ᠲᠦᠷᠪᠡᠳ ᠬᠤᠰᠢᠭᠤᠨ ᠤ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠨᠢ 2020 ᠤᠨ ᠤ 11 | ᠰᠠᠷ᠎ᠠ ᠶᠢᠨ 16 ᠤ ᠡᠳᠦᠷ ︽ᠠᠭᠤᠤ ᠶᠡᠭᠡ ᠡᠬᠡ ᠤᠯᠤᠰ ᠢᠶᠠᠨ ᠮᠠᠭᠳᠠᠨ ᠲᠠᠭᠤᠯᠠᠶ᠎ᠠ︾ ᠭᠤᠤᠯ ᠰᠡᠳᠦᠪᠳᠦ ᠬᠠᠮᠳᠦ | ᠶᠢᠨ ᠲᠠᠭᠤᠨ ᠤ ᠤᠷᠤᠯᠳᠤᠭᠠᠨ ᠶᠠᠪᠤᠭᠳᠠᠭᠤᠯᠪᠠ᠃ ᠲᠤᠰ ᠤᠳᠠᠭᠠᠨ ᠤ ᠬᠦᠳᠡᠯᠬᠡᠬᠡᠨ ᠨᠢ ᠪᠦᠬᠦ ᠪᠠᠭᠰᠢ | ᠰᠤᠷᠤᠭᠴᠢᠳ ᠤᠨ ᠡᠬᠡ ᠤᠯᠤᠰ ᠢᠶᠠᠨ ᠬᠠᠶᠢᠷᠠᠯᠠᠬᠤ ᠦᠵᠡᠯ ᠪᠤᠳᠤᠯ ᠪᠠ ᠠᠭᠤᠤ ᠶᠡᠭᠡ ᠦᠨᠳᠦᠰᠦᠳᠡᠨ ᠤ ᠪᠠᠨ | ᠤᠯᠠᠮᠵᠢᠯᠠᠯᠳᠦ ᠰᠤᠶᠤᠯ ᠪᠤᠯᠪᠠᠰᠤᠨ ᠢ ᠤᠯᠠᠮᠵᠢᠯᠠᠨ ᠵᠠᠯᠭᠠᠮᠵᠢᠯᠠᠬᠤ ᠪᠠᠷ ᠵᠤᠷᠢᠯᠭ᠎ᠠ ᠪᠤᠯᠭᠠᠨ ᠤᠷᠤᠯᠳᠤᠭᠠᠨ ᠳᠤ | ᠤᠷᠤᠯᠴᠠᠭᠰᠠᠨ 20 ᠠᠩᠭᠢ ᠦᠪᠡᠷ ᠦᠪᠡᠷ ᠤᠨ ᠤᠨᠴᠠᠯᠢᠭ ᠢᠶᠠᠷ ᠢᠶᠠᠨ ᠡᠬᠡ ᠤᠯᠤᠰ᠂ ᠠᠭᠤᠤ ᠶᠡᠭᠡ ᠨᠠᠮ ᠪᠠ | ᠦᠨᠳᠦᠰᠦᠳᠡᠨ ᠠᠷᠠᠳ ᠲᠦᠮᠡᠨ ᠢᠶᠠᠨ ᠮᠠᠭᠳᠠᠨ ᠲᠠᠭᠤᠯᠠᠭᠰᠠᠨ ᠪᠠᠶᠢᠨ᠎ᠠ᠃ | ᠤᠷᠤᠯᠳᠤᠭᠠᠨ ᠨᠢ ᠤᠨ ᠤ ᠲᠤᠭᠤᠶᠢᠯᠠᠩ ᠢᠶᠠᠷ ᠨᠢᠬᠡᠴᠡ ᠪᠤᠯᠭᠠᠨ᠂ ︽ᠦᠨᠳᠦᠰᠦᠳᠡᠨ ᠪᠦᠬᠦᠨ ᠨᠢᠬᠡ | ᠰᠡᠳᠬᠢᠯ︾᠂ ︽ᠡᠬᠡ ᠤᠯᠤᠰ ᠢᠶᠠᠨ ᠮᠠᠭᠳᠠᠨ ᠲᠠᠭᠤᠯᠠᠶ᠎ᠠ︾᠂ ︽ᠡᠪ ᠬᠠᠮᠳᠦ ᠨᠠᠮ ᠦᠭᠡᠢ ᠪᠤᠯ ᠰᠢᠨ᠎ᠡ | ᠲᠤᠮᠳᠠᠳᠦ ᠤᠯᠤᠰ ᠦᠭᠡᠢ︾᠂ ︽ᠬᠦᠳᠡᠭᠡ ᠲᠠᠯ᠎ᠠ ᠳᠤ ᠮᠦᠩᠭᠡ ᠶᠢᠨ ᠨᠡᠷᠡᠨ ᠮᠠᠨᠳᠤᠯ᠎ᠠ︾᠂᠂᠂᠂᠂᠂ ᠵᠡᠷᠬᠡ | ᠤᠯᠠᠨ ᠰᠠᠶᠢᠬᠠᠨ ᠠᠶ᠎ᠠ ᠲᠠᠭᠤᠤ ᠪᠠᠷ ᠦᠵᠡᠭᠴᠢ ᠤᠯᠠᠨ ᠤ ᠪᠠᠨ ᠰᠤᠨᠤᠷ ᠢ ᠮᠢᠯᠢᠶᠠᠭᠰᠠᠨ ᠪᠠᠶᠢᠨ᠎ᠠ᠃ | ᠤᠷᠤᠯᠳᠤᠭᠠᠨ ᠪᠠᠷᠠᠭᠰᠠᠨ ᠤ ᠲᠠᠷᠠᠭ᠎ᠠ ᠬᠤᠰᠢᠭᠤ ᠰᠤᠷᠭᠠᠨ ᠬᠦᠮᠦᠵᠢᠯ ᠪᠠᠶ᠎ᠠ ᠲᠠᠮᠢᠷ ᠤᠨ ᠲᠤᠪᠴᠢᠶᠠᠨ ᠤ | ᠪᠢᠮᠪᠠ ᠲᠠᠷᠤᠭ᠎ᠠ ᠠᠴᠠ ᠬᠦᠳᠡᠯᠬᠡᠬᠡᠨ ᠤ ᠦᠨᠳᠦᠷ ᠠᠮᠵᠢᠯᠳᠠ ᠶᠢ ᠪᠡᠯᠬᠡᠳᠡᠨ ᠳ᠋ᠦᠩᠨᠡᠯᠳᠠ ᠶᠢᠨ ᠶᠠᠷᠢᠶ᠎ᠠ ᠬᠢᠭᠰᠡᠨ | ᠪᠠᠶᠢᠨ᠎ᠠ᠃ | | | | | | | | |