ᠬᠤᠶᠠᠷ ᠦᠬᠡᠢ ᠵᠢᠳᠬᠦᠭᠰᠡᠨ ᠬᠤᠶᠠᠷ ᠵᠢᠯ
ᠨᠡᠶᠢᠲᠡᠯᠡᠭᠰᠡᠨ ᠴᠠᠭ᠄
2019-09-24
                — ᠦᠪᠡᠷᠲᠡᠭᠡᠨ ᠵᠠᠰᠠᠬᠤ ᠤᠷᠤᠨ ᠤ ᠲᠦᠷᠪᠡᠳ ᠬᠤᠰᠢᠭᠤᠨ ᠳᠤ ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠠᠷᠤᠩᠭᠡᠢ ᠠᠩᠬᠢ ᠶᠢ ᠲᠡᠮᠳᠡᠭᠯᠡᠪᠡ     ︽︿ᠡᠮ᠎ᠠ ᠬᠤᠨᠢ ᠶᠢᠨ ᠪᠠᠩᠬᠢ﹀ ᠵᠡᠷᠭᠡ ᠶᠠᠳᠠᠭᠤ ᠶᠢ ᠲᠡᠤᠡᠬᠦᠬᠦ ᠠᠷᠭ᠎ᠠ ᠶᠢ ᠪᠤᠲᠠᠲᠠᠢ ᠬᠡᠷᠡᠭᠵᠢᠭᠦᠯᠬᠦ ᠶᠠᠪᠤᠴᠠ ᠳᠤ ᠠᠩᠬ᠎ᠠ ᠡᠬᠢᠨ ᠳᠡᠭᠡᠨ ᠪᠢᠳᠡ ᠲᠦᠷᠤ ᠶᠢᠨ ᠪᠤᠳᠤᠯᠭ᠎ᠠ ᠶᠢᠨ ᠨᠡᠷᠢᠨ ᠵᠦᠢᠯᠠᠰ ᠢ ᠤᠢᠢᠯᠠᠭᠠᠬᠤ ᠦᠭᠡᠢ ᠪᠠᠶᠢᠵᠠᠢ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠠᠷᠤᠩᠬᠡᠢ ᠠᠩᠬᠢ ᠦᠷᠭᠦᠯᠵᠢ ᠲᠤᠰᠬᠤᠨ ᠳᠤ ᠢᠷᠡᠵᠤ᠂ ᠤᠯᠠᠨ ᠲᠠᠯ᠎ᠠ ᠪᠠᠷ ᠵᠢᠭᠠᠨ ᠵᠢᠯᠤᠭᠤᠳᠤᠭᠰᠠᠨ ᠠᠴᠠ ᠠᠷᠭ᠎ᠠ ᠤᠬᠠᠭᠠᠨ ᠢ ᠨᠢ ᠤᠯᠤᠭᠰᠠᠨ ᠶᠤᠮ︾ ᠬᠡᠵᠤ ᠲᠦᠷᠪᠡᠳ ᠬᠤᠰᠢᠭᠤᠨ ᠤ ᠬᠤᠵᠢᠷᠲᠤ ᠰᠢᠶᠠᠩ ᠤᠨ ᠮᠢᠶᠤᠤ ᠭᠸᠤ ᠲᠤᠰᠬᠤᠨ ᠳᠤ ᠰᠠᠭᠤᠭ᠎ᠠ ᠨᠢᠭᠡᠳᠤᠭᠡᠷ ᠱᠦᠵᠢ ᠬᠦᠸᠧ ᠶᠠᠨ ᠯᠦᠡᠭ ᠶᠠᠷᠢᠨ᠎ᠠ᠃     ᠦᠪᠡᠷᠲᠡᠭᠡᠨ ᠵᠠᠰᠠᠬᠤ ᠤᠷᠤᠨ ᠤ ᠨᠢᠭᠡᠳᠤᠯᠲᠠᠢ ᠲᠤᠬᠢᠷᠠᠭᠤᠯᠭ᠎ᠠ ᠪᠠᠷ 2017 ᠤᠨ ᠤ 5 ᠰᠠᠷ᠎ᠠ ᠳᠤ ᠦᠪᠡᠷᠲᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠠᠷᠤᠩᠭᠡᠢ ᠠᠩᠬᠢ ᠶᠢᠨ ᠬᠢᠨ ᠲᠦᠷᠪᠡᠳ ᠬᠤᠰᠢᠭᠤᠨ ᠳᠤ ᠢᠷᠡᠵᠤ ᠰᠠᠭᠤᠪᠠ᠃ ᠲᠡᠳᠡ ᠢᠷᠡᠭᠰᠡᠨ ᠴᠠᠭ ᠠᠴᠠ ᠪᠠᠨ ᠡᠬᠢᠯᠡᠨ ᠶᠠᠳᠠᠭᠤ ᠬᠦᠴᠢᠷᠳᠠᠯᠲᠠᠢ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ᠂ ᠮᠠᠯᠵᠢᠬᠤ ᠲᠠᠷᠢᠶᠠᠯᠠᠬᠤ ᠡᠷᠤᠭᠡ ᠪᠠᠷ ᠬᠦᠨᠵᠡᠭᠡᠶᠢᠷᠡᠵᠤ᠂ ᠪᠠᠶᠢᠴᠠᠭᠠᠨ ᠰᠤᠳᠤᠯᠤᠯᠲᠠ ᠬᠢᠵᠤ ᠪᠠᠶᠢᠳᠠᠯ ᠢ ᠤᠢᠢᠯᠠᠭᠠᠨ ᠤᠷᠤᠰᠢᠵᠤ ᠪᠠᠶᠢᠭ᠎ᠠ ᠠᠰᠠᠭᠤᠳᠠᠯ ᠢ ᠢᠯᠡᠷᠡᠭᠦᠯᠦᠨ ᠰᠢᠢᠳᠪᠤᠷᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠨ ᠠᠵᠢᠯ ᠤᠨ ᠭᠤᠤᠯᠳᠠᠯᠭ᠎ᠠ ᠪᠠᠨ ᠠᠷᠠᠳ ᠤᠯᠠᠨ ᠤ ᠪᠤᠲᠠᠲᠠᠢ ᠬᠦᠴᠢᠷᠳᠠᠯ ᠢ ᠰᠢᠢᠳᠪᠤᠷᠢᠯᠠᠬᠦ ᠲᠡᠭᠡᠷ᠎ᠠ ᠲᠠᠯᠪᠢᠵᠤ᠂ ᠬᠠᠮᠢᠭ᠎ᠠ ᠬᠦᠴᠢᠷ ᠪᠠᠶᠢᠪᠠᠯ ᠲᠡᠨᠳᠡ ᠬᠦᠷᠴᠦ᠂ ᠲᠤᠬᠠᠢ ᠶᠢᠨ ᠭᠠᠵᠠᠷ ᠤᠨ ᠶᠠᠳᠠᠭᠤ ᠠᠴᠠ ᠠᠩᠬᠢᠵᠢᠷᠡᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠬᠦᠴᠦᠲᠠᠢ ᠠᠬᠢᠭᠤᠯᠤᠭᠰᠠᠨ ᠪᠠᠶᠢᠨ᠎ᠠ᠃     ᠤᠤᠭᠤᠬᠤ ᠤᠰᠤᠨ ᠤ ᠠᠰᠠᠭᠤᠳᠠᠯ ᠢ ᠰᠢᠢᠳᠪᠤᠷᠢᠯᠠᠵᠤ ᠠᠷᠠᠳ ᠤᠨ ᠰᠡᠳᠬᠢᠯ ᠢ ᠲᠠᠶᠢᠪᠤᠰᠢᠷᠠᠭᠤᠯᠪᠠ     ᠲᠦᠷᠪᠡᠳ ᠬᠤᠰᠢᠭᠤᠨ ᠤ ᠬᠦᠡᠭ ᠵᠢᠢ ᠲᠠᠩ ᠪᠠᠯᠭᠠᠰᠤ ᠶᠢᠨ ᠠᠮᠦᠨ ᠤᠰᠤ ᠲᠤᠰᠬᠤᠨ ᠤ ᠰᠢᠨ᠎ᠠ ᠪᠠᠷ ᠪᠠᠶᠢᠭᠤᠯᠤᠭᠰᠠᠨ ᠬᠤᠨᠭ᠌ ᠱᠠᠨ ᠽᠢ ᠨᠡᠭᠦᠳᠡᠯ ᠠᠷᠠᠳ ᠤᠨ ᠲᠤᠰᠬᠤᠨ ᠳᠤ ᠬᠦᠷᠬᠦ ᠳᠤ᠂ ᠨᠢᠭᠡᠨᠲᠡ ᠨᠡᠭᠦᠵᠦ ᠤᠷᠤᠭᠰᠠᠨ 49 ᠡᠷᠤᠬᠡ ᠶᠢᠨ ᠴᠡᠪᠡᠷ ᠲᠤᠬᠢᠯᠢᠭ ᠭᠡᠷ ᠪᠠᠶᠢᠰᠢᠩ ᠮᠦᠷ ᠮᠦᠷ ᠢᠶᠠᠷ ᠵᠢᠭᠳᠡᠷᠡᠨ᠎ᠠ᠃ 69 ᠨᠠᠰᠤᠲᠠᠢ ᠲᠠᠢ ᠨᠢᠦ ᠷᠦᠡᠭ ᠬᠦᠯ ᠨᠢᠷᠤᠭᠤᠨ ᠤ ᠡᠪᠡᠳᠴᠢᠨ ᠠᠴᠠ ᠪᠤᠯᠵᠤ ᠶᠠᠪᠤᠵᠤ ᠰᠠᠭᠤᠬᠤ ᠳᠤ ᠲᠦᠭᠦᠮ ᠦᠭᠡᠢ ᠪᠤᠯᠵᠠᠢ᠃ ᠲᠡᠷᠡ᠄ ︽ᠡᠮᠴᠢ ᠮᠢᠨᠤ ᠬᠦᠯ ᠤᠨ ᠡᠪᠡᠳᠴᠢᠨ ᠢ ᠹᠯᠦᠷ ᠤᠨ ᠬᠤᠤᠷᠳᠡᠯ ᠠᠴᠠ ᠪᠤᠯᠤᠭᠰᠠᠨ ᠶᠠᠰᠤᠨ ᠤ ᠡᠪᠡᠳᠴᠢᠨ ᠭᠡᠵᠤ ᠤᠨᠤᠰᠢᠯᠠᠵᠤ᠂ ᠹᠯᠤᠷ ᠶᠡᠬᠡᠳᠠᠢ ᠬᠤᠳᠳᠤᠭ ᠤᠨ ᠤᠰᠤ ᠤᠤᠭᠤᠭᠰᠠᠨ ᠠᠴᠠ ᠪᠤᠯᠤᠭᠰᠠᠨ ᠶᠤᠮ ᠬᠡᠨ᠎ᠠ᠃ ᠵᠢᠯ ᠤᠨ ᠡᠬᠢ ᠪᠠᠷ ᠪᠠᠯᠭᠠᠰᠤᠨ ᠠᠴᠠ ᠮᠠᠨ ᠳᠤ ᠤᠰᠤ ᠴᠡᠪᠡᠷᠰᠢᠭᠦᠯᠬᠦ ᠲᠦᠭᠦᠭᠡᠷᠦᠮᠵᠢ ᠤᠭᠰᠠᠷᠠᠵᠤ ᠦᠭᠭᠦᠭᠰᠡᠨ᠂ ᠮᠠᠰᠢᠨ ᠪᠦᠷᠢ ᠨᠢ 3000 ᠭᠠᠷᠤᠢ ᠲᠦᠭᠦᠷᠢᠭ ᠬᠡᠨ᠎ᠠ ᠰᠢᠤ︕ ᠤᠤᠯ ᠤᠨ ᠤᠤᠭᠤᠵᠤ ᠪᠠᠶᠢᠭᠰᠠᠨ ᠤᠰᠤ ᠪᠤᠯᠠᠩᠬᠢᠷ ᠲᠠᠢ ᠪᠦᠭᠡᠳ ᠡᠪᠡᠬᠦᠨ᠂ ᠤᠳᠤ ᠲᠤᠩᠭᠠᠯᠠᠭ ᠪᠦᠭᠡᠳ ᠲᠠᠰᠢᠭᠤᠨ ᠠᠮᠲᠠᠲᠠᠢ ᠪᠤᠯᠪᠠ︾ ᠬᠡᠵᠤ ᠶᠠᠷᠢᠬᠤ ᠶᠢᠨ ᠲᠠᠭᠠᠤ ᠤᠰᠤ ᠴᠡᠪᠡᠷᠰᠢᠭᠦᠯᠬᠦ ᠲᠦᠭᠦᠭᠡᠷᠦᠮᠵᠢ ᠪᠠᠨ ᠮᠠᠨ ᠳᠤ ᠦᠵᠡᠭᠦᠯᠤᠨ᠎ᠠ᠃ ︽ᠡᠨᠡ ᠬᠦ ᠠᠵᠢᠯ ᠪᠤᠯ ᠡᠨᠡ ᠵᠢᠯ ᠤᠨ ᠬᠠᠮᠤᠭ ᠤᠨ ᠬᠦᠴᠢᠷ ᠲᠠᠢ ᠠᠵᠢᠯ ᠪᠤᠯᠤᠨ᠎ᠠ᠂ ᠬᠦᠡᠭ ᠵᠢᠢ ᠲᠠᠩ ᠪᠠᠯᠭᠠᠰᠤ ᠶᠢᠨ 30 ᠲᠤᠰᠬᠤᠨ ᠤ 1000 ᠭᠠᠷᠤᠢ ᠡᠷᠤᠬᠡ ᠲᠠᠢ ᠬᠤᠯᠪᠤᠭᠳᠠᠵᠤ᠂ ᠤᠳᠤ ᠨᠢᠭᠡᠨᠲᠡ ᠨᠢᠭᠡ ᠪᠦᠯᠦᠭ ᠢ ᠨᠢ ᠰᠢᠢᠳᠪᠤᠷᠢᠯᠡᠴᠢᠬᠡᠪᠠ᠂ 8 ᠰᠠᠷ᠎ᠠ ᠶᠢᠨ ᠰᠡᠭᠦᠯᠴᠢ ᠪᠤᠯᠲᠠᠯ᠎ᠠ ᠪᠦᠬᠦᠨ ᠢ ᠰᠢᠢᠳᠪᠤᠷᠢᠯᠡᠬᠦ ᠪᠠᠷ ᠪᠤᠢ︾ ᠬᠡᠵᠤ ᠲᠦᠷᠪᠡᠳ ᠬᠤᠰᠢᠭᠤᠨ ᠳᠤ ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠠᠷᠤᠩᠭᠡᠢ ᠠᠩᠬᠢ ᠶᠢᠨ ᠲᠡᠳ᠋ ᠲᠠᠷᠤᠭ᠎ᠠ ᠴᠧᠨ ᠵᠢᠩ ᠬᠠᠢ ᠶᠠᠷᠢᠨ᠎ᠠ᠃ ᠬᠦᠡᠭ ᠵᠢᠢ ᠲᠠᠩ ᠪᠠᠯᠭᠠᠰᠤ ᠶᠢᠨ 12 ᠲᠤᠰᠬᠤᠨ ᠳᠤ ᠨᠡᠶᠢᠳᠡ 1075 ᠡᠷᠤᠬᠡ ᠶᠢᠨ 2448 ᠶᠠᠳᠠᠭᠤ ᠬᠦᠴᠢᠷᠳᠠᠯᠲᠠᠢ ᠬᠦᠮᠦᠨ ᠠᠮᠠ ᠪᠤᠢ᠂ ᠡᠬᠦᠨ ᠳᠤ ᠤᠯᠠᠩᠬᠢ ᠨᠢ ᠬᠦᠯ ᠨᠢᠷᠤᠭᠤᠨ ᠤ ᠡᠪᠡᠳᠴᠢᠨ ᠳᠤ ᠨᠡᠷᠪᠡᠭᠳᠡᠨ ᠬᠦᠳᠡᠯᠮᠤᠷᠢᠯᠡᠬᠦ ᠴᠢᠳᠠᠪᠤᠷᠢ ᠪᠠᠨ ᠠᠯᠳᠠᠪᠠ᠃ ᠶᠠᠷᠤᠩᠭᠡᠢ ᠠᠩᠬᠢ ᠶᠢᠨ ᠬᠢᠨ ᠡᠷᠤᠬᠡ ᠪᠠᠷ ᠬᠦᠨᠵᠡᠭᠡᠶᠢᠷᠡᠬᠦ ᠶᠠᠪᠤᠴᠠ ᠳᠤ ᠤᠤᠭᠤᠬᠤ ᠤᠰᠤᠨ ᠤ ᠠᠮᠤᠷ ᠲᠦᠪᠰᠢᠨ ᠤ ᠡᠨᠡ ᠬᠦ ᠬᠦᠨᠳᠤ ᠨᠤᠴᠢᠳᠠᠢ ᠪᠠᠶᠢᠳᠠᠯ ᠢ ᠤᠢᠢᠯᠠᠭᠠᠭᠰᠠᠨ ᠤ ᠲᠠᠷᠠᠭ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠤᠬᠢᠴᠠᠭᠤᠯᠵᠤ᠂ ᠬᠦᠡᠭ ᠵᠢᠢ ᠲᠠᠩ ᠪᠠᠯᠭᠠᠰᠤ 87 ᠪᠠᠶᠢᠭᠠᠯᠢᠯᠢᠭ ᠲᠤᠰᠬᠤᠨ ᠤ ᠤᠤᠭᠤᠬᠤ ᠤᠰᠤ ᠠᠴᠠ ᠨᠢᠭᠡᠳ ᠨᠢᠭᠡ ᠪᠠᠷ ᠦᠯᠢᠬᠡᠷ ᠶᠠᠩᠵᠤ ᠠᠪᠴᠤ᠂ ᠡᠪᠡᠳᠴᠢᠨ ᠠᠴᠠ ᠪᠤᠯᠵᠤ ᠶᠠᠳᠠᠭᠤᠷᠠᠭᠰᠠᠨ 278 ᠮᠠᠯᠴᠢᠨ ᠲᠠᠷᠢᠶᠠᠴᠢᠨ ᠤ ᠪᠠᠶᠢᠳᠠᠯ ᠢ ᠨᠠᠷᠢᠯᠢᠭ ᠤᠢᠢᠯᠠᠭᠠᠭᠰᠠᠨ ᠪᠠᠶᠢᠨ᠎ᠠ᠃ ᠬᠢᠨᠠᠨ ᠰᠢᠯᠭᠠᠬᠤ ᠪᠠᠷ ᠲᠠᠮᠵᠢᠨ ᠦᠯᠢᠬᠡᠷ ᠶᠠᠩᠵᠤ ᠠᠪᠤᠭᠰᠠᠨ ᠤᠤᠭᠤᠬᠤ ᠤᠰᠤᠨ ᠤ 72.4% ᠳᠤᠨᠢ ᠹᠯᠤᠷ ᠤᠨ ᠠᠭᠤᠯᠤᠭᠳᠠᠴᠠ ᠪᠠᠷᠢᠮᠵᠢᠶ᠎ᠠ ᠠᠴᠠ ᠲᠠᠪᠠᠵᠤ᠂ ᠹᠯᠤᠷ ᠤᠨ ᠬᠤᠤᠷᠳᠠᠯ ᠠᠴᠠ ᠪᠤᠯᠤᠭᠰᠠᠨ ᠶᠠᠰᠤᠨ ᠤ ᠡᠪᠡᠳᠴᠢᠳᠡᠨ ᠪᠦᠬᠦ ᠬᠦᠮᠦᠨ ᠠᠮᠠ ᠶᠢᠨ 1.5% ᠶᠢ ᠡᠵᠡᠯᠡᠵᠤ᠂ ᠤᠷᠲᠤ ᠬᠤᠭᠤᠴᠠᠭ᠎ᠠ ᠪᠠᠷ ᠹᠯᠤᠷ ᠵᠡᠬᠡᠳᠠᠢ ᠤᠰᠤ ᠤᠤᠭᠤᠭᠰᠠᠨ ᠶᠠᠪᠤᠳᠠᠯ ᠪᠤᠯ ᠲᠤᠬᠠᠢ ᠶᠢᠨ ᠭᠠᠵᠠᠷ ᠤᠨ ᠬᠦᠮᠦᠰ ᠤᠨ ᠬᠦᠯ ᠨᠢᠷᠤᠭᠤᠨ ᠤ ᠡᠪᠡᠳᠴᠢᠨ ᠳᠤ ᠨᠡᠷᠪᠡᠭᠳᠡᠭᠰᠡᠨ ᠭᠤᠤᠯ ᠰᠢᠯᠲᠠᠭᠠᠨ ᠪᠤᠯᠬᠤ ᠶᠢ ᠲᠤᠳᠤᠯᠠᠵᠠᠢ᠃ ᠶᠠᠷᠤᠩᠬᠡᠢ ᠠᠩᠬᠢ ᠶᠢᠨ ᠬᠢᠨ ᠲᠠᠷᠦ᠋ᠢᠬᠠᠨ ᠪᠠᠶᠢᠴᠠᠭᠠᠨ ᠰᠤᠳᠤᠯᠤᠯᠲᠠ ᠶᠢᠨ ᠦᠷ᠎ᠠ ᠳ᠋ᠦᠡᠭ ᠢᠶᠠᠨ ᠮᠡᠳᠡᠭᠦᠯᠦᠯᠲᠠ ᠪᠤᠯᠭᠠᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠮᠡᠳᠡᠭᠦᠯᠪᠡ᠃ ᠡᠬᠦᠨ ᠤ ᠬᠠᠮᠲᠤ ᠪᠦᠬᠦ ᠬᠤᠰᠢᠭᠤᠨ ᠤ ᠤᠤᠭᠤᠬᠤ ᠤᠰᠤᠨ ᠤ ᠢᠨᠵᠧᠨᠧᠷᠢᠩ ᠳᠤ ᠤᠰᠤᠨ ᠤ ᠴᠢᠨᠡᠷ ᠤᠨ ᠪᠦᠬᠦ ᠲᠠᠯ᠎ᠠ ᠶᠢᠨ ᠪᠠᠶᠢᠴᠠᠭᠠᠯᠲᠠ ᠬᠢᠵᠤ᠂ ᠬᠢᠷᠢ ᠲᠡᠩᠴᠡᠬᠦ ᠦᠭᠡᠢ ᠤᠰᠤ ᠬᠠᠨᠭ᠍ᠭᠠᠵᠤ ᠪᠠᠶᠢᠭ᠎ᠠ 158 ᠢᠨᠵᠧᠨᠧᠷᠢᠩ ᠢ ᠢᠯᠡᠷᠡᠭᠦᠯᠪᠡ᠃ ︽ᠪᠢᠳᠡ 1440 ᠲᠦᠮᠡᠨ ᠲᠦᠭᠦᠷᠢᠭ ᠤᠨ ᠲᠦᠷᠤᠯ ᠵᠦᠢᠯ ᠤᠨ ᠪᠡᠯᠡ ᠮᠦᠡᠭᠬᠦ ᠬᠤᠷᠠᠮᠳᠤᠭᠤᠯᠵᠤ᠂ ᠮᠠᠯᠵᠢᠬᠤ ᠲᠠᠷᠢᠶᠠᠯᠠᠬᠤ ᠡᠷᠦᠬᠡ ᠳᠤ ᠤᠰᠤ ᠴᠡᠪᠡᠷᠰᠢᠬᠦᠯᠬᠦ ᠲᠦᠭᠦᠭᠡᠷᠤᠮᠵᠢ ᠤᠭᠰᠠᠷᠠᠨ ᠦᠭᠬᠦᠬᠡᠳ ᠤᠤᠭᠤᠬᠤ ᠤᠰᠤᠨ ᠤ ᠠᠷᠢᠭᠤᠨ ᠴᠡᠪᠡᠷ ᠤᠨ ᠠᠰᠠᠭᠤᠳᠠᠯ ᠢ ᠰᠢᠢᠳᠪᠤᠷᠢᠯᠠᠵᠠᠢ᠃ ᠪᠠᠰᠠ ᠲᠦᠪᠯᠡᠷᠡᠭᠰᠡᠨ ᠬᠡᠯᠪᠡᠷᠢ ᠶᠢᠨ ᠤᠰᠤ ᠴᠡᠪᠡᠷᠰᠢᠬᠦᠯᠬᠦ ᠲᠦᠭᠦᠭᠡᠷᠤᠮᠵᠢ ᠤᠭᠰᠠᠷᠠᠬᠤ ᠪᠠᠷ ᠲᠠᠮᠵᠢᠨ ᠤᠤᠭᠤᠬᠤ ᠤᠰᠤᠨ ᠤ ᠶᠠᠰᠤ ᠴᠢᠨᠠᠷ ᠪᠠᠷᠢᠮᠵᠢᠶᠠᠨ ᠳᠤ ᠦᠯᠦ ᠬᠦᠷᠬᠦ ᠠᠰᠠᠭᠤᠳᠠᠯ ᠢ ᠰᠢᠢᠳᠪᠤᠷᠢᠯᠡᠵᠤ ᠪᠠᠶᠢᠨ᠎ᠠ︾ ᠬᠡᠵᠤ ᠴᠧᠨ ᠵᠢᠩ ᠬᠠᠢ ᠲᠠᠨᠢᠯᠴᠠᠭᠤᠯᠤᠨ᠎ᠠ᠃     ᠬᠦᠷᠢᠶ᠎ᠠ ᠬᠠᠷᠢᠶᠠᠨ ᠤ ᠠᠵᠤ ᠠᠬᠤᠢ ᠶᠢ ᠬᠦᠭᠵᠢᠬᠦᠯᠵᠦ ᠠᠷᠠᠳ ᠤᠨ ᠤᠷᠤᠯᠭ᠎ᠠ ᠶᠢ ᠨᠡᠮᠡᠭᠳᠡᠭᠦᠯᠪᠡ     ᠬᠦᠷᠢᠶ᠎ᠠ ᠬᠠᠰᠢᠶᠠᠨ ᠤ ᠠᠵᠤ ᠠᠬᠤᠢ ᠨᠢᠬᠡᠨᠳᠡ ᠲᠦᠷᠪᠡᠳ ᠬᠤᠰᠢᠭᠤᠨ ᠤ ᠬᠦᠷᠢᠶ᠎ᠠ ᠪᠠᠯᠭᠠᠰᠤ ᠶᠢᠨ ᠬᠦᠭᠵᠢᠯᠲᠡ ᠶᠢᠨ ᠰᠢᠨ᠎ᠠ ᠠᠷᠭ᠎ᠠ ᠵᠠᠮ ᠪᠤᠯᠤᠯ᠎ᠠ᠃ ᠴᠤᠬᠠᠦ᠋ᠨᠳᠤᠷ ᠲᠤᠰᠬᠤᠨ ᠤ ᠯᠢᠦ ᠭᠧᠨ ᠯᠢᠶᠠᠩ ᠤᠨ ᠬᠢᠨ 200 ᠭᠠᠷᠤᠢ ᠲᠡᠭᠰᠢ ᠲᠦᠷᠪᠡᠯᠵᠢᠨ ᠮᠧᠳ᠋ᠷ ᠤᠨ ᠲᠠᠯᠠᠪᠠᠢ ᠲᠠᠢ ᠬᠦᠷᠢᠶ᠎ᠠ ᠪᠠᠨ ᠬᠤᠨᠢᠨ ᠬᠠᠰᠢᠶ᠎ᠠ᠂ ᠲᠠᠬᠢᠶᠠᠨ ᠡᠬᠦᠷ᠂ ᠢᠳᠡᠰᠢᠨ ᠨᠤᠭᠤᠭ᠎ᠠ ᠶᠢᠨ ᠭᠠᠵᠠᠷ ᠭᠡᠵᠤ ᠬᠡᠳᠤᠨ ᠬᠡᠰᠡᠭ ᠬᠤᠪᠢᠶᠠᠨ ᠡᠵᠡᠩᠨᠡᠵᠤ᠂ ᠡᠨᠡ ᠲᠠᠯ᠎ᠠ ᠳᠤᠨᠢ ᠬᠤᠨᠢ ᠮᠠᠶᠢᠯᠠᠨ ᠨᠦᠭᠦᠭᠡ ᠲᠠᠯ᠎ᠠ ᠳᠤᠨᠢ ᠲᠠᠬᠢᠶ᠎ᠠ ᠲᠤᠤᠭᠠᠷᠴᠤ᠂ ᠢᠳᠡᠰᠢᠨ ᠨᠤᠭᠤᠭ᠎ᠠ ᠶᠢᠨ ᠭᠠᠵᠠᠷ ᠲᠤᠨᠢ ᠪᠤᠷᠴᠠᠭ᠂ ᠲᠦᠪᠡᠳ ᠬᠠᠰᠢ ᠂ ᠰᠤᠩᠬᠢᠨ᠎ᠠ ᠵᠡᠷᠭᠡ ᠢᠳᠡᠰᠢᠨ ᠨᠤᠭᠤᠭ᠎ᠠ ᠬᠦᠬᠡᠷᠡᠨ᠎ᠠ᠃ ︽ᠰᠠᠢ ᠨᠦᠸᠧ ᠺᠤᠮᠫᠠᠨᠢ ᠮᠠᠨ ᠳᠤ ᠬᠡᠬᠡᠯ ᠲᠠᠢ ᠬᠤᠨᠢ ᠦᠭᠴᠤ ᠲᠠᠵᠢᠭᠡᠯᠭᠡᠵᠤ᠂ ᠲᠤᠰᠤᠭᠰᠠᠨ ᠬᠤᠷᠠᠭ᠎ᠠ ᠪᠠᠨ 85 ᠵᠢᠩ ᠳᠤ ᠬᠦᠷᠬᠡᠭᠰᠡᠬᠡᠷ ᠲᠡᠳᠡ ᠬᠤᠷᠠᠭ᠎ᠠ ᠨᠢᠬᠡ ᠪᠦᠷᠢ ᠶᠢ 1500 ᠲᠦᠭᠦᠷᠢᠭ ᠢᠶᠠᠷ ᠪᠤᠴᠠᠭᠠᠨ ᠠᠪᠳᠠᠭ᠂ ᠲᠡᠵᠢᠭᠡᠯ ᠪᠤᠷᠳᠤᠭ᠎ᠠ ᠶᠢ ᠴᠤ ᠲᠡᠳᠡ ᠬᠠᠨᠭ᠍ᠭᠠᠳᠠᠭ ᠶᠤᠮ᠃ ᠡᠶᠢᠨ ᠬᠦ ᠪᠢᠳᠡ ᠵᠢᠯ ᠳᠤ ᠲᠦᠮᠡ ᠭᠠᠷᠤᠢ ᠲᠦᠭᠦᠷᠢᠭ ᠤᠨ ᠤᠷᠤᠯᠭ᠎ᠠ ᠤᠯᠵᠤ ᠪᠤᠢ᠃ ᠡᠬᠦᠨ ᠠᠴᠠ ᠭᠠᠳᠠᠨ᠎ᠡ ᠵᠠᠰᠠᠭ ᠤᠨ ᠤᠷᠳᠤᠨ ᠤ ᠲᠠᠮᠵᠢᠯᠭᠡ ᠲᠤᠤᠷ᠎ᠠ ᠬᠤᠯᠤᠰᠤᠨ ᠲᠠᠬᠢᠶ᠎ᠠ ᠲᠡᠵᠢᠭᠡᠨ ᠢᠳᠡᠰᠢᠨ ᠨᠤᠭᠤᠭ᠎ᠠ ᠲᠠᠷᠢᠵᠤ᠂ ᠦᠪᠡᠷ ᠤᠨ ᠢᠳᠡᠬᠦ ᠪᠠᠨ ᠬᠠᠨᠭ᠍ᠭᠠᠬᠤ ᠶᠢᠨ ᠬᠠᠮᠲᠤ ᠪᠠᠰᠠ ᠵᠤᠬᠢᠬᠤ ᠤᠷᠤᠯᠭ᠎ᠠ ᠤᠯᠵᠤ ᠪᠤᠢ︾ ᠬᠡᠵᠤ ᠯᠢᠦ ᠭᠧᠨ ᠯᠢᠶᠠᠩ ᠤᠷᠮᠠᠳᠠᠢ ᠶᠠᠷᠢᠨ᠎ᠠ᠃ ᠲᠦᠷᠪᠡᠳ ᠬᠤᠰᠢᠭᠤᠨ ᠳᠤ ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠠᠷᠤᠩᠭᠡᠢ ᠠᠩᠬᠢ ᠶᠢᠨ ᠬᠢᠨ ᠲᠤᠰ ᠬᠤᠰᠢᠭᠤᠨ ᠤ ᠲᠠᠷᠢᠶᠠᠯᠡᠩ ᠤᠢ ᠰᠢᠭᠤᠢ ᠤᠰᠤᠨ ᠠᠰᠢᠬᠯᠠᠯᠲᠠ᠂ ᠮᠠᠯ ᠠᠵᠤ ᠠᠬᠤᠢ ᠵᠡᠷᠭᠡ ᠰᠠᠯᠠᠭ᠎ᠠ ᠮᠦᠴᠢᠷ ᠢ ᠵᠤᠬᠢᠴᠠᠭᠤᠯᠤᠨ ᠪᠦᠬᠦ ᠬᠤᠰᠢᠭᠤᠨ ᠤ ᠬᠦᠷᠦᠰᠤ ᠰᠢᠷᠤᠢ ᠶᠢᠨ ᠨᠦᠭᠦᠴᠡᠯ ᠪᠠ ᠬᠦᠷᠢᠶ᠎ᠠ ᠬᠠᠰᠢᠶᠠᠨ ᠤ ᠠᠵᠤ ᠠᠬᠤᠢ ᠶᠢᠨ ᠠᠬᠢᠯᠲᠠ ᠶᠢᠨ ᠪᠠᠶᠢᠳᠠᠯ ᠳᠤ ᠪᠦᠬᠦ ᠲᠠᠯ᠎ᠠ ᠪᠠᠷ ᠪᠠᠶᠢᠴᠠᠭᠠᠯᠲᠠ ᠬᠢᠵᠤ᠂ ᠬᠦᠷᠢᠶ᠎ᠠ ᠬᠠᠰᠢᠶᠠᠨ ᠤ ᠠᠵᠤ ᠠᠬᠤᠢ ᠶᠢ ᠭᠦᠭᠵᠢᠭᠦᠯᠵᠤ ᠪᠤᠯᠬᠤ ᠭᠠᠵᠠᠷ ᠤᠷᠤᠨ ᠪᠠ ᠲᠦᠷᠤᠯ ᠵᠦᠢᠯ ᠤᠳ ᠢ ᠡᠮᠬᠢᠯᠠᠵᠤ᠂ ᠬᠤᠰᠢᠭᠤᠨ ᠤ ᠵᠠᠰᠠᠭ ᠤᠨ ᠤᠷᠳᠤᠨ ᠤ ᠲᠠᠮᠵᠢᠯᠬᠡ ᠪᠠᠷ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠭᠵᠢᠭᠦᠯᠬᠦ ᠲᠦᠷᠤ ᠶᠢᠨ ᠪᠤᠳᠤᠯᠭ᠎ᠠ ᠶᠢᠨ ᠲᠠᠯ᠎ᠠ ᠪᠠᠷ ᠲᠡᠳᠬᠦᠵᠤ᠂ ᠬᠤᠯᠤᠰᠤᠨ ᠲᠠᠬᠢᠶ᠎ᠠ ᠲᠡᠵᠢᠭᠡᠬᠦ᠂ ᠬᠤᠨᠢ ᠲᠡᠵᠢᠭᠡᠬᠦ᠂ ᠢᠳᠡᠰᠢᠨ ᠨᠤᠭᠤᠭ᠎ᠠ ᠲᠠᠷᠢᠬᠤ ᠵᠡᠷᠭᠡ ᠶᠢ ᠤᠶᠠᠯᠳᠤᠭᠤᠯᠤᠭᠰᠠᠨ ᠬᠦᠷᠢᠶ᠎ᠠ ᠬᠠᠰᠢᠶᠠᠨ ᠤ ᠠᠵᠤ ᠠᠬᠤᠢ ᠶᠢᠨ ᠬᠦᠭᠵᠢᠯᠲᠡ ᠶᠢᠨ ᠵᠠᠮ ᠢ ᠰᠦᠪᠡᠭᠴᠢᠯᠡᠪᠡ᠃ ᠬᠤᠶᠠᠷ ᠵᠢᠯ ᠤᠨ ᠪᠦᠳᠦᠬᠡᠨ ᠪᠠᠶᠢᠭᠤᠯᠤᠯᠳᠠ ᠪᠠᠷ ᠲᠠᠮᠵᠢᠨ ᠲᠦᠷᠪᠡᠳ ᠬᠤᠰᠢᠭᠤᠨ ᠤ ᠬᠦᠷᠢᠶ᠎ᠠ ᠬᠠᠰᠢᠶᠠᠨ ᠤ ᠠᠵᠤ ᠠᠬᠤᠢ ᠦᠳᠲᠡᠷ ᠲᠦᠷᠬᠡᠨ ᠬᠦᠭᠵᠢᠵᠦ᠂ ᠬᠤᠯᠤᠰᠤᠨ ᠲᠠᠬᠢᠶ᠎ᠠ ᠲᠡᠵᠢᠭᠡᠨ ᠦᠷᠡᠵᠢᠭᠦᠯᠬᠦ ᠵᠢᠱᠢᠶ᠎ᠠ ᠦᠵᠡᠭᠦᠯᠬᠦ ᠲᠤᠭᠤᠷᠢᠭ᠂ ᠬᠤᠨᠢ ᠬᠠᠰᠢᠶᠠᠯᠡᠨ ᠲᠠᠵᠢᠭᠡᠬᠦ ᠵᠢᠱᠢᠶ᠎ᠠ ᠦᠵᠡᠭᠦᠯᠬᠦ ᠲᠤᠰᠬᠤᠨ ᠢ ᠪᠦᠳᠦᠬᠡᠨ ᠪᠠᠶᠢᠭᠤᠯᠵᠤ᠂ ᠬᠦᠷᠢᠶ᠎ᠠ ᠪᠠᠯᠭᠠᠰᠤ᠂ ᠵᠢᠢ ᠱᠸᠡᠭ ᠲᠠᠢ ᠪᠠᠯᠭᠠᠰᠤ᠂ ᠳ᠋ᠠ ᠾᠸᠢ ᠾᠧ ᠰᠢᠶᠡᠩ ᠵᠡᠷᠭᠡ ᠰᠢᠶᠠᠩ ᠪᠠᠯᠭᠠᠰᠤᠨ ᠳᠤ ᠬᠦᠷᠢᠶ᠎ᠠ ᠬᠠᠰᠢᠶᠠᠨ ᠤ ᠠᠵᠤ ᠠᠬᠤᠢ ᠶᠢ ᠲᠦᠬᠡᠮᠡᠯᠵᠢᠬᠦᠯᠦᠭᠰᠡᠨ ᠠᠵᠢ᠃     ᠡᠬᠦᠨ ᠠᠴᠠ ᠭᠠᠳᠠᠨ᠎ᠡ᠂ ᠶᠠᠷᠤᠩᠭᠡᠢ ᠠᠩᠬᠢ ᠶᠢᠨ ᠰᠡᠳᠤᠵᠤ ᠬᠢᠭᠰᠡᠨ ᠶᠠᠳᠠᠭᠤ ᠶᠢ ᠲᠡᠳᠬᠦᠬᠦ ᠪᠠᠰᠠ ᠨᠢᠭᠡᠨ ᠴᠢᠬᠤᠯᠠ ᠠᠷᠭ᠎ᠠ ᠪᠤᠯ ᠶᠠᠳᠠᠭᠤ ᠬᠦᠴᠢᠷᠳᠡᠯᠳᠡᠢ ᠡᠷᠤᠬᠡ ᠳᠤ ᠬᠡᠭᠡᠯ ᠲᠠᠢ ᠬᠤᠨᠢ ᠲᠠᠵᠢᠭᠡᠯᠭᠡᠵᠤ ᠬᠤᠷᠠᠭ᠎ᠠ ᠶᠢ ᠨᠢ ᠬᠤᠳᠠᠯᠳᠤᠨ ᠠᠪᠴᠤ ᠤᠷᠤᠯᠭ᠎ᠠ ᠶᠢ ᠨᠢ ᠨᠡᠮᠡᠭᠳᠡᠭᠦᠯᠬᠦ ᠠᠷᠭ᠎ᠠ ᠪᠤᠯᠤᠨ᠎ᠠ᠂ ᠡᠬᠦᠨ ᠢ ︽ᠡᠮ᠎ᠠ ᠬᠤᠨᠢ ᠶᠢᠨ ᠪᠠᠩᠬᠢ︾ ᠬᠡᠵᠤ ᠨᠠᠷᠠᠶᠢᠳᠴᠠᠢ᠃ ᠲᠤᠰ ᠬᠤᠰᠢᠭᠤ ︽ᠺᠤᠮᠫᠠᠨᠢ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠢᠢᠯᠡᠴᠢᠯᠡᠭᠡ + ᠶᠠᠳᠠᠭᠤ ᠬᠦᠴᠢᠷᠳᠠᠯᠲᠠᠢ ᠡᠷᠤᠬᠡ︾ ᠶᠢᠨ ᠵᠠᠭᠪᠤᠷ ᠢᠶᠠᠷ ᠮᠢᠬᠠᠨ ᠤ ᠬᠤᠨᠢ ᠶᠢᠨ ᠠᠵᠤ ᠤᠢᠢᠯᠠᠰ ᠢᠶᠠᠷ ᠶᠠᠳᠠᠭᠤ ᠶᠢ ᠲᠡᠳᠬᠦᠬᠦ ᠶᠢ ᠪᠦᠬᠦ ᠲᠠᠯ᠎ᠠ ᠪᠠᠷ ᠠᠬᠢᠭᠤᠯᠪᠡ᠃ ᠡᠬᠦᠨ ᠳᠤ ︽ᠡᠮ᠎ᠠ ᠬᠤᠨᠢ ᠶᠢᠨ ᠪᠠᠩᠬᠢ︾ ᠨᠢ 121 ᠶᠠᠳᠠᠭᠤ ᠬᠦᠴᠢᠷᠳᠠᠯᠲᠠᠢ ᠡᠷᠤᠬᠡ ᠶᠢ ᠲᠠᠶᠢᠴᠢᠯᠠᠨ᠂ ᠲᠤᠮᠳᠠᠴᠢ ᠪᠠᠷ ᠡᠷᠤᠭᠡ ᠪᠦᠷᠢ ᠶᠢᠨ ᠵᠢᠯ ᠤᠨ ᠤᠷᠤᠯᠭ᠎ᠠ ᠶᠢ 5500 ᠲᠦᠭᠦᠷᠢᠭ ᠨᠡᠮᠡᠭᠳᠡᠬᠦᠯᠦᠭᠰᠡᠨ ᠪᠠᠶᠢᠨ᠎ᠠ᠃     ᠶᠠᠳᠠᠭᠤ ᠬᠦᠴᠢᠷᠳᠡᠯᠳᠡᠢ ᠡᠷᠦᠬᠡ ᠶᠢ ᠠᠩᠬᠠᠯᠠᠨ ᠲᠠᠩᠰᠠᠯᠠᠵᠤ ᠺᠠᠷᠳ᠋ᠯᠠᠬᠤ ᠦᠶᠡᠰ ᠲᠦᠷᠪᠡᠳ ᠬᠤᠰᠢᠭᠤᠨ ᠳᠤ 20237 ᠶᠠᠳᠠᠭᠤ ᠬᠦᠴᠢᠷᠳᠡᠯᠳᠡᠢ ᠬᠦᠮᠦᠨ ᠠᠮᠠ ᠲᠠᠢ ᠪᠠᠶᠢᠵᠤ᠂ ᠶᠠᠳᠠᠭᠤᠷᠠᠯ ᠡᠬᠦᠰᠦᠭᠰᠡᠨ ᠨᠤᠷᠮ᠎ᠠ 16.1% ᠪᠠᠶᠢᠪᠠ᠃ ᠤᠳᠤᠬᠠᠨ ᠪᠤᠯᠳᠠᠯ᠎ᠠ ᠨᠢᠬᠡᠨᠳᠡ 17756 ᠬᠦᠮᠦᠨ ᠠᠮᠠ ᠨᠢ ᠶᠠᠳᠠᠭᠤ ᠠᠴᠠ ᠠᠩᠬᠢᠵᠢᠷᠠᠵᠤ᠂ ᠡᠬᠦᠨ ᠳᠤ 2018 ᠤᠨ ᠳᠤ 2181 ᠡᠷᠤᠬᠡ ᠶᠢᠨ 4920 ᠬᠦᠮᠦᠨ ᠢ ᠶᠠᠳᠠᠭᠤ ᠠᠴᠠ ᠠᠩᠬᠢᠵᠢᠷᠠᠭᠤᠯᠤᠨ ᠶᠠᠳᠠᠭᠤ ᠬᠦᠴᠢᠷᠳᠡᠯᠳᠡᠢ 42 ᠭᠠᠴᠠᠭ᠎ᠠ ᠲᠤᠰᠬᠤᠨ ᠢ ᠶᠠᠳᠠᠭᠤ ᠠᠴᠠ ᠠᠩᠬᠢᠵᠢᠷᠠᠭᠤᠯᠵᠤ᠂ ᠶᠠᠳᠠᠭᠤᠷᠠᠯ ᠡᠬᠦᠰᠬᠦ ᠨᠤᠷᠮ᠎ᠠ ᠨᠢ 1.46% ᠪᠤᠯᠵᠤ ᠪᠠᠭᠤᠷᠠᠭᠰᠠᠨ ᠪᠢᠯᠡ᠃
 
ᠢᠷᠡᠯᠲᠡ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2