ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠨ᠎ᠡ  —— ᠲᠦᠷᠪᠡᠳ ᠬᠤᠰᠢᠭᠤᠨ ᠤ ᠳ᠋ᠠ ᠡᠾᠸᠢ ᠡᠾᠧ ᠰᠢᠶᠠᠩ ᠤᠨ ᠯᠣᠣᠯᠢᠲᠣ ᠲᠣᠰᠬᠤᠨ ᠤ ᠨᠢᠭᠡᠳᠦᠭᠡᠷ ᠱᠦᠵᠢ ᠪᠠᠶᠠᠰᠬᠤᠯᠠᠩ ᠤᠨ ᠦᠢᠯᠡ ᠠᠵᠢᠯᠯᠠᠭ᠎ᠠ ᠶᠢ ᠲᠡᠮᠳᠡᠭ᠊
ᠨᠡᠶᠢᠲᠡᠯᠡᠭᠰᠡᠨ ᠴᠠᠭ᠄
2019-09-27
      ᠲᠦᠷᠪᠡᠳ ᠬᠤᠰᠢᠭᠤᠨ ᠤ ᠳ᠋ᠠ ᠡᠾᠸᠢ ᠡᠾᠧ ᠰᠢᠶᠠᠩ ᠤᠨ ᠯᠣᠣᠯᠢᠲᠣ ᠲᠣᠰᠬᠤᠨ ᠤ ᠨᠢᠭᠡᠳᠦᠭᠡᠷ ᠱᠦᠵᠢ ᠪᠠᠶᠠᠰᠬᠤᠯᠠᠩ ᠪᠣᠯ ᠳᠦᠷᠪᠡᠳ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠠᠵᠢᠯᠲᠠᠨ ᠪᠤᠯᠤᠨ᠎ᠠ᠃ ᠲᠡᠷᠡ 2017 ᠣᠨ ᠠᠴᠠ ᠳᠦᠷᠪᠡᠳ ᠬᠤᠰᠢᠭᠤᠨ ᠤ ᠳ᠋ᠠ ᠡᠾᠸᠢ ᠡᠾᠧ ᠰᠢᠶᠠᠩ ᠤᠨ ᠯᠣᠣᠯᠢᠲᠣ ᠲᠣᠰᠬᠤᠨ ᠤ ᠨᠢᠭᠡᠳᠦᠭᠡᠷ ᠱᠦᠵᠢ ᠶᠢᠨ ᠲᠣᠰᠢᠶᠠᠯ ᠢ ᠬᠠᠷᠢᠭᠤᠴᠠᠭᠰᠠᠨ ᠪᠠᠶᠢᠨ᠎ᠠ᠃ ᠬᠤᠶᠠᠷ ᠵᠢᠯ ᠤᠨ ᠲᠤᠷᠰᠢ ᠪᠠᠶᠠᠰᠬᠤᠯᠠᠩ ᠯᠣᠣᠯᠢᠲᠣ ᠲᠣᠰᠬᠤᠨ ᠤ ᠨᠢᠭᠡᠳᠦᠭᠡᠷ ᠱᠦᠵᠢ ᠶᠢᠨ ᠲᠣᠰᠢᠶᠠᠯ ᠢ ᠡᠭᠦᠷᠭᠡᠯᠡᠵᠦ᠂ ᠲᠣᠰᠬᠤᠨ ᠤ ᠪᠠᠶᠢᠳᠠᠯ ᠳᠤ ᠲᠤᠬᠢᠷᠠᠭᠤᠯᠣᠨ᠂ ᠠᠷᠭ᠎ᠠ ᠤᠬᠠᠭᠠᠨ ᠰᠦᠪᠡᠭᠴᠢᠯᠡᠵᠣ᠂ ᠲᠣᠰᠬᠤᠨ ᠤ ᠠᠷᠠᠳ ᠢᠶᠠᠨ ᠶᠠᠳᠠᠭᠤ ᠠᠴᠠ ᠠᠩᠭᠢᠵᠢᠷᠠᠭᠤᠯᠬᠤ ᠪᠠᠷ ᠴᠢᠷᠮᠠᠶᠢᠭᠰᠠᠭᠠᠷ ᠢᠷᠡᠪᠡ᠃      ᠳ᠋ᠠ ᠡᠾᠸᠢ ᠡᠾᠧ ᠰᠢᠶᠠᠩ ᠤᠨ ᠯᠣᠣᠯᠢᠲᠣ ᠲᠣᠰᠬᠤᠨ 48 ᠡᠷᠦᠭᠡ ᠲᠠᠢ᠂ ᠲᠣᠰᠬᠤᠨ ᠤ ᠢᠳᠡᠷ ᠵᠠᠯᠠᠭᠤᠴᠣᠳ ᠤᠨ ᠤᠯᠠᠩᠬᠢ ᠨᠢ ᠭᠠᠵᠠᠷ ᠢᠶᠠᠨ ᠳᠦᠷᠢᠶᠡᠰᠦᠯᠡᠵᠣ᠂ ᠭᠠᠳᠠᠭᠰᠢ ᠭᠠᠷᠴᠣ ᠠᠵᠢᠯ ᠬᠢᠵᠣ ᠪᠠᠶᠢᠭ᠎ᠠ ᠪᠤᠯᠬᠤᠷ ᠰᠠᠭᠤᠭᠠᠯᠢ ᠠᠷᠠᠳ ᠨᠢ ᠭᠤᠤᠯᠲᠠᠭᠤ ᠨᠣᠲᠤᠭ ᠢᠶᠠᠨ ᠰᠠᠬᠢᠭᠰᠠᠨ ᠨᠠᠰᠣᠲᠠᠶᠢᠴᠣᠳ ᠪᠠᠶᠢᠵᠤ᠂ ᠡᠳᠡᠭᠡᠷ ᠨᠠᠰᠤᠲᠠᠶᠢᠴᠤᠳ ᠤᠨ ᠤᠯᠠᠩᠬᠢ ᠨᠢ ᠡᠪᠡᠳᠴᠢᠨ ᠬᠠᠭᠤᠴᠢ ᠲᠠᠢ ᠠᠴᠠ ᠪᠤᠯᠵᠤ ᠠᠮᠢᠳᠣᠷᠠᠯ ᠨᠢ ᠶᠠᠳᠠᠭᠤᠷᠠᠵᠣ᠂ ᠵᠠᠷᠢᠮ ᠨᠢ ᠨᠠᠰᠤ ᠠᠬᠢᠭᠰᠠᠨ ᠠᠴᠠ ᠪᠤᠯᠵᠤ ᠬᠦᠳᠡᠯᠮᠦᠷᠢᠯᠡᠬᠦ ᠴᠢᠳᠠᠪᠣᠷᠢ ᠪᠠᠨ ᠠᠯᠳᠠᠭᠰᠠᠨ ᠪᠠᠶᠢᠯ᠎ᠠ᠃ ᠪᠠᠶᠠᠰᠬᠤᠯᠠᠩ ᠲᠤᠰᠬᠤᠨ ᠳᠤ ᠢᠷᠡᠭᠰᠡᠨ ᠨᠢᠭᠡᠲᠦᠭᠡᠷ ᠡᠳᠦᠷ ᠲᠡᠭᠡᠨ ᠲᠤᠬᠠᠢ ᠶᠢᠨ ᠭᠠᠵᠠᠷ ᠤᠨ ᠪᠤᠲᠠᠲᠤ ᠪᠠᠶᠢᠲᠠᠯ ᠢ ᠦᠢᠯᠡᠭᠠᠬᠤ ᠪᠠᠷ ᠠᠶᠢᠯ ᠡᠷᠦᠬᠡ ᠪᠠᠷ ᠬᠦᠨᠵᠡᠭᠡᠶᠢᠷᠡᠨ ᠨᠠᠰᠤᠲᠠᠶᠢᠴᠣᠳ ᠲᠠᠢ ᠳᠣᠲᠣᠨᠣ ᠪᠠᠷ ᠬᠠᠷᠢᠯᠴᠠᠨ᠂ ᠲᠡᠳᠡᠨ ᠤ ᠬᠠᠮᠤᠭ ᠠᠴᠠ ᠲᠤᠯᠭᠠᠮ᠎ᠠ ᠱᠠᠭᠠᠷᠲᠠᠭᠳᠠᠵᠦ ᠪᠠᠶᠢᠭ᠎ᠠ ᠬᠦᠴᠢᠷ ᠲᠠᠢ ᠠᠰᠠᠭᠤᠳᠠᠯ ᠶᠢ ᠨᠢ ᠴᠢᠳᠠᠬᠤ ᠶᠢᠨ ᠬᠢᠷᠢ ᠪᠠᠷ ᠰᠢᠢᠳᠪᠦᠷᠢᠯᠡᠨ ᠦᠭᠴᠦ᠂ ᠠᠶᠢᠯ ᠡᠷᠦᠬᠡ ᠶᠢᠨ ᠪᠤᠲᠠᠲᠠᠢ ᠬᠦᠴᠢᠷᠲᠡᠢ ᠪᠠᠶᠢᠳᠠᠯ ᠶᠢ ᠨᠢ ᠦᠨᠳᠦᠰᠦᠯᠡᠨ᠂ ︽ᠡᠷᠡᠭᠦᠯ ᠮᠡᠨᠳᠦ ᠪᠠᠷ ᠶᠠᠳᠠᠭᠤ ᠶᠢ ᠳᠡᠳᠬᠦᠬᠦ︾᠂ ︽ᠡᠮ ᠡᠮᠨᠡᠯᠭᠡ ᠪᠠᠷ ᠶᠠᠳᠠᠭᠤ ᠶᠢ ᠳᠡᠳᠬᠦᠬᠦ︾ ᠵᠡᠷᠬᠡ ᠲᠦᠷᠦ ᠶᠢᠨ ᠪᠤᠳᠤᠯᠭ᠎ᠠ ᠶᠢᠨ ᠬᠡᠪᠴᠢᠶᠠᠨ ᠳᠤ ᠣᠷᠣᠭᠤᠯᠣᠨ ᠬᠠᠷᠭᠠᠯᠵᠠᠵᠣ᠂ ᠡᠮ ᠡᠮᠨᠡᠯᠭᠡ ᠶᠢᠨ ᠵᠠᠷᠣᠳᠠᠯ ᠰᠦᠢᠳᠭᠡᠯ ᠤᠨ ᠳᠠᠷᠣᠭᠠᠰᠣ ᠶᠢ ᠨᠢ ᠭᠦᠩᠭᠡᠯᠡᠭᠦ ᠶᠢᠨ ᠲᠠᠭᠠᠤ ︽ᠠᠵᠣ ᠦᠢᠯᠡᠰ ᠪᠠᠷ ᠶᠠᠳᠠᠭᠤ ᠶᠢ ᠳᠡᠳᠬᠦᠬᠦ︾ ᠭᠡᠭᠦ ᠮᠡᠲᠦ ᠶᠢᠨ ᠲᠦᠷᠦ ᠶᠢᠨ ᠪᠣᠳᠣᠯᠭ᠎ᠠ ᠪᠠᠷ ᠳᠠᠮᠵᠢᠨ ᠶᠠᠳᠠᠭᠤ ᠬᠦᠴᠢᠷᠲᠠᠢ ᠠᠶᠢᠯ ᠡᠷᠦᠬᠡ ᠶᠢᠨ ᠣᠷᠣᠯᠭ᠎ᠠ ᠶᠢ ᠨᠢ ᠨᠡᠮᠡᠭᠳᠡᠭᠦᠯᠵᠦ᠂ ᠲᠤᠰᠬᠤᠨ ᠤ ᠪᠠᠨ ᠠᠷᠠᠳ ᠤᠨ ᠦᠢᠯᠡᠳᠪᠦᠷᠢᠯᠡᠯ ᠠᠮᠢᠳᠣᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠭᠦᠴᠦᠨ ᠢᠶᠠᠨ ᠨᠡᠮᠡᠷᠢᠯᠡᠨ᠂ ᠠᠷᠭ᠎ᠠ ᠣᠬᠠᠭᠠᠨ ᠢᠶᠠᠨ ᠰᠣᠪᠢᠨ ᠶᠠᠪᠣᠯ ᠎ᠠ᠃       ᠪᠠᠶᠠᠰᠬᠤᠯᠠᠩ ᠤᠨ ᠲᠠᠨᠢᠯᠴᠠᠭᠤᠯᠤᠭᠰᠠᠨ ᠢᠶᠠᠷ ᠯᠣᠣᠯᠢᠲᠣ ᠲᠣᠰᠬᠤᠨ ᠪᠣᠰᠣᠳ ᠲᠣᠰᠬᠤᠨ ᠢ ᠪᠣᠳᠣᠪᠠᠯ ᠣᠨᠴᠠᠭᠠᠢ ᠬᠦᠴᠢᠷᠳᠡᠯᠲᠠᠢ ᠲᠣᠰᠬᠤᠨ ᠪᠣᠯᠬᠤᠷ ᠲᠣᠰᠬᠤᠨ ᠤ ᠠᠵᠢᠯ ᠢ ᠬᠢᠬᠦ ᠳᠤ ᠲᠤᠩ ᠬᠦᠴᠢᠷᠲᠠᠢ ᠪᠠᠶᠢᠳᠠᠭ᠃ ᠲᠤᠰᠬᠤᠨ ᠤ ᠶᠠᠳᠠᠭᠤ ᠡᠷᠦᠭᠡ ᠨᠢ ᠣᠳᠠᠭᠠᠨ ᠴᠢᠨᠠᠷ ᠲᠠᠢ ᠡᠪᠡᠳᠴᠢᠨ ᠪᠣᠶᠣ ᠦᠮᠠᠨ ᠡᠪᠡᠳᠴᠢᠨ ᠠᠴᠠ ᠪᠣᠯᠵᠤ ᠶᠠᠳᠠᠭᠤᠷᠠᠭᠰᠠᠨ ᠨᠢ ᠣᠯᠠᠩᠭᠢ ᠶᠢ ᠡᠵᠡᠯᠡᠵᠣ ᠪᠠᠶᠢᠨ᠎ᠠ᠃ ᠡᠬᠦᠨ ᠳᠤ ᠵᠣᠣ ᠰᠢᠶᠠᠨ ᠬᠤᠸᠠ ᠬᠡᠮᠡᠬᠦ 70 ᠭᠠᠷᠤᠭᠰᠠᠨ ᠨᠢᠬᠡᠨ ᠬᠠᠷᠠᠭ᠎ᠠ ᠠᠯᠲᠠᠭᠰᠠᠨ ᠨᠠᠰᠤᠲᠠᠨ ᠪᠤᠢ᠃ ᠡᠨᠡ ᠨᠠᠰᠤᠲᠠᠨ ᠠᠯᠢ ᠡᠷᠲᠡ ᠠᠴᠠ ᠬᠠᠷᠠᠭ᠎ᠠ ᠠᠯᠲᠠᠵᠦ᠂ ᠦᠷ᠎ᠠ ᠬᠡᠣᠬᠡᠳ ᠤᠨ ᠬᠢᠨ ᠴᠤ ᠠᠮᠢᠳᠣᠷᠠᠯ ᠢᠶᠠᠨ ᠵᠦᠳᠡᠭᠦᠦ ᠠᠷᠭᠠᠴᠠᠭᠠᠵᠦ ᠶᠠᠳᠠᠭᠤ ᠬᠤᠭᠤᠰᠤᠨ ᠠᠮᠢᠲᠤᠷᠠᠵᠦ ᠪᠠᠶᠢᠬᠤ ᠪᠤᠯᠬᠤᠷ ᠨᠠᠰᠣᠲᠠᠨ ᠤ ᠠᠮᠢᠳᠣᠷᠠᠯ ᠢ ᠳᠡᠳᠬᠦᠵᠣ᠂ ᠡᠪᠡᠳᠴᠢᠨ ᠢ ᠨᠢ ᠡᠮᠨᠡᠭᠦᠯᠵᠤ ᠳᠡᠶᠢᠯᠬᠦ ᠦᠬᠡᠢ ᠪᠠᠶᠢᠵᠠᠢ᠃ ᠪᠠᠶᠠᠰᠬᠤᠯᠠᠩ ᠨᠠᠰᠣᠲᠠᠨ ᠳᠤ ᠨᠠᠭᠠᠲᠣ ᠵᠠᠬ᠎ᠠ ᠶᠢᠨ ᠪᠠᠲᠣᠯᠠᠪᠣᠷᠢ᠂ ᠨᠠᠰᠣᠵᠢᠯ ᠤᠨ ᠳᠠᠭᠠᠳᠬᠠᠯ᠂ ᠵᠡᠮᠳᠡᠭ ᠤᠨ ᠨᠦᠬᠦᠪᠦᠷᠢ ᠵᠡᠷᠭᠡ ᠪᠤᠢ ᠪᠦᠬᠦᠢ ᠲᠦᠷᠦ ᠶᠢᠨ ᠪᠣᠳᠣᠯᠭ᠎ᠠ ᠳᠤ ᠨᠡᠶᠢᠴᠡᠬᠦ ᠲᠤᠰᠠᠯᠠᠮᠵᠢ ᠳᠡᠮᠵᠢᠯᠭᠡ ᠶᠢ ᠬᠦᠷᠲᠡᠭᠡᠵᠦ᠂ ᠨᠠᠰᠤᠲᠠᠨ ᠤ ᠠᠮᠢᠲᠤᠷᠠᠯ ᠤᠨ ᠲᠠᠷᠤᠭᠠᠰᠤ ᠶᠢ ᠨᠢ ᠵᠤᠬᠢᠬᠤ ᠬᠡᠮᠵᠢᠶ᠎ᠠ ᠪᠠᠷ ᠬᠦᠩᠭᠡᠯᠡᠵᠦ ᠦᠭᠭᠦᠭᠰᠡᠨ ᠪᠠᠶᠢᠨ᠎ᠠ᠃ ᠡᠶᠢᠨᠬᠦ ᠵᠣᠣ ᠰᠢᠶᠠᠨ ᠬᠤᠸᠠ ᠨᠠᠰᠣᠲᠠᠨ᠄ ︽ᠪᠠᠶᠠᠰᠬᠤᠯᠠᠩ ᠱᠦᠵᠢ ᠨᠠᠲᠠᠲᠤ ᠡᠯ᠎ᠡ ᠲᠦᠷᠦᠯ ᠤᠨ ᠲᠦᠷᠦ ᠶᠢᠨ ᠪᠤᠲᠤᠯᠭ᠎ᠠ ᠶᠢᠨ ᠬᠠᠷᠠᠭᠠᠯᠵᠠᠯ ᠢ ᠤᠯᠵᠤ ᠦᠭᠭᠦᠭᠰᠡᠨ ᠢᠶᠠᠷ ᠪᠠᠷᠠᠬᠤ ᠦᠬᠡᠢ᠂ ᠦᠷᠭᠦᠯᠵᠢ ᠮᠠᠨ ᠤ ᠳᠤ ᠢᠷᠡᠵᠦ᠂ ᠭᠠᠯ ᠲᠦᠯᠡᠬᠦ᠂ ᠤᠰᠤ ᠲᠠᠮᠨᠠᠬᠤ ᠵᠡᠷᠭᠡ ᠬᠡᠷ ᠤᠨ ᠠᠵᠢᠯ ᠢ ᠬᠠᠮᠵᠢᠨ ᠬᠢᠵᠦ᠂ ᠪᠦᠬᠦ ᠬᠦᠴᠦᠨ ᠪᠦᠬᠦ ᠴᠢᠲᠠᠯ ᠢᠶᠠᠷ ᠢᠶᠠᠨ ᠪᠢᠲᠡᠨ ᠢ ᠬᠠᠪᠰᠤᠷᠴᠤ ᠪᠠᠶᠢᠲᠠᠭ ᠡ︾ ᠬᠡᠵᠦ ᠰᠡᠳᠬᠢᠯ ᠲᠤᠭᠲᠤᠯᠤᠨ ᠶᠠᠷᠢᠵᠦ ᠪᠠᠶᠢᠯ᠎ᠠ᠃        ᠨᠤᠲᠤᠭ ᠢᠶᠠᠨ ᠰᠠᠬᠢᠭᠰᠠᠨ ᠨᠠᠰᠣᠲᠠᠶᠢᠴᠣᠳ ᠤᠨ ᠦᠷ᠎ᠠ ᠬᠡᠣᠬᠡᠳ ᠨᠢ ᠳᠡᠷᠭᠡᠲᠠ ᠨᠢ ᠪᠠᠶᠢᠬᠤ ᠦᠭᠡᠢ ᠪᠣᠯᠬᠤᠷ ᠠᠮᠢᠲᠣᠷᠠᠯ ᠨᠢ ᠬᠦᠴᠢᠷᠲᠠᠢ ᠪᠠᠷ ᠪᠠᠷᠠᠬᠤ ᠦᠭᠡᠢ ᠮᠦᠨ ᠴᠤ ᠰᠡᠳᠬᠢᠯ ᠰᠠᠨᠠᠭᠠᠨ ᠤ ᠳᠠᠷᠤᠭᠠᠰᠣ ᠲᠠᠢ ᠪᠠᠶᠢᠲᠠᠭ᠃ ᠪᠠᠶᠠᠰᠬᠤᠯᠠᠩ ᠠᠶᠢᠯ ᠡᠷᠦᠬᠡ ᠪᠠᠷ ᠬᠦᠨᠵᠡᠭᠡᠶᠢᠷᠡᠬᠦ ᠳᠡᠭᠡᠨ ᠨᠠᠰᠤᠲᠠᠶᠢᠴᠤᠳ ᠤᠨ ᠠᠵᠦ ᠠᠮᠢᠲᠤᠷᠠᠯ ᠤᠨ ᠲᠠᠯ᠎ᠠ ᠳᠤ ᠬᠠᠷᠠᠭᠠᠯᠵᠠᠯ ᠬᠦᠷᠲᠡᠭᠡᠬᠦ ᠪᠠᠷ ᠴᠢᠷᠮᠠᠶᠢᠬᠤ ᠠᠴᠠ ᠭᠠᠲᠠᠨ᠎ᠠ ᠪᠠᠶᠠᠷ ᠲᠤᠷᠠᠰᠬᠠᠯ ᠤᠨ ᠡᠲᠦᠷ ᠲᠤ ᠨᠠᠰᠤᠲᠠᠶᠢᠴᠤᠳ ᠢ ᠲᠤᠬᠤᠨᠢᠭᠤᠯᠤᠨ ᠦᠵᠡᠵᠦ᠂ ᠲᠠᠳᠠᠨᠠᠷ ᠲᠠᠢ ᠬᠠᠮᠲᠤ ᠪᠠᠶᠠᠷ ᠲᠤᠷᠠᠰᠬᠠᠯ ᠤᠨ ᠡᠲᠦᠷ ᠢ ᠪᠡᠯᠬᠡᠯᠡᠲᠡᠭ ᠶᠤᠮ᠃ ᠡᠲᠦᠷ ᠤᠲᠠᠭᠠᠨ ᠳᠠᠭᠠᠨ ᠨᠠᠰᠤᠲᠠᠶᠢᠴᠤᠳ ᠲᠠᠢ ᠬᠦᠨ ᠵᠤᠵᠠᠭᠠᠨ ᠡᠯᠢᠭᠡᠰᠡᠭ ᠨᠦᠬᠦᠷᠯᠡᠯ ᠢ ᠪᠠᠶᠢᠭᠤᠯᠵᠦ᠂ ᠲᠡᠭᠦᠨ ᠢ ᠡᠷᠦᠭᠡ ᠪᠠᠷ ᠭᠦᠨᠵᠡᠭᠡᠶᠢᠷᠡᠬᠦ ᠪᠤᠯᠭᠠᠨ ᠨᠠᠰᠣᠲᠠᠶᠢᠴᠣᠳ ᠲᠡᠭᠦᠨ ᠢ ᠶᠠᠪᠣᠭᠤᠯᠬᠤ ᠲᠣᠷ᠎ᠠ ᠦᠭᠡᠢ ᠲᠡᠷᠭᠡᠳᠡ ᠪᠠᠨ ᠰᠠᠭᠤᠯᠭᠠᠵᠦ ᠵᠣᠭᠤᠭᠳᠠᠬᠤ ᠳᠣᠷᠠᠲᠠᠢ ᠪᠠᠶᠢᠳᠠᠭ᠂ ᠪᠠᠶᠠᠰᠬᠤᠯᠠᠩ ᠴᠤ ᠬᠡᠰᠡᠨ ᠨᠠᠰᠣᠲᠠᠶᠢᠴᠣᠳ ᠢ ᠦᠪᠡᠷ ᠤᠨ ᠠᠪᠤ ᠡᠵᠢ ᠲᠠᠢ ᠪᠠᠨ ᠠᠳᠠᠯᠢᠬᠠᠨ ᠬᠦᠨᠳᠦᠳᠬᠡᠵᠣ ᠦᠵᠡᠲᠡᠭ ᠶᠤᠮ᠃       ᠦᠨᠦ ᠵᠢᠯ ᠤᠨ ᠡᠴᠦᠰ ᠪᠤᠯ ᠳᠦᠷᠪᠡᠳ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠠᠯᠲᠤᠭᠠᠨ ᠤ ᠢᠯᠠᠯᠲᠠ ᠶᠢ ᠤᠯᠵᠦ᠂ ᠶᠠᠳᠠᠭᠤ ᠶᠢ ᠲᠡᠳᠭᠦᠭᠦ ᠠᠵᠢᠯ ᠢᠶᠠᠨ ᠪᠦᠬᠦ ᠲᠠᠯ᠎ᠠ ᠪᠠᠷ ᠪᠡᠶᠡᠯᠡᠭᠦᠯᠬᠦ ᠵᠠᠩᠬᠢᠯᠠᠭ᠎ᠠ ᠶᠢᠨ ᠬᠤᠭᠤᠴᠠᠭ᠎ᠠ ᠪᠤᠯᠬᠤ ᠶᠤᠮ᠃ ᠪᠠᠶᠠᠰᠬᠤᠯᠠᠩ ᠦᠪᠡᠷ ᠤᠨ ᠰᠠᠨᠠᠭᠠᠰᠢᠷᠠᠵᠣ ᠪᠠᠶᠢᠭ᠎ᠠ ᠠᠰᠠᠭᠤᠲᠠᠯ ᠢᠶᠠᠨ ᠶᠠᠷᠢᠬᠤ ᠳᠠᠭᠠᠨ ︽ᠣᠳᠣᠬᠠᠨ ᠳᠤ ᠡᠨᠡ ᠲᠤᠰᠬᠤᠨ ᠳᠤ ᠶᠠᠳᠠᠭᠤ ᠠᠴᠠ ᠪᠠᠨ ᠠᠩᠭᠢᠵᠢᠷᠠᠭ᠎ᠠ ᠦᠭᠡᠢ ᠬᠤᠶᠠᠷ ᠡᠷᠦᠬᠡ ᠪᠠᠶᠢᠨ᠎ᠠ᠂ ᠡᠨᠡ ᠬᠤᠶᠠᠷ ᠡᠷᠦᠬᠡ ᠶᠢ ᠲᠡᠮᠵᠢᠵᠦ ᠶᠠᠳᠠᠭᠤ ᠠᠴᠠ ᠠᠩᠬᠢᠵᠢᠷᠠᠭᠤᠯᠵᠦ᠂ ᠲᠤᠰᠬᠤᠨ ᠤ ᠨᠠᠰᠤᠲᠠᠶᠢᠴᠤᠳ ᠤᠨ ᠠᠵᠦ ᠠᠮᠢᠲᠤᠷᠠᠯ ᠤᠨ ᠲᠠᠷᠤᠭᠠᠰᠤ ᠶᠢ ᠵᠤᠬᠢᠬᠤ ᠬᠡᠮᠵᠢᠶ᠎ᠡ ᠪᠠᠷ ᠬᠦᠩᠬᠡᠯᠡᠵᠦ ᠲᠡᠶᠢᠯᠪᠡᠯ ᠮᠢᠨᠦ ᠡᠭᠦᠷᠭᠡ ᠴᠤ ᠠᠮᠵᠢᠯᠲᠠ ᠲᠠᠢ ᠪᠡᠶᠡᠯᠡᠭᠲᠡᠵᠦ᠂ ᠰᠠᠨᠠᠭ᠎ᠠ ᠰᠡᠳᠬᠢᠯ ᠮᠢᠨᠢ ᠠᠭᠤᠵᠢᠷᠠᠬᠤ ᠪᠤᠯᠤᠨ᠎ᠠ︾ ᠬᠡᠵᠦ ᠶᠠᠷᠢᠯ᠎ᠠ᠃       ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠲᠤᠰᠬᠤᠨ ᠤ ᠠᠷᠠᠳ ᠲᠠᠭᠠᠨ ᠦᠢᠯᠡᠴᠢᠯᠡᠭᠰᠡᠨ ᠡᠶᠢᠮᠦ ᠨᠢᠬᠡᠨ ᠺᠠᠳ᠋ᠷ᠂ ᠬᠠᠶᠢᠷ᠎ᠠ ᠶᠢ ᠰᠢᠲᠤᠵᠦ ᠡᠨᠡᠷᠢᠯ ᠢ ᠡᠷᠭᠦᠵᠦ ᠶᠠᠪᠤᠭᠰᠠᠨ ᠠᠷᠠᠳ ᠤᠨ ᠰᠠᠶᠢᠨ ᠱᠦᠵᠢ ᠶᠢᠨ ᠦᠢᠯᠡ ᠠᠵᠢᠯᠯᠠᠭ᠎ᠠ ᠬᠦᠳᠡᠭᠡ ᠲᠤᠰᠬᠤᠨ ᠳᠤ ᠲᠠᠭᠤᠷᠢᠰᠢᠵᠦ᠂ ᠤᠯᠠᠨ ᠤ ᠰᠡᠳᠬᠢᠯ ᠢ ᠲᠤᠯᠠᠭᠠᠯᠠᠬᠤ ᠨᠢ ᠯᠠᠪᠲᠠᠢ᠃                                                                                                             ᠢᠷᠡᠯᠳᠡ᠄ ᠤᠯᠠᠭᠠᠨᠴᠠᠪ ᠤᠨ ᠰᠤᠨᠢᠨ                                                           ᠵᠤᠬᠢᠶᠠᠭᠴᠢ᠄ ᠤᠷᠭᠤᠮᠠᠯ                                                           ᠨᠠᠶᠢᠷᠠᠭᠤᠯᠤᠭᠴᠢ᠄ ᠤᠯᠠᠭᠠᠨᠴᠡᠴᠡᠭ
 
ᠢᠷᠡᠯᠲᠡ᠄ ᠤᠯᠠᠭᠠᠨᠴᠠᠪ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2