦᠳᠡᠯᠮᠦᠷᠢ ᠵᠡᠷᠭᠡ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠬᠤ ᠶᠢᠨ ᠲᠦᠯᠦᠭᠡ᠂ ᠲᠡᠷᠡ ᠬᠤᠩᠭᠤᠷ ᠨᠤᠳᠤᠭ ᠤᠨ ᠢᠶᠠᠨ ᠭᠠᠵᠠᠷ ᠵᠦᠢ ᠤᠷᠴᠢᠨ ᠲᠤᠭᠤᠷᠢᠨ ᠢ ᠭᠦᠢᠴᠡᠳ ᠠᠰᠢᠭᠯᠠᠨ᠂ ᠬᠠᠨᠳᠤᠯᠭᠠᠳᠤ ᠴᠢᠨᠠᠷ ᠲᠠᠢ ᠪᠠᠷ ᠰᠤᠷᠤᠭᠴᠢᠳ ᠲᠤ ᠨᠤᠳᠤᠭ ᠤᠰᠤ ᠪᠠᠨ ᠬᠠᠶᠢᠷᠠᠯᠠᠬᠤ᠂ ᠡᠬᠡ ᠤᠷᠤᠨᠴᠢ ᠰᠡᠳᠬᠢᠯᠭᠡ ᠶᠢ ᠬᠦᠮᠦᠵᠢᠭᠦᠯᠦᠭᠰᠡᠨ ᠶᠤᠮ᠃      ᠠᠩᠭᠢ ᠶᠢᠨ ᠡᠷᠬᠢᠯᠡᠭᠴᠢ ᠪᠤᠯᠤᠭᠰᠠᠨ ᠤ ᠬᠤᠪᠢ ᠠᠴᠠ᠂ ᠲᠦᠪᠰᠢᠨᠪᠠᠶᠠᠷ ᠴᠢᠩᠭ᠎ᠠ ᠱᠠᠭᠠᠷᠳᠠᠯᠭ᠎ᠠ ᠪᠠ ᠬᠠᠶᠢᠷ᠎ᠠ ᠬᠠᠯᠠᠮᠵᠢ ᠶᠢ ᠤᠶᠠᠯᠳᠤᠭᠤᠯᠪᠠᠯ ᠰᠠᠶ᠋ᠢ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ ᠴᠢᠳᠠᠨ᠎ᠠ ᠬᠡᠳᠡᠭ ᠢ ᠤᠶᠢᠯᠠᠭᠠᠪᠠ᠃ ᠡᠶᠢᠮᠤ ᠠᠴᠠ᠂ ᠰᠤᠷᠤᠯᠭ᠎ᠠ ᠠᠮᠢᠳᠤᠷᠠᠯ ᠤᠨ ᠲᠠᠯ᠎ᠠ ᠳᠤ ᠴᠦᠮ ᠰᠤᠷᠤᠭᠴᠢᠳ  ᠢᠶᠠᠨ ᠴᠢᠩᠭ᠎ᠠ ᠪᠠᠷ ᠱᠠᠭᠠᠷᠳᠠᠨ᠂ ᠲᠠᠮᠢᠷ ᠲᠤ ᠭᠠᠷᠬᠤ ᠵᠤᠷᠰᠢᠯ᠂ ᠠᠷᠢᠭᠤᠨ ᠴᠡᠪᠡᠷ ᠤᠨ ᠵᠤᠷᠰᠢᠯ᠂ ᠬᠦᠳᠡᠯᠮᠤᠷᠢ ᠶᠢᠨ ᠵᠤᠷᠰᠢᠯ ᠵᠡᠷᠭᠡ ᠶᠢ ᠲᠤᠭᠳᠠᠭᠠᠬᠤ ᠶᠢᠨ ᠬᠠᠮᠳᠤ ︽ᠡᠷᠡᠭᠦᠯ ᠬᠠᠮᠠᠭᠠᠯᠠᠯ ᠤᠨ ᠤᠳᠤᠨ︾᠂ ︽ᠰᠠᠬᠢᠯᠭ᠎ᠠ ᠪᠠᠳᠤ ᠶᠢ ᠰᠠᠬᠢᠬᠤ ᠤᠳᠤᠨ︾᠂ ︽ᠪᠤᠯᠪᠠᠰᠤᠨ ᠤᠳᠤᠨ︾ ᠵᠡᠷᠭᠡ ᠠᠷᠭ᠎ᠠ ᠮᠠᠶ᠋ᠢᠭ ᠢᠶᠠᠷ ᠰᠤᠷᠤᠭᠴᠢᠳ ᠢ ᠤᠷᠠᠮᠰᠢᠭᠤᠯᠤᠨ ᠵᠤᠷᠢᠭᠵᠢᠭᠤᠯᠵᠤ᠂ ᠰᠤᠷᠤᠭᠴᠢ ᠨᠢᠭᠡᠪᠦᠷᠢ ᠶᠢ ︽ᠬᠠᠮᠳᠤ ᠨᠡᠶᠢᠳᠡ ᠶᠢ ᠬᠦᠨᠳᠦᠳᠭᠡᠨ᠂ ᠲᠦᠷᠢᠮ ᠲᠤᠭᠳᠠᠭᠠᠯ ᠢ ᠰᠠᠬᠢᠬᠤ︾ ᠦᠵᠡᠯ ᠰᠠᠨᠠᠭ᠎ᠠ ᠲᠠᠢ ᠪᠤᠯᠭᠠᠭᠰᠠᠨ ᠢᠶᠠᠷ ᠪᠠᠷᠠᠬᠤ ᠦᠭᠡᠢ ᠠᠩᠭᠢ ᠨᠢᠭᠡᠴᠡ ᠳᠤᠨᠢ ᠴᠦ  ᠰᠠᠶᠢᠨ ᠰᠠᠶᠢᠬᠠᠨ ᠲᠦᠷᠢ ᠲᠦᠷᠰᠦ ᠶᠢ ᠪᠤᠢ ᠪᠤᠯᠭᠠᠵᠠᠢ᠃ ᠬᠤᠩᠭᠤᠷ ᠮᠤᠩᠭᠤᠯ ᠰᠤᠷᠭᠠᠭᠤᠯᠢ ᠨᠢ ᠪᠤᠶᠢᠳᠠ ᠪᠦᠭᠯᠡᠭᠦᠦ ᠭᠠᠵᠠᠷ ᠪᠠᠶᠢᠭ᠎ᠠ ᠤᠴᠢᠷ ᠠᠴᠠ ᠮᠠᠰᠢ ᠤᠯᠠᠨ ᠬᠡᠦᠭᠡᠳ ᠪᠠᠶᠢᠷᠢ ᠳᠤ ᠰᠠᠭᠤᠬᠤ ᠦᠭᠡᠢ ᠪᠠᠶᠢᠬᠤ ᠶᠢᠨ ᠠᠷᠭ᠎ᠠ ᠦᠭᠡᠢ ᠠᠴᠠ ᠬᠡᠦᠭᠡᠳ  ᠤᠳ ᠲᠤ ᠦᠪᠡᠷ ᠤᠨ ᠬᠡᠷ ᠤᠨ ᠰᠢᠭ ᠬᠠᠯᠠᠭᠤᠨ ᠲᠤᠯᠠᠭᠠᠨ ᠬᠠᠶᠢᠷ᠎ᠠ ᠬᠠᠯᠠᠮᠵᠢ ᠶᠢ ᠰᠠᠨᠠᠭᠳᠠᠭᠤᠯᠬᠤ ᠶᠢᠨ ᠲᠦᠯᠦᠭᠡ᠂ ᠲᠦᠪᠰᠢᠨᠪᠠᠶᠠᠷ ᠪᠠᠶᠢᠷᠢ ᠳᠤ ᠰᠠᠭᠤᠵᠤ ᠪᠠᠶᠢᠭ᠎ᠠ ᠰᠤᠷᠤᠭᠴᠢᠳ ᠢᠶᠠᠨ ᠤᠨᠴᠠᠭᠠᠢ ᠬᠠᠮᠠᠯᠵᠢᠯᠠᠵᠤ᠂ ᠦᠷᠭᠦᠯᠵᠢ ᠰᠤᠷᠤᠭᠴᠢ ᠶᠢᠨ ᠪᠠᠶᠢᠷᠢ ᠳᠤᠨᠢ ᠬᠦᠷᠴᠦ ᠲᠡᠳᠡᠨ ᠲᠠᠢ ᠵᠤᠭᠤᠭᠳᠠᠨ᠂ ᠲᠡᠳᠡᠨ ᠤ ᠰᠤᠷᠤᠯᠭ᠎ᠠ᠂ ᠠᠮᠢᠳᠤᠷᠠᠯ ᠵᠢᠴᠢ ᠰᠡᠳᠬᠢᠯ ᠰᠠᠨᠠᠭ᠎ᠠ ᠶᠢ ᠨᠢ ᠬᠠᠯᠠᠮᠵᠢᠯᠠᠵᠤ᠂ ᠡᠳᠡᠭᠡᠷ ᠬᠡᠦᠬᠡᠳ ᠤᠳ ᠲᠤ ᠦᠪᠡᠷ ᠤᠨ ᠢᠶᠠᠨ ᠬᠦᠨ ᠵᠤᠵᠠᠭᠠᠨ ᠬᠠᠶᠢᠷ᠎ᠠ ᠰᠡᠳᠬᠢᠯᠭᠡ ᠪᠠᠨ ᠡᠷᠭᠦᠳᠡᠭ ᠪᠢᠯᠡ᠃ ᠲᠦᠪᠰᠢᠨᠪᠠᠶᠠᠷ ᠤᠨ ᠬᠠᠷᠢᠭᠤᠴᠠᠭᠰᠠᠨ ᠠᠩᠭᠢ ᠶᠢᠨ ᠨᠢᠭᠡ ᠡᠮᠡᠭᠳᠠᠢ ᠰᠤᠷᠤᠭᠴᠢ  ᠶᠢᠨ ᠡᠴᠢᠭᠡ ᠡᠬᠡ ᠨᠢ ᠭᠠᠳᠠᠭᠰᠢ ᠭᠠᠷᠴᠦ ᠬᠦᠯᠦᠰᠦᠨ ᠠᠵᠢᠯ ᠬᠢᠭᠡᠳ ᠭᠡᠷ ᠲᠡᠭᠡᠨ ᠦᠨᠳᠦᠰᠦᠨ ᠳᠡᠭᠡᠨ ᠬᠠᠷᠢᠬᠤ ᠦᠭᠡᠢ ᠪᠠᠶᠢᠳᠠᠭ᠂ ᠲᠡᠷᠡ ᠬᠡᠦᠬᠡᠳ ᠨᠠᠭᠠᠴᠦ ᠡᠮᠡᠭᠡ ᠲᠠᠢ ᠪᠠᠨ ᠬᠠᠮᠳᠤ ᠠᠮᠢᠳᠤᠷᠠᠵᠤ᠂ ᠡᠴᠢᠭᠡ ᠡᠬᠡ ᠪᠠᠨ ᠬᠡᠳᠦᠷᠭᠡᠢ ᠰᠠᠨᠠᠵᠤ ᠮᠦᠷᠦᠭᠡᠳᠦᠭᠰᠡᠨ ᠠᠴᠠ ᠪᠤᠯᠵᠤ᠂ ᠶᠠᠪᠤᠬᠤ ᠲᠤᠳᠤᠮ ᠦᠭᠡ ᠲᠠᠭᠤ ᠴᠦᠭᠡᠨ ᠪᠤᠯᠵᠤ᠂ ᠠᠩᠭᠢ ᠳᠠᠭᠠᠨ ᠴᠦ ᠬᠠᠮᠳᠤ ᠨᠦᠬᠦᠳ ᠲᠠᠢ ᠪᠠᠨ ᠦᠭᠡ ᠶᠠᠷᠢᠬᠤ ᠦᠭᠡᠢ᠂ ᠶᠠᠪᠤᠳᠠᠯ ᠪᠦᠬᠦᠨ ᠠᠴᠠ ᠵᠢᠷᠦᠭᠡᠰᠢᠶᠡᠬᠦ ᠪᠤᠯᠵᠠᠢ᠃ ᠡᠳᠡᠭᠡᠷ ᠪᠠᠶᠢᠳᠠᠯ ᠢ ᠤᠶᠢᠯᠠᠭᠠᠭᠰᠠᠨ ᠤ ᠲᠠᠷᠠᠭ᠎ᠠ᠂ ᠲᠦᠪᠰᠢᠨᠪᠠᠶᠠᠷ ᠰᠠᠨᠠᠭᠠᠴᠢᠯᠠᠭ᠎ᠠ ᠠᠴᠠ ᠪᠠᠨ ᠲᠡᠭᠦᠨ ᠲᠠᠢ ᠶᠠᠷᠢᠯᠴᠠᠵᠤ᠂ ᠲᠡᠭᠦᠨ ᠢ ᠠᠩᠭᠢ ᠶᠢᠨ ᠺᠠᠳ᠋ᠷ ᠪᠤᠯᠭᠠᠵᠤ᠂ ᠠᠭᠠᠵᠢᠮ ᠢᠶᠠᠷ ᠡᠨᠡ ᠬᠡᠦᠬᠡᠳ ᠦᠭᠡ ᠤᠯᠠᠨ ᠲᠠᠢ ᠢᠨᠢᠶᠡᠵᠤ ᠨᠠᠭᠠᠳᠬᠤ ᠲᠤᠷᠠᠳᠠᠢ ᠪᠤᠯᠵᠤ᠂ ᠰᠤᠷᠤᠯᠭ᠎ᠠ ᠶᠢᠨ ᠬᠢᠷᠢ ᠪᠦᠳᠦᠮᠵᠢ ᠨᠢ ᠴᠦ ᠢᠯᠡᠳᠳᠡ ᠲᠡᠭᠡᠭᠰᠢᠯᠡᠭᠦᠯᠦᠭᠰᠡᠨ ᠪᠠᠶᠢᠨ᠎ᠠ᠃ ᠬᠤᠵᠢᠮ  ᠨᠢ᠂ ᠬᠡᠦᠬᠡᠳ ᠤᠨ ᠨᠠᠭᠠᠴᠦ ᠡᠮᠡᠭᠡ ᠨᠢ ᠲᠤᠰᠬᠠᠶᠢᠯᠠᠨ ᠰᠤᠷᠭᠠᠭᠤᠯᠢ ᠳᠤ ᠢᠷᠡᠵᠤ ᠲᠦᠪᠰᠢᠨᠪᠠᠶᠠᠷ ᠤᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠯ ᠢᠶᠠᠨ ᠲᠡᠪᠰᠢᠭᠦᠯᠪᠡ᠃        ᠵᠢᠭᠠᠨ ᠰᠤᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠬᠦ ᠶᠢᠨ ᠲᠦᠯᠦᠭᠡ᠂ ᠲᠦᠪᠰᠢᠨᠪᠠᠶᠠᠷ ᠮᠠᠰᠢ ᠤᠯᠠᠨ ᠬᠦᠴᠢᠷ ᠪᠡᠷᠭᠡᠰᠢᠶᠡᠯ ᠢ ᠢᠯᠡᠨ ᠲᠠᠪᠠᠵᠤ᠂ ᠭᠡᠷ ᠲᠡᠭᠡᠨ ᠬᠠᠷᠢᠵᠤ ᠨᠢᠯᠬ᠎ᠠ ᠬᠡᠦᠭᠡᠳ ᠢᠶᠠᠨ ᠬᠠᠷᠠᠭᠠᠯᠵᠠᠵᠤ ᠴᠢᠳᠠᠬᠤ ᠦᠭᠡᠢ᠂ ᠬᠦᠳᠡᠭᠡ ᠳᠡᠭᠡᠨ ᠬᠠᠷᠢᠵᠤ ᠨᠠᠰᠤᠨ ᠦᠨᠳᠦᠷ ᠪᠤᠯᠤᠭᠰᠠᠨ ᠡᠵᠢ ᠠᠪᠤ ᠪᠠᠨ ᠴᠦ ᠡᠷᠬᠢᠵᠤ ᠦᠵᠡᠵᠤ ᠴᠢᠳᠠᠬᠤ ᠦᠭᠡᠢ ᠪᠤᠯᠵᠠᠢ᠃ ᠲᠦᠪᠰᠢᠨᠪᠠᠶᠠᠷ᠄ ︽ᠠᠪᠤ ᠡᠵᠢ ᠶᠢᠨ ᠢᠶᠠᠨ ᠪᠤᠭᠤᠷᠤᠯ ᠦᠰᠦ᠂ ᠲᠤᠷᠠᠩᠬᠠᠢ ᠪᠠᠶ᠎ᠠ ᠶᠢ ᠬᠠᠷᠠᠭᠠᠳ᠂ ᠰᠡᠳᠬᠢᠯ ᠵᠢᠷᠤᠬᠡ ᠮᠢᠨᠢ ᠰᠢᠮᠰᠢᠷᠡᠬᠦ ᠶᠤᠮ︾ ᠬᠡᠪᠡᠴᠦ ᠲᠦᠪᠰᠢᠨᠪᠠᠶᠠᠷ ᠶᠡᠷᠦ ᠨᠢ ᠬᠡᠮᠰᠢᠵᠤ ᠦᠩᠭᠡᠷᠡᠭᠡ ᠦᠭᠡᠢ᠂ ᠲᠡᠷᠡ᠄ ︽ᠪᠠᠭᠰᠢ ᠬᠦᠮᠦᠨ ᠡᠷᠭᠡᠪᠰᠢ ᠶᠡᠭᠡ ᠬᠡᠮᠵᠢᠶᠠᠨ ᠤ ᠴᠠᠭ ᠪᠠ ᠤᠶᠤᠨ ᠴᠢᠳᠠᠯ ᠢᠶᠠᠨ ᠵᠠᠷᠤᠴᠠᠭᠤᠯᠵᠤ ᠂ ᠰᠤᠷᠭᠠᠭᠤᠯᠢ ᠶᠢ ᠬᠤᠶᠠᠳᠠᠬᠢ ᠬᠡᠷ ᠢᠶᠠᠨ ᠪᠤᠯᠭᠠᠵᠤ᠂ ᠰᠤᠷᠤᠭᠴᠢᠳ ᠢᠶᠠᠨ ᠦᠪᠡᠷ ᠤᠨ ᠬᠡᠦᠭᠡᠳ ᠢᠶᠠᠨ ᠰᠢᠭ ᠦᠵᠡᠵᠤ᠂ ᠴᠢᠳᠠᠯ ᠤᠨ ᠬᠢᠷᠢ ᠪᠠᠷ ᠢᠶᠠᠨ ᠦᠪᠡᠷ ᠤᠨ ᠠᠪᠢᠶᠠᠰ ᠴᠢᠳᠠᠪᠤᠷᠢ ᠪᠠᠨ ᠪᠠᠳᠠᠷᠠᠭᠤᠯᠵᠤ ᠪᠠᠶᠢᠬᠤ ᠴᠢᠬᠤᠯᠠᠳᠠᠢ ︾ ᠬᠡᠵᠤ ᠪᠠᠶᠢᠯ᠎ᠠ᠃        ᠦᠨᠳᠦᠰᠦᠨ ᠱᠠᠳᠤᠨ ᠤ ᠰᠤᠷᠭᠠᠨ ᠬᠦᠮᠦᠵᠢᠯ ᠤᠨ ᠠᠵᠢᠯᠳᠠᠨ ᠪᠤᠯᠤᠭᠰᠠᠨ ᠤ ᠬᠤᠪᠢ ᠳᠤ᠂ ᠲᠦᠪᠰᠢᠨᠪᠠᠶᠠᠷ ᠵᠢᠭᠠᠨ ᠰᠤᠷᠭᠠᠯᠳᠠ ᠶᠢᠨ ᠠᠵᠢᠯ ᠳᠠᠭᠠᠨ ᠦᠴᠦᠬᠡᠨ ᠴᠦ ᠬᠤᠶᠢᠷᠭᠤᠰᠢᠯ ᠦᠭᠡᠢ ᠵᠢᠳᠬᠦᠵᠤ ᠶᠠᠪᠤᠨ᠎ᠠ᠂ ᠢᠷᠡᠭᠡᠳᠦᠢ ᠶᠢᠨ ᠵᠠᠮ ᠪᠠᠰᠠ ᠤᠷᠳᠤ ᠬᠡᠳᠡᠭ ᠢ ᠲᠡᠷᠡ ᠰᠠᠶᠢᠨ ᠮᠡᠳᠡᠨ᠎ᠡ᠃ ᠲᠡᠷᠡ᠂ ᠬᠤᠶᠢᠰᠢᠳᠠ ᠶᠢᠨ ᠠᠵᠢᠯ ᠲᠤᠮᠳᠠ ᠪᠠᠨ ᠭᠤᠷᠪᠠᠨ ᠲᠤᠬᠤᠢ ᠬᠢᠴᠢᠶᠡᠯ ᠤᠨ ᠲᠠᠶᠢᠰᠠᠨ ᠲᠡᠭᠡᠷ᠎ᠡ ᠰᠢᠷᠭᠠᠭᠤ ᠬᠠᠳᠠᠭᠤᠵᠢᠯᠳᠠᠢ ᠠᠵᠢᠯᠯᠠᠵᠤ᠂ ᠰᠢᠨ᠎ᠡ  ᠶᠢ ᠡᠭᠦᠳᠬᠦ ᠵᠠᠮ ᠰᠦᠪᠡᠭᠴᠢᠯᠡᠨ᠂ ᠰᠤᠷᠭᠠᠨ ᠬᠦᠮᠦᠵᠢᠯ ᠦᠢᠯᠡᠰ ᠲᠤ ᠦᠴᠦᠭᠡᠨ ᠴᠦ ᠬᠡᠰᠡᠨ ᠬᠤᠪᠢ ᠨᠡᠮᠡᠷᠢ ᠪᠠᠨ ᠦᠵᠡᠭᠦᠯᠦᠨ᠎ᠡ ᠬᠡᠵᠤ ᠪᠠᠶᠢᠯ᠎ᠠ᠃
 
ᠢᠷᠡᠯᠲᠡ᠄ ᠤᠯᠠᠭᠠᠨᠴᠠᠪ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2